ᠮᠠᠨ ᠤ ᠬᠤᠳᠠ ᠶᠢᠨ ᠣᠯᠠᠨ ᠰᠠᠯᠠᠭ᠎ᠠ ᠮᠦᠴᠢᠷ ᠬᠠᠮᠳᠣᠷᠠᠨ ᠰᠣᠷᠭᠠᠭᠤᠯᠢ ᠶᠢᠨ ᠭᠠᠳᠠᠨᠠᠬᠢ ᠪᠣᠯᠪᠠᠰᠣᠷᠠᠯ  ᠤᠨ ᠪᠠᠶᠢᠭᠤᠯᠣᠮᠵᠢ ᠳᠤ ᠲᠣᠰᠬᠠᠢ ᠲᠦᠷᠦᠯ ᠤᠨ ᠴᠡᠭᠴᠡᠯᠡᠯᠲᠡ ᠬᠢᠪᠡ
ᠨᠡᠶᠢᠲᠡᠯᠡᠭᠰᠡᠨ ᠴᠠᠭ᠄
2018-12-12
     ᠣᠶᠢᠷ᠎ᠠ ᠶᠢᠨ ᠡᠳᠦᠷ᠂ ᠬᠤᠲᠠ ᠶᠢᠨ ᠬᠦᠮᠦᠨ ᠤ ᠬᠦᠴᠦᠨ ᠤ ᠡᠭᠢ ᠪᠠᠶᠠᠯᠢᠭ ᠪᠠ ᠨᠡᠶᠢᠭᠡᠮ ᠤᠨ ᠪᠠᠳᠣᠯᠭ᠎ᠠ  ᠶᠢᠨ ᠲᠤᠪᠴᠢᠶ᠎ᠠ᠂ ᠰᠣᠷᠭᠠᠨ ᠬᠦᠮᠦᠵᠢᠯ ᠤᠨ ᠲᠣᠪᠴᠢᠶ᠎ᠠ᠂ ᠠᠷᠠᠳ ᠤᠨ ᠶᠠᠪᠣᠳᠠᠯ ᠤᠨ ᠲᠤᠪᠴᠢᠶ᠎ᠠ᠂ ᠠᠵᠦ ᠦᠢᠯᠡᠳᠪᠦᠷᠢ ᠬᠤᠳᠠᠯᠳᠤᠭ᠎ᠠ ᠶᠠᠰᠣ ᠴᠢᠨᠠᠷ ᠲᠤ ᠬᠢᠨᠠᠯᠳᠠ ᠲᠠᠯᠪᠢᠬᠤ ᠲᠣᠪᠴᠢᠶ᠎ᠠ ᠵᠡᠷᠭᠡ ᠰᠠᠯᠠᠭ᠎ᠠ ᠮᠦᠴᠢᠷ ᠬᠠᠮᠳᠣᠷᠠᠨ ᠰᠣᠷᠭᠠᠭᠤᠯᠢ ᠶᠢᠨ ᠭᠠᠳᠠᠨᠠᠬᠢ ᠪᠣᠯᠪᠠᠰᠣᠷᠠᠯ ᠤᠨ ᠪᠠᠶᠢᠭᠤᠯᠣᠮᠵᠢ ᠳᠤ ᠲᠣᠰᠬᠠᠢ ᠲᠦᠷᠦᠯ ᠤᠨ ᠴᠡᠭᠴᠡᠯᠡᠯᠲᠡ ᠬᠢᠭᠰᠡᠨ ᠪᠠᠶᠢᠨ᠎ᠠ᠃      ᠲᠣᠰ ᠣᠳᠠᠭᠠᠨ ᠤ ᠲᠣᠰᠬᠠᠢ ᠲᠦᠷᠦᠯ ᠤᠨ ᠴᠡᠭᠴᠡᠯᠡᠯᠲᠡ ᠨᠢ ᠨᠢᠭᠡ ᠲᠠᠯ᠎ᠠ ᠪᠠᠷ ᠪᠦᠬᠦ ᠬᠤᠲᠠ ᠶᠢᠨ ᠰᠣᠷᠭᠠᠭᠤᠯᠢ ᠪᠠᠶᠢᠭᠤᠯᠬᠤ ᠵᠦᠪᠰᠢᠶᠡᠷᠡᠯ ᠣᠯᠣᠭᠰᠠᠨ 14 ᠠᠷᠠᠳ ᠠᠴᠠ ᠡᠷᠬᠢᠯᠡᠭᠰᠡᠨ ᠠᠵᠢᠯ ᠮᠡᠷᠭᠡᠵᠢᠯ ᠤᠨ ᠴᠢᠳᠠᠪᠣᠷᠢ ᠶᠢᠨ ᠪᠣᠯᠪᠠᠰᠣᠷᠠᠯ ᠤᠨ ᠪᠠᠶᠢᠭᠤᠯᠤᠮᠵᠢ ᠳᠤ ᠪᠠᠶᠢᠴᠠᠭᠠᠯᠲᠠ ᠦᠨᠡᠯᠡᠯᠲᠡ ᠬᠢᠵᠦ᠂ ᠨᠦᠭᠦᠭᠡ ᠲᠠᠯ᠎ᠠ ᠪᠠᠷ ᠬᠠᠣᠯᠢ ᠪᠣᠰᠣ ᠪᠠᠷ ᠰᠣᠷᠭᠠᠭᠤᠯᠢ ᠪᠠᠶᠢᠭᠤᠯᠣᠭᠰᠨ ᠠᠵᠢᠯ ᠮᠡᠷᠭᠡᠵᠢᠯ ᠤᠨ ᠴᠢᠳᠠᠪᠣᠷᠢ ᠶᠢᠨ ᠪᠣᠯᠪᠠᠰᠣᠷᠠᠯ ᠤᠨ ᠪᠠᠶᠢᠭᠤᠯᠤᠮᠵᠢ ᠪᠠᠷ ᠠᠶᠢᠯᠴᠢᠯᠠᠭᠰᠠᠨ ᠪᠠᠶᠢᠨ᠎ᠠ᠃ ᠪᠠᠶᠢᠴᠠᠭᠠᠯᠲᠠ ᠪᠠᠷ᠂ ᠰᠣᠷᠭᠠᠭᠤᠯᠢ ᠡᠷᠬᠢᠯᠡᠬᠦ ᠵᠦᠪᠰᠢᠶᠡᠷᠡᠯ ᠣᠯᠣᠭᠰᠠᠨ 14 ᠠᠷᠠᠳ ᠠᠴᠠ ᠪᠠᠶᠢᠭᠤᠯᠣᠭᠰᠠᠨ ᠠᠵᠢᠯ ᠮᠡᠷᠭᠡᠵᠢᠯ ᠤᠨ ᠪᠣᠯᠪᠠᠰᠣᠷᠠᠯ ᠤᠨ ᠪᠠᠶᠢᠭᠤᠯᠤᠮᠵᠢ ᠳᠤ ᠪᠠᠭᠰᠠᠢ ᠶᠢᠨ ᠬᠢᠷᠢ ᠬᠡᠮ᠂ ᠵᠢᠭᠠᠨ ᠰᠣᠷᠭᠠᠯᠲᠠ ᠶᠢᠨ ᠪᠣᠯᠪᠠᠰᠣᠷᠠᠯ ᠤᠨ ᠠᠭᠤᠯᠭ᠎ᠠ᠂ ᠲᠠᠯᠠᠪᠣᠷ ᠤᠨ ᠲᠠᠯᠠᠪᠠᠢ ᠳᠤ ᠠᠰᠠᠭᠤᠳᠠᠯ ᠣᠷᠣᠰᠢᠵᠦ ᠪᠠᠶᠢᠭ᠎ᠠ ᠰᠣᠷᠭᠠᠭᠤᠯᠢ ᠶᠢ 1 ᠢᠯᠡᠷᠡᠭᠦᠯᠦᠨ᠂ ᠲᠣᠭᠳᠠᠭᠰᠠᠨ ᠬᠤᠭᠤᠴᠠᠭ᠎ᠠ ᠳᠣᠲᠣᠷ᠎ᠠ ᠦᠭᠡᠷᠴᠢᠯᠡᠨ ᠵᠠᠰᠠᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃ ᠡᠭᠦᠨ ᠠᠴᠠ ᠭᠠᠳᠠᠨ᠎ᠠ ᠪᠠᠰᠠ 2 ᠡᠷᠦᠬᠡ ᠬᠦᠮᠦᠨ  ᠤ ᠬᠦᠴᠦᠨ ᠤ ᠡᠭᠢ ᠪᠠᠶᠠᠯᠢᠭ ᠪᠠ ᠨᠡᠶᠢᠭᠡᠮ ᠤᠨ ᠪᠠᠳᠣᠯᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠵᠦᠪᠰᠢᠶᠡᠷᠡᠯ ᠢ ᠣᠯᠣᠭᠰᠠᠨ ᠦᠭᠡᠢ ᠠᠵᠢᠯ ᠮᠡᠷᠭᠡᠵᠢᠯ ᠤᠨ ᠪᠣᠯᠪᠠᠰᠣᠷᠠᠯ ᠤᠨ ᠪᠠᠶᠢᠭᠤᠯᠤᠮᠵᠢ ᠬᠠᠣᠯᠢ ᠪᠣᠰᠣ ᠪᠠᠷ ᠰᠣᠷᠭᠠᠭᠤᠯᠢ ᠡᠷᠬᠢᠯᠡᠵᠦ ᠪᠠᠶᠢᠭ᠎ᠠ ᠶᠢ ᠢᠯᠡᠷᠡᠭᠦᠯᠵᠦ᠂ ᠲᠣᠭᠲᠠᠭᠠᠯ ᠶᠣᠰᠣᠭᠠᠷ ᠳᠠᠩᠰᠠ ᠪᠠᠶᠢᠭᠤᠯᠬᠤ ᠭᠠᠷ ᠭᠦᠢᠴᠡᠳᠬᠡᠯ ᠬᠢᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠦᠬᠠᠢ ᠶᠢᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠨᠠᠶᠢᠷᠠᠭᠤᠯᠬᠤ ᠭᠡᠯᠲᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号