2019 ᠤᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠬᠤᠲᠠ ᠶᠢᠨ ᠪᠦᠬᠦᠯᠢ 60 ᠨᠠᠰᠤᠨ ᠠᠴᠠ ᠳᠡᠭᠡᠭᠰᠢᠭᠢ ᠰᠠᠭᠤᠭᠠᠯᠢ ᠠᠷᠠᠳ ᠨᠢ ᠨᠡᠶᠢᠲᠡ ᠶᠢᠨ ᠮᠠᠰᠢᠨ ᠲᠡᠷᠭᠡᠨ ᠤ ︽ᠬᠠᠶᠢᠷ᠎ᠠ ᠬᠠᠯᠠᠮᠵᠢ ᠶᠢᠨ ᠺᠠᠷᠲ︾ ᠶᠢ ᠬᠦᠢᠴᠡᠳᠬᠡᠯᠬᠡᠵᠦ ᠪᠣᠯᠤᠨ᠎ᠠ
ᠨᠡᠶᠢᠲᠡᠯᠡᠭᠰᠡᠨ ᠴᠠᠭ᠄
2018-12-14
     2019 ᠤᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠬᠤᠲᠠ   ᠶᠢᠨ 60 ᠪᠦᠬᠦᠯᠢ ᠨᠠᠰᠤᠨ ᠠᠴᠠ ᠳᠡᠭᠡᠭᠰᠢᠭᠢ ᠰᠠᠭᠤᠭᠠᠯᠢ ᠠᠷᠠᠳ ᠨᠡᠶᠢᠲᠡ ᠶᠢᠨ ᠮᠠᠰᠢᠨ ᠲᠡᠷᠭᠡᠨ ᠤ ︽ᠬᠠᠶᠢᠷ᠎ᠠ ᠬᠠᠯᠠᠮᠵᠢ ᠶᠢᠨ ᠺᠠᠷᠲ︾ ᠬᠦᠢᠴᠡᠳᠬᠡᠯᠬᠡᠵᠦ᠂ ᠪᠦᠬᠦ ᠵᠢᠯ ᠳᠤ ᠬᠢᠵᠠᠭᠠᠷᠯᠠᠯ ᠦᠬᠡᠢ᠂ ᠦᠨ᠎ᠡ ᠲᠦᠯᠦᠪᠦᠷᠢ ᠦᠬᠡᠢ ᠪᠠᠷ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ  ᠲᠦᠷᠦ ᠶᠢᠨ ᠪᠤᠲᠤᠯᠭ᠎ᠠ ᠤᠨ ᠬᠠᠷᠠᠭᠠᠯᠵᠠᠯ ᠶᠢ ᠬᠦᠷᠲᠡᠬᠦ  ᠪᠤᠯᠤᠨ᠎ᠠ᠃ ᠨᠡᠶᠢᠲᠡ ᠶᠢᠨ ᠮᠠᠰᠢᠨ ᠲᠡᠷᠭᠡᠨ ᠤ ︽ᠬᠠᠶᠢᠷ᠎ᠠ ᠬᠠᠯᠠᠮᠵᠢ ᠶᠢᠨ ᠺᠠᠷᠲ︾ ᠶᠢ ᠡᠳᠦᠷ ᠪᠤᠯᠭᠠᠨ ᠤ 8  ᠴᠠᠭ 30 ᠮᠢᠨᠦ᠋ᠲ   ᠠᠴᠠ 11 ᠴᠠᠭ  50  ᠮᠢᠨᠦ᠋ᠲ ᠶᠢᠨ ᠬᠤᠭᠤᠷᠤᠨᠳᠦ᠂  13  ᠴᠠᠭ  30 ᠮᠢᠨᠦ᠋ᠲ ᠠᠴᠠ 18 ᠴᠠᠭ ᠤᠨ ᠬᠤᠭᠤᠷᠤᠨᠳᠦ  ᠂  ᠬᠠᠶᠢᠷᠤᠪ ᠤᠨ ᠲᠤᠬᠤᠢ ᠲᠤᠭᠤᠷᠢᠭ ᠤᠨ ᠰᠢᠨ ᠲᠢᠶᠠᠨ ᠳ᠋ᠢ ᠬᠤᠳᠠᠯᠳᠤᠭᠠᠨ ᠤ ᠵᠠᠬ᠎ᠠ ᠶᠢᠨ ᠨᠡᠶᠢᠲᠡ ᠶᠢᠨ ᠮᠠᠰᠢᠨ ᠤ ᠲᠦᠪ ᠦᠷᠲᠡᠭᠡᠨ ᠳᠤ ᠪᠠ ᠤᠲᠠ ᠲᠤᠭᠤᠷᠢᠭ ᠤᠨ ᠨᠡᠶᠢᠲᠡ ᠶᠢᠨ ᠮᠠᠰᠢᠨ ᠤ ᠬᠤᠶᠠᠳᠤᠭᠠᠷ ᠺᠤᠮᠫᠠᠨᠢ ᠶᠢᠨ ᠬᠦᠷᠢᠶᠡᠨ   ᠳᠤ ᠬᠦᠢᠴᠡᠳᠬᠡᠯᠬᠡᠵᠦ ᠪᠤᠯᠤᠨ᠎ᠠ᠃ ᠨᠦᠬᠦᠴᠡᠯ ᠳᠤ ᠨᠡᠶᠢᠴᠡᠭᠰᠡᠨ ᠬᠤᠲᠠ ᠶᠢᠨ ᠠᠷᠠᠳ  ᠂ ᠲᠤᠬᠠᠢ ᠶᠢᠨ ᠬᠦᠮᠦᠨ ᠤ  ᠪᠠᠨ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ  ᠪᠤᠯᠤᠨ 10 ᠲᠦᠭᠦᠷᠢᠭ ᠤᠨ ᠤᠶᠢᠯᠡᠳᠬᠦ ᠵᠠᠷᠤᠳᠠᠯ ᠢ  ᠲᠤᠰᠢᠶᠠᠪᠠᠯ ᠳᠠᠷᠤᠢ ᠬᠦᠢᠴᠡᠳᠬᠡᠯᠬᠡᠵᠦ ᠪᠤᠯᠤᠨ᠎ᠠ᠃
 
ᠢᠷᠡᠯᠲᠡ᠄ ᠦᠬᠠᠢ ᠬᠤᠲᠠ ᠶᠢᠨ ᠷᠠᠳᠢᠣ᠋ ᠲᠧᠯᠸᠢᠰ ᠬᠤᠷᠢᠶᠠᠨ ᠤ ᠮᠤᠩᠭᠤᠯ ᠨᠠᠶᠢᠷᠠᠭᠤᠯᠬᠤ ᠭᠡᠯᠳᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号