ᠡᠤ ᠶᠧ ᠸᠧᠨ
ᠨᠡᠶᠢᠲᠡᠯᠡᠭᠰᠡᠨ ᠴᠠᠭ᠄
2018-11-19
ᠡᠤ ᠶᠧ ᠸᠧᠨ      ᠳᠡᠳ᠋ ᠬᠤᠲᠠ ᠶᠢᠨ ᠳᠠᠷᠤᠭ᠎ᠠ      ᠲᠤᠰᠢᠶᠠᠯ᠄      ᠳᠡᠳ᠋ ᠬᠤᠲᠠ ᠶᠢᠨ ᠳᠠᠷᠤᠭ᠎ᠠ     ᠤᠳᠤᠷᠢᠳᠤᠯᠭ᠎ᠠ ᠶᠢᠨ ᠲᠠᠨᠢᠯᠴᠠᠭᠤᠯᠭ᠎ᠠ᠄      ᠡᠤ ᠶᠧ ᠸᠧᠨ᠂ ᠡᠷᠡᠭᠲᠡᠶ᠂ 1973 ᠣᠨ ᠤ 7 ᠰᠠᠷ᠎ᠠ ᠳᠤ ᠳᠦᠷᠦᠵᠡᠢ᠂ ᠬᠢᠲᠠᠳ ᠦᠨᠳᠦᠰᠦᠲᠡᠨ᠂ ᠱᠠᠨ ᠰᠢ ᠶᠢᠨ ᠶᠠᠩ ᠭᠤᠤ ᠶᠢᠨ ᠬᠥᠮᠦᠨ᠃ ᠳᠤᠮᠳᠠᠳᠤ ᠤᠯᠤᠰ ᠤᠨ ᠭᠤᠮᠢᠨᠳᠠᠩ ᠨᠠᠮ ᠤᠨ ᠬᠤᠪᠢᠰᠬᠠᠯᠲᠤ ᠬᠤᠷᠢᠶᠠᠨ ᠤ ᠦᠬᠠᠶ ᠬᠤᠲᠠ ᠶᠢᠨ ᠬᠤᠷᠢᠶᠠᠨ ᠤ ᠡᠷᠬᠢᠯᠡᠭᠴᠢ ᠭᠡᠰᠢᠭᠦᠨ᠂ 1991 ᠣᠨ ᠤ 4 ᠰᠠᠷ᠎ᠠ ᠳᠤ ᠠᠵᠢᠯ ᠳᠤ ᠣᠷᠣᠵᠠᠶ᠃ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠠᠵᠤ ᠠᠬᠤᠶᠢᠴᠢ᠃      1991.04 — 1992.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠬᠤᠳᠠᠯᠳᠤᠭᠠᠨ ᠤ ᠲᠤᠪᠴᠢᠶᠠᠨ ᠤ ᠭᠡᠰᠢᠭᠦᠴᠢ      1992.09 — 1998.02 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠲᠦᠯᠦᠪᠯᠡᠭᠡᠨ ᠤ ᠵᠥᠪᠯᠡᠯ ᠤᠨ ᠭᠡᠰᠢᠭᠦᠴᠢ      1998.02 — 2000.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠲᠦᠯᠦᠪᠯᠡᠭᠡᠨ ᠤ ᠵᠥᠪᠯᠡᠯ ᠤᠨ ᠡᠮᠦᠨᠡᠬᠢ ᠬᠤᠭᠤᠴᠠᠭᠠᠨ ᠤ ᠠᠯᠪᠠᠨ ᠬᠡᠷ ᠤᠨ ᠳᠡᠳ᠋ ᠡᠷᠬᠢᠯᠡᠭᠴᠢ      2000.07 — 2001.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠲᠦᠯᠦᠪᠯᠡᠭᠡᠨ ᠤ ᠵᠥᠪᠯᠡᠯ ᠤᠨ ᠠᠵᠤ ᠦᠢᠯᠡᠳᠪᠦᠷᠢ ᠵᠠᠮ ᠬᠠᠷᠢᠯᠴᠠᠭᠠᠨ ᠤ ᠰᠠᠯᠠᠭᠠᠨ ᠤ ᠳᠡᠳ᠋ ᠰᠠᠯᠠᠭᠠᠨ ᠳᠠᠷᠤᠭ᠎ᠠ      2001.11 — 2002.05 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠬᠥᠭᠵᠢᠭᠦᠯᠦᠯᠲᠡ ᠶᠢᠨ ᠲᠦᠯᠦᠪᠯᠡᠭᠡᠨ ᠤ ᠵᠥᠪᠯᠡᠯ ᠤᠨ ᠡᠮᠦᠨᠡᠬᠢ ᠬᠤᠭᠤᠴᠠᠭᠠᠨ ᠤ ᠠᠯᠪᠠᠨ ᠬᠡᠷ ᠤᠨ ᠡᠷᠬᠢᠯᠡᠭᠴᠢ      2002.05 — 2012.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠬᠢᠨᠠᠨ ᠪᠤᠳᠤᠬᠤ ᠲᠤᠪᠴᠢᠶᠠᠨ ᠤ ᠳᠡᠳ᠋ ᠲᠤᠪᠴᠢᠶᠠᠨ ᠳᠠᠷᠤᠭ᠎ᠠ      2012.04 — 2013.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠬᠢᠨᠠᠨ ᠪᠤᠳᠤᠬᠤ ᠲᠤᠪᠴᠢᠶᠠᠨ ᠤ ᠳᠡᠳ᠋ ᠲᠤᠪᠴᠢᠶᠠᠨ ᠳᠠᠷᠤᠭ᠎ᠠ᠂ ᠳᠤᠮᠳᠠᠳᠤ ᠤᠯᠤᠰ ᠤᠨ ᠭᠤᠮᠢᠨᠳᠠᠩ ᠨᠠᠮ ᠤᠨ ᠬᠤᠪᠢᠰᠬᠠᠯᠲᠤ ᠬᠤᠷᠢᠶᠠᠨ ᠤ ᠦᠬᠠᠶ ᠬᠤᠲᠠ ᠶᠢᠨ ᠬᠤᠷᠢᠶᠠᠨ ᠤ ᠡᠷᠬᠢᠯᠡᠭᠴᠢ ᠭᠡᠰᠢᠭᠦᠨ      2013.07 — 2018.1 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠬᠠᠳᠤᠨ ᠭᠤᠤᠯ ᠤᠨ ᠬᠠᠶᠢᠷᠤᠪ ᠤᠨ ᠲᠣᠬᠤᠶ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠬᠠᠮᠢᠶᠠᠷᠤᠯᠲᠠ ᠶᠢᠨ ᠲᠤᠪᠴᠢᠶᠠᠨ ᠤ ᠳᠡᠳ᠋ ᠲᠤᠪᠴᠢᠶᠠᠨ ᠳᠠᠷᠤᠭ᠎ᠠ ︵ᠡᠨᠡ ᠬᠤᠭᠤᠴᠠᠭᠠᠨ ᠳᠤ᠄ 2015.06 — 2017.07 ᠰᠠᠷ᠎ᠠ ᠳᠤ ᠬᠤᠲᠠ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠳᠡᠳ᠋ ᠶᠡᠷᠦᠩᠬᠡᠶ ᠵᠠᠬᠢᠷᠣᠯ ᠤᠨ ᠲᠤᠰᠢᠶᠠᠯ ᠢ ᠡᠭᠦᠷᠭᠡᠯᠡᠪᠡ︶      2018.01 — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠶᠢᠨ ᠳᠡᠳ᠋ ᠬᠤᠳᠠ ᠶᠢᠨ ᠳᠠᠷᠤᠭ᠎ᠠ     ᠠᠵᠢᠯ ᠤᠨ ᠬᠠᠷᠢᠭᠤᠴᠠᠯᠭ᠎ᠠ᠄      ᠬᠤᠲᠠ ᠶᠢᠨ ᠳᠠᠷᠤᠭ᠎ᠠ ᠶᠢ ᠬᠠᠮᠵᠢᠨ ᠬᠤᠳᠠᠯᠳᠤᠭᠠᠨ ᠤ ᠶᠠᠪᠤᠳᠠᠯ᠂ ᠰᠣᠶᠣᠯ᠂ ᠪᠡᠶ᠎ᠡ ᠲᠠᠮᠢᠷ᠂ ᠵᠢᠭᠤᠯᠴᠢᠯᠠᠯ᠂ ᠷᠠᠳᠢᠣ᠋ ᠲᠧᠯᠸᠢᠰ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠪᠠᠲᠤᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︵ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ︶᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠪ᠂ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢ ᠬᠤᠪᠢᠳᠠᠨ ᠬᠠᠮᠢᠶᠠᠷᠴᠦ᠂ ᠦᠬᠠᠶ ᠨᠠᠭᠤᠷ ᠤᠨ ᠵᠢᠭᠤᠯᠴᠢᠯᠠᠯ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠬᠠᠳᠤᠨ ᠭᠤᠤᠯ ᠤᠨ ᠬᠡᠷᠡᠯᠲᠤ ᠰᠣᠪᠣᠳ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠪᠣᠳᠠᠲᠠᠶ ᠬᠤᠪᠢᠳᠠᠨ ᠬᠠᠮᠢᠶᠠᠷᠤᠨ᠎ᠠ᠃ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠬᠤᠲᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠡᠯ᠎ᠡ ᠰᠣᠨᠢᠨ ᠮᠡᠳᠡᠭᠡᠨ ᠤ ᠨᠢᠭᠡᠴᠡ᠂ ᠦᠬᠠᠶ ᠶᠢᠨ ᠪᠣᠭᠤᠮᠲᠠ ᠲᠠᠢ ᠬᠠᠷᠢᠯᠴᠠᠨ᠎ᠠ᠃ ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号