ᠮᠠᠨ ᠤ ᠬᠤᠲᠠ ᠶᠢᠨ ᠤᠯᠠᠨ ᠰᠠᠯᠠᠭ᠎ᠠ ᠮᠦᠴᠢᠷ ᠪᠤᠯᠤᠨ ᠪᠠᠶᠢᠭᠤᠯᠭ᠎ᠠ ᠨᠢᠭᠡᠴᠡ ᠠᠴᠠ ᠲᠤᠷᠠᠰᠬᠠᠯ ᠤᠨ ᠠᠵᠢᠯᠯᠠᠭ᠎ᠠ ᠶᠠᠪᠤᠭᠳᠠᠭᠤᠯᠵᠤ᠂ ᠨᠠᠨᠵᠢᠩ ᠤᠨ ᠶᠡᠭᠡ ᠬᠢᠲᠤᠯᠭ᠎ᠠ ᠳᠤ ᠬᠢᠲᠤᠭᠳᠠᠭᠰᠠᠨ 30 ᠲᠦᠮᠡᠨ ᠠᠬ᠎ᠠ ᠲᠡᠭᠦᠦ ᠨᠠᠷ ᠢᠶᠠᠨ ᠭᠠᠰᠢᠭᠤᠳᠠᠨ ᠲᠤᠷᠠᠳᠬᠠᠪᠠ
ᠨᠡᠶᠢᠲᠡᠯᠡᠭᠰᠡᠨ ᠴᠠᠭ᠄
2018-12-17
     12 ᠳ᠋ᠤᠭᠠᠷ ᠰᠠᠷ᠎ᠠ ᠶᠢᠨ 13 ᠤ ᠡᠳᠦᠷ ᠪᠤᠯ ᠮᠠᠨ ᠤ ᠤᠯᠤᠰ ᠤᠨ ᠲᠠᠪᠤᠳᠡᠭᠢ ᠬᠠᠤᠯᠢ ᠪᠠᠷ ᠲᠤᠭᠲᠠᠭᠠᠭᠰᠠᠨ ᠨᠠᠨᠵᠢᠩ ᠤᠨ ᠶᠡᠭᠡ ᠬᠢᠲᠤᠯᠭ᠎ᠠ ᠳᠤ ᠬᠢᠲᠤᠭᠳᠠᠭᠰᠠᠳ ᠤᠨ ᠤᠯᠤᠰ ᠤᠨ ᠨᠡᠶᠢᠲᠡ ᠶᠢᠨ ᠳᠠᠬᠢᠯᠭ᠎ᠠ ᠶᠢᠨ ᠡᠳᠦᠷ ᠪᠤᠯᠤᠨ᠎ᠠ᠂ ᠮᠠᠨ ᠤ ᠬᠤᠲᠠ ᠶᠢᠨ ᠤᠯᠠᠨ ᠰᠠᠯᠠᠭ᠎ᠠ ᠮᠦᠴᠢᠷ ᠪᠤᠯᠤᠨ ᠪᠠᠶᠢᠭᠤᠯᠭ᠎ᠠ ᠨᠢᠭᠡᠴᠡ ᠠᠴᠠ ᠲᠤᠷᠠᠰᠬᠠᠯ ᠤᠨ ᠠᠵᠢᠯᠯᠠᠭ᠎ᠠ ᠶᠠᠪᠤᠭᠳᠠᠭᠤᠯᠵᠤ᠂ ᠨᠠᠨᠵᠢᠩ ᠤᠨ ᠶᠡᠭᠡ ᠬᠢᠲᠤᠯᠭ᠎ᠠ ᠳᠤ ᠬᠢᠲᠤᠭᠳᠠᠭᠰᠠᠨ 30 ᠲᠦᠮᠡᠨ ᠠᠬ᠎ᠠ ᠲᠡᠭᠦᠦ ᠨᠠᠷ ᠢᠶᠠᠨ ᠭᠠᠰᠢᠭᠤᠳᠠᠨ  ᠳᠤᠷᠠᠳᠬᠠᠵᠠᠢ᠃  ᠲᠤᠬᠠᠢ ᠶᠢᠨ ᠡᠳᠦᠷ ᠤᠨ ᠦᠲᠡ ᠶᠢᠨ ᠡᠮᠦᠨᠡᠬᠢ ᠶᠢᠰᠦᠨ ᠴᠠᠭ ᠲᠤ᠂ ᠮᠠᠨ ᠤ ᠬᠤᠲᠠ ᠶᠢᠨ ᠰᠢᠨᠵᠢᠯᠡᠭᠡ ᠮᠡᠷᠭᠡᠵᠢᠯ ᠤᠨ ᠤᠷᠲᠤᠨ ᠳᠤ᠂ 30 ᠭᠠᠷᠤᠢ ᠠᠵᠢᠯᠳᠠᠨ ᠴᠢᠩᠭ᠎ᠠ ᠲᠦᠪᠯᠡᠭᠦᠨ ᠵᠤᠭᠰᠣᠵᠣ᠂ ᠨᠢᠬᠡᠳᠦᠯᠳᠡᠢ ᠬᠤᠪᠴᠠᠰᠦ ᠡᠮᠦᠰᠦᠨ᠂ ᠲᠡᠷᠢ ᠲᠡᠭᠰᠢ ᠵᠢᠭᠰᠠᠵᠦ᠂ ᠪᠦᠬᠦᠳᠡᠭᠡᠷ ᠢᠶᠠᠨ ᠲᠤᠷᠠᠰᠬᠠᠯ ᠤᠨ ᠰᠢᠯᠦᠭ ᠤᠩᠰᠢᠵᠦ᠂ ᠸᠢᠳᠢᠤ᠋ ᠪᠤᠯᠤᠨ ᠵᠢᠷᠤᠭ ᠦᠰᠦᠭ ᠤᠨ ᠮᠠᠲ᠋ᠧᠷᠢᠶᠠᠯ ᠢᠶᠠᠷ ᠳᠠᠮᠵᠢᠭᠤᠯᠤᠨ᠂ ᠨᠠᠨᠵᠢᠩ ᠤᠨ ᠶᠡᠭᠡ ᠬᠢᠲᠤᠯᠭ᠎ᠠ ᠳᠤ ᠬᠢᠲᠤᠭᠳᠠᠭᠰᠠᠨ 30 ᠲᠦᠮᠡᠨ ᠠᠬ᠎ᠠ ᠳᠡᠬᠦᠦ ᠨᠠᠷ ᠢᠶᠠᠨ ᠭᠠᠰᠢᠭᠤᠳᠠᠨ ᠲᠤᠷᠠᠳᠬᠠᠵᠠᠢ᠃ ᠨᠦᠬᠦᠬᠡ ᠨᠢᠬᠡ ᠲᠠᠯᠠᠪᠤᠷ ᠤᠨ ᠲᠤᠷᠠᠰᠬᠠᠯ ᠤᠨ ᠠᠵᠢᠯᠯᠠᠭ᠎ᠠ ᠨᠢ ᠵᠡᠪᠰᠡᠭᠲᠦ ᠴᠠᠭᠳᠠᠭᠠᠨ ᠤ ᠦᠪᠦᠷ ᠮᠤᠩᠭᠤᠯ ᠤᠨ ᠦᠬᠠᠢ ᠶᠢᠨ ᠬᠤᠪᠢᠶᠠᠷᠢ ᠠᠩᠬᠢ ᠶᠢᠨ ᠮᠠᠰᠢᠨᠴᠢᠯᠠᠭᠰᠠᠨ ᠶᠡᠭᠡ ᠠᠩᠬᠢ ᠶᠢᠨ ᠬᠤᠶᠠᠳᠤᠭᠠᠷ ᠳᠤᠮᠳᠠ ᠠᠩᠬᠢ ᠳᠤ ᠶᠠᠪᠤᠭᠳᠠᠵᠦ᠂ ᠲᠤᠮᠳᠠ ᠠᠩᠬᠢ ᠶᠢᠨ ᠪᠦᠬᠦ ᠪᠠᠶᠢᠯᠳᠤᠭᠴᠢᠳ ᠦᠷᠯᠦᠬᠡ ᠡᠷᠲᠡᠯᠡᠨ ᠪᠤᠰᠴᠦ ᠲᠧᠯᠸᠢᠰ ᠤᠨ ᠡᠮᠦᠨ᠎ᠡ ᠠᠴᠠ᠂ ᠨᠠᠨᠵᠢᠩ  ᠤᠨ ᠶᠡᠭᠡ ᠬᠢᠲᠤᠯᠭ᠎ᠠ ᠳᠤ  ᠬᠢᠲᠤᠭᠳᠠᠭᠰᠠᠳ ᠤᠨ ᠤᠯᠤᠰ ᠤᠨ ᠨᠡᠶᠢᠲᠡ ᠶᠢᠨ ᠳᠠᠬᠢᠯᠭ᠎ᠠ ᠶᠢᠨ ᠰᠢᠭᠤᠳ ᠨᠡᠪᠲᠡᠷᠡᠭᠦᠯᠬᠡ ᠶᠢᠨ ᠫᠷᠦᠭᠷᠡᠮ ᠢ ᠦᠵᠡᠵᠦ᠂ ᠨᠠᠨᠵᠢᠩ ᠤᠨ ᠶᠡᠭᠡ ᠬᠢᠲᠤᠯᠭ᠎ᠠ ᠶᠢᠨ ᠲᠤᠬᠠᠢ ᠲᠡᠤᠬᠡ ᠶᠢ ᠤᠶᠢᠯᠠᠭᠠᠵᠠᠢ᠃

 
ᠢᠷᠡᠯᠲᠡ᠄ ᠦᠬᠠᠢ ᠬᠤᠲᠠ ᠶᠢᠨ ᠷᠠᠳᠢᠣ᠋ ᠲᠧᠯᠸᠢᠰ ᠬᠤᠷᠢᠶᠠᠨ ᠤ ᠮᠤᠩᠭᠤᠯ ᠨᠠᠶᠢᠷᠠᠭᠤᠯᠬᠤ ᠭᠡᠯᠳᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号