ᠦᠬᠠᠢ ᠨᠠᠭᠤᠷ ᠤᠨ ᠵᠢᠭᠤᠯᠴᠢᠯᠠᠯ ᠤᠨ ᠤᠷᠤᠨ
ᠨᠡᠶᠢᠲᠡᠯᠡᠭᠰᠡᠨ ᠴᠠᠭ᠄
2018/12/10
     ᠦᠬᠠᠢ ᠨᠠᠠᠭᠤᠷ ᠤᠨ ᠠᠮᠢ ᠠᠬᠤᠢ ᠶᠢᠨ ᠵᠢᠭᠤᠯᠴᠢᠯᠠᠯ ᠤᠨ ᠣᠷᠣᠨ ᠨᠢ ᠬᠠᠲᠤᠨ ᠭᠤᠤᠯ ᠤᠨ ᠬᠠᠶᠢᠷᠣᠪ ᠤᠨ ᠲᠤᠬᠤᠢ ᠶᠢᠨ ᠤᠰᠤᠨ ᠠᠰᠢᠭᠯᠠᠯᠳᠠ ᠶᠢᠨ ᠬᠦᠢᠰᠦ ᠪᠠᠷᠢᠯᠭ᠎ᠠ ᠪᠠᠶᠢᠭᠤᠯᠤᠭᠳᠠᠭᠰᠠᠨ ᠤ ᠰᠡᠭᠦᠯᠡᠷ ᠪᠦᠷᠢᠯᠳᠦᠭᠰᠡᠨ 118 ᠲᠡᠭᠰᠢ ᠲᠦᠷᠪᠡᠯᠵᠢᠨ ᠺᠢᠯᠤᠮᠧᠲᠷ ᠨᠠᠭᠤᠷ ᠣᠰᠣ ᠵᠢᠴᠢ ᠨᠠᠭᠤᠷ ᠤᠨ ᠡᠷᠭᠢᠨ ᠲᠤᠭᠤᠷᠢᠨ ᠤ ᠤᠷᠤᠨ ᠬᠡᠪᠴᠢᠶ᠎ᠡ  ᠶᠢ ᠵᠢᠭᠠᠨ᠎ᠠ᠂ ᠬᠠᠲᠤᠨ ᠭᠤᠤᠯ ᠦᠬᠠᠢ ᠬᠤᠳᠠ ᠶᠢᠨ ᠪᠦᠬᠦ ᠬᠢᠵᠠᠭᠠᠷ ᠢᠶᠠᠷ ᠦᠩᠭᠡᠷᠡᠵᠦ᠂ ᠦᠬᠠᠢ ᠨᠠᠭᠤᠷ ᠨᠢ ᠭᠠᠨᠳᠠᠷᠢ ᠠᠭᠤᠪᠯᠠᠨ ᠤ ᠠᠮᠢ ᠠᠬᠤᠪᠢ ᠶᠢᠨ ᠪᠤᠯᠪᠠᠰᠣᠨ ᠦᠵᠡᠮᠵᠢ ᠶᠢᠨ ᠤᠷᠤᠨ ᠯᠤᠭ᠎ᠠ ᠬᠠᠷᠢᠯᠴᠠᠨ ᠪᠠᠷᠠᠭᠠᠯᠠᠵᠤ᠂ ᠤᠰᠤ ᠡᠯᠡᠰᠦ ᠨᠡᠶᠢᠴᠡᠯᠴᠡᠵᠦ᠂ ᠠᠭᠤᠯᠠ ᠤᠰᠤ ᠵᠠᠯᠭᠠᠯᠳᠣᠭᠰᠠᠨ ᠰᠦᠷᠯᠢᠭ ᠰᠠᠶᠢᠬᠠᠨ ᠦᠵᠡᠮᠵᠢ ᠶᠢᠨ ᠤᠷᠤᠨ ᠢ ᠪᠤᠢ ᠪᠤᠯᠭᠠᠭᠰᠠᠨ ᠶᠤᠮ᠃ ᠠᠮᠢ ᠠᠬᠤᠢ ᠶᠢᠨ ᠵᠢᠭᠤᠯᠴᠢᠯᠠᠯ ᠤᠨ ᠣᠷᠣᠨ ᠳᠤ ᠰᠦᠷᠦᠭ ᠠᠭᠤᠯᠠ ᠰᠦᠨᠳᠡᠷᠯᠡᠨ᠂ ᠨᠠᠭᠤᠷ ᠴᠦᠬᠦᠷᠦᠮ ᠲᠦᠭᠡᠭᠰᠡᠨ ᠡᠯᠪᠡᠭ ᠪᠠᠶᠠᠯᠢᠭ ᠪᠠᠶᠢᠭᠠᠯᠢ ᠶᠢᠨ ᠡᠭᠢ ᠪᠠᠶᠠᠯᠢᠭ ᠢᠶᠠᠷ ᠢᠶᠠᠨ ᠬᠠᠳᠣᠨ ᠭᠤᠤᠯ ᠤᠨ ᠬᠤᠶᠠᠷ ᠡᠷᠬᠢ ᠳᠤ ᠨᠠᠭᠤᠷ ᠴᠦᠭᠦᠷᠦᠮ᠂ ᠠᠷᠠᠯ ᠬᠤᠶᠢᠭ᠂ ᠡᠯᠡᠰᠦ ᠮᠠᠩᠬ᠎ᠠ᠂ ᠨᠤᠶᠢᠳᠠᠨ ᠭᠠᠵᠠᠷ ᠢᠶᠠᠷ ᠨᠢᠭᠡ ᠴᠤᠭᠴᠠ ᠪᠤᠯᠭᠠᠭᠰᠠᠨ ᠦᠪᠡᠷᠮᠢᠴᠡ ᠤᠨᠴᠠᠯᠢᠭ ᠲᠠᠢ ᠪᠠᠶᠢᠭᠠᠯᠢ ᠶᠢᠨ ᠦᠵᠡᠮᠵᠢ ᠶᠢᠨ ᠤᠷᠤᠨ ᠢ ᠪᠦᠷᠢᠯᠳᠦᠬᠦᠯᠵᠡᠢ᠃ ᠠᠳᠡᠬᠢ ᠬᠦᠭᠡ ᠲᠡᠭᠷᠢ ᠬᠦᠪᠦᠩ ᠡᠭᠦᠯᠡ᠂ ᠨᠢᠰᠬᠦ ᠰᠢᠪᠠᠭᠤ ᠱᠣᠩᠪᠠᠭ᠋ᠤ ᠵᠢᠭᠠᠰᠣ᠂ ᠰᠢᠵᠢᠷ ᠡᠯᠡᠰᠦ ᠬᠦᠬᠡᠮᠳᠡᠭ ᠣᠰᠣ᠂ ᠵᠡᠭᠡᠰᠦᠨ ᠰᠡᠭᠦᠳᠡᠷ ᠣᠰᠣᠨ ᠤ ᠠᠷ ᠵᠡᠷᠭᠡ ᠨᠢ ᠵᠢᠶᠠᠩᠨᠠᠨ ᠤ ᠤᠰᠤᠨ ᠨᠤᠲᠤᠭ ᠤᠨ ᠭᠤᠶᠢᠳᠠ ᠦᠵᠡᠮᠵᠢ ᠬᠢᠭᠡᠳ ᠤᠮᠠᠷᠠᠲᠤ  ᠶᠢᠨ ᠡᠯᠡᠰᠦ ᠮᠠᠩᠬᠠᠨ ᠤ ᠢᠳᠡᠷᠡᠭᠦᠨ ᠰᠦᠷᠯᠢᠭ ᠢ ᠬᠠᠷᠢᠯᠴᠠᠨ ᠠᠭᠤᠰᠣᠴᠠᠭᠤᠯᠤᠨ ᠨᠢᠭᠡᠨ ᠴᠤᠭᠴᠠ ᠪᠤᠯᠭᠠᠨ ᠵᠢᠷᠣᠭᠯᠠᠨ ᠣᠯᠠᠨ ᠤ ᠬᠠᠷᠠᠭᠠᠨ ᠳᠤ ᠲᠡᠯᠭᠡᠭᠰᠡᠨ ᠶᠤᠮ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号