ᠬᠠᠶᠢᠷᠤᠪ ᠤᠨ ᠲᠤᠬᠤᠢ ᠲᠤᠭᠤᠷᠢᠭ ᠤᠨ ᠦᠨᠳᠤᠰᠤᠨ ᠱᠠᠳᠤᠨ ᠤ ᠨᠠᠮ ᠤᠨ ᠪᠠᠶᠢᠭᠤᠯᠤᠯᠲᠠ ᠰᠢᠯᠭᠠᠨ ᠦᠨᠡᠯᠡᠬᠦ ᠠᠵᠢᠯ ᠢ ᠶᠡᠬᠡᠪᠡᠷ  ᠠᠬᠢᠭᠤᠯᠪᠠ
ᠨᠡᠶᠢᠲᠡᠯᠡᠭᠰᠡᠨ ᠴᠠᠭ᠄
2018-11-07
     ᠦᠩᠭᠡᠷᠡᠭᠰᠡᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠤᠯ ᠰᠡᠳᠤᠪ ᠲᠤᠳᠤᠷᠬᠠᠢ ᠪᠢᠰᠢ᠂ ᠠᠭᠤᠯᠭ᠎ᠠ  ᠶᠢ ᠨᠢ ᠬᠡᠮᠵᠢᠶᠡᠯᠡᠬᠦ ᠳᠤ ᠬᠦᠴᠢᠷ᠂ ᠲᠦᠷᠢᠮ ᠢ ᠨᠢ ᠬᠢᠨᠠᠨ ᠰᠢᠯᠭᠠᠬᠤ ᠳᠤ ᠬᠦᠴᠢᠷ᠂ ᠬᠠᠷᠢᠭᠤᠴᠠᠯᠭ᠎ᠠ ᠨᠠᠶᠢᠳᠠᠪᠦᠷᠢᠵᠢᠭᠤᠯᠬᠤ ᠳᠤ ᠬᠦᠴᠢᠷ ᠵᠡᠷᠭᠡ ᠠᠰᠠᠭᠤᠳᠠᠯ ᠢ ᠰᠠᠶᠢᠳᠤᠷ ᠰᠢᠢᠳᠪᠦᠷᠢᠯᠡᠬᠦ ᠶᠢᠨ ᠲᠦᠯᠦᠭᠡ᠂ ᠬᠠᠶᠢᠷᠤᠪ ᠤᠨ ᠲᠤᠬᠤᠢ ᠲᠤᠭᠤᠷᠢᠭ ᠤᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠷᠢᠳᠤᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠢᠶᠠᠷ ᠲᠠᠮᠵᠢᠭᠠᠳ᠂ 12 ᠨᠠᠮ ︵ᠠᠵᠢᠯᠯᠠᠬᠤ︶ ᠤᠨ ᠬᠤᠷᠢᠶᠠᠨ ᠤ ᠰᠠᠨᠠᠯ ᠢ ᠦᠷᠭᠡᠨ  ᠢᠶᠠᠷ ᠬᠤᠷᠢᠶᠠᠵᠦ᠂ ︽ᠬᠠᠶᠢᠷᠤᠪ ᠤᠨ ᠲᠤᠬᠤᠢ ᠲᠤᠭᠤᠷᠢᠭ ᠤᠨ ᠦᠨᠳᠤᠰᠤᠨ ᠱᠠᠳᠤᠨ ᠤ ᠨᠠᠮ ᠤᠨ ᠪᠠᠶᠢᠭᠤᠯᠤᠯᠲᠠ  ᠶᠢᠨ ᠠᠵᠢᠯ ᠢ ᠬᠡᠮᠵᠢᠶᠡᠭᠦᠯᠦᠨ ᠬᠢᠨᠠᠨ ᠰᠢᠯᠭᠠᠵᠦ ᠦᠨᠡᠯᠡᠬᠦ ᠠᠷᠭ᠎ᠠ ︵ᠲᠤᠷᠰᠢᠨ ᠬᠡᠷᠡᠭᠯᠡᠬᠦ︶︾ ᠶᠢ ᠲᠤᠭᠲᠠᠭᠠᠪᠠ᠃      ᠬᠠᠶᠢᠷᠤᠪ ᠤᠨ ᠲᠤᠬᠤᠢ ᠲᠤᠭᠤᠷᠢᠭ ︽ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠰᠢᠪᠠᠳᠠᠨ ᠪᠠᠶᠢᠴᠠᠭᠠᠬᠤ᠂ ᠬᠢᠨᠠᠨ ᠰᠢᠯᠭᠠᠵᠦ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ᠶᠢ ᠴᠢᠩᠭ᠎ᠠ ᠨᠠᠶᠢᠳᠠᠪᠦᠷᠢᠵᠢᠭᠤᠯᠵᠦ᠂ ᠬᠢᠨᠠᠨ ᠰᠢᠯᠭᠠᠵᠦ ᠦᠨᠡᠯᠡᠬᠦ ᠠᠷᠭ᠎ᠠ ᠶᠢ ᠵᠠᠭᠤᠨ ᠬᠤᠪᠢ ᠶᠢᠨ ᠲᠦᠷᠢᠮ ᠢᠶᠠᠷ ᠠᠪᠴᠦ᠂ ᠡᠭᠦᠨ ᠳᠤ ᠡᠳᠤᠷ ᠲᠤᠳᠤᠮ ᠤᠨ ᠬᠢᠨᠠᠨ ᠰᠢᠯᠭᠠᠯᠲᠠ 40% ᠢ ᠡᠵᠡᠯᠡᠵᠦ᠂ ᠵᠢᠯ ᠤᠨ ᠬᠠᠷᠠᠯᠲᠠ ᠶᠢᠨ ᠬᠢᠨᠠᠨ ᠰᠢᠯᠭᠠᠯᠲᠠ 60% ᠢ ᠡᠵᠡᠯᠡᠨ᠎ᠡ᠃ ᠤᠯᠠᠷᠢᠯ ᠤᠨ ᠬᠢᠨᠠᠨ ᠰᠢᠯᠭᠠᠯᠲᠠ ᠪᠠ ᠡᠳᠤᠷ ᠲᠤᠳᠤᠮ ᠤᠨ ᠲᠤᠬᠠᠶᠢᠯᠠᠭᠰᠠᠨ ᠠᠵᠢᠯ ᠤᠨ ᠵᠤᠯᠭᠠᠭᠤᠯᠬᠤ ᠰᠠᠭᠤᠷᠢᠨ ᠳᠡᠭᠡᠷ᠎ᠡ ᠵᠢᠯ ᠤᠨ ᠬᠠᠷᠠᠯᠲᠠ ᠶᠢᠨ ᠬᠢᠨᠠᠨ ᠰᠢᠯᠭᠠᠯᠲᠠ ᠶᠢᠨ ᠦᠷ᠎ᠡ ᠳ᠋ᠦᠩ ᠲᠠᠢ ᠤᠶᠠᠯᠳᠤᠭᠤᠯᠵᠦ᠂ ᠬᠢᠨᠠᠨ ᠰᠢᠯᠭᠠᠬᠤ ᠡᠵᠡᠯᠡᠬᠦ ᠬᠠᠷᠢᠴᠠᠯ ᠢ ᠵᠦᠢ ᠵᠤᠬᠢᠰᠲᠠᠢ᠂ ᠰᠢᠰᠲ᠋ᠧᠮᠵᠢᠭᠦᠯᠵᠦ ᠲᠤᠳᠤᠷᠬᠠᠢ ᠪᠤᠯᠭᠠᠬᠤ ᠬᠡᠷᠡᠭᠲᠠᠢ᠃ ᠬᠢᠨᠠᠨ ᠰᠢᠯᠭᠠᠬᠤ ᠨᠠᠷᠢᠨ ᠲᠦᠷᠢᠮ ᠢᠶᠠᠨ ᠨᠡᠶᠢᠳᠡᠴᠢ ᠴᠢᠨᠠᠷ ᠲᠠᠢ ᠨᠠᠷᠢᠨ ᠲᠦᠷᠢᠮ ᠪᠤᠯᠤᠨ ᠲᠠᠷᠢᠶᠠᠯᠠᠩ ᠤᠨ ᠤᠷᠤᠨ᠂ ᠨᠡᠶᠢᠭᠡᠮ ᠲᠤᠭᠤᠷᠢᠭ᠂ ᠠᠯᠪᠠᠨ ᠪᠠᠶᠢᠭᠤᠯᠤᠯᠭ᠎ᠠ ᠵᠡᠷᠭᠡ 7 ᠠᠳᠠᠯᠢ ᠪᠤᠰᠤ ᠬᠡᠪᠴᠢᠶᠡᠨ ᠤ ᠦᠪᠡᠷᠮᠢᠴᠠ ᠨᠠᠷᠢᠨ ᠲᠦᠷᠢᠮ᠂ 21 ᠵᠦᠢᠯ ᠤᠨ ᠨᠡᠶᠢᠲᠡᠯᠢᠭ ᠴᠢᠨᠠᠷᠲᠠᠢ ᠬᠢᠨᠠᠨ ᠰᠢᠯᠭᠠᠬᠤ ᠠᠭᠤᠯᠭ᠎ᠠ ᠪᠠ 85 ᠵᠦᠢᠯ  ᠤᠨ ᠦᠪᠡᠷᠮᠢᠴᠠ ᠨᠠᠷᠢᠨ ᠲᠦᠷᠢᠮ ᠶᠢ ᠲᠤᠳᠤᠷᠬᠠᠢ ᠪᠤᠯᠭᠠᠵᠦ᠂ ᠵᠢᠯ ᠤᠨ ᠶᠡᠷᠤᠩᠬᠡᠶᠢᠯᠡᠭᠰᠡᠨ ᠰᠢᠯᠭᠠᠨ ᠬᠢᠨᠠᠭᠰᠠᠨ ᠦᠷ᠎ᠡ ᠳ᠋ᠦᠩ ᠢ ᠶᠡᠷᠤ ᠳᠡᠭᠡᠨ ᠰᠠᠶᠢᠨ᠂ ᠨᠡᠯᠢᠶᠡᠳ ᠰᠠᠶᠢᠨ᠂ ᠡᠩ ᠤᠨ᠂ ᠡᠨᠠᠢ ᠵᠡᠷᠭᠡ 4 ᠲᠦᠷᠤᠯ ᠬᠤᠪᠢᠶᠠᠵᠦ᠂ ᠰᠢᠯᠭᠠᠨ ᠬᠢᠨᠠᠭᠰᠠᠨ ᠦᠷ᠎ᠡ ᠳ᠋ᠦᠩ ᠢ ᠴᠠᠭ ᠲᠤᠨᠢ ᠲᠤᠬᠢᠷᠠᠭᠤᠯᠤᠨ ᠵᠠᠷᠯᠠᠨ ᠮᠡᠳᠡᠭᠳᠡᠨ᠎ᠡ᠂ ᠦᠳᠤᠰᠤᠨ ᠱᠠᠳᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠳᠤᠮᠳᠠ ᠬᠢᠨᠠᠨ ᠰᠢᠯᠭᠠᠭᠰᠠᠨ ᠦᠷ᠎ᠡ ᠳ᠋ᠦᠩ ᠳᠤ ᠪᠠᠷᠤᠭᠲᠠᠢ ᠪᠦᠭᠡᠳ ᠲᠤᠪᠤᠶᠢᠮ᠎ᠠ ᠠᠰᠠᠭᠤᠳᠠᠯ ᠤᠷᠤᠰᠢᠵᠦ ᠪᠠᠶᠢᠭ᠎ᠠ ᠨᠠᠮ ᠤᠨ ᠵᠤᠬᠢᠶᠠᠨ ᠪᠠᠶᠢᠭᠤᠯᠤᠯᠲᠠ ᠵᠢᠴᠢ ᠲᠡᠭᠦᠨ ᠤᠨ ᠭᠤᠤᠯ ᠬᠠᠷᠢᠭᠤᠴᠠᠯᠭᠠᠲᠡᠨ ᠯᠤᠭ᠎ᠠ ᠪᠤᠯᠵᠤᠨ ᠶᠠᠷᠢᠯᠴᠠᠬᠤ ᠶᠢᠨ ᠬᠠᠮᠳᠤ ᠬᠢᠨᠠᠨ ᠰᠢᠯᠭᠠᠭᠰᠠᠨ ᠦᠷ᠎ᠡ ᠳ᠋ᠦᠩ ᠢᠶᠠᠷ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠱᠦᠵᠢ ᠪᠤᠯᠤᠨ ᠨᠠᠮ ᠤᠨ ᠭᠡᠰᠢᠭᠦᠨ ᠺᠠᠳ᠋ᠷᠴᠦᠳ ᠤᠨ ᠵᠢᠯ ᠤᠨ ᠬᠢᠨᠠᠨ ᠰᠢᠯᠭᠠᠯᠲᠠ᠂ ᠠᠵᠢᠯ ᠤᠨ ᠠᠮᠵᠢᠯᠲᠡ ᠪᠦᠳᠤᠮᠵᠢ ᠶᠢ ᠰᠢᠯᠭᠠᠨ ᠬᠢᠨᠠᠬᠤ᠂ ᠺᠠᠳ᠋ᠷ ᠢ ᠲᠤᠬᠢᠷᠠᠭᠤᠯᠬᠤ ᠶᠢᠨ ᠴᠢᠬᠤᠯᠠ ᠦᠨᠳᠤᠰᠦ ᠪᠠᠷᠢᠮᠲᠠ ᠪᠤᠯᠭᠠᠵᠦ᠂ ᠬᠠᠷᠢᠭᠤᠴᠠᠯᠭ᠎ᠠ ᠨᠡᠬᠡᠮᠵᠢᠯᠡᠬᠦ᠂ ᠦᠷ᠎ᠡ ᠳ᠋ᠦᠩ ᠠᠰᠠᠭᠤᠬᠤ ᠲᠤᠭᠳᠠᠴᠠ  ᠶᠢ ᠪᠠᠶᠢᠭᠤᠯᠤᠨ᠎ᠠ᠃      ᠬᠠᠮᠳᠤ ᠳᠤᠨᠢ ᠵᠤᠬᠢᠬᠤ ᠲᠤᠭᠠᠨ ᠤ ᠦᠨᠳᠤᠰᠦᠨ ᠱᠠᠳᠤᠨ ᠤ ᠰᠢᠯᠢᠳᠡᠭ ᠨᠠᠮ ᠤᠨ ᠵᠤᠬᠢᠶᠠᠨ ᠪᠠᠶᠢᠭᠤᠯᠤᠯᠲᠠ ᠪᠠ ᠨᠠᠮ ᠤᠨ ᠵᠤᠬᠢᠶᠠᠨ ᠪᠠᠶᠢᠭᠤᠯᠤᠯᠲᠠ ᠶᠢᠨ ᠱᠦᠵᠢ ᠶᠢ ᠴᠠᠭ ᠲᠤᠨᠢ ᠲᠤᠬᠢᠷᠠᠭᠤᠯᠤᠨ ᠬᠦᠬᠢᠭᠦᠯᠦᠨ ᠰᠠᠶᠢᠰᠢᠶᠠᠵᠦ᠂ ᠬᠦᠬᠢᠭᠦᠯᠤᠨ ᠱᠠᠩᠨᠠᠬᠤ ᠪᠤᠶᠤ ᠱᠠᠩᠨᠠᠬᠤ ᠪᠠᠷ ᠲᠤᠰᠠᠯᠠᠬᠤ ᠶᠢ ᠤᠷᠤᠭᠤᠯᠵᠦ᠂ ᠰᠢᠯᠢᠳᠡᠭ ᠨᠠᠮ ᠤᠨ ᠵᠤᠬᠢᠶᠠᠨ ᠪᠠᠶᠢᠭᠤᠯᠤᠯᠲᠠ ᠶᠢᠨ ᠲᠤᠷᠰᠢᠯᠭ᠎ᠠ ᠪᠠ ᠠᠷᠭ᠎ᠠ ᠬᠢᠳᠠᠯ ᠢ ᠢᠳᠡᠪᠬᠢᠲᠠᠢ ᠳᠡᠯᠭᠡᠷᠡᠭᠦᠯᠵᠦ᠂ ᠦᠨᠳᠤᠰᠦᠨ ᠱᠠᠳᠤᠨ ᠤ ᠨᠠᠮ  ᠤᠨ ᠪᠠᠶᠢᠭᠤᠯᠤᠯᠲᠠ ᠶᠢᠨ ᠰᠢᠯᠭᠠᠨ ᠦᠨᠡᠯᠡᠬᠦ ᠠᠵᠢᠯ ᠢ ᠯᠠᠪᠳᠠᠭᠤᠨ ᠪᠠᠳᠤᠳᠠᠢ ᠠᠬᠢᠭᠤᠯᠤᠨ᠎ᠠ᠃
 
ᠢᠷᠡᠯᠲᠡ᠄ ᠬᠠᠶᠢᠷᠤᠪ ᠤᠨ ᠲᠤᠬᠤᠢ ᠲᠤᠭᠤᠷᠢᠭ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号