ᠠᠵᠢᠯ ᠤᠨ ᠡᠭᠦᠷᠭᠡ ᠬᠠᠷᠢᠭᠤᠴᠠᠯᠭ᠎ᠠ᠄ | 1. ᠦᠬᠠᠢ ᠬᠤᠲᠠ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠬᠢᠨᠠᠵᠤ᠂ ᠵᠠᠳᠠᠯᠵᠤ᠂ ᠵᠢᠱᠢᠵᠤ᠂ ᠠᠵᠤ | ᠠᠬᠤᠶ ᠶᠢᠨ ᠡᠳᠦᠷ ᠲᠤᠳᠤᠮ ᠤᠨ ᠠᠵᠢᠯᠯᠠᠭ᠎ᠠ ᠶᠢ ᠳᠤᠬᠢᠷᠠᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ | ᠠᠵᠤ ᠦᠢᠯᠡᠰ ᠤᠨ ᠲᠥᠷᠥ ᠶᠢᠨ ᠪᠤᠳᠤᠯᠭ᠎ᠠ ᠶᠢ ᠦᠨᠳᠦᠰᠦᠯᠡᠨ᠂ ᠤᠶᠢᠷ᠎ᠠ ᠶᠢᠨ ᠬᠤᠭᠤᠴᠠᠭᠠᠨ ᠤ ᠠᠵᠤ ᠠᠬᠤᠶ ᠶᠢᠨ | ᠠᠵᠢᠯᠯᠠᠭᠠᠨ ᠢ ᠲᠣᠬᠢᠷᠠᠭᠤᠯᠤᠨ ᠡᠵᠡᠮᠳᠡᠬᠦ ᠬᠠᠷᠠᠯᠲᠠ᠂ ᠠᠷᠭ᠎ᠠ ᠪᠠ ᠠᠷᠭ᠎ᠠ ᠬᠡᠮᠵᠢᠶ᠎ᠡ ᠶᠢ ᠳᠤᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠠᠬᠤᠶ ᠶᠢᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ | ᠰᠢᠢᠳᠪᠦᠷᠢᠯᠡᠬᠦ ᠶᠢᠨ ᠬᠠᠮᠲᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠤ ᠰᠠᠨᠠᠯ ᠪᠠ | ᠰᠠᠨᠠᠭᠤᠯᠭ᠎ᠠ ᠳᠤᠷᠠᠳᠤᠨ᠎ᠠ᠃ | 2. ᠪᠥᠬᠦ ᠬᠤᠲᠠ ᠶᠢᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢᠨ ᠶᠡᠷᠦᠩᠬᠡᠶ ᠲᠥᠯᠥᠪᠵᠢᠭᠦᠯᠭᠡ ᠪᠠ | ᠠᠵᠤ ᠦᠢᠯᠡᠰ ᠤᠨ ᠪᠦᠲᠦᠴᠡ ᠶᠢᠨ ᠲᠦᠷᠦ ᠶᠢᠨ ᠪᠤᠳᠦᠯᠭ᠎ᠠ ᠳᠤᠭᠲᠠᠭᠠᠬᠤ ᠳᠤ ᠣᠷᠤᠯᠴᠠᠨ᠎ᠠ᠃ ᠭᠤᠣᠯᠳᠠᠯᠭ᠎ᠠ ᠲᠠᠢ | ᠠᠵᠢᠯ ᠲᠦᠷᠦᠯ᠂ ᠭᠤᠣᠯᠳᠠᠯᠭ᠎ᠠ ᠲᠠᠢ ᠦᠢᠯᠡᠳᠬᠦᠨ ᠢ ᠲᠣᠬᠢᠷᠠᠭᠤᠯᠬᠤ ᠲᠥᠰᠦᠯ ᠢ ᠳᠤᠷᠠᠳᠴᠤ᠂ ᠡᠭᠦᠨ ᠤ ᠳᠠᠭᠠᠤ | ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠬᠢᠨᠠᠨ ᠰᠢᠯᠭᠠᠵᠤ ᠬᠢᠨᠠᠨ ᠡᠵᠡᠮᠳᠡᠨ᠎ᠡ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠪᠥᠬᠦ ᠬᠤᠲᠠ ᠶᠢᠨ ᠬᠤᠯᠪᠣᠭᠳᠠᠯ ᠪᠦᠬᠦᠢ ᠠᠵᠤ ᠠᠬᠤᠶ ᠶᠢᠨ ᠲᠦᠷᠦ ᠶᠢᠨ ᠪᠤᠳᠤᠯᠭ᠎ᠠ ᠶᠢ | ᠲᠣᠭᠲᠠᠭᠠᠨ ᠵᠣᠬᠢᠴᠠᠭᠤᠯᠤᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | 3. ᠤᠯᠤᠰ ᠪᠠ ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢ ᠬᠥᠭᠵᠢᠭᠦᠯᠬᠦ ᠪᠠᠶᠢᠯᠳᠤᠬᠤ ᠪᠤᠳᠤᠯᠭ᠎ᠠ ᠪᠠ ᠲᠥᠯᠥᠪᠵᠢᠭᠦᠯᠭᠡ ᠶᠢ | ᠦᠨᠳᠦᠰᠦᠯᠡᠨ᠂ ᠦᠬᠠᠢ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠰᠤᠳᠤᠯᠤᠨ ᠪᠣᠯᠪᠠᠰᠤᠷᠠᠭᠤᠯᠬᠤ ᠠᠵᠤ ᠦᠢᠯᠡᠳᠪᠦᠷᠢ ᠶᠢᠨ ᠬᠥᠭᠵᠢᠯᠲᠡ ᠶᠢᠨ ᠲᠥᠰᠦᠯ ᠪᠣᠯᠤᠨ ᠠᠵᠢᠯ ᠲᠦᠷᠦᠯ ᠤᠨ | ᠬᠠᠮᠢᠶᠠᠷᠤᠯᠲᠠ ᠶᠢᠨ ᠳᠦᠷᠢᠮ ᠲᠣᠭᠲᠠᠭᠠᠯ ᠵᠢᠴᠢ ᠨᠠᠶᠢᠳᠠᠪᠤᠷᠢᠵᠢᠭᠤᠯᠬᠤ ᠠᠷᠭ᠎ᠠ ᠶᠢ ᠰᠤᠳᠤᠯᠤᠨ ᠳᠣᠭᠲᠠᠭᠠᠨ᠎ᠠ᠃ ᠪᠦᠬᠦ | ᠬᠤᠳᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ | ᠦᠢᠯᠡᠳᠪᠦᠷᠢ ᠶᠢᠨ ᠬᠠᠮᠢᠶᠠᠷᠤᠯᠲᠠ ᠪᠠ ᠵᠣᠬᠢᠴᠠᠭᠤᠯᠬᠤ ᠶᠢ ᠬᠠᠷᠢᠭᠤᠴᠠᠨ᠎ᠠ᠃ ᠪᠦᠬᠦ ᠬᠤᠲᠠ ᠶᠢᠨ ᠠᠷᠠᠳ ᠤᠨ | ᠬᠡᠷᠡᠭᠯᠡᠭᠡᠨ ᠤ ᠳᠡᠯᠪᠡᠴᠢᠬᠦ ᠪᠠᠭᠠᠵᠢ ᠬᠡᠷᠡᠭᠰᠡᠯ ᠵᠢᠴᠢ ᠦᠢᠯᠡᠳᠪᠦᠷᠢᠯᠡᠯ ᠡᠵᠡᠩᠨᠡᠬᠦ ᠶᠢ ᠵᠢᠯᠣᠭᠤᠳᠴᠤ ᠬᠠᠮᠢᠶᠠᠷᠤᠨ᠎ᠠ᠃ | 4. ᠤᠯᠤᠰ ᠣᠷᠣᠨ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ᠂ ᠮᠡᠳᠡᠭᠡ ᠵᠠᠩᠭᠢ ᠶᠢᠨ ᠠᠵᠤ | ᠦᠢᠯᠡᠰ ᠤᠨ ᠲᠠᠯ᠎ᠠ ᠪᠠᠷ ᠬᠢ ᠠᠵᠤ ᠠᠬᠤᠶ ᠶᠢᠨ ᠬᠠᠤᠯᠢ ᠲᠣᠭᠲᠠᠭᠠᠯ ᠢ ᠨᠠᠶᠢᠲᠠᠪᠤᠷᠢᠵᠢᠭᠤᠯᠠᠬᠤ ᠠᠷᠭ᠎ᠠ ᠬᠡᠮᠵᠢᠶ᠎ᠡ᠂ | ᠲᠥᠰᠦᠯ ᠢ ᠲᠤᠭᠤᠷᠪᠢᠬᠤ ᠶᠢᠨ ᠬᠠᠮᠲᠤ ᠬᠢᠨᠠᠯᠲᠠ ᠬᠡᠷᠡᠭᠵᠢᠭᠦᠯᠦᠨ᠎ᠡ᠃ ᠠᠵᠢᠯ ᠲᠦᠷᠦᠯ ᠤᠨ ᠦᠢᠯᠡᠳᠪᠦᠷᠢᠯᠡᠯ ᠤᠨ | ᠪᠠᠶᠢᠳᠠᠯ ᠢ ᠵᠠᠳᠠᠯᠤᠨ ᠡᠵᠡᠮᠰᠢᠵᠦ᠂ ᠠᠵᠤ ᠦᠢᠯᠡᠰ ᠤᠨ ᠠᠵᠤ ᠠᠬᠤᠶ ᠶᠢᠨ ᠮᠡᠳᠡᠭᠡ ᠵᠠᠩᠭᠢ ᠪᠠ ᠵᠠᠬ᠎ᠠ ᠳᠡᠯᠭᠡᠭᠦᠷ ᠤᠨ | ᠮᠡᠳᠡᠭᠡ ᠵᠠᠩᠭᠢ ᠶᠢ ᠴᠤᠭᠯᠠᠭᠤᠯᠤᠨ ᠡᠮᠬᠢᠯᠡᠨ ᠨᠡᠶᠢᠲᠡᠯᠡᠵᠦ ᠠᠵᠤ ᠠᠬᠤᠶᠢᠯᠠᠯ ᠳᠤ ᠦᠢᠯᠡᠴᠢᠯᠡᠭᠡ ᠬᠠᠩᠭᠠᠨ᠎ᠠ᠃ | 5. ᠠᠵᠢᠯ ᠲᠦᠷᠦᠯ ᠤᠨ ᠲᠥᠯᠥᠪᠵᠢᠭᠦᠯᠭᠡ᠂ ᠠᠵᠢᠯ ᠲᠥᠷᠥᠯ ᠤᠨ ᠬᠠᠤᠯᠢ ᠲᠣᠭᠲᠠᠭᠠᠯ ᠪᠠ ᠬᠤᠯᠪᠣᠭᠳᠠᠯ | ᠪᠦᠬᠦᠢ ᠳᠦᠷᠢᠮ ᠲᠣᠭᠲᠠᠭᠠᠯ ᠢ ᠲᠤᠭᠤᠷᠪᠢᠨ᠎ᠠ᠃ ᠠᠵᠤ ᠦᠢᠯᠡᠰ ᠤᠨ ᠪᠦᠲᠦᠴᠡ ᠶᠢᠨ ᠳᠣᠬᠢᠷᠠᠭᠤᠯᠤᠯᠲᠠ ᠶᠢ | ᠵᠢᠯᠤᠭᠤᠳᠴᠤ᠂ ᠠᠵᠢᠯ ᠲᠦᠷᠦᠯ ᠤᠨ ᠵᠦᠢ ᠵᠣᠬᠢᠰᠲᠠᠢ ᠪᠠᠶᠢᠷᠢᠰᠢᠭᠤᠯᠤᠯᠲᠠ ᠶᠢ ᠬᠥᠲᠥᠯᠥᠨ ᠵᠢᠯᠣᠭᠤᠳᠤᠨ᠎ᠠ᠃ ᠠᠵᠢᠯ | ᠲᠥᠷᠥᠯ ᠤᠨ ᠳᠣᠲᠣᠭᠠᠳᠤ ᠶᠢᠨ ᠬᠠᠷᠢᠴᠠᠭ᠎ᠠ ᠶᠢ ᠵᠣᠬᠢᠴᠠᠭᠤᠯᠵᠤ᠂ ᠲᠥᠪ ᠭᠤᠣᠯᠴᠢ ᠥᠷᠢᠰᠥᠯᠳᠦᠭᠡᠨ ᠤ ᠡᠮᠬᠢ | ᠵᠢᠷᠤᠮ ᠢ ᠬᠠᠮᠠᠭᠠᠯᠠᠨ᠎ᠠ᠃ ᠠᠵᠢᠯ ᠲᠦᠷᠦᠯ ᠤᠨ ᠬᠥᠭᠵᠢᠯᠲᠡ ᠶᠢᠨ ᠳᠤᠮᠳᠠᠬᠢ ᠠᠰᠠᠭᠤᠳᠠᠯ ᠢ ᠰᠤᠳᠤᠯᠵᠤ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠤ ᠰᠠᠨᠠᠭᠤᠯᠭ᠎ᠠ ᠭᠠᠷᠭᠠᠨ᠎ᠠ᠃ ᠠᠵᠢᠯ ᠲᠦᠷᠦᠯ ᠤᠨ ᠬᠠᠮᠢᠶᠠᠷᠤᠯᠲᠠ ᠶᠢ ᠵᠣᠬᠢᠶᠠᠨ | ᠪᠠᠶᠢᠭᠤᠯᠤᠨ ᠶᠠᠪᠤᠭᠳᠠᠭᠤᠯᠤᠨ᠎ᠠ᠃ | 6. ᠪᠥᠬᠦ ᠬᠤᠲᠠ ᠶᠢᠨ ᠠᠵᠤ ᠦᠢᠯᠡᠳᠪᠦᠷᠢ᠂ ᠵᠠᠮ ᠲᠡᠭᠡᠭᠡᠪᠦᠷᠢ᠂ ᠪᠦᠳᠦᠭᠡᠨ ᠪᠠᠶᠢᠭᠤᠯᠤᠯᠲᠠ ᠶᠢᠨ | ᠲᠠᠯ᠎ᠠ ᠪᠠᠷ ᠬᠢ ᠶᠡᠷᠦᠩᠬᠡᠶᠢᠯᠡᠭᠰᠡᠨ ᠴᠢᠨᠠᠷᠲᠠᠶ ᠠᠵᠤ ᠠᠬᠤᠶ ᠶᠢᠨ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ | ᠳᠣᠭᠲᠠᠭᠠᠵᠤ᠂ ᠤᠯᠤᠰ ᠠᠴᠠ ᠵᠣᠭᠤᠰ ᠭᠠᠷᠭᠠᠬᠤ ᠠᠴᠠ ᠪᠤᠰᠤᠳ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠪᠡᠯᠡ ᠣᠷᠣᠭᠤᠯᠤᠯᠲᠠ ᠪᠠ ᠪᠠᠩᠬᠢ ᠶᠢᠨ ᠵᠢᠭᠡᠯᠡᠯᠭᠡ ᠶᠢᠨ ᠴᠢᠭᠯᠡᠯ ᠢ ᠵᠢᠯᠤᠭᠤᠳᠤᠨ᠂ ᠠᠵᠢᠯ ᠲᠥᠷᠦᠯ ᠢ ᠮᠡᠳᠡᠭᠦᠯᠦᠨ | ᠳᠠᠩᠰᠠᠯᠠᠭᠤᠯᠬᠤ ᠪᠠ ᠬᠢᠨᠠᠯᠲᠠ ᠲᠠᠯᠪᠢᠵᠤ᠂ ᠬᠤᠲᠠ ᠶᠢᠨ ᠬᠥᠭᠵᠢᠯᠲᠡ ᠪᠠ ᠥᠭᠡᠷᠡᠴᠢᠯᠡᠯᠲᠡ ᠶᠢᠨ ᠵᠥᠪᠯᠡᠯ ᠤᠨ | ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠶᠢ ᠣᠷᠣᠭᠤᠯᠤᠨ᠎ᠠ᠃ ᠤᠯᠤᠰ ᠤᠨ ᠥᠮᠴᠢᠯᠡᠯ ᠤᠨ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠠᠪᠴᠠᠭᠠᠨ ᠤ ᠡᠷᠬᠡ ᠶᠢ ᠰᠲ᠋ᠣᠺ ᠤᠨ ᠡᠷᠬᠡ ᠪᠣᠯᠭᠠᠨ ᠬᠤᠪᠢᠷᠠᠭᠤᠯᠬᠤ | ᠠᠵᠢᠯ ᠢ ᠬᠠᠷᠢᠭᠤᠴᠠᠨ᠎ᠠ᠃ ᠠᠵᠤ ᠠᠬᠤᠶᠢᠯᠠᠯ᠂ ᠭᠠᠳᠠᠭᠠᠳᠤ ᠶᠢᠨ ᠪᠡᠯᠡ ᠮᠥᠩᠭᠦ ᠶᠢ ᠠᠰᠢᠭᠯᠠᠬᠤ ᠬᠤᠯᠪᠣᠭᠳᠠᠯ ᠪᠦᠬᠦᠢ | ᠲᠦᠷᠦ ᠶᠢᠨ ᠪᠤᠳᠤᠯᠭ᠎ᠠ ᠶᠢ ᠰᠤᠳᠤᠯᠤᠨ ᠲᠣᠭᠤᠷᠪᠢᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠭᠠᠳᠠᠭᠠᠳᠤ ᠶᠢᠨ ᠪᠡᠯᠡ ᠮᠥᠩᠭᠦ ᠶᠢ ᠠᠰᠢᠭᠯᠠᠬᠤ ᠶᠢ ᠵᠢᠯᠤᠭᠤᠳᠤᠨ ︵ᠡᠭᠦᠨ ᠳᠤ ᠭᠠᠳᠠᠭᠠᠳᠤ ᠶᠢᠨ ᠬᠤᠳᠠᠯᠳᠤᠭᠠᠴᠢᠨ ᠤ | ᠰᠢᠭᠤᠳ ᠪᠡᠯᠡ ᠣᠷᠣᠭᠤᠯᠤᠯᠲᠠ ᠶᠢᠨ ᠲᠥᠷᠦᠯ ᠵᠦᠢᠯ ᠶᠢ ᠪᠠᠭᠲᠠᠭᠠᠨ᠎ᠠ︶᠂ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠭᠠᠳᠠᠭᠠᠳᠤ ᠵᠢᠭᠡᠯᠡᠯᠭᠡ ᠶᠢ ᠠᠰᠢᠭᠯᠠᠬᠤ ᠬᠠᠨᠳᠤᠰᠢ ᠶᠢ ᠵᠢᠭᠠᠵᠤ ᠭᠠᠷᠭᠠᠨ᠎ᠠ᠃ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠭᠠᠳᠠᠭᠠᠳᠤ ᠶᠢᠨ ᠬᠤᠳᠠᠯᠳᠤᠭᠠᠴᠢᠨ ᠳᠤ ᠬᠦᠷᠦᠩᠬᠡ ᠬᠤᠭᠰᠢᠯ ᠤᠨ | ᠰᠲ᠋ᠣᠺ ᠤᠨ ᠡᠷᠬᠡ᠂ ᠡᠵᠡᠩᠨᠡᠬᠦ ᠡᠷᠬᠡ ᠶᠢ ᠰᠢᠯᠵᠢᠭᠦᠯᠦᠨ ᠦᠭᠬᠦ ᠵᠡᠷᠭᠡ ᠲᠦᠷᠦ ᠶᠢᠨ ᠪᠤᠳᠤᠯᠭ᠎ᠠ ᠶᠢ ᠲᠤᠤᠱᠠᠯᠠᠭᠤᠯᠤᠨ | ᠬᠡᠷᠡᠭᠵᠢᠭᠦᠯᠵᠦ᠂ ᠬᠢᠨᠠᠯᠲᠠ ᠲᠠᠯᠪᠢᠨ᠎ᠠ᠃ | 7. ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯ ᠢ ᠬᠠᠷᠢᠭᠤᠴᠠᠨ᠎ᠠ᠃ ᠡᠯ᠎ᠡ ᠵᠦᠢᠯ ᠤᠨ ᠠᠵᠤ | ᠠᠬᠤᠶ ᠶᠢᠨ ᠪᠦᠷᠢᠯᠳᠦᠬᠦᠨ ᠤ ᠠᠵᠤ ᠠᠬᠤᠶᠢᠯᠠᠯ ᠤᠳ ᠲᠤ ᠬᠤᠷᠸ᠎ᠠ ᠬᠠᠮᠢᠶᠠᠷᠤᠯᠲᠠ ᠪᠠ ᠵᠢᠯᠤᠭᠤᠳᠤᠯᠭ᠎ᠠ ᠬᠢᠵᠦ᠂ | ᠠᠵᠤ ᠠᠬᠤᠶᠢᠯᠠᠯ ᠤᠨ ᠦᠢᠯᠡ ᠠᠵᠢᠯᠯᠠᠭ᠎ᠠ ᠶᠢᠨ ᠳᠦᠷᠢᠮ ᠢ ᠵᠢᠷᠤᠮᠵᠢᠭᠤᠯᠵᠤ᠂ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ᠂ ᠠᠷᠭ᠎ᠠ ᠪᠣᠳᠤᠯᠭ᠎ᠠ ᠶᠢ ᠰᠤᠳᠤᠯᠤᠨ ᠲᠣᠭᠤᠷᠪᠢᠨᠠ᠃ ᠤᠳᠤ ᠦᠶ᠎ᠡ | ᠶᠢᠨ ᠠᠵᠤ ᠠᠬᠤᠶᠢᠯᠠᠯ ᠤᠨ ᠲᠦᠷᠢᠮ ᠪᠠᠶᠢᠭᠤᠯᠬᠤ ᠶᠢ ᠳᠦᠯᠬᠢᠨ ᠠᠬᠢᠭᠤᠯᠤᠨ᠎ᠠ᠃ ᠠᠵᠤ ᠠᠬᠤᠶᠢᠯᠠᠯ ᠤᠨ ᠰᠢᠭᠤᠳ | ᠪᠡᠯᠡ ᠲᠣᠬᠢᠷᠠᠭᠤᠯᠬᠤ ᠠᠵᠢᠯ ᠳᠤ ᠣᠷᠣᠯᠴᠠᠵᠤ ᠵᠢᠯᠣᠭᠤᠳᠤᠯᠭ᠎ᠠ ᠬᠢᠨ᠎ᠡ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠬᠠᠮᠢᠶᠠᠷᠤᠯᠲᠠ ᠂ ᠠᠯᠳᠠᠭᠳᠠᠯ ᠢᠶᠠᠨ ᠬᠤᠪᠢᠷᠠᠭᠤᠯᠬᠤ ᠪᠠ ᠠᠵᠤ ᠠᠬᠤᠶᠢᠯᠠᠯ ᠤᠨ ᠳᠠᠷᠤᠭᠠᠰᠤ ᠶᠢ | ᠬᠥᠩᠭᠡᠯᠡᠬᠦ ᠠᠵᠢᠯ ᠢ ᠵᠢᠯᠤᠭᠤᠳᠤᠨ᠎ᠠ᠃ ᠠᠵᠤ ᠠᠬᠤᠶᠢᠯᠠᠯ ᠤᠨ ᠳᠣᠲᠣᠭᠠᠳᠤ ᠶᠢᠨ ᠬᠠᠤᠯᠢ ᠴᠠᠭᠠᠵᠠ ᠶᠢᠨ | ᠵᠥᠪᠯᠡᠭᠴᠢ ᠶᠢᠨ ᠠᠵᠢᠯ ᠢ ᠵᠢᠯᠤᠭᠤᠳᠤᠨ᠎ᠠ᠃ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠨ ᠤ | ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠵᠢᠯᠤᠭᠤᠳᠤᠨ᠎ᠠ᠃ | 8. ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠦᠩᠭᠡ ᠶᠢ ᠬᠢᠨᠠᠨ ᠬᠠᠮᠢᠶᠠᠷᠬᠤ ᠬᠠᠤᠯᠢ | ᠲᠣᠭᠲᠠᠭᠠᠯ᠂ ᠠᠷᠭ᠎ᠠ ᠬᠡᠮᠵᠢᠶ᠎ᠡ ᠶᠢᠨ ᠲᠥᠰᠦᠯ ᠢ ᠲᠤᠭᠤᠷᠪᠢᠨ ᠲᠣᠭᠲᠠᠭᠠᠵᠤ ᠲᠤᠤᠱᠠᠯᠠᠭᠤᠯᠬᠤ ᠳᠤ ᠣᠷᠤᠯᠴᠠᠨ᠎ᠠ᠃ | ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠦᠷᠳᠡᠭ ᠢ ᠪᠠᠲᠤᠯᠠᠬᠤ ᠦᠷᠳᠡᠭ ᠢ | ᠨᠡᠮᠡᠭᠳᠡᠭᠦᠯᠬᠦ ᠶᠢ ᠬᠠᠷᠢᠭᠤᠴᠠᠵᠦ᠂ ᠥᠮᠴᠢᠯᠡᠭᠴᠢ ᠶᠢᠨ ᠡᠷᠬᠡ ᠠᠰᠢᠭ ᠢ ᠬᠠᠮᠠᠭᠠᠯᠠᠨ᠎ᠠ᠃ ᠬᠤᠳᠠ ᠶᠢᠨ ᠠᠷᠠᠳ ᠤᠨ | ᠵᠠᠰᠠᠭ ᠤᠨ ᠣᠷᠳᠣᠨ ᠠᠴᠠ ᠬᠢᠨᠠᠨ ᠪᠠᠶᠢᠴᠠᠭᠠᠬᠤ ᠲᠤᠰᠬᠠᠶ ᠲᠤᠰᠢᠶᠠᠯᠲᠠᠨ ᠲᠣᠮᠢᠯᠠᠬᠤ ᠴᠢᠬᠤᠯᠠᠲᠠᠢ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠨᠡᠷᠡᠰ ᠢ ᠳᠤᠷᠠᠳᠴᠤ᠂ ᠬᠢᠨᠠᠨ ᠪᠠᠶᠢᠴᠠᠭᠠᠬᠤ ᠲᠤᠰᠬᠠᠶ ᠲᠤᠰᠢᠶᠠᠯᠲᠠᠨ ᠤ ᠬᠢᠨᠠᠨ | ᠪᠠᠶᠢᠴᠠᠭᠠᠭᠰᠠᠨ ᠮᠡᠳᠡᠭᠦᠯᠦᠯᠲᠡ ᠶᠢ ᠬᠢᠨᠠᠨ ᠬᠠᠷᠭᠤᠭᠤᠯᠤᠨ᠎ᠠ᠃ | 9. ᠪᠥᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠧᠭᠨᠢᠭ ᠮᠡᠷᠭᠡᠵᠢᠯ ᠤᠨ | ᠳᠠᠪᠰᠢᠯᠲᠠ ᠶᠢᠨ ᠠᠵᠢᠯ ᠢ ᠬᠠᠷᠢᠭᠤᠴᠠᠨ᠂ ᠪᠥᠬᠦ ᠬᠤᠲᠠ ᠶᠢᠨ ᠠᠵᠤ ᠠᠬᠤᠶᠢᠯᠠᠯ ᠤᠨ ᠲᠧᠭᠨᠢᠭ ᠮᠡᠷᠭᠡᠵᠢᠯ ᠤᠨ | ᠲᠠᠪᠰᠢᠯᠳᠠ ᠶᠢᠨ ᠰᠠᠭᠤᠷᠢ ᠮᠥᠩᠭᠦ ᠶᠢ ᠪᠠᠶᠢᠭᠤᠯᠵᠤ ᠬᠠᠮᠢᠶᠠᠷᠤᠨ᠎ᠠ᠃ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ | ᠮᠡᠷᠭᠡᠵᠢᠯ ᠣᠷᠣᠭᠤᠯᠬᠤ᠂ ᠲᠣᠨᠣᠭᠯᠠᠯ ᠢ ᠤᠯᠤᠰ ᠲᠠᠭᠠᠨ ᠦᠢᠯᠡᠳᠪᠦᠷᠢᠯᠡᠬᠦ ᠪᠠ ᠲᠧᠭᠨᠢᠭ ᠮᠡᠷᠭᠡᠵᠢᠯ ᠤᠨ ᠲᠤᠨᠤᠭ | ᠲᠥᠬᠦᠭᠡᠷᠦᠮᠵᠢ ᠶᠢ ᠰᠤᠳᠤᠯᠤᠨ ᠦᠢᠯᠡᠳᠬᠦ ᠶᠢ ᠵᠢᠯᠤᠭᠤᠳᠤᠨ᠎ᠠ᠃ ᠥᠪᠡᠷᠲᠡᠭᠡᠨ ᠵᠠᠰᠠᠬᠤ ᠣᠷᠣᠨ ᠤ ᠬᠢᠵᠠᠭᠠᠷᠲᠤ | ᠲᠣᠭᠠᠨ ᠤ ᠳᠣᠲᠣᠷᠠᠬᠢ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠶᠢᠨ ᠵᠦᠢᠯ ᠤᠳ ᠢ ᠬᠢᠨᠠᠨ ᠵᠥᠪᠰᠢᠶᠡᠷᠡᠵᠦ᠂ ᠠᠵᠤ | ᠦᠢᠯᠡᠳᠪᠦᠷᠢ᠂ ᠵᠡᠮ ᠲᠡᠭᠡᠭᠡᠪᠦᠷᠢ ᠶᠢᠨ ᠠᠵᠤ ᠠᠬᠤᠶᠢᠯᠠᠯ ᠤᠨ ᠲᠧᠭᠨᠢᠭ ᠮᠡᠷᠭᠡᠵᠢᠯ ᠤᠨ ᠲᠠᠪᠰᠢᠯᠳᠠ ᠶᠢᠨ ᠲᠦᠷᠦᠯ | ᠵᠦᠢᠯ ᠤᠨ ᠪᠡᠯᠡ ᠮᠥᠩᠭᠦ ᠶᠢ ᠳᠣᠬᠢᠷᠠᠭᠤᠯᠬᠤ ᠭᠤᠣᠯᠯᠠᠬᠤ ᠰᠠᠨᠠᠯ ᠢ ᠳᠤᠷᠠᠳᠤᠨ᠎ᠠ᠃ ᠦᠢᠯᠡᠳᠬᠦᠨ ᠤ ᠶᠠᠰᠤ ᠴᠢᠨᠠᠷ ᠢ | ᠳᠡᠭᠡᠭᠰᠢᠯᠡᠭᠦᠯᠬᠦ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠦᠷᠥ ᠶᠢᠨ ᠪᠤᠳᠤᠯᠭ᠎ᠠ᠂ ᠠᠷᠭ᠎ᠠ ᠬᠡᠮᠵᠢᠶ᠎ᠡ ᠶᠢ ᠵᠣᠬᠢᠶᠠᠨ | ᠪᠠᠶᠢᠭᠤᠯᠤᠨ ᠲᠣᠭᠲᠠᠭᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠥᠪᠳᠡᠯᠴᠡᠨ ᠬᠦᠨᠳᠦ ᠶᠡᠭᠡ ᠶᠠᠰᠤ | ᠴᠢᠨᠠᠷ ᠤᠨ ᠡ᠊ᠨᠳᠡᠯ ᠳᠤ ᠪᠠᠶᠢᠴᠠᠭᠠᠨ ᠵᠠᠳᠠᠯᠤᠯᠲᠠ ᠬᠢᠵᠦ ᠴᠡᠭᠴᠡᠯᠡᠨ ᠵᠠᠰᠠᠬᠤ ᠰᠠᠨᠠᠭᠤᠯᠭ᠎ᠠ ᠭᠠᠷᠭᠠᠨ᠎ᠠ᠃ ᠪᠦᠬᠦ | ᠬᠤᠳᠠ ᠶᠢᠨ ᠡᠬᠢ ᠪᠠᠶᠠᠯᠢᠭ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠵᠢᠯᠤᠭᠤᠳᠤᠨ᠎ᠠ᠃ ᠠᠵᠤ | ᠦᠢᠯᠡᠳᠪᠦᠷᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠣᠷᠴᠢᠨ ᠠᠬᠤᠶ ᠶᠢᠨ ᠠᠵᠤ ᠦᠢᠯᠡᠰ ᠤᠨ | ᠬᠥᠭᠵᠢᠯᠲᠡ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | 10. ᠪᠥᠬᠦ ᠬᠤᠲᠠ ᠶᠢᠨ ᠵᠠᠮ ᠲᠡᠭᠡᠭᠡᠪᠦᠷᠢ᠂ ᠰᠢᠦᠳᠠᠨ ᠴᠠᠬᠢᠯᠭᠠᠨ ᠬᠤᠯᠪᠣᠭᠠᠨ ᠤ ᠲᠠᠯ᠎ᠠ ᠶᠢᠨ ᠠᠵᠢᠯᠯᠠᠭᠠᠨ ᠤ | ᠪᠠᠶᠢᠳᠠᠯ ᠢ ᠡᠵᠡᠮᠰᠢᠨ᠎ᠡ᠃ ᠪᠦᠬᠦ ᠬᠤᠲᠠ ᠶᠢᠨ ᠵᠠᠰᠠᠮᠠᠯ ᠵᠠᠮ᠂ ᠤᠰᠦᠠ ᠲᠡᠭᠡᠭᠡᠪᠦᠷᠢ ᠰᠢᠦᠳᠠᠨ ᠬᠤᠯᠪᠣᠭᠠᠨ ᠤ ᠵᠢᠴᠢ | ᠬᠠᠮᠲᠤᠷᠠᠭᠰᠠᠨ ᠲᠡᠭᠡᠭᠡᠪᠦᠷᠢ ᠶᠢ ᠬᠥᠭᠵᠢᠭᠦᠯᠬᠦ ᠪᠠ ᠣᠨ ᠤ ᠠᠵᠢᠯ ᠤᠨ ᠲᠥᠯᠥᠪᠯᠡᠭᠡ ᠶᠢ ᠲᠤᠭᠤᠷᠪᠢᠬᠤ ᠳᠤ | ᠤᠷᠤᠯᠴᠠᠨ᠎ᠠ᠃ ᠴᠢᠬᠤᠯᠠ ᠡᠳ᠋ ᠪᠣᠳᠠᠰ ᠤᠨ ᠪᠠᠴᠢᠮ ᠲᠣᠬᠢᠷᠠᠭᠤᠯᠤᠯᠲᠠ ᠪᠣᠯᠤᠨ ᠲᠡᠭᠡᠭᠡᠪᠦᠷᠢ ᠶᠢᠨ ᠵᠣᠬᠢᠴᠠᠭᠤᠯᠬᠤ | ᠠᠵᠢᠯ ᠢ ᠬᠠᠷᠢᠭᠤᠴᠠᠨ᠎ᠠ᠃ | 11. ᠪᠥᠬᠦ ᠬᠤᠲᠠ ᠶᠢᠨ ᠬᠠᠮᠲᠤ ᠶᠢᠨ ᠠᠵᠤ ᠦᠢᠯᠡᠳᠪᠦᠷᠢ ᠶᠢ ᠬᠥᠭᠵᠢᠭᠦᠯᠬᠦ ᠬᠤᠯᠪᠣᠭᠳᠠᠯ ᠪᠦᠬᠦᠢ | ᠲᠦᠷᠦ ᠶᠢᠨ ᠪᠤᠳᠤᠯᠭ᠎ᠠ ᠪᠠ ᠲᠣᠭᠲᠠᠭᠠᠯ ᠢ ᠵᠣᠬᠢᠶᠠᠨ ᠪᠠᠶᠢᠭᠤᠯᠤᠨ ᠲᠤᠭᠤᠷᠪᠢᠬᠤ ᠶᠢ ᠬᠠᠷᠢᠭᠤᠴᠠᠵᠤ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ ᠪᠠᠶᠢᠭᠠᠳ ᠶᠡᠷᠦᠩᠬᠡᠶᠢᠯᠡᠨ ᠬᠠᠮᠢᠶᠠᠷᠤᠨ᠎ᠠ᠃ ᠬᠤᠳᠡ ᠶᠢᠨ ᠳᠤᠲᠤᠷᠠᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯᠤᠨ ᠭᠠᠳᠠᠷ ᠣᠷᠣᠨ ᠤ ᠠᠵᠤ ᠠᠬᠤᠶ ᠲᠧᠭᠨᠢᠭ ᠮᠡᠷᠭᠡᠵᠢᠯ ᠤᠨ | ᠬᠠᠮᠵᠢᠯᠴᠠᠭ᠎ᠠ ᠳᠤ ᠣᠷᠣᠯᠴᠠᠨ ᠵᠣᠬᠢᠴᠠᠭᠤᠯᠤᠨ᠎ᠠ᠃ | 12. ᠬᠤᠳᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠠᠵᠤ | ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ ᠠᠴᠠ ᠲᠤᠰᠢᠶᠠᠭᠰᠠᠨ ᠪᠤᠰᠤᠳ ᠠᠵᠢᠯ ᠢ ᠳᠠᠭᠠᠭᠠᠨ ᠭᠦᠢᠴᠡᠳᠬᠡᠨ᠎ᠡ᠃ | |