ᠬᠤᠳᠠ ᠶᠢᠨ ᠤᠬᠠᠭᠤᠯᠬᠤ ᠬᠡᠯᠳᠡᠰ ᠤᠨ ᠳᠠᠷᠤᠭ᠎ᠠ ᠵᠢᠢ ᠰᠢᠶᠤᠤ ᠴᠢᠩ ᠮᠠᠨ ᠤ ᠬᠤᠲᠠ ᠶᠢᠨ ᠤᠯᠠᠨ ᠨᠡᠶᠢᠲᠡ ᠶᠢᠨ ᠰᠤᠶᠤᠯ ᠤᠨ  ᠤᠶᠢᠯᠡᠴᠢᠯᠡᠬᠡᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠰᠤᠲᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2018-11-22
     11 ᠳ᠋ᠦ᠋ᠭᠡᠷ ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠳᠠᠷᠤᠭ᠎ᠠ ᠵᠢᠢ ᠰᠢᠶᠤᠤ ᠴᠢᠩ ᠮᠠᠨ ᠤ ᠬᠤᠲᠠ ᠶᠢᠨ ᠤᠯᠠᠨ ᠨᠡᠶᠢᠲᠡ ᠶᠢᠨ ᠰᠤᠶᠤᠯ ᠤᠨ ᠤᠶᠢᠯᠡᠴᠢᠯᠡᠬᠡᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠰᠤᠲᠤᠯᠤᠨ ᠪᠠᠶᠢᠴᠠᠭᠠᠵᠦ᠂ ︽ᠬᠤᠩ ᠶᠠᠨ ᠪᠠᠶᠠᠷ ᠪᠠᠶᠠᠰᠬᠤᠯᠠᠩ ᠲᠠᠢ ᠪᠠᠷ ᠨᠤᠮ ᠤᠩᠰᠢᠬᠤ︾ ᠲᠦᠯᠦᠪᠯᠡᠭᠡ ᠵᠢᠴᠢ ᠷᠠᠳᠢᠤ᠋ ᠲᠧᠯᠸᠢᠰ ᠲᠤᠤᠷ ᠰᠦᠯᠵᠢᠶᠡᠨ ᠤ ᠦᠨᠳᠦᠰᠦᠨ ᠤᠯᠠᠨ ᠨᠡᠶᠢᠲᠡ ᠶᠢᠨ ᠤᠶᠢᠯᠡᠴᠢᠯᠡᠭᠡ ᠶᠢ ᠡᠷᠦᠬᠡ ᠳᠤ ᠤᠷᠤᠭᠤᠯᠬᠤ ᠢᠨᠵᠧᠨᠧᠷᠢᠩ ᠤᠨ ᠠᠬᠢᠯᠲᠠ ᠶᠢᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ᠂ ᠠᠬᠢᠭᠤᠯᠤᠯᠲᠠ ᠶᠢᠨ ᠶᠠᠷᠢᠯᠴᠠᠭᠠᠨ ᠤ ᠬᠤᠷᠠᠯ ᠢ ᠬᠤᠷᠠᠯᠳᠤᠭᠤᠯᠵᠠᠢ᠃      ᠰᠤᠲᠤᠯᠤᠨ ᠪᠠᠶᠢᠴᠠᠭᠠᠬᠤ ᠪᠦᠯᠬᠦᠮ ᠬᠤᠲᠠ ᠶᠢᠨ ᠨᠤᠮ ᠤᠨ ᠰᠠᠩ᠂ ᠬᠠᠶᠢᠷᠤᠪ ᠤᠨ ᠲᠤᠬᠤᠢ ᠲᠤᠭᠤᠷᠢᠭ ᠤᠨ ᠨᠤᠮ ᠤᠨ ᠰᠠᠩ᠂ ᠬᠠᠶᠢᠷᠤᠪ ᠤᠨ ᠲᠤᠬᠤᠢ ᠲᠤᠭᠤᠷᠢᠭ ᠤᠨ ᠰᠢᠨ ᠬᠤᠸᠠ ᠨᠤᠮ ᠤᠨ ᠳᠡᠯᠬᠡᠬᠦᠷ ᠲᠤ ᠬᠦᠨᠵᠡᠭᠡᠶᠢᠷᠡᠵᠦ ᠂ ︽ᠬᠤᠩ ᠶᠠᠨ ᠪᠠᠶᠠᠷ ᠪᠠᠶᠠᠰᠬᠤᠯᠠᠩ ᠲᠠᠢ ᠪᠠᠷ ᠨᠤᠮ ᠤᠩᠰᠢᠬᠤ︾ ᠲᠦᠯᠦᠪᠯᠡᠭᠡ ᠶᠢᠨ ᠠᠬᠢᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤ ᠨᠢ ᠬᠦᠷᠴᠦ ᠰᠤᠲᠤᠯᠤᠨ ᠪᠠᠶᠢᠴᠠᠭᠠᠵᠦ᠂ ᠦᠪᠦᠷ ᠮᠤᠩᠭᠤᠯ ᠤᠨ ᠷᠠᠳᠢᠤ᠋ ᠲᠧᠯᠸᠢᠰ ᠲᠤᠤᠷ ᠰᠦᠯᠵᠢᠶᠡᠨ ᠤ ᠪᠦᠯᠦᠭᠯᠡᠯ ᠤᠨ ᠬᠢᠵᠠᠭᠠᠷᠲᠦ ᠺᠤᠮᠫᠠᠨᠢ ᠶᠢᠨ ᠦᠬᠠᠢ ᠶᠢᠨ ᠬᠤᠪᠢᠶᠠᠷᠢ ᠺᠤᠮᠫᠠᠨᠢ ᠳᠤ᠂ ᠷᠠᠳᠢᠤ᠋ ᠲᠧᠯᠸᠢᠰ ᠲᠤᠤᠷ ᠰᠦᠯᠵᠢᠶᠡᠨ ᠤ ᠤᠯᠠᠨ ᠨᠡᠶᠢᠲᠡ ᠶᠢᠨ ᠤᠶᠢᠯᠡᠴᠢᠯᠡᠭᠡ ᠢ ᠡᠷᠦᠬᠡ ᠳᠤ ᠤᠷᠤᠭᠤᠯᠬᠤ ᠢᠨᠵᠧᠨᠧᠷᠢᠩ ᠤᠨ ᠬᠠᠮᠢᠶ᠎ᠠ ᠪᠦᠬᠦᠢ ᠠᠵᠢᠯ ᠤᠨ ᠬᠠᠷᠢᠭᠤ ᠮᠡᠲᠡᠭᠦᠯᠦᠯᠲᠡ ᠶᠢ ᠰᠤᠨᠤᠰᠴᠠᠢ᠃

 
ᠢᠷᠡᠯᠲᠡ᠄ ᠦᠬᠠᠢ ᠶᠢᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠨᠠᠶᠢᠷᠠᠭᠤᠯᠬᠤ ᠭᠡᠯᠲᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号