ᠯᠠᠨᠵᠸᠤ ᠶᠡᠭᠡ ᠰᠤᠷᠭᠠᠭᠤᠯᠢ᠂ ᠦᠪᠦᠷ ᠮᠤᠩᠭᠤᠯ ᠤᠨ ᠦᠬᠠᠢ ᠬᠤᠲᠠ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠬᠠᠮᠲᠤᠷᠠᠯᠴᠠᠭᠠᠨ ᠤ ᠳᠠᠳᠤᠯᠭ᠎ᠠ ᠠᠵᠢᠯ ᠤᠯᠤᠯᠲᠠ ᠶᠢᠨ ᠴᠢᠳᠠᠪᠤᠷᠢᠲᠠᠨ ᠢ ᠤᠷᠢᠨ ᠠᠪᠴᠢᠷᠠᠬᠤ ᠲᠤᠰᠬᠠᠢ ᠲᠠᠯᠠᠪᠤᠷ ᠤᠨ ᠲᠠᠨᠢᠯᠴᠠᠭᠤᠯᠭ᠎ᠠ ᠶᠢᠨ ᠬᠤᠷᠠᠯ ᠯᠠᠨᠵᠸᠤ ᠶᠡᠭᠡ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2018-12-17
     12 ᠳ᠋ᠤᠭᠠᠷ ᠰᠠᠷ᠎ᠠ ᠶᠢᠨ 14 ᠤ ᠡᠳᠦᠷ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠪᠤᠯᠤᠨ ᠯᠠᠨᠵᠸᠤ ᠶᠡᠭᠡ ᠰᠤᠷᠭᠠᠭᠤᠯᠢ ᠠᠴᠠ ᠭᠤᠤᠯᠯᠠᠨ ᠡᠷᠬᠢᠯᠡᠭᠰᠡᠨ ᠯᠠᠨᠵᠸᠤ ᠶᠡᠭᠡ ᠰᠤᠷᠭᠠᠭᠤᠯᠢ᠂ ᠦᠪᠦᠷ ᠮᠤᠩᠭᠤᠯ ᠤᠨ ᠦᠬᠠᠢ ᠬᠤᠲᠠ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠬᠠᠮᠲᠤᠷᠠᠯᠴᠠᠭᠠᠨ ᠤ ᠳᠠᠳᠤᠯᠭ᠎ᠠ ᠶᠢᠨ ᠠᠵᠢᠯ ᠤᠯᠤᠯᠲᠠ ᠶᠢᠨ ᠴᠢᠳᠠᠪᠤᠷᠢᠲᠠᠨ ᠢ ᠤᠷᠢᠨ ᠠᠪᠴᠢᠷᠠᠬᠤ ᠲᠤᠰᠬᠠᠢ ᠲᠠᠯᠠᠪᠤᠷ ᠤᠨ ᠲᠠᠨᠢᠯᠴᠠᠭᠤᠯᠭ᠎ᠠ ᠶᠢᠨ ᠬᠤᠷᠠᠯ ᠯᠠᠨᠵᠸᠤ ᠶᠡᠭᠡ ᠰᠤᠷᠭᠠᠭᠤᠯᠢ ᠳᠤ ᠶᠠᠪᠤᠭᠳᠠᠵᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠶᠠᠷᠢᠶ᠎ᠠ ᠲᠠᠯᠪᠢᠵᠠᠢ      ᠶᠠᠷᠢᠶᠠᠨ ᠳᠤᠮᠳᠠ ᠱᠢ ᠸᠠᠨ ᠵᠢᠶᠦ᠋ᠨ ᠠᠴᠠ ᠦᠬᠠᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠡᠳᠦᠭᠡ ᠪᠤᠯᠲᠠᠯ᠎ᠠ ᠴᠢᠳᠠᠪᠤᠷᠢᠲᠠᠨ ᠤ ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠴᠢᠳᠠᠪᠤᠷᠢᠲᠠᠨ ᠢᠶᠠᠷ ᠬᠤᠲᠠ ᠪᠠᠨ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠭᠤᠶᠢᠪᠢᠰᠢ ᠦᠭᠡᠢ ᠶᠠᠪᠤᠭᠳᠠᠭᠤᠯᠤᠭᠰᠠᠭᠠᠷ ᠢᠷᠡᠵᠡᠢ᠃ ᠦᠨᠦᠳᠦᠷ ᠯᠠᠨᠵᠸᠤ ᠶᠡᠭᠡ ᠰᠤᠷᠭᠠᠭᠤᠯᠢ ᠳᠤ ᠬᠢᠭᠰᠡᠨ ᠴᠢᠳᠠᠪᠤᠷᠢᠲᠠᠨ ᠤᠷᠢᠬᠤ ᠲᠤᠰᠬᠠᠢ ᠲᠠᠯᠠᠪᠤᠷ ᠤᠨ ᠲᠠᠨᠢᠯᠴᠠᠭᠤᠯᠭ᠎ᠠ ᠶᠢᠨ ᠬᠤᠷᠠᠯ ᠤᠨ ᠵᠤᠷᠢᠯᠭ᠎ᠠ ᠨᠢ ᠦᠬᠠᠢ ᠬᠤᠲᠠ ᠶᠢᠨ ᠠᠵᠤ ᠠᠬᠤᠢ ᠨᠡᠶᠢᠭᠡᠮ ᠤᠨ ᠬᠦᠭᠵᠢᠯᠲᠡ ᠳᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠴᠢᠳᠠᠪᠤᠷᠢᠲᠠᠨ ᠪᠤᠯᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤᠷᠢᠨ ᠠᠪᠴᠢᠷᠠᠬᠤ ᠶᠢ ᠲᠦᠷᠭᠡᠳᠭᠡᠨ ᠠᠬᠢᠭᠤᠯᠬᠤ ᠪᠤᠯᠤᠨ᠎ᠠ᠂ ᠡᠭᠦᠨ ᠤ ᠬᠠᠮᠲᠤ ᠯᠠᠨᠵᠸᠤ ᠶᠡᠭᠡ ᠰᠤᠷᠭᠠᠭᠤᠯᠢ ᠶᠢᠨ ᠰᠤᠳᠤᠴᠤᠤᠯ ᠳᠤ ᠬᠦᠰᠡᠯ ᠵᠤᠷᠢᠭ ᠢᠶᠠᠨ ᠢᠯᠡᠷᠡᠭᠦᠯᠬᠦ᠂ ᠭᠤᠶᠢᠲᠠ ᠰᠠᠶᠢᠬᠠᠨ ᠬᠦᠮᠦᠨ ᠤ ᠠᠮᠢᠳᠤᠷᠠᠯ ᠢᠶᠠᠨ ᠪᠢᠴᠢᠭᠯᠡᠬᠦ ᠲᠠᠪᠴᠠᠩ ᠢ ᠬᠠᠩᠭᠠᠬᠤ ᠪᠤᠯᠤᠨ᠎ᠠ᠂ ᠯᠠᠨᠵᠸᠤ ᠶᠡᠭᠡ ᠰᠤᠷᠭᠠᠭᠤᠯᠢ ᠶᠢᠨ ᠰᠤᠷᠤᠭᠴᠢᠳ ᠦᠬᠠᠢ ᠶᠢ ᠤᠶᠢᠯᠠᠭᠠᠵᠤ᠂ ᠦᠬᠠᠢ ᠳᠤ ᠢᠷᠡᠵᠦ᠂ ᠦᠬᠠᠢ ᠶᠢ ᠪᠦᠲᠦᠭᠡᠨ ᠪᠠᠶᠢᠭᠤᠯᠵᠤ᠂ ᠦᠬᠠᠢ ᠳᠤ ᠬᠦᠰᠡᠯ ᠢᠶᠠᠨ ᠲᠡᠷᠭᠡᠯᠰᠢᠭᠦᠯᠬᠦ ᠶᠢ ᠴᠢᠩ ᠰᠡᠳᠭᠢᠯ ᠠᠴᠠ ᠪᠠᠨ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠵᠠᠢ᠃

 
ᠢᠷᠡᠯᠲᠡ᠄ ᠦᠬᠠᠢ ᠬᠤᠲᠠ ᠶᠢᠨ ᠷᠠᠳᠢᠣ᠋ ᠲᠧᠯᠸᠢᠰ ᠬᠤᠷᠢᠶᠠᠨ ᠤ ᠮᠤᠩᠭᠤᠯ ᠨᠠᠶᠢᠷᠠᠭᠤᠯᠬᠤ ᠭᠡᠯᠳᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号