ᠠᠷᠠᠳ ᠤᠨ ᠤᠷᠤᠨ ᠰᠠᠭᠤᠴᠠ ᠶᠢᠨ ᠬᠦᠰᠡᠯ ᠢ ᠪᠡᠶᠡᠯᠡᠭᠦᠯᠬᠦ — ᠬᠠᠶᠢᠷᠤᠪ ᠤᠨ ᠲᠤᠬᠤᠢ ᠲᠤᠭᠤᠷᠢᠭ ᠤᠨ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠬᠤ ᠭᠠᠵᠠᠷ ᠲᠠᠲᠠᠪᠤᠷᠢᠯᠠᠨ ᠨᠤᠷᠠᠭᠠᠵᠦ ᠨᠡᠭᠦᠯᠭᠡᠬᠦ ᠠᠵᠢᠯ ᠤᠨ ᠲᠤᠬᠠᠢ ᠶᠡᠷᠤᠩᠬᠡᠢ ᠲᠤᠭᠠᠴᠢᠯ
ᠨᠡᠶᠢᠲᠡᠯᠡᠭᠰᠡᠨ ᠴᠠᠭ᠄
2018-10-25
     ᠡᠨᠡ ᠵᠢᠯ ᠠᠴᠠ ᠨᠠᠰᠢ᠂ ᠬᠠᠶᠢᠷᠤᠪ ᠤᠨ ᠲᠤᠬᠤᠢ ᠲᠤᠭᠤᠷᠢᠭ ᠲᠦᠭᠦᠮ ᠪᠦᠳᠦᠭᠦᠯᠢᠭ ᠤᠷᠤᠨ ᠰᠠᠭᠤᠴᠠ ᠶᠢ ᠦᠭᠡᠷᠡᠴᠢᠯᠡᠬᠦ ᠭᠠᠵᠠᠷ ᠲᠠᠲᠠᠪᠦᠷᠢᠯᠠᠨ ᠨᠤᠷᠠᠭᠠᠵᠦ ᠨᠡᠭᠦᠯᠭᠡᠬᠦ ᠠᠵᠢᠯ ᠢ ᠢᠳᠡᠪᠬᠢᠳᠠᠢ ᠰᠠᠶᠢᠳᠤᠷ ᠬᠢᠬᠦ ᠶᠢᠨ ᠬᠠᠮᠳᠤ᠂ ᠡᠷᠴᠢᠮ ᠢᠶᠠᠨ ᠴᠢᠩᠭᠠᠷᠠᠭᠤᠯᠵᠦ᠂ ᠦᠯᠡᠳᠡᠭᠳᠡᠯ ᠡᠷᠤᠬᠡ ᠶᠢ ᠴᠡᠪᠡᠷᠯᠡᠬᠦ ᠠᠵᠢᠯ ᠢ ᠲᠦᠷᠭᠡᠳᠭᠡᠵᠦ᠂ ᠠᠰᠠᠭᠤᠳᠠᠯ ᠲᠠᠢ ᠠᠰᠠᠷ ᠤᠨ ᠪᠠᠷᠢᠯᠭ᠎ᠠ ᠶᠢᠨ ᠠᠵᠢᠯ ᠢ ᠰᠡᠷᠭᠦᠭᠡᠬᠦ ᠶᠢ ᠢᠳᠡᠪᠬᠢᠳᠠᠢ ᠲᠦᠯᠬᠢᠨ ᠠᠬᠢᠭᠤᠯᠵᠦ᠂ ᠡᠭᠦᠨ ᠤ ᠬᠠᠮᠳᠤ ᠭᠤᠤᠯᠳᠠᠯᠭ᠎ᠠ ᠲᠠᠢ ᠲᠦᠭᠦᠮ ᠪᠦᠳᠦᠭᠦᠯᠢᠭ ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢ ᠢᠳᠡᠪᠬᠢᠲᠠᠢ ᠲᠦᠯᠬᠢᠨ ᠠᠬᠢᠭᠤᠯᠵᠦ᠂ ᠲᠦᠭᠦᠮ ᠪᠦᠳᠦᠭᠦᠯᠢᠭ ᠤᠷᠤᠨ ᠰᠠᠭᠤᠴᠠ ᠶᠢᠨ ᠰᠠᠭᠤᠭᠠᠯᠢ ᠠᠷᠠᠳ ᠤᠨ ᠤᠷᠤᠭᠰᠢᠲᠠᠢ ᠤᠷᠤᠵᠦ ᠰᠠᠭᠤᠬᠤ ᠶᠢ ᠪᠦᠬᠦ ᠬᠦᠴᠦᠨ ᠢᠶᠠᠷ ᠢᠶᠠᠨ ᠪᠠᠳᠤᠯᠠᠨ᠎ᠠ᠃      ᠤᠳᠤᠬᠠᠨ ᠪᠤᠯᠳᠠᠯ᠎ᠠ᠂ ᠬᠠᠶᠢᠷᠤᠪ ᠤᠨ ᠲᠤᠬᠤᠢ ᠲᠤᠭᠤᠷᠢᠭ ᠨᠢᠭᠡᠨᠲᠡ 3235 ᠲᠦᠭᠦᠮ ᠪᠦᠳᠦᠭᠦᠯᠢᠭ ᠤᠷᠤᠨ ᠰᠠᠭᠤᠴᠠ ᠶᠢᠨ ᠦᠭᠡᠷᠡᠴᠢᠯᠡᠨ ᠲᠠᠳᠠᠪᠦᠷᠢᠯᠠᠬᠤ ᠡᠭᠦᠷᠭᠡ ᠶᠢ ᠪᠡᠶᠡᠯᠡᠭᠦᠯᠵᠦ᠂ ᠨᠢᠭᠡᠨᠲᠡ ᠪᠡᠶᠡᠯᠡᠭᠦᠯᠦᠭᠰᠡᠨ ᠲᠠᠲᠠᠪᠦᠷᠢᠯᠠᠬᠤ ᠲᠦᠷᠦᠯ ᠵᠦᠢᠯ ᠳᠤ᠂ ᠳ᠋ᠦᠩ ᠱᠠᠨ ᠬᠤᠶᠢᠳᠤ ᠨᠡᠶᠢᠭᠡᠮ ᠲᠤᠭᠤᠷᠢᠭ ᠤᠨ ᠲᠦᠭᠦᠮ ᠪᠦᠳᠦᠭᠦᠯᠢᠭ ᠤᠷᠤᠨ ᠰᠠᠭᠤᠴᠠ ᠶᠢᠨ ᠲᠤᠭᠤᠷᠢᠭ ᠢ ᠵᠢᠷᠭᠤᠭᠠᠨ ᠬᠤᠭᠤᠴᠠᠭ᠎ᠠ ᠬᠤᠪᠢᠶᠠᠨ ᠲᠠᠲᠠᠪᠦᠷᠢᠯᠠᠨ᠎ᠠ᠂ ᠨᠡᠶᠢᠲᠡ 910 ᠡᠷᠤᠬᠡ 1183 ᠰᠠᠭᠤᠷᠢ᠂ ᠪᠦᠲᠦᠭᠡᠨ ᠪᠠᠶᠢᠭᠤᠯᠤᠯᠲᠠ ᠶᠢᠨ ᠡᠮᠦᠨ᠎ᠡ ᠵᠠᠮ ᠤᠨ ᠪᠠᠷᠠᠭᠤᠨ ᠬᠡᠰᠡᠭ ᠶᠢᠨ ᠲᠦᠭᠦᠮ ᠪᠦᠳᠦᠭᠦᠯᠢᠭ ᠤᠷᠤᠨ ᠰᠠᠭᠤᠴᠠ ᠶᠢ ᠦᠭᠡᠷᠡᠴᠢᠯᠡᠬᠦ ᠬᠤᠶᠠᠳᠤᠭᠠᠷ ᠬᠤᠭᠤᠴᠠᠭᠠᠨ ᠳᠤ ᠨᠡᠶᠢᠲᠡ 401ᠡᠷᠤᠬᠡ 561 ᠰᠠᠭᠤᠷᠢ ᠲᠠᠲᠠᠪᠦᠷᠢᠯᠠᠵᠦ᠂ ᠳᠤᠤᠷ᠎ᠠ ᠬᠠᠶᠢᠷᠤᠪ ᠤᠨ ᠲᠦᠭᠦᠮ ᠪᠦᠳᠦᠭᠦᠯᠢᠭ ᠤᠷᠤᠨ ᠰᠠᠭᠤᠴᠠ ᠶᠢ ᠨᠡᠶᠢᠲᠡ 178 ᠡᠷᠤᠬᠡ 249 ᠰᠠᠭᠤᠷᠢ ᠦᠭᠡᠷᠡᠴᠢᠯᠡᠨ  ᠲᠠᠲᠠᠪᠦᠷᠢᠯᠠᠪᠠ᠃ ᠭᠤᠯᠢᠷ ᠲᠠᠯᠠᠭᠳᠠᠬᠤ ᠦᠢᠯᠡᠳᠪᠦᠷᠢ ᠶᠢᠨ ᠲᠦᠷᠦᠯ ᠵᠦᠢᠯ 78 ᠡᠷᠤᠬᠡ 78 ᠰᠠᠭᠤᠷᠢ ᠲᠠᠲᠠᠪᠦᠷᠢᠯᠠᠨ ᠪᠡᠶᠡᠯᠡᠭᠦᠯᠵᠦ᠂ ᠦᠯᠡᠳᠡᠭᠳᠡᠯ ᠲᠦᠷᠦᠯ ᠵᠦᠢᠯ ᠠᠴᠠ 322 ᠰᠠᠭᠤᠷᠢ ᠲᠠᠲᠠᠪᠦᠷᠢᠯᠠᠨ ᠪᠡᠶᠡᠯᠡᠭᠦᠯᠵᠠᠢ᠃ ᠶᠠᠭ ᠲᠠᠲᠠᠪᠦᠷᠢᠯᠠᠵᠦ ᠪᠠᠶᠢᠭ᠎ᠠ ᠲᠦᠷᠤᠯ ᠵᠦᠢᠯ ᠳᠤ ᠠᠷᠪᠠᠨ ᠨᠠᠢᠮᠠᠨ ᠺᠢᠯᠤᠮᠧᠲᠷ ᠤᠨ 135 ᠲᠦᠭᠦᠮ ᠪᠦᠳᠦᠭᠦᠯᠢᠭ ᠤᠷᠤᠨ ᠰᠠᠭᠤᠴᠠ ᠶᠢᠨ ᠡᠷᠤᠬᠡ ᠬᠤᠯᠪᠤᠭᠳᠠᠵᠦ᠂ ᠡᠶ᠎ᠡ ᠵᠤᠬᠢᠴᠠᠯ ᠲᠠᠢ ᠨᠡᠶᠢᠭᠡᠮ ᠲᠤᠭᠤᠷᠢᠭ ︵ᠸᠠᠨ ᠳ᠋ᠠ ᠡᠮᠦᠨ᠎ᠡ ᠬᠤᠶᠢᠨ᠎ᠠ︶ ᠤᠨ 280 ᠪᠦᠳᠦᠭᠦᠯᠢᠭ ᠤᠷᠤᠨ ᠰᠠᠭᠤᠴᠠ ᠶᠢᠨ ᠡᠷᠤᠬᠡ᠂ ᠪᠤᠭᠤᠳᠤ  ᠠᠴᠠ ᠯᠠᠨᠵᠸᠤ ᠬᠦᠷᠬᠦ ᠱᠤᠭᠤᠮ ᠠᠴᠠ ᠪᠠᠷᠠᠭᠤᠨᠰᠢᠬᠢ ︵ᠦᠨᠳᠤᠷ ᠬᠤᠷᠳᠤᠴᠠᠳᠤ ᠲᠡᠮᠤᠷ ᠵᠠᠮ ᠤᠨ ᠲᠦᠷᠣᠯ ᠵᠦᠢᠯ︶ 56 ᠡᠷᠤᠬᠡ ᠬᠤᠯᠪᠤᠭᠳᠠᠵᠦ᠂ ᠰᠢᠨ ᠬᠤᠸᠠ ᠵᠡᠭᠡᠯᠢ ᠤᠨ ᠡᠮᠦᠨ᠎ᠡ ᠨᠢᠭᠡ ᠬᠦᠷᠰᠢ ᠰᠠᠭᠠᠬᠠᠯᠲᠠ ︵ᠸᠠᠨ ᠺᠧ ᠯᠤᠩ  ᠤᠨ ᠪᠠᠷᠠᠭᠤᠨ︶ 207 ᠡᠷᠤᠬᠡ ᠦᠭᠡᠷᠡᠴᠢᠯᠡᠨ ᠲᠠᠲᠠᠪᠦᠷᠢᠯᠠᠬᠤ ᠳᠤ ᠬᠤᠯᠪᠤᠭᠳᠠᠵᠦ᠂ ᠮᠤᠵᠢ ᠶᠢᠨ ᠵᠠᠮ S217 ᠡᠮᠦᠨ᠎ᠡ ᠡᠭᠦᠳᠡ ︵ᠲᠤᠰᠤᠨ ᠬᠦᠮᠤᠷᠭᠡ ᠶᠢᠨ ᠵᠡᠬᠦᠨ︶ 260 ᠡᠷᠤᠬᠡ ᠬᠤᠯᠪᠤᠭᠳᠠᠵᠦ᠂ ᠲᠠᠲᠠᠪᠦᠷᠢᠯᠠᠵᠦ ᠪᠠᠶᠢᠭ᠎ᠠ ᠲᠦᠷᠤᠯ ᠵᠦᠢᠯ ᠳᠤ ᠨᠢᠭᠡᠨᠲᠡ 842 ᠰᠠᠭᠤᠷᠢ ᠲᠠᠲᠠᠪᠦᠷᠢᠯᠠᠨ ᠪᠡᠶᠡᠯᠡᠭᠦᠯᠵᠠᠢ᠃      ᠦᠯᠡᠳᠡᠭᠳᠡᠯ ᠡᠷᠤᠬᠡ ᠶᠢ ᠴᠡᠪᠡᠷᠯᠡᠨ ᠡᠮᠬᠢᠯᠡᠬᠦ ᠠᠵᠢᠯ ᠤᠨ ᠳᠤᠮᠳᠠ ᠬᠠᠶᠢᠷᠤᠪ ᠤᠨ ᠲᠤᠬᠤᠢ ᠲᠤᠭᠤᠷᠢᠭ ᠤᠨ ᠰᠠᠯᠠᠭ᠎ᠠ ᠮᠦᠴᠢᠷ  ᠬᠠᠮᠳᠤᠷᠠᠨ ᠬᠦᠳᠡᠯᠤᠯᠴᠡᠵᠦ᠂ ᠬᠠᠤᠯᠢ ᠴᠠᠭᠠᠵᠠ ᠲᠠᠢ ᠤᠶᠠᠯᠳᠤᠭᠤᠯᠤᠨ ᠠᠯᠪᠠᠳᠠᠨ ᠨᠤᠷᠠᠭᠠᠬᠤ ᠠᠷᠭ᠎ᠠ ᠮᠠᠶ᠋ᠢᠭ ᠬᠡᠷᠡᠭᠯᠡᠵᠦ᠂ ᠶᠡᠭᠡ ᠬᠦᠴᠦ ᠵᠠᠷᠤᠴᠠᠭᠤᠯᠵᠦ ᠪᠠᠶᠢᠭᠠᠳ ᠠᠯᠬᠤᠮ ᠠᠯᠬᠤᠮ ᠢᠶᠠᠷ ᠡᠮᠬᠢᠯᠡᠵᠦ᠂ 5 ᠲᠦᠪᠬᠢᠨᠠᠭᠦᠯᠬᠦ ᠲᠤᠭᠤᠷᠢᠭ ᠵᠢᠴᠢ ᠦᠬᠠᠢ ᠶᠢᠨ ᠬᠤᠶᠢᠳᠤ ᠦᠷᠳᠡᠭᠡ ᠶᠢᠨ ᠲᠡᠮᠤᠷ ᠵᠠᠮ ᠪᠠᠷᠠᠭ᠎ᠠ ᠭᠦᠢᠯᠭᠡᠭᠡᠨ ᠤ ᠬᠦᠷᠢᠶᠡᠯᠡᠩ᠂ ᠤᠰᠤ ᠴᠡᠪᠡᠷᠰᠢᠭᠦᠯᠬᠦ ᠦᠢᠯᠡᠳᠪᠦᠷᠢ᠂ ᠬᠡᠤᠬᠡᠳ ᠤᠨ ᠴᠡᠴᠡᠷᠯᠢᠭ ᠵᠡᠷᠭᠡ ᠭᠤᠤᠯᠳᠠᠯᠭ᠎ᠠ ᠲᠠᠢ ᠵᠦᠢᠯ  ᠤᠨ ᠦᠯᠡᠳᠡᠭᠳᠡᠵᠦ ᠢᠷᠡᠭᠰᠡᠨ ᠡᠷᠤᠬᠡ ᠶᠢ ᠲᠦᠪᠯᠡᠷᠡᠭᠦᠯᠦᠨ ᠢᠯᠭᠠᠷᠠᠭᠤᠯᠵᠦ᠂ ᠤᠳᠤ ᠪᠤᠢ ᠪᠦᠬᠦᠢ ᠭᠤᠤᠯᠳᠠᠯᠭ᠎ᠠ ᠲᠠᠢ ᠵᠦᠢᠯ ᠢ ᠴᠦᠮ ᠤᠷᠤᠭᠰᠢᠲᠠᠢ ᠪᠠᠷ ᠠᠵᠢᠯ ᠡᠬᠢᠯᠡᠭᠦᠯᠤᠨ ᠪᠦᠳᠤᠭᠡᠨ ᠪᠠᠶᠢᠭᠤᠯᠵᠠᠢ᠃      ᠠᠰᠠᠭᠤᠳᠡᠯ ᠲᠠᠢ ᠠᠰᠠᠷ ᠤᠨ ᠪᠠᠶᠢᠭᠤᠯᠤᠯᠲᠠ ᠶᠢ ᠠᠬᠢᠭᠤᠯᠬᠤ ᠶᠢᠨ ᠲᠦᠯᠦᠭᠡ᠂ ᠬᠠᠶᠢᠷᠤᠪ ᠤᠨ ᠲᠤᠬᠤᠢ ᠲᠤᠭᠤᠷᠢᠭ ᠠᠰᠠᠭᠤᠳᠡᠯ ᠲᠠᠢ ᠠᠰᠠᠷ ᠤᠨ ᠪᠤᠴᠠᠭᠠᠨ ᠨᠡᠭᠦᠯᠭᠡᠵᠦ ᠲᠦᠪᠬᠢᠨᠠᠭᠦᠯᠬᠦ ᠠᠵᠢᠯ ᠤᠨ ᠠᠯᠪᠠᠨ ᠭᠡᠷ ᠪᠠᠶᠢᠭᠤᠯᠵᠦ᠂ ᠲᠤᠰᠬᠠᠢ ᠠᠵᠢᠯᠲᠡᠨ ᠪᠠᠷ ᠪᠦᠷᠢᠯᠳᠦᠭᠰᠡᠨ ᠲᠤᠰᠬᠠᠢ ᠠᠵᠢᠯ ᠤᠨ ᠲᠤᠭᠤᠶᠢᠯᠠᠩ ᠪᠠᠶᠢᠭᠤᠯᠵᠦ᠂ ᠲᠤᠰᠪᠦᠷᠢ 12 ᠠᠰᠠᠭᠤᠳᠠᠯ ᠲᠠᠢ ᠠᠰᠠᠷ ᠳᠤ ᠤᠴᠢᠵᠦ᠂ ᠠᠰᠠᠭᠤᠳᠠᠯ ᠲᠠᠢ ᠠᠰᠠᠷ ᠤᠨ ᠪᠦᠲᠦᠭᠡᠨ ᠪᠠᠶᠢᠭᠤᠯᠤᠯᠲᠠ  ᠶᠢᠨ ᠠᠵᠢᠯ ᠢ ᠪᠦᠲᠦᠮᠵᠢᠲᠠᠢ ᠲᠦᠯᠬᠢᠨ ᠠᠬᠢᠭᠤᠯᠤᠭᠰᠡᠨ ᠤ ᠬᠠᠮᠳᠤ ᠳᠤᠨᠢ᠂ ᠬᠠᠤᠯᠢ ᠲᠤᠭᠳᠠᠭᠠᠯ ᠶᠤᠰᠤᠭᠠᠷ ᠦᠯᠡᠳᠡᠭᠳᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠵᠠᠷᠴᠢᠮ ᠢ ᠪᠠᠷᠢᠮᠳᠠᠯᠠᠵᠦ᠂ ᠨᠢᠭᠡ ᠳᠠᠪᠬᠤᠷᠯᠢᠭ ᠨᠢᠭᠡ ᠪᠤᠳᠤᠯᠭ᠎ᠠ᠂ ᠨᠢᠭᠡ ᠬᠡᠷᠡᠭ ᠨᠢᠭᠡ ᠰᠢᠭᠦᠮᠵᠢ ᠶᠢ ᠪᠠᠷᠢᠮᠲᠠᠯᠡᠨ᠂ ᠲᠦᠷᠤᠯ ᠬᠤᠪᠢᠶᠠᠨ ᠠᠬᠢᠭᠤᠯᠵᠦ᠂ ᠠᠷᠬᠠᠭ ᠬᠡᠮ ᠢ ᠤᠨᠤᠪᠴᠢᠲᠠᠢ ᠡᠷᠢᠵᠦ᠂ ᠡᠪᠡᠳᠴᠢᠨ ᠳᠤᠨᠢ ᠲᠠᠭᠠᠷᠠᠭᠤᠯᠤᠨ ᠡᠮ ᠦᠭᠴᠦ᠂ ᠪᠤᠳᠠᠳᠤ ᠦᠷ᠎ᠡ ᠪᠦᠲᠦᠮᠵᠢ ᠤᠯᠬᠤ ᠶᠢ ᠦᠨᠡᠨᠬᠦ ᠪᠠᠳᠤᠯᠠᠪᠠ᠃
 
ᠢᠷᠡᠯᠲᠡ᠄ ᠬᠠᠶᠢᠷᠤᠪ ᠤᠨ ᠲᠤᠬᠤᠢ ᠲᠤᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号