ᠬᠤᠲᠠ ᠶᠢᠨ ᠪᠡᠶ᠎ᠡ ᠲᠠᠮᠢᠷ ᠤᠨ ᠳᠣᠮᠳᠠᠳᠣ ᠰᠣᠷᠭᠠᠭᠤᠯᠢ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠦᠷᠢᠰᠦᠯᠳᠦᠭᠡᠨ ᠤ ᠪᠡᠶ᠎ᠡ ᠲᠠᠮᠢᠷ ᠤᠨ ᠦᠨᠳᠦᠷ ᠬᠢᠷᠢ ᠲᠦᠪᠰᠢᠨ ᠤ ᠪᠡᠯᠡᠳᠬᠡᠯ ᠴᠢᠳᠠᠪᠣᠷᠢᠲᠠᠨ  ᠤ ᠰᠠᠭᠤᠷᠢᠨ ᠭᠠᠵᠠᠷ ︵2019——2022︶︾ ᠢᠶᠠᠷ ᠨᠡᠷᠡᠶᠢᠳᠦᠭᠳᠡᠪᠡ
ᠨᠡᠶᠢᠲᠡᠯᠡᠭᠰᠡᠨ ᠴᠠᠭ᠄
2018-12-12
     ᠣᠶᠢᠷ᠎ᠠ ᠶᠢᠨ ᠡᠳᠦᠷ᠂ ᠬᠤᠲᠠ ᠶᠢᠨ ᠪᠡᠶ᠎ᠡ ᠲᠠᠮᠢᠷ ᠤᠨ ᠳᠣᠮᠳᠠᠳᠣ ᠰᠣᠷᠭᠠᠭᠤᠯᠢ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠦᠷᠢᠰᠦᠯᠳᠦᠭᠡᠨ ᠤ ᠪᠡᠶ᠎ᠡ ᠲᠠᠮᠢᠷ ᠤᠨ ᠦᠨᠳᠦᠷ ᠬᠢᠷᠢ ᠲᠦᠪᠰᠢᠨ ᠤ ᠪᠡᠯᠡᠳᠬᠡᠯ ᠴᠢᠳᠠᠪᠣᠷᠢᠲᠠᠨ ᠤ ᠰᠠᠭᠤᠷᠢᠨ ᠭᠠᠵᠠᠷ ︵2019——2022︶︾ ᠪᠠᠷ ᠨᠡᠷᠡᠶᠢᠳᠦᠭᠳᠡᠭᠰᠡᠨ ᠪᠠᠶᠢᠨ᠎ᠠ᠃      ᠬᠤᠲᠠ ᠶᠢᠨ ᠪᠡᠶ᠎ᠡ ᠲᠠᠮᠢᠷ ᠤᠨ ᠳᠣᠮᠳᠠᠳᠣ ᠰᠣᠷᠭᠠᠭᠤᠯᠢ ᠪᠣᠯ ᠮᠠᠨ ᠤ ᠬᠤᠲᠠ ᠶᠢᠨ ᠴᠣᠷ ᠤᠨ ᠭᠠᠭᠴᠠ ᠦᠷᠢᠰᠦᠯᠳᠦᠭᠡᠨ ᠤ ᠪᠡᠶ᠎ᠡ ᠲᠠᠮᠢᠷ ᠤᠨ ᠪᠡᠯᠡᠳᠬᠡᠯ ᠴᠢᠳᠠᠪᠣᠷᠢᠲᠠᠨ ᠬᠦᠮᠦᠵᠢᠭᠦᠯᠬᠦ ᠪᠠᠷ ᠬᠠᠷᠠᠯᠲᠠ ᠪᠠᠨ ᠪᠣᠯᠭᠠᠭᠰᠠᠨ ᠲᠣᠰᠬᠠᠢ ᠮᠡᠷᠭᠡᠵᠢᠯ ᠤᠨ ᠪᠡᠶ᠎ᠡ ᠲᠠᠮᠢᠷ ᠤᠨ ᠬᠦᠳᠡᠯᠭᠡᠭᠡᠨ ᠤ ᠰᠣᠷᠭᠠᠭᠤᠯᠢ ᠪᠠᠶᠢᠵᠤ᠂ ᠣᠳᠣᠬᠠᠨ ᠳᠤ ᠭᠤᠷᠪᠠᠨ ᠠᠩᠬ᠎ᠠ ᠳᠣᠮᠳᠠᠳᠣ ᠶᠢᠨ ᠠᠩᠭᠢ ᠪᠠ ᠭᠤᠷᠪᠠᠨ ᠳᠣᠮᠳᠠ ᠵᠡᠷᠭᠡ ᠶᠢᠨ ᠲᠣᠰᠬᠠᠢ ᠮᠡᠷᠭᠡᠵᠢᠯ ᠤᠨ ᠠᠩᠭᠢ ᠪᠤᠢ᠂ ᠲᠡᠬᠦᠨ  ᠤ ᠲᠤᠲᠤᠷ᠎ᠠ ᠬᠦᠩᠭᠡᠨ ᠠᠲ᠋ᠧᠯᠲ᠋ᠢᠺ᠂ ᠬᠠᠷᠪᠣᠯᠲᠠ᠂ ᠰᠣᠷ ᠬᠠᠷᠪᠣᠬᠤ᠂ ᠬᠦᠨᠳᠦ ᠡᠷᠭᠦᠭᠦ᠂ ᠲᠧᠺᠤᠨᠳᠣᠣ ᠨᠢᠳᠣᠷᠭ᠎ᠠ᠂ ᠪᠠᠷᠢᠯᠳᠣᠭᠠᠨ᠂ ᠪᠦᠬᠡ ᠪᠠᠷᠢᠯᠳᠣᠬᠤ᠂ ᠣᠰᠣᠨ ᠳᠤ ᠣᠮᠪᠠᠭ᠋ᠣ᠂ ᠲᠣᠣᠷ ᠪᠦᠮᠪᠦᠭᠡ  ᠵᠡᠷᠭᠡ ᠨᠡᠶᠢᠲᠡ 9 ᠶᠡᠭᠡ ᠲᠦᠷᠦᠯ  ᠤᠨ 10 ᠪᠠᠭ᠎ᠠ ᠲᠦᠷᠦᠯ ᠢ ᠲᠣᠬᠢᠷᠠᠭᠤᠯᠵᠦ᠂ 200 ᠭᠠᠷᠣᠢ ᠬᠦᠮᠦᠨ ᠢ ᠪᠣᠯᠪᠠᠰᠣᠷᠠᠭᠤᠯᠵᠦ ᠪᠤᠢ᠃
 
ᠢᠷᠡᠯᠲᠡ᠄ ᠦᠬᠠᠢ ᠶᠢᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠨᠠᠶᠢᠷᠠᠭᠤᠯᠬᠤ ᠭᠡᠯᠲᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号