ᠨᠢᠭᠡ᠂ ᠦᠨᠳᠦᠰᠦᠨ ᠲᠤᠶᠢᠮᠤ ᠪᠠᠶᠢᠳᠠᠯ | ᠦᠬᠠᠢ ᠬᠤᠳᠠ ᠪᠤᠯ ᠪᠦᠬᠦᠳᠡ ᠨᠠᠶᠢᠷᠠᠮᠳᠠᠬᠤ ᠳᠣᠮᠳᠠᠳᠤ ᠠᠷᠠᠳ ᠤᠯᠤᠰ ᠤᠨ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠪᠠᠷᠠᠭᠤᠨ ᠤᠷᠤᠨ ᠳᠤ ᠰᠢᠨ᠎ᠡ ᠪᠠᠷ ᠪᠤᠰᠤᠭᠰᠠᠨ ᠠᠵᠤ ᠦᠢᠯᠡᠳᠪᠦᠷᠢ ᠶᠢᠨ ᠬᠤᠳᠠ | ᠪᠤᠯᠬᠤ ᠶᠤᠮ᠂ ᠵᠡᠭᠦᠨ ᠤᠷᠳᠤᠷᠢᠭ ᠤᠨ106.36 —107.05᠂ ᠤᠮᠠᠷᠠᠲᠤ ᠦᠷᠭᠡᠷᠢᠭ ᠤᠨ39.15 —39. | 52 ᠤᠨ ᠬᠤᠭᠤᠷᠤᠨᠳᠣ ᠪᠠᠶᠢᠷᠢᠯᠠᠵᠤ᠂ ᠬᠠᠲᠤᠨ ᠭᠤᠤᠯ ᠤᠨ ᠲᠡᠭᠡᠲᠦ ᠤᠷᠤᠰᠬᠠᠯ ᠳᠤ ᠰᠠᠭᠤᠷᠢᠰᠢᠵᠤ᠂ ᠵᠡᠭᠦᠨ | ᠲᠠᠯ᠎ᠠ ᠪᠠᠷ ᠤᠷᠳᠤᠰ ᠤᠨ ᠦᠨᠳᠦᠷᠯᠢᠭ ᠲᠠᠢ ᠵᠠᠬ᠎ᠠ ᠨᠡᠶᠢᠯᠡᠵᠦ᠂ ᠡᠮᠦᠨ᠎ᠡ ᠲᠠᠯ᠎ᠠ ᠪᠠᠷ ᠪᠠᠨ ᠨᠢᠩᠰᠢᠶᠠ ᠶᠢᠨ ᠱᠢ ᠽᠦᠢ | ᠱᠠᠨ ᠬᠤᠳᠠ ᠲᠠᠢ ᠭᠤᠤᠯ ᠠᠯᠤᠰᠯᠠᠨ ᠪᠠᠷᠠᠯᠠᠵᠤ᠂ ᠪᠠᠷᠠᠭᠤᠨ ᠲᠠᠯ᠎ᠠ ᠪᠠᠷ ᠠᠯᠠᠱᠠ ᠶᠢᠨ ᠲᠠᠯ᠎ᠠ ᠨᠤᠲᠤᠭ ᠲᠠᠢ | ᠵᠠᠯᠭᠠᠯᠳᠣᠵᠤ᠂ ᠬᠤᠶᠢᠲᠤ ᠲᠠᠯ᠎ᠠ ᠪᠠᠷ ᠦᠩ ᠰᠢᠮᠡᠯᠢᠭ ᠪᠤᠷᠤ ᠲᠤᠬᠤᠢ ᠶᠢᠨ ᠲᠠᠯ᠎ᠠ ᠭᠠᠵᠠᠷ ᠲᠠᠢ ᠡᠯᠢᠭᠡᠳᠡᠵᠤ ᠪᠤᠢ᠃ | ᠦᠬᠠᠢ ᠬᠤᠳᠠ ᠪᠤᠯ ᠤᠮᠠᠷᠠᠲᠤ ᠤᠷᠤᠨ ᠪᠤᠯᠤᠨ ᠪᠠᠷᠠᠭᠤᠨ ᠬᠤᠶᠢᠲᠤ ᠤᠷᠤᠨ ᠤ ᠵᠠᠯᠭᠠᠭᠤᠷ ᠬᠡᠰᠡᠭ ᠲᠤ ᠤᠷᠤᠰᠢᠵᠤ᠂ | ᠮᠦᠨ ᠴᠦ ︽ᠨᠢᠩ ᠦᠪᠦᠷ ᠱᠠᠨ ᠭᠠᠨ︾ ᠠᠵᠤ ᠠᠬᠤᠢ ᠣᠷᠣᠨ ᠪᠤᠯᠤᠨ ᠬᠠᠳᠣᠨ ᠭᠤᠤᠯ ᠢ ᠲᠠᠭᠠᠭᠰᠠᠨ ᠠᠵᠤ | ᠠᠬᠤᠢ ᠶᠢᠨ ᠪᠦᠰᠡ ᠶᠢᠨ ᠲᠦᠪ ᠤᠷᠤᠨ ᠮᠦᠨ᠃ᠦᠬᠠᠢ ᠬᠤᠳᠠ ᠶᠢᠨ ᠶᠡᠷᠦᠩᠬᠡᠢ ᠲᠠᠯᠠᠪᠠᠢ ᠨᠢ 1754 km² | ᠪᠠᠶᠢᠵᠤ᠂ ᠵᠠᠬᠢᠷᠭᠠᠨ ᠳᠠᠭᠠᠨ ᠬᠠᠶᠢᠷᠤᠪ ᠤᠨ ᠲᠤᠬᠤᠢ ᠲᠤᠭᠤᠷᠢᠭ᠂ ᠤᠳᠠ ᠲᠤᠭᠤᠷᠢᠭ᠂ ᠬᠠᠶᠢᠨᠠᠨ ᠲᠤᠭᠤᠷᠢᠭ ᠬᠡᠮᠡᠬᠦ | ᠭᠤᠷᠪᠠᠨ ᠰᠢᠶᠠᠨ ᠤ ᠲᠡᠰ ᠤᠨ ᠲᠤᠭᠤᠷᠢᠭ ᠪᠤᠯᠤᠨ ᠪᠢᠨ ᠾᠧ ᠰᠢᠨ᠎ᠡ ᠲᠤᠭᠤᠷᠢᠭ ᠤᠨ ᠬᠠᠮᠢᠶᠠᠷᠤᠯᠳᠠ ᠶᠢᠨ ᠵᠦᠪᠯᠡᠯ | ᠪᠤᠢ᠂ ᠪᠠᠶᠢᠩᠭᠤ ᠰᠠᠭᠤᠭᠠᠯᠢ ᠠᠷᠠᠳ 55 ᠲᠦᠮᠡ ︵ᠡᠷᠦᠬᠡ ᠠᠮᠠᠨ ᠲᠤᠭ᠎ᠠ ᠲᠠᠢ ᠨᠢ 44.5 ᠲᠦᠮᠡ︶ ᠪᠠᠶᠢᠵᠤ᠂ | ᠮᠤᠩᠭᠤᠯ᠂ ᠬᠢᠳᠠᠳ᠂ ᠬᠤᠲᠤᠩ᠂ ᠮᠠᠨᠵᠤ ᠵᠡᠷᠭᠡ 40 ᠦᠨᠳᠦᠰᠦᠳᠡᠨ ᠲᠠᠢ᠃ ᠵᠠᠮ ᠬᠠᠷᠢᠯᠴᠠᠭ᠎ᠠ ᠲᠦᠭᠦᠮ ᠲᠦᠳᠡ | ᠂ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠠᠶᠠᠯᠠᠯ ᠪᠦᠬᠦ ᠤᠯᠤᠰ ᠲᠤ ᠨᠡᠪᠲᠡᠷᠡᠵᠦ᠂ ᠵᠦᠷᠢᠯᠢᠭ ᠵᠠᠮ ᠬᠠᠷᠢᠯᠴᠠᠭᠠᠨ | ᠤ ᠰᠦᠯᠵᠢᠶ᠎ᠡ ᠶᠢ ᠪᠦᠷᠢᠯᠳᠦᠭᠦᠯᠵᠡᠢ᠃ ᠲᠤᠮᠳᠠᠲᠤ ᠤᠯᠤᠰ ᠤᠨ ᠪᠠᠷᠠᠭᠤᠨ ᠣᠷᠣᠨ ᠤ ᠶᠡᠭᠡ ᠨᠡᠭᠡᠭᠡᠯᠳᠡ ᠠᠴᠠ ᠨᠠᠰᠢ᠂ | ᠤᠯᠤᠰ ᠤᠨ ᠲᠤᠲᠤᠷ᠎ᠠ ᠬᠤᠳᠠ ᠬᠦᠳᠡᠭᠡ ᠶᠢᠨ ᠨᠢᠬᠡ ᠴᠤᠭᠴᠠᠯᠠᠯᠳᠠ ᠶᠢᠨ ᠦᠭᠡᠷᠡᠴᠢᠯᠡᠯᠳᠡ ᠶᠢ ᠤᠷᠢᠳᠴᠢᠯᠠᠨ | ᠪᠡᠶᠡᠯᠡᠭᠦᠯᠵᠦ᠂ ᠬᠤᠳᠠ ᠬᠦᠳᠡᠭᠡ ᠶᠢᠨ ᠲᠠᠩ ᠡᠷᠦᠬᠡ ᠠᠮᠠ ᠶᠢᠨ ᠲᠦᠷᠢᠮ ᠢ ᠬᠡᠷᠡᠭᠵᠢᠭᠦᠯᠦᠭᠰᠡᠨ ᠬᠤᠳᠠ ᠶᠢᠨ ᠨᠢᠭᠡ | ᠨᠢ ᠪᠤᠯᠬᠤ ᠶᠤᠮ᠃ ᠦᠬᠠᠢ ᠪᠤᠯ ᠪᠤᠳᠠᠰ ᠡᠯᠪᠡᠭ ᠡᠳ᠋ ᠪᠠᠶᠠᠨ᠂ ᠭᠠᠷᠮᠠᠭᠠᠢ ᠬᠦᠮᠦᠨ ᠭᠠᠶᠢᠬᠠᠮᠰᠢᠭᠲᠤ ᠤᠷᠤᠨ᠂ | ᠪᠠᠶᠢᠭᠠᠯᠢ ᠰᠣᠶᠣᠯ ᠤᠨ ᠡᠬᠢ ᠪᠠᠶᠠᠯᠢᠭ ᠪᠠᠷ ᠡᠯᠪᠡᠭ ᠤᠷᠤᠨ ᠮᠦᠨ᠃ ᠶᠡᠷᠦᠩᠬᠡᠶᠢᠯᠡᠭᠡᠳ ᠦᠬᠠᠢ ᠬᠤᠳᠠ ᠶᠢᠨ | ᠵᠢᠷᠭᠤᠭᠠᠨ ᠠᠯᠳᠠᠷ ᠨᠡᠷ᠎ᠡ ᠪᠠᠷ ᠵᠦᠢᠷᠯᠡᠵᠦ ᠪᠤᠯᠤᠨ᠎ᠠ᠂ ᠲᠠᠷᠤᠢ ᠬᠠᠲᠤᠨ ᠭᠤᠤᠯ ᠤᠨ ᠰᠤᠪᠤᠳ ᠡᠷᠳᠡᠨᠢ᠂ ᠬᠠᠷ᠎ᠠ | ᠠᠯᠳᠠᠨ ᠲᠠᠯᠠᠢ᠂ ᠤᠷᠠᠨ ᠪᠢᠴᠢᠯᠭᠡ ᠶᠢᠨ ᠬᠤᠳᠠ᠂ ᠡᠯᠡᠰᠦᠨ ᠴᠦᠯ ᠳᠠᠬᠢ ᠤᠨᠠᠭᠠᠨ ᠪᠦᠷᠢᠲᠤ᠂ ᠦᠵᠦᠮ ᠤᠨ | ᠨᠤᠲᠤᠭ᠂ ᠰᠤᠨᠢᠷᠬᠠᠯ ᠤᠨ ᠴᠢᠯᠠᠭᠤᠨ ᠤ ᠬᠤᠳᠠ ᠪᠤᠯᠤᠨ᠎ᠠ᠃ | ︽ᠬᠠᠲᠤᠨ ᠭᠤᠤᠯ ᠤᠨ ᠰᠤᠪᠤᠳ ᠡᠷᠳᠡᠨᠢ︾ — ᠦᠬᠠᠢ ︽ᠬᠠᠲᠤᠨ ᠭᠤᠤᠯ ᠤᠨ ᠰᠤᠪᠤᠳ ᠡᠷᠳᠡᠨᠢ︾ | ᠬᠡᠮᠡᠭᠳᠡᠭᠰᠡᠨ ᠭᠤᠶᠤ ᠠᠯᠳᠠᠷ ᠲᠠᠢ ᠶᠤᠮ᠂ ᠬᠠᠲᠤᠨ ᠭᠤᠤᠯ ᠬᠤᠳᠠ ᠶᠢᠨ ᠲᠤᠮᠳᠠ ᠪᠠᠷ ᠦᠩᠬᠡᠷᠡᠵᠦ᠂ ᠤᠷᠤᠰᠬᠠᠯ | ᠤᠨ ᠤᠷᠲᠤ 105 km ᠪᠠᠶᠢᠵᠤ᠂ ᠭᠤᠷᠪᠠᠨ ᠲᠠᠯ᠎ᠠ ᠪᠠᠷ ᠠᠭᠤᠯᠠ ᠬᠦᠷᠢᠶᠡᠯᠡᠵᠤ᠂ ᠨᠢᠭᠡ ᠭᠤᠤᠯ ᠲᠤᠮᠳᠠ ᠪᠠᠷ | ᠦᠩᠭᠡᠷᠡᠵᠦ᠂ ᠠᠷᠠᠳ ᠤᠨᠠᠭᠠᠯᠢ ᠴᠠᠭᠠᠪᠤᠷ ᠪᠠᠶᠢᠵᠤ᠂ ᠬᠠᠳᠤᠨ ᠭᠤᠤᠯ ᠤᠨ ᠠᠯᠲᠠᠨ ᠪᠦᠰᠡᠯᠡᠪᠦᠷᠢ ᠲᠡᠭᠡᠷ᠎ᠡ | ᠰᠢᠬᠢᠳᠭᠡᠭᠳᠡᠭᠰᠡᠨ ᠨᠢᠭᠡᠨ ᠭᠡᠷᠡᠯᠲᠦ ᠰᠤᠪᠤᠳ ᠬᠡᠮᠡᠨ ᠠᠯᠳᠠᠷᠰᠢᠭᠰᠠᠨ ᠶᠤᠮ᠃ ᠤᠯᠤᠰ ᠤᠨᠭᠤᠤᠯᠳᠠᠯᠭᠠᠲᠤ ᠪᠠᠷᠢᠯᠭ᠎ᠠ | — ᠬᠠᠳᠤᠨ ᠭᠤᠤᠯ ᠤᠨ ᠬᠠᠶᠢᠷᠤᠪ ᠤᠨ ᠲᠤᠬᠤᠢ ᠣᠰᠣᠨ ᠠᠰᠢᠭᠯᠠᠯᠳᠠ ᠶᠢᠨ ᠭᠦᠢᠰᠦ ᠪᠠᠷᠢᠯᠭ᠎ᠠ ᠶᠢ 2010 ᠤᠨ | ᠤ 4 ᠰᠠᠷ᠎ᠠ ᠠᠴᠠ ᠡᠬᠢᠯᠡᠨ ᠪᠦᠲᠦᠭᠡᠨ ᠪᠠᠶᠢᠭᠤᠯᠵᠤ᠂ 2013 ᠤᠨ 9 ᠰᠠᠷ᠎ᠠ ᠠᠴᠠ ᠡᠬᠢᠯᠡᠨ ᠣᠰᠣ ᠬᠠᠳᠠᠭᠠᠯᠠᠵᠤ | ᠂ 118 km² ᠤᠨ ᠤᠰᠤᠨ ᠤ ᠲᠠᠯᠠᠪᠠᠢ ᠲᠠᠢ ︽ᠦᠬᠠᠢ ᠨᠠᠭᠤᠷ︾ ᠢ ᠪᠦᠷᠢᠯᠳᠦᠬᠦᠯᠵᠦ᠂ ᠦᠬᠠᠢ ᠬᠤᠳᠠ | ᠠᠭᠤᠯᠠ ᠶᠢ ᠲᠦᠰᠢᠵᠦ ᠣᠰᠣ ᠶᠢ ᠬᠠᠪᠢᠳᠠᠨ᠂ ᠤᠰᠤ ᠬᠤᠳᠠ ᠶᠢ ᠬᠦᠷᠢᠶᠠᠯᠡᠵᠦ᠂ ᠦᠪᠡᠷᠮᠢᠴᠡ ᠤᠨᠴᠠᠯᠢᠭ ᠢᠯᠡᠷᠬᠡᠢ | ᠂ ᠣᠷᠴᠢᠨ ᠲᠤᠭᠤᠷᠢᠨ ᠨᠡᠩ ᠭᠤᠶᠤ᠂ ᠨᠡᠷ᠎ᠡ ᠨᠢᠳᠡᠷ ᠲᠡᠭᠡᠨ ᠲᠡᠩᠴᠡᠭᠰᠡᠨ ︽ᠬᠠᠲᠤᠨ ᠭᠤᠤᠯ ᠤᠨ ᠰᠤᠪᠤᠳ | ᠡᠷᠳᠡᠨᠢ︾ ᠪᠤᠯᠬᠤ ᠶᠤᠮ᠃ | ︽ᠬᠠᠷ᠎ᠠ ᠠᠯᠳᠠᠨ ᠲᠠᠯᠠᠢ︾ — ᠦᠬᠠᠢ ᠬᠤᠳᠠ ᠶᠢᠨ ᠬᠠᠷᠢᠶᠠᠨ ᠳᠤ ᠡᠬᠢ ᠪᠠᠶᠠᠯᠢᠭ ᠡᠯᠪᠡᠭ᠂ ︽ᠬᠠᠷ᠎ᠠ | ᠠᠯᠳᠠᠨ ᠲᠠᠯᠠᠢ︾ ᠬᠡᠮᠡᠭᠳᠡᠳᠡᠭ᠃ ᠰᠢᠯᠢᠳᠡᠭ ᠬᠡᠦᠷᠡᠰᠦ᠂ ᠨᠡᠭᠦᠷᠡᠰᠦᠨ ᠰᠢᠰᠲ᠋ᠧᠮ ᠤᠨ ᠭᠤᠤ ᠯᠢᠩ ᠰᠢᠷᠦᠢ᠂ ᠴᠤᠬᠤᠢ | ᠶᠢᠨ ᠴᠢᠯᠠᠭᠤᠯᠢᠭ᠂ ᠲᠡᠮᠦᠷ ᠬᠦᠳᠡᠷ᠂ ᠦᠭᠡᠬᠦᠨ ᠴᠢᠯᠠᠭᠤᠨ ᠡᠯᠡᠰᠦ᠂ ᠦᠬᠡᠬᠦᠨ ᠴᠢᠯᠠᠭᠤ ᠵᠡᠷᠬᠡ ᠠᠭᠤᠷᠬᠠᠢ ᠶᠢᠨ | ᠡᠬᠢ ᠪᠠᠶᠠᠯᠢᠭ ᠤᠨ ᠬᠠᠳᠠᠭᠠᠯᠠᠭᠳᠠᠴᠠ ᠶᠡᠭᠡ᠂ ᠴᠢᠨᠠᠷ ᠰᠠᠶᠢᠨ᠂ ᠨᠡᠭᠡᠭᠡᠨ ᠮᠠᠯᠲᠠᠬᠤ ᠳᠤ ᠲᠦᠭᠦᠮ᠂ ᠬᠠᠷᠢᠴᠠᠩᠭᠤᠢ | ᠲᠦᠪᠯᠡᠷᠡᠭᠰᠡᠨ ᠲᠦᠬᠦᠷ ᠲᠠᠢ᠂ ᠠᠵᠤ ᠦᠢᠯᠡᠳᠪᠦᠷᠢ ᠶᠢᠨ ᠠᠰᠢᠭᠯᠠᠯᠳᠠ ᠶᠢᠨ ᠦᠷᠳᠡᠭ ᠦᠨᠳᠦᠷ ᠶᠤᠮ᠃ ᠡᠭᠦᠨ ᠤ | ᠲᠤᠮᠳᠠ᠂ ᠰᠢᠯᠢᠳᠡᠭ ᠬᠡᠦᠷᠡᠰᠦ ᠨᠢ ᠦᠪᠦᠷ ᠮᠤᠩᠭᠤᠯ ᠤᠨ ᠨᠢᠭᠡᠨᠳᠡ ᠬᠠᠶᠢᠨ ᠤᠯᠤᠭᠰᠠᠨ ᠬᠠᠳᠠᠭᠠᠯᠠᠭᠳᠠᠴᠠ ᠶᠢᠨ75 | % ᠶᠢ ᠡᠵᠡᠯᠡᠵᠦ᠂ ᠤᠯᠤᠰ ᠤᠨ ᠴᠢᠬᠤᠯᠠ ᠬᠡᠦᠷᠰᠤ ᠶᠢᠨ ᠰᠠᠭᠤᠷᠢᠨ ᠭᠠᠵᠠᠷ ᠪᠤᠯᠤᠨ᠎ᠠ︔ ᠴᠤᠬᠤᠢ ᠶᠢᠨ | ᠴᠢᠯᠠᠭᠤᠯᠢᠭ ᠤᠨ ᠬᠠᠳᠠᠭᠠᠯᠠᠭᠳᠠᠴᠠ 200 ᠳ᠋ᠦᠩᠰᠢᠭᠤᠷ ᠲᠤᠨ ᠠᠴᠠ ᠲᠠᠪᠠᠵᠤ᠂ ᠨᠡᠭᠦᠷᠡᠰᠦᠨ ᠰᠢᠰᠲ᠋ᠧᠮ ᠤᠨ ᠭᠤᠤ | ᠯᠢᠩ ᠰᠢᠷᠦᠢ ᠶᠢᠨ ᠬᠠᠳᠠᠭᠠᠯᠠᠭᠳᠠᠴᠠ 11 ᠳ᠋ᠦᠩᠰᠢᠭᠤᠷ ᠲᠤᠨ ᠠᠴᠠ ᠢᠯᠡᠭᠦᠦ ᠪᠤᠢ᠃ ᠲᠠᠯᠳᠠ ᠠᠵᠤ ᠠᠬᠤᠢ ᠶᠢᠨ | ᠦᠷᠳᠡᠭ 4000 ᠳ᠋ᠦᠩᠰᠢᠭᠤᠷ ᠲᠦᠭᠦᠷᠢᠭ ᠠᠴᠠ ᠲᠡᠭᠡᠭᠰᠢ ᠪᠠᠶᠢᠳᠠᠭ᠃ ᠲᠡᠭᠷᠢ ᠶᠢᠨ ᠬᠡᠰᠢᠭ ᠢ ᠬᠦᠷᠳᠡᠭᠰᠡᠨ | ᠡᠯᠪᠡᠭ ᠠᠭᠤᠷᠬᠠᠢ ᠶᠢᠨ ᠡᠬᠢ ᠪᠠᠶᠠᠯᠢᠭ ᠤᠨ ᠲᠠᠪᠠᠭᠤᠯᠢᠭ ᠲᠠᠯ᠎ᠠ ᠨᠢ ᠦᠬᠠᠢ ᠶᠢᠨ ᠠᠭᠤᠷᠬᠠᠢ ᠶᠢᠨ ᠠᠵᠤ ᠦᠢᠯᠡᠰ | ᠤᠨ ᠬᠦᠭᠵᠢᠯᠳᠡ ᠳᠤ ᠡᠬᠢ ᠪᠠᠶᠠᠯᠢᠭ ᠤᠨ ᠪᠠᠲᠤᠯᠠᠭ᠎ᠠ ᠶᠢ ᠬᠠᠩᠭᠠᠭᠰᠠᠨ ᠶᠤᠮ᠃ | ︽ᠤᠷᠠᠨ ᠪᠢᠴᠢᠯᠭᠡ ᠶᠢᠨ ᠬᠤᠳᠠ︾ — ᠦᠬᠠᠢ ᠬᠤᠳᠠ ᠶᠢ 2008 ᠤᠨ ᠳᠤ ᠲᠤᠮᠳᠠᠲᠤ ᠤᠯᠤᠰ ᠤᠨ | ᠤᠷᠠᠨ ᠪᠢᠴᠢᠯᠭᠡ ᠶᠢᠨ ᠨᠡᠶᠢᠭᠡᠮᠯᠢᠭ ᠠᠴᠠ ︽ᠤᠷᠠᠨ ᠪᠢᠴᠢᠯᠭᠡ ᠶᠢᠨ ᠬᠤᠳᠠ︾ ᠬᠡᠮᠡᠨ ᠨᠡᠷᠡᠯᠡᠪᠡ᠂ ᠪᠦᠬᠦ ᠬᠤᠳᠠ | ᠳᠤ ᠲᠤᠮᠳᠠᠲᠤ ᠤᠯᠤᠰ ᠤᠨ ᠤᠷᠠᠨ ᠪᠢᠴᠢᠯᠭᠡ ᠶᠢᠨ ᠨᠡᠶᠢᠭᠡᠮᠯᠢᠭ ᠤᠨ ᠬᠡᠰᠢᠭᠦᠨ 23 ᠬᠦᠮᠦᠨ᠂ ᠦᠪᠡᠷᠳᠡᠭᠡᠨ | ᠵᠠᠰᠠᠬᠤ ᠤᠷᠤᠨ ᠤ ᠤᠷᠠᠨ ᠪᠢᠴᠢᠯᠭᠡ ᠶᠢᠨ ᠨᠡᠶᠢᠭᠡᠮᠯᠢᠭ ᠤᠨ ᠭᠡᠰᠢᠭᠦᠨ 120 ᠬᠦᠮᠦᠨ᠂ ᠤᠷᠳᠤ ᠬᠤᠭᠤᠴᠠᠭ᠎ᠠ ᠪᠠᠷ | ᠤᠷᠠᠨ ᠪᠢᠴᠢᠯᠭᠡ ᠪᠤᠯᠪᠠᠰᠣᠷᠠᠵᠤ ᠪᠠᠶᠢᠭ᠎ᠠ ᠬᠦᠮᠦᠰ ᠲᠦᠮᠡ ᠭᠠᠷᠤᠢ ᠪᠤᠢ᠃ ᠤᠷᠠᠨ ᠪᠢᠴᠢᠯᠭᠡᠳᠡᠨ ᠹᠧᠩ ᠶᠢᠨ ᠴᠢᠶᠠᠩ | ᠤᠨ ᠤᠷᠠᠨ ᠪᠢᠴᠢᠯᠭᠡ ᠶᠢᠨ ᠪᠦᠲᠦᠭᠡᠯ ᠨᠢ ᠲᠤᠮᠳᠠᠲᠤ ᠤᠯᠤᠰ ᠤᠨ ᠤᠷᠠᠨ ᠪᠢᠴᠢᠯᠭᠡ ᠶᠢᠨ ︽ᠯᠠᠨ ᠲᠢᠩ ᠱᠠᠩᠨᠠᠯ︾ | ᠤᠨ ᠨᠢᠭᠡᠳᠦᠭᠡᠷ ᠲᠡᠰ ᠲᠤ ᠤᠷᠤᠵᠤ᠂ ᠦᠪᠡᠷᠳᠡᠭᠡᠨ ᠵᠠᠰᠠᠬᠤ ᠤᠷᠤᠨ ᠤ ᠬᠤᠭᠤᠰᠤᠨ ᠢ ᠨᠦᠬᠦᠪᠦᠷᠢᠯᠡᠪᠡ᠃ ᠬᠤᠶᠠᠷ | ᠬᠤᠭᠤᠴᠠᠭᠠᠨ ᠤ ︽ᠬᠠᠲᠤᠨ ᠭᠤᠤᠯ ᠤᠨ ᠰᠤᠪᠤᠳ ᠡᠷᠳᠡᠨᠢ — —· ᠲᠤᠮᠳᠠᠲᠤ ᠤᠯᠤᠰ ᠤᠨ ᠦᠬᠠᠢ ᠶᠢᠨ | ᠤᠷᠠᠨ ᠪᠢᠴᠢᠯᠭᠡ ᠶᠢᠨ ᠤᠷᠠᠯᠢᠭ ᠤᠨ ᠪᠠᠶᠠᠷ︾ ᠲᠤ᠂ ᠦᠬᠠᠢ ᠬᠤᠳᠠ ᠱᠠᠩᠬᠠᠢ ᠶᠢᠨ ᠶᠡᠭᠡ ᠲᠡᠯᠡᠬᠡᠢ ᠶᠢᠨ ᠬᠢᠨᠢᠰ | ᠤᠨ ᠶᠡᠷᠦᠩᠬᠡᠢ ᠬᠡᠯᠳᠡᠰ ᠤᠨ ᠭᠤᠷᠪᠠᠨ ᠲᠦᠷᠦᠯ ᠤᠨ ᠶᠡᠭᠡ ᠲᠡᠯᠡᠬᠡᠢ ᠶᠢᠨ ᠬᠢᠨᠢᠰ ᠤᠨ ︽ᠬᠠᠮᠤᠭ︾ ᠢ ᠬᠦᠷᠳᠡᠭᠰᠡᠨ | ᠪᠠᠶᠢᠨ᠎ᠠ᠂ ᠲᠠᠷᠤᠢ ︽ᠬᠡᠪᠴᠢᠶ᠎ᠡ ᠪᠠᠷ ᠬᠠᠮᠤᠭ ᠶᠡᠭᠡ ᠤᠷᠠᠨ ᠪᠢᠴᠢᠯᠭᠡ ᠶᠢᠨ ᠬᠦᠳᠡᠯᠭᠡᠭᠡᠨ︾᠂ ︽ᠬᠡᠪᠴᠢᠶ᠎ᠡ ᠪᠠᠷ | ᠬᠠᠮᠤᠭ ᠶᠡᠭᠡ ᠵᠠᠯᠠᠭᠤ ᠪᠠᠭᠠᠴᠤᠤᠳ ᠤᠨ ᠤᠷᠠᠨ ᠪᠢᠴᠢᠯᠭᠡ ᠶᠢᠨ ᠤᠷᠤᠯᠳᠤᠭᠠᠨ︾᠂ ︽ᠡᠯ᠎ᠡ ᠦᠨᠳᠦᠰᠦᠳᠡᠨ ᠤ | ᠬᠡᠦᠭᠡᠳ ᠪᠠᠭᠠᠴᠤᠤᠳ ᠬᠠᠮᠤᠭ ᠤᠯᠠᠨ ᠳ᠋ᠧᠩᠯᠤ ᠪᠠᠷ ︿ᠡᠬᠡ ᠤᠯᠤᠰ ᠪᠠᠨ ᠬᠠᠶᠢᠷᠠᠯᠠᠬᠤ﹀ ᠬᠡᠭᠦ ᠦᠰᠦᠭ ᠢ | ᠨᠡᠶᠢᠯᠡᠭᠦᠯᠦᠨ ᠵᠠᠯᠭᠠᠭᠰᠠᠨ ᠶᠡᠭᠡ ᠬᠡᠪᠴᠢᠶᠠᠨ ᠤ ᠲᠤᠭᠯᠠᠯᠳᠠ ᠶᠢᠨ ᠬᠦᠳᠡᠯᠭᠡᠭᠡᠨ︾ ᠪᠤᠯᠤᠨ᠎ᠠ᠃ ᠬᠤᠶᠠᠷ | ᠬᠤᠭᠤᠴᠠᠭᠠᠨ ᠤ ᠤᠯᠠᠨ ᠤᠯᠤᠰ ᠤᠨ ᠤᠷᠠᠨ ᠪᠢᠴᠢᠯᠭᠡ ᠶᠢᠨ ᠦᠢᠯᠡᠰ ᠤᠨ ᠦᠵᠡᠰᠭᠦᠯᠡᠩ ᠢ ᠠᠮᠵᠢᠯᠳᠠ ᠲᠠᠢ | ᠡᠷᠬᠢᠯᠡᠵᠦ᠂ 2011 ᠤᠨ ᠳᠤ ︽ᠲᠤᠮᠳᠠᠲᠤ ᠤᠯᠤᠰ ᠤᠨ ᠪᠤᠯᠤᠳ ᠪᠢᠷ ᠤᠨ ᠤᠷᠠᠨ ᠪᠢᠴᠢᠯᠬᠡ ᠶᠢᠨ ᠨᠡᠷᠡᠲᠦ | ᠬᠤᠳᠠ︾ ᠬᠡᠮᠡᠬᠦ ᠨᠡᠷᠡᠶᠢᠳᠦᠯ ᠢ ᠬᠦᠷᠳᠡᠵᠦ᠂ ᠤᠷᠠᠨ ᠪᠢᠴᠢᠯᠬᠡ ᠶᠢᠨ ᠰᠣᠶᠤᠯ ᠨᠢ ᠨᠢᠭᠡᠨᠳᠡ ᠦᠬᠠᠢ ᠬᠦᠮᠦᠨ ᠤ | ᠤᠶᠤᠨ ᠤ ᠲᠠᠭᠲᠤ ᠪᠤᠯᠤᠭᠰᠠᠨ ᠪᠠᠶᠢᠨ᠎ᠠ᠃ ︽ᠲᠤᠮᠳᠠᠲᠤ ᠤᠯᠤᠰ ᠤᠨ ᠤᠷᠠᠨ ᠪᠢᠴᠢᠯᠭᠡ ᠶᠢᠨ ᠬᠤᠳᠠ · ᠦᠬᠠᠢ | ︾ ᠨᠢ ᠦᠪᠡᠷᠳᠡᠭᠡᠨ ᠵᠠᠰᠠᠠᠬᠤ ᠤᠷᠤᠨ ᠤ ᠠᠷᠪᠠᠨ ᠶᠡᠭᠡ ᠰᠣᠶᠤᠯ ᠤᠨ ᠨᠡᠷ᠎ᠡ ᠲᠡᠮᠳᠡᠭ ᠤᠨ ᠨᠢᠬᠡ ᠪᠠᠷ ᠦᠨᠡᠯᠡᠭᠳᠡᠵᠦ᠂ | ᠤᠷᠤᠨ ᠨᠣᠳᠤᠭ ᠤᠨ ᠦᠪᠡᠷᠮᠢᠴᠡ ᠤᠨᠴᠠᠯᠢᠭ ᠪᠦᠬᠦᠢ ᠰᠣᠶᠣᠯ ᠤᠨ ᠨᠡᠷ᠎ᠡ ᠲᠡᠮᠳᠡᠭ ᠠᠩᠬ᠎ᠠ ᠠᠯᠬᠤᠮ ᠪᠦᠷᠢᠯᠳᠦᠵᠡᠢ᠃ | | ︽ᠡᠯᠡᠰᠦᠨ ᠴᠦᠯ ᠳᠠᠬᠢ ᠤᠨᠠᠭᠠᠨ ᠪᠦᠷᠢᠲᠤ︾ — ᠦᠬᠠᠢ ᠬᠤᠳᠠ ᠤᠯᠠᠭᠠᠨᠪᠦ᠋ᠬᠡ᠂ ᠮᠠᠭᠤᠠᠤᠰᠤ᠂ | ᠬᠦᠪᠴᠢ ᠭᠤᠷᠪᠠᠨ ᠶᠡᠭᠡ ᠡᠯᠡᠰᠦᠨ ᠴᠦᠯ ᠤᠨ ᠠᠭᠤᠯᠵᠠᠷ ᠲᠤ ᠤᠷᠤᠰᠢᠵᠤ ᠪᠤᠢ᠃ ᠭᠤᠴᠢᠭᠠᠳ ᠢᠯᠡᠭᠦᠦ ᠵᠢᠯ ᠤᠨ | ᠪᠦᠲᠦᠭᠡᠨ ᠪᠠᠶᠢᠭᠤᠯᠤᠯᠳᠠ ᠪᠠᠷ ᠲᠠᠮᠵᠢᠵᠦ᠂ ᠬᠤᠳᠠ ᠶᠢᠨ ᠰᠠᠭᠤᠷᠢ ᠲᠦᠬᠦᠭᠡᠷᠦᠮᠵᠢ ᠬᠠᠷᠢᠴᠠᠩᠭᠤᠢ ᠲᠦᠭᠦᠷᠵᠢᠵᠦ᠂ | ᠦᠢᠯᠡᠴᠢᠯᠡᠭᠡᠨ ᠤ ᠴᠢᠳᠠᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠨᠤᠭᠤᠭᠠᠷᠠᠭᠤᠯᠤᠯᠳᠠ ᠴᠢᠮᠡᠭᠯᠡᠯᠳᠡ ᠶᠢᠨ ᠦᠷ᠎ᠡ | ᠪᠦᠲᠦᠭᠡᠮᠵᠢ ᠮᠡᠳᠡᠭᠳᠡᠮ᠎ᠡ ᠪᠠᠶᠢᠵᠤ᠂ ᠰᠠᠭᠤᠬᠤ ᠳᠤ ᠲᠤᠬᠢᠷᠠᠮᠵᠢᠲᠠᠢ ᠬᠤᠳᠠ ᠶᠢ ᠪᠠᠶᠢᠭᠤᠯᠬᠤ ᠰᠢᠨ᠎ᠡ ᠠᠯᠬᠤᠭ᠎ᠠ ᠶᠢ | ᠠᠯᠬᠤᠭᠰᠠᠨ ᠪᠠᠶᠢᠨ᠎ᠠ᠃ 2013 ᠤᠨ ᠤᠨ ᠡᠴᠦᠰ ᠪᠤᠯᠳᠠᠯ᠎ᠠ᠂ ᠪᠦᠬᠦ ᠬᠤᠳᠠ ᠲᠤᠭᠤᠷᠢᠭ ᠤᠨ | ᠨᠤᠭᠤᠭᠠᠷᠠᠭᠤᠯᠤᠯᠳᠠ ᠶᠢᠨ ᠪᠦᠷᠬᠦᠴᠡ ᠶᠢᠨ ᠨᠤᠷᠮ᠎ᠠ ᠨᠢ 40.8 %᠂ ᠬᠦᠮᠦᠨ ᠪᠦᠷᠢ ᠶᠢᠨ ᠲᠡᠭᠰᠢᠳᠭᠡᠭᠰᠡᠨ | ᠴᠡᠴᠡᠷᠯᠢᠭ ᠤᠨ ᠨᠤᠭᠤᠭᠠᠨ ᠬᠦᠷᠦᠰᠦᠨ ᠤ ᠲᠠᠯᠠᠪᠠᠢ 18.4 m² ᠲᠤ ᠬᠦᠷᠴᠦ᠂ ᠮᠠᠨ ᠤ ᠬᠤᠳᠠ ᠨᠢ ︽ᠪᠦᠬᠦ | ᠤᠯᠤᠰ ᠤᠨ ᠨᠤᠭᠤᠭᠠᠷᠠᠭᠤᠯᠤᠯᠳᠠ ᠶᠢᠨ ᠵᠢᠱᠢᠶᠡᠴᠢ ᠬᠤᠳᠠ︾ ᠬᠡᠮᠡᠬᠦ ᠠᠯᠳᠠᠷ ᠢ ᠬᠦᠷᠭᠡᠵᠦ᠂ ᠵᠢᠩᠬᠢᠨᠢ ︽ᠡᠯᠡᠰᠦᠨ | ᠴᠦᠯ ᠳᠠᠬᠢ ᠤᠨᠠᠭᠠᠨ ᠪᠦᠷᠢᠲᠤ︾ ᠪᠤᠯᠤᠭᠰᠠᠨ ᠪᠠᠶᠢᠨ᠎ᠠ᠃ | ︽ᠦᠵᠦᠮ ᠤᠨ ᠨᠤᠳᠤᠭ︾ — ᠦᠬᠠᠢ ᠬᠤᠳᠠ ᠶᠢᠨ ᠭᠠᠵᠠᠷ ᠰᠢᠷᠦᠢ ᠨᠢ ᠬᠡᠷᠡᠯ ᠲᠤᠯᠠᠭᠠᠨ ᠤ ᠡᠬᠢ | ᠪᠠᠶᠠᠯᠢᠭ ᠡᠯᠪᠡᠭ᠂ ᠦᠵᠦᠮ ᠲᠠᠷᠢᠬᠤ ᠳᠤ ᠲᠤᠬᠢᠷᠠᠮᠵᠢᠲᠠᠢ᠂ ︽ᠦᠵᠦᠮ ᠤᠨ ᠨᠤᠲᠤᠭ︾ ᠬᠡᠮᠡᠬᠦ ᠨᠡᠷᠡᠶᠢᠳᠦᠯ ᠲᠠᠢ᠃ | ᠡᠳᠦᠷ ᠰᠦᠨᠢ ᠶᠢᠨ ᠲᠤᠯᠠᠭᠠᠨ ᠤ ᠵᠦᠷᠢᠶ᠎ᠡ ᠶᠡᠭᠡ᠂ ᠨᠠᠷᠠᠨ ᠤ ᠲᠤᠰᠤᠯᠳᠠ ᠶᠢᠨ ᠴᠠᠭ ᠤᠷᠲᠤ᠂ ᠲᠤᠯᠠᠭᠠᠨ ᠤ | ᠬᠤᠷᠠᠮᠳᠠᠯ ᠦᠨᠳᠦᠷ᠂ ᠬᠢᠷᠠᠭᠤ ᠦᠭᠡᠢ ᠬᠤᠭᠤᠴᠠᠭ᠎ᠠ 156 ~165 ᠡᠳᠦᠷ ᠬᠦᠷᠴᠦ᠂ ᠰᠡᠷᠢᠬᠦᠨ ᠪᠦᠰᠡᠨ ᠤ ᠡᠬᠡ | ᠭᠠᠵᠠᠷ ᠤᠨ ᠴᠢᠨᠠᠷᠲᠠᠢ ᠠᠭᠤᠷ ᠠᠮᠢᠰᠬᠤᠯ ᠳᠤ ᠬᠠᠷᠢᠶᠠᠯᠠᠭᠳᠠᠵᠤ᠂ ᠨᠤᠭᠤᠭ᠎ᠠ ᠭᠤᠸ᠎ᠠ ᠵᠢᠮᠢᠰ ᠤᠨ ᠤᠷᠭᠤᠯᠳᠠ ᠳᠤ | ᠲᠤᠬᠢᠷᠠᠮᠵᠢᠲᠠᠢ᠂ ᠤᠯᠤᠰ ᠤᠨ ᠲᠤᠲᠤᠷ᠎ᠠ ᠪᠠᠨ ᠰᠢᠨᠵᠢᠶᠠᠩ ᠤᠨ ᠲᠦᠷᠫᠠᠨ ᠤᠷᠤᠨ ᠲᠠᠢ ᠠᠳᠠᠯᠢᠳᠬᠠᠵᠤ ᠪᠤᠯᠤᠮᠠᠷ | ᠰᠢᠯᠢᠳᠡᠭ ᠦᠵᠦᠮ ᠤᠨ ᠭᠠᠷᠤᠯᠳᠠ ᠶᠢᠨ ᠰᠠᠭᠤᠷᠢᠨ ᠭᠠᠵᠠᠷ ᠪᠤᠯᠤᠨ᠎ᠠ᠃ ᠤᠯᠠᠨ ᠲᠤᠭᠠᠨ ᠤ ᠦᠵᠦᠮ ᠤᠨ ᠲᠦᠷᠦᠯ | ᠨᠢ ᠤᠯᠤᠰ ᠤᠨ ᠲᠡᠰ ᠤᠨ ᠱᠠᠩᠨᠠᠯ ᠢᠶᠠᠷ ᠬᠦᠬᠢᠭᠦᠯᠦᠭᠳᠡᠵᠦ᠂ ᠪᠡᠭᠡᠵᠢᠩ ᠤᠨ ᠤᠯᠧᠮᠫᠢᠺ ᠶᠢᠨ ᠲᠠᠮᠢᠷ ᠤᠨ ᠴᠤᠭᠯᠠᠭᠠᠨ | ᠤ ᠠᠮᠤᠷ ᠲᠦᠪᠰᠢᠨ ᠰᠢᠯᠢᠳᠡᠭ ᠦᠵᠦᠮ ᠢᠶᠠᠷ ᠰᠤᠩᠭᠤᠭᠳᠠᠭᠰᠠᠨ ᠪᠠᠶᠢᠨ᠎ᠠ᠃ ᠬᠠᠨ ᠰᠧᠨ ᠪᠦᠯᠦᠭᠯᠡᠯ᠂ ᠶᠦᠨ ᠹᠸᠢ | ᠦᠵᠦᠮ ᠤᠨ ᠦᠢᠯᠡᠰ ᠵᠡᠷᠬᠡ ᠠᠵᠤ ᠠᠬᠤᠶᠢᠯᠠᠯ ᠨᠢ ᠦᠵᠦᠮ ᠤᠨ ᠦᠢᠯᠡᠰ ᠤᠨ ᠲᠤᠯᠤᠭᠠᠶᠢᠯᠠᠭᠴᠢ ᠠᠵᠤ ᠠᠬᠤᠶᠢᠯᠠᠯ | ᠪᠤᠯᠤᠭᠰᠠᠨ ᠪᠠᠶᠢᠨ᠎ᠠ᠃ 2012 ᠤᠨ ᠳᠤ ᠬᠠᠨ ᠰᠧᠨ ᠦᠵᠦᠮ ᠤᠨ ᠠᠷᠢᠬᠢ ᠶᠢᠨ ᠭᠤᠷᠪᠠᠨ ᠵᠦᠢᠯ ᠤᠨ ᠠᠷᠢᠬᠢ | ᠨᠢ ᠲᠤᠰ ᠲᠤᠰ ᠹᠷᠠᠨᠽᠢ᠂ ᠭᠧᠷᠮᠠᠨ ᠪᠤᠯᠤᠨ ᠠᠩᠭ᠍ᠯᠢ ᠤᠯᠤᠰ ᠲᠤ 7 ᠶᠡᠭᠡ ᠱᠠᠩᠨᠠᠯ ᠬᠦᠷᠳᠡᠵᠡᠢ᠃ ᠬᠠᠨ ᠰᠧᠨ | ᠦᠵᠦᠮ ᠤᠨ ᠠᠷᠢᠬᠢ ᠨᠢ ︽ᠲᠤᠮᠳᠠᠲᠤ ᠤᠯᠤᠰ ᠤᠨ ᠨᠡᠷᠡᠲᠦ ᠲᠠᠸᠠᠷ ᠤᠨ ᠲᠡᠮᠳᠡᠭ︾ ᠨᠡᠷᠡᠶᠢᠳᠦᠯ ᠢ ᠬᠦᠷᠳᠡᠵᠦ᠂ | 2013 ᠤᠨ ᠤ 17 ᠳ᠋ᠤᠭᠠᠷ ᠬᠤᠭᠤᠴᠠᠭᠠᠨ ᠤ ᠪᠧᠷᠯᠢᠨ ᠤ ᠤᠯᠠᠨ ᠤᠯᠤᠰ ᠤᠨ ᠦᠵᠦᠮ ᠤᠨ ᠠᠷᠢᠬᠢ ᠶᠢᠨ | ᠴᠢᠨᠠᠷ ᠤᠨ ᠶᠡᠭᠡ ᠤᠷᠤᠯᠳᠤᠭᠠᠨ ᠳᠤ᠂ ᠰᠤᠩᠭᠤᠨ ᠬᠦᠷᠭᠡᠭᠰᠡᠨ ︽ᠵᠤᠭᠤᠷᠢ ᠳᠤ ᠬᠠᠳᠠᠭᠠᠯᠠᠭᠰᠠᠨ ᠲᠠᠪᠤᠨ ᠤᠲᠤᠲᠤ | ᠦᠵᠦᠮ ᠤᠨ ᠤᠯᠠᠭᠠᠨ ᠲᠠᠷᠠᠰᠤ᠂ ᠵᠤᠭᠤᠷᠢ ᠳᠤ ᠬᠠᠳᠠᠭᠠᠯᠠᠭᠰᠠᠨ ᠤᠤᠢ ᠰᠢᠶᠠ ᠵᠤ᠋ ᠦᠵᠦᠮ ᠤᠨ ᠲᠠᠷᠠᠰᠤ᠂ | ᠰᠤᠩᠭᠤᠨ ᠬᠠᠳᠠᠭᠠᠯᠠᠭᠰᠠᠨ ᠱᠧ ᠯᠦᠩ ᠵᠤ᠋ ᠦᠵᠦᠮ ᠤᠨ ᠲᠠᠷᠠᠰᠣ︾ ᠭᠤᠷᠪᠠᠨ ᠵᠦᠢᠯ ᠠᠷᠢᠬᠢ ᠨᠢ ᠪᠦᠬᠦᠨ ᠢᠶᠠᠷ | ᠢᠶᠠᠨ ᠤᠷᠤᠯᠳᠤᠭᠠᠨ ᠤ ᠠᠯᠳᠠᠨ ᠱᠠᠩᠨᠠᠯ ᠢ ᠬᠦᠷᠳᠡᠵᠡᠢ᠃ | ︽ᠰᠣᠨᠢᠷᠬᠠᠯ ᠤᠨ ᠴᠢᠯᠠᠭᠤᠨ ᠤ ᠬᠤᠳᠠ︾ — ᠦᠬᠠᠢ ᠬᠤᠳᠠ ᠬᠠᠲᠤᠨ ᠭᠤᠤᠯ ᠤᠨ ᠲᠡᠭᠡᠲᠦ ᠤᠷᠤᠰᠬᠠᠯ | ᠤᠨ ᠲᠤᠮᠳᠠ ᠬᠡᠰᠡᠭ ᠲᠤ ᠪᠠᠶᠢᠷᠢᠰᠢᠵᠦ᠂ ᠪᠠᠷᠠᠭᠤᠨ ᠲᠠᠯ᠎ᠠ ᠪᠠᠷ ᠾᠧ ᠯᠠᠨ ᠱᠠᠨ ᠠᠭᠤᠯᠠ ᠪᠤᠯᠤᠨ ᠣᠯᠠᠭᠠᠨᠪᠤᠬᠠ | ᠡᠯᠡᠰᠦᠨ ᠴᠦᠯ ᠲᠠᠢ ᠵᠠᠯᠭᠠᠯᠳᠤᠵᠤ᠂ ᠵᠡᠭᠦᠨ ᠲᠠᠯ᠎ᠠ ᠪᠠᠷ ᠤᠷᠠᠨ ᠲᠦᠰᠢ ᠠᠭᠤᠯᠠ ᠶᠢ ᠲᠦᠰᠢᠵᠦ᠂ ᠤᠨᠴᠠᠭᠠᠢ | ᠭᠠᠵᠠᠷ ᠤᠨ ᠪᠦᠳᠦᠴᠡ ᠶᠢᠨ ᠨᠦᠬᠦᠴᠡᠯ ᠨᠢ ᠡᠯᠪᠡᠭ ᠦᠵᠡᠮᠵᠢ ᠶᠢᠨ ᠴᠢᠯᠠᠭᠤᠨ ᠤ ᠡᠬᠢ ᠪᠠᠶᠠᠯᠢᠭ ᠢ ᠪᠦᠷᠢᠯᠳᠦᠬᠦᠯᠵᠡᠢ | ᠃ 5000 ᠵᠢᠯ ᠤᠨ ᠡᠮᠦᠨ᠎ᠡ ᠤᠷᠢᠳᠤᠰ ᠤᠨ ᠦᠯᠡᠳᠡᠭᠡᠭᠰᠡᠨ ︽ᠲᠡᠭᠷᠢ ᠶᠢᠨ ᠪᠢᠴᠢᠭ︾ ᠬᠡᠮᠡᠭᠳᠡᠮᠡᠷ ︽ᠨᠠᠷᠠᠨ | ᠰᠠᠬᠢᠭᠤᠰᠤ︾ ᠬᠡᠬᠦ ᠬᠠᠳᠠᠨ ᠵᠢᠷᠤᠭ ᠨᠢ ᠦᠬᠠᠢ ᠶᠢᠨ ᠴᠢᠯᠠᠭᠤᠨ ᠰᠣᠨᠢᠷᠬᠠᠯ ᠤᠨ ᠰᠣᠶᠤᠯ ᠢ ᠡᠬᠢᠯᠡᠭᠦᠯᠪᠡ᠃ | ᠤᠶᠢᠷ᠎ᠠ ᠶᠢᠨ ᠵᠢᠯ ᠳᠤ᠂ ᠦᠬᠠᠢ ᠬᠤᠳᠠ ᠤᠷᠢᠳ ᠬᠤᠵᠢᠳ ︽ᠲᠤᠮᠳᠠᠲᠤ ᠤᠯᠤᠰ ᠤᠨ ᠰᠣᠨᠢᠷᠬᠠᠯ ᠤᠨ ᠴᠢᠯᠠᠭᠤ | · ᠦᠬᠠᠢ ᠶᠢᠨ ᠦᠵᠡᠰᠭᠦᠯᠡᠩ︾᠂ ︽ᠲᠤᠮᠳᠠᠲᠤ ᠤᠯᠤᠰ ᠤᠨ ᠰᠤᠨᠢᠷᠬᠠᠯ ᠤᠨ ᠴᠢᠯᠠᠭᠤ · ᠦᠬᠠᠢ ᠶᠢᠨ | ᠦᠵᠡᠰᠭᠦᠯᠡᠩ ᠵᠢᠴᠢ ᠪᠠᠭᠠᠷᠢᠨ ᠴᠢᠯᠠᠭᠤᠨ ᠤ ᠰᠣᠳᠣᠨ ᠦᠵᠡᠭᠦᠯᠭᠡ︾ ᠵᠡᠷᠭᠡ ᠬᠦᠳᠡᠯᠭᠡᠭᠡᠨ ᠢ ᠠᠮᠵᠢᠯᠳᠠ ᠲᠠᠢ | ᠵᠤᠬᠢᠶᠠᠨ ᠪᠠᠶᠢᠭᠤᠯᠵᠠᠢ᠃ 2012 ᠤᠨ ᠤ 8 ᠰᠠᠷ᠎ᠠ ᠶᠢᠨ14 ᠤ ᠡᠳᠦᠷ᠂ ᠦᠬᠠᠢ ᠬᠤᠳᠠ ᠪᠦᠬᠦ ᠤᠯᠤᠰ ᠤᠨ | ᠬᠠᠮᠤᠭ ᠠᠩᠬᠠᠨ ᠤ ︽ᠲᠤᠮᠳᠠᠲᠤ ᠤᠯᠤᠰ ᠤᠨ ᠰᠣᠨᠢᠷᠬᠠᠯ ᠤᠨ ᠴᠢᠯᠠᠭᠤᠨ ᠬᠤᠳᠠ︾ ᠬᠡᠮᠡᠬᠦ ᠨᠡᠷᠡᠶᠢᠳᠦᠯ ᠢ | ᠬᠦᠷᠳᠡᠵᠦ᠂ ︽ᠲᠤᠮᠳᠠᠲᠤ ᠤᠯᠤᠰ ᠤᠨ ᠤᠷᠠᠨ ᠪᠢᠴᠢᠯᠭᠡ ᠶᠢᠨ ᠬᠤᠳᠠ︾ ᠶᠢᠨ ᠲᠠᠷᠠᠭᠠᠬᠢ ᠪᠠᠰᠠ ᠨᠢᠭᠡᠨ | ᠬᠢᠯᠠᠯᠵᠠᠮ᠎ᠠ ᠬᠤᠳᠠ ᠶᠢᠨ ᠰᠣᠶᠤᠯ ᠤᠨ ᠪᠡᠯᠭᠡ ᠲᠡᠮᠳᠡᠭ ᠪᠤᠯᠤᠭᠰᠠᠨ ᠪᠠᠶᠢᠨ᠎ᠠ᠃ | | ᠬᠤᠶᠠᠷ᠂ ᠲᠡᠦᠬᠡ ᠰᠤᠶᠤᠯ | ᠦᠬᠠᠢ ᠶᠢᠨ ᠦᠰᠦᠭ ᠪᠢᠴᠢᠭ ᠲᠤ ᠲᠡᠮᠳᠡᠭᠯᠡᠭᠳᠡᠭᠰᠡᠨ ᠲᠡᠦᠬᠡ ᠨᠢ ᠬᠠᠨ ᠤᠯᠤᠰ ᠠᠴᠠ ᠡᠬᠢᠯᠡᠨ᠎ᠡ᠃ ᠬᠠᠨ | ᠤᠯᠤᠰ ᠤᠨ ᠶᠤᠸᠠᠨ ᠱᠦᠸᠧ ᠶᠢᠨ ᠬᠤᠶᠠᠳᠤᠭᠠᠷ ᠤᠨ ︵ᠨᠡᠶᠢᠳᠡ ᠶᠢᠨ ᠤᠨ ᠲᠤᠭᠠᠯᠠᠯ ᠠᠴᠠ ᠡᠮᠦᠨ᠎ᠡ 127 ᠤᠨ | ︶ ᠳᠤ᠂ ᠬᠠᠨ ᠡᠤ ᠳ᠋ᠢ ᠾᠦᠩᠨᠤ ᠶᠢᠨ ᠯᠸᠤ ᠹᠠᠨ ᠸᠠᠩ᠂ ᠪᠠᠢ ᠶᠠᠩ ᠸᠠᠩ ᠢ ᠢᠯᠡᠵᠤ᠂ ᠾᠧ ᠨᠠᠨ ᠳ᠋ᠢ ︵ᠬᠠᠷᠢᠶ᠎ᠠ | ᠨᠢ ᠤᠳᠤ ᠶᠢᠨ ᠪᠠᠶᠠᠨᠨᠠᠭᠤᠷ ᠬᠤᠳᠠ ᠶᠢᠨ ᠦᠵᠦᠭᠦᠷ ᠭᠤᠤᠯ ᠠᠴᠠ ᠡᠮᠦᠨᠡᠰᠢ᠂ ᠤᠷᠳᠤᠰ ᠤᠨ ᠦᠨᠳᠦᠷᠯᠢᠭ︶ ᠶᠢ | ᠡᠬᠡᠭᠦᠯᠦᠨ ᠠᠪᠬᠤ ᠳᠠᠭᠠᠨ ᠤᠤᠯ ᠤᠨ ᠵᠢᠦ ᠶᠤᠸᠠᠨ ᠵᠢᠶᠦ᠋ᠨ ᠢ ᠦᠶᠤᠸᠠᠨ ᠵᠢᠶᠦ᠋ᠨ ᠬᠡᠮᠡᠨ ᠦᠬᠡᠷᠡᠴᠢᠯᠡᠵᠦ᠂ ᠪᠠᠰᠠ | ᠱᠦᠸᠧ ᠹᠠᠩ ᠵᠢᠶᠦ᠋ᠨ ᠢ ᠨᠡᠮᠡᠨ ᠪᠠᠶᠢᠭᠤᠯᠪᠠ᠂ ᠱᠦᠸᠧ ᠹᠠᠩ ᠵᠢᠶᠦ᠋ᠨ ᠤ ᠬᠠᠷᠢᠶᠠᠨ ᠳᠠᠭᠠᠨ 10 ᠰᠢᠶᠠᠨ | ᠪᠠᠶᠢᠭᠤᠯᠵᠤ᠂ ᠤᠳᠤ ᠶᠢᠨ ᠬᠠᠶᠢᠷᠤᠪ ᠤᠨ ᠲᠤᠬᠤᠢ ᠤᠷᠤᠨ ᠳᠤ ᠸᠧ ᠶᠧ ᠰᠢᠶᠠᠨ ᠢ ᠪᠠᠶᠢᠭᠤᠯᠵᠠᠢ᠃ ᠠᠷᠪᠠᠨ | ᠭᠤᠷᠪᠠᠳᠣᠭᠠᠷ ᠵᠠᠭᠤᠨ ᠤ ᠡᠬᠢᠨ ᠢᠶᠠᠷ ᠲᠡᠮᠦᠵᠢᠨ ᠰᠠᠭᠤᠷᠢᠨ ᠳᠤ ᠰᠠᠭᠤᠵᠤ᠂ ᠴᠢᠩᠬᠢᠰ ᠬᠠᠭᠠᠨ ᠬᠡᠮᠡᠨ | ᠬᠦᠨᠳᠦᠳᠭᠡᠭᠳᠡᠨ᠂ 1227 ᠤᠨ ᠳᠤ ᠪᠠᠷᠠᠭᠤᠨ ᠰᠢᠶᠠ ᠤᠯᠤᠰ ᠢ ᠤᠰᠠᠳᠬᠠᠨ᠂ ᠨᠤᠲᠤᠭ ᠲᠡᠪᠢᠰᠭᠡᠷ ᠨᠢ ᠶᠤᠸᠠᠨ | ᠤᠯᠤᠰ ᠤᠨ ᠬᠠᠷᠢᠶᠠᠨ ᠳᠤ ᠤᠷᠤᠪᠠ᠃ ᠴᠢᠩ ᠣᠯᠣᠰ ᠤᠨ ᠡᠶᠡᠪᠡᠷ ᠵᠠᠰᠠᠭᠴᠢ ᠶᠢᠨ ᠵᠢᠷᠭᠤᠳᠤᠭᠠᠷ ᠤᠨ ︵1649 | ᠤᠨ︶ ᠳᠤ᠂ ᠴᠢᠩ ᠤᠯᠤᠰ ᠤᠨ ᠵᠠᠰᠠᠭ ᠤᠨ ᠣᠷᠳᠤᠨ ᠠᠴᠠ ᠣᠷᠳᠣᠰ ᠣᠷᠣᠨ ᠢ 6 ᠬᠤᠰᠢᠭᠤ ᠪᠤᠯᠭᠠᠨ | ᠬᠤᠪᠢᠶᠠᠵᠤ᠂ ᠴᠢᠭᠤᠯᠭᠠᠨ ᠬᠤᠰᠢᠭᠤᠨ ᠤ ᠲᠦᠷᠢᠮ ᠢ ᠬᠡᠷᠡᠭᠵᠢᠬᠦᠯᠵᠦ᠂ ᠬᠠᠶᠢᠷᠤᠪ ᠤᠨ ᠲᠤᠬᠤᠢ ᠤᠷᠤᠨ ᠨᠢ | ᠤᠷᠳᠤᠰ ᠤᠨ ᠪᠠᠷᠠᠭᠤᠨ ᠭᠠᠷᠤᠨ ᠲᠤᠮᠲᠠᠳᠤ ᠬᠤᠰᠢᠭᠤᠨ ︵ᠣᠲᠤᠭ ᠬᠤᠰᠢᠭᠤ︶ ᠤ ᠪᠠᠷᠠᠭᠤᠨ ᠬᠤᠶᠢᠲᠤ ᠬᠢᠯᠢ ᠳᠤ | ᠪᠤᠢ᠃ 1958 ᠤᠨ ᠳᠤ ᠪᠤᠤ ᠯᠠᠨ ᠲᠡᠮᠦᠷ ᠵᠠᠮ᠂ ᠪᠤᠭᠤᠲᠤ ᠶᠢᠨ ᠪᠤᠯᠤᠳ ᠲᠡᠮᠦᠷ ᠤᠨ ᠺᠤᠮᠫᠠᠨᠢ ᠵᠡᠷᠭᠡ ᠣᠯᠣᠰ | ᠤᠨ ᠭᠤᠤᠯᠳᠠᠯᠭᠠᠲᠤ ᠵᠦᠢᠯ ᠤᠨ ᠬᠡᠷᠡᠭᠵᠢᠬᠦᠯᠦᠯᠳᠡ ᠠᠴᠠ ᠦᠬᠠᠢ ᠤᠷᠤᠨ ᠴᠦ ᠶᠡᠭᠡ ᠬᠡᠪᠴᠢᠶ᠎ᠡ ᠪᠠᠷ ᠨᠡᠬᠡᠭᠡᠨ | ᠠᠰᠢᠭᠯᠠᠨ ᠪᠦᠲᠦᠭᠡᠨ ᠪᠠᠶᠢᠭᠤᠯᠵᠤ ᠡᠬᠢᠯᠡᠵᠡᠢ᠃ 1976 ᠤᠨ ᠳᠤ ᠤᠯᠤᠰ ᠤᠨ ᠲᠦᠷᠦ ᠶᠢᠨ ᠶᠠᠪᠤᠳᠠᠯ ᠤᠨ | ᠬᠤᠷᠢᠶᠠᠨ ᠤ ᠵᠦᠪᠰᠢᠶᠠᠷᠡᠯ ᠢᠶᠠᠷ ᠤᠤᠯ ᠤᠨ ᠤᠳᠠ᠂ ᠬᠠᠶᠢᠷᠤᠪ ᠤᠨ ᠲᠤᠬᠤᠢ ᠬᠤᠶᠠᠷ ᠰᠢᠶᠠᠨ ᠤ ᠲᠡᠰ ᠤᠨ ᠬᠤᠳᠠ | ᠶᠢ ᠨᠡᠶᠢᠯᠡᠭᠦᠯᠦᠨ ᠦᠬᠠᠢ ᠬᠤᠳᠠ ᠪᠤᠯᠭᠠᠨ ᠪᠠᠶᠢᠭᠤᠯᠵᠠᠢ᠃ ᠦᠬᠠᠢ ᠶᠢᠨ ᠲᠡᠦᠬᠡ ᠰᠤᠶᠤᠯ ᠦᠨᠢ ᠤᠳᠠᠭᠠᠨ | ᠤᠯᠠᠮᠵᠢᠯᠠᠯ ᠲᠠᠢ᠂ ᠲᠡᠯᠡᠭᠡᠢ ᠲᠠᠬᠢᠨ ᠳᠤ ᠠᠯᠳᠠᠷᠰᠢᠭᠰᠠᠨ ᠣᠷᠠᠨ ᠲᠦᠰᠢ ᠠᠭᠤᠯᠠᠨ ᠤ ᠬᠠᠳᠠᠨ ᠵᠢᠷᠤᠭ ᠨᠢ ᠲᠦᠷᠪᠡᠨ | ᠮᠢᠩᠭᠠᠨ ᠵᠢᠯ ᠠᠴᠠ ᠡᠮᠦᠨᠡᠬᠢ ᠰᠢᠨ᠎ᠡ ᠴᠢᠯᠠᠭᠤᠨ ᠵᠡᠪᠰᠡᠭ ᠤᠨ ᠦᠶᠡᠰ᠂ ᠮᠠᠨ ᠤ ᠲᠡᠭᠡᠳᠦᠰ ᠨᠢᠭᠡᠨᠳᠡ ᠠᠳᠡ | ᠣᠷᠣᠰᠢᠨ ᠲᠤᠭᠲᠠᠨᠢᠵᠤ ᠪᠠᠶᠢᠭᠰᠠᠨ ᠤ ᠭᠡᠷᠡᠴᠢ ᠲᠡᠮᠳᠡᠭ ᠪᠤᠯᠬᠤ ᠶᠤᠮ᠃ ᠴᠢᠨ ᠤ ᠴᠠᠭᠠᠨ ᠭᠡᠷᠡᠮ᠂ ᠬᠠᠨ ᠤ | ᠣᠩᠭᠤᠨ᠂ ᠮᠢᠩ ᠤᠨ ᠦᠶ᠎ᠡ ᠶᠢᠨ ᠴᠤᠩᠵᠢ᠂ ᠴᠢᠩ ᠤᠨ ᠦᠶ᠎ᠡ ᠶᠢᠨ ᠮᠠᠨᠪᠠᠷᠠᠰᠠᠩ ᠰᠦᠮ᠎ᠡ ᠵᠢᠴᠢ ᠮᠠᠯᠳᠠᠵᠤ | ᠭᠠᠷᠭᠠᠭᠰᠠᠨ ᠲᠡᠦᠬᠡ ᠶᠢᠨ ᠪᠤᠳᠠᠰ ᠨᠢ ᠡᠨᠡ ᠪᠤᠯ ᠨᠢᠭᠡᠨ ᠤᠷᠲᠤ ᠤᠳᠠᠭᠠᠨ ᠲᠡᠦᠭᠡ ᠲᠠᠢ ᠪᠤᠮᠪᠠ ᠶᠢᠨ ᠤᠷᠤᠨ ᠮᠦᠨ | ᠭᠡᠰᠡᠨ ᠢ ᠬᠦᠮᠦᠰ ᠲᠤ ᠲᠠᠬᠢᠨ ᠮᠡᠳᠡᠭᠦᠯᠦᠭᠰᠡᠨ ᠪᠠᠶᠢᠨ᠎ᠠ᠃ | | ᠭᠤᠷᠪᠠ᠄ ᠭᠠᠵᠠᠷ ᠣᠷᠣᠨ ᠤ ᠡᠬᠢ ᠪᠠᠶᠠᠯᠢᠭ | ᠦᠬᠠᠢ ᠬᠤᠳᠠ ᠶᠢᠨ ᠠᠭᠤᠷᠬᠠᠢ ᠶᠢᠨ ᠡᠬᠢ ᠪᠠᠶᠠᠯᠢᠭ ᠡᠯᠪᠡᠭ ᠳᠡᠯᠪᠡᠭ᠂ ᠴᠢᠨᠠᠷ ᠰᠠᠶᠢᠲᠠᠢ᠂ ᠨᠡᠭᠡᠭᠡᠨ | ᠠᠰᠢᠭᠯᠠᠬᠤ ᠳᠤ ᠬᠢᠯᠪᠡᠷ᠂ ᠠᠵᠤ ᠦᠢᠯᠡᠳᠪᠦᠷᠢ ᠶᠢᠨ ᠠᠰᠢᠭᠯᠠᠯᠲᠠ ᠶᠢᠨ ᠨᠤᠷᠮ᠎ᠠ ᠦᠨᠳᠦᠷ ᠵᠡᠷᠭᠡ ᠤᠨᠴᠠᠯᠢᠭ ᠲᠠᠢ᠂ | ᠦᠬᠠᠢ ᠶᠢᠨ ᠬᠢᠯᠢ ᠳᠠᠬᠢ ᠪᠠᠶᠢᠴᠠᠭᠠᠨ ᠳᠣᠳᠣᠯᠠᠭᠰᠠᠨ ᠬᠠᠳᠠᠭᠠᠯᠠᠭᠳᠠᠴᠠ 82 ᠵᠦᠢᠯ᠂ ᠲᠡᠮᠦᠷᠯᠢᠭ ᠪᠡ ᠲᠡᠮᠦᠷᠯᠢᠭ | ᠪᠤᠰᠣ ᠠᠭᠤᠷᠬᠠᠢ 37 ᠵᠦᠢᠯ᠂ ᠨᠡᠭᠦᠷᠡᠰᠦ᠂ ᠲᠡᠮᠦᠷ᠂ ᠲᠤᠭᠤᠯᠠᠭ᠎ᠠ᠂ ᠺᠠᠯᠢ᠂ ᠭᠠᠣᠯᠢ᠂ ᠴᠠᠬᠢᠯᠠᠭᠤᠷ ᠴᠢᠯᠠᠭᠤᠨ | ᠴᠢᠯᠠᠭᠤᠯᠢᠭ᠂ ᠱᠦᠢᠨᠢ ᠶᠢᠨ ᠴᠢᠯᠠᠭᠤᠯᠢᠭ᠂ ᠬᠤᠵᠢᠷ ᠤᠨ ᠴᠢᠯᠠᠭᠤᠯᠢᠭ᠂ ᠠᠭᠤᠰᠤᠮᠠᠯ ᠴᠢᠯᠠᠭᠤᠯᠢᠭ᠂ ᠭᠠᠯ ᠳᠤ | ᠲᠠᠭᠠᠭᠠᠮᠠᠭᠠᠢ ᠰᠢᠷᠦᠢ᠂ ᠭᠤᠤ ᠯᠢᠩ ᠰᠢᠷᠦᠢ ᠵᠡᠷᠭᠡ ᠪᠠᠶᠢᠭᠠᠯᠢ ᠶᠢᠨ ᠬᠠᠳᠠᠭᠠᠯᠠᠭᠳᠠᠴᠠ ᠲᠠᠢ᠃ ᠪᠠᠶᠢᠴᠠᠭᠠᠨ | ᠳᠣᠳᠣᠯᠣᠭᠰᠠᠨ ᠬᠠᠳᠠᠭᠠᠯᠠᠭᠳᠠᠴᠠ ᠳᠤ᠄ ᠨᠡᠭᠦᠷᠡᠰᠦ 30 ᠳ᠋ᠦᠩᠰᠢᠭᠤᠷ ᠭᠠᠷᠣᠢ ᠳᠣᠨ᠂ ᠰᠢᠯᠢᠳᠡᠭ ᠬᠡᠣᠷᠡᠰᠦ ᠪᠠᠷ | ᠭᠤᠣᠯᠯᠠᠨ ᠳᠣᠮᠳᠠᠳᠣ ᠣᠯᠣᠰ ᠤᠨ ᠦᠪᠦᠷ ᠮᠣᠩᠭᠤᠯ ᠤᠨ 75% ᠡᠵᠡᠯᠡᠨ᠎ᠡ︔ ᠲᠡᠮᠦᠷ ᠤᠨ ᠬᠦᠳᠡᠷ ᠤᠨ | ᠬᠠᠳᠠᠭᠠᠯᠠᠭᠳᠠᠴᠠ 600 ᠭᠠᠷᠦᠢ ᠲᠦᠮᠡᠨ ᠳᠣᠨ᠂ ᠭᠤᠤ ᠯᠢᠩ ᠰᠢᠷᠦᠢ 11 ᠳ᠋ᠦᠩᠰᠢᠭᠤᠷ ᠳᠣᠨ ᠠᠴᠠ ᠳᠡᠭᠡᠭᠰᠢ | ᠪᠦᠬᠦ ᠣᠯᠣᠰ ᠤᠨ ᠬᠠᠳᠠᠭᠠᠯᠠᠭᠳᠠᠴᠠ ᠶᠢᠨ ᠲᠠᠪᠣᠨ ᠤ ᠨᠢᠭᠡ ᠠᠴᠠ ᠳᠡᠭᠡᠭᠰᠢ ᠬᠢ ᠡᠵᠡᠯᠡᠨ᠎ᠡ᠃ ᠦᠬᠠᠢ ᠬᠤᠲᠠ ᠪᠤᠯ | ᠵᠡᠭᠦᠨ ᠬᠤᠶᠢᠳᠣ᠂ ᠣᠮᠠᠷᠠᠲᠤ ᠤᠷᠤᠨ ᠤ ᠵᠡᠮ ᠬᠠᠷᠢᠯᠴᠠᠭᠠᠨ ᠤ ᠪᠡᠯᠴᠢᠷ ᠪᠠᠶᠢᠵᠤ ︽ᠨᠢᠩ ᠦᠪᠦᠷ ᠱᠠᠨ ᠭᠠᠨ︾ | ᠲᠦᠷᠪᠡᠨ ᠮᠤᠵᠢ ᠣᠷᠣᠨ ᠤ ᠠᠭᠤᠯᠵᠠᠷ ᠪᠠᠶᠢᠵᠤ᠂ ᠰᠢᠨᠵᠢᠶᠠᠩ᠂ ᠭᠠᠨᠰᠦ᠂ ᠨᠢᠩᠰᠢᠶᠠ ᠶᠢᠨ ᠠᠵᠤ ᠠᠬᠤᠢ ᠶᠢᠨ | ᠨᠡᠭᠡᠭᠡᠯᠲᠠ ᠶᠢᠨ ᠵᠡᠬᠦᠨ ᠡᠭᠦᠳᠡ ᠪᠤᠯᠤᠨ᠎ᠠ᠃ ᠡᠶᠢᠮᠦᠷᠭᠦ ᠭᠠᠵᠠᠷ ᠵᠦᠢ ᠶᠢᠨ ᠤᠨᠴᠠᠭᠠᠢ ᠪᠠᠶᠢᠷᠢᠯᠠᠯ ᠨᠢ ᠦᠬᠠᠢ | ᠬᠤᠲᠠ ᠶᠢ ᠳᠣᠮᠳᠠᠳᠣ ᠶᠢᠨ ᠪᠠᠷᠠᠭᠤᠨ ᠣᠷᠣᠨ ᠤ ᠠᠵᠤ ᠠᠬᠤᠢ᠂ ᠭᠠᠳᠠᠷ ᠣᠷᠣᠨ ᠲᠠᠢ ᠬᠠᠷᠢᠯᠴᠠᠬᠤ᠂ ᠪᠦᠲᠦᠭᠡᠨ | ᠪᠠᠶᠢᠭᠤᠯᠬᠤ ᠪᠠᠶᠢᠯᠳᠣᠬᠤ ᠪᠣᠳᠣᠯᠭ᠎ᠠ ᠶᠢᠨ ᠭᠤᠤᠯ ᠣᠷᠣᠨ ᠪᠣᠯᠭᠠᠭᠰᠠᠨ ᠪᠠᠶᠢᠨ᠎ᠠ᠃ ᠦᠬᠠᠢ ᠶᠢᠨ ᠴᠠᠬᠢᠯᠭᠠᠨ | ᠬᠦᠴᠦᠨ ᠤ ᠡᠬᠢ ᠪᠠᠶᠠᠯᠢᠭ ᠡᠯᠪᠡᠭ ᠳᠡᠯᠪᠡᠭ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 166 ᠳ᠋ᠦᠩᠰᠢᠭᠤᠷ | ᠺᠢᠯᠦᠸ᠋ᠲ ᠪᠠᠶᠢᠳᠠᠭ᠃ ᠦᠬᠠᠢ ᠶᠢᠨ ᠬᠢᠯᠢ ᠳᠤ ᠤᠮᠠᠷᠠᠲᠤ ᠶᠢᠨ ᠬᠠᠮᠲᠣᠷᠠᠭᠰᠠᠨ ᠴᠠᠬᠢᠯᠭᠠᠨ ᠬᠦᠴᠦᠨ ᠤ ᠬᠠᠶᠢᠷᠦᠪ | ᠤᠨ ᠲᠣᠬᠤᠢ ᠴᠠᠬᠢᠯᠭᠠᠨ ᠦᠢᠯᠡᠳᠪᠦᠷᠢ᠂ ᠦᠪᠦᠷ ᠮᠤᠩᠭᠤᠯ ᠤᠨ ᠬᠤᠸᠠ ᠳ᠋ᠢᠶᠠᠨ᠂ ᠷᠧ ᠳ᠋ᠢᠶᠠᠨ᠂ ᠵᠢᠩ ᠬᠠᠢ ᠵᠡᠷᠭᠡ | ᠴᠠᠬᠢᠯᠭᠠᠨ ᠦᠢᠯᠡᠳᠪᠦᠷᠢ ᠲᠠᠢ︔ ᠪᠦᠭᠦᠳᠠ 320 ᠲᠦᠮᠡᠨ ᠺᠢᠯᠤᠸᠠᠲ ᠶᠢᠨ ᠴᠠᠬᠢᠯᠭᠠᠨ ᠴᠢᠳᠠᠮᠵᠢ ᠲᠠᠢ᠂ | ᠤᠯᠤᠰ ᠤᠨ ᠭᠤᠤᠯᠳᠠᠯᠭ᠎ᠠ ᠲᠠᠢ ᠪᠦᠲᠦᠭᠡᠨ ᠪᠠᠶᠢᠭᠤᠯᠵᠤ ᠪᠠᠶᠢᠭ᠎ᠠ ᠬᠠᠶᠢᠷᠣᠪ ᠤᠨ ᠲᠣᠬᠤᠢ ᠣᠰᠣᠨ ᠠᠰᠢᠭᠯᠠᠯᠲᠠ | ᠪᠡᠷᠢᠯᠭ᠎ᠠ ᠳᠠᠭᠤᠰᠣᠭᠰᠠᠨ ᠤ ᠰᠡᠭᠦᠯᠡᠷ ᠴᠠᠬᠢᠯᠭᠠᠨ ᠭᠠᠷᠭᠠᠬᠤ ᠴᠢᠳᠠᠮᠵᠢ ᠶᠡᠬᠡᠪᠡᠷ ᠨᠡᠮᠡᠭᠳᠡᠵᠣ ᠪᠡᠭᠡᠵᠢᠩ ᠵᠡᠷᠭᠡ ᠭᠠᠵᠠᠷ | ᠣᠷᠣᠨ ᠳᠤ ᠬᠦᠢᠴᠡᠳ ᠴᠠᠬᠢᠯᠭᠠᠨ ᠬᠠᠩᠭᠠᠵᠤ ᠴᠢᠳᠠᠨ᠎ᠠ᠃ ᠦᠬᠠᠢ ᠬᠤᠲᠠ ᠶᠢᠨ ᠣᠰᠣᠨ ᠬᠦᠴᠦᠨ ᠤ ᠡᠬᠢ | ᠪᠠᠶᠠᠯᠢᠭ ᠡᠯᠪᠡᠭ ᠪᠡᠶᠢᠵᠤ ᠵᠢᠯ ᠳᠣᠳᠣᠮ ᠤᠨ 269 ᠳ᠋ᠦᠩᠰᠢᠭᠤᠷ m³ ᠪᠡᠶᠢᠵᠤ᠂ ᠭᠠᠵᠠᠷ ᠳᠣᠣᠷᠠᠬᠢ ᠣᠰᠣᠨ ᠤ | ᠬᠠᠳᠠᠭᠠᠯᠠᠭᠳᠠᠴᠠ 64 ᠳ᠋ᠦᠩᠰᠢᠭᠤᠷ m³ ᠪᠡᠶᠢᠵᠤ᠂ ᠬᠠᠲᠣᠨ ᠭᠤᠣᠯ ᠤᠨ ᠣᠰᠣ ᠲᠠᠢ ᠨᠡᠶᠢᠯᠡᠭᠡᠳ ᠲᠠᠷᠢᠶᠠᠯᠠᠩ | ᠦᠢᠯᠡᠳᠪᠦᠷᠢᠯᠡᠯ ᠪᠠ ᠬᠦᠮᠦᠰ ᠤᠨ ᠣᠷᠣᠰᠢᠨ ᠰᠠᠭᠤᠬᠤ ᠳᠤ ᠬᠦᠢᠴᠡᠳ ᠣᠰᠣᠨ ᠰᠣᠷᠪᠤᠯᠵᠢ ᠬᠠᠩᠭᠠᠵᠤ ᠦᠭᠴᠡᠢ᠃ | | ᠲᠦᠷᠪᠡ᠄ ᠠᠵᠤ ᠦᠢᠯᠡᠳᠪᠦᠷᠢ ᠶᠢᠨ ᠠᠵᠤ ᠠᠬᠤᠢ | ᠦᠬᠠᠢ ᠬᠤᠲᠠ ᠡᠬᠢ ᠪᠠᠶᠠᠯᠢᠭ᠂ ᠤᠷᠤᠨ ᠪᠠᠶᠢᠷᠢ ᠶᠢᠨ ᠳᠠᠪᠠᠭᠤᠯᠢᠭ ᠢᠶᠠᠨ ᠲᠦᠰᠢᠭᠯᠡᠵᠤ᠂ ᠡᠨᠧᠷᠬᠢ᠂ ᠬᠢᠮᠢ᠂ | ᠪᠠᠷᠢᠯᠭ᠎ᠠ ᠶᠢᠨ ᠮᠠᠲ᠋ᠧᠷᠢᠶᠠᠯ᠂ ᠪᠤᠯᠤᠳ ᠬᠠᠶᠢᠯᠠᠭᠤᠯᠬᠤ ᠲᠦᠷᠪᠡᠨ ᠶᠡᠭᠡ ᠦᠢᠯᠡᠰ ᠢᠶᠠᠷ ᠭᠤᠣᠯᠳᠠᠯᠭ᠎ᠠ ᠪᠤᠯᠭᠠᠵᠤ᠂ | ᠰᠢᠨ᠎ᠠ ᠠᠵᠣ ᠦᠢᠯᠡᠰ ᠤᠯᠠᠨ ᠴᠢᠭᠯᠡᠯ ᠢᠶᠠᠷ ᠭᠦᠭᠵᠢᠵᠦ᠂ ᠤᠯᠠᠨ ᠲᠣᠯᠭᠠᠭᠤᠷᠢ ᠶᠢ ᠪᠦᠷᠢᠯᠳᠦᠭᠦᠯᠦᠭᠰᠡᠨ ᠠᠰᠢᠭ ᠲᠠᠢ | ᠪᠠᠶᠢᠳᠠᠯ ᠢ ᠪᠤᠢ ᠪᠤᠯᠭᠠᠭᠰᠠᠨ ᠪᠠᠶᠢᠨ᠎ᠠ᠃ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠡᠾᠯᠦᠷᠲᠤ ᠬᠤᠵᠢᠷ ᠤᠨ | ᠠᠵᠤ ᠦᠢᠯᠡᠳᠪᠦᠷᠢ ᠵᠡᠷᠭᠡ ᠬᠤᠶᠠᠷ ᠶᠡᠭᠡ ᠰᠠᠭᠤᠷᠢᠨ ᠤ ᠳᠠᠪᠠᠭᠤᠯᠢᠭ ᠡᠬᠢᠯᠡᠨ ᠢᠯᠡᠷᠡᠵᠤ᠂ ᠬᠡᠦᠷᠡᠰᠦ ᠶᠢᠨ | ᠦᠢᠯᠡᠳᠪᠦᠷᠢᠯᠡᠯ1800 ᠲᠦᠮᠡᠨ ᠲᠤᠨ ᠬᠦᠷᠴᠦ᠂ PVC ᠶᠢᠨ ᠦᠢᠯᠡᠳᠪᠦᠷᠢᠯᠡᠯ 120 ᠲᠦᠮᠡᠨ ᠲᠤᠨ ᠬᠦᠷᠴᠡᠢ | ᠃ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠡᠾᠯᠦᠷᠲᠤ ᠬᠤᠵᠢᠷ ᠤᠨ ᠠᠵᠤ ᠦᠢᠯᠡᠳᠪᠦᠷᠢ ᠶᠢᠨ | ᠦᠢᠯᠡᠳᠪᠦᠷᠢᠯᠡᠯ ᠤᠨ ᠬᠠᠮᠢᠶᠠᠷᠣᠯᠲᠠ᠂ ᠮᠡᠷᠭᠡᠵᠢᠯ ᠤᠨ ᠲᠦᠬᠦᠭᠡᠷᠦᠮᠵᠢ᠂ ᠡᠨᠧᠷᠭᠢ ᠠᠷᠪᠢᠯᠠᠵᠤ ᠣᠷᠴᠢᠨ ᠲᠣᠭᠤᠷᠢᠨ | ᠢ ᠬᠠᠮᠠᠭᠠᠯᠠᠬᠤ ᠲᠦᠬᠦᠭᠡᠷᠦᠮᠵᠢ ᠪᠠ ᠠᠮᠦᠷ ᠲᠦᠪᠰᠢᠨ ᠦᠢᠯᠡᠳᠪᠦᠷᠢᠯᠡᠬᠦ ᠬᠢᠷᠢ ᠬᠡᠮᠵᠢᠶ᠎ᠡ ᠪᠦᠬᠦ ᠤᠯᠤᠰ ᠤᠨ | ᠲᠡᠷᠢᠬᠦᠨ ᠤ ᠬᠡᠮᠵᠢᠶ᠎ᠡ ᠬᠦᠷᠴᠡᠢ᠃ ᠪᠤᠯᠤᠳ ᠲᠡᠮᠦᠷ ᠤᠨ ᠠᠵᠣ ᠦᠢᠯᠡᠰ ᠦᠷᠭᠦᠯᠵᠢᠯᠡᠨ ᠬᠦᠭᠵᠢᠵᠦ᠂ 120 | ᠲᠦᠮᠡᠨ ᠳᠣᠨ ᠲᠦᠭᠦᠬᠡᠢ ᠲᠡᠮᠦᠷ᠂ 120 ᠲᠦᠮᠡᠨ ᠳᠤᠨ ᠪᠤᠯᠣᠳ ᠪᠤᠯᠪᠠᠰᠣᠷᠠᠭᠤᠯᠬᠤ᠂ 120 ᠲᠦᠮᠡᠨ ᠳᠣᠨ | ᠭᠡᠪᠰᠢᠭᠦᠯᠦᠭᠰᠡᠨ ᠮᠠᠲ᠋ᠧᠷᠢᠶᠠᠯ ᠤᠨ ᠴᠢᠳᠠᠮᠵᠢ ᠪᠦᠷᠢᠯᠳᠦᠭᠦᠯᠵᠡᠢ᠃ ᠭᠤᠷᠪᠠ ᠣᠳᠠᠭᠠᠨ ᠤ ᠠᠵᠤ ᠦᠢᠯᠡᠰ ᠤᠨ | ᠬᠠᠷᠢᠴᠠᠯ 1᠄ 73.7᠄ 25.3᠂ ᠲᠦᠷᠪᠡᠨ ᠶᠡᠭᠡ ᠭᠤᠣᠯᠳᠠᠯᠭᠠᠲᠣ ᠠᠵᠣ ᠦᠢᠯᠡᠰ ᠤᠨ ᠠᠵᠣ ᠦᠢᠯᠡᠳᠪᠦᠷᠢ | ᠳᠠᠬᠢ ᠬᠠᠷᠢᠴᠠᠯ 95 % ᠳᠤ ᠬᠦᠷᠴᠦ᠂ 2013 ᠤᠨ ᠳᠤ ᠪᠦᠬᠦ ᠬᠤᠲᠠ ᠶᠢᠨ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠭᠡᠢ ᠦᠷᠲᠡᠭ 571 ᠳ᠋ᠦᠩᠰᠢᠭᠤᠷ ᠲᠦᠭᠦᠷᠢᠭ᠂ ᠠᠳᠠᠯᠢ ᠬᠤᠭᠤᠴᠠᠭᠠᠨ ᠤ ᠬᠢ ᠠᠴᠠ | 10.5% ᠪᠠᠷ ᠦᠰᠴᠡᠢ᠃ ᠳᠣᠭᠲᠠᠮᠠᠯ ᠬᠦᠷᠦᠩᠭᠡ ᠶᠢᠨ ᠪᠡᠯᠡ ᠤᠷᠤᠭᠤᠯᠣᠯᠲᠠ 417 ᠳ᠋ᠦᠩᠰᠢᠭᠤᠷ ᠲᠦᠭᠦᠷᠢᠭ | ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.3% ᠪᠠᠷ ᠦᠰᠴᠡᠢ᠃ ᠡᠳ᠋ ᠤᠨ ᠵᠠᠰᠠᠭ ᠣᠷᠣᠯᠭ᠎ᠠ | 102.7 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.6 % ᠪᠠᠷ ᠦᠰᠴᠡᠢ | ᠃ ᠨᠡᠶᠢᠭᠡᠮ ᠤᠨ ᠬᠡᠷᠡᠭᠯᠡᠭᠡᠨ ᠤ ᠪᠤᠳᠠᠰ ᠰᠣᠯᠠ ᠪᠣᠷᠣᠯᠠᠭᠤᠯᠤᠯᠲᠠ 113.7 ᠳ᠋ᠦᠩᠰᠢᠭᠤᠷ ᠲᠦᠭᠦᠷᠢᠭ ᠲᠤ ᠬᠦᠷᠴᠦ | ᠂ ᠠᠳᠠᠯᠢ ᠬᠤᠭᠤᠴᠠᠭᠠᠨ ᠤ ᠬᠢ ᠠᠴᠠ 13.1 % ᠪᠠᠷ ᠦᠰᠴᠡᠢ᠃ | | ᠲᠠᠪᠦ᠄ ᠦᠵᠦᠮ ᠤᠨ ᠠᠵᠤ ᠦᠢᠯᠡᠰ | ᠤᠯᠠᠨ ᠵᠢᠯ ᠤᠨ ᠬᠦᠭᠵᠢᠯᠲᠡ ᠪᠠᠷ ᠳᠠᠮᠵᠢᠨ ᠦᠬᠠᠢ ᠬᠤᠲᠠ ᠦᠵᠦᠮ᠂ ᠨᠠᠷᠠᠨ ᠤ ᠭᠡᠷᠡᠯ ᠬᠦᠯᠡᠮᠵᠢ ᠪᠠᠷ | ᠤᠯᠠᠷᠢᠯ ᠰᠦᠷᠦᠭᠰᠡᠨ ᠲᠠᠷᠢᠮᠠᠯ ᠤᠨ ᠦᠢᠯᠡᠰ ᠢ ᠭᠤᠣᠯᠳᠠᠯᠭ᠎ᠠ ᠲᠠᠢ ᠬᠦᠭᠵᠢᠭᠦᠯᠵᠡᠢ᠃ ᠦᠬᠠᠢ ᠬᠤᠲᠠ ᠶᠢᠨ | ᠦᠵᠦᠮ ᠤᠨ ᠰᠠᠭᠤᠷᠢᠨ ᠭᠠᠵᠠᠷ 2.4 ᠲᠦᠮᠠᠨ ᠮᠤ᠋ ᠬᠦᠷᠴᠦ᠂ ᠦᠵᠦᠮ ᠤᠨ ᠣᠨᠠᠯᠲᠠ ᠲᠦᠮᠡᠨ ᠳᠣᠨ ᠬᠦᠷᠴᠦ᠂ | ᠦᠪᠦᠷ ᠮᠤᠩᠭᠤᠯ ᠤᠨ ᠭᠡᠪᠴᠢᠶ᠎ᠡ ᠪᠠᠷ ᠬᠠᠮᠤᠭ ᠶᠡᠭᠡ ᠬᠤᠳᠠᠯᠳᠣᠭᠠᠨ ᠤ ᠦᠵᠦᠮ ᠤᠨ ᠰᠠᠭᠤᠷᠢᠨ ᠭᠠᠵᠠᠷ ᠪᠤᠯᠵᠤ᠂ | ᠳᠣᠮᠳᠠᠳᠣ ᠣᠯᠣᠰ ᠤᠨ ᠵᠢᠮᠢᠰ ᠤᠨ ᠬᠦᠢᠯᠭᠡᠭᠡ ᠪᠠ ᠳᠣᠮᠳᠠᠳᠣ ᠣᠯᠣᠰ ᠤᠨ ᠲᠠᠷᠢᠶᠠᠯᠠᠩ ᠤᠨ ᠨᠡᠶᠢᠬᠡᠮᠯᠢᠭ ᠤᠨ | ᠦᠵᠦᠮ ᠤᠨ ᠬᠤᠪᠢᠶᠠᠷᠢ ᠨᠡᠶᠢᠬᠡᠮᠯᠢᠭ ᠲᠤ ︽ᠪᠦᠬᠦ ᠣᠯᠣᠰ ᠤᠨ ᠦᠵᠦᠮ ᠤᠨ ᠰᠢᠯᠢᠳᠡᠭ ᠦᠢᠯᠡᠳᠪᠦᠷᠢᠯᠡᠯ ᠤᠨ | ᠰᠢᠯᠢᠳᠡᠭ ᠰᠠᠭᠤᠷᠢᠨ ᠭᠠᠵᠠᠷ︾᠂ ᠪᠤᠶᠢᠵᠢᠭᠤᠯᠤᠭᠰᠠᠨ ︽ᠦᠷ᠎ᠡ ᠦᠭᠡᠢ ᠴᠠᠭᠠᠨ ᠦᠵᠦᠮ︾ ᠨᠢ ︽ᠳᠣᠮᠳᠠᠳᠣ ᠶᠢᠨ | ᠨᠡᠷᠡᠲᠤ ᠵᠢᠮᠢᠰ︾ ᠢᠶᠠᠷ ᠦᠨᠡᠯᠡᠭᠳᠡᠵᠦ᠂ ᠬᠤᠶᠠᠳᠣᠭᠠᠷ ᠣᠳᠠᠭᠠᠨ ᠤ ᠳᠣᠮᠳᠠᠳᠣ ᠣᠯᠣᠰ ᠤᠨ ᠲᠠᠷᠢᠶᠠᠯᠠᠩ ᠤᠨ ᠳᠡᠯᠭᠡᠨ | ᠦᠵᠡᠭᠦᠯᠦᠯᠲᠠ ᠶᠢᠨ ᠠᠯᠲᠠᠨ ᠮᠧᠲᠠᠯ᠂ ᠪᠦᠬᠦ ᠣᠯᠣᠰ ᠤᠨ ᠠᠷᠪᠠᠨ ᠨᠢᠭᠡᠳᠦᠭᠡᠷ ᠬᠤᠭᠤᠴᠠᠭᠠᠨ ᠤ ᠦᠵᠦᠮ ᠤᠨ | ᠡᠷᠳᠡᠮ ᠰᠢᠨᠵᠢᠯᠡᠭᠡᠨ ᠤ ᠬᠤᠷᠠᠯ ᠤᠨ ᠰᠢᠯᠢᠳᠡᠭ ᠱᠠᠩᠨᠠᠯ ᠳᠣᠰᠴᠡᠢ᠃ 2008 ᠤᠨ ᠳᠤ ᠦᠬᠠᠢ ᠦᠵᠦᠮ | ᠲᠠᠷᠢᠶᠠᠯᠠᠩ ᠤᠨ ᠶᠠᠮᠦᠨ ᠠᠴᠠ ᠣᠯᠭᠤᠭᠰᠠᠨ ᠪᠦᠬᠦ ᠣᠯᠣᠰ ᠤᠨ ᠲᠠᠷᠢᠶᠠᠯᠠᠩ ᠤᠨ ᠪᠦᠲᠦᠭᠡᠭᠳᠡᠭᠦᠨ ᠤ ᠭᠠᠵᠠᠷ ᠣᠷᠣᠨ | ᠤ ᠨᠡᠷᠡᠲᠣ ᠳᠡᠮᠳᠡᠭᠲᠤ ᠬᠡᠷᠡᠴᠢ ᠣᠯᠵᠡᠢ᠃ ᠦᠬᠠᠢ ᠬᠤᠲᠠ ᠶᠢᠨ ᠬᠠᠨ ᠰᠧᠨ ᠠᠷᠢᠬᠢᠨ ᠤ ᠦᠢᠯᠡᠰ ᠤᠨ ᠪᠦᠯᠦᠭᠯᠡᠯ | ᠨᠢ ᠫᠠᠷᠠᠨᠽᠢ ᠶᠢᠨ ᠬᠤᠩ ᠳ᠋ᠠ ᠮᠢᠶᠤᠤ ᠫᠦ᠋ ᠺᠤᠮᠫᠠᠨᠢ ᠲᠠᠢ ᠬᠠᠮᠲᠣᠷᠠᠨ ᠦᠬᠠᠢ ᠬᠤᠲᠠ ᠶᠢᠨ ᠭᠥᠩ ᠳ᠋ᠠ ᠦᠵᠦᠮ ᠤᠨ | ᠴᠢᠬᠢ ᠪᠤᠶᠢᠵᠢᠭᠤᠯᠬᠤ ᠬᠢᠵᠠᠭᠠᠷᠲᠣ ᠺᠣᠮᠫᠠᠨᠢ ᠶᠢ ᠪᠠᠶᠢᠭᠤᠯᠵᠤ᠂ ᠰᠢᠯᠢᠳᠡᠭ ᠴᠢᠬᠢ ᠮᠤᠳᠣ ᠪᠠ ᠮᠡᠷᠭᠡᠵᠢᠯ ᠢ | ᠣᠷᠣᠭᠤᠯᠵᠣ ᠣᠬᠢ ᠪᠦᠲᠦᠭᠡᠭᠳᠡᠭᠦᠨ ᠢ ᠪᠤᠶᠢᠵᠢᠭᠤᠯᠤᠨ᠂ ᠰᠢᠯᠢᠳᠡᠭ ᠦᠵᠦᠮ ᠤᠨ ᠲᠦᠷᠦᠯ ᠵᠦᠢᠯ ᠪᠣᠶᠢᠵᠢᠭᠤᠯᠣᠨ | ᠲᠣᠰ ᠭᠠᠵᠠᠷ ᠤᠨ ᠦᠵᠦᠮ ᠤᠨ ᠦᠢᠯᠡᠰ ᠤᠨ ᠬᠦᠭᠵᠢᠯᠲᠡ ᠶᠢ ᠠᠬᠢᠭᠤᠯᠤᠨ ᠭᠦᠭᠵᠢᠭᠦᠯᠵᠡᠢ᠃ | | ᠵᠢᠷᠭᠤᠭ᠎ᠠ᠄ ᠬᠤᠲᠠ ᠬᠦᠳᠡᠭᠡ ᠶᠢᠨ ᠨᠢᠭᠡ ᠴᠣᠭᠴᠠᠯᠠᠯᠲᠠ | 2004 ᠤᠨ ᠳᠤ ᠦᠬᠠᠢ ᠬᠤᠲᠠ ᠶᠢᠨ ᠪᠦᠬᠦ ᠤᠯᠤᠰ ᠤᠨ ᠭᠠᠵᠠᠷ ᠤᠨ ᠲᠡᠰ ᠤᠨ ᠬᠤᠲᠠ ᠶᠢᠨ ᠲᠡᠷᠢᠬᠦᠨ | ᠳᠤ ᠬᠤᠲᠠ ᠬᠦᠳᠡᠭᠡ ᠶᠢᠨ ᠨᠢᠭᠡ ᠴᠣᠭᠴᠠᠯᠠᠯᠲᠠ ᠶᠢᠨ ᠦᠭᠡᠷᠡᠴᠢᠯᠡᠯᠲᠠ᠂ ᠡᠷᠦᠬᠡ ᠠᠮᠠ ᠶᠢᠨ ᠦᠭᠡᠷᠡᠴᠢᠯᠡᠯᠲᠡ | ᠬᠢᠵᠤ 5 ᠲᠦᠮᠡᠨ ᠬᠦᠳᠡᠭᠡ ᠶᠢᠨ ᠡᠷᠦᠬᠡ ᠠᠮᠠ ᠶᠢ ᠨᠢᠭᠡᠯᠡ ᠳᠡᠭᠡᠷ᠎ᠡ ᠬᠤᠲᠠ ᠶᠢᠨ ᠡᠷᠤᠭᠡ ᠠᠮᠠ ᠪᠤᠯᠭᠠᠵᠡᠢ᠃ | ᠦᠬᠠᠢ ᠬᠤᠲᠠ ︽ᠰᠢᠯᠵᠢᠬᠦᠯᠬᠦ᠂ ᠴᠦᠭᠡᠳᠬᠡᠬᠦ᠂ ᠲᠦᠪᠯᠡᠷᠡᠭᠦᠯᠬᠦ᠂ ᠪᠠᠶᠠᠵᠢᠭᠤᠯᠬᠤ︾ ᠬᠦᠭᠵᠢᠯᠲᠡ ᠶᠢᠨ ᠦᠵᠡᠯᠲᠡ | ᠪᠠᠷ ᠬᠦᠳᠡᠭᠡ ᠳᠣᠰᠬᠤᠨ ᠤ ᠢᠯᠡᠭᠦᠴᠡ ᠬᠦᠳᠡᠯᠮᠦᠷᠢ ᠬᠦᠴᠦᠨ ᠢ ᠨᠢᠬᠡᠳᠦᠭᠡᠷ᠂ ᠬᠤᠶᠠᠳᠣᠭᠠᠷ ᠠᠵᠤ ᠦᠢᠯᠡᠰ | ᠣᠷᠣᠭᠤ ᠰᠢᠯᠵᠢᠭᠦᠯᠵᠦ ᠬᠤᠲᠠ ᠬᠦᠳᠡᠭᠡ ᠶᠢᠨ ᠨᠢᠭᠡ ᠴᠤᠭᠴᠠᠴᠢᠯᠠᠯᠲᠠ ᠮᠡᠳᠡᠭᠳᠡᠮ᠎ᠡ ᠠᠮᠵᠢᠯᠲᠠ ᠣᠯᠵᠡᠢ᠃ ᠬᠤᠲᠠ | ᠬᠦᠳᠡᠭᠡ ᠶᠢᠨ ᠨᠢᠭᠡ ᠴᠣᠭᠴᠠᠯᠠᠯᠲᠠ ᠶᠢᠨ ᠬᠦᠭᠵᠢᠯᠲᠡ ᠶᠢ ᠲᠦᠷᠭᠡᠳᠬᠡᠬᠦ ᠰᠢᠰᠲ᠋ᠧᠮ ᠲᠠᠢ ᠲᠦᠷᠦ ᠶᠢᠨ ᠪᠤᠳᠣᠯᠭ᠎ᠠ | ᠳᠣᠭᠲᠠᠭᠠᠵᠣ ᠬᠤᠳᠠ᠂ ᠲᠣᠭᠤᠷᠢᠭ ᠤᠨ ᠬᠤᠶᠠᠷ ᠵᠠᠰᠠᠭ ᠤᠨ ᠣᠷᠳᠣᠨ ᠠᠴᠠ 15 ᠳ᠋ᠦᠩᠰᠢᠭᠤᠷ ᠲᠦᠭᠦᠷᠢᠭ ᠤᠨ | ᠬᠤᠲᠠ ᠬᠦᠳᠡᠭᠡ ᠶᠢᠨ ᠨᠢᠭᠡ ᠴᠣᠭᠴᠠᠯᠠᠯᠲᠠ` ᠶᠢᠨ ᠨᠦᠬᠦᠪᠦᠷᠢ ᠭᠠᠷᠭᠠᠵᠡᠢ᠃ ᠦᠢᠷ᠎ᠠ ᠶᠢᠨ ᠲᠠᠪᠤᠨ ᠵᠢᠯ ᠳᠤ ᠬᠦᠳᠡᠭᠡ | ᠳᠣᠰᠬᠤᠨ ᠤ 2.46 ᠲᠦᠮᠠᠨ ᠬᠦᠮᠦᠨ ᠠᠮᠠ ᠶᠢ ᠨᠡᠭᠦᠯᠭᠡᠵᠦ 1.4 ᠲᠦᠮᠠᠨ ᠮᠤ᠋ ᠭᠠᠵᠠᠷ ᠰᠢᠷᠦᠢ ᠶᠢ ᠭᠠᠷᠭᠠᠨ | ᠭᠦᠳᠡᠭᠡ ᠳᠣᠰᠬᠤᠨ ᠤ ᠠᠷᠠᠳ ᠲᠦᠮᠡᠨ ᠬᠤᠲᠠ ᠶᠢᠨ ᠠᠷᠠᠳ ᠲᠦᠮᠡᠨ ᠲᠠᠢ ᠠᠳᠠᠯᠢᠬᠠᠨ ᠬᠠᠷᠠᠭᠠᠯᠵᠠᠯ ᠬᠦᠷᠳᠡᠵᠦ᠂ | ᠬᠦᠳᠡᠭᠡ ᠲᠣᠰᠬᠤᠨ ᠤ ᠠᠷᠠᠳ ᠲᠦᠮᠡᠨ ᠤ ᠬᠦᠮᠦᠨ ᠪᠥᠷᠢ ᠶᠢᠨ ᠳᠣᠮᠳᠠᠴᠢ ᠣᠷᠣᠯᠭ᠎ᠠ ᠲᠤᠯᠤᠭᠠᠨ ᠵᠢᠯ ᠳᠠᠷᠠᠭᠠᠯᠠᠨ | ᠦᠪᠦᠷ ᠮᠤᠩᠭᠤᠯ ᠡᠯ᠎ᠡ ᠠᠶᠢᠮᠠᠭ ᠬᠤᠲᠠ ᠶᠢᠨ ᠲᠡᠷᠢᠬᠦᠨ ᠪᠠᠶᠢᠷᠢᠨ ᠳᠤ ᠪᠠᠶᠢᠵᠤ᠂ ᠬᠤᠲᠠ ᠬᠦᠳᠡᠭᠡ ᠶᠢᠨ ᠨᠢᠭᠡ | ᠴᠣᠭᠴᠠᠯᠠᠯᠲᠠ ᠰᠢᠨ᠎ᠠ ᠠᠯᠬᠤᠮ ᠳᠤ ᠳᠠᠪᠰᠢᠨ ᠣᠷᠣᠵᠡᠢ᠃ 2013 ᠤᠨ ᠳᠤ ᠦᠬᠠᠢ ᠬᠤᠳᠠ ᠬᠤᠲᠠ ᠬᠦᠳᠡᠭᠡ | ᠶᠢᠨ ᠨᠢᠭᠡ ᠴᠣᠭᠴᠠᠯᠠᠯᠲᠠ 96 % ᠳᠤ ᠬᠦᠷᠴᠦ ᠪᠦᠬᠦ ᠣᠯᠣᠰ ᠤᠨ ᠭᠠᠵᠠᠷ ᠤᠨ ᠲᠡᠰ ᠤᠨ ᠬᠤᠲᠠ 4 ᠳᠤ | ᠵᠢᠭᠰᠠᠭᠠᠭᠳᠠᠵᠤ᠂ ᠦᠪᠦᠷ ᠮᠤᠩᠭᠤᠯ ᠳᠤ ᠲᠡᠷᠢᠬᠦᠯᠡᠨ᠂ ᠬᠤᠲᠠᠴᠢᠯᠠᠯᠲᠠ ᠶᠢᠨ ᠨᠤᠷᠮ᠎ᠠ ᠪᠦᠬᠦ ᠣᠯᠣᠰ ᠤᠨ 62 | ᠳ᠋ᠣᠭᠠᠷ᠂ ᠦᠪᠦᠷ ᠮᠤᠩᠭᠤᠯ ᠤᠨ ᠭᠤᠷᠪᠠᠳᠣᠭᠠᠷ ᠳᠤ ᠵᠢᠭᠰᠠᠭᠠᠭᠳᠠᠵᠡᠢ᠃ | | ᠳᠣᠯᠤᠭ᠎ᠠ᠄ ᠨᠡᠶᠢᠬᠡᠮ ᠤᠨ ᠠᠵᠤ ᠦᠢᠯᠡᠰ | 2013 ᠤᠨ ᠳᠤ ᠪᠦᠬᠦ ᠬᠤᠲᠠ ᠶᠢᠨ ᠬᠤᠲᠠ ᠶᠢᠨ ᠬᠦᠮᠦᠨ ᠠᠮᠠ ᠪᠡ ᠬᠦᠳᠡᠭᠡ ᠳᠣᠰᠬᠤᠨ ᠬᠦᠮᠦᠨ ᠠᠮᠠ | ᠶᠢᠨ ᠳᠡᠭᠰᠢᠳᠬᠡᠭᠰᠡᠨ ᠣᠷᠣᠯᠭ᠎ᠠ 28045 ᠪᠠ 14062 ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 10.2% ᠪᠠ 13.1 % ᠳᠤ ᠬᠦᠷᠴᠡᠢ᠃ ᠬᠤᠲᠠ ᠶᠢᠨ ᠠᠵᠢᠯ ᠠᠯᠳᠠᠭᠰᠠᠳ ᠤᠨ ᠨᠤᠷᠮ᠎ᠠ ᠶᠢ 4.3 | % ᠶᠢᠨ ᠳᠣᠲᠤᠷ᠎ᠠ ᠬᠢᠵᠠᠭᠠᠷᠯᠠᠵᠤ ᠪᠦᠬᠦ ᠣᠯᠣᠰ ᠤᠨ ᠦᠢᠯᠡᠰ ᠪᠦᠲᠦᠭᠡᠬᠦ ᠲᠤᠷᠰᠢᠯᠲᠠ ᠶᠢᠨ ᠬᠤᠲᠠ ᠪᠤᠯᠵᠡᠢ᠃ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠡᠭᠦᠷᠡᠰᠦᠨ ᠠᠭᠤᠷᠬᠠᠢ ᠶᠢᠨ ᠪᠤᠷᠤ ᠭᠡᠷ ᠤᠨ | ᠲᠤᠭᠤᠷᠢᠭ ᠤᠨ ᠦᠬᠡᠷᠡᠴᠢᠯᠡᠯᠳᠡ ᠶᠢᠨ ᠲᠦᠷᠦᠯ ᠵᠦᠢᠯ ᠶᠠᠪᠤᠭᠤᠯᠵᠤ᠂ ᠬᠢᠮᠳᠠ ᠲᠦᠷᠢᠶᠡᠰᠦᠨ ᠪᠠᠶᠢᠰᠢᠩ | ᠨᠡᠶᠢᠳᠠ ᠶᠢᠨ ᠲᠦᠷᠢᠶᠡᠰᠦᠨ ᠪᠠᠶᠢᠰᠢᠩ ᠵᠡᠷᠭᠡ ᠪᠠᠲᠤᠯᠠᠭᠠᠲᠤ ᠤᠷᠣᠨ ᠰᠠᠭᠤᠴᠠ ᠲᠤᠬᠢᠷᠠᠭᠤᠯᠤᠨ ᠪᠦᠬᠦ ᠬᠤᠲᠠ ᠶᠢᠨ | ᠭᠤᠷᠪᠠᠨ ᠤ ᠨᠢᠭᠡ ᠠᠴᠠ ᠳᠡᠭᠡᠭᠰᠢᠬᠢ ᠬᠦᠮᠦᠨ ᠠᠮᠠ ᠳᠤ ᠬᠠᠷᠠᠭᠠᠯᠵᠠᠯ ᠦᠵᠡᠭᠦᠯᠵᠡᠢ᠃ ᠰᠣᠷᠭᠠᠨ ᠬᠦᠮᠦᠵᠢᠯ ᠢ | ᠣᠷᠢᠳᠠᠪᠡᠷ ᠬᠦᠭᠵᠢᠬᠦᠯᠬᠦ ᠶᠢ ᠪᠠᠷᠢᠮᠳᠠᠯᠠᠨ ᠦᠢᠷ᠎ᠠ ᠶᠢᠨ ᠵᠢᠯ ᠠᠴᠠ ᠨᠠᠰᠢ 40 ᠳ᠋ᠦᠩᠰᠢᠭᠤᠷ ᠲᠦᠭᠦᠷᠢᠭ ᠪᠡᠯᠡ | ᠣᠷᠣᠭᠤᠯᠣᠨ ᠰᠣᠷᠭᠠᠨ ᠬᠦᠮᠦᠵᠢᠯ ᠬᠦᠭᠵᠢᠭᠦᠯᠦᠨ ᠰᠣᠷᠭᠠᠭᠤᠯᠢ ᠶᠢᠨ ᠠᠮᠣᠷ ᠲᠦᠪᠰᠢᠨ ᠤ ᠪᠠᠷᠢᠯᠭ᠎ᠠ ᠶᠢ | ᠪᠡᠶᠡᠯᠡᠭᠦᠯᠦᠨ᠂ ᠠᠷᠪᠠᠨ ᠬᠤᠶᠠᠷ ᠵᠢᠯ ᠤᠨ ᠦᠨ᠎ᠡ ᠲᠦᠯᠦᠪᠦᠷᠢ ᠦᠭᠡᠢ ᠰᠣᠷᠭᠠᠨ ᠬᠦᠮᠦᠵᠢᠯ ᠢ ᠪᠠᠶᠡᠯᠡᠭᠦᠯᠪᠡ᠃ ᠡᠮ | ᠡᠮᠨᠡᠯᠭᠡ ᠶᠢᠨ ᠦᠭᠡᠷᠴᠢᠯᠡᠯᠲᠠ ᠶᠢ ᠲᠦᠯᠬᠢᠨ ᠠᠬᠢᠭᠤᠯᠵᠤ᠂ ᠠᠷᠠᠳ ᠤᠨ ᠡᠮᠨᠡᠯᠭᠡ ᠶᠢᠨ ᠬᠤᠷᠢᠶᠠᠨ ᠤ ᠭᠠᠳᠠᠷ | ᠰᠠᠯᠠᠭᠠᠨ ᠤ ᠠᠰᠠᠷ ᠪᠠ ᠳᠣᠲᠣᠷ ᠰᠠᠯᠠᠭᠠᠨ ᠠᠰᠠᠷ᠂ ᠡᠬᠡ ᠨᠢᠯᠬᠠᠰ ᠤᠨ ᠡᠮᠨᠡᠯᠭᠡ ᠶᠢᠨ ᠬᠤᠷᠢᠶ᠎ᠠ᠂ ᠮᠤᠩᠭᠤᠯ ᠬᠢᠳᠠᠳ | ᠡᠮᠨᠡᠯᠭᠡ ᠶᠢᠨ ᠬᠤᠷᠢᠶ᠎ᠠ ᠵᠡᠷᠭᠡ 8 ᠠᠷᠢᠭᠤᠨ ᠴᠡᠪᠡᠷ ᠤᠨ ᠦᠢᠯᠡᠴᠢᠯᠡᠭᠡ 19 ᠬᠦᠩᠭᠡᠵᠢᠬᠦ ᠠᠴᠠ ᠡᠮᠦᠨᠡᠬᠢ | ᠰᠦᠢᠳᠬᠡᠯ ᠬᠤᠷᠢᠶᠠᠬᠤ ᠦᠭᠡᠢ ᠪᠠᠶᠢᠴᠠᠭᠠᠯᠲᠠ ᠶᠢᠨ ᠦᠢᠯᠡᠴᠢᠯᠡᠭᠡ ᠬᠠᠩᠭᠠᠵᠤ ᠪᠠᠶᠢᠨ᠎ᠠ᠃ ᠰᠤᠶᠤᠯ ᠲᠠᠮᠢᠷ ᠤᠨ | ᠬᠦᠭᠵᠢᠯᠲᠡ ᠲᠦᠷᠭᠡᠨ ᠪᠠᠶᠢᠵᠤ ᠤᠷᠠᠨ ᠪᠢᠴᠢᠯᠭᠡ ᠶᠢᠨ ᠤᠷᠠᠯᠢᠭ ᠤᠨ ᠲᠦᠪ ᠢ ᠰᠢᠨ᠎ᠡ ᠪᠠᠷ ᠪᠠᠶᠢᠭᠤᠯᠵᠤ᠂ | ᠲᠠᠮᠢᠷ ᠤᠨ ᠲᠦᠪ ᠬᠢᠭᠡᠳ ᠫᠢᠩᠫᠤᠩ ᠪᠦᠮᠪᠦᠭᠡ ᠶᠢᠨ ᠲᠦᠪ ᠵᠡᠷᠭᠡ ᠲᠤᠮᠤ ᠲᠦᠷᠦᠯ ᠵᠦᠢᠯ ᠢ ᠪᠠᠶᠢᠭᠤᠯᠤᠨ ᠦᠪᠦᠷ | ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠪᠡᠨ ᠬᠤᠶᠠᠳᠣᠭᠠᠷ ᠬᠤᠭᠤᠴᠠᠭᠠᠨ ᠤ ᠪᠡᠶ᠎ᠡ ᠲᠠᠮᠢᠷ ᠤᠨ | ᠴᠣᠭᠯᠠᠭᠠᠨ ᠢ ᠠᠮᠵᠢᠯᠲᠠ ᠲᠠᠢ ᠵᠤᠬᠢᠶᠠᠨ ᠪᠠᠶᠢᠭᠤᠯᠤᠨ᠂ ᠦᠷᠭᠦᠯᠵᠢᠯᠡᠨ ᠲᠠᠪᠣᠨ ᠬᠤᠭᠤᠴᠠᠭ᠎ᠠ ︽ᠬᠠᠲᠤᠨ | ᠭᠤᠤᠯ ᠤᠨ ᠭᠡᠷᠡᠯᠲᠦ ᠰᠣᠪᠣᠳ · ᠳᠣᠮᠳᠠᠳᠣ ᠣᠯᠣᠰ ᠤᠨ ᠦᠬᠠᠢ ᠶᠢᠨ ᠣᠷᠠᠨ ᠪᠢᠴᠢᠯᠭᠡ ᠵᠢᠨᠤᠷᠠᠯᠢᠭ ᠤᠨ ᠨᠠᠶᠢᠷ | ᠂ ᠬᠤᠶᠠᠷ ᠬᠤᠭᠤᠴᠠᠭᠠᠨ ᠤ ᠣᠷᠠᠨ ᠪᠢᠴᠢᠯᠭᠡ ᠶᠢᠨ ᠳᠡᠯᠭᠡᠨ ᠦᠵᠡᠭᠦᠯᠦᠯᠭᠡ ᠪᠡ ᠬᠤᠶᠠᠷ ᠡᠷᠬᠢ ᠶᠢᠨ ᠤᠷᠠᠨ | ᠪᠢᠴᠢᠯᠭᠡ᠂ ᠬᠠᠴᠢᠨ ᠴᠢᠯᠠᠭᠤᠨ ᠤ ᠰᠣᠶᠣᠯ ᠲᠠᠮᠢᠷ ᠤᠨ ᠠᠵᠢᠯᠯᠠᠭ᠎ᠠ ᠶᠠᠪᠤᠭᠳᠠᠭᠤᠯᠵᠡᠢ᠃ | | ᠨᠠᠢᠮᠠ᠄ ᠵᠤᠭᠠᠴᠠᠯ ᠤᠨ ᠡᠬᠢ ᠪᠠᠶᠠᠯᠢᠭ | ᠦᠬᠠᠢ ᠬᠤᠲᠠ ᠶᠢᠨ ᠰᠣᠶᠣᠯ ᠤᠨ ᠠᠭᠤᠯᠤᠭᠳᠠᠴᠠ ᠬᠦᠨ᠂ ᠬᠠᠲᠣᠨ ᠭᠤᠣᠯ ᠤᠨ ᠰᠣᠶᠣᠯ᠂ ᠲᠠᠯ᠎ᠠ | ᠨᠤᠲᠤᠭ ᠤᠨ ᠰᠣᠶᠣᠯ᠂ ᠮᠣᠩᠭᠤᠯ ᠰᠣᠶᠣᠯ ᠬᠠᠷᠢᠯᠴᠠᠨ ᠠᠭᠤᠰᠣᠯᠳᠠᠵᠤ᠂ ᠵᠤᠭᠠᠴᠠᠯ ᠤᠨ ᠡᠬᠢ ᠪᠠᠶᠠᠯᠢᠭ ᠡᠯᠪᠡᠭ | ᠲᠠᠯᠪᠡᠭ ᠪᠠᠶᠢᠵᠤ᠂ ᠬᠠᠲᠣᠨ ᠭᠤᠣᠯ ᠤᠨ ᠤᠯᠠᠨ ᠨᠤᠭᠤᠯᠠᠭ᠎ᠠ᠂ ᠬᠠᠳᠠᠨ ᠵᠢᠷᠤᠭ᠂ ᠭᠠᠨᠳᠠᠷᠢ ᠠᠭᠤᠯᠠ᠂ ᠴᠢᠨ ᠤ | ᠴᠠᠭᠠᠨ ᠭᠡᠷᠡᠮ᠂ ᠬᠠᠨ ᠤ ᠣᠩᠭᠤᠨ᠂ ᠲᠤᠬᠢᠶᠠᠨ ᠭᠠᠯ ᠤᠨ ᠲᠠᠶᠢᠰᠠ᠂ ᠨᠤᠴᠤᠭᠠᠨ᠎ᠠ᠂ ᠮᠠᠨᠪᠠᠷᠠᠰᠠᠩ ᠰᠦᠮ᠎ᠡ᠂ | ᠤᠷᠠᠨ ᠲᠦᠰᠢ ᠠᠭᠤᠯᠠ᠂ ᠢ ᠰᠢᠶᠠᠨ ᠲᠢᠶᠠᠨ᠂ ᠱᠢᠷᠭᠠᠯ ᠡᠯᠡᠰᠣᠨ ᠲᠣᠬᠤᠢ᠂ ᠭᠤᠷᠪᠠᠨ ᠶᠡᠭᠡ ᠮᠦᠽᠧᠢ᠂ | ᠲᠦᠷᠪᠡᠨ ᠶᠡᠭᠡ ᠦᠵᠦᠮ ᠤᠨ ᠠᠷᠢᠬᠢᠨ ᠤ ᠳᠣᠰᠬᠤᠨ᠂ ᠨᠠᠢᠮᠠᠨ ᠴᠡᠴᠡᠷᠯᠢᠭ ᠵᠡᠷᠭᠡ ᠤᠯᠠᠨ ᠦᠵᠡᠮᠵᠢ ᠶᠢᠨ ᠭᠠᠵᠠᠷ | ᠪᠠᠶᠢᠵᠤ᠂ ᠬᠦᠮᠦᠰ ᠲᠤ ᠠᠯᠣᠰ ᠡᠷᠲᠡᠨ ᠤ ᠲᠦᠷᠦᠭᠳᠡᠯ ᠣᠯᠭᠤᠨ᠎ᠠ᠃ ᠦᠬᠠᠢ ᠬᠤᠲᠠ ᠣᠳᠣ ᠶᠠᠭ ᠪᠦᠬᠦ ᠬᠦᠴᠦᠨ | ᠢᠶᠠᠷ ᠨᠠᠢᠮᠠᠨ ᠶᠡᠭᠡ ᠦᠵᠡᠮᠵᠢ ᠶᠢᠨ ᠲᠣᠭᠤᠷᠢᠭ ᠢ ᠪᠦᠲᠦᠭᠡᠨ ᠪᠠᠶᠢᠭᠤᠯᠵᠤ᠂ ︽ᠦᠬᠠᠢ ᠨᠠᠭᠤᠷ︾ ᠢᠶᠠᠷ ᠲᠦᠪ | ᠪᠤᠯᠭᠠᠭᠰᠠᠨ ᠨᠠᠭᠠᠲᠣᠮ ᠪᠠ ᠬᠤᠳᠠᠯᠳᠤᠭ᠎ᠠ ᠨᠢᠭᠡ ᠴᠣᠭᠴᠠ ᠪᠤᠯᠣᠭᠰᠠᠨ᠂ ᠴᠢᠩᠬᠢᠰ ᠬᠠᠭᠠᠨ ᠤ ᠮᠦᠽᠧᠢ ᠪᠠᠷ ᠭᠤᠣᠯ | ᠪᠣᠯᠭᠠᠭᠰᠠᠨ᠂ ᠮᠤᠩᠭᠤᠯ ᠰᠣᠶᠣᠯ᠂ ᠱᠠᠰᠢᠨ ᠤ ᠰᠣᠶᠣᠯ᠂ ᠬᠠᠲᠣᠨ ᠭᠤᠣᠯ ᠤᠨ ᠰᠣᠶᠣᠯ ᠬᠠᠷᠢᠯᠴᠠᠨ | ᠠᠭᠤᠰᠤᠯᠳᠤᠭᠰᠠᠨ ᠭᠠᠨᠳᠠᠷᠢ ᠠᠭᠤᠯᠠ ᠶᠢᠨ ᠠᠮᠢ ᠠᠬᠤᠢ ᠶᠢᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠵᠤ᠂ | ᠬᠠᠲᠣᠨ ᠭᠤᠣᠯ ᠤᠨ ᠬᠤᠶᠠᠷ ᠡᠷᠬᠢ ᠶᠢᠨ ᠬᠠᠮᠠᠭᠠᠯᠠᠯᠲᠠ ᠶᠢᠨ ᠪᠠᠷᠢᠯᠭ᠎ᠠ᠂ ᠨᠤᠭᠤᠷᠠᠭᠤᠯᠤᠯᠲᠠ ᠪᠠᠷ ᠭᠤᠣᠯᠳᠠᠯᠭ᠎ᠠ | ᠪᠤᠯᠭᠠᠭᠰᠠᠨ ᠬᠠᠲᠣᠨ ᠭᠤᠣᠯ ᠤᠨ ᠡᠷᠬᠢ ᠳᠠᠭᠠᠣ ᠪᠦᠲᠦᠭᠡᠨ ᠪᠠᠶᠢᠭᠤᠯᠤᠯᠲᠠ ᠭᠤᠣᠯᠳᠠᠯᠭ᠎ᠠ ᠲᠠᠢ ᠠᠳᠬᠤᠵᠣ᠂ | ᠣᠯᠣᠰ ᠤᠨ ᠭᠤᠣᠯᠳᠠᠯᠭ᠎ᠠ ᠲᠠᠢ ᠬᠠᠮᠠᠭᠠᠯᠠᠬᠤ ᠣᠷᠭᠤᠮᠠᠯ ᠨᠤᠴᠤᠭᠠᠨ᠎ᠠ ᠶᠢ ᠬᠠᠮᠠᠭᠠᠯᠠᠬᠤ ᠪᠠᠷ ᠭᠤᠤᠯ ᠬᠠᠷᠠᠯᠲᠠ | ᠪᠤᠯᠭᠠᠭᠰᠠᠨ ᠦᠵᠡᠮᠵᠢ ᠶᠢᠨ ᠣᠷᠣᠨ ᠢ ᠪᠠᠶᠢᠭᠤᠯᠵᠤ᠂ ᠠᠷᠪᠠᠰ ᠤᠨ ᠠᠭᠤᠯᠠ ᠶᠢᠨ ᠵᠤᠰᠣᠲᠣ ᠶᠢᠨ ᠭᠤᠣᠯ ᠤᠨ | ᠬᠠᠳᠠᠨ ᠵᠢᠷᠤᠭ ᠤᠨ ᠦᠵᠡᠮᠵᠢ ᠶᠢᠨ ᠣᠷᠣᠨ ᠢ ᠬᠠᠮᠠᠭᠠᠯᠠᠵᠣ᠂ ᠴᠢᠩ ᠣᠯᠣᠰ ᠤᠨ ᠡᠩᠬᠡ ᠠᠮᠠᠭᠤᠯᠠᠩ ᠤᠨ ᠦᠶ᠎ᠡ | ᠳᠤ ᠪᠠᠶᠢᠭᠤᠯᠣᠭᠳᠠᠭᠰᠠᠨ 300 ᠭᠠᠷᠣᠢ ᠵᠢᠯ ᠤᠨ ᠲᠡᠣᠬᠡ ᠲᠠᠢ ᠪᠠᠷᠠᠭᠤᠨ ᠣᠷᠣᠨ ᠤ ᠱᠠᠰᠢᠨ ᠰᠣᠷᠲᠠᠬᠤᠨ ᠡᠮ | ᠡᠮᠨᠡᠯᠭᠡ ᠵᠢᠭᠠᠨ ᠰᠣᠷᠭᠠᠯᠲᠠ ᠶᠢᠨ ᠰᠠᠭᠤᠷᠢᠨ ᠭᠠᠵᠡᠷ ᠮᠠᠮᠪᠠᠷᠠᠰᠠᠩ ᠰᠦᠮ᠎ᠡ ᠶᠢᠨ ᠦᠵᠡᠮᠵᠢ ᠶᠢᠨ ᠣᠷᠣᠨ᠂ ᠡᠯᠡᠰᠦ | ᠮᠠᠩᠬᠠᠨ ᠤ ᠦᠵᠡᠮᠵᠢ ᠶᠢᠨ ᠭᠠᠵᠡᠷ ᠪᠤᠯᠬᠤ ᠠᠭᠤᠯᠠ᠂ ᠣᠰᠣ ᠪᠠᠷ ᠪᠦᠷᠢᠯᠳᠦᠭᠰᠡᠨ ᠰᠢᠷᠭᠠᠯ ᠡᠯᠡᠰᠦᠨ ᠲᠣᠬᠤᠢ ᠪᠡ | 11 km² ᠯᠦᠩ ᠶᠢᠦ ᠸᠠᠨ ᠵᠡᠷᠭᠡ ᠨᠠᠮᠤᠭ ᠭᠠᠵᠡᠷ ᠤᠨ ᠵᠢᠭᠤᠯᠴᠢᠯᠡᠯ ᠤᠨ ᠡᠬᠢ ᠪᠠᠶᠠᠯᠢᠭ ᠪᠤᠢ᠃ | |