ᠠᠯᠲᠠᠨ ᠰᠢᠷᠭᠠᠯ ᠡᠯᠡᠰᠤᠨ ᠲᠤᠬᠤᠢ
ᠨᠡᠶᠢᠲᠡᠯᠡᠭᠰᠡᠨ ᠴᠠᠭ᠄
2018/12/10
     ᠠᠯᠲᠠᠨ ᠰᠢᠷᠭᠠᠯ ᠡᠯᠡᠰᠤᠨ ᠲᠤᠬᠤᠢ ᠠᠮᠢ ᠠᠬᠤᠢ ᠶᠢᠨ ᠵᠤᠭᠠᠴᠠᠯ ᠤᠨ ᠤᠷᠤᠨ 2002 ᠤᠨ ᠤ 4 ᠳ᠋ᠤᠭᠡᠷ ᠰᠠᠷ᠎ᠠ ᠳᠤ ᠪᠠᠶᠢᠭᠤᠯᠤᠭᠳᠠᠵᠦ᠂ 2012 ᠤᠨ ᠤ ᠵᠢᠯ ᠤᠨ ᠰᠡᠭᠦᠯᠴᠢ ᠳᠤ ᠤᠯᠤᠰ ᠤᠨ 4A ᠳᠡᠰ ᠤᠨ ᠵᠢᠭᠤᠯᠴᠢᠯᠠᠯ  ᠤᠨ ᠦᠵᠡᠮᠵᠢ ᠶᠢᠨ ᠤᠷᠤᠨ ᠢᠶᠠᠷ ᠦᠨᠡᠯᠡᠭᠳᠡᠪᠡ᠃ ᠬᠠᠶᠢᠷᠤᠪ ᠤᠨ ᠲᠤᠬᠤᠢ ᠲᠤᠭᠤᠷᠢᠭ ᠤᠨ ᠬᠤᠶᠢᠨ᠎ᠠ 11 ᠺᠢᠯᠤᠮᠧᠲᠷ ᠳᠤ ᠪᠠᠶᠢᠷᠢᠯᠠᠵᠦ ᠪᠤᠢ᠂ 3.5 ᠲᠦᠮᠡᠨ ᠮᠤ᠋ ᠭᠠᠵᠠᠷ ᠡᠵᠡᠯᠡᠵᠦ᠂ ᠦᠬᠠᠢ ᠶᠢᠨ ᠨᠢᠰᠭᠡᠯ ᠤᠨ ᠪᠠᠭᠤᠳᠠᠯ ᠠᠴᠠ ᠵᠦᠪᠬᠡᠨ 3 ᠺᠢᠯᠤᠮᠧᠲᠷ ᠵᠠᠶᠢᠲᠠᠢ᠃ ᠡᠯᠡᠰᠤᠨ ᠲᠤᠬᠤᠢ ᠲᠤᠳᠤᠷ᠎ᠠ ᠡᠮᠦᠨ᠎ᠡ ᠤᠮᠠᠷ᠎ᠠ ᠬᠤᠶᠠᠷ ᠡᠯᠡᠰᠤᠨ ᠠᠭᠤᠯᠠ ᠨᠢ ᠬᠠᠷᠢᠯᠴᠠᠨ ᠪᠠᠷᠠᠯᠠᠵᠦ᠂ ᠶᠠᠭ ᠯᠤᠤ ᠴᠠᠭᠠᠷᠢᠭᠯᠠᠨ ᠪᠠᠷᠰ ᠤᠴᠤᠶᠢᠬᠤ ᠮᠡᠳᠤ᠃ ᠵᠡᠭᠦᠨ ᠬᠡᠰᠡᠭ ᠤᠨ ᠡᠯᠡᠰᠤᠨ ᠠᠭᠤᠯᠠ ᠬᠠᠮᠤᠭ ᠦᠨᠳᠤᠷ ᠭᠠᠵᠠᠷ ᠨᠢ156 ᠮᠧᠲᠷ ᠳᠤ ᠬᠦᠷᠴᠦ᠂ ᠡᠯᠡᠰᠤᠨ ᠠᠭᠤᠯᠠ᠂ ᠡᠯᠡᠰᠤᠨ ᠬᠤᠳᠤᠭᠤᠷ ᠤᠨ ᠬᠡᠯᠪᠡᠷᠢ  ᠨᠢ ᠪᠤᠳᠤᠯᠢᠶᠠᠨᠲᠠᠢ᠂ ᠡᠯᠡᠰᠤ᠂ ᠠᠭᠤᠯᠠ᠂ ᠤᠰᠤ ᠨᠢᠭᠡ ᠴᠤᠭᠴᠠ ᠪᠤᠯᠭᠠᠭᠰᠡᠨ ᠲᠤᠮᠦ ᠬᠡᠯᠪᠡᠷᠢ ᠶᠢᠨ ᠠᠮᠢ ᠠᠬᠤᠢ ᠶᠢᠨ ᠵᠤᠭᠠᠴᠠᠯ ᠤᠨ ᠤᠷᠤᠨ᠃      ᠵᠤᠭᠠᠴᠠᠯ ᠤᠨ ᠤᠷᠤᠨ ᠤ ᠪᠦᠳᠤᠭᠡᠨ ᠪᠠᠶᠢᠭᠤᠯᠤᠯᠲᠡ ᠶᠢᠨ ᠬᠠᠷᠠᠯᠲᠡ ᠪᠤᠯ ᠡᠯᠡᠰᠦ᠂ ᠠᠭᠤᠯᠠ᠂ ᠤᠰᠤ᠂ ᠤᠢ ᠰᠢᠭᠤᠢ᠂ ᠠᠮᠢ ᠠᠬᠤᠢ ᠶᠢᠨ ᠵᠠᠰᠠᠯᠲᠠ᠂ ᠰᠡᠯᠡᠭᠦᠴᠡᠯ ᠤᠨ ᠪᠡᠶᠡᠴᠢ ᠤᠶᠢᠯᠠᠭᠠᠯᠲᠡ᠂ ᠵᠠᠩ ᠦᠢᠯᠡ ᠶᠢᠨ ᠦᠵᠡᠭᠦᠯᠦᠯᠭᠡ᠂ ᠬᠡᠬᠡᠷ᠎ᠡ ᠶᠢᠨ ᠠᠮᠢᠳᠠᠨ ᠤᠷᠭᠤᠮᠠᠯ ᠤᠨ ᠰᠤᠳᠤᠯᠤᠯ᠂ ᠬᠦᠳᠡᠭᠡ ᠠᠶᠢᠯ ᠤᠨ ᠬᠤᠭᠤᠯᠠ ᠤᠮᠳᠠ᠂ ᠲᠠᠷᠢᠵᠦ ᠲᠡᠵᠢᠭᠡᠬᠦ ᠶᠢᠨ ᠵᠢᠱᠢᠶ᠎ᠡ ᠦᠵᠡᠭᠦᠯᠬᠦ ᠪᠤᠯᠤᠨ ᠲᠤᠭᠤᠷᠢᠨ ᠦᠵᠡᠬᠦ ᠵᠤᠭᠠᠴᠠᠯ ᠢ ᠨᠢᠭᠡ ᠴᠤᠭᠴᠠᠵᠢᠭᠤᠯᠤᠭᠰᠡᠨ ᠲᠤᠮᠦ ᠬᠡᠯᠪᠡᠷᠢ ᠶᠢᠨ ᠠᠮᠢ ᠠᠬᠤᠢ ᠶᠢᠨ ᠵᠤᠭᠠᠴᠠᠯ ᠤᠨ ᠤᠷᠤᠨ᠃ ᠤᠳᠤ ᠨᠢᠭᠡᠨᠲᠡ ᠪᠠᠶᠢᠭᠤᠯᠵᠦ ᠳᠠᠭᠤᠰᠤᠭᠰᠡᠨ ᠤᠨᠴᠠᠯᠢᠭ ᠪᠦᠬᠦᠢ ᠢᠳᠡᠭᠡᠨ ᠤᠮᠳᠠᠭᠠᠨ ᠤ ᠰᠤᠶᠤᠯ ᠤᠨ ᠰᠤᠯᠠ ᠰᠡᠯᠡᠭᠦᠤ ᠠᠮᠠᠷᠠᠯᠲᠠ ᠶᠢᠨ ᠤᠷᠤᠨ᠂ ᠦᠵᠤᠮ ᠤᠨ ᠬᠦᠷᠢᠶᠡᠯᠡᠩ ᠲᠤᠭᠤᠷᠢᠨ ᠦᠵᠡᠬᠦ᠂ ᠲᠡᠭᠦᠭᠦ ᠤᠷᠤᠨ᠂ ᠡᠯᠡᠰᠤᠨ ᠴᠦᠯ ᠰᠡᠯᠡᠭᠦᠴᠡᠯ ᠵᠤᠭ᠎ᠠ ᠴᠡᠩᠬᠡᠯ ᠤᠨ ᠤᠷᠤᠨ᠂ ᠦᠵᠡᠮᠤᠷᠢ ᠶᠢᠨ ᠡᠪᠡᠰᠦ ᠮᠤᠳᠤ ᠴᠡᠴᠡᠭ ᠲᠠᠷᠢᠬᠤ ᠰᠠᠭᠤᠷᠢᠨ ᠭᠠᠵᠠᠷ ᠵᠡᠷᠭᠡ5 ᠶᠡᠭᠡ ᠴᠢᠳᠠᠮᠵᠢᠳᠤ ᠤᠷᠤᠨ ᠪᠠᠶᠢᠨ᠎ᠠ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号