ᠮᠠᠨ ᠤ ᠬᠤᠲᠠ ᠶᠢᠨ ᠲᠠᠯ᠎ᠠ ᠨᠤᠲᠤᠭ ᠤᠨ ᠶᠡᠷᠤᠩᠬᠡᠶᠢᠯᠡᠭᠰᠡᠨ ᠤᠶᠢᠯᠡᠴᠢᠯᠡᠬᠡᠨ ᠤ ᠬᠦᠩᠬᠡᠨ ᠮᠤᠷᠢᠲᠦ ᠴᠡᠷᠢᠭ ᠤᠨ ᠡᠩᠨᠡᠭᠡ ᠶᠢ ᠵᠤᠬᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2018-10-22
     10 ᠳ᠋ᠤᠭᠠᠷ ᠰᠠᠷ᠎ᠠ ᠶᠢᠨ 19 ᠤ ᠡᠳᠦᠷ᠂ ᠮᠠᠨ ᠤ ᠬᠤᠲᠠ ᠶᠢᠨ ᠲᠠᠯ᠎ᠠ ᠨᠤᠲᠤᠭ ᠤᠨ ᠶᠡᠷᠤᠩᠬᠡᠶᠢᠯᠡᠭᠰᠡᠨ ᠤᠶᠢᠯᠡᠴᠢᠯᠡᠬᠡᠨ ᠤ ᠬᠦᠩᠬᠡᠨ ᠮᠤᠷᠢᠲᠦ ᠴᠡᠷᠢᠭ ᠢ ᠵᠤᠬᠢᠶᠠᠨ ᠪᠠᠶᠢᠭᠤᠯᠬᠤ ᠵᠢᠴᠢ ︽ᠤᠯᠠᠭᠠᠨᠮᠦᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠵᠤ᠂ ᠤᠯᠠᠨ ᠲᠦᠮᠡᠨ ᠤ ᠲᠤᠮᠳᠠ ᠤᠴᠢᠬᠤ︾ ᠦᠨᠳᠦᠰᠤᠨ ᠱᠠᠲᠤᠨ ᠤ ᠶᠡᠷᠦᠩᠬᠡᠶᠢᠯᠡᠭᠰᠡᠨ ᠤᠶᠢᠯᠡᠴᠢᠯᠡᠬᠡᠨ ᠤ ᠠᠵᠢᠯᠯᠠᠭᠠᠨ ᠵᠢᠩᠬᠢᠨᠢ ᠪᠠᠷ ᠡᠬᠢᠯᠡᠵᠡᠢ᠃ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠤᠶᠢᠯᠡᠴᠢᠯᠡᠬᠡᠨ ᠤ ᠠᠵᠢᠯᠯᠠᠭᠠᠨ ᠢ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠠᠴᠠ ᠳᠠᠭᠠᠭᠤᠯᠤᠨ ᠬᠢᠵᠦ᠂ ᠰᠤᠶᠤᠯ᠂ ᠲᠧᠭᠨᠢᠭ ᠮᠡᠷᠭᠡᠵᠢᠯ᠂ ᠡᠷᠡᠭᠦᠯ ᠬᠠᠮᠠᠭᠠᠯᠠᠯ᠂ ᠲᠠᠷᠢᠶᠠᠯᠠᠩ ᠮᠠᠯ ᠠᠵᠦ ᠠᠬᠤᠢ ᠶᠢᠨ ᠤᠶᠢᠯᠡᠰ᠂ ᠶᠠᠳᠠᠭᠤ ᠶᠢ ᠳᠡᠳᠬᠦᠬᠦ᠂ ᠬᠠᠤᠯᠢ ᠴᠠᠭᠠᠵᠠ ᠵᠡᠷᠭᠡ ᠡᠯ᠎ᠡ ᠬᠡᠯᠳᠡᠰ᠂ ᠡᠯ᠎ᠡ ᠪᠠᠶᠢᠭᠤᠯᠭ᠎ᠠ ᠨᠢᠭᠡᠴᠡ ᠳᠤ ᠲᠠᠷᠬᠠᠭᠰᠠᠨ ᠤᠶᠢᠯᠡᠴᠢᠯᠡᠬᠡᠨ ᠤ ᠡᠬᠢ ᠪᠠᠶᠠᠯᠢᠭ ᠢ ︽ᠤᠯᠠᠭᠠᠨᠮᠦᠴᠢᠷ +︾ ᠬᠡᠯᠪᠡᠷᠢ ᠪᠠᠷ ᠡᠮᠭᠢᠳᠬᠡᠨ ᠨᠢᠬᠡᠳᠦᠭᠦᠯᠵᠦ᠂ ᠦᠬᠠᠢ ᠬᠤᠲᠠ ᠶᠢᠨ ᠲᠠᠯ᠎ᠠ ᠨᠤᠲᠤᠭ ᠤᠨ ᠶᠡᠷᠦᠩᠬᠡᠶᠢᠯᠡᠭᠰᠡᠨ ᠤᠶᠢᠯᠡᠴᠢᠯᠡᠬᠡᠨ ᠤ ᠬᠦᠩᠭᠡᠨ ᠮᠤᠷᠢᠲᠦ ᠴᠡᠷᠢᠭ ᠤᠨ ᠡᠩᠨᠡᠭᠡ ᠶᠢ ᠪᠠᠶᠢᠭᠤᠯᠵᠠᠢ᠃ ᠲᠤᠰᠬᠠᠢ ᠮᠡᠷᠭᠡᠵᠢᠯ ᠤᠨ ᠪᠤᠯᠪᠠᠰᠤᠷᠠᠯ ᠢ ᠦᠩᠭᠡᠷᠡᠭᠡᠭᠰᠡᠨ ᠤ ᠳᠠᠷᠠᠭ᠎ᠠ᠂ ᠲᠠᠯ᠎ᠠ ᠨᠤᠲᠤᠭ ᠤᠨ ᠬᠦᠩᠭᠡᠨ ᠮᠤᠷᠢᠲᠦ ᠴᠡᠷᠢᠭ ᠤᠨ 8 ᠰᠠᠯᠪᠤᠷᠢ ᠠᠩᠬᠢ ᠨᠢ 3 ᠰᠠᠷ᠎ᠠ ᠭᠠᠷᠤᠢ ᠶᠢᠨ ᠴᠠᠭ ᠢ ᠠᠰᠢᠭᠯᠠᠨ᠂ ᠦᠨᠳᠦᠰᠦᠨ ᠱᠠᠲᠤᠨ ᠳᠤ ᠬᠦᠨᠵᠡᠭᠡᠶᠢᠷᠡᠵᠦ᠂ ᠰᠤᠶᠤᠯ ᠤᠷᠠᠯᠢᠭ ᠤᠨ ᠲᠤᠭᠯᠠᠯᠲᠠ᠂ ᠰᠤᠶᠤᠯ ᠤᠨ ᠵᠦᠪᠯᠡᠮᠵᠢ᠂ ᠲᠦᠷᠦ ᠶᠢᠨ ᠪᠤᠲᠤᠯᠭ᠎ᠠ ᠶᠢᠨ ᠤᠬᠠᠭᠤᠯᠭ᠎ᠠ᠂ ᠡᠮᠴᠢᠯᠡᠬᠡᠨ ᠤ ᠤᠶᠢᠯᠡᠴᠢᠯᠡᠭᠡ᠂ ᠲᠧᠭᠨᠢᠭ ᠮᠡᠷᠭᠡᠵᠢᠯ ᠤᠨ ᠤᠶᠢᠯᠡᠴᠢᠯᠡᠭᠡ ᠵᠡᠷᠭᠡ ᠶᠡᠷᠦᠩᠬᠡᠶᠢᠯᠡᠭᠰᠡᠨ ᠴᠢᠨᠠᠷᠲᠠᠢ ᠠᠷᠠᠳ ᠲᠤ ᠠᠰᠢᠭ ᠬᠦᠷᠲᠡᠬᠡᠬᠦ ᠤᠶᠢᠯᠡᠴᠢᠯᠡᠭᠡ ᠶᠢᠨ ᠠᠵᠢᠯᠯᠠᠭ᠎ᠠ ᠦᠷᠨᠢᠬᠦᠯᠬᠦ ᠪᠤᠯᠤᠨ᠎ᠠ

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号