ᠭᠤᠤᠯ ᠡᠭᠦᠷᠭᠡ ᠬᠠᠷᠢᠭᠤᠴᠠᠯᠭ᠎ᠠ᠄ | ︵ᠨᠢᠭᠡ︶ ᠤᠰᠤᠨ ᠤ ᠡᠬᠢ ᠰᠤᠷᠪᠤᠯᠵᠢ ᠶᠢ ᠵᠤᠬᠢᠰᠲᠠᠢ ᠨᠡᠭᠡᠭᠡᠨ ᠠᠰᠢᠭᠯᠠᠬᠤ ᠶᠢ ᠪᠠᠲᠤᠯᠠᠨ ᠬᠠᠷᠢᠭᠤᠴᠠᠵᠤ᠂ | ᠪᠥᠬᠦ ᠬᠤᠲᠠ ᠶᠢᠨ ᠤᠰᠤᠨ ᠠᠰᠢᠭᠯᠠᠯᠲᠠ ᠶᠢᠨ ᠲᠥᠯᠤᠪᠵᠢᠬᠦᠯᠭᠡ ᠪᠠ ᠲᠥᠷᠤ ᠶᠢᠨ ᠪᠤᠲᠤᠯᠭ᠎ᠠ ᠶᠢ ᠲᠤᠭᠤᠷᠪᠢᠨ | ᠲᠤᠭᠲᠠᠭᠠᠨ᠂ ᠬᠤᠯᠪᠤᠭᠲᠠᠯ ᠪᠥᠬᠦᠢ ᠨᠤᠲᠤᠭ ᠤᠨ ᠴᠢᠨᠠᠷᠲᠠᠢ ᠬᠠᠤᠯᠢ ᠲᠥᠷᠢᠮ ᠤᠨ ᠲᠥᠰᠤᠯ ᠢ ᠲᠤᠭᠤᠷᠪᠢᠵᠤ᠂ ᠪᠥᠬᠦ | ᠬᠤᠲᠠ ᠵᠢᠨᠭᠤᠤᠯ ᠤᠨ ᠰᠠᠪᠠ ᠭᠠᠵᠠᠷ ᠤᠨ ᠶᠡᠷᠤᠩᠭᠡᠢ ᠲᠥᠯᠤᠪᠵᠢᠬᠦᠯᠭᠡ᠂ ᠥᠶᠡᠷ ᠢ ᠰᠡᠷᠭᠡᠶᠢᠯᠡᠬᠦ ᠲᠥᠯᠤᠪᠵᠢᠬᠦᠯᠭᠡ | ᠵᠡᠷᠭᠡ ᠴᠢᠬᠤᠯᠠ ᠤᠰᠤᠨ ᠠᠰᠢᠭᠯᠠᠯᠲᠠ ᠶᠢᠨ ᠲᠥᠯᠤᠪᠵᠢᠬᠦᠯᠭᠡ ᠶᠢ ᠵᠤᠬᠢᠶᠠᠨ ᠪᠠᠶᠢᠭᠤᠯᠵᠤ ᠨᠠᠶᠢᠷᠠᠭᠤᠯᠤᠨ ᠵᠤᠬᠢᠶᠠᠨ᠎ᠠ︔ | ᠲᠤᠭᠲᠠᠭᠠᠯ ᠶᠤᠰᠤᠭᠠᠷ ᠪᠥᠬᠦ ᠬᠤᠲᠠ ᠶᠢᠨ ᠴᠢᠨᠠᠷᠲᠠᠢ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠠᠶᠢᠭᠤᠯᠤᠯᠲᠠ | ᠲᠠᠢ ᠬᠤᠯᠪᠤᠭᠲᠠᠯ ᠪᠥᠬᠦᠢ ᠲᠤᠭᠲᠠᠭᠠᠯ ᠢ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠭᠡᠷᠡᠭᠵᠢᠬᠦᠯᠵᠥ᠂ ᠪᠥᠬᠦ | ᠬᠤᠲᠠ ᠶᠢᠨ ᠤᠰᠤᠨ ᠠᠰᠢᠭᠯᠠᠯᠲᠠ ᠶᠢᠨ ᠲᠤᠭᠲᠠᠮᠠᠯ ᠬᠥᠷᠥᠩᠭᠡ ᠶᠢᠨ ᠪᠡᠯᠡ ᠤᠷᠤᠭᠤᠯᠤᠯᠲᠠ ᠶᠢᠨ ᠬᠡᠪᠴᠢᠶ᠎ᠠ ᠪᠠ | ᠴᠢᠭᠯᠡᠯ᠂ ᠥᠪᠡᠷᠲᠡᠭᠡᠨ ᠵᠠᠰᠠᠬᠤ ᠤᠷᠤᠨ ᠪᠠ ᠬᠤᠲᠠ ᠶᠢᠨ ᠲᠤᠰ ᠱᠠᠲᠤᠨ ᠤ ᠡᠳ᠋ ᠤᠨ ᠵᠠᠰᠠᠭ ᠤᠨ ᠴᠢᠨᠠᠷᠲᠠᠢ ᠪᠡᠯᠨ | ᠮᠥᠩᠬᠦ ᠶᠢ ᠲᠤᠬᠢᠷᠠᠭᠤᠯᠬᠤ ᠰᠠᠨᠠᠭᠤᠯᠭ᠎ᠠ ᠶᠢ ᠬᠠᠷᠢᠭᠤᠴᠠᠨ ᠲᠤᠷᠠᠲᠤᠨ ᠭᠠᠷᠭᠠᠵᠤ ᠲᠤᠭᠲᠠᠭᠰᠠᠨ ᠡᠷᠭᠡ ᠮᠡᠲᠡᠯ ᠤᠨ | ᠬᠡᠪᠴᠢᠶ᠎ᠠ ᠶᠢᠨ ᠶᠤᠰᠤᠭᠠᠷ ᠲᠥᠯᠤᠪᠵᠢᠭᠦᠯᠭᠡ ᠶᠢᠨ ᠬᠡᠪᠴᠢᠶᠠᠨ ᠳᠠᠬᠢ ᠪᠠ ᠵᠢᠯ ᠤᠨ ᠲᠥᠯᠤᠪᠯᠡᠭᠡ ᠶᠢᠨ | ᠬᠡᠪᠴᠢᠶᠡᠨ ᠳᠠᠬᠢ ᠲᠤᠭᠲᠠᠮᠠᠯ ᠬᠥᠷᠥᠩᠭᠡ ᠶᠢᠨ ᠪᠡᠯᠡ ᠤᠷᠤᠭᠤᠯᠤᠯᠲᠠ ᠶᠢᠨ ᠵᠥᠢᠯ ᠢ ᠬᠢᠨᠠᠨ ᠵᠥᠪᠰᠢᠶᠡᠷᠡᠵᠤ | ᠬᠠᠷᠭᠤᠭᠤᠯᠤᠨ᠎ᠠ︔ ᠦᠬᠠᠢ ᠬᠤᠲᠠ ᠶᠢᠨ ᠤᠰᠤᠨ ᠠᠰᠢᠭᠯᠠᠯᠲᠠ ᠶᠢᠨ ᠪᠠᠶᠢᠭᠤᠯᠤᠯᠲᠠ ᠶᠢᠨ ᠪᠡᠯᠡ | ᠤᠷᠤᠭᠤᠯᠤᠯᠲᠠ ᠶᠢᠨ ᠲᠤᠬᠢᠷᠠᠭᠤᠯᠤᠯᠲᠠ ᠶᠢᠨ ᠰᠠᠨᠠᠭᠤᠯᠭ᠎ᠠ ᠶᠢ ᠲᠤᠷᠠᠲᠤᠨ ᠭᠠᠷᠭᠠᠬᠤ ᠶᠢᠨ ᠬᠠᠮᠲᠤ ᠵᠤᠬᠢᠶᠠᠨ | ᠪᠠᠶᠢᠭᠤᠯᠵᠤ ᠭᠡᠷᠡᠭᠵᠢᠭᠦᠯᠥᠨ᠎ᠡ᠃ | ︵ᠬᠤᠶᠠᠷ︶ ᠠᠮᠢᠲᠤᠷᠠᠯ᠂ ᠥᠢᠯᠡᠳᠪᠤᠷᠢᠯᠡᠯ ᠡᠵᠡᠩᠨᠠᠯᠲᠠ ᠪᠠ ᠠᠮᠢ ᠠᠬᠤᠢ ᠶᠢᠨ ᠤᠷᠴᠢᠨ ᠲᠤᠭᠤᠷᠢᠨ ᠤ | ᠭᠡᠷᠡᠭᠯᠡᠯᠲᠡ ᠶᠢᠨ ᠤᠰᠤ ᠶᠢ ᠨᠢᠭᠡᠲᠤᠯᠲᠡᠢ ᠲᠥᠯᠤᠪᠯᠡᠵᠤ ᠨᠡᠶᠢᠲᠠ ᠳᠤᠨᠢ ᠬᠠᠷᠠᠭᠠᠯᠵᠠᠬᠤ ᠶᠢ ᠪᠠᠲᠤᠯᠠᠨ ᠬᠠᠷᠢᠭᠤᠴᠠᠵᠤ᠂ | ᠤᠰᠤᠨ ᠤ ᠡᠬᠢ ᠰᠤᠷᠪᠤᠯᠵᠢ ᠶᠢᠨ ᠨᠢᠭᠡᠲᠤᠯᠲᠡᠢ ᠬᠢᠨᠠᠨ ᠬᠠᠮᠢᠶᠠᠷᠬᠤ ᠶᠢ ᠭᠡᠷᠡᠭᠵᠢᠭᠦᠯᠵᠥ᠂ ᠪᠥᠬᠦ ᠬᠤᠲᠠ ᠶᠢᠨ | ᠤᠰᠤᠨ ᠤ ᠲᠤᠮᠲᠠ ᠤᠷᠲᠤ ᠬᠤᠭᠤᠴᠠᠭᠠᠨ ᠤ ᠬᠠᠩᠭᠠᠯᠭ᠎ᠠ ᠶᠢᠨ ᠲᠥᠯᠤᠪᠵᠢᠬᠦᠯᠭᠡ᠂ ᠤᠰᠤᠨ ᠤ ᠬᠡᠮᠵᠢᠶᠡᠨ ᠤ | ᠬᠤᠪᠢᠶᠠᠷᠢᠯᠠᠯ ᠤᠨ ᠲᠥᠰᠤᠯ ᠢ ᠲᠤᠭᠤᠷᠪᠢᠨ ᠲᠤᠭᠲᠠᠭᠠᠬᠤ ᠶᠢᠨ ᠬᠠᠮᠲᠤ ᠬᠢᠨᠠᠨ ᠭᠡᠷᠡᠭᠵᠢᠬᠦᠯᠥᠨ᠎ᠡ︔ ᠤᠰᠤᠨ ᠤ ᠡᠬᠢ | ᠰᠤᠷᠪᠤᠯᠵᠢ ᠶᠢᠨ ᠪᠠᠶᠢᠴᠠᠭᠠᠯᠲᠠ ᠶᠢᠨ ᠥᠨᠡᠯᠡᠯᠲᠠ ᠶᠢᠨ ᠠᠵᠢᠯ ᠢ ᠵᠤᠬᠢᠶᠠᠨ ᠪᠠᠶᠢᠭᠤᠯᠤᠨ ᠥᠷᠨᠢᠭᠦᠯᠵᠤ᠂ ᠲᠤᠭᠲᠠᠭᠠᠯ | ᠶᠤᠰᠤᠭᠠᠷ ᠤᠰᠤᠨ ᠤ ᠡᠬᠢ ᠰᠤᠷᠪᠤᠯᠵᠢ ᠶᠢᠨ ᠪᠠᠶᠢᠴᠠᠭᠠᠯᠲᠠᠶᠢᠨ ᠠᠵᠢᠯ ᠢ ᠥᠷᠨᠢᠬᠦᠯᠥᠨ᠎ᠡ︔ ᠪᠥᠬᠦ ᠬᠤᠲᠠ ᠶᠢᠨ | ᠭᠤᠤᠯ ᠤᠨ ᠴᠢᠬᠤᠯᠠ ᠰᠠᠪᠠ ᠭᠠᠵᠠᠷ᠂ ᠤᠷᠤᠨ ᠪᠥᠰᠡ ᠵᠢᠴᠢ ᠴᠢᠬᠤᠯᠠ ᠤᠰᠤ ᠲᠤᠬᠢᠷᠠᠭᠤᠯᠬᠤ ᠪᠠᠷᠢᠯᠭ᠎ᠠ ᠶᠢᠨ | ᠤᠰᠤᠨ ᠰᠤᠷᠪᠤᠯᠵᠢ ᠶᠢ ᠲᠤᠬᠢᠷᠠᠭᠤᠯᠬᠤ ᠢ ᠬᠠᠷᠢᠭᠤᠴᠠᠨ᠂ ᠤᠰᠤ ᠠᠪᠬᠤ ᠶᠢ ᠵᠥᠪᠰᠢᠶᠡᠷᠡᠬᠦ᠂ ᠤᠰᠤᠨ ᠤ | ᠰᠤᠷᠪᠤᠯᠵᠢ ᠶᠢᠨ ᠲᠥᠯᠤᠪᠤᠷᠢ ᠲᠠᠢ ᠭᠡᠷᠡᠭᠯᠡᠬᠦ ᠲᠤᠭᠲᠠᠭᠠᠯ ᠪᠠ ᠤᠰᠤᠨ ᠡᠬᠢ ᠰᠤᠷᠪᠤᠯᠵᠢ ᠶᠢᠨ ᠨᠤᠲᠠᠯᠠᠯᠲᠠ᠂ ᠥᠶᠡᠷ ᠢ | ᠰᠡᠷᠭᠡᠶᠢᠯᠡᠬᠦ ᠨᠤᠲᠠᠯᠠᠯᠲᠠ ᠶᠢᠨ ᠲᠥᠷᠢᠮ ᠢ ᠵᠤᠬᠢᠶᠠᠨ ᠪᠠᠶᠢᠭᠤᠯᠤᠨ ᠭᠡᠷᠡᠭᠵᠢᠭᠦᠯᠥᠨ᠎ᠡ︔ ᠤᠰᠤᠨ ᠠᠰᠢᠭᠯᠠᠯᠲᠠ ᠶᠢᠨ | ᠠᠵᠢᠯ ᠲᠥᠷᠤᠯ ᠤᠨ ᠤᠰᠤᠨ ᠬᠠᠩᠭᠠᠯᠭ᠎ᠠ ᠪᠠ ᠰᠢᠶᠠᠩ ᠪᠠᠯᠭᠠᠰᠤ ᠶᠢᠨ ᠤᠰᠤᠨ ᠬᠠᠩᠭᠠᠯᠭ᠎ᠠ ᠶᠢᠨ ᠠᠵᠢᠯ ᠢ | ᠵᠢᠯᠤᠭᠤᠲᠤᠨ᠎ᠠ᠃ | ︵ᠭᠤᠷᠪᠠ︶ ᠤᠰᠤᠨ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠂ ᠤᠰᠤᠨ ᠡᠬᠢ | ᠰᠤᠷᠪᠤᠯᠵᠢᠶᠢᠨ ᠬᠠᠮᠠᠭᠠᠯᠠᠯᠲᠠᠶᠢᠨ ᠲᠥᠯᠤᠪᠵᠢᠭᠦᠯᠭᠡ ᠶᠢ ᠵᠤᠬᠢᠶᠠᠨ ᠪᠠᠶᠢᠭᠤᠯᠤᠨ ᠨᠠᠶᠢᠷᠠᠭᠤᠯᠤᠨ ᠵᠤᠬᠢᠶᠠᠵᠤ᠂ ᠴᠢᠬᠤᠯᠠ | ᠭᠤᠤᠯ ᠮᠥᠷᠡᠨ ᠨᠠᠭᠤᠷ ᠴᠥᠬᠦᠷᠤᠮ ᠤᠨ ᠤᠰᠤᠨ ᠤ ᠴᠢᠲᠠᠪᠬᠢ ᠬᠤᠪᠢᠶᠠᠷᠢᠯᠠᠯ ᠢ ᠵᠤᠬᠢᠶᠠᠨ ᠪᠠᠶᠢᠭᠤᠯᠵᠤ ᠲᠤᠭᠤᠷᠪᠢᠨ | ᠲᠤᠭᠲᠠᠭᠠᠬᠤᠶᠢᠨ ᠬᠠᠮᠲᠤ ᠬᠢᠨᠠᠨ ᠭᠡᠷᠡᠭᠵᠢᠭᠦᠯᠥᠨ᠎ᠡ︔ ᠤᠷᠤᠰᠬᠠᠯᠤᠨ ᠰᠠᠪᠠ ᠭᠠᠵᠠᠷ ᠤᠨ ᠪᠤᠬᠢᠷᠲᠤᠯ ᠪᠠᠭᠲᠠᠭᠠᠬᠤ | ᠴᠢᠲᠠᠪᠬᠢ ᠶᠢ ᠬᠢᠨᠠᠨ ᠲᠤᠭᠲᠠᠭᠠᠵᠤ᠂ ᠪᠤᠬᠢᠷᠲᠤᠯ ᠢ ᠭᠠᠳᠠᠭᠰᠢᠯᠠᠠᠭᠤᠯᠬᠤ ᠶᠡᠷᠥᠩᠭᠡᠢ ᠬᠡᠮᠵᠢᠶ᠎ᠡ ᠶᠢ ᠬᠢᠵᠠᠭᠠᠷᠯᠠᠬᠤ | ᠰᠠᠨᠠᠭᠤᠯᠭ᠎ᠠ ᠶᠢ ᠲᠤᠷᠠᠲᠤᠨ ᠭᠠᠷᠭᠠᠨ᠎ᠠ᠃ ᠢᠲᠡᠬᠦ ᠤᠰᠤᠨ ᠤ ᠡᠬᠢ ᠶᠢᠨ ᠬᠠᠮᠠᠭᠠᠯᠠᠯᠲᠠ ᠶᠢᠨ ᠠᠵᠢᠯ ᠢ ᠵᠢᠯᠤᠭᠤᠲᠤᠨ᠂ | ᠭᠠᠵᠠᠷ ᠲᠤᠤᠷᠠᠬᠢ ᠤᠰᠤᠨ ᠤ ᠨᠡᠭᠡᠭᠡᠨ ᠠᠰᠢᠭᠯᠠᠯᠲᠠ ᠪᠠ ᠬᠤᠲᠠ ᠶᠢᠨ ᠲᠥᠯᠤᠪᠵᠢᠬᠦᠯᠭᠡᠶᠢᠨ ᠤᠷᠤᠨ ᠤ ᠭᠠᠵᠠᠷ | ᠲᠤᠤᠷᠠᠬᠢ ᠤᠰᠤᠨ ᠰᠤᠷᠪᠤᠯᠵᠢ ᠶᠢᠨ ᠬᠠᠮᠢᠶᠠᠷᠤᠯᠲᠠ ᠬᠠᠮᠠᠭᠠᠯᠠᠯᠲᠠᠶᠢᠨ ᠠᠵᠢᠯ ᠢ ᠵᠢᠯᠤᠭᠤᠲᠤᠨ᠎ᠠ᠃ | ︵ᠲᠥᠷᠪᠡ︶ ᠥᠶᠡᠷ ᠭᠠᠩᠲᠠᠯ ᠤᠨ ᠠᠶᠤᠯ ᠢ ᠰᠡᠷᠭᠡᠶᠢᠯᠡᠨ ᠵᠠᠰᠠᠬᠤ ᠶᠢ ᠬᠠᠷᠢᠭᠤᠴᠠᠨ᠂ ᠦᠬᠠᠢ ᠬᠤᠲᠠ ᠶᠢᠨ | ᠥᠶᠡᠷ ᠢ ᠰᠡᠷᠭᠡᠶᠢᠯᠡᠨ ᠭᠠᠩ ᠬᠠᠭᠰᠠᠷᠠᠭ᠎ᠠ ᠲᠠᠢ ᠲᠡᠮᠡᠴᠡᠬᠦ ᠤᠲᠤᠷᠢᠳᠬᠤ ᠬᠡᠯᠳᠡᠰ ᠤᠨ ᠪᠤᠲᠠᠲᠠᠢ ᠠᠵᠢᠯ ᠢ | ᠬᠠᠷᠢᠭᠤᠴᠠᠨ᠎ᠠ︔ ᠪᠥᠬᠦ ᠬᠤᠲᠠ ᠶᠢᠨ ᠥᠶᠡᠷ ᠢ ᠰᠡᠷᠭᠡᠶᠢᠯᠡᠨ ᠭᠠᠩ ᠬᠠᠭᠰᠠᠷᠠᠭ᠎ᠠ ᠲᠠᠢ ᠲᠡᠮᠡᠴᠡᠬᠦ ᠠᠵᠢᠯ ᠢ ᠵᠤᠬᠢᠶᠠᠨ | ᠪᠠᠶᠢᠭᠤᠯᠵᠤ ᠵᠤᠬᠢᠴᠠᠭᠤᠯᠤᠨ ᠵᠢᠯᠤᠭᠤᠳᠴᠤ᠂ ᠬᠢᠨᠠᠯᠲᠠ ᠲᠠᠯᠪᠢᠨ᠎ᠠ᠂ ᠴᠢᠬᠤᠯᠨ ᠭᠤᠤᠯ ᠮᠥᠷᠡᠨ ᠨᠠᠭᠤᠷ ᠴᠥᠭᠦᠷᠥᠮ ᠪᠠ | ᠤᠰᠤᠨ ᠤ ᠪᠠᠷᠢᠯᠭ᠎ᠠ ᠶᠢᠨ ᠥᠶᠡᠷ ᠢ ᠰᠡᠷᠬᠡᠶᠢᠯᠡᠨ ᠭᠠᠩ ᠬᠠᠭᠰᠠᠷᠠᠭ᠎ᠠ ᠲᠠᠢ ᠲᠡᠮᠡᠴᠡᠬᠦ ᠶᠢ ᠲᠤᠬᠢᠷᠠᠭᠤᠯᠬᠤ ᠪᠠ | ᠬᠡᠷᠡᠭᠰᠡᠬᠦ ᠤᠰᠤ ᠶᠢ ᠲᠤᠬᠢᠷᠠᠭᠤᠯᠤᠨ᠂ ᠪᠥᠬᠦ ᠬᠤᠲᠠ ᠶᠢᠨ ᠥᠶᠡᠷ ᠢ ᠰᠡᠷᠭᠡᠶᠢᠯᠡᠨ ᠭᠠᠩ ᠬᠠᠭᠰᠠᠷᠠᠭ᠎ᠠ ᠲᠠᠢ ᠲᠡᠮᠡᠴᠡᠬᠦ | ᠪᠠᠴᠢᠮ ᠪᠠᠶᠢᠲᠠᠯ ᠢ ᠠᠷᠭᠠᠴᠠᠬᠤ ᠲᠥᠷ ᠴᠠᠭ ᠤᠨ ᠲᠥᠰᠤᠯ ᠢ ᠨᠠᠶᠢᠷᠠᠭᠤᠯᠤᠨ ᠵᠤᠬᠢᠶᠠᠬᠤ ᠶᠢᠨ ᠬᠠᠮᠲᠤ ᠵᠤᠬᠢᠶᠠᠨ | ᠪᠠᠶᠢᠭᠤᠯᠤᠨ ᠬᠡᠷᠡᠭᠵᠢᠭᠦᠯᠥᠨ᠎ᠡ︔ᠤᠰᠤᠨ ᠠᠰᠢᠭᠯᠠᠯᠲᠠ ᠶᠢᠨ ᠭᠡᠨᠡᠳᠲᠠ ᠡᠭᠦᠰᠥᠭᠰᠡᠨ ᠤᠯᠠᠨ ᠨᠡᠶᠢᠲᠠ ᠶᠢᠨ ᠪᠠᠴᠢᠮ | ᠭᠡᠷᠡᠭ ᠤᠨ ᠬᠠᠮᠢᠶᠠᠷᠤᠯᠲᠠ ᠶᠢᠨ ᠠᠵᠢᠯ ᠢ ᠵᠢᠯᠤᠭᠤᠲᠤᠨ᠎ᠠ᠃ | ︵ᠲᠠᠪᠤ︶ ᠤᠰᠤ ᠠᠷᠪᠢᠯᠠᠬᠤ ᠠᠵᠢᠯ ᠢ ᠬᠠᠷᠢᠭᠤᠴᠠᠨ᠂ ᠤᠰᠤ ᠠᠷᠪᠢᠯᠠᠬᠤ ᠲᠥᠷᠤ ᠶᠢᠨ ᠪᠤᠲᠤᠯᠭ᠎ᠠ ᠶᠢ | ᠲᠤᠭᠤᠷᠪᠢᠨ ᠲᠤᠭᠲᠠᠭᠠᠵᠤ᠂ ᠤᠰᠤ ᠠᠷᠪᠢᠯᠠᠬᠤ ᠲᠥᠯᠤᠪᠵᠢᠬᠦᠯᠭᠡ ᠶᠢ ᠨᠠᠶᠢᠷᠠᠭᠤᠯᠤᠨ ᠵᠤᠬᠢᠶᠠᠵᠤ᠂ ᠬᠤᠯᠪᠤᠭᠲᠠᠯ | ᠪᠥᠬᠦᠢ ᠪᠠᠷᠢᠮᠵᠢᠶ᠎ᠠ ᠶᠢ ᠲᠤᠭᠲᠠᠭᠠᠨ᠂ ᠠᠷᠪᠢᠯᠠᠨ ᠭᠠᠮᠨᠠᠬᠤ ᠨᠠᠶᠢᠭᠡᠮ ᠤᠨ ᠪᠠᠶᠢᠭᠤᠯᠯᠤᠲᠠ ᠶᠢᠨ ᠠᠵᠢᠯ ᠢ ᠵᠢᠯᠤᠭᠤᠲᠤᠨ | ᠠᠬᠢᠭᠤᠯᠤᠨ᠎ᠠ᠃ | ︵ᠵᠢᠷᠭᠤᠭ᠎ᠠ︶ ᠤᠰᠤ ᠠᠰᠢᠭᠯᠠᠯᠲᠠ ᠶᠢᠨ ᠲᠥᠬᠦᠭᠡᠷᠤᠮᠵᠢ᠂ ᠤᠷᠤᠰᠬᠠᠯ ᠤᠨ ᠰᠠᠪᠡ ᠭᠠᠵᠠᠷ ᠵᠢᠴᠢ | ᠬᠠᠰᠢᠯᠭ᠎ᠠ ᠶᠢᠨ ᠬᠠᠮᠢᠶᠠᠷᠤᠯᠲᠠ ᠪᠠ ᠬᠠᠮᠠᠭᠠᠯᠠᠯᠲᠠ ᠶᠢ ᠵᠢᠯᠤᠭᠤᠳᠴᠤ᠂ ᠪᠥᠬᠦ ᠬᠤᠲᠠ ᠶᠢᠨ ᠴᠢᠬᠤᠯᠨ ᠭᠤᠤᠯ ᠮᠥᠷᠡᠨ | ᠨᠠᠭᠤᠷ᠂ ᠴᠥᠬᠦᠷᠤᠮ ᠵᠢᠴᠢ ᠭᠤᠤᠯ ᠤᠨ ᠠᠳᠠᠭ ᠤᠨ ᠵᠠᠰᠠᠯᠲᠠ ᠪᠠ ᠨᠡᠭᠡᠭᠡᠯᠲᠡ ᠶᠢ ᠵᠢᠯᠤᠭᠤᠲᠤᠨ᠎ᠠ︔ ᠤᠰᠤᠨ | ᠠᠰᠢᠭᠯᠠᠯᠲᠠ ᠶᠢᠨ ᠪᠠᠷᠢᠯᠭ᠎ᠠ ᠶᠢᠨ ᠪᠠᠶᠢᠭᠤᠯᠤᠯᠲᠠ ᠪᠠ ᠠᠵᠢᠯᠯᠠᠭ᠎ᠠ ᠶᠢᠨ ᠬᠠᠮᠢᠶᠠᠷᠤᠯᠲᠠ ᠢ ᠵᠢᠯᠤᠭᠤᠳᠴᠤ᠂ ᠡᠵᠡᠮᠲᠡᠬᠦ | ᠴᠢᠨᠠᠷ ᠲᠠᠢ ᠪᠠ ᠬᠤᠰᠢᠭᠤ ᠰᠢᠶᠠᠨ ᠢ ᠰᠤᠨᠲᠠᠯᠠᠭᠰᠠᠨ ᠴᠢᠬᠤᠯᠠ ᠤᠰᠤᠨ ᠠᠰᠢᠭᠯᠠᠯᠲᠠ ᠶᠢᠨ ᠪᠠᠷᠢᠯᠭ᠎ᠠ ᠪᠠᠶᠢᠭᠤᠯᠤᠯᠲᠠ | ᠬᠢᠭᠡᠳ ᠠᠵᠢᠯᠯᠠᠭ᠎ᠠ ᠶᠢᠨ ᠬᠠᠮᠢᠶᠠᠷᠤᠯᠲᠠ ᠶᠢ ᠵᠤᠬᠢᠶᠠᠨ ᠪᠠᠶᠢᠭᠤᠯᠵᠤ ᠭᠡᠷᠡᠭᠵᠢᠬᠦᠯᠥᠨ᠎ᠡ᠃ | ︵ᠲᠤᠯᠤᠭ᠎ᠠ︶ ᠬᠥᠷᠤᠰᠤ ᠰᠢᠷᠤᠢ ᠶᠢᠨ ᠢᠲᠡᠭᠲᠡᠯ ᠤᠨ ᠰᠡᠷᠭᠡᠶᠢᠯᠡᠯᠲᠡ ᠶᠢ ᠬᠠᠷᠢᠭᠤᠴᠠᠨ᠂ ᠬᠥᠷᠤᠰᠤ ᠰᠢᠷᠤᠢ ᠶᠢ | ᠲᠤᠭᠲᠠᠭᠤᠨ ᠪᠠᠶᠢᠯᠭᠠᠬᠤ ᠲᠥᠯᠤᠪᠵᠢᠬᠦᠯᠭᠡ ᠶᠢ ᠲᠤᠭᠤᠷᠪᠢᠨ ᠲᠤᠭᠲᠠᠭᠠᠬᠤ ᠶᠢᠨ ᠬᠠᠮᠲᠤ ᠬᠢᠨᠠᠨ ᠭᠡᠷᠡᠭᠵᠢᠬᠦᠯᠥᠨ᠎ᠡ᠂ | ᠬᠥᠷᠤᠰᠤ ᠰᠢᠷᠤᠢ ᠶᠢᠨ ᠢᠲᠡᠭᠲᠡᠯ ᠤᠨ ᠶᠡᠷᠥᠩᠭᠡᠶᠢᠯᠡᠨ ᠰᠡᠷᠭᠡᠶᠢᠯᠡᠯᠲᠡ᠂ ᠬᠢᠨᠠᠨ ᠰᠢᠯᠭᠠᠯᠲᠠ ᠮᠡᠲᠡᠭᠦᠯᠥᠯᠲᠡ ᠶᠢ | ᠵᠤᠬᠢᠶᠠᠨ ᠪᠠᠶᠢᠭᠤᠯᠤᠨ ᠭᠡᠷᠡᠭᠵᠢᠬᠦᠯᠬᠦ ᠶᠢᠨ ᠬᠠᠮᠲᠤ ᠲᠤᠭᠲᠠᠭᠰᠠᠨ ᠬᠤᠭᠤᠴᠠᠭᠠᠨ ᠳᠤ ᠵᠠᠷᠯᠠᠨ ᠮᠡᠲᠡᠭᠦᠯᠤᠨᠡ᠃ ᠦᠬᠠᠢ | ᠬᠤᠲᠠ ᠶᠢᠨ ᠪᠠᠶᠢᠭᠤᠯᠬᠤ ᠵᠥᠢᠯ ᠤᠨ ᠬᠥᠷᠤᠰᠤ ᠰᠢᠷᠤᠢ ᠶᠢᠨ ᠬᠠᠮᠠᠭᠠᠯᠠᠯᠲᠠ ᠶᠢᠨ ᠲᠥᠰᠤᠯ ᠤᠨ ᠬᠢᠨᠠᠨ | ᠵᠥᠪᠰᠢᠶᠡᠷᠡᠯᠲᠠ᠂ ᠬᠢᠨᠠᠨ ᠬᠡᠷᠡᠭᠵᠢᠭᠦᠯᠥᠯᠥᠯᠲᠡ ᠵᠢᠴᠢ ᠬᠥᠷᠤᠰᠤ ᠰᠢᠷᠤᠢ ᠶᠢᠨ ᠬᠠᠮᠠᠭᠠᠯᠠᠯᠲᠠ ᠶᠢᠨ ᠲᠥᠭᠦᠭᠡᠷᠤᠮᠵᠢ ᠶᠢᠨ | ᠪᠠᠶᠢᠴᠠᠭᠠᠨ ᠬᠤᠷᠢᠶᠠᠬᠤ ᠠᠵᠢᠯ ᠢ ᠬᠠᠷᠢᠭᠤᠴᠠᠨ᠎ᠠ︔ ᠭᠤᠤᠯᠲᠠᠯᠭᠠᠲᠤ ᠬᠥᠷᠤᠰᠤ ᠰᠢᠷᠤᠢ ᠶᠢᠨ ᠬᠠᠮᠠᠭᠠᠯᠠᠯᠲᠠ ᠶᠢᠨ | ᠪᠠᠶᠢᠭᠤᠯᠤᠯᠲᠠ ᠶᠢᠨ ᠵᠥᠢᠯ ᠤᠨ ᠬᠡᠷᠡᠭᠵᠢᠭᠦᠯᠥᠯᠥᠯᠲᠡ ᠶᠢ ᠵᠢᠯᠤᠭᠤᠲᠤᠨ᠎ᠠ᠃ | ︵ᠨᠠᠢᠮᠠ︶ ᠬᠥᠲᠡᠭᠡ ᠲᠤᠰᠬᠤᠨ ᠮᠠᠯᠵᠢᠬᠤ ᠤᠷᠤᠨ ᠤ ᠤᠰᠤᠨ ᠠᠰᠢᠭᠯᠠᠯᠲᠠ ᠶᠢᠨ ᠠᠵᠢᠯ ᠢ ᠵᠢᠯᠤᠭᠤᠳᠴᠤ᠂ | ᠪᠥᠬᠦ ᠬᠤᠲᠠ ᠶᠢᠨ ᠲᠠᠷᠢᠶᠠᠠ ᠭᠠᠵᠠᠷ ᠨᠤᠲᠤᠭ ᠪᠡᠯᠴᠢᠭᠡᠷ ᠤᠨ ᠤᠰᠤᠨ ᠠᠰᠢᠭᠯᠠᠯᠲᠠ ᠶᠢᠨ ᠰᠠᠭᠤᠷᠢ | ᠪᠠᠶᠢᠭᠤᠯᠤᠯᠲᠠ ᠶᠢ ᠵᠤᠬᠢᠶᠠᠨ ᠪᠠᠶᠢᠭᠤᠯᠵᠤ ᠵᠤᠬᠢᠴᠠᠭᠤᠯᠵᠤ᠂ ᠬᠥᠲᠡᠭᠡ ᠲᠤᠰᠬᠠᠤᠨ ᠮᠠᠯᠵᠢᠬᠤ ᠤᠷᠤᠨ ᠤ ᠢᠲᠡᠬᠦ | ᠤᠰᠤᠨ ᠤ ᠠᠶᠤᠯᠭᠦᠢ᠂ ᠠᠷᠪᠢᠯᠠᠨ ᠭᠠᠮᠨᠠᠬᠤ ᠤᠰᠤᠯᠠᠯᠲᠠ ᠵᠡᠷᠭᠡ ᠪᠠᠷᠢᠯᠭ᠎ᠠ ᠶᠢᠨ ᠪᠠᠶᠢᠭᠤᠯᠤᠯᠲᠠ ᠪᠠ | ᠬᠠᠮᠢᠶᠠᠷᠤᠯᠲᠠ ᠶᠢᠨ ᠠᠵᠢᠯ ᠢ ᠵᠢᠯᠤᠭᠤᠲᠤᠨ᠎ᠠ︔ ᠮᠠᠯᠵᠢᠬᠤ ᠤᠷᠤᠨ ᠤ ᠤᠰᠤᠨ ᠠᠰᠢᠭᠯᠠᠯᠲᠠ ᠶᠢᠨ ᠠᠵᠢᠯ ᠢ | ᠵᠢᠯᠤᠭᠤᠳᠴᠤ᠂ ᠬᠥᠲᠡᠭᠡ ᠲᠤᠰᠬᠤᠨ ᠮᠠᠯᠵᠢᠬᠤ ᠤᠷᠤᠨ ᠤ ᠤᠰᠤᠨ ᠠᠰᠢᠭᠯᠠᠯᠲᠠ ᠶᠢᠨ ᠨᠡᠶᠢᠭᠡᠮᠴᠢᠯᠡᠯᠲᠡ ᠶᠢᠨ | ᠥᠢᠯᠡᠴᠢᠯᠡᠭᠡᠨ ᠤ ᠲᠤᠭᠲᠠᠯᠴᠠᠭ᠎ᠠ ᠶᠢᠨ ᠪᠠᠶᠢᠭᠤᠯᠤᠯᠲᠠ ᠶᠢ ᠵᠢᠯᠤᠭᠤᠲᠤᠨ᠎ᠠ︔ ᠲᠤᠭᠲᠠᠭᠠᠯ ᠶᠤᠰᠤᠭᠠᠷ ᠬᠥᠲᠡᠭᠡ | ᠲᠤᠰᠬᠤᠨ ᠮᠠᠯᠵᠢᠬᠤ ᠤᠷᠤᠨ ᠤ ᠤᠰᠤᠨ ᠡᠨᠧᠷᠬᠢ ᠶᠢᠨ ᠡᠬᠢ ᠰᠤᠷᠪᠤᠯᠵᠢ ᠶᠢᠨ ᠨᠡᠭᠡᠭᠡᠯᠲᠠ ᠶᠢᠨ ᠠᠵᠢᠯ ᠢ | ᠵᠢᠯᠤᠭᠤᠳᠴᠤ᠂ ᠤᠰᠤᠨᠴᠠᠬᠢᠯᠭᠠᠨ ᠤ ᠬᠥᠲᠡᠭᠡ ᠲᠤᠰᠬᠤᠨ ᠤ ᠴᠠᠬᠢᠯᠭᠠᠨᠵᠢᠭᠤᠯᠤᠯᠲᠠ ᠪᠠ ᠪᠠᠭ᠎ᠠ ᠤᠰᠤᠨ | ᠴᠠᠬᠢᠯᠭᠠᠨ ᠪᠠᠷ ᠰᠢᠲᠠᠭᠠᠯᠭ᠎ᠠ ᠶᠢ ᠤᠷᠤᠯᠠᠬᠤ ᠠᠵᠢᠯ ᠢ ᠵᠢᠯᠤᠭᠤᠲᠤᠨ᠎ᠠ᠃ | ︵ᠶᠢᠰᠤ︶ ᠪᠥᠬᠦ ᠬᠤᠲᠠ ᠶᠢᠨ ᠤᠰᠤᠨ ᠤ ᠶᠠᠪᠤᠲᠠᠯ ᠯᠤᠭ᠎ᠠ ᠬᠤᠯᠪᠤᠭ᠎ᠠ ᠲᠠᠢ ᠬᠠᠤᠯᠢ ᠶᠢ ᠵᠥᠷᠢᠴᠡᠭᠰᠡᠡ ᠶᠡᠭᠡ | ᠭᠡᠷᠡᠭ ᠢ ᠪᠠᠶᠢᠴᠠᠭᠠᠨ ᠰᠢᠢᠳᠪᠤᠷᠢᠯᠡᠬᠦ ᠶᠢ ᠬᠠᠷᠢᠭᠤᠴᠠᠨ᠂ ᠬᠤᠰᠢᠭᠤ ᠠᠯᠤᠰᠯᠠᠭᠰᠠᠨ ᠤᠰᠤᠨ ᠶᠠᠪᠤᠲᠠᠯ ᠤᠨ | ᠵᠢᠭᠤᠷᠠᠭᠠᠨ ᠢ ᠵᠤᠬᠢᠴᠠᠭᠤᠯᠵᠤ᠂ ᠬᠥᠨᠲᠡᠯᠡᠨ ᠠᠴᠠ ᠲᠠᠰᠤᠯᠵᠤ᠂ ᠤᠰᠤᠨ ᠶᠠᠪᠤᠲᠠᠯ ᠤᠨ ᠬᠢᠨᠠᠨ ᠪᠠᠶᠢᠴᠠᠭᠠᠯᠲᠠ ᠪᠠ | ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠥᠯᠲᠡ ᠶᠢᠨ ᠠᠵᠢᠯ ᠢ ᠵᠢᠯᠤᠭᠤᠲᠤᠨ᠎ᠠ︔ ᠤᠰᠤᠨ | ᠠᠰᠢᠭᠯᠠᠯᠲᠠ ᠶᠢᠨ ᠠᠵᠢᠯ ᠲᠥᠷᠤᠯ ᠤᠨ ᠠᠶᠤᠯᠬᠦᠢ ᠥᠢᠯᠡᠳᠪᠤᠷᠢᠯᠠᠯ ᠤᠨ ᠠᠵᠢᠯ ᠢ ᠬᠠᠤᠯᠢ ᠶᠤᠰᠤᠭᠠᠷ ᠬᠠᠷᠢᠭᠤᠴᠠᠨ᠂ | ᠴᠥᠬᠦᠷᠤᠮ᠂ ᠤᠰᠤᠨ ᠴᠠᠬᠢᠯᠭᠠᠨ ᠤ ᠥᠷᠲᠡᠭᠡ ᠶᠢᠨ ᠬᠠᠰᠢᠯᠭ᠎ᠠ ᠶᠢᠨ ᠠᠶᠤᠯᠬᠦᠢ ᠶᠢᠨ ᠬᠠᠮᠢᠶᠠᠷᠤᠯᠲᠠ ᠶᠢ ᠵᠤᠬᠢᠶᠠᠨ | ᠪᠠᠶᠢᠭᠤᠯᠤᠨ ᠵᠢᠯᠤᠭᠤᠳᠴᠤ ᠬᠢᠨᠠᠨᠬᠠᠮᠢᠶᠠᠷᠤᠨᠠ︔ ᠤᠰᠤᠨ ᠠᠰᠢᠭᠯᠠᠯᠲᠠ ᠶᠢᠨ ᠪᠠᠶᠢᠭᠤᠯᠤᠯᠲᠠ ᠶᠢᠨ ᠵᠠᠬ᠎ᠠ | ᠲᠡᠯᠭᠡᠬᠦᠷ ᠤᠨ ᠬᠢᠨᠠᠨ ᠬᠠᠮᠢᠶᠠᠷᠤᠯᠲᠠ ᠢ ᠵᠢᠯᠤᠭᠤᠳᠴᠤ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ | ᠪᠠᠶᠢᠭᠤᠯᠤᠯᠲᠠ ᠶᠢᠨ ᠬᠢᠨᠠᠯᠲᠠ ᠶᠢ ᠵᠤᠬᠢᠶᠠᠨ ᠪᠠᠶᠢᠭᠤᠯᠵᠤ ᠬᠡᠷᠡᠭᠵᠢᠬᠦᠯᠥᠨ᠎ᠡ᠃ | ︵ᠠᠷᠪᠠ︶ ᠤᠰᠤᠨ ᠠᠰᠢᠭᠯᠠᠯᠲᠠ ᠶᠢᠨ ᠰᠢᠨᠵᠢᠯᠡᠬᠦ ᠮᠡᠷᠭᠡᠵᠢᠯ ᠤᠨ ᠠᠵᠢᠯ ᠢ ᠥᠷᠨᠢᠬᠦᠯᠵᠤ᠂ ᠤᠰᠤᠨ | ᠠᠰᠢᠭᠯᠠᠯᠲᠠ ᠶᠢᠨ ᠠᠵᠢᠯ ᠲᠥᠷᠥᠯ ᠤᠨ ᠶᠠᠰᠤ ᠴᠢᠨᠠᠷ ᠤᠨ ᠬᠢᠨᠠᠯᠲᠠ ᠶᠢᠨ ᠠᠵᠢᠯ ᠢ ᠵᠤᠬᠢᠶᠠᠨ ᠪᠠᠶᠢᠭᠤᠯᠵᠤ | ᠥᠷᠨᠢᠬᠦᠯᠥᠨ᠎ᠠ᠂ ᠤᠰᠤᠨ ᠠᠰᠢᠭᠯᠠᠯᠲᠠ ᠶᠢᠨ ᠠᠵᠢᠯ ᠲᠥᠷᠤᠯ ᠤᠨ ᠪᠠᠷᠢᠮᠵᠢᠶ᠎ᠠ᠂ ᠲᠥᠷᠢᠮ ᠲᠤᠭᠲᠠᠭᠠᠯ ᠶᠠᠪᠤᠴᠠ ᠶᠢ | ᠵᠢᠷᠤᠮᠵᠢᠭᠤᠯᠬᠤ ᠪᠥᠭᠡᠳ ᠬᠢᠨᠠᠨ ᠬᠡᠷᠡᠭᠵᠢᠬᠦᠯᠥᠨ᠎ᠡ︔ ᠤᠰᠤᠨ ᠠᠰᠢᠭᠯᠠᠯᠲᠠ ᠶᠢᠨ ᠲᠤᠭ᠎ᠠ ᠪᠥᠷᠢᠳᠭᠡᠯ ᠤᠨ ᠠᠵᠢᠯ ᠢ | ᠡᠬᠦᠷᠭᠡᠯᠡᠨ᠎ᠡ᠃ | ︵ᠠᠷᠪᠠᠨ ᠨᠢᠭᠡ︶ ᠪᠥᠬᠦ ᠬᠤᠲᠠᠶᠢᠨ ᠬᠤᠲᠠᠶᠢᠨ ᠲᠤᠭᠤᠷᠢᠭᠤᠨ ᠤᠰᠤᠨ ᠬᠠᠩᠭᠠᠯᠭ᠎ᠠ ᠶᠢᠨ ᠬᠠᠮᠢᠶᠠᠷᠤᠯᠲᠠ ᠶᠢ | ᠬᠠᠷᠢᠭᠤᠴᠠᠵᠤ᠂ ᠤᠰᠤ ᠵᠠᠯᠭᠠᠬᠤ ᠪᠠ ᠤᠰᠤ ᠵᠤᠭᠰᠤᠭᠠᠬᠤ ᠬᠢᠨᠠᠨ ᠵᠥᠪᠰᠢᠶᠡᠷᠡᠯ ᠢ ᠬᠠᠷᠢᠭᠤᠴᠠᠨ᠎ᠠ᠃ | ︵ᠠᠷᠪᠠᠨ ᠬᠤᠶᠠᠷ︶ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠲᠤᠨ ᠤ ᠲᠤᠰᠢᠶᠠᠭᠰᠠᠨ ᠪᠤᠰᠤᠳ | ᠭᠡᠷᠡᠭ ᠶᠠᠪᠤᠲᠠᠯ ᠢ ᠡᠷᠬᠢᠯᠡᠨ᠎ᠠ᠃ | |