ᠬᠠᠶᠢᠨᠠᠨ ᠲᠤᠭᠤᠷᠢᠭ ᠤᠨ ᠲᠤᠪᠴᠢ ᠲᠠᠨᠢᠯᠴᠠᠭᠤᠯᠭ᠎ᠠ | | ᠦᠬᠠᠢ ᠬᠤᠲᠠ ᠶᠢᠨ ᠬᠠᠶᠢᠨᠠᠨ ᠲᠤᠭᠤᠷᠢᠭ ᠬᠠᠲᠤᠨ ᠭᠤᠤᠯ ᠤᠨ ᠳᠡᠭᠡᠳᠦ ᠣᠷᠣᠰᠬᠠᠯ ᠳᠤ ᠪᠠᠶᠢᠷᠢᠰᠢᠵᠦ᠂ | ᠵᠡᠭᠦᠨᠰᠢᠣᠷᠳᠣᠰ ᠦᠨᠳᠦᠷᠯᠢᠭ ᠲᠠᠢ ᠬᠦᠷᠰᠢᠯᠡᠵᠦ᠂ ᠡᠮᠦᠨᠡᠰᠢ ᠨᠢᠩᠰᠢᠶᠠ ᠶᠢᠨ ᠬᠤᠲᠤᠩ ᠦᠨᠳᠦᠰᠦᠲᠡᠨ ᠤ | ᠦᠪᠡᠷᠲᠡᠭᠡᠨ ᠵᠠᠰᠠᠬᠤ ᠣᠷᠣᠨ ᠲᠠᠢ ᠭᠤᠤᠯ ᠠᠯᠣᠰᠯᠠᠨ ᠬᠠᠷᠢᠯᠴᠠᠨ ᠪᠠᠷᠠᠯᠠᠵᠦ᠂ ᠪᠠᠷᠠᠭᠤᠨᠰᠢ ᠠᠯᠠᠱᠠ ᠶᠡᠭᠡ ᠲᠠᠯ᠎ᠠ | ᠨᠤᠲᠤᠭ ᠲᠠᠢ ᠵᠠᠯᠭᠠᠯᠳᠤᠵᠦ᠂ ᠣᠮᠠᠷᠠᠰᠢ ᠪᠤᠷᠤᠲᠤᠬᠤᠢ ᠶᠢᠨ ᠲᠡᠭᠰᠢ ᠲᠠᠯ᠎ᠠ ᠢ ᠲᠦᠰᠢᠭᠯᠡᠨ᠂ ᠦᠪᠦᠷ ᠮᠤᠩᠭᠤᠯ ᠤᠨ | ᠦᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠰᠢᠨ᠎ᠡ ᠬᠡᠯᠪᠡᠷᠢ ᠶᠢᠨ ᠠᠵᠦ ᠦᠢᠯᠡᠳᠪᠦᠷᠢ ᠶᠢᠨ ᠬᠤᠲᠠ | ᠮᠦᠷᠲᠡᠭᠡᠨ ᠪᠠᠰᠠ ᠱᠠᠨᠰᠢ ᠭᠠᠨᠰᠦ ᠨᠢᠩᠰᠢᠶᠠ ᠦᠪᠦᠷ ᠮᠤᠩᠭᠤᠯ ᠤᠨ ᠠᠵᠦ ᠠᠬᠤᠢ ᠶᠢᠨ ᠲᠤᠭᠤᠷᠢᠭ ᠤᠨ | ᠣᠶᠠᠯᠳᠣᠬᠰᠠᠨ ᠬᠡᠰᠡᠩ ᠪᠤᠯᠤᠨ ᠬᠠᠲᠤᠨ ᠭᠤᠤᠯ ᠳᠠᠭᠠᠤ ᠠᠵᠦ ᠠᠬᠤᠢ ᠶᠢᠨ ᠣᠷᠣᠨ ᠤ ᠲᠦᠪ ᠲᠤᠭᠤᠷᠢᠭ ᠪᠤᠯᠤᠨ᠎ᠠ | ᠃ | ᠬᠠᠶᠢᠨᠠᠨ ᠲᠤᠭᠤᠷᠢᠭ ᠢ 1976 ᠣᠨ ᠠᠴᠠ ᠡᠬᠢᠯᠡᠨ ᠪᠠᠶᠢᠭᠤᠯᠵᠦ᠂ ᠦᠬᠠᠢ ᠬᠤᠲᠠ ᠶᠢᠨ ᠭᠤᠷᠪᠠᠨ ᠬᠤᠲᠠ | ᠶᠢᠨ ᠬᠠᠷᠢᠶ᠎ᠠ ᠲᠤᠭᠤᠷᠢᠭ ᠤᠨ ᠨᠢᠭᠡ ᠪᠤᠯᠤᠨ᠎ᠠ᠃ ᠲᠤᠭᠤᠷᠢᠭ ᠤᠨ ᠲᠠᠯᠠᠪᠠᠢ 1005 ᠺᠦᠸᠠᠳ᠋ ᠺᠢᠯᠤᠮᠧᠲᠷ᠂ ᠶᠡᠷᠦᠩᠬᠡᠢ | ᠬᠦᠮᠦᠨ ᠠᠮᠠ 10.65 ᠲᠦᠮᠡ ᠪᠠᠶᠢᠵᠦ᠂ ᠬᠢᠲᠠᠳ᠂ ᠮᠤᠩᠭᠤᠯ᠂ ᠬᠤᠲᠤᠩ᠂ ᠮᠠᠨᠵᠦ ᠵᠡᠷᠭᠡ 25 ᠦᠨᠳᠦᠰᠦᠲᠡᠨ ᠢᠶᠠᠷ | ᠪᠦᠷᠢᠯᠳᠦᠪᠡ᠃ ᠪᠦᠬᠦ ᠲᠤᠭᠤᠷᠢᠭ ᠤᠨ ᠳᠤᠤᠷ᠎ᠠ ᠭᠤᠷᠪᠠᠨ ᠪᠠᠯᠭᠠᠰᠤ᠂ ᠬᠤᠶᠠᠷ ᠵᠡᠭᠡᠯᠢ ᠭᠤᠲᠤᠮᠵᠢ ᠶᠢᠨ ᠬᠡᠷᠡᠭ | ᠡᠷᠬᠢᠯᠡᠬᠦ ᠭᠠᠵᠠᠷ ︵ᠪᠠᠶᠠᠨᠲᠤᠬᠤᠢ ᠪᠠᠯᠭᠠᠰᠤ᠂ ᠷᠠᠰᠠᠩ ᠰᠦᠮ᠎ᠡ ᠪᠠᠯᠭᠠᠰᠤ᠂ ᠬᠦᠬᠤᠰᠤ ᠪᠠᠯᠭᠠᠰᠤ᠂ ᠷᠠᠰᠢᠵᠦ᠋ᠩ ᠵᠡᠭᠡᠯᠢ | ᠭᠤᠲᠤᠮᠵᠢ ᠶᠢᠨ ᠬᠡᠷᠡᠭ ᠡᠷᠬᠢᠯᠡᠬᠦ ᠭᠠᠵᠠᠷ᠂ ᠪᠠᠷᠠᠭᠤᠨ ᠣᠷᠠᠨᠳᠦ᠋ᠰᠢ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ︶ | ᠪᠠᠶᠢᠨ᠎ᠠ᠃ ᠬᠢᠵᠠᠭᠠᠷ ᠳᠤᠲᠤᠷ᠎ᠠ ᠨᠢᠭᠡᠨᠲᠡ ᠬᠠᠶᠢᠨ ᠢᠯᠡᠷᠡᠭᠦᠯᠦᠭᠰᠡᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ | 30 ᠭᠠᠷᠤᠢ ᠵᠦᠢᠯ ᠪᠠᠶᠢᠵᠦ᠂ ᠲᠡᠭᠦᠨ ᠤ ᠳᠤᠲᠤᠷ᠎ᠠ 8.3 ᠳ᠋ᠦᠩᠰᠢᠭᠤᠷ ᠲᠤᠨ ᠨᠡᠭᠦᠷᠡᠰᠦ᠂ 23.6 ᠳ᠋ᠦᠩᠰᠢᠭᠤᠷ | ᠲᠤᠨ ᠴᠤᠬᠤᠢ ᠶᠢᠨ ᠴᠢᠯᠠᠭᠤ ᠪᠠᠶᠢᠵᠦ᠂ ᠡᠳᠡᠭᠡᠷ ᠡᠬᠢ ᠪᠠᠶᠠᠯᠢᠭ ᠤᠨ ᠴᠢᠨᠠᠷ ᠰᠠᠶᠢᠨ᠂ ᠮᠠᠯᠲᠠᠬᠤ ᠳᠤ ᠠᠮᠠᠷ᠂ | ᠬᠠᠷᠢᠴᠠᠩᠭᠤᠢ ᠲᠦᠪᠯᠡᠷᠡᠭᠰᠡᠨ᠂ ᠠᠵᠦ ᠦᠢᠯᠡᠳᠪᠦᠷᠢ ᠶᠢᠨ ᠠᠰᠢᠬᠯᠠᠬᠤ ᠦᠷᠳᠡᠭ ᠦᠨᠳᠦᠷ ᠪᠠᠶᠢᠳᠠᠭ᠃ ᠬᠢᠵᠠᠭᠠᠷ | ᠳᠤᠲᠤᠷ᠎ᠠ ᠬᠠᠲᠤᠨ ᠭᠤᠤᠯ ᠤᠨ ᠣᠷᠣᠰᠬᠠᠯ 73 ᠺᠢᠯᠤᠮᠧᠲᠷ᠂ ᠵᠢᠯ ᠤᠨ ᠳᠣᠮᠳᠠᠴᠢ ᠣᠷᠣᠰᠬᠤ ᠬᠡᠮᠵᠢᠶ᠎ᠡ 320 | ᠳ᠋ᠦᠩᠰᠢᠭᠤᠷ ᠺᠦᠸᠠᠳ᠋ ᠮᠧᠲᠷ ᠪᠠᠶᠢᠵᠦ᠂ ᠠᠵᠦ ᠦᠢᠯᠡᠳᠪᠦᠷᠢ ᠲᠠᠷᠢᠶᠠᠯᠠᠩ ᠤᠨ ᠬᠦᠭᠵᠢᠯᠲᠡ ᠶᠢᠨ ᠬᠡᠷᠡᠭᠴᠡᠭᠡ ᠶᠢ | ᠨᠡᠯᠢᠶᠡᠳ ᠰᠠᠶᠢᠨ ᠬᠠᠩᠭᠠᠨ᠎ᠠ᠃ | ᠣᠷᠴᠢᠮ ᠤᠨ ᠵᠢᠯ ᠤᠳ ᠲᠤ᠂ ᠦᠬᠠᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠣᠨᠵᠠᠰᠠᠭ | ᠤᠨ ᠣᠷᠳᠣᠨ ᠤ ᠣᠳᠣᠷᠢᠳᠤᠯᠭ᠎ᠠ ᠲᠤᠤᠷ᠎ᠠ᠂ ᠬᠠᠶᠢᠨᠠᠨ ᠲᠤᠭᠤᠷᠢᠭ ᠪᠦᠬᠦ ᠣᠯᠣᠰ ᠤᠨ ᠴᠢᠬᠤᠯᠠ ᠨᠡᠭᠦᠷᠡᠰᠦᠨ ᠤ ᠬᠢᠮᠢ | ᠶᠢᠨ ᠠᠵᠦ ᠦᠢᠯᠡᠳᠪᠦᠷᠢ᠂ ᠡᠾᠯᠤᠷᠲᠤ ᠱᠦᠯᠲᠦ ᠶᠢᠨ ᠬᠢᠮᠢ ᠶᠢᠨ ᠠᠵᠦ ᠦᠢᠯᠡᠳᠪᠦᠷᠢ ᠶᠢᠨ ᠰᠠᠭᠤᠷᠢᠨ ᠭᠠᠵᠠᠷ ᠢ | ᠡᠭᠦᠳᠦᠨ ᠪᠠᠶᠢᠭᠤᠯᠬᠤ ᠶᠢᠨ ᠲᠤᠭᠤᠷᠢᠨ ᠳᠤ ᠠᠷᠠᠳ ᠢᠶᠠᠨ ᠪᠠᠶᠠᠵᠢᠭᠤᠯᠵᠦ ᠲᠤᠭᠤᠷᠢᠭ ᠢᠶᠠᠨ ᠬᠦᠴᠦᠷᠬᠡᠭᠵᠢᠭᠦᠯᠬᠦ ᠪᠠᠷ | ᠬᠠᠷᠯᠠᠲᠠ ᠪᠤᠯᠭᠠᠬᠤ ᠶᠢ ᠪᠠᠷᠢᠮᠲᠠᠯᠠᠵᠦ᠂ ᠰᠢᠨ᠎ᠡ ᠬᠡᠯᠪᠡᠷᠢ ᠶᠢᠨ ᠠᠵᠦ ᠦᠢᠯᠡᠳᠪᠦᠷᠢᠵᠢᠯᠲᠡ ᠶᠢᠨ ᠬᠦᠭᠵᠢᠯᠲᠡ ᠶᠢᠨ | ᠴᠢᠭᠯᠡᠯ ᠳᠤ ᠰᠠᠭᠤᠷᠢᠯᠠᠵᠦ᠂ ᠠᠵᠦ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠲᠠ ᠶᠢᠨ ᠳᠡᠰ ᠳᠡᠪᠰᠢᠬᠦ ᠠᠯᠬᠤᠴᠠ | ᠪᠠᠨ ᠲᠦᠷᠭᠡᠳᠭᠡᠨ᠂ ᠢᠵᠢᠯ ᠠᠯᠬᠤᠮ ᠢᠶᠠᠷ ᠲᠠᠷᠢᠶᠠᠯᠠᠩ ᠤᠨ ᠦᠢᠯᠡᠰ ᠪᠤᠯᠤᠨ ᠭᠤᠷᠪᠠᠳᠤᠭᠠᠷ ᠠᠵᠦ ᠦᠢᠯᠡᠰ ᠤᠨ | ᠶᠠᠰᠦ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠳᠠᠶᠢᠴᠢᠯᠠᠵᠦ᠂ ᠠᠵᠦ ᠠᠬᠤᠢ ᠶᠢᠨ | ᠬᠤᠪᠢᠷᠠᠭᠤᠯᠤᠯᠲᠠ ᠪᠠᠷ ᠬᠤᠲᠠ ᠶᠢᠨ ᠬᠤᠪᠢᠷᠠᠭᠤᠯᠤᠯᠲᠠ ᠬᠦᠭᠵᠢᠯᠲᠡ ᠶᠢ ᠳᠠᠶᠢᠴᠢᠯᠠᠨ᠂ ᠠᠵᠦ ᠠᠬᠤᠢ ᠨᠡᠶᠢᠭᠡᠮ | ᠯᠠᠪᠳᠠᠭᠤᠨ ᠢᠶᠠᠷ ᠬᠦᠭᠵᠢᠬᠦ ᠰᠠᠶᠢᠨ ᠰᠠᠶᠢᠬᠠᠨ ᠪᠠᠶᠢᠳᠠᠯ ᠢ ᠪᠠᠲᠤᠯᠠᠪᠠ᠃ 2016 ᠣᠨ ᠳᠤ ᠬᠠᠶᠢᠨᠠᠨ ᠲᠤᠭᠤᠷᠢᠭ ᠤᠨ | ᠶᠡᠷᠦᠩᠬᠡᠢ ᠦᠢᠯᠡᠳᠭᠦᠨ ᠤ ᠦᠷᠳᠡᠭ 160.85 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ | ᠠᠴᠠ 6.1 % ᠨᠡᠮᠡᠭᠳᠡᠪᠡ᠃ ᠲᠡᠭᠦᠨ ᠤ ᠳᠤᠲᠤᠷ᠎ᠠ ᠨᠢᠭᠡᠳᠦᠭᠡᠷ ᠠᠵᠦ ᠦᠢᠯᠡᠰ 2 ᠳ᠋ᠦᠩᠰᠢᠭᠤᠷ ᠲᠦᠭᠦᠷᠢᠭ ᠢ | ᠪᠡᠶᠡᠯᠡᠭᠦᠯᠵᠦ᠂ ᠠᠳᠠᠯᠢ ᠬᠤᠭᠤᠴᠠᠭᠠᠨ ᠠᠴᠠ 3.6 % ᠨᠡᠮᠡᠭᠳᠡᠪᠡ᠃ ᠬᠤᠶᠠᠳᠤᠭᠠᠷ ᠠᠵᠦ ᠦᠢᠯᠡᠰ 106.97 | ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠠᠴᠠ 4.7 % ᠨᠡᠮᠡᠭᠳᠡᠪᠡ᠃ ᠠᠵᠦ ᠦᠢᠯᠡᠳᠪᠦᠷᠢ | 95.50 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠠᠴᠠ 5 % ᠨᠡᠮᠡᠭᠳᠡᠪᠡ᠃ ᠪᠠᠷᠢᠯᠭ᠎ᠠ | ᠶᠢᠨ ᠦᠢᠯᠡᠰ 11.47 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠠᠴᠠ 2.6 % | ᠨᠡᠮᠡᠭᠳᠡᠪᠡ᠃ ᠭᠤᠷᠪᠠᠳᠤᠭᠠᠷ ᠠᠵᠦ ᠦᠢᠯᠡᠰ 51.88 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠠᠴᠠ 9 % ᠨᠡᠮᠡᠭᠳᠡᠪᠡ᠃ ᠬᠡᠪᠴᠢᠶᠠᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ | ᠦᠷᠳᠡᠭ ᠠᠳᠠᠯᠢ ᠬᠤᠭᠤᠴᠠᠭᠠᠨ ᠠᠴᠠ 4.5 % ᠨᠡᠮᠡᠭᠳᠡᠪᠡ᠃ ᠲᠤᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ | 44.09 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠠᠴᠠ 4.8 % ᠨᠡᠮᠡᠭᠳᠡᠪᠡ᠃ ᠨᠡᠶᠢᠲᠡ | ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ 14.09 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠠᠴᠠ 13.5 % ᠨᠡᠮᠡᠭᠳᠡᠪᠡ᠃ ᠬᠤᠲᠠ ᠪᠠᠯᠭᠠᠰᠤᠨ ᠤ ᠪᠠᠶᠢᠩᠭᠤ ᠰᠠᠭᠤᠭᠠᠯᠢ ᠠᠷᠠᠳ ᠤᠨ ᠬᠦᠮᠦᠨ | ᠪᠦᠷᠢ ᠶᠢᠨ ᠡᠵᠡᠮᠳᠡᠵᠦ ᠪᠤᠯᠬᠤ ᠳᠣᠮᠳᠠᠴᠢ ᠣᠷᠣᠯᠭ᠎ᠠ 35287 ᠲᠦᠭᠦᠷᠢᠭ ᠪᠠᠶᠢᠵᠦ᠂ ᠠᠳᠠᠯᠢ ᠬᠤᠭᠤᠴᠠᠭᠠᠨ ᠠᠴᠠ | 7.3 % ᠨᠡᠮᠡᠭᠳᠡᠪᠡ᠃ ᠬᠦᠳᠡᠭᠡ ᠲᠤᠰᠬᠤᠨ ᠤ ᠪᠠᠶᠢᠩᠭᠤ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠦ | ᠪᠤᠯᠬᠤ ᠳᠣᠮᠳᠠᠴᠢ ᠣᠷᠣᠯᠭ᠎ᠠ 14642ᠲᠦᠭᠦᠷᠢᠭ ᠪᠠᠶᠢᠵᠦ᠂ ᠠᠳᠠᠯᠢ ᠬᠤᠭᠤᠴᠠᠭᠠᠨ ᠠᠴᠠ 7.6 % ᠨᠡᠮᠡᠭᠳᠡᠪᠡ᠃ | ᠨᠡᠶᠢᠭᠡᠮ ᠤᠨ ᠬᠡᠷᠡᠭᠯᠡᠭᠡᠨ ᠤ ᠡᠳ᠋ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ 8.69 ᠳ᠋ᠦᠩᠰᠢᠭᠤᠷ ᠲᠦᠭᠦᠷᠢᠭ ᠢ | ᠪᠡᠶᠡᠯᠡᠭᠦᠯᠵᠦ᠂ ᠠᠳᠠᠯᠢ ᠬᠤᠭᠤᠴᠠᠭᠠᠨ ᠠᠴᠠ 8.7 % ᠨᠡᠮᠡᠭᠳᠡᠪᠡ᠃ | |