ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ ᠠᠪᠬᠤ
ᠨᠡᠶᠢᠲᠡᠯᠡᠭᠰᠡᠨ ᠴᠠᠭ᠄
2018/12/3
     ᠦᠢᠯᠡᠴᠢᠯᠡᠭᠡᠨ ᠤ ᠨᠡᠷᠡᠶᠢᠳᠤᠯ᠄ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ ᠠᠪᠬᠤ      ᠲᠤᠭᠲᠠᠭᠠᠭᠰᠡᠨ ᠦᠨᠳᠤᠰᠦᠯᠡᠯ᠄      ︽ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠬᠠᠤᠯᠢ︾ ︽ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠲᠦᠷ ᠴᠠᠭ ᠤᠨ ᠰᠠᠭᠤᠭᠠᠯᠢ ᠠᠷᠠᠳ ᠤᠨ ᠪᠡᠶ᠎ᠡ  ᠶᠢᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾᠃      ᠭᠤᠶᠤᠴᠢᠯᠠᠬᠤ ᠨᠦᠭᠦᠴᠡᠯ᠄      1. ᠪᠦᠬᠦᠯᠢ16 ᠨᠠᠰᠦ ᠬᠦᠷᠦᠭᠰᠡᠨ ᠰᠠᠭᠤᠭᠠᠯᠢ ᠠᠷᠠᠳ ᠪᠤᠶᠤ ᠠᠩᠬᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠪᠠᠶᠢᠬᠤ ᠪᠦᠭᠡᠳ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠰᠤᠯᠢᠭᠠᠳᠤᠢ ᠰᠠᠭᠤᠭᠠᠯᠢ ᠠᠷᠠᠳ      2. ᠪᠦᠬᠦᠯᠢ16 ᠨᠠᠰᠦ ᠦᠯᠦ ᠬᠦᠷᠦᠭᠰᠡᠳ᠂ ᠰᠠᠶᠢᠨ ᠳᠤᠷ᠎ᠠ ᠠᠴᠠ ᠪᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ ᠠᠪᠬᠤ ᠠᠷᠠᠳ ᠢᠷᠭᠡᠨ      3. ᠴᠡᠷᠢᠭ ᠠᠩᠬᠢ ᠠᠴᠠ ᠪᠠᠭᠤᠵᠦ᠂ ᠴᠡᠷᠢᠭ ᠠᠴᠠ ᠰᠢᠯᠵᠢᠭᠰᠡᠳ᠂ ᠦᠩᠭᠡᠷᠡᠭᠰᠡᠨ ᠳᠤ ᠰᠠᠭᠤᠭᠠᠯᠢ ᠠᠷᠠᠳ  ᠤᠨ ᠪᠡᠶ᠎ᠡ ᠶᠢᠨ ᠦᠨᠡᠮᠯᠡᠯ ᠭᠤᠶᠤᠴᠢᠯᠠᠭᠰᠡᠨ ᠦᠭᠡᠢ᠂ ᠡᠷᠤᠬᠡ ᠠᠮᠠ ᠤᠷᠤᠬᠤ ᠭᠠᠷ ᠭᠦᠢᠴᠡᠳᠭᠡᠯ ᠬᠢᠬᠦ ᠦᠶ᠎ᠡ ᠳᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ ᠠᠪᠬᠤ      4. ᠰᠢᠶᠠᠩᠭᠠᠩ ᠤᠨ ᠠᠬ᠎ᠠ ᠳᠡᠭᠦᠤ᠂ ᠤᠤᠮᠧᠨ ᠤ ᠠᠬ᠎ᠠ ᠳᠡᠭᠦᠤ᠂ ᠲᠠᠶᠢᠸᠠᠨ ᠤ ᠠᠬ᠎ᠠ ᠳᠡᠭᠦᠤ ᠲᠤᠳᠤᠷ ᠭᠠᠵᠠᠷ ᠨᠡᠭᠦᠨ ᠤᠷᠤᠬᠤ᠂ ᠲᠤᠮᠳᠠᠳᠤ ᠶᠢᠨ ᠬᠠᠷᠢᠶᠠᠳᠤ ᠤᠯᠤᠰ ᠲᠠᠭᠠᠨ ᠪᠤᠴᠠᠨ ᠨᠤᠳᠤᠭᠰᠢᠨ ᠰᠠᠭᠤᠬᠤ ᠵᠢᠴᠢ ᠭᠠᠳᠠᠭᠠᠳᠤ ᠶᠢᠨ ᠬᠦᠮᠦᠨ᠂ ᠤᠯᠤᠰ ᠤᠨ ᠬᠠᠷᠢᠶ᠎ᠠ ᠦᠭᠡᠢ ᠬᠦᠮᠦᠨ ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ  ᠤᠨ ᠬᠢᠯᠢ ᠳᠤᠲᠤᠷ᠎ᠠ ᠰᠠᠭᠤᠷᠢᠰᠢᠵᠦ ᠪᠠᠶᠢᠭ᠎ᠠ ᠪᠦᠭᠡᠳ ᠤᠯᠤᠰ ᠤᠨ ᠬᠠᠷᠢᠶᠠᠨ ᠳᠤ ᠣᠷᠤᠬᠤ ᠪᠠᠷ ᠵᠦᠪᠰᠢᠶᠡᠷᠡᠭᠳᠡᠭᠰᠡᠨ ᠪᠤᠶᠤ ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠤᠯᠤᠰ ᠤᠨ ᠬᠠᠷᠢᠶ᠎ᠠ ᠪᠠᠨ ᠰᠡᠷᠭᠦᠭᠡᠬᠦ᠂ ᠪᠠᠶᠢᠩᠭᠤ ᠶᠢᠨ ᠡᠷᠤᠬᠡ ᠠᠮᠠ ᠶᠢᠨ ᠳᠠᠩᠰᠠᠯᠠᠯᠲᠠ ᠶᠢᠨ ᠦᠶ᠎ᠡ ᠳᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ᠎ᠠ      ᠭᠦᠢᠴᠡᠳᠭᠡᠬᠦ ᠮᠠᠲ᠋ᠧᠷᠢᠶᠠᠯ᠄      1. ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ ᠠᠪᠬᠤ ᠬᠦᠰᠦᠨᠦᠭ︾ ᠢ ᠬᠠᠷᠭᠤᠭᠤᠯᠤᠨ ᠦᠵᠡᠬᠦ ᠪᠦᠭᠡᠳ ᠭᠠᠷ ᠤᠨ ᠦᠰᠦᠭ ᠵᠢᠷᠤᠨ᠎ᠠ      2. ᠰᠠᠭᠤᠭᠠᠯᠢ ᠠᠷᠠᠳ ᠤᠨ ᠡᠷᠤᠬᠡ ᠠᠮᠠ ᠶᠢᠨ ᠳᠡᠪᠲᠡᠷ ᠢᠶᠠᠨ ᠪᠠᠶᠢᠴᠠᠭᠠᠯᠭᠠᠬᠤ      3. ᠪᠦᠬᠦᠯᠢ 16 ᠨᠠᠰᠦ ᠦᠯᠦ ᠬᠦᠷᠦᠭᠰᠡᠳ᠂ ᠬᠢᠨᠠᠨ ᠬᠠᠮᠠᠭᠠᠯᠠᠭᠴᠢ ᠨᠢ ᠲᠡᠭᠦᠨ ᠢ ᠤᠷᠤᠯᠠᠵᠦ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ᠎ᠠ᠂ ᠬᠢᠨᠠᠨ ᠬᠠᠮᠠᠭᠠᠯᠠᠭᠴᠢ ᠨᠢ ᠪᠠᠰᠠ ᠬᠤᠪᠢ ᠬᠦᠮᠦᠨ ᠤ ᠪᠡᠶ᠎ᠡ ᠶᠢᠨ ᠦᠨᠡᠮᠯᠡᠯ ᠪᠤᠯᠤᠨ ᠬᠢᠨᠠᠨ ᠬᠠᠮᠠᠭᠠᠯᠠᠭᠳᠠᠭᠴᠢ ᠯᠤᠭ᠎ᠠ ᠶᠢᠨ ᠬᠠᠷᠢᠴᠠᠭᠠᠨ ᠤ ᠭᠡᠷᠡᠴᠢ ᠢᠶᠠᠨ ᠭᠠᠷᠭᠠᠨ᠎ᠠ ︵ᠵᠢᠱᠢᠶᠡᠯᠡᠪᠡᠯ᠄ ᠲᠦᠷᠦᠭᠰᠡᠨ ᠭᠡᠷᠡᠴᠢ᠂ ᠭᠠᠭᠴᠠ ᠬᠡᠤᠬᠡᠳ ᠤᠨ ᠭᠡᠷᠡᠴᠢ ᠪᠤᠶᠤ ᠡᠷᠤᠬᠡ ᠠᠮᠠ ᠶᠢᠨ ᠳᠠᠩᠰᠯᠠᠯ ᠨᠢ ᠠᠳᠠᠯᠢ ᠨᠢᠭᠡᠨ ᠳᠡᠪᠲᠡᠷ ᠳᠡᠭᠡᠷ᠎ᠡ ᠪᠠᠶᠢᠬᠤ ᠡᠷᠤᠬᠡ ᠠᠮᠠ ᠶᠢᠨ ᠳᠡᠪᠲᠡᠷ ᠵᠡᠷᠭᠡ︶      ᠭᠦᠢᠴᠡᠳᠭᠡᠬᠦ ᠠᠵᠢᠯ ᠤᠨ ᠶᠠᠪᠤᠴᠠ᠄      ᠲᠤᠰ ᠬᠦᠮᠦᠨ ᠡᠷᠤᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠲᠤᠮᠢᠯᠠᠭᠰᠡᠨ ᠰᠠᠯᠪᠤᠷᠢ ᠳᠤ ᠭᠤᠶᠤᠴᠢᠯᠠᠨ᠎ᠠ᠂ ᠠᠷᠠᠳ ᠢᠷᠭᠡᠳ ᠤᠨ ᠪᠡᠶ᠎ᠡ ᠶᠢᠨ ᠬᠢᠷᠢ ᠬᠡᠮ ᠢ ᠨᠤᠳᠠᠯᠠᠵᠦ᠂ ᠦᠨᠡᠮᠯᠡᠯ ᠤᠨ ᠦᠷᠳᠡᠭ ᠤᠨ ᠵᠠᠷᠤᠳᠠᠯ ᠲᠤᠰᠢᠶᠠᠬᠤ ᠵᠢᠴᠢ ᠵᠢᠷᠤᠭ ᠲᠦᠷᠰᠤᠳᠤ ᠮᠡᠳᠡᠭᠡ ᠵᠠᠩᠬᠢ ᠴᠤᠭᠯᠠᠭᠤᠯᠬᠤ      ᠴᠠᠭ ᠤᠨ ᠬᠢᠵᠠᠭᠠᠷ᠄ 60 ᠠᠵᠢᠯᠯᠠᠬᠤ ᠡᠳᠤᠷ      ᠭᠦᠢᠴᠡᠳᠭᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ 8᠄ 30 —12᠄ 00᠂ ᠦᠳᠡ ᠶᠢᠨ ᠬᠤᠶᠢᠨ᠎ᠠ 15᠄ 00 —18᠄ 00      ᠰᠦᠢᠳᠭᠡᠯ ᠬᠤᠷᠢᠶᠠᠬᠤ ᠪᠠᠶᠢᠳᠠᠯ᠄ ᠤᠯᠤᠰ ᠤᠨ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠬᠤᠷᠢᠶ᠎ᠠ᠂ ᠡᠳ᠋  ᠤᠨ ᠵᠠᠰᠠᠭ ᠤᠨ ᠶᠠᠮᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠰᠦᠢᠳᠭᠡᠯ ᠬᠤᠷᠢᠶᠠᠬᠤ ᠪᠠᠷᠢᠮᠵᠢᠶ᠎ᠠ ᠵᠢᠴᠢ ᠬᠤᠯᠪᠤᠭᠳᠠᠯ ᠪᠦᠬᠦᠢ ᠠᠰᠠᠭᠤᠳᠠᠯ ᠤᠨ ᠲᠤᠬᠠᠢ ᠮᠡᠳᠡᠭᠳᠡᠯ ︵ᠬᠦᠭᠵᠢᠭᠦᠯᠦᠯᠲᠡ ᠦᠭᠡᠷᠡᠴᠢᠯᠡᠯᠲᠡ ᠶᠢᠨ ᠦᠨ᠎ᠡ ᠬᠠᠩᠰᠢ ﹇2003﹈ 2322 ᠳ᠋ᠤᠭᠠᠷ︶      ᠭᠦᠢᠴᠡᠳᠭᠡᠬᠦ ᠭᠠᠵᠠᠷ᠄ ᠡᠷᠤᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠲᠤᠳᠤᠭᠠᠳᠤ ᠬᠠᠮᠠᠭᠠᠯᠠᠬᠤ ᠲᠤᠮᠢᠯᠠᠭᠰᠡᠨ ᠰᠠᠯᠪᠤᠷᠢ      ᠬᠠᠷᠢᠭᠤᠴᠠᠯᠭᠠᠳᠤ ᠰᠠᠯᠠᠭ᠎ᠠ ᠮᠦᠴᠢᠷ᠄ ᠦᠬᠠᠢ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ      ᠬᠠᠷᠢᠯᠴᠠᠬᠤ ᠤᠳᠠᠰᠤ᠄ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠦᠨᠳᠦᠰᠦᠨ ᠱᠠᠳᠣᠨ ᠤ ᠰᠠᠭᠤᠷᠢ ᠰᠠᠯᠪᠤᠷᠢ ᠠᠩᠭᠢ ᠶᠢᠨ ᠯᠠᠪᠯᠠᠬᠤ ᠣᠳᠠᠰᠣ᠄ 0473— 2052736︔ ᠬᠠᠶᠢᠷᠣᠪ ᠤᠨ ᠲᠤᠬᠤᠢ ᠲᠤᠭᠤᠷᠢᠭ ᠤᠨ ᠠᠮᠤᠷ ᠢ ᠬᠠᠮᠠᠭᠠᠯᠠᠬᠤ ᠶᠡᠭᠡ ᠠᠩᠭᠢ ᠶᠢᠨ ᠡᠷᠦᠭᠡ ᠠᠮᠠ ᠶᠢᠨ ᠲᠠᠩᠰᠠᠨ ᠤ ᠲᠤᠬᠠᠶᠢᠯᠠᠭᠰᠠᠨ ᠠᠵᠢᠯ  ᠤᠨ ᠯᠠᠪᠯᠠᠬᠤ ᠣᠳᠠᠰᠣ᠄ 0473— 2997579︔ ᠣᠳᠠ ᠲᠤᠭᠤᠷᠢᠭ ᠤᠨ ᠠᠮᠤᠷ ᠢ ᠬᠠᠮᠠᠭᠠᠯᠠᠬᠤ ᠶᠡᠭᠡ ᠠᠩᠭᠢ  ᠶᠢᠨ ᠡᠷᠦᠭᠡ ᠠᠮᠠ ᠶᠢᠨ ᠲᠠᠩᠰᠠᠨ ᠤ ᠲᠤᠬᠠᠶᠢᠯᠠᠭᠰᠠᠨ ᠠᠵᠢᠯ ᠤᠨ ᠯᠠᠪᠯᠠᠬᠤ ᠣᠳᠠᠰᠣ᠄ 0473— 3988251︔ ᠬᠠᠶᠢᠨᠠᠨ ᠲᠤᠭᠤᠷᠢᠭ ᠤᠨ ᠠᠮᠤᠷ ᠢ ᠬᠠᠮᠠᠭᠠᠯᠠᠬᠤ ᠶᠡᠭᠡ ᠠᠩᠭᠢ ᠶᠢᠨ ᠡᠷᠦᠭᠡ ᠠᠮᠠ ᠶᠢᠨ ᠲᠠᠩᠰᠠᠨ ᠤ ᠲᠤᠬᠠᠶᠢᠯᠠᠭᠰᠠᠨ ᠠᠵᠢᠯ ᠤᠨ ᠯᠠᠪᠯᠠᠬᠤ ᠣᠳᠠᠰᠣ᠄ 0473— 4021126
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号