ᠬᠠᠶᠢᠷᠣᠪ ᠤᠨ ᠲᠣᠬᠤᠢ ᠲᠣᠭᠤᠷᠢᠭ ︽ᠲᠠᠯ᠎ᠠ ᠨᠣᠳᠤᠭ ᠤᠨ  ᠶᠡᠷᠦᠩᠬᠡᠶᠢᠯᠡᠭᠰᠡᠨ ᠦᠢᠯᠡᠴᠢᠯᠡᠭᠡᠨ ᠤ ᠬᠦᠩᠭᠡᠨ ᠮᠣᠷᠢᠲᠦ ᠴᠡᠷᠢᠭ︾ ︽ᠣᠯᠠᠭᠠᠨᠮᠦᠴᠢᠷ ᠤᠨ ᠵᠣᠷᠢᠭ ᠰᠠᠨᠠᠭ᠎ᠠ ᠶᠢ ᠳᠡᠯᠭᠡᠷᠡᠭᠦᠯᠵᠦ᠂ ᠠᠷᠠᠳ ᠤᠨ ᠳᠣᠮᠳᠠ ᠣᠴᠢᠬᠤ︾ ᠵᠢᠴᠢ ︽ᠰᠢ ᠵᠦᠴᠦᠭᠡ ᠶᠢ ᠬᠦᠳᠡᠭᠡ ᠲᠣᠰᠬᠤᠨ ᠳᠤ ᠬᠦᠷᠭᠡᠬᠦ︾ ᠣᠳᠬ᠎ᠠ ᠣᠷᠠᠯᠢᠭ ᠤᠨ ᠲᠤᠭᠤᠷᠢᠨ ᠲᠤᠭᠯᠠᠯᠲᠠ ᠶᠢᠨ ᠠᠵᠢᠯᠯᠠᠭ᠎ᠠ ᠶᠢ ᠸᠠᠩ ᠶᠣᠸᠠᠨ ᠳ᠋ᠢ ᠲᠣᠰᠬᠤᠨ ᠳᠤ ᠦᠷᠨᠢᠭᠦᠯᠪᠡ
ᠨᠡᠶᠢᠲᠡᠯᠡᠭᠰᠡᠨ ᠴᠠᠭ᠄
2018-11-20
     1 ᠳ᠋ᠣᠭᠡᠷ ᠰᠠᠷ᠎ᠠ ᠶᠢᠨ 20 ᠤ ᠡᠳᠦᠷ᠂ ᠬᠠᠶᠢᠷᠣᠪ ᠤᠨ ᠲᠣᠬᠤᠢ ᠲᠣᠭᠤᠷᠢᠭ ︽ᠲᠠᠯ᠎ᠠ ᠨᠣᠳᠤᠭ ᠤᠨ  ᠶᠡᠷᠦᠩᠬᠡᠶᠢᠯᠡᠭᠰᠡᠨ ᠦᠢᠯᠡᠴᠢᠯᠡᠭᠡᠨ ᠤ ᠬᠦᠩᠭᠡᠨ ᠮᠣᠷᠢᠲᠦ ᠴᠡᠷᠢᠭ︾ ︽ᠣᠯᠠᠭᠠᠨᠮᠦᠴᠢᠷ ᠤᠨ ᠵᠣᠷᠢᠭ ᠰᠠᠨᠠᠭ᠎ᠠ ᠶᠢ ᠳᠡᠯᠭᠡᠷᠡᠭᠦᠯᠵᠦ᠂ ᠠᠷᠠᠳ ᠤᠨ ᠳᠣᠮᠳᠠ ᠣᠴᠢᠬᠤ︾ ᠵᠢᠴᠢ ︽ᠰᠢ ᠵᠦᠴᠦᠭᠡ ᠶᠢ ᠬᠦᠳᠡᠭᠡ ᠲᠣᠰᠬᠤᠨ ᠳᠤ ᠬᠦᠷᠭᠡᠬᠦ︾ ᠣᠳᠬ᠎ᠠ ᠣᠷᠠᠯᠢᠭ ᠤᠨ ᠲᠤᠭᠤᠷᠢᠨ ᠲᠤᠭᠯᠠᠯᠲᠠ ᠶᠢᠨ ᠠᠵᠢᠯᠯᠠᠭ᠎ᠠ ᠶᠢ ᠸᠠᠩ ᠶᠣᠸᠠᠨ ᠳ᠋ᠢ ᠲᠣᠰᠬᠤᠨ ᠳᠤ ᠦᠷᠨᠢᠭᠦᠯᠵᠡᠢ᠃ ᠨᠢᠭᠡ ᠴᠠᠭ ᠭᠠᠷᠣᠢ ᠶᠢᠨ ᠲᠤᠭᠯᠠᠯᠲᠠ ᠶᠢᠨ ᠶᠠᠪᠣᠴᠠ ᠳᠤ᠂ ᠲᠤᠭᠯᠠᠭᠴᠢᠳ ᠲᠠᠷᠢᠶᠠᠯᠠᠬᠤ ᠤᠷᠤᠨ ᠤ ᠰᠠᠭᠤᠭᠠᠯᠢ ᠠᠷᠠᠳ ᠲᠤ ᠨᠡᠮ ᠤᠨ 19 ᠳ᠋ᠣᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠰᠬᠠᠬᠰᠠᠨ ︽ᠨᠠᠮ ᠤᠨ ᠰᠠᠶᠢᠨ ᠲᠦᠷᠦ ᠶᠢᠨ ᠪᠣᠳᠣᠯᠭ᠎ᠠ ᠶᠢ ᠣᠬᠠᠭᠤᠯᠬᠤ︾᠂ ᠪᠣᠯᠪᠠᠰᠣᠨ ᠤ ᠪᠠᠶᠢᠭᠤᠯᠤᠯᠲᠠ ᠶᠢᠨ ᠰᠢᠨ᠎ᠡ ᠬᠠᠭᠤᠴᠢᠨ ᠤ ᠬᠤᠪᠢᠷᠠᠯᠲᠠ ᠶᠢ ᠲᠤᠰᠬᠠᠬᠰᠠᠨ ︽ᠸᠠᠩ ᠠᠨᠢᠶ᠎ᠠ ᠦᠯᠢᠭᠡᠷ ᠶᠠᠷᠢᠬᠤ︾ ᠪᠠ ᠣᠯᠠᠮᠵᠢᠯᠠᠯᠲᠦ ᠡᠧᠯ ᠷᠧᠨ ᠲᠠᠢ ᠳᠠᠭᠤᠣ ︽ᠨᠤᠭᠤᠭ᠎ᠠ ᠬᠤᠳᠠᠯᠳᠣᠬᠤ︾᠂  ︽ᠪᠠᠷᠠᠭᠤᠨᠰᠢ ᠨᠡᠭᠦᠳᠡᠯᠯᠡᠬᠦ︾ ᠵᠡᠷᠭᠡ ᠶᠢ ᠲᠤᠬᠯᠠᠬᠰᠠᠨ ᠪᠠᠶᠢᠨ᠎ᠠ᠃      ᠲᠤᠰ ᠣᠳᠠᠭᠠᠨ ᠤ ᠲᠣᠭᠤᠷᠢᠨ ᠲᠤᠭᠯᠠᠯᠠᠲᠠ ᠶᠢᠨ ᠠᠵᠢᠯᠯᠠᠭ᠎ᠠ ᠨᠢ ᠦᠵᠡᠭᠴᠢᠳ ᠤᠨ ᠬᠡᠷᠡᠭᠴᠡᠭᠡ ᠪᠠ ᠲᠣᠰᠬᠠᠯ ᠢ ᠦᠨᠳᠦᠰᠦᠯᠡᠨ᠂  ᠫᠷᠦᠭᠷᠡᠮ ᠤᠨ ᠠᠭᠤᠯᠭ᠎ᠠ ᠶᠢ ᠨᠠᠷᠢᠯᠢᠭ ᠲᠤᠬᠢᠷᠠᠭᠤᠯᠵᠦ᠂ ᠣᠯᠠᠨ ᠲᠦᠮᠡᠨ ᠢ ᠣᠳᠣᠷᠢᠳᠣᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠪᠠ ᠪᠦᠬᠦ ᠣᠯᠣᠰ ᠤᠨ ᠪᠣᠯᠪᠠᠰᠣᠨ ᠬᠤᠲᠠ ᠶᠢ  ᠪᠦᠲᠦᠭᠡᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠴᠢᠬᠤᠯᠴᠢᠯᠠᠵᠦ᠂ ᠳᠠᠶᠠᠭᠠᠷ ᠣᠯᠠᠨ ᠲᠠᠢ  ᠬᠠᠮᠲᠣᠪᠠᠷ ᠰᠠᠶᠢᠨ ᠰᠠᠶᠢᠬᠠᠨ ᠠᠮᠢᠳᠣᠷᠠᠯ ᠢᠶᠠᠨ ᠴᠣᠭᠴᠠᠯᠠᠬᠤ ᠶᠢ ᠵᠣᠷᠢᠭᠵᠢᠭᠤᠯᠣᠭᠰᠠᠨ ᠪᠠᠶᠢᠨ᠎ᠠ᠃
 
ᠢᠷᠡᠯᠲᠡ᠄ ᠬᠠᠶᠢᠷᠤᠪ ᠤᠨ ᠲᠤᠬᠤᠢ ᠲᠤᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号