ᠦᠭᠡᠷᠡᠴᠢᠯᠡᠯᠲᠡ ᠨᠡᠬᠡᠬᠡᠯᠲᠡ ᠶᠢᠨ 40 ᠵᠢᠯ ᠤᠨ ᠤᠢ ᠶᠢ ᠪᠡᠯᠭᠡᠯᠡᠬᠦ ᠶᠢᠨ ᠲᠦᠯᠦᠭᠡ᠂ ᠪᠦᠬᠦ ᠤᠯᠤᠰ ᠤᠨ | ᠪᠤᠯᠪᠠᠰᠤᠨ ᠬᠤᠲᠡ ᠪᠠ ᠤᠯᠤᠰ ᠤᠷᠤᠨ ᠤ ᠴᠠᠪᠡᠷ ᠬᠤᠲᠡ ᠶᠢ ᠪᠠᠶᠢᠭᠤᠯᠬᠤ᠂ ᠮᠠᠨ ᠤ ᠤᠷᠤᠨ ᠤ ᠦᠷᠭᠡᠨ ᠤᠯᠠᠨ | ᠺᠠᠲᠡᠷ ᠠᠵᠢᠯᠲᠡᠨ ᠤ ᠰᠤᠶᠤᠯ ᠲᠠᠮᠢᠷ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠦ᠂ ᠡᠷᠡᠭᠦᠯ | ᠦᠭᠡᠳᠡ᠂ ᠢᠳᠡᠪᠬᠢᠲᠠᠢ ᠳᠠᠪᠰᠢᠬᠤ᠂ ᠲᠦᠷᠦᠭᠦᠯᠡᠬᠦ ᠪᠠᠷ ᠡᠷᠡᠯᠬᠢᠯᠡᠨ ᠲᠡᠮᠡᠴᠡᠬᠦ ᠰᠠᠶᠢᠨ ᠰᠠᠶᠢᠬᠠᠨ ᠤᠶᠤᠨ ᠰᠠᠨᠠᠭᠠᠨ | ᠤ ᠲᠦᠷᠰᠤ ᠪᠠᠶᠢᠳᠠᠯ ᠢ ᠪᠤᠢ ᠪᠤᠯᠭᠠᠬᠤ ᠶᠢᠨ ᠲᠦᠯᠦᠭᠡ᠂ 10 ᠳ᠋ᠤᠭᠠᠷ ᠰᠠᠷ᠎ᠠ ᠶᠢᠨ12 ᠤ ᠦᠳᠡ ᠶᠢᠨ ᠡᠮᠦᠨ᠎ᠡ᠂ | ᠬᠠᠶᠢᠷᠤᠪ ᠤᠨ ᠲᠤᠬᠤᠢ ᠲᠤᠭᠤᠷᠢᠭ ᠤᠨ ᠠᠵᠢᠯᠴᠢᠨ ᠤ ᠶᠡᠷᠤᠩᠬᠡᠢ ᠡᠪᠯᠡᠯ ᠪᠠ ᠲᠤᠭᠤᠷᠢᠭ ᠤᠨ ᠰᠢᠭᠤᠳ ᠬᠠᠷᠢᠶ᠎ᠠ | ᠪᠠᠶᠢᠭᠤᠯᠭ᠎ᠠ ᠶᠢᠨ ᠠᠵᠢᠯ ᠤᠨ ᠵᠦᠪᠯᠡᠯ ᠲᠠᠢ ᠬᠠᠮᠳᠤᠷᠠᠨ᠂ ᠦᠬᠠᠢ ᠬᠤᠲᠡ ᠶᠢᠨ ᠰᠤᠶᠤᠯ ᠲᠠᠮᠢᠷ ᠤᠨ ᠴᠤᠭᠯᠠᠭᠠᠨ ᠤ | ᠲᠦᠪ ᠳᠤ 2018 ᠤᠨ ᠤ ᠬᠠᠶᠢᠷᠤᠪ ᠤᠨ ᠲᠤᠬᠤᠢ ᠲᠤᠭᠤᠷᠢᠭ ᠤᠨ ᠲᠠᠪᠤᠳᠤᠭᠠᠷ ᠬᠤᠭᠤᠴᠠᠭᠠᠨ ᠤ ᠠᠵᠢᠯᠲᠡᠨ ᠤ | ᠪᠡᠶ᠎ᠠ ᠲᠠᠮᠢᠷ ᠤᠨ ᠴᠤᠭᠯᠠᠭᠠᠨ ᠤ ᠡᠬᠢᠯᠡᠬᠦ ᠶᠤᠰᠤᠯᠠᠯ ᠪᠠ ᠤᠷᠮ᠎ᠠ ᠰᠤᠨᠢᠷᠬᠠᠯ ᠤᠨ 5 ᠲᠦᠷᠦᠯ ᠵᠦᠢᠯ ᠤᠨ | ᠤᠷᠤᠯᠳᠤᠭᠠᠨ ᠶᠠᠪᠤᠭᠳᠠᠪᠠ᠃ | ᠡᠨᠡ ᠤᠳᠠᠭᠠᠨ ᠤ ᠤᠷᠤᠯᠳᠠᠭᠠᠨ ᠭᠠᠷᠠᠭ ᠤᠨ ᠵᠢᠷᠭᠤᠭᠠᠨ ᠭᠠᠷᠠᠭ ᠤᠨ ᠡᠳᠤᠷ ᠤᠨ ᠴᠠᠭ ᠶᠢ ᠠᠰᠢᠭᠯᠠᠵᠦ᠂ | ᠨᠡᠶᠢᠲᠡ ᠲᠦᠷᠪᠡᠨ ᠡᠳᠤᠷ ᠬᠠᠭᠠᠰ ᠶᠠᠪᠤᠭᠳᠠᠵᠦ᠂ ᠪᠡᠶ᠎ᠠ ᠲᠠᠮᠢᠷ ᠤᠨ ᠴᠤᠭᠯᠠᠭᠠᠨ ᠨᠡᠶᠢᠲᠡ ᠤᠷᠮ᠎ᠠ ᠰᠤᠨᠢᠷᠬᠠᠯ ᠪᠠ | ᠤᠷᠤᠯᠳᠤᠭᠠᠨ 2 ᠶᠡᠭᠡ ᠲᠦᠷᠦᠯ 7 ᠤᠷᠤᠯᠳᠤᠭᠠᠨ ᠤ ᠵᠦᠢᠯ ᠪᠠᠶᠢᠵᠦ᠂ ᠮᠠᠨ ᠤ ᠲᠤᠭᠤᠷᠢᠭ ᠠᠴᠠ ᠢᠷᠡᠭᠰᠡᠨ 70 | ᠲᠦᠯᠦᠭᠡᠯᠡᠭᠴᠢᠳ ᠤᠨ ᠠᠩᠬᠢ ᠪᠠ1700 ᠤᠷᠴᠢᠮ ᠲᠠᠮᠢᠷᠴᠢᠨ ᠤᠷᠤᠯᠳᠤᠭᠠᠨ ᠤ ᠲᠠᠯᠠᠪᠤᠷ ᠳᠤ ᠬᠤᠷᠴᠠ | ᠰᠢᠷᠦᠭᠦᠨ ᠲᠡᠮᠡᠴᠡᠯᠳᠤᠨᠠ᠃ | ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ ᠶᠠᠩ ᠳ᠋ᠦᠩ ᠹᠧᠩ᠂ | ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠤ ᠬᠠᠤᠯᠢ ᠴᠠᠭᠠᠵᠠ ᠶᠢᠨ ᠵᠦᠪᠯᠡᠯ ᠤᠨ | ᠱᠦᠵᠢ ᠯᠢᠦ ᠬᠤ᠋᠂ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ᠂ | ᠠᠵᠢᠯᠴᠢᠨ ᠤ ᠶᠡᠷᠤᠩᠬᠡᠢ ᠡᠪᠯᠡᠯ ᠤᠨ ᠲᠡᠷᠢᠭᠦᠯᠡᠭᠴᠢ ᠬᠤᠩ ᠵᠢᠶᠧ᠂ ᠲᠤᠭᠤᠷᠢᠭ ᠤᠨ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠳᠡᠳ᠋ ᠡᠷᠬᠢᠯᠡᠭᠴᠢ ᠬᠤᠤ ᠶᠢᠨ ᠬᠠᠢ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ | ᠲᠠᠷᠤᠭ᠎ᠠ ᠼᠦᠢ ᠬᠤᠩ ᠪᠦᠸᠧ᠂ ᠲᠤᠭᠤᠷᠢᠭ ᠤᠨ ᠤᠯᠤᠰ ᠲᠦᠷᠤ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠼᠦᠢ | ᠶᠦᠨ ᠵᠡᠷᠭᠡ ᠤᠷᠢᠯᠭ᠎ᠠ ᠢᠶᠠᠷ ᠡᠬᠢᠯᠡᠬᠦ ᠶᠤᠰᠤᠯᠠᠯ ᠳᠤ ᠤᠷᠤᠯᠴᠠᠵᠠᠢ᠃ | |