ᠯᠦᠩ ᠶᠢᠤ ᠸᠠᠨ ᠨᠤᠭᠤ ᠭᠠᠵᠠᠷ ᠤᠨ ᠴᠡᠴᠡᠷᠯᠢᠭ
ᠨᠡᠶᠢᠲᠡᠯᠡᠭᠰᠡᠨ ᠴᠠᠭ᠄
2018/12/10
     ᠯᠦᠩ ᠶᠢᠤ ᠸᠠᠨ ᠨᠤᠭᠤ ᠭᠠᠵᠠᠷ ᠤᠨ ᠴᠡᠴᠡᠷᠯᠢᠭ ᠦᠬᠠᠢ ᠬᠤᠲᠡ ᠶᠢᠨ ᠲᠤᠭᠤᠷᠢᠭ ᠤᠨ ᠪᠠᠷᠠᠭᠤᠨ ᠬᠡᠰᠡᠭ  ᠳᠤ ᠪᠠᠶᠢᠷᠢᠯᠠᠵᠦ᠂ ᠬᠠᠶᠢᠷᠤᠪ ᠤᠨ ᠲᠤᠬᠤᠢ ᠲᠤᠭᠤᠷᠢᠭ ᠲᠠᠢ ᠨᠢᠭᠤᠷᠯᠠᠵᠦ᠂ ᠵᠡᠭᠦᠨ ᠲᠠᠯ᠎ᠠ ᠳᠠᠭᠠᠨ 110 ᠤᠯᠤᠰ ᠤᠨ ᠵᠠᠮ᠂ ᠪᠤᠤ ᠯᠠᠨ ᠲᠡᠮᠤᠷ ᠵᠠᠮ ᠪᠤᠯᠤᠨ ᠵᠢᠩ ᠽᠠᠩ ᠦᠨᠳᠤᠷ ᠬᠤᠷᠳᠤᠴᠠᠳᠤ ᠵᠠᠮ ᠲᠠᠢ ᠲᠦᠰᠢᠯᠴᠠᠵᠦ᠂ ᠵᠤᠰᠤᠳᠤ ᠶᠢᠨ ᠠᠭᠤᠯᠠ ᠲᠠᠢ ᠤᠶᠢᠷᠠᠳᠤᠨ᠂ ᠪᠠᠷᠠᠭᠤᠨᠰᠢ ᠬᠠᠳᠤᠨ ᠭᠤᠣᠯ ᠪᠤᠯᠤᠨ ᠤᠯᠠᠭᠠᠨᠪᠤᠬ᠎ᠠ ᠡᠯᠡᠰᠦᠨ ᠴᠦᠯ ᠲᠠᠢ ᠵᠠᠯᠭᠠᠯᠳᠤᠵᠠᠢ᠃ ᠨᠤᠭᠤ ᠭᠠᠵᠠᠷ ᠤᠨ ᠴᠡᠴᠡᠷᠯᠢᠭ ᠡᠮᠦᠨ᠎ᠡ ᠬᠤᠶᠢᠨ᠎ᠠ ᠴᠢᠭᠯᠡᠯ ᠲᠠᠢ᠂ ᠡᠮᠦᠨ᠎ᠡ ᠬᠤᠶᠢᠨ᠎ᠠ ᠪᠦᠬᠦ ᠤᠷᠳᠤ ᠨᠢ ᠪᠠᠷᠤᠭ 7800 ᠮᠧᠲᠷ᠂ ᠬᠠᠮᠤᠭ ᠦᠷᠭᠡᠨ ᠭᠠᠵᠠᠷ ᠳᠠᠭᠠᠨ 2530 ᠮᠧᠲᠷ᠂ ᠬᠠᠮᠤᠭ ᠢᠪᠴᠤᠤ ᠭᠠᠵᠠᠷ ᠳᠠᠭᠠᠨ 630 ᠮᠧᠲᠷ᠂ ᠶᠡᠷᠤᠩᠬᠡᠢ ᠲᠠᠯᠠᠪᠠᠢ ᠨᠢ 11 km2᠂ ᠤᠰᠤᠨ ᠤᠷᠤᠨ ᠤ ᠲᠠᠯᠠᠪᠠᠢ ᠨᠢ 6.8 km2 ︵ᠬᠠᠭᠰᠠᠷᠠᠭ᠎ᠠ ᠬᠤᠭᠤᠴᠠᠭ᠎ᠠ︶᠂ ᠤᠷᠭᠤᠮᠡᠯ ᠤᠨ ᠬᠤᠴᠢᠯᠭ᠎ᠠ ᠶᠢᠨ ᠨᠤᠷᠮ᠎ᠠ ᠨᠢ 90% ᠠᠴᠠ ᠳᠡᠭᠡᠭᠰᠢ ᠪᠠᠶᠢᠵᠦ᠂ ᠬᠠᠳᠤᠨ ᠭᠤᠤᠯ  ᠤᠨ ᠤᠰᠤᠨ ᠤ ᠨᠡᠪᠴᠢᠯᠲᠡ ᠠᠴᠠ ᠪᠤᠢ ᠪᠤᠯᠵᠦ᠂ ᠶᠡᠷᠤᠩᠬᠡᠢ ᠲᠠᠯᠠᠪᠠᠢ ᠨᠢ 1.6 ᠲᠦᠮᠡᠨ ᠮᠤ᠋᠃      ᠯᠦᠩ ᠶᠢᠤ ᠸᠠᠨ ᠨᠤᠭᠤ ᠭᠠᠵᠠᠷ ᠪᠤᠯ ᠬᠤᠪᠤᠷ ᠴᠤᠬᠠᠭ ᠬᠤᠲᠡ ᠶᠢᠨ ᠳᠤᠮᠳᠠᠬᠢ ᠡᠭᠦᠰᠦᠮᠡᠯ ᠨᠤᠶᠢᠲᠡᠨ ᠭᠠᠵᠠᠷ᠂ ᠠᠳᠡ ᠠᠮᠢ ᠠᠬᠤᠢ ᠶᠢᠨ ᠡᠬᠢ ᠪᠠᠶᠠᠯᠢᠭ ᠡᠯᠪᠡᠭ ᠳᠡᠯᠪᠡᠭ᠂ ᠶᠡᠭᠡ ᠪᠠᠭ᠎ᠠ ᠨᠤᠭᠤᠭᠠᠨ ᠪᠦᠷᠢᠳᠤ ᠪᠠ ᠡᠯᠡᠰᠦᠨ ᠴᠦᠯ ᠬᠠᠷᠢᠯᠴᠠᠨ ᠭᠠᠶᠢᠬᠠᠮᠰᠢᠭᠳᠤ ᠵᠤᠬᠢᠴᠠᠯᠳᠤᠵᠦ᠂ ᠤᠰᠤ ᠬᠦᠷᠦᠰᠦ ᠬᠤᠯᠪᠤᠯᠳᠤᠨ᠂ ᠤᠷᠳᠤ ᠮᠦᠷᠡᠨ ᠤ ᠤᠯᠠᠪᠢᠷ ᠲᠤᠶᠠᠭ᠎ᠠ᠂ ᠡᠵᠡᠭᠦᠢ ᠡᠯᠡᠰᠤᠨ ᠤ ᠦᠨᠢᠶᠡᠷ ᠬᠦᠳᠡᠩ ᠵᠡᠷᠭᠡ ᠤᠤᠯ ᠤᠨ ᠤᠷᠴᠢᠨ ᠠᠬᠤᠢ ᠶᠢᠨ ᠦᠪᠡᠷᠮᠢᠴᠡ ᠦᠵᠡᠮᠵᠢ  ᠶᠢ ᠪᠦᠷᠢᠯᠳᠤᠭᠦᠯᠵᠠᠢ᠃      ᠯᠦᠩ ᠶᠢᠤ ᠸᠠᠨ ᠨᠤᠭᠤ ᠭᠠᠵᠠᠷ ᠤᠨ ᠴᠡᠴᠡᠷᠯᠢᠭ ᠪᠤᠯ ᠦᠬᠠᠢ ᠬᠤᠲᠡ ᠶᠢᠨ ᠭᠤᠤᠯᠳᠠᠯᠭ᠎ᠠ ᠲᠠᠢ ᠪᠦᠲᠤᠭᠡᠨ ᠪᠠᠶᠢᠭᠤᠯᠤᠯᠲᠡ ᠶᠢᠨ ᠲᠦᠷᠦᠯ ᠵᠦᠢᠯ ᠪᠤᠯᠤᠨ᠎ᠠ᠂ ᠯᠦᠩ ᠶᠢᠤ ᠸᠠᠨ ᠨᠤᠭᠤ ᠭᠠᠵᠠᠷ ᠤᠨ ᠴᠡᠴᠡᠷᠯᠢᠭ ᠤᠨ ᠪᠦᠲᠤᠭᠡᠨ ᠪᠠᠶᠢᠭᠤᠯᠤᠯᠲᠡ ᠶᠢᠨ ᠤᠷᠤᠨ ᠢ ᠨᠡᠶᠢᠲᠡ 5 ᠬᠡᠰᠡᠭ ᠪᠤᠯᠭᠠᠨ ᠪᠠᠶᠢᠭᠤᠯᠤᠨ᠎ᠠ᠂ ᠲᠤᠰᠪᠦᠷᠢ ᠰᠡᠷᠭᠦᠭᠡᠨ ᠳᠠᠬᠢᠨ ᠪᠠᠶᠢᠭᠤᠯᠬᠤ ᠤᠷᠤᠨ᠂ ᠨᠤᠶᠢᠲᠡᠨ ᠭᠠᠵᠠᠷ ᠤᠨ ᠬᠠᠳᠠᠭᠠᠯᠠᠮᠵᠢ ᠶᠢᠨ ᠤᠷᠤᠨ᠂ ᠵᠦᠢ ᠵᠤᠬᠢᠰᠲᠠᠢ ᠠᠰᠢᠭᠯᠠᠬᠤ ᠤᠷᠤᠨ᠂ ᠰᠤᠷᠳᠠᠯ ᠤᠬᠠᠭᠤᠯᠭ᠎ᠠ ᠰᠤᠷᠭᠠᠨ ᠬᠦᠮᠦᠵᠢᠯ ᠤᠨ ᠳᠡᠯᠭᠡᠨ ᠦᠵᠡᠭᠦᠯᠬᠦ ᠤᠷᠤᠨ᠂ ᠨᠤᠭᠤ ᠭᠠᠵᠠᠷ ᠤᠨ ᠬᠠᠮᠠᠭᠠᠯᠠᠯᠲᠠ  ᠶᠢᠨ ᠤᠷᠤᠨ ᠪᠤᠯᠤᠨ᠎ᠠ᠃ 2013 ᠤᠨ ᠤ 4 ᠳ᠋ᠤᠭᠡᠷ ᠰᠠᠷ᠎ᠠ ᠶᠢᠨ 19 ᠤ ᠡᠳᠤᠷ ᠬᠤᠲᠡ ᠶᠢᠨ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ ᠠᠴᠠ ᠲᠤᠰ ᠲᠦᠷᠦᠯ ᠵᠦᠢᠯ ᠳᠤ ᠴᠤᠬᠤᠯᠠᠪᠦᠷᠢᠯᠠᠨ ᠲᠦᠰᠤᠯ ᠲᠤᠭᠳᠠᠭᠠᠵᠦ᠂ 2013 ᠤᠨ ᠤ 6 ᠳ᠋ᠤᠭᠠᠷ ᠰᠠᠷ᠎ᠠ ᠶᠢᠨ 26 ᠤ ᠡᠳᠤᠷ ᠠᠴᠠ ᠡᠬᠢᠯᠡᠨ ᠵᠢᠩᠬᠢᠨᠢ ᠪᠠᠷ ᠠᠵᠢᠯ ᠡᠬᠢᠯᠡᠭᠦᠯᠦᠨ ᠪᠦᠳᠤᠭᠡᠨ ᠪᠠᠶᠢᠭᠤᠯᠵᠠᠢ᠃      ᠭᠦᠭᠵᠢᠯᠲᠡ ᠶᠢᠨ ᠬᠠᠨᠳᠤᠰᠢ ᠪᠠ ᠪᠠᠶᠢᠷᠢᠰᠢᠭᠤᠯᠤᠯᠲᠠ᠄ ᠠᠮᠢ ᠠᠬᠤᠢ ᠶᠢᠨ ᠬᠠᠮᠠᠭᠠᠯᠠᠯᠲᠠ᠂ ᠬᠤᠳᠠᠯᠳᠤᠭᠠᠨ ᠤ ᠶᠠᠪᠤᠳᠠᠯ ᠤᠨ ᠰᠡᠯᠡᠭᠦᠴᠡᠯ ᠪᠤᠯᠤᠨ ᠡᠯᠡᠰᠤᠨ ᠴᠦᠯ ᠳᠠᠬᠢ ᠨᠤᠭᠤᠭᠠᠨ ᠪᠦᠷᠢᠳᠤ ᠪᠠᠷ ᠭᠤᠤᠯ ᠰᠡᠳᠤᠪ ᠪᠤᠯᠭᠠᠨ᠂ 110 ᠤᠯᠤᠰ ᠤᠨ ᠵᠠᠮ ᠳᠠᠭᠠᠤ ᠦᠵᠡᠮᠵᠢ ᠶᠢᠨ ᠪᠦᠰᠡ᠂ ᠬᠠᠳᠤᠨ ᠭᠤᠤᠯ ᠳᠠᠭᠠᠤ ᠤᠨᠴᠠᠯᠢᠭ ᠪᠦᠬᠦᠢ ᠠᠮᠠᠷᠠᠬᠤ ᠡᠷᠬᠢ ᠬᠠᠰᠢᠯᠭ᠎ᠠ ᠬᠠᠮᠠᠭᠠᠯᠠᠬᠤ ᠪᠦᠰᠡ᠂ ᠠᠩᠬᠠᠨ ᠤ ᠠᠮᠢ ᠠᠬᠤᠢ ᠶᠢᠨ ᠨᠤᠭᠤ ᠭᠠᠵᠠᠷ ᠢ ᠭᠤᠤᠯ ᠬᠠᠮᠠᠭᠠᠯᠠᠬᠤ ᠤᠷᠤᠨ᠂ ᠬᠦᠳᠡᠭᠡ ᠬᠡᠬᠡᠷ᠎ᠡ ᠶᠢᠨ ᠦᠵᠡᠮᠵᠢ ᠶᠢ ᠪᠡᠶ᠎ᠡ ᠪᠠᠷ ᠢᠶᠠᠨ ᠤᠶᠢᠯᠠᠭᠠᠬᠤ ᠤᠷᠤᠨ᠂ ᠨᠤᠭᠤ ᠭᠠᠵᠠᠷ ᠤᠨ ᠰᠤᠯᠠ ᠰᠡᠯᠡᠭᠦᠤ ᠠᠮᠠᠷᠠᠯᠲᠠ ᠶᠢᠨ ᠤᠷᠤᠨ᠂ ᠤᠷᠠᠯᠢᠭ ᠤᠨ ᠰᠠᠭᠤᠷᠢᠰᠢᠯ ᠤᠨ ᠤᠷᠤᠨ ᠪᠠ ᠬᠤᠳᠠᠯᠳᠤᠭᠠᠨ ᠤ ᠠᠮᠠᠷᠠᠯᠲᠠ ᠶᠢᠨ ᠤᠷᠤᠨ ᠵᠡᠷᠭᠡ ᠶᠢ ᠭᠤᠤᠯᠳᠠᠯᠭ᠎ᠠ ᠲᠠᠢ ᠨᠡᠬᠡᠬᠡᠨ ᠬᠦᠭᠵᠢᠭᠦᠯᠵᠦ᠂ ᠪᠦᠬᠦᠯᠢ ᠴᠤᠭᠴᠠ ᠶᠢᠨ ᠲᠦᠷᠦᠯ ᠵᠦᠢᠯ ᠢ ᠬᠤᠲᠡ ᠠᠴᠠ ᠪᠠᠶᠢᠭᠠᠯᠢ ᠶᠢᠨ ᠲᠠᠷᠬᠠᠯᠲᠠ ᠵᠦᠭ ᠰᠢᠯᠵᠢᠬᠦ ᠶᠠᠪᠤᠴᠠ ᠶᠢᠨ ᠶᠤᠰᠤᠭᠠᠷ ᠪᠦᠲᠦᠭᠡᠨ ᠪᠠᠶᠢᠭᠤᠯᠵᠦ᠂ ᠠᠮᠢ ᠠᠬᠤᠢ ᠶᠢᠨ ᠬᠠᠮᠠᠭᠠᠯᠠᠯᠲᠠ᠂ ᠬᠤᠳᠠᠯᠳᠤᠭᠠᠨ ᠤ ᠶᠠᠪᠤᠳᠠᠯ ᠤᠨ ᠰᠡᠯᠡᠭᠦᠴᠡᠯ ᠪᠤᠯᠤᠨ ᠡᠯᠡᠰᠤᠨ ᠴᠦᠯ ᠳᠠᠬᠢ ᠨᠤᠭᠤᠭᠠᠨ ᠪᠦᠷᠢᠳᠤ ᠪᠠᠷ ᠭᠤᠤᠯ ᠰᠡᠳᠤᠪ ᠪᠤᠯᠭᠠᠨ᠂ ᠤᠯᠤᠰ ᠤᠨ ᠠᠮᠢ ᠠᠬᠤᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠤᠷᠤᠨ ᠢ ᠢᠳᠡᠪᠬᠢᠲᠠᠢ ᠡᠭᠦᠳᠤᠨ᠎ᠡ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号