2015 ᠤᠨ ᠤ ᠦᠬᠠᠢ ᠬᠤᠲᠠ ᠶᠢᠨ 1 % ᠶᠢᠨ ᠬᠦᠮᠦᠨ ᠠᠮᠠ ᠢ ᠰᠤᠩᠭᠤᠨ ᠪᠠᠶᠢᠴᠠᠭᠠᠭᠰᠠᠨ | ᠭᠤᠤᠯ ᠲᠤᠭ᠎ᠠ ᠪᠠᠷᠢᠮᠲᠠ ᠶᠢᠨ ᠠᠯᠪᠠᠨ ᠮᠡᠳᠡᠭᠡ | ᠦᠬᠠᠢ ᠬᠤᠲᠠ ᠶᠢᠨ ᠲᠤᠭ᠎ᠠ ᠪᠥᠷᠢᠳᠭᠡᠯ ᠶᠢᠨ ᠳᠣᠪᠴᠢᠶ᠎ᠡ | 2016 ᠣᠨ11 ᠰᠠᠷ᠎ᠠ1 ᠡᠳᠦᠷ | | ︽ ᠪᠥᠬᠦ ᠤᠯᠤᠰ ᠤᠨ ᠬᠦᠮᠦᠨ ᠠᠮᠠ ᠶᠢᠨ ᠪᠠᠶᠢᠴᠠᠭᠠᠯᠲᠠ ᠶᠢᠨ ᠳᠥᠷᠢᠮ︾ ᠪᠠ ︽ᠲᠥᠷᠦ ᠶᠢᠨ ᠶᠠᠪᠤᠳᠠᠯ | ᠤᠨ ᠬᠤᠷᠢᠶᠠᠨ ᠤ ᠠᠯᠪᠠᠨ ᠲᠢᠩᠬᠢᠮ ᠠᠴᠠ ᠡᠷᠬᠢᠯᠡᠭᠰᠡᠨ2015 ᠣᠨ ᠤ ᠪᠥᠬᠦ ᠤᠯᠤᠰ ᠤᠨ 1 % ᠶᠢᠨ ᠬᠦᠮᠦᠨ | ᠠᠮᠠ ᠢ ᠰᠤᠩᠭᠤᠨ ᠪᠠᠶᠢᠴᠠᠭᠠᠬᠤ ﹇2﹈ ᠠᠵᠢᠯ ᠤᠨ ᠲᠤᠬᠠᠢ ᠮᠡᠳᠡᠭᠳᠡᠯ︾ ᠢ ᠦᠨᠳᠦᠰᠦᠯᠡᠨ᠂ ᠮᠠᠨ ᠤ ᠬᠤᠲᠠ ᠠᠴᠠ | 2015 ᠣᠨ ᠤ11 ᠰᠠᠷᠠᠶᠢᠨ ᠨᠢᠭᠡᠨ ᠤ ᠡᠳᠦᠷ ᠤᠨ ᠲᠡᠭ ᠴᠠᠭ ᠪᠠᠷ ᠪᠠᠷᠢᠮᠵᠢᠶ᠎ᠠ ᠪᠣᠯᠭᠠᠨ᠂ ᠬᠦᠮᠦᠨ ᠠᠮᠠ | ᠰᠤᠩᠭᠤᠨ ᠪᠠᠶᠢᠴᠠᠭᠠᠬᠤ ᠠᠵᠢᠯ ᠢ ᠥᠷᠨᠢᠭᠦᠯᠦᠭᠰᠡᠨ ᠪᠠᠶᠢᠨ᠎ᠠ᠃ ᠲᠤᠰ ᠤᠳᠠᠭᠠᠨ ᠤ ᠪᠠᠶᠢᠴᠠᠭᠠᠯᠲᠠ ᠨᠢ᠂ ᠪᠥᠬᠦ | ᠬᠤᠲᠠ ᠶᠢᠨ ᠬᠡᠪᠴᠢᠶᠡᠨ ᠠᠴᠠ 1.76 ᠲᠥᠮᠡᠨ ᠬᠦᠮᠦᠨ ᠠᠮᠠ ᠢ ᠪᠥᠷᠢᠳᠭᠡᠵᠦ᠂ ᠪᠥᠬᠦ ᠬᠤᠲᠠ ᠶᠢᠨ ᠰᠠᠭᠤᠭᠠᠯᠢ | ᠬᠦᠮᠦᠨ ᠠᠮᠠ ᠶᠢᠨ ᠲᠤᠭᠠᠨ ᠤ 3.16 % ᠢ ᠡᠵᠡᠯᠡᠭᠰᠡᠨ ᠪᠠᠶᠢᠨ᠎ᠠ᠃ ᠬᠤᠲᠠ ᠶᠢᠨ ᠵᠠᠰᠠᠭ ᠤᠨ ᠣᠷᠳᠤᠨ ᠪᠠ | ᠭᠤᠷᠪᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠯᠲᠠ ᠳᠤᠤᠷ᠎ᠡ | ᠂ ᠪᠥᠬᠦ ᠬᠤᠲᠠ ᠶᠢᠨ ᠪᠠᠶᠢᠴᠠᠭᠠᠯᠲᠠ ᠳᠤ ᠣᠷᠤᠯᠴᠠᠭᠰᠠᠨ ᠠᠵᠢᠯᠲᠠᠳ ᠤᠨ ᠰᠢᠷᠭᠠᠭᠤ ᠴᠢᠷᠮᠠᠶᠢᠯᠭ᠎ᠠ ᠪᠠᠷ ᠳᠠᠮᠵᠢᠵᠤ᠂ | ᠲᠤᠰ ᠤᠳᠠᠭᠠᠨ ᠤ ᠪᠠᠶᠢᠴᠠᠭᠠᠯᠲᠠ ᠶᠢᠨ ᠡᠭᠦᠷᠭᠡ ᠢᠶᠠᠨ ᠠᠮᠵᠢᠯᠲᠠᠢ ᠪᠡᠶᠡᠯᠡᠭᠦᠯᠦᠭᠰᠡᠨ ᠪᠠᠶᠢᠨ᠎ᠠ ᠃ ᠣᠳᠤᠬᠠᠨ ᠳᠤ᠂ | ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ᠂ ᠮᠠᠲ᠋ᠧᠷᠢᠶᠠᠯ ᠨᠠᠶᠢᠷᠠᠭᠤᠯᠤᠨ ᠳᠠᠷᠤᠮᠯᠠᠯᠬᠤ ᠪᠠ ᠵᠠᠳᠠᠯᠤᠨ ᠡᠭᠦᠳᠬᠦ | ᠱᠠᠲᠤᠨ ᠳᠤ ᠪᠠᠶᠢᠭ᠎ᠠ᠃ ᠲᠤᠰ ᠤᠳᠠᠭᠠᠨ ᠤ ᠪᠠᠶᠢᠴᠠᠭᠠᠯᠲᠠ ᠪᠠᠷ ᠳᠠᠮᠵᠢᠨ ᠣᠯᠤᠭᠰᠠᠨ ᠭᠤᠤᠯ ᠬᠦᠮᠦᠨ ᠠᠮᠠ ᠶᠢᠨ | ᠲᠤᠭ᠎ᠠ ᠪᠠᠷᠢᠮᠲᠠ ᠶᠢᠨ ᠨᠡᠶᠢᠲᠡᠯᠡᠯᠲᠠ ᠨᠢ ᠳᠣᠣᠷᠠᠬᠢ ᠮᠡᠲᠦ᠄ | ᠨᠢᠭᠡ᠂ ᠰᠠᠭᠤᠭᠠᠯᠢ ᠬᠦᠮᠦᠨ ᠠᠮᠠ | 2015 ᠣᠨ11 ᠰᠠᠷᠠᠶᠢᠨ ᠨᠢᠭᠡᠨ ᠤ ᠡᠳᠦᠷ ᠶᠢᠨ ᠲᠡᠭ ᠴᠠᠭ ᠲᠤ᠂ ᠪᠥᠬᠦ ᠬᠤᠲᠠ ᠶᠢᠨ ᠰᠠᠭᠤᠭᠠᠯᠢ | ᠬᠦᠮᠦᠨ ᠠᠮᠠ ﹇3﹈ ᠨᠢ 55.55 ᠲᠥᠮᠡ᠂ 2011 ᠣᠨ ᠤ ᠪᠥᠬᠦ ᠤᠯᠤᠰ ᠤᠨ ᠬᠦᠮᠦᠨ ᠠᠮᠠ ᠶᠢᠨ ᠪᠥᠷᠢᠳᠭᠡᠯ | ᠨᠢ 53.29 ᠲᠥᠮᠡᠨ ᠬᠦᠮᠦᠨ ᠲᠠᠢ ᠬᠠᠷᠢᠴᠠᠭᠤᠯᠪᠠᠯ᠂ ᠡᠨᠡ ᠲᠠᠪᠤᠨ ᠵᠢᠯ ᠲᠤ 2.26 ᠲᠥᠮᠡᠨ ᠬᠦᠮᠦᠨ ᠨᠡᠮᠡᠭᠳᠡᠵᠤ | ᠂ ᠨᠡᠮᠡᠭᠳᠡᠯ ᠣᠷᠮ᠎ᠠ ᠨᠢ 4.24 %᠂ ᠵᠢᠯ ᠪᠥᠷᠢ ᠶᠢᠨ ᠨᠡᠮᠡᠭᠳᠡᠯ ᠨᠣᠷᠮ᠎ᠠ ᠨᠢ 0.83 % ᠪᠣᠯᠤᠨ᠎ᠠ᠃ | ᠬᠤᠶᠠᠷ᠂ ᠭᠡᠷ ᠪᠥᠯᠢ ᠶᠢᠨ ᠡᠷᠥᠬᠡ ᠲᠠᠢ ᠬᠦᠮᠦᠨ ᠠᠮᠠ | ᠪᠥᠬᠦ ᠬᠤᠲᠠ ᠶᠢᠨ ᠭᠡᠷ ᠪᠥᠯᠢ ᠶᠢᠨ ᠡᠷᠦᠬᠡ ﹇4﹈ ᠨᠢ 19.49 ᠲᠥᠮᠡᠨ ᠡᠷᠦᠬᠡ᠂ ᠭᠡᠷ ᠪᠥᠯᠢ ᠶᠢᠨ ᠡᠷᠦᠬᠡ | ᠲᠠᠢ ᠬᠦᠮᠦᠨ ᠠᠮᠠ ᠨᠢ 50.87 ᠲᠥᠮᠡ᠂ ᠡᠷᠦᠬᠡ ᠪᠥᠷᠢ ᠶᠢᠨ ᠬᠦᠮᠦᠨ ᠠᠮᠠ ᠨᠢ 2.61 ᠬᠦᠮᠦᠨ᠂ 2010 | ᠣᠨ ᠤ ᠵᠢᠷᠭᠤᠳᠤᠭᠠᠷ ᠤᠳᠠᠭᠠᠨ ᠤ ᠪᠠᠶᠢᠴᠠᠭᠠᠯᠲᠠ ᠶᠢᠨ 2.64 ᠬᠦᠮᠦᠨ ᠲᠠᠢ ᠬᠠᠷᠢᠴᠠᠭᠤᠯᠪᠠᠯ 0.03 ᠬᠦᠮᠦᠨ | ᠪᠠᠭᠠᠰᠤᠭᠰᠠᠨ ᠪᠠᠶᠢᠨ᠎ᠠ | ᠭᠤᠷᠪᠠ᠂ ᠴᠢᠨᠠᠷ ᠤᠨ ᠢᠯᠭᠠᠯ ᠤᠨ ᠪᠥᠷᠢᠯᠳᠦᠴᠡ᠄ | ᠪᠥᠬᠦ ᠬᠤᠲᠠ ᠶᠢᠨ ᠰᠠᠭᠤᠭᠠᠯᠢ ᠬᠦᠮᠦᠨ ᠠᠮᠠ ᠶᠢᠨ ᠳᠣᠲᠤᠷ᠎ᠠ᠂ ᠡᠷᠡᠭᠲᠠᠢ ᠨᠢ 29.15 ᠲᠥᠮᠡᠨ ᠬᠦᠮᠦᠨ᠂ | ᠬᠠᠷᠢᠴᠠᠯ ᠨᠢ 52.47 %︔ ᠡᠮᠡᠭᠲᠠᠢ ᠨᠢ 26.4 ᠲᠥᠮᠡᠨ ᠬᠦᠮᠦᠨ᠂ ᠬᠠᠷᠢᠴᠠᠯ ᠨᠢ 47.53 %᠃ | ᠰᠠᠭᠤᠭᠠᠯᠢ ᠬᠦᠮᠦᠨ ᠠᠮᠠ ᠶᠢᠨ ᠴᠢᠨᠠᠷ ᠤᠨ ᠢᠯᠭᠠᠯ ᠤᠨ ᠬᠠᠷᠢᠴᠠᠯ ︵ᠡᠮᠡᠭᠲᠠᠢ ᠨᠢ 100 ᠪᠠᠷ ᠰᠠᠭᠤᠷᠢ ᠪᠤᠯᠭᠠᠭᠰᠠᠨ | ᠂ ᠡᠷᠡᠭᠲᠠᠢ ᠡᠮᠡᠭᠲᠠᠢ ᠶᠢᠨ ᠬᠠᠷᠢᠴᠠᠯ︶ ᠨᠢ 2010 ᠣᠨ ᠤ ᠵᠢᠷᠭᠤᠳᠤᠭᠠᠷ ᠤᠳᠠᠭᠠᠨ ᠤ ᠪᠠᠶᠢᠴᠠᠭᠠᠯᠲᠠ ᠶᠢᠨ 112. | 72 ᠲᠠᠢ ᠬᠠᠷᠢᠴᠠᠭᠤᠯᠪᠠᠯ᠂110.38 ᠳᠣᠷᠤᠭᠰᠢᠯᠠᠭᠰᠠᠨ ᠪᠠᠶᠢᠨ᠎ᠠ᠃ | ᠳᠦᠷᠪᠡ᠂ ᠨᠠᠰᠤᠨ ᠤ ᠪᠥᠷᠢᠯᠳᠦᠴᠡ | ᠪᠥᠬᠦ ᠬᠤᠲᠠ ᠶᠢᠨ ᠰᠠᠭᠤᠭᠠᠯᠢ ᠬᠦᠮᠦᠨ ᠠᠮᠠ ᠶᠢᠨ ᠳᠣᠲᠤᠷ᠎ᠠ᠂ 0 —14 ᠨᠠᠰᠤᠨ ᠤ ᠬᠤᠭᠤᠷᠤᠨᠳᠦ 6. | 99 ᠲᠥᠮᠡᠨ ᠬᠦᠮᠦᠨ ᠲᠠᠢ᠂ ᠬᠠᠷᠢᠴᠠᠯ ᠨᠢ 12.59 %︔15 —64 ᠨᠠᠰᠤᠨ ᠤ ᠬᠤᠭᠤᠷᠤᠨᠳᠦ 43.88 | ᠲᠥᠮᠡᠨ ᠬᠦᠮᠦᠨ ᠲᠠᠢ᠂ ᠬᠠᠷᠢᠴᠠᠯ ᠨᠢ 78.99 %︔ 64 ᠨᠠᠰᠤᠨ ᠠᠴᠠ ᠳᠡᠭᠡᠭᠰᠢ 4.68 ᠲᠥᠮᠡᠨ ᠬᠦᠮᠦᠨ | ᠲᠠᠢ᠂ ᠬᠠᠷᠢᠴᠠᠯ ᠨᠢ 8.42%᠃ 2010 ᠤᠨ ᠤ ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠭᠦᠮᠦᠨ ᠠᠮᠠ | ᠶᠢᠨ ᠪᠠᠶᠢᠴᠠᠭᠠᠯᠲᠠ ᠶᠢᠨ ᠦᠷ᠎ᠡ ᠳ᠋ᠦᠩ ᠲᠠᠢ ᠬᠠᠷᠢᠴᠠᠭᠤᠯᠪᠠᠯ᠂ 0 —14 ᠨᠠᠰᠤᠨ ᠤ ᠬᠦᠮᠦᠨ ᠠᠮᠠ ᠶᠢᠨ | ᠬᠠᠷᠢᠴᠠᠯ ᠨᠢ 1.34 ᠵᠠᠭᠤᠨ ᠤ ᠨᠢᠭᠡᠴᠢ ᠪᠠᠷ ᠪᠠᠭᠤᠷᠠᠵᠤ᠂15 —64 ᠨᠠᠰᠤᠨ ᠤ ᠬᠦᠮᠦᠨ ᠠᠮᠠ ᠶᠢᠨ ᠬᠠᠷᠢᠴᠠᠯ | ᠨᠢ 0.15 ᠵᠠᠭᠤᠨ ᠤ ᠨᠢᠭᠡᠴᠢ ᠪᠠᠷ ᠪᠠᠭᠤᠷᠠᠵᠤ᠂ 64 ᠨᠠᠰᠤᠨ ᠠᠴᠠ ᠳᠡᠭᠡᠭᠰᠢ ᠬᠦᠮᠦᠨ ᠠᠮᠠ ᠶᠢᠨ ᠬᠠᠷᠢᠴᠠᠯ ᠨᠢ | 1.49 ᠵᠠᠭᠤᠨ ᠤ ᠨᠢᠭᠡᠴᠢ ᠪᠠᠷ ᠳᠡᠭᠡᠭᠰᠢᠯᠡᠵᠠᠢ᠃ | ᠲᠠᠪᠤ᠂ ᠦᠨᠳᠦᠰᠦᠲᠡᠨ ᠤ ᠪᠥᠷᠢᠯᠳᠦᠯ | ᠪᠥᠬᠦ ᠬᠤᠲᠠ ᠶᠢᠨ ᠰᠠᠭᠤᠭᠠᠯᠢ ᠬᠦᠮᠦᠨ ᠠᠮᠠ ᠶᠢᠨ ᠳᠣᠲᠤᠷ᠎ᠠ᠂ ᠬᠢᠲᠠᠳ ᠦᠨᠳᠦᠰᠦᠲᠡ ᠤ ᠬᠦᠮᠦᠨ ᠠᠮᠠ | ᠶᠢᠨ ᠲᠤᠭ᠎ᠠ ᠨᠢ 52.14 ᠲᠥᠮᠡᠨ ᠬᠦᠮᠦᠨ᠂ ᠬᠠᠷᠢᠴᠠᠯ ᠨᠢ93.91%︔ ᠮᠣᠩᠭᠤᠯ ᠦᠨᠳᠦᠰᠦᠲᠡ ᠤ ᠬᠦᠮᠦᠨ | ᠠᠮᠠ ᠨᠢ 52.14 ᠲᠥᠮᠡᠨ ᠬᠦᠮᠦᠨ᠂ ᠬᠠᠷᠢᠴᠠᠯ ᠨᠢ 3.37 %︔ ᠪᠤᠰᠤᠳ ᠴᠥᠬᠡᠨ ᠲᠣᠭᠠᠲᠤ ᠦᠨᠳᠦᠰᠦᠲᠡ | ᠤ ᠬᠦᠮᠦᠨ ᠠᠮᠠ ᠶᠢᠨ ᠲᠤᠭ᠎ᠠ ᠨᠢ 1.51 ᠲᠥᠮᠡᠨ ᠬᠦᠮᠦᠨ᠂ ᠬᠠᠷᠢᠴᠠᠯ ᠨᠢ 2.72 %︔ 2010 ᠤᠨ ᠤ | ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠭᠦᠮᠦᠨ ᠠᠮᠠ ᠶᠢᠨ ᠪᠠᠶᠢᠴᠠᠭᠠᠯᠲᠠ ᠶᠢᠨ ᠦᠷ᠎ᠡ ᠳ᠋ᠦᠩ ᠲᠠᠢ | ᠬᠠᠷᠢᠴᠠᠭᠤᠯᠪᠠᠯ᠂ ᠬᠢᠲᠠᠳ ᠦᠨᠳᠦᠰᠦᠲᠡ ᠤ ᠬᠦᠮᠦᠨ ᠠᠮᠠ ᠶᠢᠨ ᠲᠤᠭ᠎ᠠ ᠨᠢ 2.5 ᠲᠥᠮᠡᠨ ᠬᠦᠮᠦᠨ ᠨᠡᠮᠡᠭᠳᠡᠵᠦ᠂ | ᠨᠡᠮᠡᠭᠳᠡᠯ ᠨᠣᠷᠮ᠎ᠠ ᠨᠢ 5.03 %︔ ᠮᠣᠩᠭᠤᠯ ᠦᠨᠳᠦᠰᠦᠲᠡ ᠤ ᠬᠦᠮᠦᠨ ᠠᠮᠠ ᠶᠢᠨ ᠲᠤᠭ᠎ᠠ ᠨᠢ 0.02 ᠲᠥᠮᠡᠨ | ᠬᠦᠮᠦᠨ ᠪᠠᠭᠠᠰᠴᠣ᠂ ᠬᠤᠷᠤᠭᠳᠠᠯ ᠨᠣᠷᠮ᠎ᠠ ᠨᠢ1.06 %︔ ᠪᠤᠰᠤᠳ ᠴᠥᠬᠡᠨ ᠲᠣᠭᠠᠲᠤ ᠦᠨᠳᠦᠰᠦᠲᠡ ᠤ | ᠬᠦᠮᠦᠨ ᠠᠮᠠ ᠶᠢᠨ ᠲᠤᠭ᠎ᠠ ᠨᠢ 0.21 ᠲᠥᠮᠡᠨ ᠬᠦᠮᠦᠨ ᠪᠠᠭᠠᠰᠴᠣ᠂ ᠬᠤᠷᠤᠭᠳᠠᠯ ᠨᠣᠷᠮ᠎ᠠ ᠨᠢ12.21 %᠃ | ᠵᠢᠷᠭᠤᠭ᠎ᠠ᠂ ᠠᠳᠠᠯᠢ ᠪᠤᠰᠤ ᠶᠢᠨ ᠰᠤᠷᠭᠠᠨ ᠬᠦᠮᠦᠵᠢᠯ ᠬᠦᠷᠲᠡᠭᠰᠡᠨ ᠬᠦᠮᠦᠨ ᠠᠮᠠ | ᠪᠥᠬᠦ ᠬᠤᠲᠠ ᠶᠢᠨ ᠰᠠᠭᠤᠭᠠᠯᠢ ᠬᠦᠮᠦᠨ ᠠᠮᠠ ᠶᠢᠨ ᠳᠣᠲᠤᠷ᠎ᠠ᠂ ᠶᠡᠭᠡ ᠰᠤᠷᠭᠠᠭᠤᠯᠢ ︵ᠳᠡᠭᠡᠳᠤ ᠵᠡᠷᠭᠡ ᠶᠢᠨ | ᠳᠤᠰᠬᠠᠢ ᠮᠡᠷᠭᠡᠵᠢᠯ ᠠᠴᠠ ᠳᠡᠭᠡᠭᠰᠢ︶ ᠶᠢᠨ ᠰᠤᠶᠤᠯ ᠤᠨ ᠬᠡᠮᠵᠢᠶ᠎ᠡ ᠲᠠᠢ ᠬᠦᠮᠦᠨ ᠠᠮᠠ ᠨᠢ 10.56 ᠲᠥᠮᠡᠨ | ᠬᠦᠮᠦᠨ︔ ᠳᠡᠭᠡᠳᠤ ᠳᠤᠮᠳᠠᠳᠤ ︵ᠳᠤᠮᠳᠠ ᠵᠡᠷᠭᠡ ᠶᠢᠨ ᠳᠤᠰᠬᠠᠢ ᠮᠡᠷᠭᠡᠵᠢᠯ ᠢ ᠪᠠᠭᠲᠠᠭᠠᠨ᠎ᠠ︶ ᠶᠢᠨ ᠰᠤᠶᠤᠯ ᠤᠨ | ᠬᠡᠮᠵᠢᠶ᠎ᠡ ᠲᠠᠢ ᠬᠦᠮᠦᠨ ᠠᠮᠠ ᠨᠢ 11.81 ᠲᠥᠮᠡᠨ ᠬᠦᠮᠦᠨ︔ ᠠᠩᠬ᠎ᠠ ᠳᠤᠮᠳᠠ ᠶᠢᠨ ᠰᠤᠶᠤᠯ ᠤᠨ ᠬᠡᠮᠵᠢᠶ᠎ᠡ ᠲᠠᠢ | ᠬᠦᠮᠦᠨ ᠠᠮᠠ ᠨᠢ 19.64 ᠲᠥᠮᠡᠨ ᠬᠦᠮᠦᠨ︔ ᠪᠠᠭ᠎ᠠ ᠰᠤᠷᠭᠠᠭᠤᠯᠢ ᠶᠢᠨ ᠰᠤᠶᠤᠯ ᠤᠨ ᠬᠡᠮᠵᠢᠶ᠎ᠡ ᠲᠠᠢ ᠬᠦᠮᠦᠨ | ᠠᠮᠠ ᠨᠢ 8.68 ᠲᠥᠮᠡᠨ ᠬᠦᠮᠦᠨ ︵ᠳᠡᠭᠡᠷᠡᠬᠢ ᠪᠥᠷᠢᠳᠭᠡᠯ ᠳᠤ ᠡᠯ᠎ᠡ ᠰᠤᠷᠭᠠᠭᠤᠯᠢ ᠠᠴᠠ ᠲᠡᠭᠦᠰᠦᠭᠰᠡᠨ | ᠰᠤᠷᠤᠭᠴᠢ᠂ ᠰᠤᠷᠤᠯᠴᠠᠭᠰᠠᠳ ᠪᠠ ᠰᠤᠷᠭᠠᠭᠤᠯᠢ ᠳᠤ ᠪᠠᠶᠢᠭ᠎ᠠ ᠰᠤᠷᠤᠭᠴᠢ ᠶᠢ ᠪᠠᠭᠲᠠᠭᠠᠨ᠎ᠠ︶᠃ 2010 ᠤᠨ ᠤ | ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠭᠦᠮᠦᠨ ᠠᠮᠠ ᠶᠢᠨ ᠪᠠᠶᠢᠴᠠᠭᠠᠯᠲᠠ ᠶᠢᠨ ᠦᠷ᠎ᠡ ᠳ᠋ᠦᠩ ᠲᠠᠢ | ᠬᠠᠷᠢᠴᠠᠭᠤᠯᠪᠠᠯ᠂ 10 ᠲᠥᠮᠡᠨ ᠬᠦᠮᠦᠨ ᠪᠥᠷᠢ ᠶᠢᠨ ᠶᠡᠭᠡ ᠰᠤᠷᠭᠠᠭᠤᠯᠢ ᠶᠢᠨ ᠰᠤᠶᠤᠯ ᠤᠨ ᠬᠡᠮᠵᠢᠶ᠎ᠡ ᠲᠠᠢ ᠬᠦᠮᠦᠨ | ᠠᠮᠠ ᠨᠢ 13447 ᠬᠦᠮᠦᠨ ᠠᠴᠠ ᠨᠡᠮᠡᠭᠳᠡᠵᠦ 19010 ᠬᠦᠮᠦᠨ ᠪᠣᠯᠵᠤ︔ ᠳᠡᠭᠡᠳᠤ ᠳᠤᠮᠳᠠᠳᠤ ᠰᠤᠶᠤᠯ ᠤᠨ | ᠬᠡᠮᠵᠢᠶ᠎ᠡ ᠲᠠᠢ ᠬᠦᠮᠦᠨ ᠠᠮᠠ ᠨᠢ 19214 ᠬᠦᠮᠦᠨᠡᠴᠠ ᠨᠡᠮᠡᠭᠳᠡᠵᠦ 21260 ᠬᠦᠮᠦᠨ ᠪᠣᠯᠵᠤ︔ ᠠᠩᠬ᠎ᠠ | ᠳᠤᠮᠳᠠ ᠶᠢᠨ ᠰᠤᠶᠤᠯ ᠤᠨ ᠬᠡᠮᠵᠢᠶ᠎ᠡ ᠲᠠᠢ ᠬᠦᠮᠦᠨ ᠠᠮᠠ ᠨᠢ 38969 ᠬᠦᠮᠦᠨ ᠠᠴᠠ ᠪᠠᠭᠠᠰᠤᠭᠠᠳ 35355 | ᠬᠦᠮᠦᠨ ᠪᠣᠯᠵᠤ᠃ ᠪᠠᠭ᠎ᠠ ᠰᠤᠷᠭᠠᠭᠤᠯᠢ ᠶᠢᠨ ᠰᠤᠶᠤᠯ ᠤᠨ ᠬᠡᠮᠵᠢᠶ᠎ᠡ ᠲᠠᠢ ᠬᠦᠮᠦᠨ ᠠᠮᠠ ᠨᠢ 18696 ᠬᠦᠮᠦᠨ | ᠠᠴᠠ ᠪᠠᠭᠠᠰᠤᠭᠠᠳ 15652 ᠬᠦᠮᠦᠨ ᠪᠤᠯᠤᠭᠰᠠᠨ ᠪᠠᠶᠢᠨ᠎ᠠ᠃ | ᠳᠤᠯᠤᠭ᠎ᠠ᠂ ᠬᠤᠲᠠ ᠳᠣᠰᠬᠤᠨ ᠤ ᠬᠦᠮᠦᠨ ᠠᠮᠠ ﹇5﹈ | ᠪᠥᠬᠦ ᠬᠤᠲᠠ ᠶᠢᠨ ᠰᠠᠭᠤᠭᠠᠯᠢ ᠬᠦᠮᠦᠨ ᠠᠮᠠ ᠶᠢᠨ ᠳᠣᠲᠤᠷ᠎ᠠ᠂ ᠬᠤᠲᠠ ᠪᠠᠯᠭᠠᠰᠤᠨ ᠳᠤ ᠰᠠᠭᠤᠷᠢᠰᠢᠵᠤ | ᠪᠠᠶᠢᠭ᠎ᠠ ᠬᠦᠮᠦᠨ ᠠᠮᠠ ᠨᠢ 52.41 ᠲᠥᠮᠡᠨ ᠬᠦᠮᠦᠨ᠂ ᠬᠠᠷᠢᠴᠠᠯ ᠨᠢ 94.35 %︔ ᠬᠥᠲᠡᠭᠡ ᠳᠣᠰᠬᠤᠨ ᠳᠤ | ᠰᠠᠭᠤᠷᠢᠰᠢᠵᠤ ᠪᠠᠶᠢᠭ᠎ᠠ ᠬᠦᠮᠦᠨ ᠠᠮᠠ ᠨᠢ 3.14 ᠲᠥᠮᠡᠨ ᠬᠦᠮᠦᠨ᠂ ᠬᠠᠷᠢᠴᠠᠯ ᠨᠢ 5.65 %᠃ 2010 | ᠤᠨ ᠤ ᠵᠢᠷᠭᠤᠳᠤᠭᠠᠷ ᠤᠳᠠᠭᠠᠨ ᠤ ᠪᠥᠬᠦ ᠤᠯᠤᠰ ᠤᠨ ᠭᠦᠮᠦᠨ ᠠᠮᠠ ᠶᠢᠨ ᠪᠠᠶᠢᠴᠠᠭᠠᠯᠲᠠ ᠶᠢᠨ ᠦᠷ᠎ᠡ ᠳ᠋ᠦᠩ ᠲᠠᠢ | ᠬᠠᠷᠢᠴᠠᠭᠤᠯᠪᠠᠯ᠂ ᠬᠤᠲᠠ ᠪᠠᠯᠭᠠᠰᠤᠨ ᠤ ᠬᠦᠮᠦᠨ ᠠᠮᠠ ᠨᠢ 2.14 ᠲᠥᠮᠡᠨ ᠬᠦᠮᠦᠨ ᠨᠡᠮᠡᠭᠳᠡᠵᠤ᠂ ᠬᠥᠲᠡᠭᠡ | ᠳᠣᠰᠬᠤᠨ ᠤ ᠬᠦᠮᠦᠨ ᠠᠮᠠ ᠨᠢ 0.12 ᠲᠥᠮᠡᠨ ᠬᠦᠮᠦᠨ ᠨᠡᠮᠡᠭᠳᠡᠵᠤ᠂ ᠬᠤᠲᠠ ᠪᠠᠯᠭᠠᠰᠤᠨ ᠤ ᠬᠦᠮᠦᠨ ᠠᠮᠠ ᠶᠢᠨ | ᠬᠠᠷᠢᠴᠠᠯ ᠨᠢ 0.02 ᠵᠠᠭᠤᠨ ᠤ ᠨᠢᠭᠡᠴᠢ ᠪᠠᠷ ᠳᠡᠭᠡᠭᠰᠢᠯᠡᠭᠰᠡᠨ ᠪᠠᠶᠢᠨ᠎ᠠ᠃ | ᠨᠠᠶᠢᠮᠠ᠂ ᠬᠦᠮᠦᠨ ᠠᠮᠠ ᠶᠢᠨ ᠲᠠᠷᠬᠠᠴᠠ | ᠭᠤᠷᠪᠠᠨ ᠵᠠᠰᠠᠭ ᠲᠣᠭᠤᠷᠢᠭ ᠤᠨ ᠰᠠᠭᠤᠭᠠᠯᠢ ᠬᠦᠮᠦᠨ ᠠᠮᠠ ᠶᠢᠨ ᠲᠠᠷᠬᠠᠯᠲᠠ ᠨᠢ ᠳᠤᠤᠷᠠᠬᠢ ᠮᠡᠲᠦ᠄ | ᠬᠠᠶᠢᠷᠤᠪ ᠤᠨ ᠲᠣᠬᠤᠢ ᠲᠤᠭᠤᠷᠢᠭ᠄ 31.21 ᠲᠥᠮᠡᠨ ᠬᠦᠮᠦᠨ︔ | ᠬᠠᠶᠢᠨᠠᠨ ᠲᠤᠭᠤᠷᠢᠭ᠄ 10.52 ᠲᠥᠮᠡᠨ ᠬᠦᠮᠦᠨ︔ | ᠤᠳᠠ ᠲᠤᠭᠤᠷᠢᠭ᠄ 13.82 ᠲᠥᠮᠡᠨ ᠬᠦᠮᠦᠨ᠃ | | | | | | | | | ᠲᠠᠶᠢᠯᠪᠣᠷᠢ᠄ | ﹇1﹈ ᠲᠤᠰ ᠠᠯᠪᠠᠨ ᠮᠡᠳᠡᠭᠡᠨ ᠲᠠᠬᠢ ᠲᠤᠭ᠎ᠠ ᠪᠠᠷᠢᠮᠲᠠ ᠨᠢ ᠪᠠᠶᠢᠴᠠᠭᠠᠯᠲᠠ ᠶᠢᠨ ᠦᠷ᠎ᠡ ᠳ᠋ᠦᠩ ᠢ | ᠦᠨᠳᠦᠰᠦᠯᠡᠵᠦ ᠳᠦᠯᠬᠢᠨ ᠪᠣᠳᠤᠭᠰᠠᠨ ᠲᠤᠭ᠎ᠠ ᠪᠠᠷᠢᠮᠲᠠ᠃ | ﹇2﹈ ᠪᠠᠶᠢᠴᠠᠭᠠᠬᠤ ᠡᠲᠡᠭᠡᠳ ᠭᠡᠳᠡᠭ ᠨᠢ ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ | ᠳᠤᠲᠤᠷᠠᠬᠢ᠂ ᠰᠤᠩᠭᠤᠭᠳᠠᠭᠰᠠᠨ ᠪᠠᠶᠢᠴᠠᠭᠠᠬᠤ ᠪᠠᠭ᠎ᠠ ᠲᠤᠭᠤᠷᠢᠭ ᠳᠤᠲᠤᠷᠠᠬᠢ ᠪᠥᠬᠦ ᠬᠦᠮᠦᠨ ᠠᠮᠠ ︵ᠡᠭᠦᠨ ᠳᠤ | ᠰᠢᠶᠠᠩᠭᠠᠩ᠂ ᠣᠣᠮᠧᠨ᠂ ᠲᠠᠶᠢᠸᠠᠨ ᠤᠨ ᠰᠠᠭᠤᠭᠠᠯᠢ ᠠᠷᠠᠳ ᠪᠠ ᠭᠠᠳᠠᠭᠠᠳᠤ ᠶᠢᠨ ᠬᠦᠮᠦᠨ ᠢ ᠪᠠᠭᠲᠠᠭᠠᠬᠤ ᠦᠭᠡᠢ︶ | ᠃ | ﹇3﹈ ᠪᠥᠬᠦ ᠬᠤᠲᠠ ᠶᠢᠨ ᠰᠠᠭᠤᠭᠠᠯᠢ ᠬᠦᠮᠦᠨ ᠠᠮᠠ ᠨᠢ 2015 ᠣᠨ ᠤ 11 ᠰᠠᠷᠠᠶᠢᠨ ᠨᠢᠭᠡᠨ ᠤ ᠡᠳᠦᠷ | ᠤᠨ ᠲᠡᠭ ᠴᠠᠭ ᠬᠦᠷᠲᠡᠯ᠎ᠡ ᠪᠠᠶᠢᠴᠠᠭᠠᠨ ᠲᠡᠮᠳᠡᠭᠯᠡᠭᠰᠡᠨ ᠰᠠᠭᠤᠭᠠᠯᠢ ᠬᠦᠮᠦᠨ ᠠᠮᠠ ᠢ ᠵᠢᠭᠠᠨ᠎ᠠ᠃ ᠰᠠᠭᠤᠭᠠᠯᠢ ᠬᠦᠮᠦᠨ | ᠠᠮᠠ ᠨᠢ ᠳᠤᠤᠷᠠᠬᠢ ᠬᠦᠮᠦᠰ ᠢ ᠪᠠᠭᠳᠠᠭᠠᠨ᠎ᠠ᠄ ᠲᠤᠰ ᠰᠢᠶᠠᠩ ᠪᠠᠯᠭᠠᠰᠤᠨ ᠤ ᠵᠡᠭᠡᠯᠢ ᠭᠤᠳᠤᠮᠵᠢᠨ ᠳᠤ ᠰᠠᠭᠤᠵᠤ | ᠪᠠᠶᠢᠭ᠎ᠠ ᠮᠥᠷᠲᠡᠭᠡᠨ᠂ ᠡᠷᠥᠬᠡ ᠠᠮᠠ ᠨᠢ ᠰᠢᠶᠠᠩ ᠪᠠᠯᠭᠠᠰᠤᠨ ᠤ ᠵᠡᠭᠡᠯᠢ ᠭᠤᠳᠤᠮᠵᠢᠨ ᠳᠤ ᠪᠠᠶᠢᠭ᠎ᠠ ᠪᠤᠶᠤ ᠡᠷᠦᠬᠡ | ᠠᠮᠠ ᠨᠢ ᠳᠤᠭᠲᠠᠭᠠᠳᠦᠢ ᠬᠦᠮᠦᠨ ᠠᠮᠠ︔ ᠲᠤᠰ ᠰᠢᠶᠠᠩ ᠪᠠᠯᠭᠠᠰᠤᠨ ᠤ ᠵᠡᠭᠡᠯᠢ ᠭᠤᠳᠤᠮᠵᠢᠨ ᠳᠤ ᠰᠠᠭᠤᠵᠤ | ᠪᠠᠶᠢᠭ᠎ᠠ ᠮᠥᠷᠲᠡᠭᠡᠨ᠂ ᠨᠤᠳᠤᠭ ᠠᠴᠠ ᠪᠠᠨ ᠰᠠᠯᠤᠭᠠᠳ ᠬᠠᠭᠠᠰ ᠵᠢᠯ ᠢᠯᠡᠭᠦᠦ ᠪᠤᠯᠤᠭᠰᠠᠨ ᠬᠦᠮᠦᠨ ᠠᠮᠠ︔ ᠡᠷᠥᠬᠡ | ᠠᠮᠠ ᠨᠢ ᠰᠢᠶᠠᠩ ᠪᠠᠯᠭᠠᠰᠤᠨ ᠤ ᠵᠡᠭᠡᠯᠢ ᠭᠤᠳᠤᠮᠵᠢᠨ ᠳᠤ ᠪᠠᠶᠢᠭ᠎ᠠ ᠮᠥᠷᠲᠡᠭᠡᠨ᠂ ᠭᠠᠳᠠᠭᠰᠢ ᠭᠠᠷᠤᠭᠠᠳ ᠬᠠᠭᠠᠰ | ᠵᠢᠯ ᠪᠤᠯᠤᠭᠠᠳᠤᠢ ᠪᠤᠶᠤ ᠤᠯᠤᠰ ᠤᠨ ᠭᠠᠳᠠᠨ᠎ᠠ ᠠᠵᠢᠯᠯᠠᠵᠤ ᠰᠤᠷᠤᠯᠴᠠᠵᠤ ᠪᠠᠶᠢᠭ᠎ᠠ ᠬᠦᠮᠦᠨ ᠠᠮᠠ ᠶᠢ ᠪᠠᠭᠲᠠᠭᠠᠨ᠎ᠠ᠃ | | ﹇4﹈ ᠭᠡᠷ ᠪᠥᠯᠢ ᠶᠢᠨ ᠡᠷᠦᠬᠡ ᠭᠡᠳᠡᠭ ᠨᠢ ᠭᠡᠷ ᠪᠥᠯᠢ ᠶᠢᠨ ᠪᠥᠷᠢᠯᠳᠦᠭᠦᠨ ᠤ ᠬᠠᠷᠢᠴᠠᠭ᠎ᠠ ᠪᠠᠷ ᠭᠤᠤᠯ | ᠪᠤᠯᠭᠠᠭᠰᠠᠨ᠂ ᠳᠤᠭᠲᠠᠭᠰᠠᠨ ᠭᠠᠵᠠᠷ ᠬᠠᠮᠲᠤ ᠳᠠᠭᠠᠨ ᠰᠠᠭᠤᠷᠢᠰᠢᠨ ᠠᠮᠢᠳᠤᠷᠠᠵᠤ ᠪᠠᠶᠢᠭ᠎ᠠ ᠬᠦᠮᠦᠰ ᠢᠶᠠᠷ | ᠪᠥᠷᠢᠯᠳᠥᠭᠰᠡᠨ ᠡᠷᠦᠬᠡ᠃ | ﹇5﹈ ᠬᠤᠲᠠ ᠳᠣᠰᠬᠤᠨ ᠤ ᠬᠦᠮᠦᠨ ᠭᠡᠳᠡᠭ ᠨᠢ ᠤᠯᠤᠰ ᠤᠨ ᠳᠤᠲᠤᠭᠠᠳᠤᠬᠢ ᠬᠤᠲᠠ ᠪᠠᠯᠭᠠᠰᠤ᠂ ᠬᠥᠳᠡᠭᠡ | ᠳᠣᠰᠬᠤᠨ ᠢᠶᠠᠷ ᠰᠠᠭᠤᠷᠢᠰᠢᠵᠤ ᠪᠠᠶᠢᠭ᠎ᠠ ᠬᠦᠮᠦᠨ ᠠᠮᠠ᠃ ᠬᠤᠲᠠ ᠪᠠᠯᠭᠠᠰᠤ᠂ ᠬᠥᠳᠡᠭᠡ ᠳᠣᠰᠬᠤᠨ ᠢ 2008 | ᠣᠨ ᠳᠤ ᠲᠥᠪ ᠤᠨ ᠲᠤᠭ᠎ᠠ ᠪᠥᠷᠢᠳᠭᠡᠯ ᠤᠨ ᠳᠤᠪᠴᠢᠶᠠᠨ ᠤ ︿︿ᠪᠥᠷᠢᠳᠭᠡᠯ ᠲᠠᠬᠢ ᠬᠤᠲᠠ ᠳᠣᠰᠬᠤᠨ ᠤ | ᠬᠤᠪᠢᠶᠠᠷᠢᠯᠠᠯ ᠤᠨ ᠳᠤᠭᠲᠠᠭᠠᠯ﹀﹀ ᠳᠤ ᠬᠤᠪᠢᠶᠠᠷᠢᠯᠠᠭᠰᠠᠨ ᠪᠠᠶᠢᠨ᠎ᠠ᠃ |