1.ᠬᠠᠶᠢᠷᠥᠪ ᠤᠨ ᠲᠤᠬᠤᠢ ᠲᠤᠭᠤᠷᠢᠭ ᠤᠨ ᠲᠤᠶᠢᠮᠦ ᠪᠠᠶᠢᠳᠠᠯ | ᠬᠠᠶᠢᠷᠥᠪ ᠤᠨ ᠲᠤᠬᠤᠢ ᠲᠤᠭᠤᠷᠢᠭ ᠪᠣᠯ ᠦᠪᠡᠷᠳᠡᠭᠡᠨ ᠵᠠᠰᠠᠬᠠᠥ ᠤᠷᠤᠨ ᠤ ᠦᠬᠠᠢ ᠬᠤᠲᠡ ᠶᠢᠨ ᠬᠠᠷᠢᠶ᠎ᠠ | ᠤᠷᠤᠨ ᠤ ᠨᠢᠭᠡ ᠪᠤᠯᠤᠨ᠎ᠠ᠃ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠷᠠᠭᠤᠨ᠂ ᠦᠬᠠᠢ ᠬᠤᠲᠡ | ᠶᠢᠨ ᠵᠡᠭᠦᠨ ᠬᠤᠶᠢᠲᠥ ᠬᠡᠰᠡᠭ ᠳᠤ ᠪᠠᠶᠢᠷᠢᠯᠠᠵᠦ᠂ ᠵᠡᠭᠦᠨ ᠲᠠᠯ᠎ᠠ ᠲᠠᠭᠠᠨ ᠵᠤᠰᠤᠳᠦ ᠶᠢᠨ ᠠᠭᠤᠯᠠ ᠪᠤᠯᠤᠨ ᠤᠷᠳᠥᠰ | ᠶᠢᠨ ᠤᠲᠤᠭ ᠬᠤᠰᠢᠭᠤ ᠲᠠᠢ ᠬᠦᠷᠰᠢᠯᠡᠵᠦ᠂ ᠪᠠᠷᠠᠭᠤᠨ ᠲᠠᠯ᠎ᠠ ᠢᠶᠠᠷ ᠢᠶᠠᠨ ᠬᠠᠲᠤᠨ ᠭᠤᠤᠯ ᠢᠶᠠᠷ ᠠᠯᠦᠰᠯᠠᠵᠦ᠂ | ᠤᠳᠠ ᠲᠤᠭᠤᠷᠢᠭ ᠲᠠᠢ ᠨᠢᠭᠤᠷᠯᠠᠵᠦ᠂ ᠡᠮᠦᠨᠡᠰᠢ ᠳᠦᠷᠪᠡᠨ ᠨᠢᠳᠦᠳᠥ ᠬᠤᠤᠳᠤᠭ ᠪᠤᠯᠤᠨ ᠬᠠᠶᠢᠨᠠᠨ ᠲᠤᠭᠤᠷᠢᠭ ᠲᠠᠢ | ᠬᠤᠯᠪᠤᠯᠳᠦᠵᠦ᠂ ᠬᠤᠶᠢᠳᠦ ᠲᠠᠯ᠎ᠠ ᠲᠠᠭᠠᠨ ᠤᠲᠤᠭ ᠬᠤᠰᠢᠭᠤ ᠲᠠᠢ ᠵᠠᠯᠭᠠᠯᠳᠤᠵᠦ᠂ ᠬᠠᠲᠦᠨ ᠭᠤᠤᠯ ᠤᠨ ᠭᠡᠷᠡᠯᠳᠦ | ᠰᠤᠪᠤᠳ᠂ ᠡᠯᠡᠰᠦᠷᠬᠡᠭ ᠭᠠᠵᠠᠷ ᠤᠨ ᠪᠠᠶᠠᠨ ᠪᠦᠷᠢᠳᠦ᠂ ᠤᠷᠡᠨ ᠪᠢᠴᠢᠯᠭᠡ ᠶᠢᠨ ᠬᠤᠲᠡ᠂ ᠦᠵᠦᠮᠦᠷᠢ ᠶᠢᠨ | ᠴᠢᠯᠠᠭᠤᠨ ᠤ ᠬᠤᠲᠡ᠂ ᠦᠵᠤᠮ ᠤᠨ ᠨᠤᠲᠤᠭ᠂ ᠤᠰᠤᠨ ᠳᠡᠭᠡᠷᠡᠬᠢ ᠰᠢᠨ᠎ᠡ ᠬᠤᠲᠡ ᠵᠡᠷᠭᠡ ᠰᠠᠶᠢᠬᠠᠨ ᠴᠤᠯᠠ ᠲᠠᠢ᠃ | | 2.ᠬᠤᠲᠡ ᠶᠢᠨ ᠪᠠᠶᠢᠭᠤᠯᠤᠯᠲᠠ | ᠤᠷᠴᠢᠮ ᠤᠨ ᠵᠢᠯ ᠤᠳ ᠲᠤ ᠬᠠᠶᠢᠷᠤᠪ ᠤᠨ ᠲᠤᠬᠤᠢ ᠲᠤᠭᠤᠷᠢᠭ ᠦᠨᠳᠦᠷ ᠪᠠᠷᠢᠮᠵᠢᠶ᠎ᠠ ᠪᠠᠷ ᠬᠤᠲᠡ ᠶᠢᠨ | ᠪᠦᠲᠦᠭᠡᠨ ᠪᠠᠶᠢᠭᠤᠯᠤᠯᠲᠠ ᠶᠢ ᠨᠢᠭᠡᠳᠦᠯᠲᠠᠢ ᠲᠦᠯᠦᠪᠯᠡᠨ ᠠᠬᠢᠭᠤᠯᠵᠦ᠂ ᠪᠦᠬᠦ ᠤᠷᠤᠨ ᠢᠶᠠᠷ ᠢᠶᠠᠨ ᠬᠦᠴᠦᠯᠡᠵᠦ᠂ | ᠳᠦᠭᠦᠮ ᠪᠦᠲᠦᠴᠡᠳᠤ ᠤᠷᠤᠨ ᠰᠠᠭᠤᠴᠠ ᠶᠢᠨ ᠲᠤᠭᠤᠷᠢᠭ ᠤᠨ ᠦᠭᠡᠷᠡᠴᠢᠯᠡᠨ ᠵᠠᠰᠠᠬᠤ ᠠᠵᠢᠯ ᠢ ᠲᠦᠯᠬᠢᠨ | ᠠᠬᠢᠭᠤᠯᠵᠦ᠂ ᠬᠤᠲᠡ ᠶᠢᠨ ᠤᠰᠤ ᠬᠠᠩᠭᠠᠬᠤ᠂ ᠴᠠᠬᠢᠯᠭᠠᠨ ᠬᠠᠩᠭᠠᠬᠤ᠂ ᠪᠠᠶᠢᠭᠠᠯᠢ ᠶᠢᠨ ᠰᠢᠳᠠᠮᠠᠬᠠᠢ ᠬᠡᠢ ᠬᠠᠩᠭᠠᠬᠤ | ᠂ ᠢᠯᠴᠢ ᠬᠠᠩᠭᠠᠬᠤ ᠪᠤᠯᠤᠨ ᠤᠰᠤ ᠭᠠᠳᠠᠭᠰᠢᠯᠠᠭᠤᠯᠬᠤ᠂ ᠪᠤᠬᠢᠷᠲᠤᠯ ᠢ ᠭᠠᠳᠠᠭᠰᠢᠯᠠᠭᠤᠯᠬᠤ ᠬᠤᠭᠤᠯᠠᠢ ᠲᠤᠤᠷ ᠤᠨ | ᠲᠦᠭᠦᠭᠡᠷᠤᠮᠵᠢ ᠶᠢᠨ ᠳᠡᠰ ᠳᠡᠪᠰᠢᠭᠦᠯᠵᠦ ᠦᠭᠡᠷᠡᠴᠢᠯᠡᠨ ᠵᠠᠰᠠᠬᠤ ᠶᠢ ᠶᠡᠬᠡᠪᠡᠷ ᠲᠦᠯᠬᠢᠨ ᠠᠬᠢᠭᠤᠯᠵᠦ᠂ ᠬᠤᠲᠡ | ᠲᠤᠭᠤᠷᠢᠭ ᠤᠨ ᠨᠤᠭᠤᠭᠠᠷᠠᠭᠤᠯᠬᠤ᠂ ᠭᠡᠷᠡᠯᠲᠦᠭᠦᠯᠬᠦ᠂ ᠭᠤᠶᠤᠯᠠᠬᠤ ᠬᠢᠷᠢ ᠲᠦᠪᠰᠢᠨ ᠢ ᠲᠠᠰᠠᠷᠤᠯᠲᠠ ᠦᠭᠡᠢ | ᠳᠡᠭᠡᠭᠰᠢᠯᠡᠭᠦᠯᠵᠦ᠂ ᠬᠤᠲᠡ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠲᠡᠭᠲᠡᠷ ᠲᠤ ᠭᠠᠷᠬᠤ ᠶᠢ ᠠᠬᠢᠭᠤᠯᠵᠠᠢ᠃ | ᠬᠠᠶᠢᠷᠤᠪ ᠤᠨ ᠲᠤᠬᠤᠢ ᠲᠤᠭᠤᠷᠢᠭ ᠬᠤᠲᠡ ᠬᠦᠳᠡᠭᠡ ᠶᠢ ᠨᠢᠭᠡᠳᠦᠯᠲᠠᠢ ᠲᠦᠯᠦᠪᠵᠢᠭᠦᠯᠬᠦ ᠶᠢ ᠴᠢᠬᠤᠯᠠᠴᠢᠯᠠᠵᠦ᠂ | ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠳᠤᠯᠬᠤ ᠶᠢ ᠴᠢᠩᠭ᠎ᠠ ᠠᠳᠬᠤᠵᠦ᠂ ᠬᠦᠳᠡᠭᠡ ᠲᠤᠰᠬᠤᠨ ᠤ ᠰᠢᠨ᠎ᠡ | ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠰᠢᠪᠲᠤᠯᠤᠯᠲᠠ ᠶᠢ ᠭᠠᠷᠭᠠᠵᠠᠢ᠃ ᠦᠩᠭᠡᠷᠡᠭᠰᠡᠨ ᠤ | ᠲᠠᠪᠤᠨ ᠵᠢᠯ ᠳᠤ᠂ ᠬᠠᠶᠢᠷᠤᠪ ᠤᠨ ᠲᠤᠬᠤᠢ ᠲᠤᠭᠤᠷᠢᠭ ᠰᠠᠭᠤᠷᠢ ᠲᠦᠭᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ | ᠴᠤᠭᠴᠠᠵᠢᠭᠤᠯᠬᠤ ᠶᠢ ᠪᠠᠷᠢᠮᠲᠠᠯᠠᠵᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠤᠯᠭᠠᠵᠦ᠂ ᠬᠤᠲᠡ | ᠬᠦᠳᠡᠭᠡ ᠶᠢᠨ ᠴᠤᠭᠴᠠᠵᠢᠯᠠᠭᠰᠡᠨ ᠬᠦᠭᠵᠢᠯᠲᠡ ᠶᠢ ᠨᠢᠭᠡᠳᠤᠯᠲᠠᠢ ᠲᠦᠯᠦᠪᠯᠡᠨ ᠠᠬᠢᠭᠤᠯᠵᠦ᠂ ᠲᠠᠷᠢᠶᠠᠯᠠᠬᠤ ᠤᠷᠤᠨ ᠤ | ᠦᠨᠳᠤᠷ ᠪᠠᠷᠢᠮᠵᠢᠶᠠᠳᠤ ᠦᠭᠡᠷᠡᠴᠢᠯᠡᠯᠲᠡ ᠶᠢ ᠲᠦᠯᠬᠢᠨ ᠠᠬᠢᠭᠤᠯᠵᠦ᠂ ᠲᠠᠷᠢᠶᠠᠯᠠᠬᠤ ᠤᠷᠤᠨ ᠤ ᠰᠢᠪᠠᠷ ᠪᠠᠶᠢᠰᠢᠩ ᠢ | ᠲᠤᠶᠢᠯᠪᠦᠷᠢᠲᠠᠢ ᠤᠰᠠᠳᠬᠠᠭᠰᠠᠨ ᠢᠶᠠᠷ ᠪᠠᠷᠠᠬᠤ ᠦᠭᠡᠢ᠂ ᠪᠠᠰᠠ ᠲᠠᠷᠢᠶᠠᠯᠠᠬᠤ ᠤᠷᠤᠨ ᠤ ᠵᠠᠮ ᠢ ᠰᠢᠨ᠎ᠡ ᠢᠶᠠᠷ 110 | ᠺᠢᠯᠤᠮᠧᠲᠷ ᠪᠠᠶᠢᠭᠤᠯᠵᠦ᠂ ᠪᠤᠢ ᠪᠦᠬᠦᠢ ᠭᠤᠤᠯ ᠵᠠᠮ ᠳᠤ ᠰᠠᠯᠬᠢ ᠭᠡᠷᠡᠯ ᠬᠠᠷᠢᠯᠴᠠᠨ ᠨᠦᠬᠦᠪᠦᠷᠢᠯᠡᠭᠰᠡᠨ ᠵᠠᠮ ᠤᠨ | ᠳ᠋ᠧᠩ ᠤᠭᠰᠠᠷᠠᠵᠦ᠂ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠢ ᠪᠦᠬᠦ ᠵᠠᠰᠠᠭ ᠵᠠᠬᠢᠷᠭᠠᠨ ᠤ ᠲᠤᠰᠬᠤᠨ ᠳᠤ | ᠨᠡᠪᠲᠡᠷᠡᠭᠦᠯᠦᠭᠰᠡᠨ ᠤ ᠬᠠᠮᠳᠤ ᠳᠤᠨᠢ᠂ ᠡᠯ᠎ᠡ ᠲᠤᠰᠬᠤᠨ ᠪᠦᠬᠦᠨ ᠢᠶᠠᠷ ᠪᠠᠷᠢᠮᠵᠢᠶᠠᠵᠢᠭᠰᠡᠨ ᠡᠷᠡᠭᠦᠯ ᠬᠠᠮᠠᠭᠠᠯᠠᠯ ᠤᠨ | ᠲᠠᠰᠤᠭ᠂ ᠰᠤᠶᠤᠯ ᠲᠤᠭᠯᠠᠭᠠᠮ ᠤᠨ ᠦᠷᠦᠭᠡ᠂ ᠠᠷᠠᠳ ᠲᠤ ᠳᠦᠭᠦᠮ ᠬᠤᠯᠪᠤᠭᠠᠳᠤ ᠬᠡᠳᠤ ᠳᠡᠯᠭᠡᠭᠦᠷ᠂ ᠤᠰᠤ | ᠤᠮᠳᠠᠭᠠᠨ ᠤ ᠠᠮᠤᠷ ᠲᠦᠪᠰᠢᠨ᠂ ᠷᠠᠳᠢᠤ᠋ ᠨᠡᠪᠲᠡᠷᠡᠭᠦᠯᠭᠡ ᠶᠢᠨ ᠮᠡᠳᠡᠭᠡᠯᠡᠯ᠂ ᠬᠤᠲᠡ ᠶᠢᠨ ᠶᠠᠪᠤᠳᠠᠯ ᠤᠨ ᠬᠤᠭᠤᠯᠠᠢ | ᠲᠤᠤᠷ ᠵᠡᠷᠭᠡ ᠲᠦᠭᠦᠭᠡᠷᠤᠮᠵᠢ ᠶᠢ ᠲᠤᠬᠢᠷᠠᠭᠤᠯᠤᠨ ᠪᠠᠶᠢᠭᠤᠯᠵᠦ᠂ ᠲᠠᠷᠢᠶᠠᠯᠠᠬᠤ ᠤᠷᠤᠨ ᠳᠤ 2 ᠰᠠᠭᠤᠷᠢ | ᠪᠠᠷᠢᠮᠵᠢᠶᠠᠵᠢᠭᠤᠯᠤᠭᠰᠡᠨ ᠬᠤᠬᠡᠳ ᠤᠨ ᠴᠡᠴᠡᠷᠯᠢᠭ ᠢ ᠠᠰᠢᠭᠯᠠᠯᠲᠠ ᠳᠤ ᠤᠷᠤᠭᠤᠯᠵᠦ᠂ ᠲᠠᠷᠢᠶᠠᠯᠠᠬᠤ ᠤᠷᠤᠨ ᠤ | ᠬᠤᠬᠡᠳ ᠬᠤᠲᠡ ᠶᠢᠨ ᠬᠤᠬᠡᠳ ᠲᠠᠢ ᠠᠳᠠᠯᠢ ᠴᠢᠨᠠᠷ ᠰᠠᠶᠢᠲᠠᠢ ᠰᠤᠷᠬᠤ ᠨᠠᠰᠦᠨ ᠠᠴᠠ ᠡᠮᠦᠨᠡᠬᠢ ᠰᠤᠷᠭᠠᠨ | ᠬᠦᠮᠦᠵᠢᠯ ᠢ ᠤᠯᠵᠦ ᠬᠦᠷᠲᠡᠭᠰᠡᠨ ᠪᠠᠶᠢᠨ᠎ᠠ᠃ ᠲᠠᠷᠢᠶᠠᠯᠠᠬᠤ ᠤᠷᠤᠨ ᠤ ᠠᠵᠤ ᠤᠶᠢᠯᠡᠰ ᠤᠨ ᠤᠯᠠᠨ ᠡᠰᠢᠵᠢᠭᠰᠡᠨ | ᠬᠦᠭᠵᠢᠯᠲᠡ ᠶᠢ ᠠᠬᠢᠭᠤᠯᠬᠤ ᠶᠢᠨ ᠲᠦᠯᠦᠭᠡ᠂ ᠬᠠᠶᠢᠷᠤᠪ ᠤᠨ ᠲᠤᠬᠤᠢ ᠲᠤᠭᠤᠷᠢᠭ ᠤᠳᠤ ᠦᠶ᠎ᠡ ᠶᠢᠨ ᠦᠷ᠎ᠡ | ᠠᠰᠢᠭ ᠶᠡᠬᠡᠲᠠᠢ ᠲᠠᠷᠢᠶᠠᠯᠠᠩ᠂ ᠰᠡᠯᠡᠭᠦᠴᠡᠯ ᠤᠨ ᠲᠠᠷᠢᠶᠠᠯᠠᠩ᠂ ᠦᠵᠤᠮ ᠪᠤᠯᠪᠠᠰᠤᠷᠠᠭᠤᠯᠬᠤ ᠵᠡᠷᠭᠡ ᠲᠦᠷᠦᠯ ᠵᠤᠶᠢᠯ | ᠤᠨ ᠠᠵᠦ ᠤᠶᠢᠯᠠᠰᠴᠢᠯᠠᠯᠲᠠ ᠶᠢ ᠲᠦᠷᠭᠡᠳᠭᠡᠨ ᠪᠠᠶᠢᠭᠤᠯᠵᠦ᠂ ᠬᠤᠲᠡ ᠶᠢᠨ ᠱᠠᠲᠤᠨ ᠠᠴᠠ ᠳᠡᠭᠡᠭᠰᠢᠬᠢ | 25ᠲᠠᠷᠢᠶᠠᠯᠠᠩ ᠤᠨ ᠲᠡᠷᠢᠭᠦᠨ ᠤ ᠠᠵᠦ ᠠᠬᠤᠶᠢᠯᠠᠯ ᠢ ᠪᠤᠶᠢᠵᠢᠭᠤᠯᠦᠨ ᠪᠤᠢ ᠪᠤᠯᠭᠠᠵᠦ᠂ ᠡᠭᠦᠨ ᠳᠤ ᠤᠯᠦᠰ ᠪᠠ | ᠦᠪᠡᠷᠲᠡᠭᠡᠨ ᠵᠠᠰᠠᠬᠤ ᠤᠷᠤᠨ ᠤ ᠲᠡᠰ ᠶᠢᠨ 8 ᠪᠠᠶᠢᠨ᠎ᠠ᠃ ᠲᠠᠷᠢᠶᠠᠯᠠᠩ ᠤᠨ ᠲᠡᠷᠢᠭᠦᠨ ᠤ ᠠᠵᠦ ᠠᠬᠤᠶᠢᠯᠠᠯ ᠤᠨ | ᠨᠡᠷᠡᠳᠤ ᠲᠡᠮᠲᠡᠭᠵᠢᠭᠦᠯᠬᠦ ᠬᠦᠭᠵᠢᠯᠲᠡ ᠶᠢ ᠪᠡᠶᠡᠯᠡᠭᠦᠯᠵᠠᠢ᠃ ᠤᠨᠢᠨ ᠳᠡᠭᠡᠷ᠎ᠡ ᠨᠢ ᠶᠠᠳᠠᠭᠤ ᠶᠢ ᠲᠡᠳᠭᠦᠬᠦ ᠶᠢ ᠭᠦᠨᠵᠡᠭᠡᠢ | ᠠᠬᠢᠭᠤᠯᠬᠤ ᠶᠢᠨ ᠲᠦᠯᠦᠭᠡ᠂ ᠬᠠᠶᠢᠷᠤᠪ ᠤᠨ ᠲᠤᠬᠤᠢ ᠲᠤᠭᠤᠷᠢᠭ ᠪᠦᠬᠦ ᠤᠷᠤᠨ ᠤ ᠶᠠᠳᠠᠭᠤ ᠬᠦᠴᠢᠷᠳᠡᠯᠳᠠᠢ | ᠡᠷᠤᠬᠡ ᠶᠢᠨ ᠬᠦᠮᠦᠨ ᠠᠮᠠ ᠳᠤ ᠳᠠᠩᠰᠠ ᠺᠠᠷᠲ ᠪᠠᠶᠢᠭᠤᠯᠵᠦ᠂ ᠺᠠᠳ᠋ᠷ ᠲᠤᠮᠢᠯᠠᠨ ᠡᠷᠤᠬᠡ ᠳᠤᠨᠢ ᠲᠤᠬᠢᠷᠠᠭᠤᠯᠬᠤ | ᠲᠦᠷᠤ ᠶᠢᠨ ᠪᠤᠳᠤᠯᠭ᠎ᠠ ᠶᠢ ᠬᠡᠷᠡᠭᠵᠢᠭᠦᠯᠵᠦ᠂ ᠬᠠᠪᠰᠤᠷᠤᠨ ᠳᠡᠳᠭᠦᠵᠦ ᠶᠠᠳᠠᠭᠤ ᠠᠴᠠ ᠠᠩᠬᠢᠵᠢᠷᠠᠭᠤᠯᠵᠦ᠂ ᠤᠶᠢᠯᠡᠰ | ᠪᠤᠰᠬᠠᠬᠤ ᠵᠢᠭᠡᠯᠡᠯᠭᠡ ᠶᠢ ᠲᠡᠮᠡᠴᠡᠨ ᠤᠯᠬᠤ ᠪᠠᠷ ᠳᠠᠮᠵᠢᠵᠦ᠂ ᠵᠢᠵᠢᠭ ᠲᠠᠸᠠᠷ ᠪᠤᠯᠪᠠᠰᠤᠷᠠᠭᠤᠯᠬᠤ ᠤᠶᠢᠯᠡᠳᠪᠦᠷᠢ ᠶᠢ | ᠤᠷᠤᠭᠤᠯᠵᠦ᠂ ᠡᠮ ᠡᠮᠨᠡᠯᠭᠡ ᠶᠢᠨ ᠲᠤᠰᠠᠯᠠᠮᠵᠢ ᠶᠢᠨ ᠰᠠᠭᠤᠷᠢ ᠮᠦᠩᠭᠦ ᠶᠢ ᠪᠠᠶᠢᠭᠤᠯᠵᠦ᠂ ᠲᠠᠷᠢᠶᠠᠴᠢᠳ ᠲᠤ ᠠᠰᠢᠭ | ᠬᠦᠷᠲᠡᠭᠡᠵᠦ ᠶᠠᠳᠠᠭᠤ ᠬᠦᠴᠢᠷᠳᠡᠯᠲᠠᠢ ᠬᠦᠮᠦᠨ ᠠᠮᠡ ᠶᠢ ᠪᠠᠭᠠᠰᠬᠠᠬᠤ ᠳᠠᠭᠠᠳᠬᠠᠯ ᠢ ᠬᠡᠷᠡᠭᠵᠢᠭᠦᠯᠵᠦ᠂ ᠵᠠᠰᠠᠭ ᠤᠨ | ᠤᠷᠳᠤᠨ ᠪᠦᠭᠦᠳᠡ ᠢ ᠪᠠᠳᠤᠯᠠᠬᠤ ᠵᠡᠷᠭᠡ ᠠᠷᠭ᠎ᠠ ᠠᠪᠴᠢᠯ ᠠᠪᠴᠤ᠂ ᠲᠤᠭᠲᠠᠭᠠᠭᠰᠠᠨ 358 ᠡᠷᠦᠬᠡ᠂ 684 | ᠶᠠᠳᠠᠭᠤ ᠬᠦᠴᠢᠷᠳᠡᠯᠲᠠᠢ ᠬᠦᠮᠦᠨ ᠠᠮᠡ ᠦᠨᠳᠤᠰᠤᠨ ᠳᠡᠭᠡᠨ ᠶᠠᠳᠠᠭᠤ ᠠᠴᠠ ᠠᠩᠬᠢᠵᠢᠷᠠᠵᠠᠢ᠃ | | 3.ᠲᠡᠤᠬᠡ ᠶᠢᠨ ᠬᠤᠪᠢᠰᠤᠯ | ᠬᠠᠶᠢᠷᠤᠪ ᠤᠨ ᠲᠤᠬᠤᠢ ᠲᠤᠭᠤᠷᠢᠭ ᠦᠨᠢ ᠤᠳᠠᠭᠠᠨ ᠲᠡᠤᠬᠡ ᠲᠠᠢ᠂ ᠠᠯᠢ ᠡᠷᠲᠡ ᠰᠢᠶᠠ ᠱᠠᠩ ᠤᠯᠤᠰ ᠤᠨ | ᠦᠶ᠎ᠡ ᠳᠤ ᠤᠮᠡᠷᠠᠳᠦ ᠶᠢᠨ ᠦᠨᠳᠦᠰᠦᠲᠡᠨ ᠠᠳᠡ ᠤᠷᠤᠰᠢᠨ ᠠᠮᠢᠳᠤᠷᠠᠵᠦ ᠪᠠᠶᠢᠵᠠᠢ᠃ ᠴᠦᠨ ᠴᠢᠤ ᠶᠢᠨ ᠦᠶ᠎ᠡ ᠳᠤ | ᠪᠠᠢ ᠳ᠋ᠢ ︵ᠬᠢᠶᠠᠨ ᠦᠨᠳᠦᠰᠦᠲᠡᠨ︶ ᠶᠢᠨ ᠪᠡᠯᠴᠢᠭᠡᠷ ᠨᠤᠲᠤᠭ᠂ ᠪᠠᠶᠢᠯᠳᠤᠭᠠᠨᠳᠤ ᠤᠯᠤᠰ ᠤᠨ ᠦᠶ᠎ᠡ ᠳᠤ ᠯᠢᠨ ᠬᠤ᠋ | ᠶᠢᠨ ᠪᠡᠯᠴᠢᠭᠡᠷ ᠳᠤ ᠬᠠᠷᠢᠶᠠᠯᠠᠭᠳᠠᠵᠦ᠂ ᠴᠢᠨ ᠤᠯᠤᠰ ᠵᠢᠷᠭᠤᠭᠠᠨ ᠢ ᠮᠦᠬᠦᠭᠡᠵᠦ ᠵᠦᠩᠶᠤᠸᠠᠨ ᠤᠷᠤᠨ ᠢ | ᠨᠢᠭᠡᠳᠭᠡᠭᠰᠡᠨ ᠤ ᠳᠠᠷᠠᠭ᠎ᠠ᠂ ᠲᠤᠮᠳᠠᠳᠦ ᠤᠯᠤᠰ ᠢ ᠭᠤᠴᠢᠨ ᠵᠢᠷᠭᠤᠭᠠᠨ ᠵᠢᠶᠦ᠋ᠨ ᠬᠤᠪᠢᠶᠠᠵᠦ᠂ ᠬᠠᠶᠢᠷᠤᠪ ᠤᠨ | ᠲᠤᠬᠤᠢ ᠲᠤᠭᠤᠷᠢᠭ ᠤᠮᠠᠷᠠᠳᠤ ᠶᠢᠨ ᠵᠢᠶᠦ᠋ᠨ ᠳᠤ ᠬᠠᠷᠢᠶᠠᠯᠠᠭᠳᠠᠵᠦ᠂ ᠡᠭᠦᠨ ᠠᠴᠠ ᠬᠤᠶᠢᠰᠢ ᠶᠢᠨ ᠤᠷᠳᠤ ᠤᠳᠠᠭᠠᠨ | ᠤᠨ ᠵᠢᠯ ᠤᠳ ᠲᠤ ᠬᠠᠶᠢᠷᠤᠪ ᠤᠨ ᠲᠤᠬᠤᠢ ᠲᠤᠭᠤᠷᠢᠭ ᠤᠨ ᠬᠢᠯᠢ ᠳᠤᠲᠤᠷ᠎ᠠ ᠤᠷᠢᠳ ᠬᠤᠵᠢᠳ ᠮᠤᠩᠭᠤᠯ᠂ | ᠬᠢᠲᠠᠳ᠂ ᠬᠤᠲᠤᠩ᠂ ᠮᠠᠨᠵᠦ ᠵᠡᠷᠭᠡ ᠬᠤᠷᠢᠨ ᠦᠨᠳᠦᠰᠦᠲᠡᠨ ᠤᠷᠤᠰᠢᠨ ᠰᠠᠭᠤᠷᠢᠰᠢᠵᠦ ᠪᠠᠶᠢᠵᠠᠢ᠃ ᠮᠢᠩ ᠤᠯᠤᠰ | ᠤᠨ ᠳᠤᠮᠳᠠᠴᠢ ᠠᠴᠠ ᠬᠤᠶᠢᠰᠢ᠂ ᠬᠠᠶᠢᠷᠤᠪ ᠤᠨ ᠲᠤᠬᠤᠢ ᠭᠠᠵᠠᠷ ᠤᠷᠤᠨ ᠪᠤᠯ ᠤᠷᠳᠤᠰ ᠠᠶᠢᠮᠠᠭ ᠤᠨ ᠨᠡᠭᠦᠳᠡᠯᠯᠡᠨ | ᠮᠠᠯᠵᠢᠬᠤ ᠭᠠᠵᠠᠷ ᠪᠠᠶᠢᠭᠰᠠᠨ ᠪᠦᠭᠡᠳ ᠳᠤᠮᠳᠠᠳᠤ ᠢᠷᠭᠡᠨ ᠤᠯᠤᠰ ᠤᠨ ᠦᠶ᠎ᠡ ᠬᠦᠷᠲᠡᠯ᠎ᠡ ᠦᠷᠭᠦᠯᠵᠢᠯᠡᠵᠠᠢ᠃ | 1949 ᠤᠨ ᠳᠤ ᠰᠢᠨ᠎ᠡ ᠳᠤᠮᠳᠠᠳᠦ ᠤᠯᠤᠰ ᠪᠠᠶᠢᠭᠤᠯᠤᠭᠳᠠᠭᠰᠡᠨ ᠤ ᠰᠡᠭᠦᠯᠡᠷ ᠬᠠᠶᠢᠷᠤᠪ ᠤᠨ ᠲᠤᠬᠤᠢ | ᠶᠢᠨ ᠭᠠᠵᠠᠷ ᠤᠷᠤᠨ ᠤᠲᠤᠭ ᠬᠤᠰᠢᠭᠤᠨ ᠳᠤ ᠬᠠᠷᠢᠶᠠᠯᠠᠭᠳᠠᠵᠦ᠂ 1955 ᠤᠨ ᠳᠤ ᠤᠲᠤᠭ ᠬᠤᠰᠢᠭᠤᠨ ᠠᠴᠠ | ᠰᠠᠯᠤᠨ ᠭᠠᠷᠴᠦ ᠪᠡᠶ᠎ᠡ ᠢᠶᠠᠨ ᠳᠠᠭᠠᠭᠠᠭᠰᠡᠨ ᠭᠠᠵᠠᠷ ᠤᠷᠤᠨ ᠪᠤᠯᠵᠦ᠂ ᠤᠷᠢᠳ ᠬᠤᠵᠢᠳ ᠵᠤᠰᠤᠳᠤ ᠶᠢᠨ ᠠᠭᠤᠯᠠ | ᠠᠭᠤᠷᠬᠠᠢ ᠶᠢᠨ ᠤᠷᠤᠨ᠂ ᠬᠠᠶᠢᠷᠤᠪ ᠤᠨ ᠬᠤᠲᠡ ᠵᠡᠷᠭᠡ ᠨᠡᠷᠠᠶᠢᠳᠤᠯ ᠲᠠᠢ ᠪᠠᠶᠢᠵᠦ᠂ ᠪᠦᠷ ᠶᠡᠭᠡ ᠵᠤᠤ ᠠᠶᠢᠮᠠᠭ ᠳᠤ | ᠬᠠᠷᠢᠶᠠᠯᠠᠭᠳᠠᠵᠦ᠂ 1976 ᠤᠨ ᠤ 1 ᠳ᠋ᠤᠭᠡᠷ ᠰᠠᠷ᠎ᠠ ᠳᠤ ᠦᠬᠠᠢ ᠬᠤᠲᠡ ᠪᠠᠶᠢᠭᠤᠯᠤᠭᠳᠠᠵᠦ᠂ ᠬᠠᠶᠢᠷᠤᠪ ᠤᠨ | ᠲᠤᠬᠤᠢ ᠲᠤᠭᠤᠷᠢᠭ ᠢ ᠦᠬᠠᠢ ᠬᠤᠲᠡ ᠶᠢᠨ ᠭᠤᠤᠯ ᠲᠦᠪ ᠪᠤᠯᠭᠠᠵᠠᠢ᠃ | | 4.ᠬᠦᠮᠦᠨ ᠠᠮᠠ ᠬᠢᠭᠡᠳ ᠦᠨᠳᠦᠰᠦᠲᠡᠨ | 2012 ᠤᠨ ᠳᠤ ᠪᠦᠬᠦ ᠬᠦᠮᠦᠨ ᠠᠮᠡ ᠶᠢᠨ ᠲᠤᠭ᠎ᠠ 31.06 ᠲᠦᠮᠡ᠂ ᠡᠭᠦᠨ ᠳᠤ ᠬᠤᠲᠡ ᠪᠠᠯᠭᠠᠰᠤᠨ | ᠤ ᠬᠦᠮᠦᠨ ᠠᠮᠡ 29.1 ᠲᠦᠮᠡ᠃ ᠮᠤᠩᠭᠤᠯ᠂ ᠬᠢᠲᠡᠳ᠂ ᠬᠤᠲᠤᠩ᠂ ᠮᠠᠨᠵᠦ ᠵᠡᠷᠭᠡ 40 ᠦᠨᠳᠦᠰᠦᠲᠡᠨ | ᠰᠠᠭᠤᠷᠢᠰᠢᠵᠦ ᠪᠠᠶᠢᠳᠠᠭ᠃ | | | | | | | |