ᠯᠠᠨᠵᠸᠤ ᠶᠡᠭᠡ ᠰᠣᠷᠠᠭᠭᠤᠯᠢ ᠶᠢᠨ ᠰᠢᠯᠢᠳᠡᠭ ᠣᠶᠣᠲᠠᠳ ᠤᠨ ᠡᠬᠢ ᠰᠣᠷᠪᠣᠯᠵᠢ ᠶᠢᠨ ᠰᠠᠭᠤᠷᠢᠨ ᠭᠠᠵᠠᠷ ᠤᠨ ᠫᠠᠶᠢᠰᠠ ᠬᠦᠷᠲᠡᠭᠡᠬᠦ ᠶᠣᠰᠣᠯᠠᠯ ᠮᠠᠨ ᠤ ᠬᠤᠲᠠ ᠶᠢᠨ ᠨᠢᠭᠡᠳᠦᠭᠡᠷ ᠳᠣᠮᠳᠠᠳᠣ ᠰᠣᠷᠭᠠᠭᠤᠯᠢ ᠳᠤ  ᠶᠠᠪᠤᠭᠳᠠᠪᠠ
ᠨᠡᠶᠢᠲᠡᠯᠡᠭᠰᠡᠨ ᠴᠠᠭ᠄
2018-12-12
     10 ᠳ᠋ᠣᠭᠠᠷ ᠰᠠᠷ᠎ᠠ ᠶᠢᠨ 15 ᠤ ᠡᠳᠦᠷ᠂ ᠯᠠᠨᠵᠸᠤ ᠶᠡᠭᠡ ᠰᠣᠷᠭᠠᠭᠤᠯᠢ ᠶᠢᠨ ᠰᠢᠯᠢᠳᠡᠭ ᠣᠶᠣᠲᠠᠳ ᠤᠨ ᠡᠬᠢ ᠰᠣᠷᠪᠣᠯᠵᠢ ᠶᠢᠨ ᠰᠠᠭᠤᠷᠢᠨ ᠭᠠᠵᠠᠷ ᠤᠨ ᠫᠠᠶᠢᠰᠠ ᠬᠦᠷᠲᠡᠭᠡᠬᠦ ᠶᠣᠰᠣᠯᠠᠯ ᠮᠠᠨ ᠤ ᠬᠤᠲᠠ ᠶᠢᠨ ᠨᠢᠭᠡᠳᠦᠭᠡᠷ ᠳᠣᠮᠳᠠᠳᠣ ᠰᠣᠷᠭᠠᠭᠤᠯᠢ ᠳᠤ ᠶᠠᠪᠣᠭᠳᠠᠭᠰᠠᠨ ᠪᠠᠶᠢᠨ᠎ᠠ  ᠃      ᠫᠠᠶᠢᠰᠠ ᠬᠦᠷᠲᠡᠭᠡᠬᠦ ᠶᠣᠰᠣᠯᠠᠯ ᠳᠡᠭᠡᠷ᠎ᠡ᠂ ᠬᠤᠲᠠ ᠶᠢᠨ ᠨᠢᠭᠡᠳᠦᠭᠡᠷ ᠳᠣᠮᠳᠠᠳᠣ ᠰᠣᠷᠭᠠᠭᠤᠯᠢ ᠶᠢᠨ ᠵᠠᠬᠢᠷᠣᠯ ᠰᠣᠷᠭᠠᠭᠤᠯᠢ ᠶᠢᠨ ᠶᠡᠷᠦᠩᠭᠭᠡᠢ ᠪᠠᠶᠢᠳᠠᠯ᠂ ᠰᠣᠷᠭᠠᠭᠤᠯᠢ ᠡᠷᠬᠢᠯᠡᠬᠦ ᠣᠨᠣᠯᠵᠢᠬᠤᠨ᠂ ᠰᠣᠷᠭᠠᠭᠤᠯᠢ ᠡᠷᠬᠢᠯᠡᠬᠦ ᠣᠨᠴᠠᠯᠢᠭ ᠵᠡᠷᠭᠡ ᠪᠠᠶᠢᠳᠠᠯ ᠳᠤ ᠨᠠᠷᠢᠯᠢᠭ ᠲᠠᠨᠢᠯᠴᠠᠭᠤᠯᠭ᠎ᠠ ᠬᠢᠭᠰᠡᠨ ᠪᠠᠶᠢᠨ᠎ᠠ᠃ ᠯᠠᠨᠵᠸᠤ ᠶᠡᠭᠡ ᠰᠣᠷᠠᠭᠤᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠳ ᠯᠠᠨᠵᠸᠤ ᠶᠡᠭᠡ ᠰᠣᠷᠭᠠᠭᠤᠯᠢ ᠶᠢᠨ ᠬᠦᠭᠵᠢᠯᠲᠡ ᠶᠢᠨ ᠲᠡᠣᠬᠡ᠂ ᠲᠡᠭᠡᠲᠤ ᠰᠣᠷᠭᠠᠭᠤᠯᠢ ᠵᠢᠴᠢ ᠰᠠᠯᠪᠣᠷᠢ ᠶᠢᠨ ᠲᠣᠬᠢᠷᠠᠭᠤᠯᠣᠯᠲᠠ᠂ ᠲᠣᠰᠬᠠᠢ ᠮᠡᠷᠭᠡᠵᠢᠯ ᠤᠨ ᠲᠣᠬᠢᠷᠠᠭᠤᠯᠣᠯᠲᠠ᠂ ᠬᠢᠴᠢᠶᠡᠯ ᠲᠦᠷᠦᠯ ᠤᠨ ᠪᠦᠲᠦᠭᠡᠨ ᠪᠠᠶᠢᠭᠤᠯᠤᠯᠲᠠ᠂ ᠪᠠᠭᠰᠢ ᠶᠢᠨ ᠡᠬᠢ ᠪᠠᠶᠠᠯᠢᠭ ᠤᠨ ᠬᠦᠴᠦᠨ ᠵᠢᠴᠢ ︽ᠣᠬᠢ ᠰᠢᠯᠢᠳᠡᠭ ᠣᠶᠣᠲᠠᠳ ᠤᠨ ᠡᠬᠢ ᠰᠣᠷᠪᠣᠯᠵᠢ ᠶᠢᠨ ᠰᠠᠭᠤᠷᠢᠨ ᠭᠠᠵᠠᠷ︾ ᠤᠨ ᠳᠣᠮᠳᠠᠳᠣ ᠰᠣᠷᠭᠠᠭᠤᠯᠢ ᠶᠢᠨ ᠪᠦᠲᠦᠭᠡᠨ ᠪᠠᠶᠢᠭᠤᠯᠣᠯᠲᠠ ᠶᠢᠨ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠲᠠᠨᠢᠯᠴᠠᠭᠤᠯᠬᠤ ᠶᠢᠨ ᠬᠠᠮᠲᠤ ᠬᠤᠲᠠ ᠶᠢᠨ ᠨᠢᠭᠡᠳᠤᠭᠡᠷ ᠳᠣᠮᠳᠠᠳᠣ ᠰᠣᠷᠭᠠᠭᠤᠯᠢ ᠶᠢᠨ ᠬᠦᠷᠲᠡᠭᠰᠡᠨ ᠬᠢᠷᠢ ᠪᠦᠲᠦᠮᠵᠢ ᠳᠤ ᠭᠦᠢᠴᠡᠳ ᠨᠣᠲᠠᠯᠠᠯᠲᠠ ᠬᠢᠵᠦ᠂ ᠬᠤᠶᠠᠷ ᠰᠤᠷᠭᠠᠭᠤᠯᠢ ᠪᠠᠷ  ᠢᠶᠠᠨ ᠡᠨᠡᠬᠦ ᠲᠠᠰᠢᠷᠠᠮ ᠢᠶᠠᠷ᠂ ᠬᠠᠮᠲᠣᠷᠠᠯᠴᠠᠭ᠎ᠠ ᠪᠠᠨ ᠬᠦᠨᠵᠡᠭᠡᠶᠢᠷᠡᠬᠦᠯᠵᠦ᠂ ᠰᠣᠷᠣᠭᠴᠢ ᠶᠢᠨ ᠬᠦᠭᠵᠢᠯᠲᠡ ᠳᠤ ᠬᠦᠭᠦᠷᠭᠡ ᠪᠣᠰᠬᠠᠭᠰᠠᠨ ᠪᠠᠶᠢᠨ᠎ᠠ᠃
 
ᠢᠷᠡᠯᠲᠡ᠄ ᠦᠬᠠᠢ ᠶᠢᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠨᠠᠶᠢᠷᠠᠭᠤᠯᠬᠤ ᠭᠡᠯᠲᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号