ᠨᠢᠭᠡ᠂ ᠡᠭᠦᠷᠭᠡ ᠬᠠᠷᠢᠭᠤᠴᠠᠯᠭ᠎ᠠ ᠶᠢᠨ ᠲᠣᠬᠢᠷᠠᠭᠤᠯᠭ᠎ᠠ᠄ | ︵ᠨᠢᠭᠡ︶ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠦᠴᠦᠨ ᠦᠭᠡᠶ ᠪᠣᠯᠭᠠᠬᠤ ᠪᠠᠷ ᠵᠠᠷᠯᠠᠭᠰᠠᠨ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠦᠴᠦᠨ ᠦᠬᠡᠢ ᠪᠤᠯᠭᠠᠨ᠎ᠠ᠃ | ︵ᠬᠤᠶᠠᠷ︶ ᠣᠷᠴᠢᠨ ᠲᠣᠭᠤᠷᠢᠨ ᠤ ᠲᠡᠮᠳᠡᠭ ᠭᠡᠷᠡᠴᠢᠯᠡᠯ ᠤᠨ ᠠᠩᠬ᠎ᠠ ᠬᠢᠨᠠᠯᠲᠠ ᠶᠢᠨ ᠲᠤᠰᠢᠶᠠᠯ | ᠬᠠᠷᠢᠭᠤᠴᠠᠯᠭ᠎ᠠ ᠪᠠᠨ ᠠᠵᠢᠯ ᠦᠢᠯᠡᠰ ᠤᠨ ᠨᠢᠭᠡᠴᠢ ᠳᠤ ᠲᠤᠰᠢᠶᠠᠵᠤ ᠥᠭᠭᠦᠨ᠎ᠡ᠃ | ︵ᠭᠤᠷᠪᠠ︶ ᠣᠷᠴᠢᠨ ᠠᠬᠤᠶ ᠶᠢᠨ ᠲᠦᠷᠥ ᠶᠢᠨ ᠪᠤᠳᠤᠯᠭ᠎ᠠ᠂ ᠲᠥᠯᠥᠪᠵᠢᠭᠦᠯᠭᠡ ᠪᠣᠯᠤᠨ ᠴᠢᠬᠤᠯᠠ ᠶᠡᠭᠡ | ᠠᠰᠠᠭᠤᠳᠠᠯ ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠵᠢᠴᠢ ᠣᠷᠴᠢᠨ ᠠᠬᠤᠶ ᠶᠢ ᠬᠢᠨᠠᠨ ᠬᠠᠮᠢᠶᠠᠷᠬᠤ | ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠎ᠠ᠃ ᠪᠣᠬᠢᠷᠲᠤᠯ ᠪᠣᠳᠠᠰ ᠤᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠪᠠ | ᠭᠤᠣᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠬᠠᠷᠢᠭᠤᠴᠠᠯᠭ᠎ᠠ ᠪᠠᠨ | ᠴᠢᠩᠭᠠᠳᠬᠠᠨ᠎ᠠ᠃ ᠣᠷᠴᠢᠨ ᠠᠬᠤᠶ ᠶᠢ ᠵᠠᠰᠠᠬᠤ ᠪᠠ ᠠᠮᠢ ᠠᠬᠤᠶ ᠶᠢ ᠬᠠᠮᠠᠭᠠᠯᠠᠬᠤ ᠠᠵᠢᠯ ᠢ ᠵᠢᠯᠣᠭᠤᠳᠬᠤ᠂ | ᠵᠣᠬᠢᠴᠠᠭᠤᠯᠬᠤ ᠪᠠ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠴᠢᠩᠭᠠᠠᠳᠬᠠᠨᠠ᠃ | ︵ᠲᠦᠷᠪᠡ︶ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠠᠴᠠ | ᠪᠠᠭᠤᠯᠭᠠᠭᠰᠠᠨ ᠤᠰᠤᠨ ᠤ ᠪᠣᠬᠢᠷᠲᠤᠯ ᠢ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠬᠢᠨᠠᠨ ᠵᠥᠪᠰᠢᠶᠡᠷᠡᠬᠦ ᠪᠠ | ᠣᠯᠭᠤᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ | ᠬᠤᠶᠠᠷ᠂ ᠭᠤᠣᠯ ᠡᠭᠦᠷᠭᠡ ᠬᠠᠷᠢᠭᠤᠴᠠᠯᠭ᠎ᠠ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠣᠷᠴᠢᠨ ᠲᠣᠭᠤᠷᠢᠨ ᠢ ᠬᠠᠮᠠᠭᠠᠯᠠᠬᠤ | ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠦᠨᠳᠦᠰᠦᠨ | ᠪᠠᠶᠢᠭᠤᠯᠤᠯ ᠢ ᠲᠤᠤᠱᠠᠯᠠᠭᠤᠯᠤᠨ ᠬᠡᠷᠡᠭᠵᠢᠬᠦᠯᠦᠨ᠎ᠡ᠃ ᠪᠥᠬᠦ ᠬᠤᠲᠠ ᠶᠢᠨ ᠣᠷᠴᠢᠨ ᠠᠬᠤᠶ ᠶᠢᠨ ᠬᠠᠮᠠᠭᠠᠯᠠᠯᠲᠠ ᠶᠢᠨ | ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠤᠨ ᠡᠭᠡ ᠨᠤᠤᠷᠠᠬ ᠢ ᠲᠤᠭᠤᠷᠪᠢᠨ ᠪᠢᠴᠢᠬᠦ ᠶᠢ ᠬᠠᠷᠢᠭᠤᠴᠠᠵᠤ᠂ | ᠬᠤᠳᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠦ ᠶᠢᠨ ᠪᠤᠳᠤᠯᠭ᠎ᠠ᠂ ᠲᠥᠯᠥᠪᠵᠢᠭᠦᠯᠭᠡ ᠪᠣᠯᠤᠨ | ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠳᠠ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠬᠠᠤᠯᠢ ᠲᠣᠭᠲᠠᠭᠠᠯ᠂ ᠴᠢᠬᠤᠯᠠ ᠶᠡᠭᠡ ᠠᠵᠤ ᠠᠬᠤᠶ ᠶᠢᠨ | ᠲᠦᠷᠦ ᠶᠢᠨ ᠪᠤᠳᠤᠯᠭ᠎ᠠ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠ ᠤᠷᠲᠤ ᠬᠤᠭᠤᠴᠠᠭᠠᠨ ᠤ | ᠲᠥᠯᠥᠪᠵᠢᠭᠦᠯᠭᠡ᠂ ᠬᠤᠯᠪᠣᠭᠳᠠᠯ ᠪᠥᠬᠦᠢ ᠲᠤᠰᠬᠠᠶ ᠵᠦᠢᠯᠡᠰ ᠤᠨ ᠲᠥᠯᠥᠪᠵᠢᠭᠦᠯᠭᠡ ᠵᠢᠴᠢ ᠪᠡᠶᠡᠴᠢ ᠴᠣᠭᠴᠠ ᠶᠢᠨ | ᠴᠢᠳᠠᠮᠵᠢ ᠶᠢᠨ ᠣᠷᠣᠨ ᠤ ᠬᠤᠪᠢᠶᠠᠷᠢᠯᠠᠯ ᠲᠣᠭᠤᠷᠪᠢᠨ ᠲᠣᠭᠲᠠᠭᠠᠬᠤ ᠳᠤ ᠣᠷᠣᠯᠴᠠᠨ᠎ᠠ᠃ | ︵ᠬᠤᠶᠠᠷ︶ ᠬᠤᠲᠠ ᠶᠢᠨ ᠲᠤᠮᠤ ᠴᠢᠬᠤᠯᠠ ᠣᠷᠴᠢᠨ ᠲᠣᠭᠤᠷᠢᠨ ᠤ ᠠᠰᠠᠭᠤᠳᠠᠯ ᠢ ᠨᠢᠭᠡᠳᠦᠯᠲᠡᠢ | ᠵᠣᠬᠢᠴᠠᠭᠤᠯᠬᠤ ᠪᠠ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠬᠤᠲᠠ ᠶᠢᠨ ᠲᠤᠮᠤ ᠴᠢᠬᠤᠯᠠ ᠣᠷᠴᠢᠨ | ᠲᠣᠭᠤᠷᠢᠨ ᠤ ᠪᠣᠬᠢᠷᠳᠣᠯ ᠤᠨ ᠠᠳᠡᠯ ᠪᠠ ᠠᠮᠢ ᠠᠬᠤᠢ ᠤᠨ ᠡᠪᠳᠡᠭᠳᠡᠯ ᠤᠨ ᠬᠡᠷᠡᠭ ᠶᠠᠪᠤᠳᠠᠯ ᠢ ᠪᠠᠶᠢᠴᠠᠭᠠᠨ | ᠰᠢᠢᠳᠪᠦᠷᠢᠯᠡᠬᠦ ᠠᠵᠢᠯ ᠢ ᠲᠦᠷᠦᠭᠦᠯᠡᠨ ᠵᠣᠬᠢᠴᠠᠭᠤᠯᠵᠤ᠂ ᠬᠤᠰᠢᠭᠤ᠂ ᠰᠢᠶᠠᠨ ︵ᠲᠣᠭᠤᠷᠢᠭ︶ ᠤᠨ ᠣᠷᠴᠢᠨ | ᠲᠣᠭᠤᠷᠢᠨ ᠤ ᠭᠡᠨᠡᠳᠳᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠬᠦ ᠪᠠ ᠪᠠᠴᠢᠮ ᠪᠠᠶᠢᠳᠠᠯ ᠢ ᠠᠷᠭᠠᠴᠠᠬᠤ ᠠᠵᠢᠯ ᠢ | ᠵᠢᠯᠣᠭᠤᠳᠤᠨ ᠵᠣᠬᠢᠴᠠᠭᠤᠯᠵᠤ᠂ ᠬᠤᠰᠢᠭᠤ᠂ ᠰᠢᠶᠠᠨ ︵ᠲᠣᠭᠤᠷᠢᠭ︶ ᠠᠯᠤᠰᠯᠠᠭᠰᠠᠨ ᠣᠷᠴᠢᠨ ᠲᠣᠭᠤᠷᠢᠨ ᠤ | ᠪᠣᠬᠢᠷᠳᠣᠯ ᠤᠨ ᠵᠢᠭᠤᠷᠠᠯᠳᠤᠭᠠᠨ ᠢ ᠵᠣᠬᠢᠴᠠᠭᠤᠯᠤᠨ ᠰᠢᠢᠳᠪᠦᠷᠢᠯᠡᠨ᠎ᠡ︔ ᠬᠤᠲᠠ ᠶᠢᠨ ᠭᠤᠤᠯᠳᠠᠯᠭ᠎ᠠ ᠲᠠᠢ ᠰᠠᠪᠠ | ᠭᠠᠵᠠᠷ ᠪᠠ ᠣᠷᠣᠨ ᠲᠤᠭᠤᠷᠢᠭ ᠤᠨ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯ ᠢ ᠬᠢᠨᠠᠨ ᠨᠠᠶᠢᠳᠠᠪᠤᠷᠢᠵᠢᠭᠤᠯᠤᠨ᠎ᠠ︔ | ᠣᠷᠴᠢᠨ ᠲᠣᠭᠤᠷᠢᠨ ᠤ ᠬᠢᠨᠠᠨ ᠪᠠᠶᠢᠴᠠᠭᠠᠬᠤ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠭ ᠵᠠᠬᠢᠷᠭᠠᠨ ᠤ | ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠭᠤᠷᠪᠠ︶ ᠬᠤᠳᠠ ᠶᠢᠨ ᠪᠤᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠ ᠶᠢᠨ ᠬᠠᠷᠢᠭᠤᠴᠠᠯᠭ᠎ᠠ ᠶᠢ | ᠡᠭᠦᠷᠭᠡᠯᠡᠨ ᠨᠠᠶᠢᠳᠠᠪᠤᠷᠢᠵᠢᠭᠤᠯᠤᠨ᠎ᠠ᠃ ᠬᠤᠳᠠ ᠶᠢᠨ ᠭᠤᠣᠯ ᠪᠣᠬᠢᠷᠳᠣᠯ ᠤᠨ ᠪᠤᠳᠠᠰ ᠤᠨ ᠭᠠᠳᠠᠭᠰᠢᠯᠠᠭᠤᠯᠬᠤ | ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠪᠠ ᠪᠤᠬᠢᠷᠳᠤᠯ ᠭᠠᠳᠠᠭᠰᠢᠯᠠᠭᠤᠯᠬᠤ ᠵᠥᠪᠰᠢᠶᠡᠷᠡᠯ ᠤᠨ ᠳᠦᠷᠢᠮ ᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠯ᠎ᠡ ᠬᠤᠰᠢᠭᠤ ᠰᠢᠶᠠᠨ ︵ᠲᠣᠭᠤᠷᠢᠭ︶ ᠤᠨ | ᠭᠤᠣᠯ ᠪᠤᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠰᠢᠪᠠᠳᠠᠨ | ᠪᠠᠶᠢᠴᠠᠭᠠᠨ᠂ ᠱᠠᠯᠠᠪᠳᠠᠨ ᠬᠢᠯᠭᠡᠨ᠂ ᠬᠢᠨᠠᠨ ᠪᠠᠶᠢᠴᠠᠭᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠᠲᠤ | ᠬᠠᠷᠢᠭᠤᠴᠠᠯᠭ᠎ᠠ ᠶᠢᠨ ᠳᠦᠷᠢᠮ ᠪᠠ ᠭᠤᠣᠯ ᠪᠤᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠬᠢᠨᠠᠨ ᠰᠢᠯᠭᠠᠯᠳᠠ ᠶᠢ | ᠵᠣᠬᠢᠶᠠᠨ ᠪᠠᠶᠢᠭᠤᠯᠬᠤ ᠶᠢᠨ ᠬᠠᠮᠲᠤ ᠬᠢᠨᠠᠨ ᠰᠢᠯᠭᠠᠭᠰᠠᠨ ᠦᠷ᠎ᠡ ᠳ᠋ᠦᠩ ᠢ ᠨᠡᠶᠢᠲᠡᠯᠡᠨ᠎ᠡ᠃ | ︵ᠲᠦᠷᠪᠡ︶ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶ᠎ᠡ ᠳᠠᠬᠢ ᠲᠣᠭᠲᠠᠮᠠᠯ | ᠬᠥᠷᠥᠩᠭᠡ ᠶᠢᠨ ᠪᠡᠯᠡ ᠣᠷᠤᠭᠤᠯᠤᠯᠲᠠ ᠶᠢᠨ ᠬᠡᠪᠴᠢᠶ᠎ᠡ ᠪᠣᠯᠣᠨ ᠴᠢᠭᠯᠡᠯ᠂ ᠡᠳ᠋ ᠤᠨ ᠵᠠᠰᠠᠭ ᠤᠨ ᠴᠢᠨᠠᠷᠲᠠᠢ ᠪᠡᠯᠡ | ᠮᠥᠩᠭᠦ ᠶᠢᠨ ᠲᠣᠬᠢᠷᠠᠭᠤᠯᠤᠯᠲᠠ ᠳᠤ ᠰᠠᠨᠠᠯ ᠳᠤᠷᠠᠳᠬᠤ ᠶᠢ ᠬᠠᠷᠢᠭᠤᠴᠠᠨ᠎ᠠ᠃ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠲᠤᠭᠳᠠᠭᠠᠭᠰᠠᠨ ᠡᠷᠬᠡ ᠮᠡᠳᠡᠯ ᠢᠶᠠᠷ᠂ ᠬᠤᠲᠠ ᠶᠢᠨ ᠲᠥᠯᠥᠪᠵᠢᠭᠦᠯᠭᠡ ᠳᠠᠬᠢ ᠪᠠ ᠣᠨ ᠤ | ᠲᠥᠯᠥᠪᠯᠡᠭᠡ ᠶᠢᠨ ᠬᠡᠪᠴᠢᠶᠡᠨ ᠳᠠᠬᠢ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠲᠥᠷᠥᠯ ᠵᠦᠢᠯ ᠢ | ᠬᠢᠨᠠᠨ ᠵᠦᠪᠰᠢᠶᠡᠷᠡᠬᠦ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠵᠤ ᠵᠣᠬᠢᠶᠠᠨ ᠪᠠᠶᠢᠭᠤᠯᠤᠨ | ᠬᠡᠷᠡᠭᠵᠢᠭᠦᠯᠬᠦ ᠪᠠ ᠬᠢᠨᠠᠯᠲᠠ ᠲᠠᠯᠪᠢᠬᠤ ᠠᠵᠢᠯ ᠢ ᠰᠠᠶᠢᠳᠤᠷ ᠬᠢᠨ᠎ᠡ᠃ | ︵ᠲᠠᠪᠤ︶ ᠪᠦᠬᠦ ᠬᠤᠲᠠ ᠶᠢᠨ ᠣᠷᠴᠢᠨ ᠲᠣᠭᠤᠷᠢᠨ ᠤ ᠪᠣᠬᠢᠷᠳᠣᠯ ᠪᠠ ᠣᠷᠴᠢᠨ ᠲᠣᠭᠤᠷᠢᠨ ᠤ ᠡᠪᠳᠡᠭᠳᠡᠯ ᠢ | ᠡᠬᠢ ᠰᠣᠷᠪᠣᠯᠵᠢ ᠠᠴᠠ ᠨᠢ ᠤᠷᠢᠳᠴᠢᠯᠠᠨ ᠰᠡᠷᠭᠡᠶᠢᠯᠡᠬᠦ ᠪᠠ ᠡᠵᠡᠮᠰᠢᠨ ᠬᠢᠵᠠᠭᠠᠷᠯᠠᠬᠤ ᠬᠠᠷᠢᠭᠤᠴᠠᠯᠭ᠎ᠠ ᠶᠢ | ᠡᠭᠦᠷᠭᠡᠯᠡᠨ᠎ᠡ︔ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠬᠤᠲᠠ ᠶᠢᠨ ᠴᠢᠬᠤᠯᠠ ᠶᠡᠭᠡ | ᠠᠵᠤ ᠠᠬᠤᠢ ᠪᠠ ᠮᠡᠷᠭᠡᠵᠢᠯ ᠤᠨ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠵᠢᠴᠢ ᠴᠢᠬᠤᠯᠠ | ᠶᠡᠭᠡ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠥᠯᠥᠪᠯᠡᠭᠡ ᠶᠢᠨ ᠣᠷᠴᠢᠨ ᠲᠣᠭᠤᠷᠢᠨ ᠤ ᠨᠥᠯᠥᠭᠡ ᠶᠢᠨ | ᠦᠨᠡᠯᠡᠯᠲᠡ ᠶᠢ ᠬᠠᠷᠢᠭᠤᠴᠠᠨ᠎ᠠ︔ ᠣᠷᠴᠢᠨ ᠲᠣᠭᠤᠷᠢᠨ ᠤ ᠬᠠᠮᠠᠭᠠᠯᠠᠯᠲᠠ ᠳᠤ ᠬᠤᠯᠪᠣᠭᠳᠠᠬᠤ ᠬᠠᠤᠯᠢ ᠲᠣᠭᠲᠠᠭᠠᠯ ᠤᠨ | ᠲᠥᠰᠥᠯ ᠳᠤ ᠣᠷᠴᠢᠨ ᠲᠣᠭᠤᠷᠢᠨ ᠤ ᠨᠥᠯᠥᠭᠡ ᠶᠢᠨ ᠲᠠᠯ᠎ᠠ ᠪᠠᠷ ᠬᠤᠯᠪᠤᠭᠳᠠᠯ ᠪᠦᠬᠦᠢ ᠰᠠᠨᠠᠯ ᠳᠤᠷᠠᠳᠤᠨ᠎ᠠ︔ | ᠬᠤᠲᠠ ᠶᠢᠨ ᠡᠯ᠎ᠡ ᠲᠥᠷᠥᠯ ᠤᠨ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡ ᠶᠢᠨ ᠦᠨᠡᠯᠡᠯᠲᠡ ᠶᠢᠨ | ᠪᠢᠴᠢᠭ ᠮᠠᠲ᠋ᠧᠷᠢᠶᠠᠯ ᠢ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠵᠤ᠂ ᠬᠤᠲᠠ ᠶᠢᠨ ᠴᠢᠬᠤᠯᠠ ᠶᠡᠭᠡ ᠣᠷᠣᠨ | ᠲᠣᠭᠤᠷᠢᠭ ᠤᠨ ᠨᠡᠭᠡᠭᠡᠨ ᠬᠥᠭᠵᠢᠭᠦᠯᠦᠯᠲᠡ ᠪᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ | ᠲᠣᠭᠤᠷᠢᠨ ᠤ ᠨᠥᠯᠥᠭᠡ ᠶᠢᠨ ᠦᠨᠡᠯᠡᠯᠲᠡ ᠶᠢᠨ ᠪᠢᠴᠢᠭ ᠮᠠᠲ᠋ᠧᠷᠢᠶᠠᠯ ᠢ ᠬᠢᠨᠠᠨ ᠵᠥᠪᠰᠢᠶᠡᠷᠡᠨ᠎ᠡ᠃ | ︵ᠵᠢᠷᠭᠤᠭ᠎ᠠ︶ ᠪᠦᠬᠦ ᠬᠤᠲᠠ ᠶᠢᠨ ᠣᠷᠴᠢᠨ ᠠᠬᠤᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠢᠨᠠᠵᠤ | ᠬᠠᠮᠢᠶᠠᠷᠤᠨ᠎ᠠ᠃ ᠬᠤᠳᠠ ᠶᠢᠨ ᠨᠡᠭᠦᠷᠡᠰᠦᠨ ᠤ ᠡᠵᠡᠩᠨᠡᠯᠲᠡ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠬᠤᠲᠠ ᠶᠢᠨ ᠡᠯ᠎ᠡ | ᠲᠥᠷᠥᠯ ᠤᠨ ᠣᠷᠴᠢᠨ ᠲᠣᠭᠤᠷᠢᠨ ᠤ ᠡᠯᠧᠮᠧᠨ᠋ᠲ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ ᠢ ᠲᠤᠭᠤᠷᠪᠢᠨ | ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠤᠲᠠ ᠶᠢᠨ ᠤᠰᠤ ᠤᠮᠳᠠ ᠶᠢᠨ ᠣᠰᠣᠨ ᠤ ᠡᠬᠢ ᠭᠠᠵᠠᠷ ᠤᠨ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ | ᠬᠢᠨᠠᠵᠤ ᠬᠠᠮᠢᠶᠠᠷᠬᠤ ᠶᠢ ᠲᠦᠷᠦᠭᠦᠯᠡᠨ ᠵᠣᠬᠢᠶᠠᠨ ᠪᠠᠶᠢᠭᠤᠯᠤᠨ᠎ᠠ᠃ ᠬᠤᠲᠠ ᠪᠠᠯᠭᠠᠰᠤᠨ ᠤ ᠣᠷᠴᠢᠨ ᠲᠣᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠬᠤ ᠠᠵᠢᠯ ᠳᠤ ᠣᠷᠣᠯᠴᠠᠬᠤ᠃ | ︵ᠲᠤᠯᠤᠭ᠎ᠠ︶ ᠬᠤᠳᠠ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠢ ᠵᠢᠯᠣᠭᠤᠳᠴᠦ᠂ ᠵᠣᠬᠢᠴᠠᠭᠤᠯᠵᠤ᠂ | ᠬᠢᠨᠠᠯᠲᠠ ᠲᠠᠯᠪᠢᠨ᠎ᠡ᠃ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ ᠢ ᠵᠣᠬᠢᠶᠠᠨ ᠪᠠᠶᠢᠭᠤᠯᠤᠠ | ᠦᠨᠡᠯᠡᠨ ᠵᠢᠱᠢᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠯᠲᠠ᠂ ᠠᠮᠢ ᠠᠬᠤᠶ ᠶᠢᠨ ᠣᠷᠴᠢᠨ | ᠨᠥᠬᠦᠴᠡᠯ ᠤᠨ ᠪᠠᠶᠢᠭᠤᠯᠤᠯᠲᠠ᠂ ᠠᠮᠢ ᠠᠬᠤᠶ ᠶᠢᠨ ᠰᠡᠷᠭᠦᠭᠡᠯᠳᠡ ᠪᠠ ᠠᠮᠢᠳᠤ ᠪᠣᠳᠠᠰ ᠤᠨ ᠮᠡᠷᠭᠡᠵᠢᠯ ᠤᠨ ᠣᠷᠴᠢᠨ | ᠠᠬᠤᠶ ᠶᠢᠨ ᠠᠮᠤᠷ ᠲᠦᠪᠰᠢᠨ ᠳᠤ ᠬᠢᠨᠠᠯᠲᠠ ᠲᠠᠯᠪᠢᠨ᠎ᠡ᠃ ᠬᠥᠳᠡᠭᠡ ᠲᠣᠰᠬᠤᠨ ᠤ ᠣᠷᠴᠢᠨ ᠠᠬᠤᠶ ᠶᠢᠨ | ᠬᠠᠮᠠᠭᠠᠯᠠᠯᠲᠠ ᠪᠠ ᠡᠯ᠎ᠡ ᠲᠥᠷᠥᠯ ᠬᠡᠯᠪᠡᠷᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠯᠳᠠᠷᠲᠤ | ᠦᠵᠡᠮᠵᠢ ᠶᠢᠨ ᠣᠷᠣᠨ᠂ ᠤᠢ ᠰᠢᠭᠤᠶ ᠶᠢᠨ ᠴᠡᠴᠡᠷᠯᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ | ᠵᠢᠯᠣᠭᠤᠳᠬᠤ᠂ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠬᠤᠲᠠ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ | ᠬᠠᠮᠠᠭᠠᠯᠠᠬᠤ᠂ ᠨᠤᠭᠤ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ᠂ ᠴᠦᠯᠡᠷᠬᠡᠭᠵᠢᠯ ᠢ ᠰᠡᠷᠭᠡᠶᠢᠯᠡᠨ ᠵᠠᠰᠠᠬᠤ | ᠠᠵᠢᠯ ᠢ ᠬᠠᠮᠵᠢᠯᠴᠠᠬᠤ ᠪᠠ ᠬᠢᠨᠠᠯᠳᠠ ᠲᠠᠯᠪᠢᠨ᠎ᠡ᠃ ᠠᠮᠢᠳᠤ ᠪᠣᠳᠠᠰ ᠤᠨ ᠲᠦᠷᠦᠯ ᠵᠦᠢᠯ ︵ᠤᠳᠤᠮᠯᠠᠯ ᠤᠨ ᠡᠬᠢ | ᠪᠠᠶᠠᠯᠢᠭ ᠪᠠᠭᠲᠠᠨ᠎ᠠ︶ ᠢ ᠬᠠᠮᠠᠭᠠᠯᠠᠬᠤ ᠠᠵᠢᠯ ᠢ ᠲᠦᠷᠦᠭᠦᠯᠡᠨ ᠬᠠᠷᠢᠭᠤᠴᠠᠨ᠎ᠠ᠃ ᠠᠮᠢᠳᠤ ᠪᠣᠳᠠᠰ ᠤᠨ ᠤᠯᠠᠨ | ᠶᠠᠩᠵᠤᠲᠤ ᠴᠢᠨᠠᠷ ᠢ ᠬᠠᠮᠠᠭᠠᠯᠠᠬᠤ ᠶᠢ ᠵᠣᠬᠢᠶᠠᠨ ᠪᠠᠶᠢᠭᠤᠯᠵᠤ ᠵᠣᠬᠢᠴᠠᠭᠤᠯᠬᠤ ᠬᠡᠷᠡᠭᠲᠡᠶ᠃ | ︵ᠨᠠᠶᠢᠮᠠ︶ ᠪᠥᠬᠦ ᠬᠤᠲᠠ ᠶᠢᠨ ᠴᠥᠮ᠎ᠡ ᠶᠢᠨ ᠠᠮᠤᠷ ᠲᠦᠪᠰᠢᠨ ᠪᠠ ᠰᠠᠴᠤᠷᠠᠯᠲᠠ ᠶᠢᠨ ᠠᠶᠤᠯᠭᠦᠶ ᠶᠢᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠤᠲᠠ ᠶᠢᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ᠂ | ᠲᠥᠰᠦᠪᠯᠡᠯ᠂ ᠪᠠᠷᠢᠮᠵᠢᠶ᠎ᠠ ᠶᠢ ᠲᠤᠭᠳᠠᠭᠠᠬᠤ ᠪᠦᠬᠡᠳ ᠵᠤᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠴᠥᠮ᠎ᠡ ᠶᠢᠨ ᠠᠳᠡᠯ | ᠬᠡᠷᠡᠭ᠂ ᠴᠦᠮ᠎ᠡ ᠶᠢᠨ ᠰᠠᠴᠤᠷᠠᠯᠲᠠ ᠶᠢᠨ ᠣᠷᠴᠢᠨ ᠠᠬᠤᠶ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ | ᠬᠠᠷᠢᠭᠤᠴᠠᠨ᠎ᠠ᠃ ᠴᠥᠮ᠎ᠡ ᠶᠢᠨ ᠲᠥᠬᠦᠭᠡᠷᠦᠮᠵᠢ ᠶᠢᠨ ᠠᠮᠤᠷ ᠲᠦᠪᠰᠢᠨ᠂ ᠴᠦᠮ᠎ᠡ ᠶᠢᠨ ᠰᠠᠴᠤᠷᠠᠯᠲᠠ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠠᠵᠢᠯ ᠢ ᠬᠢᠨᠠᠨ ᠬᠠᠮᠢᠶᠠᠷᠤᠨ᠎ᠡ᠃ | ︵ᠶᠢᠰᠦ︶ ᠪᠦᠬᠦ ᠬᠤᠲᠠ ᠶᠢᠨ ᠣᠷᠴᠢᠨ ᠠᠬᠤᠶ ᠶᠢᠨ ᠲᠤᠭ᠎ᠠ ᠪᠦᠷᠢᠳᠬᠡᠯ᠂ ᠣᠷᠴᠢᠨ ᠲᠣᠭᠤᠷᠢᠨ ᠤ ᠬᠢᠨᠠᠯᠲᠠ᠂ | ᠣᠷᠴᠢᠨ ᠲᠣᠭᠤᠷᠢᠨ ᠤ ᠶᠠᠰᠤ ᠴᠢᠨᠠᠷ ᠤᠨ ᠵᠠᠳᠠᠯᠤᠯᠲᠠ ᠶᠢᠨ ᠵᠢᠱᠢᠯᠳᠡ ᠪᠠ ᠮᠡᠳᠡᠭᠡ ᠵᠠᠩᠭᠢ ᠨᠡᠶᠢᠲᠡᠯᠡᠬᠦ ᠶᠢ | ᠬᠠᠷᠢᠭᠤᠴᠠᠨ᠎ᠠ᠃ ᠪᠦᠬᠦ ᠬᠤᠲᠠ ᠶᠢᠨ ᠣᠷᠴᠢᠨ ᠠᠬᠤᠶ ᠶᠢᠨ ᠲᠤᠭ᠎ᠠ ᠪᠦᠷᠢᠳᠬᠡᠯ᠂ ᠬᠢᠨᠠᠨ ᠬᠡᠮᠵᠢᠬᠦ ᠪᠠ ᠮᠡᠳᠡᠭᠡ ᠵᠠᠩᠭᠢ | ᠨᠡᠶᠢᠲᠡᠯᠡᠬᠦ ᠲᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠤᠳᠠ ᠶᠢᠨ ᠣᠷᠴᠢᠨ | ᠠᠬᠤᠶ ᠶᠢ ᠬᠢᠨᠠᠵᠤ ᠬᠡᠮᠵᠢᠬᠦ ᠲᠣᠣᠷ ᠪᠠ ᠣᠷᠴᠢᠨ ᠠᠬᠤᠶ ᠶᠢᠨ ᠮᠡᠳᠡᠭᠡ ᠵᠠᠩᠭᠢ ᠶᠢᠨ ᠲᠤᠤᠷ ᠢ ᠬᠠᠷᠢᠭᠤᠴᠠᠨ ᠵᠤᠬᠢᠶᠠᠨ | ᠪᠠᠶᠢᠭᠤᠯᠬᠤ ᠪᠦᠬᠡᠳ ᠬᠠᠷᠢᠭᠤᠴᠠᠵᠤ᠂ ᠣᠷᠴᠢᠨ ᠲᠣᠭᠤᠷᠢᠨ ᠤ ᠶᠠᠰᠤ ᠴᠢᠨᠠᠷ ᠤᠨ ᠪᠠᠶᠢᠳᠠᠯ ᠳᠤ ᠪᠠᠶᠢᠴᠠᠭᠠᠯᠲᠠ | ᠦᠨᠡᠯᠡᠯᠲᠡ ᠬᠢᠬᠦ ᠶᠢ ᠵᠤᠬᠢᠶᠠᠨ ᠪᠠᠶᠢᠭᠤᠯᠤᠨ᠎ᠠ᠃ | ︵ᠠᠷᠪᠠ︶ ᠬᠤᠳᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯ ᠢ ᠬᠠᠷᠢᠭᠤᠴᠠᠨ᠎ᠠ᠃ ᠪᠦᠬᠦ ᠬᠤᠳᠠ ᠶᠢᠨ ᠣᠷᠴᠢᠨ ᠠᠬᠤᠶ ᠶᠢ ᠬᠠᠮᠠᠭᠠᠯᠠᠬᠤ ᠴᠢᠬᠤᠯᠠ ᠶᠡᠭᠡ | ᠰᠢᠨᠵᠢᠯᠡᠬᠦ ᠤᠬᠠᠭᠠᠨ ᠤ ᠰᠤᠳᠤᠯᠭᠠᠨ ᠪᠠ ᠲᠧᠭᠨᠢᠭ ᠮᠡᠷᠭᠡᠵᠢᠯ ᠤᠨ ᠢᠨᠵᠧᠨᠧᠷᠢᠩ ᠤᠨ ᠵᠢᠱᠢᠶ᠎ᠡ ᠦᠵᠡᠭᠦᠯᠬᠦ ᠶᠢ | ᠬᠠᠷᠢᠭᠤᠴᠠᠨ᠎ᠠ᠃ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ ᠬᠥᠭᠵᠢᠯᠲᠡ ᠶᠢ ᠬᠠᠷᠢᠭᠤᠴᠠᠵᠤ᠂ ᠣᠷᠴᠢᠯ | ᠠᠵᠤ ᠠᠬᠤᠶ ᠪᠠ ᠠᠷᠢᠭᠤᠨ ᠴᠡᠪᠡᠷ ᠢᠶᠠᠷ ᠦᠢᠯᠡᠳᠪᠦᠷᠢᠯᠡᠬᠦ ᠠᠵᠢᠯ ᠳᠤ ᠣᠷᠣᠯᠴᠠᠬᠤ ᠪᠠ ᠵᠢᠯᠣᠭᠤᠳᠴᠦ᠂ | ᠠᠬᠢᠭᠤᠯᠤᠨ᠎ᠠ᠃ | ︵ᠠᠷᠪᠠᠨ ᠨᠢᠭᠡ︶ ᠪᠥᠬᠦ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠬᠠᠶ ᠤᠬᠠᠭᠤᠯᠭ᠎ᠠ | ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠠ᠂ ᠵᠢᠯᠣᠭᠤᠳᠬᠤ ᠪᠠ ᠵᠣᠬᠢᠴᠠᠭᠤᠯᠤᠨ᠎ᠠ᠃ ᠪᠥᠬᠦ ᠬᠤᠲᠠ ᠶᠢᠨ ᠣᠷᠴᠢᠨ | ᠠᠬᠤᠶ ᠶᠢᠨ ᠬᠠᠮᠠᠭᠠᠯᠠᠯᠲᠠ ᠶᠢᠨ ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ᠂ ᠲᠥᠯᠥᠪᠯᠡᠭᠡ ᠶᠢ ᠲᠤᠭᠳᠠᠭᠠᠬᠤ | ᠪᠦᠬᠡᠳ ᠵᠤᠬᠢᠶᠠᠨ ᠪᠠᠶᠢᠭᠤᠯᠤᠨ ᠬᠡᠷᠡᠭᠵᠢᠬᠦᠯᠵᠦ᠂ ᠤᠯᠠᠨ ᠨᠡᠶᠢᠳᠡ ᠪᠣᠯᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠣᠷᠴᠢᠨ ᠠᠬᠤᠶ ᠶᠢ ᠬᠠᠮᠠᠭᠠᠯᠠᠬᠤ ᠳᠤ ᠣᠷᠣᠯᠴᠠᠬᠤ ᠶᠢ ᠲᠦᠯᠬᠢᠨ ᠠᠬᠢᠭᠤᠯᠤᠨ᠎ᠠ᠃ | ︵ᠠᠷᠪᠠᠨ ᠬᠤᠶᠠᠷ︶ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ | ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠠᠴᠠ ᠲᠤᠰᠢᠶᠠᠭᠰᠠᠨ ᠪᠤᠰᠤᠳ ᠶᠠᠪᠤᠳᠠᠯ ᠢ ᠳᠠᠭᠠᠭᠠᠨ | ᠠᠪᠴᠤ ᠰᠢᠶᠳᠪᠦᠷᠢᠯᠡᠨ᠎ᠡ᠃ |