ᠹᠦ᠋ ᠮᠠᠨᠳᠣᠯ᠎ᠠ ᠶᠢᠨ ᠪᠥᠲᠦᠭᠡᠯ ᠤᠨ ᠰᠤᠩᠭᠤᠮᠠᠯ
ᠨᠡᠶᠢᠲᠡᠯᠡᠭᠰᠡᠨ ᠴᠠᠭ᠄
2018/12/17
     

     ᠹᠦ᠋ ᠮᠠᠨᠳᠣᠯ᠎ᠠ᠂ ᠦᠪᠦᠷ ᠮᠤᠩᠭᠤᠯ ᠤᠨ ᠶᠡᠭᠡ ᠰᠣᠷᠭᠠᠭᠤᠯᠢ ᠶᠢᠨ ᠤᠷᠠᠯᠢᠭ ᠤᠨ ᠲᠡᠭᠡᠲᠤ ᠰᠣᠷᠭᠠᠭᠤᠯᠢ ᠠᠴᠠ

ᠲᠡᠭᠦᠰᠪᠡ᠃ ᠲᠤᠮᠳᠠᠲᠤ ᠤᠯᠤᠰ ᠤᠨ ᠤᠷᠠᠨ ᠪᠢᠴᠢᠯᠭᠡᠳᠡᠨ ᠤ ᠨᠡᠶᠢᠭᠡᠮᠯᠢᠭ ᠤᠨ ᠬᠡᠰᠢᠬᠦᠨ᠂ ᠦᠪᠦᠷ ᠮᠤᠩᠭᠤᠯ ᠤᠨ

ᠤᠷᠠᠨ ᠪᠢᠴᠢᠯᠭᠡᠳᠡᠨ ᠤ ᠨᠡᠶᠢᠭᠡᠮᠯᠢᠭ ᠤᠨ ᠬᠡᠷᠡᠭ ᠡᠷᠭᠢᠯᠡᠭᠴᠢ᠂ ᠮᠤᠩᠭᠤᠯ ᠤᠷᠠᠨ ᠪᠢᠴᠢᠯᠭᠡ ᠲᠠᠮᠠᠭ᠎ᠠ ᠰᠡᠶᠢᠯᠦᠮᠡᠯ ᠤᠨ

ᠺᠤᠮᠢᠰ ᠤᠨ ᠡᠷᠭᠢᠯᠡᠭᠴᠢ᠂ ᠦᠪᠦᠷ ᠮᠤᠩᠭᠤᠯ ᠤᠨ ᠰᠦᠯᠵᠢᠶᠡᠨ ᠤ ᠤᠷᠠᠯᠢᠭ ᠤᠨ ᠨᠡᠶᠢᠭᠡᠮᠯᠢᠭ ᠤᠨ ᠬᠡᠷᠡᠭ ᠡᠷᠭᠢᠯᠡᠭᠴᠢ᠂

ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠲᠦᠪ ᠤᠨ ᠤᠷᠠᠨ ᠵᠢᠷᠤᠭ ᠤᠨ ᠬᠦᠷᠢᠶᠡᠯᠡᠩ ᠤᠨ ᠬᠡᠷᠡᠭ

ᠡᠷᠬᠢᠯᠡᠭᠴᠢ᠂ ᠦᠪᠦᠷ ᠮᠤᠩᠭᠤᠯ ᠤᠨ ᠪᠸᠢ ᠵᠢᠶᠠᠩ ᠲᠠᠮᠠᠭ᠎ᠠ ᠶᠢᠨ ᠬᠤᠷᠢᠶᠠᠨ ᠤ ᠲᠡᠳ᠋ ᠨᠠᠷᠢᠨ ᠪᠢᠴᠢᠭ ᠤᠨ ᠲᠠᠷᠤᠭ᠎ᠠ

ᠮᠦᠨ᠃

     ᠠᠷᠪᠠᠨ ᠨᠢᠭᠡᠳᠦᠭᠡᠷ ᠬᠤᠭᠤᠴᠠᠭᠠᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠠᠯᠢᠭ ᠤᠨ

︽ᠰᠠᠷᠠᠨ᠎ᠠ︾ ᠱᠠᠩᠨᠠᠯ ᠤᠨ ᠤᠷᠠᠨ ᠪᠢᠴᠢᠯᠭᠡ ︵ᠰᠡᠶᠢᠯᠦᠮᠡᠯ︶ ᠤᠨ ᠡᠭᠦᠲᠦᠨ ᠪᠦᠲᠦᠭᠡᠯᠴᠢ ᠱᠠᠩᠨᠠᠯ ᠬᠦᠷᠳᠡᠪᠡ᠃

     ᠲᠤᠮᠳᠠᠲᠤ ᠤᠯᠤᠰ ᠤᠨ ᠤᠷᠠᠨ ᠪᠢᠴᠢᠯᠭᠡᠳᠡᠨ ᠤ ᠨᠡᠶᠢᠭᠡᠮᠯᠢᠭ ᠠᠴᠠ ᠡᠷᠭᠢᠯᠡᠭᠰᠡᠨ ᠪᠦᠬᠦ ᠤᠯᠤᠰ ᠤᠨ

ᠲᠤᠯᠤᠳᠣᠭᠠᠷ᠂ ᠨᠠᠢᠮᠠᠳᠣᠭᠠᠷ ᠬᠤᠭᠤᠴᠠᠭᠠᠨ ᠤ ᠲᠠᠮᠠᠭ᠎ᠠ ᠰᠡᠶᠢᠯᠤᠮᠡᠯ ᠤᠨ ᠤᠷᠠᠯᠢᠭ ᠤᠨ ᠦᠵᠡᠭᠦᠯᠦᠯᠭᠡ ᠳᠤ

ᠤᠷᠤᠯᠴᠠᠪᠠ᠃

     ᠲᠤᠮᠳᠠᠲᠤ ᠤᠯᠤᠰ ᠤᠨ ᠤᠳᠬ᠎ᠠ ᠤᠷᠠᠯᠢᠭ ᠤᠨ ᠬᠤᠯᠪᠤᠭ᠎ᠠ ᠠᠴᠠ ᠡᠷᠭᠢᠯᠡᠭᠰᠡᠨ ᠭᠤᠷᠪᠠᠳᠣᠭᠠᠷ ᠬᠤᠭᠤᠴᠠᠭᠠᠨ

 ᠤ ︽ᠠᠮᠢᠲᠤᠷᠠᠯ ᠳᠤ ᠬᠦᠨᠵᠡᠭᠡᠶᠢᠷᠡᠨ᠂ ᠠᠷᠠᠳ ᠲᠦᠮᠡᠨ ᠯᠦᠭᠡ ᠨᠢᠭᠳᠠᠷᠠᠬᠤ︾ ᠢᠨᠳᠦᠰᠦᠨ ᠱᠠᠳᠣᠨ ᠤ ᠤᠷᠠᠨ

ᠪᠢᠴᠢᠯᠭᠡᠳᠡᠨ ᠤ ᠡᠭᠦᠲᠤᠨ ᠪᠦᠲᠦᠭᠡᠯᠳᠡ ᠶᠢᠨ ᠦᠵᠡᠬᠦᠯᠦᠯᠭᠡ ᠳᠤ ᠤᠷᠤᠯᠴᠠᠪᠠ᠃

     ᠲᠤᠮᠳᠠᠲᠤ ᠤᠯᠤᠰ ᠤᠨ ᠤᠷᠠᠨ ᠪᠢᠴᠢᠯᠭᠡᠳᠡᠨ ᠤ ᠨᠡᠶᠢᠭᠡᠮᠯᠢᠭ ᠠᠴᠠ ᠡᠷᠭᠢᠯᠡᠭᠰᠡᠨ ᠲᠦᠷᠪᠡᠳᠦᠭᠡᠷ

ᠬᠤᠭᠤᠴᠠᠭᠠᠨ ᠤ ︽ᠲᠤᠮᠳᠠᠲᠤ ᠤᠯᠤᠰ ᠤᠨ ᠣᠷᠠᠨ ᠪᠢᠴᠢᠯᠭᠡ ᠲᠠᠮᠠᠭ᠎ᠠ ᠰᠡᠶᠢᠯᠦᠮᠡᠯ ᠤᠨ ᠪᠦᠲᠦᠭᠡᠯ ᠤᠨ

ᠦᠵᠡᠬᠦᠯᠦᠯᠬᠡ︾ ᠳᠤ ᠤᠷᠤᠯᠴᠠᠪᠠ᠃

     ᠲᠤᠮᠳᠠᠲᠤ ᠤᠯᠤᠰ ᠤᠨ ᠤᠷᠠᠨ ᠪᠢᠴᠢᠯᠭᠡᠳᠡᠨ ᠤ ᠨᠡᠶᠢᠭᠡᠮᠯᠢᠭ ᠠᠴᠠ ᠡᠷᠭᠢᠯᠡᠭᠰᠡᠨ ᠨᠠᠢᠮᠠᠳᠣᠭᠠᠷ ᠬᠤᠭᠤᠴᠠᠭᠠᠨ

 ᠤ ︽ᠲᠤᠮᠳᠠᠲᠤ ᠤᠯᠤᠰ· ᠸᠠᠨ ᠨᠢᠩ ᠤᠨ ᠲᠤᠮᠳᠠᠲᠤ ᠪᠠᠭ᠎ᠠ ᠰᠣᠷᠭᠠᠭᠤᠯᠢ ᠶᠢᠨ ᠰᠣᠷᠣᠭᠴᠢᠳ ᠤᠨ ᠣᠷᠠᠨ

ᠪᠢᠴᠢᠯᠭᠡ ᠶᠢᠨ ᠨᠠᠶᠢᠷ︾ ᠲᠤ ᠰᠢᠯᠢᠳᠡᠭ ᠱᠠᠩᠨᠠᠯ ᠬᠦᠷᠳᠡᠪᠡ᠃

      ᠲᠤᠮᠳᠠᠲᠤ ᠤᠯᠤᠰ ᠤᠨ ᠪᠤᠷᠬᠠᠨ ᠤ ᠬᠦᠷᠦᠭ ᠤᠨ ᠲᠠᠮᠠᠭ᠎ᠠ ᠶᠢᠨ ᠰᠣᠳᠣᠯᠭᠠᠨ ᠤ ᠲᠦᠪ ᠠᠴᠠ ᠡᠷᠭᠢᠯᠡᠭᠰᠡᠨ

ᠲᠤᠮᠳᠠᠲᠤ ᠤᠯᠤᠰ ᠤᠨ ᠠᠩᠬᠠᠳᠣᠭᠠᠷ ᠬᠤᠭᠤᠴᠠᠭᠠᠨ ᠤ ᠪᠤᠷᠬᠠᠨ ᠤ ᠬᠦᠷᠦᠭ ᠤᠨ ᠲᠠᠮᠠᠭ᠎ᠠ ᠶᠢᠨ ᠤᠷᠠᠯᠢᠭ ᠤᠨ

ᠦᠵᠡᠬᠦᠯᠦᠯᠭᠡ ᠳᠤ ᠤᠷᠤᠯᠴᠠᠪᠠ᠃

     ᠴᠧᠨ ᠵᠢᠶᠧ ᠴᠢ ᠶᠢᠨ ᠰᠣᠳᠣᠯᠭᠠᠨ ᠤ ᠨᠡᠶᠢᠭᠡᠮᠯᠢᠭ ᠠᠴᠠ ᠡᠷᠭᠢᠯᠡᠭᠰᠡᠨ ᠬᠤᠶᠠᠳᠣᠭᠠᠷ ᠬᠤᠭᠤᠴᠠᠭᠠᠨ ᠤ

︽ᠴᠧᠨ ᠵᠢᠶᠧ ᠴᠢ ᠨᠡᠷᠡᠮᠵᠢᠲᠤ ᠱᠠᠩᠨᠠᠯ︾ ᠤᠨ ᠸᠠᠨ ᠶᠢᠨ ᠯᠸᠤ ᠲᠠᠮᠠᠭ᠎ᠠ ᠰᠡᠶᠢᠯᠦᠮᠡᠯ ᠤᠨ ᠤᠷᠠᠯᠢᠭ ᠤᠨ

ᠦᠵᠡᠬᠦᠯᠦᠯᠭᠡ ᠳᠤ ᠤᠷᠤᠯᠴᠠᠪᠠ᠃

     ᠦᠪᠦᠷ ᠮᠤᠩᠭᠤᠯ ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠠᠴᠠ ᠡᠷᠭᠢᠯᠡᠭᠰᠡᠨ ᠠᠷᠪᠠᠨ ᠨᠢᠭᠡᠳᠦᠭᠡᠷ

ᠬᠤᠭᠤᠴᠠᠭᠠᠨ ᠤ ᠲᠤᠮᠳᠠᠲᠤ ᠣᠯᠣᠰ· ᠦᠪᠦᠷ ᠮᠤᠩᠭᠤᠯ ᠤᠨ ᠲᠠᠯ᠎ᠠ ᠨᠤᠲᠤᠭ ᠤᠨ ᠤᠷᠠᠯᠢᠭ ᠤᠨ ᠨᠠᠶᠢᠷ ᠤᠨ

ᠦᠪᠦᠷ ᠮᠤᠩᠭᠤᠯ ᠤᠨ ᠣᠷᠠᠨ ᠪᠢᠴᠢᠯᠭᠡᠳᠡᠨ ᠤ ᠨᠡᠷᠡᠲᠦ ᠬᠦᠮᠦᠰ ᠤᠨ ᠪᠦᠲᠦᠭᠡᠯ ᠤᠨ ᠦᠵᠡᠭᠦᠯᠦᠯᠭᠡ ᠳᠤ

ᠤᠷᠤᠯᠴᠠᠪᠠ᠃

     ᠪᠥᠲᠦᠭᠡᠯ ᠤᠨ ᠰᠤᠩᠭᠤᠮᠠᠯ᠄

   

 
ᠢᠷᠡᠯᠲᠡ᠄ ᠦᠬᠠᠢ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号