ᠦᠬᠠᠢ ᠬᠤᠲᠠ ᠶᠢᠨ ᠬᠤᠣᠷ ᠴᠠᠭᠠᠵᠠᠯᠠᠬᠤ ᠰᠣᠷᠭᠠᠨ ᠬᠦᠮᠦᠵᠢᠯ ᠤᠨ ᠰᠠᠭᠤᠷᠢᠨ ᠭᠠᠵᠠᠷ ᠬᠤᠲᠠ ᠶᠢᠨ ᠨᠢᠭᠡᠳᠦᠭᠡᠷ ᠳᠣᠮᠳᠠᠳᠣ ᠰᠣᠷᠭᠠᠭᠤᠯᠢ ᠳᠤ ᠵᠢᠩᠬᠢᠨᠢ ᠪᠠᠷ ᠫᠠᠶᠢᠰᠠ ᠡᠯᠬᠦᠪᠡ
ᠨᠡᠶᠢᠲᠡᠯᠡᠭᠰᠡᠨ ᠴᠠᠭ᠄
2018-12-12
     11 ᠳ᠋ᠣᠭᠡᠷ ᠰᠠᠷ᠎ᠠ ᠶᠢᠨ 1 ᠤ ᠡᠳᠦᠷ᠂ ᠦᠬᠠᠢ ᠬᠤᠲᠠ ᠶᠢᠨ ᠬᠤᠣᠷ ᠴᠠᠭᠠᠵᠠᠯᠠᠬᠤ ᠰᠣᠷᠭᠠᠨ ᠬᠦᠮᠦᠵᠢᠯ  ᠤᠨ ᠰᠠᠭᠤᠷᠢᠨ ᠭᠠᠵᠠᠷ ᠬᠤᠲᠠ ᠶᠢᠨ ᠨᠢᠭᠡᠳᠦᠭᠡᠷ ᠳᠣᠮᠳᠠᠳᠣ ᠰᠣᠷᠭᠠᠭᠤᠯᠢ ᠳᠤ ᠵᠢᠩᠬᠢᠨᠢ ᠪᠠᠷ ᠫᠠᠶᠢᠰᠠ ᠡᠯᠭᠦᠵᠦ ᠠᠰᠢᠭᠯᠠᠯᠳᠠ ᠳᠤ ᠤᠷᠤᠭᠰᠠᠨ ᠪᠠᠶᠢᠨ᠎ᠠ᠃      ᠲᠣᠰ ᠰᠠᠭᠤᠷᠢᠨ ᠭᠠᠵᠠᠷ ᠢ ᠪᠦᠬᠦ ᠬᠤᠲᠠ ᠶᠢᠨ ᠭᠤᠤᠯ ᠰᠡᠳᠦᠪ ᠢᠶᠠᠷ ᠲᠣᠳᠣᠷᠬᠠᠢ᠂ ᠪᠣᠳᠠᠳᠣ ᠪᠠᠶᠢᠳᠠᠯ ᠲᠠᠢ ᠣᠶᠢᠷᠠᠳᠣᠭᠰᠠᠨ᠂ ᠬᠡᠯᠪᠡᠷᠢ ᠮᠠᠶ᠋ᠢᠭ ᠢᠶᠠᠷ ᠡᠯᠪᠡᠭ ᠬᠤᠣᠷ ᠴᠠᠭᠠᠵᠠᠯᠠᠬᠤ ᠰᠣᠷᠭᠠᠨ ᠬᠦᠮᠦᠵᠢᠯ ᠤᠨ ᠠᠵᠢᠯᠯᠠᠭᠠᠨ ᠤ ᠰᠠᠭᠤᠷᠢᠨ ᠭᠠᠵᠠᠷ ᠢᠶᠠᠷ ᠴᠣᠭᠴᠠᠯᠠᠵᠦ᠂ ᠪᠦᠬᠦ ᠵᠢᠯ ᠳᠤ ᠲᠣᠭᠲᠠᠭᠰᠠᠨ ᠬᠤᠭᠤᠴᠠᠭ᠎ᠠ ᠲᠠᠢ ᠪᠠᠷ ᠠᠯᠪᠠᠨ ᠪᠠᠶᠢᠭᠤᠯᠭ᠎ᠠ᠂ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠵᠠᠯᠠᠭᠤ ᠠᠵᠢᠯᠲᠠᠨ ᠪᠠ ᠰᠣᠷᠭᠠᠭᠤᠯᠢ ᠶᠢᠨ ᠪᠠᠭᠰᠢ ᠰᠣᠷᠣᠭᠴᠢ ᠨᠠᠷ ᠵᠤᠬᠢᠶᠠᠨ ᠪᠠᠶᠢᠭᠤᠯᠵᠤ᠂ ᠰᠠᠭᠤᠷᠢᠨ ᠭᠠᠵᠠᠷ ᠲᠤ ᠬᠦᠷᠴᠦ ᠬᠤᠣᠷ ᠴᠠᠭᠠᠵᠠᠯᠠᠬᠤ ᠰᠣᠷᠭᠠᠨ ᠬᠦᠮᠦᠵᠢᠯ ᠬᠦᠷᠳᠡᠭᠡᠬᠦ ᠶᠢᠨ ᠬᠠᠮᠲᠦ᠂ ᠬᠤᠣᠷ ᠴᠠᠭᠠᠵᠠᠯᠠᠬᠤ ᠰᠣᠷᠭᠠᠨ ᠬᠦᠮᠦᠵᠢᠯ ᠤᠨ ᠲᠦᠭᠦᠭᠡᠷᠦᠮᠵᠢ ᠪᠠ ᠴᠢᠳᠠᠮᠵᠢ ᠶᠢ ᠣᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠪᠡᠷᠲᠡᠭᠡᠨ ᠵᠠᠰᠠᠬᠤ ᠣᠷᠣᠨ ᠤ ᠲᠡᠰ ᠤᠨ ᠵᠠᠯᠠᠭᠤᠴᠣᠳ ᠪᠠᠭᠠᠴᠣᠳ ᠤᠨ ᠬᠤᠤᠷ ᠴᠠᠭᠠᠵᠠᠯᠠᠬᠤ ᠰᠣᠷᠭᠠᠨ ᠬᠦᠮᠦᠵᠢᠯ ᠤᠨ ᠰᠠᠭᠤᠷᠢᠨ ᠭᠠᠵᠠᠷ ᠤᠨ ᠨᠡᠷᠡᠲᠦ ᠲᠡᠮᠲᠡᠭᠲᠦ ᠲᠦᠷᠦᠯ ᠵᠦᠢᠯ ᠢ ᠬᠦᠴᠦᠯᠡᠨ ᠴᠤᠭᠴᠠᠯᠠᠬᠤ ᠪᠠᠷ ᠪᠤᠢ᠃      ︽ᠬᠤᠤᠷ ᠴᠠᠭᠠᠵᠠᠯᠠᠬᠤ ᠶᠢᠨ ᠵᠠᠩᠭᠢᠯᠭ᠎ᠠ ᠨᠢ ᠤᠷᠢᠳᠴᠢᠯᠠᠨ ᠰᠡᠷᠭᠡᠶᠢᠯᠡᠬᠦ ᠳᠤ ᠪᠣᠢ᠂ ᠣᠷᠢᠳᠴᠢᠯᠠᠨ ᠰᠡᠷᠭᠡᠶᠢᠯᠡᠬᠦ ᠶᠢᠨ ᠵᠠᠩᠭᠢᠯᠭ᠎ᠠ ᠨᠢ ᠰᠣᠷᠭᠠᠨ ᠬᠦᠮᠦᠵᠢᠯ ᠳᠤ ᠪᠤᠢ︾ ᠬᠡᠳᠡᠭ ᠨᠢ ᠨᠢᠭᠡᠨᠳᠡ ᠮᠠᠨ ᠤ ᠬᠤᠳᠠ ᠶᠢᠨ ᠬᠤᠤᠷ ᠴᠠᠭᠠᠵᠠᠯᠠᠬᠤ ᠰᠠᠯᠠᠭ᠎ᠠ ᠮᠦᠴᠢᠷ ᠪᠤᠯᠤᠨ ᠰᠣᠷᠭᠠᠨ ᠬᠦᠮᠦᠵᠢᠯ ᠤᠨ ᠰᠠᠯᠠᠭ᠎ᠠ ᠮᠦᠴᠢᠷ ᠤᠨ ᠬᠤᠤᠷᠲᠤ ᠵᠦᠢᠯ  ᠳᠤ ᠬᠠᠨᠲᠤᠬᠤ ᠨᠡᠶᠢᠳᠡ ᠶᠢᠨ ᠮᠡᠳᠡᠷᠡᠮᠵᠢ ᠪᠤᠯᠤᠭᠰᠠᠨ ᠪᠠᠶᠢᠨ᠎ᠠ᠃ ᠤᠶᠢᠷ᠎ᠠ ᠶᠢᠨ ᠵᠢᠯ ᠳᠤ ᠬᠤᠳᠠ ᠶᠢᠨ ᠲᠤᠲᠤᠭᠠᠲᠤ  ᠶᠢ ᠬᠠᠮᠠᠭᠠᠯᠠᠬᠤ ᠲᠤᠪᠴᠢᠶ᠎ᠠ ᠬᠤᠤᠷᠲᠤ ᠵᠦᠢᠯ ᠤᠨ ᠬᠠᠤᠯᠢ ᠶᠢ ᠵᠦᠷᠢᠴᠡᠭᠰᠡᠨ ᠶᠠᠯᠠᠲᠤ ᠠᠵᠢᠯᠯᠠᠭ᠎ᠠ ᠳᠤ ᠴᠤᠬᠢᠯᠳᠠ ᠦᠭᠬᠦ ᠶᠢᠨ ᠲᠠᠭᠠᠤ᠂ ᠵᠠᠯᠠᠭᠤᠴᠣᠳ ᠪᠠᠭᠠᠴᠣᠳ ᠤᠨ ᠬᠤᠤᠷᠲᠤ ᠵᠦᠢᠯ ᠢ ᠤᠷᠢᠳᠴᠢᠯᠠᠨ ᠰᠡᠷᠭᠡᠶᠢᠯᠡᠬᠦ ᠰᠣᠷᠭᠠᠨ ᠬᠦᠮᠦᠵᠢᠯ ᠢ ᠨᠡᠩ ᠴᠢᠬᠤᠯᠠ ᠪᠠᠶᠢᠷᠢᠨ ᠳᠤ ᠲᠠᠯᠪᠢᠪᠠ᠂ ᠤᠳᠣᠬᠠᠨ ᠳᠤ ᠪᠦᠬᠦ ᠬᠤᠳᠠ ᠶᠢᠨ ᠬᠤᠤᠷᠲᠤ ᠵᠦᠢᠯ ᠢ ᠣᠷᠢᠳᠴᠢᠯᠠᠨ ᠰᠡᠷᠭᠡᠶᠢᠯᠡᠬᠦ ᠬᠦᠮᠦᠵᠢᠯ ᠨᠢᠭᠡᠨᠳᠡ ᠪᠤᠢ ᠪᠦᠬᠦᠢ ᠲᠤᠮᠳᠠᠲᠤ ᠪᠠᠭ᠎ᠠ ᠰᠣᠷᠭᠠᠭᠤᠯᠢ ᠶᠢ ᠬᠠᠮᠤᠷᠪᠠ᠃ ᠪᠦᠬᠦ ᠬᠤᠳᠠ ᠶᠢᠨ 47 ᠰᠠᠭᠤᠷᠢ ᠲᠤᠮᠳᠠᠲᠤ ᠪᠠᠭ᠎ᠠ ᠰᠣᠷᠭᠠᠭᠤᠯᠢ ᠨᠢᠭᠡᠨᠳᠡ ᠬᠤᠤᠷᠲᠤ ᠵᠦᠢᠯ ᠢ ᠣᠷᠢᠳᠴᠢᠯᠠᠨ ᠰᠡᠷᠭᠡᠶᠢᠯᠡᠬᠦ ᠬᠦᠮᠦᠵᠢᠯ ᠢ ᠪᠦᠬᠦ ᠲᠠᠯ᠎ᠠ ᠪᠠᠷ ᠦᠷᠨᠢᠬᠦᠯᠵᠦ᠂ ᠤᠯᠠᠨ ᠨᠡᠷᠡᠰ ᠬᠤᠤᠷ ᠴᠠᠭᠠᠯᠠᠬᠠᠤ ᠴᠠᠭᠳᠠᠭ᠎ᠠ ᠶᠢ ᠡᠯ᠎ᠡ ᠰᠣᠷᠭᠠᠭᠤᠯᠢ ᠶᠢᠨ ᠬᠢᠨ ᠬᠠᠤᠯᠢ ᠪᠠᠷ ᠵᠠᠰᠠᠬᠤ ᠲᠡᠳ᠋ ᠵᠠᠬᠢᠷᠣᠯ ᠢᠶᠠᠷ ᠤᠷᠢᠵᠤ᠂ ᠰᠣᠷᠭᠠᠭᠤᠯᠢ ᠪᠦᠷᠢ ᠨᠢ ᠬᠤᠤᠷ ᠴᠠᠭᠠᠵᠠᠯᠠᠬᠤ ᠲᠤᠰᠬᠠᠢ ᠪᠠᠭᠰᠢ ᠲᠤᠬᠢᠷᠠᠭᠤᠯᠵᠤ᠂ ᠬᠤᠳᠠ ᠶᠢᠨ ᠬᠤᠤᠷ ᠴᠠᠭᠠᠵᠠᠯᠠᠬᠤ ᠠᠯᠪᠠᠨ ᠬᠡᠷ ᠯᠦᠭᠡ ᠸᠧᠡᠶᠢᠴᠠᠲ ᠴᠣᠭᠯᠠᠷᠠᠯ ᠢᠶᠠᠷ ᠬᠤᠯᠪᠤᠭᠠᠯᠠᠬᠤ ᠪᠠᠷ ᠲᠠᠮᠵᠢᠨ᠂ ᠰᠣᠷᠭᠠᠭᠤᠯᠢ ᠳᠤ ᠰᠠᠭᠤᠭ᠎ᠠ ᠰᠣᠷᠣᠭᠴᠢ ᠶᠢᠨ ᠬᠤᠤᠷᠲᠤ ᠵᠦᠢᠯ ᠤᠨ ᠬᠤᠤᠷ ᠬᠦᠨᠦᠭᠡᠯ ᠤᠨ ᠲᠤᠬᠠᠢ ᠣᠶᠢᠯᠠᠭᠠᠯᠳᠠ 100 % ᠬᠦᠷᠪᠡ᠃
 
ᠢᠷᠡᠯᠲᠡ᠄ ᠦᠬᠠᠢ ᠶᠢᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠨᠠᠶᠢᠷᠠᠭᠤᠯᠬᠤ ᠭᠡᠯᠲᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号