ᠮᠠᠨ ᠤ ᠬᠤᠲᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠬᠡᠬᠡᠨ ᠠᠰᠢᠭᠯᠠᠬᠤ ᠪᠤᠯᠤᠨ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠵᠦ ᠵᠤᠬᠢᠴᠠᠩᠭᠤᠢ ᠬᠦᠭᠵᠢᠬᠦ ᠶᠢ ᠪᠠᠲᠤᠯᠠᠪᠠ
ᠨᠡᠶᠢᠲᠡᠯᠡᠭᠰᠡᠨ ᠴᠠᠭ᠄
2018-12-17
     ᠤᠶᠢᠷ᠎ᠠ ᠶᠢᠨ ᠵᠢᠯ ᠤᠨ ᠲᠤᠷᠰᠢ ᠮᠠᠨ ᠤ ᠬᠤᠲᠠ ᠠᠭᠤᠷᠬᠠᠢ ᠶᠢᠨ ᠤᠷᠴᠢᠨ ᠲᠤᠭᠤᠷᠢᠨ   ᠢ  ᠦᠷᠬᠦᠯᠵᠢᠯᠡᠨ ᠶᠡᠷᠦᠩᠬᠡᠶᠢᠯᠡᠨ ᠵᠠᠰᠠᠨ ᠴᠡᠭᠴᠡᠯᠡᠬᠦ ᠶᠢ ᠨᠢᠬᠡ ᠲᠦᠷᠦᠯ ᠤᠨ ᠬᠦᠨᠲᠦ ᠴᠢᠬᠤᠯᠠ ᠤᠯᠤᠰ ᠲᠦᠷᠦ ᠶᠢᠨ ᠡᠭᠦᠷᠬᠡ ᠪᠤᠯᠭᠠᠵᠦ᠂ ᠠᠭᠠᠷ ᠮᠠᠨᠳᠠᠯ ᠤᠨ ᠤᠷᠴᠢᠨ ᠲᠤᠭᠤᠷᠢᠨ ᠤ ᠶᠠᠰᠦ ᠴᠢᠨᠠᠷ ᠢ ᠨᠦᠯᠦᠬᠡᠯᠡᠵᠦ ᠪᠠᠶᠢᠭ᠎ᠠ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠬᠠᠷᠠᠯᠲᠠ ᠪᠤᠯᠭᠠᠵᠦ᠂ ᠤᠷᠤᠭᠤᠯᠤᠯᠲᠠ ᠶᠢᠨ ᠬᠦᠴᠦᠯᠡᠴᠡ ᠪᠠᠨ ᠨᠡᠮᠡᠭᠳᠡᠬᠦᠯᠦᠨ᠂ ᠠᠭᠤᠷᠬᠠᠢ ᠶᠢᠨ ᠤᠷᠤᠨ ᠤ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠨ ᠴᠡᠭᠴᠡᠯᠡᠯᠲᠡ ᠶᠢᠨ ᠠᠵᠢᠯ ᠤᠨ ᠤᠷᠤᠭᠰᠢᠲᠠᠢ ᠠᠬᠢᠭᠤᠯᠤᠭᠳᠠᠵᠦ ᠪᠤᠳᠠᠳᠠᠢ ᠦᠷ᠎ᠡ ᠪᠦᠲᠦᠮᠵᠢ ᠤᠯᠬᠤ ᠶᠢ ᠪᠠᠲᠤᠯᠠᠵᠦ᠂ ᠠᠭᠤᠷᠬᠠᠢ ᠶᠢᠨ ᠭᠠᠷᠤᠯᠲᠠ  ᠶᠢᠨ ᠡᠬᠢ ᠪᠠᠶᠠᠯᠢᠭ ᠢ ᠨᠡᠬᠡᠬᠡᠨ ᠠᠰᠢᠭᠯᠠᠬᠤ ᠪᠤᠯᠤᠨ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠵᠦ ᠵᠤᠬᠢᠴᠠᠩᠭᠤᠢ ᠬᠦᠭᠵᠢᠬᠦ ᠶᠢ ᠪᠡᠶᠡᠯᠡᠬᠦᠯᠵᠡᠢ᠃ ᠤᠲᠤᠬᠠᠨ ᠪᠤᠯᠳᠠᠯ᠎ᠠ᠂ ᠪᠦᠬᠦ ᠬᠤᠲᠠ ᠳᠤ ᠦᠪᠡᠷᠲᠡᠭᠡᠨ ᠵᠠᠰᠠᠬᠤ ᠤᠷᠤᠨ ᠤ ᠳᠡᠰ ᠤᠨ ᠨᠤᠮᠢᠨ ᠨᠤᠭᠤᠭᠠᠨ ᠠᠭᠤᠷᠬᠠᠢ ᠶᠢᠨ ᠠᠭᠤᠯᠠ ᠶᠢ 4 ᠪᠠᠶᠢᠭᠤᠯᠵᠦ᠂ 53 ᠠᠭᠤᠷᠬᠠᠢ ᠶᠢᠨ ᠠᠭᠤᠯᠠ ᠶᠢᠨ ᠭᠧᠯᠤᠬᠢ ᠶᠢᠨ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠨ ᠴᠡᠭᠴᠡᠯᠡᠯᠲᠡ ᠶᠢ ᠪᠡᠶᠡᠯᠡᠬᠦᠯᠵᠦ᠂ ᠪᠦᠬᠦ ᠬᠤᠲᠠ ᠶᠢᠨ 321 ᠬᠡᠰᠡᠭ ᠨᠡᠭᠦᠷᠡᠰᠦᠨ ᠳᠠᠪᠬᠤᠷᠭ᠎ᠠ᠂ ᠨᠡᠭᠦᠷᠡᠰᠦᠨ ᠴᠢᠯᠠᠭᠤ ᠶᠢᠨ ᠦᠪᠡᠷᠲᠡᠭᠡᠨ ᠨᠤᠴᠤᠬᠤ ᠴᠡᠭ ᠢ ᠪᠦᠲᠦᠮᠵᠢᠳᠡᠢ ᠵᠠᠰᠠᠨ ᠴᠡᠭᠴᠡᠯᠡᠵᠡᠢ᠃
 
ᠢᠷᠡᠯᠲᠡ᠄ ᠦᠬᠠᠢ ᠬᠤᠲᠠ ᠶᠢᠨ ᠷᠠᠳᠢᠣ᠋ ᠲᠧᠯᠸᠢᠰ ᠬᠤᠷᠢᠶᠠᠨ ᠤ ᠮᠤᠩᠭᠤᠯ ᠨᠠᠶᠢᠷᠠᠭᠤᠯᠬᠤ ᠭᠡᠯᠳᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号