︽ᠦᠬᠠᠢ ᠬᠤᠳᠠ ᠶᠢᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠲᠦᠷᠢᠮ︾ ᠢ ᠲᠠᠷᠣᠮᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2018-05-09
         ︽ᠦᠬᠠᠢ ᠬᠤᠳᠠ ᠶᠢᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠲᠦᠷᠢᠮ︾ ᠢ ᠲᠠᠷᠣᠮᠯᠠᠨ ᠲᠠᠷᠬᠠᠭᠠᠬᠤ ᠲᠤᠬᠠᠢ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠮᠡᠳᠡᠭᠳᠡᠯᠡ᠊‍ᠯ᠎ᠡ ᠲᠤᠭᠤᠷᠢᠭ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ᠬᠤᠳᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠡᠳᠦᠬᠡ ︽ᠦᠬᠠᠢ ᠬᠤᠳᠠ  ᠶᠢᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠲᠦᠷᠢᠮ︾ ᠢ ᠲᠠᠷᠣᠮᠯᠠᠨ ᠲᠠᠷᠬᠠᠭᠠᠨ ᠦᠭᠴᠦ᠂ ᠪᠤᠳᠠᠳᠠᠢ ᠲᠠᠢ ᠪᠠᠨ ᠤᠶᠠᠯᠳᠣᠭᠤᠯᠵᠣ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠳᠣᠭᠠᠢ᠃                                           2018 ᠤᠨ ᠤ 5 ᠰᠠᠷ᠎ᠠ ᠶᠢᠨ 9 ᠤ ᠡᠳᠦᠷ          ᠦᠬᠠᠢ ᠬᠤᠳᠠ ᠶᠢᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ                          ᠬᠢᠵᠠᠭᠠᠷᠯᠠᠬᠤ ᠬᠠᠮᠢᠶᠠᠷᠣᠯᠳᠠ ᠶᠢᠨ ᠲᠦᠷᠢᠮ            ᠨᠢᠭᠡᠳᠦᠭᠡᠷ ᠪᠦᠯᠦᠭ    ᠶᠡᠷᠦᠩᠭᠡᠢ ᠵᠠᠷᠴᠢᠮ      ᠨᠢᠭᠡᠳᠦᠭᠡᠷ ᠵᠦᠢᠯ    ᠡᠪᠠᠣᠠᠴᠢᠠ ᠤ ᠵᠠᠭᠤᠴᠢ ᠠᠮᠢᠲᠤ ᠪᠤᠳᠠᠰ ᠤᠨ ᠬᠠᠯᠳᠠᠪᠤᠷᠢᠯᠠᠬᠤ ᠴᠢᠨᠠᠷ ᠲᠠᠢ ᠡᠪᠡᠳᠴᠢᠨ ᠡᠭᠦᠰᠴᠦ ᠲᠡᠯᠭᠡᠷᠡᠬᠦ ᠶᠢ ᠣᠷᠢᠳᠴᠢᠯᠠᠨ ᠰᠡᠷᠭᠡᠶᠢᠯᠡᠨ ᠬᠢᠵᠠᠭᠠᠷᠯᠠᠵᠤ᠂ ᠣᠯᠠᠨ ᠲᠦᠮᠡᠨ ᠤ ᠡᠷᠡᠭᠦᠯ ᠮᠡᠨᠲᠤ ᠬᠢᠬᠡᠳ ᠨᠡᠶᠢᠳᠡ ᠶᠢᠨ ᠡᠷᠡᠭᠦᠯ ᠬᠠᠮᠠᠭᠠᠯᠠᠯ ᠢ ᠪᠠᠲᠤᠯᠠᠬᠤ ᠶᠢ ᠲᠦᠯᠦᠭᠡ᠂ ︽ᠪᠦᠬᠦᠳᠡ ᠨᠠᠶᠢᠷᠠᠮᠳᠠᠬᠤ ᠲᠤᠮᠳᠠᠲᠤ ᠠᠷᠠᠳ ᠣᠯᠣᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠲᠦᠷᠢᠮ︾᠂ ︽ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠲᠤᠭᠳᠠᠭᠠᠯ︾ ᠪᠤᠯᠤᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠤᠰ ᠢᠶᠠᠨ ᠬᠠᠶᠢᠷᠠᠯᠠᠬᠤ ᠡᠷᠠᠬᠦᠯ ᠬᠠᠮᠠᠭᠠᠯᠠᠯ ᠤᠨ ᠲᠦᠷᠢᠮ︾ ᠵᠡᠷᠭᠡ ᠬᠤᠯᠪᠤᠭᠳᠠᠯ ᠪᠦᠬᠦᠢ ᠲᠤᠭᠳᠠᠭᠠᠯ ᠢ ᠦᠨᠳᠦᠰᠦᠯᠡᠨ᠂ ᠮᠠᠨ ᠤ ᠬᠤᠳᠠ ᠶᠢᠨ ᠪᠤᠳᠠᠳᠠᠢ ᠲᠠᠢ ᠤᠶᠠᠯᠳᠣᠭᠤᠯᠣᠨ᠂ ᠲᠤᠰ ᠲᠦᠷᠢᠮ ᠢ ᠲᠤᠭᠳᠠᠭᠠᠪᠠ᠃            ᠬᠤᠶᠠᠳᠣᠭᠠᠷ ᠵᠦᠢᠯ    ᠲᠤᠰ ᠬᠤᠳᠠ ᠶᠢᠨ ᠵᠠᠰᠠᠭ ᠵᠠᠬᠢᠷᠭᠠᠨ ᠤ ᠬᠠᠷᠢᠶᠠᠨ ᠳᠠᠬᠢ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠬᠦ᠂ ᠬᠢᠨᠠᠯᠳᠠ ᠬᠠᠮᠢᠶᠠᠷᠣᠯᠳᠠ ᠶᠢᠨ ᠠᠵᠢᠯ ᠳᠤ ᠲᠤᠰ ᠠᠷᠭ᠎ᠠ ᠬᠡᠷᠡᠭᠯᠡᠭᠳᠡᠨ᠎ᠡ᠃      ᠲᠤᠰ ᠠᠷᠭ᠎ᠠ ᠳᠤ ᠦᠭᠦᠯᠡᠵᠦ ᠪᠠᠶᠢᠭ᠎ᠠ ᠡᠪᠡᠳᠴᠢᠨ ᠤ ᠵᠠᠭᠤᠴᠢ ᠠᠮᠢᠲᠤ ᠪᠤᠳᠠᠰ ᠪᠤᠯ ᠡᠪᠠᠣᠠᠴᠢᠠ ᠡᠬᠦᠰᠬᠡᠭᠴᠢ ᠶᠢ ᠬᠦᠮᠦᠰ ᠲᠤ ᠬᠠᠯᠳᠠᠪᠦᠷᠢᠯᠠᠭᠤᠯᠳᠠᠭ ᠬᠤᠯᠤᠭᠠᠨ᠎ᠠ᠂ ᠰᠢᠮᠠᠭᠤᠯ᠂ ᠢᠯᠠᠭ᠎ᠠ᠂ ᠵᠤᠤᠮ᠎ᠠ ᠵᠢᠴᠢ ᠦᠪᠡᠷᠳᠡᠭᠡᠨ ᠵᠠᠰᠠᠬᠤ ᠣᠷᠣᠨ ᠤ ᠲᠡᠰ ᠠᠴᠠ ᠲᠡᠭᠡᠭᠰᠢᠬᠢ ᠤᠯᠤᠰ ᠢᠶᠠᠨ ᠬᠠᠶᠢᠷᠠᠯᠠᠬᠤ ᠡᠷᠠᠬᠦᠯ ᠬᠠᠮᠠᠭᠠᠯᠠᠯ ᠤᠨ ᠬᠦᠳᠠᠯᠭᠡᠭᠡᠡ ᠤ ᠵᠦᠪᠯᠠᠯ ᠠᠴᠠ ᠲᠤᠭᠳᠠᠭᠠᠭᠰᠠᠨ ᠪᠤᠰᠣᠳ ᠡᠪᠠᠣᠠᠴᠢᠠ ᠡᠬᠦᠰᠬᠡᠭᠴᠢ ᠶᠢ ᠬᠠᠯᠳᠠᠪᠤᠷᠢᠯᠠᠭᠤᠯᠬᠤ ᠠᠮᠢᠲᠤ ᠪᠤᠳᠠᠰ ᠢ ᠵᠢᠭᠠᠨ᠎ᠠ᠃      ᠭᠤᠷᠪᠠᠳᠣᠭᠠᠷ ᠵᠦᠢᠯ    ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠤᠷᠴᠢᠨ ᠲᠤᠭᠤᠷᠢᠨ ᠢ ᠴᠡᠭᠴᠡᠯᠡᠨ ᠵᠠᠰᠠᠬᠤ ᠪᠤᠯᠤᠨ ᠡᠪᠠᠣᠠᠴᠢᠠ ᠤ ᠵᠠᠭᠤᠴᠢ ᠠᠮᠢᠲᠤ ᠪᠤᠳᠠᠰ ᠤᠨ ᠦᠷᠡᠵᠢᠬᠦ ᠶᠢ ᠬᠢᠵᠠᠭᠠᠷᠯᠠᠬᠤ ᠪᠠᠷ ᠭᠤᠤᠯ ᠪᠤᠯᠭᠠᠬᠤ᠂ ᠡᠮ ᠪᠠᠭᠠᠵᠢ ᠪᠠᠷ ᠬᠢᠵᠠᠭᠠᠷᠯᠠᠬᠤ  ᠪᠠᠷ ᠲᠡᠳ᠋ᠯᠡᠬᠦ ᠶᠡᠷᠦᠩᠬᠡᠶᠢᠯᠡᠭᠰᠡᠨ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠵᠠᠷᠴᠢᠮ ᠢ ᠪᠠᠷᠢᠮᠳᠠᠯᠠᠵᠤ᠂ ᠵᠠᠰᠠᠭ ᠤᠨ ᠤᠷᠳᠣᠨ ᠵᠤᠬᠢᠶᠠᠨ ᠪᠠᠶᠢᠭᠤᠯᠬᠤ᠂ ᠰᠠᠯᠠᠭ᠎ᠠ ᠮᠦᠴᠢᠷ ᠲᠤᠬᠢᠷᠠᠭᠤᠯᠬᠤ᠂ ᠪᠠᠶᠢᠭᠤᠯᠭ᠎ᠠ ᠨᠢᠭᠡᠴᠡ ᠬᠠᠷᠢᠭᠤᠴᠠᠬᠤ᠂ ᠪᠦᠬᠦ ᠠᠷᠠᠳ ᠣᠷᠣᠯᠴᠠᠬᠤ ᠶᠢ ᠬᠠᠷᠢᠯᠴᠠᠨ ᠤᠶᠠᠯᠳᠣᠭᠤᠯᠬᠤ᠂ ᠲᠦᠪᠯᠡᠷᠡᠭᠦᠯᠦᠨ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠢᠭᠡᠳ ᠡᠳᠦᠷ ᠲᠤᠲᠤᠮ ᠤᠨ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠶᠢ ᠬᠠᠷᠢᠯᠴᠠᠨ ᠤᠶᠠᠯᠳᠣᠭᠤᠯᠬᠤ᠂ ᠣᠯᠠᠨ ᠲᠦᠮᠡᠨ ᠦᠪᠡᠷᠳᠡᠭᠡᠨ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠢᠭᠡᠳ ᠲᠤᠰᠬᠠᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠦᠢᠯᠡᠴᠢᠯᠡᠭᠡ ᠶᠢ ᠬᠠᠷᠢᠯᠴᠠᠨ ᠤᠶᠠᠯᠳᠣᠭᠤᠯᠬᠤ᠂ ᠦᠷᠡᠵᠢᠬᠦ ᠨᠦᠬᠦᠴᠡᠯ ᠢ ᠬᠢᠵᠠᠭᠠᠷᠯᠠᠬᠤ ᠬᠢᠭᠡᠳ ᠰᠢᠭᠤᠳ ᠣᠰᠠᠳᠬᠠᠬᠤ ᠶᠢ ᠬᠠᠷᠢᠯᠴᠠᠨ ᠤᠶᠠᠯᠳᠣᠭᠤᠯᠬᠤ ᠵᠠᠷᠴᠢᠮ ᠢ ᠬᠡᠷᠡᠭᠵᠢᠬᠦᠯᠪᠡᠯ ᠵᠤᠬᠢᠨ᠎ᠠ᠃      ᠲᠦᠷᠪᠡᠳᠦᠭᠡᠷ ᠵᠦᠢᠯ    ᠡᠯ᠎ᠡ ᠲᠡᠰ ᠤᠨ ᠤᠯᠤᠰ ᠢᠶᠠᠨ ᠬᠠᠶᠢᠷᠠᠯᠠᠬᠤ ᠡᠷᠠᠬᠦᠯ ᠬᠠᠮᠠᠭᠠᠯᠠᠯ ᠤᠨ ᠬᠦᠳᠠᠯᠭᠡᠭᠡᠡ  ᠤ ᠵᠦᠪᠯᠠᠯ ᠲᠤᠰ ᠲᠡᠰ ᠤᠨ ᠵᠠᠰᠠᠭ ᠤᠨ ᠣᠷᠳᠣᠨ ᠤ ᠤᠳᠣᠷᠢᠳᠣᠯᠭ᠎ᠠ ᠲᠤᠤᠷ᠎ᠠ᠂ ᠲᠤᠰ ᠵᠠᠰᠠᠭ ᠵᠠᠬᠢᠷᠭᠠᠨ ᠤ ᠤᠷᠤᠨ ᠬᠡᠪᠴᠢᠶᠡᠨ ᠤ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠢ  ᠨᠢᠭᠡᠳᠦᠯᠳᠡᠢ ᠵᠤᠬᠢᠶᠠᠨ ᠪᠠᠶᠢᠭᠤᠯᠬᠤ᠂ ᠨᠢᠭᠡᠳᠦᠯᠳᠡᠢ ᠲᠦᠯᠦᠪᠯᠡᠨ ᠵᠤᠬᠢᠴᠠᠭᠤᠯᠬᠤ ᠶᠢ ᠬᠠᠷᠢᠭᠤᠴᠠᠵᠤ᠂ ᠲᠤᠤᠷᠠᠭᠢ ᠮᠡᠲᠤ ᠡᠭᠦᠷᠭᠡ ᠬᠠᠷᠢᠭᠤᠴᠠᠯᠭ᠎ᠠ ᠶᠢ ᠬᠦᠢᠴᠡᠳᠭᠡᠪᠡᠯ ᠵᠤᠬᠢᠨ᠎ᠠ᠄            1. ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ  ᠶᠢᠨ ᠠᠵᠢᠯ ᠤᠨ ᠲᠦᠰᠦᠯ ᠢ ᠲᠤᠭᠳᠠᠭᠠᠬᠤ ᠮᠦᠷᠳᠡᠭᠡᠨ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ︔      2. ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠤᠬᠠᠭᠤᠯᠭ᠎ᠠ ᠬᠦᠮᠦᠵᠢᠯ ᠪᠤᠯᠤᠨ ᠪ᠊  ᠪᠤᠯᠪᠠᠰᠤᠷᠠᠯ ᠢ ᠵᠤᠬᠢᠶᠠᠨ ᠪᠠᠶᠢᠭᠤᠯᠵᠤ᠂ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢ ᠲᠦᠭᠡᠮᠡᠯᠵᠢᠬᠦᠯᠦᠨ᠎ᠡ︔      3. ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ  ᠶᠢᠨ ᠠᠵᠢᠯ ᠤᠨ ᠪᠠᠶᠢᠴᠠᠭᠠᠯᠳᠠ ᠪᠤᠯᠤᠨ ᠬᠢᠨᠠᠯᠳᠠ ᠵᠢᠯᠤᠭᠤᠳᠣᠯᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠦᠨ᠎ᠡ︔      4. ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ  ᠶᠢᠨ ᠠᠵᠢᠯ ᠢ ᠰᠢᠯᠭᠠᠨ ᠲᠤᠭᠳᠠᠭᠠᠬᠤ ᠶᠢ ᠵᠤᠬᠢᠶᠠᠨ ᠪᠠᠶᠢᠭᠤᠯᠤᠨ᠎ᠠ︔      5. ᠡᠯ᠎ᠡ ᠪᠦᠷᠢᠯᠳᠦᠬᠦᠨ ᠨᠢᠭᠡᠴᠡ ᠶᠢ ᠵᠤᠬᠢᠴᠠᠭᠤᠯᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠢ ᠰᠠᠶᠢᠲᠤᠷ ᠬᠢᠯᠭᠡᠨ᠎ᠡ᠃      ᠡᠯ᠎ᠡ ᠲᠡᠰ ᠤᠨ ᠤᠯᠤᠰ ᠢᠶᠠᠨ ᠬᠠᠶᠢᠷᠠᠯᠠᠬᠤ ᠡᠷᠠᠬᠦᠯ ᠬᠠᠮᠠᠭᠠᠯᠠᠯ ᠤᠨ ᠠᠯᠪᠠᠨ ᠭᠡᠷ ᠪᠤᠯ ᠤᠯᠤᠰ ᠢᠶᠠᠨ ᠬᠠᠶᠢᠷᠠᠯᠠᠬᠤ ᠡᠷᠠᠬᠦᠯ ᠬᠠᠮᠠᠭᠠᠯᠠᠯ ᠤᠨ ᠬᠦᠳᠠᠯᠭᠡᠭᠡᠡ ᠤ ᠵᠦᠪᠯᠠᠯ ᠤᠨ ᠬᠡᠷᠡᠭ ᠡᠷᠭᠢᠯᠡᠬᠦ ᠪᠠᠶᠢᠭᠤᠯᠤᠮᠵᠢ ᠪᠤᠯᠤᠨ᠎ᠠ᠂ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠡᠳᠦᠷ ᠲᠤᠲᠤᠮ ᠤᠨ ᠬᠠᠮᠢᠶᠠᠷᠣᠯᠳᠠ ᠶᠢᠨ ᠠᠵᠢᠯ ᠢ ᠪᠤᠳᠠᠳᠠᠶᠢᠴᠢᠯᠠᠨ ᠬᠠᠷᠢᠭᠤᠴᠠᠨ᠎ᠠ᠃      ᠡᠯ᠎ᠡ ᠲᠡᠰ ᠤᠨ ᠤᠯᠤᠰ ᠢᠶᠠᠨ ᠬᠠᠶᠢᠷᠠᠯᠠᠬᠤ ᠡᠷᠠᠬᠦᠯ ᠬᠠᠮᠠᠭᠠᠯᠠᠯ ᠤᠨ ᠬᠦᠳᠠᠯᠭᠡᠭᠡᠡ ᠤ ᠵᠦᠪᠯᠠᠯ ᠤᠨ ᠪᠦᠷᠢᠯᠳᠦᠭᠦᠨ ᠨᠢᠭᠡᠴᠡ ᠬᠤᠪᠢ ᠬᠤᠪᠢ ᠶᠢᠨ ᠡᠭᠦᠷᠬᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠵᠦ᠂ ᠲᠤᠰ ᠰᠢᠰᠲ᠋ᠧᠮ ᠲᠤᠰ ᠨᠢᠭᠡᠴᠡ ᠶᠢᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠢᠶᠠᠨ ᠰᠠᠶᠢᠲᠣᠷ ᠬᠢᠵᠦ᠂ ᠤᠯᠤᠰ ᠢᠶᠠᠨ ᠬᠠᠶᠢᠷᠠᠯᠠᠬᠤ ᠡᠷᠠᠬᠦᠯ ᠬᠠᠮᠠᠭᠠᠯᠠᠯ  ᠤᠨ ᠬᠠᠤᠯᠢ ᠴᠠᠭᠠᠵᠠ᠂ ᠬᠠᠤᠯᠢ ᠲᠦᠷᠢᠮ᠂ ᠲᠦᠷᠢᠮ ᠲᠤᠭᠳᠠᠭᠠᠯ ᠪᠤᠯᠤᠨ ᠲᠦᠷᠦ ᠶᠢᠨ ᠪᠤᠲᠤᠯᠭ᠎ᠠ ᠶᠢ ᠬᠦᠴᠦᠳᠡᠢ ᠤᠬᠠᠭᠤᠯᠵᠤ᠂ ᠣᠯᠠᠨ ᠲᠦᠮᠡᠨ ᠢ ᠲᠠᠶᠢᠴᠢᠯᠠᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠳᠤ ᠣᠷᠣᠯᠴᠠᠭᠤᠯᠪᠠᠯ ᠵᠤᠬᠢᠨ᠎ᠠ᠃      ᠲᠠᠪᠤᠳᠣᠭᠠᠷ ᠵᠦᠢᠯ   ᠡᠯ᠎ᠡ ᠲᠡᠰ ᠤᠨ ᠤᠯᠤᠰ ᠢᠶᠠᠨ ᠬᠠᠶᠢᠷᠠᠯᠠᠬᠤ ᠡᠷᠠᠬᠦᠯ ᠬᠠᠮᠠᠭᠠᠯᠠᠯ ᠤᠨ ᠬᠦᠳᠠᠯᠭᠡᠭᠡᠡ ᠤ ᠵᠦᠪᠯᠠᠯ ᠤᠨ ᠪᠦᠷᠢᠯᠳᠦᠭᠦᠨ ᠨᠢᠭᠡᠴᠡ ᠲᠤᠤᠷᠠᠭᠢ ᠮᠡᠲᠤ ᠠᠵᠢᠯ ᠤᠨ ᠬᠤᠪᠢᠶᠠᠷᠢᠯᠠᠯ ᠢᠶᠠᠷ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠪᠡ ᠬᠢᠨᠠᠯᠳᠠ ᠬᠠᠮᠢᠶᠠᠷᠣᠯᠳᠠ ᠶᠢᠨ ᠠᠵᠢᠯ ᠢ ᠬᠠᠷᠢᠭᠤᠴᠠᠨ᠎ᠠ᠄      1. ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠮᠡᠷᠭᠡᠵᠢᠯ ᠤᠨ ᠵᠢᠯᠤᠭᠤᠳᠣᠯᠭ᠎ᠠ ᠂ ᠲᠤᠬᠠᠶᠢᠯᠠᠭᠰᠠᠨ ᠠᠵᠢᠯ ᠤᠨ ᠪᠤᠯᠪᠠᠰᠤᠷᠠᠯ᠂ ᠨᠢᠭᠳᠠᠴᠠ ᠶᠢ ᠬᠢᠨᠠᠨ ᠬᠡᠮᠵᠢᠬᠦ ᠠᠵᠢᠯ ᠢ ᠬᠠᠷᠢᠭᠤᠴᠠᠵᠤ᠂ ᠨᠡᠶᠢᠳᠡ  ᠶᠢᠨ ᠤᠷᠴᠢᠨ ᠲᠤᠭᠤᠷᠢᠨ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠳᠤ ᠬᠢᠨᠠᠨ ᠬᠠᠮᠢᠶᠠᠷᠣᠯᠳᠠ ᠬᠢᠵᠦ᠂ ᠤᠯᠤᠰ  ᠢᠶᠠᠨ ᠬᠠᠶᠢᠷᠠᠯᠠᠬᠤ ᠡᠷᠠᠬᠦᠯ ᠬᠠᠮᠠᠭᠠᠯᠠᠯ ᠤᠨ ᠬᠦᠳᠠᠯᠭᠡᠭᠡᠡ ᠤ ᠵᠦᠪᠯᠠᠯ ᠢ ᠬᠠᠮᠵᠢᠨ᠂ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠳᠤ ᠮᠡᠷᠭᠡᠵᠢᠯ ᠤᠨ ᠵᠢᠯᠤᠭᠤᠳᠣᠯᠭ᠎ᠠ ᠂ ᠬᠢᠨᠠᠨ ᠬᠡᠮᠵᠢᠯᠳᠡ ᠪᠤᠯᠤᠨ ᠦᠨᠡᠯᠡᠯᠳᠡ ᠬᠢᠨ᠎ᠡ᠃      2. ᠰᠣᠷᠭᠠᠨ ᠬᠦᠮᠦᠵᠢᠯ ᠤᠨ ᠵᠠᠰᠠᠭ ᠵᠠᠭᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠬᠠᠷᠢᠶᠠᠨ ᠳᠠᠬᠢ ᠰᠣᠷᠭᠠᠭᠤᠯᠢ᠂ ᠨᠢᠯᠬ᠎ᠠ ᠬᠡᠦᠭᠡᠳ ᠠᠰᠠᠷᠠᠬᠤ ᠪᠠᠶᠢᠭᠤᠯᠤᠮᠵᠢ ᠶᠢᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠳᠤ ᠬᠢᠨᠠᠯᠳᠠ ᠬᠠᠮᠢᠶᠠᠷᠣᠯᠳᠠ ᠬᠢᠬᠦ  ᠶᠢ  ᠬᠠᠷᠢᠭᠤᠴᠠᠨ ᠬᠡᠷᠡᠭᠵᠢᠬᠦᠯᠦᠨ᠎ᠡ᠃      3. ᠲᠤᠲᠤᠭᠠᠲᠤ ᠶᠢ ᠬᠠᠮᠠᠭᠠᠯᠠᠬᠤ ᠰᠠᠯᠠᠭ᠎ᠠ ᠮᠦᠴᠢᠷ ᠨᠢ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠤᠨ ᠲᠤᠮᠳᠠ ᠡᠭᠦᠰᠦᠭᠰᠡᠨ ᠠᠯᠪᠠᠨ ᠬᠡᠷᠡᠭ ᠬᠡᠷᠡᠭᠵᠢᠬᠦᠯᠬᠦ ᠶᠢ ᠬᠠᠷᠰᠢᠯᠠᠬᠤ᠂ ᠠᠯᠪᠠᠨ ᠶᠠᠪᠤᠳᠠᠯ ᠳᠤ ᠰᠠᠭᠠᠳ ᠤᠴᠠᠷᠠᠭᠤᠯᠤᠭᠰᠠᠨ ᠬᠡᠷᠡᠭ ᠢ ᠬᠠᠤᠯᠢ ᠶᠤᠰᠣᠭᠠᠷ ᠪᠠᠶᠢᠴᠠᠭᠠᠨ ᠰᠢᠢᠳᠪᠦᠷᠢᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠢ ᠬᠠᠮᠵᠢᠨ ᠬᠤᠯᠤᠭᠠᠨ᠎ᠠ ᠶᠢᠨ ᠡᠮ ᠤᠨ ᠵᠠᠬ᠎ᠠ ᠲᠡᠯᠭᠡᠭᠦᠷ ᠢ ᠴᠡᠭᠴᠡᠯᠡᠨ ᠵᠠᠰᠠᠬᠤ ᠠᠵᠢᠯ ᠢ ᠵᠤᠬᠢᠶᠠᠨ ᠪᠠᠶᠢᠭᠤᠯᠤᠨ ᠦᠷᠨᠢᠬᠦᠯᠦᠨ᠎ᠡ᠃      4. ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠲᠤᠰ ᠵᠢᠯ ᠤᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠦᠷᠨᠢᠬᠦᠯᠬᠦ ᠴᠢᠬᠤᠯᠠ ᠲᠠᠢ ᠠᠯᠪᠠᠨ ᠵᠠᠷᠣᠳᠠᠯ  ᠢ ᠪᠠᠲᠤᠯᠠᠬᠤ ᠶᠢᠨ ᠲᠠᠭᠠᠤ᠂ ᠣᠯᠣᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠳᠡ ᠶᠢᠨ ᠪᠠᠶᠢᠳᠠᠯ ᠢ ᠦᠨᠳᠦᠰᠦᠯᠡᠨ᠂ ᠠᠯᠬᠤᠮ ᠲᠠᠷᠠᠭᠠᠯᠠᠨ ᠠᠯᠪᠠᠨ ᠵᠠᠷᠣᠳᠠᠯ ᠤᠨ ᠣᠷᠣᠭᠤᠯᠣᠯᠳᠠ ᠪᠠᠨ ᠨᠡᠮᠡᠭᠳᠡᠭᠦᠯᠦᠨ᠎ᠡ᠃      5. ᠣᠷᠣᠨ ᠰᠠᠭᠤᠴᠠ ᠪᠦᠲᠦᠭᠡᠨ ᠪᠠᠶᠢᠭᠤᠯᠤᠯᠳᠠ ᠶᠢᠨ ᠵᠠᠰᠠᠭ ᠵᠠᠭᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠬᠠᠷᠢᠶᠠᠯᠠᠯᠳᠠ ᠶᠢᠨ ᠬᠡᠪᠴᠢᠶᠡᠨ ᠤ ᠲᠤᠲᠤᠷᠠᠭᠢ ᠬᠤᠳᠠ ᠶᠢᠨ ᠶᠠᠪᠤᠳᠠᠯ ᠤᠨ ᠲᠦᠬᠦᠭᠡᠷᠦᠮᠵᠢ᠂ ᠪᠠᠷᠢᠯᠭ᠎ᠠ ᠶᠢᠨ ᠭᠠᠵᠠᠷ ᠪᠤᠯᠤᠨ ᠨᠤᠷᠠᠭᠠᠨ ᠨᠡᠭᠦᠯᠭᠡᠬᠦ ᠭᠠᠵᠠᠷ ᠵᠡᠷᠭᠡ ᠨᠡᠶᠢᠳᠡ ᠶᠢᠨ ᠲᠠᠯᠠᠪᠤᠷ ᠤᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠳᠤ ᠬᠢᠨᠠᠯᠳᠠ ᠬᠠᠮᠢᠶᠠᠷᠣᠯᠳᠠ ᠬᠢᠬᠦ ᠶᠢ  ᠬᠠᠷᠢᠭᠤᠴᠠᠨ ᠬᠡᠷᠡᠭᠵᠢᠬᠦᠯᠦᠨ᠎ᠡ᠃      6. ᠴᠠᠴᠡᠷᠯ‍‌ᠵᠭᠵ‍‌ᠵᠬᠦᠯᠭᠡ ᠶᠢᠨ ᠵᠠᠰᠠᠭ ᠵᠠᠭᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠬᠠᠷᠢᠶᠠᠯᠠᠯᠳᠠ ᠶᠢᠨ ᠬᠡᠪᠴᠢᠶᠡᠨ ᠤ ᠲᠤᠲᠤᠷᠠᠭᠢ ᠴᠡᠴᠡᠷᠯᠢᠭ᠂ ᠨᠡᠶᠢᠳᠡ ᠶᠢᠨ ᠵᠦᠯᠭᠡᠲᠤ ᠭᠠᠵᠠᠷ ᠵᠡᠷᠭᠡ ᠨᠡᠶᠢᠳᠡ ᠶᠢᠨ ᠲᠠᠯᠠᠪᠤᠷ ᠤᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ  ᠶᠢᠨ ᠠᠵᠢᠯ ᠳᠤ ᠬᠢᠨᠠᠯᠳᠠ ᠬᠠᠮᠢᠶᠠᠷᠣᠯᠳᠠ ᠬᠢᠬᠦ ᠶᠢ  ᠬᠠᠷᠢᠭᠤᠴᠠᠨ ᠬᠡᠷᠡᠭᠵᠢᠬᠦᠯᠦᠨ᠎ᠡ᠃      7. ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠭᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ  ᠨᠢ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠦᠷᠳᠡᠭᠡ᠂ ᠲᠡᠷᠭᠡᠨ ᠵᠤᠭᠰᠣᠭᠠᠯ ᠤᠨ ᠰᠠᠷᠠᠪᠴᠢ  ᠵᠡᠷᠭᠡ ᠬᠤᠯᠪᠤᠭᠳᠠᠯ ᠪᠦᠬᠦᠢ ᠲᠠᠯᠠᠪᠤᠷ ᠵᠢᠴᠢ ᠨᠡᠶᠢᠳᠡ ᠶᠢᠨ ᠵᠠᠮ ᠬᠠᠷᠢᠯᠴᠠᠭᠠᠨ ᠤ ᠬᠡᠷᠡᠭᠰᠡᠯ ᠤᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠳᠤ ᠬᠢᠨᠠᠯᠳᠠ ᠬᠠᠮᠢᠶᠠᠷᠣᠯᠳᠠ ᠬᠢᠬᠦ ᠶᠢ  ᠬᠠᠷᠢᠭᠤᠴᠠᠨ ᠬᠡᠷᠡᠭᠵᠢᠬᠦᠯᠦᠨ᠎ᠡ᠃      8. ᠤᠰᠤᠨ ᠤ ᠶᠠᠪᠤᠳᠠᠯ ᠤᠨ ᠵᠠᠰᠠᠭ ᠵᠠᠭᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠬᠠᠷᠢᠶᠠᠯᠠᠯᠳᠠ ᠶᠢᠨ ᠬᠡᠪᠴᠢᠶᠡᠨ ᠤ ᠲᠤᠲᠤᠷᠠᠭᠢ ᠭᠤᠤᠯ ᠮᠦᠷᠡᠨ᠂ ᠨᠠᠭᠤᠷ ᠴᠦᠬᠦᠷᠦᠮ᠂ ᠭᠤᠤᠯ ᠤᠨ ᠵᠠᠮ ᠤᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠳᠤ ᠬᠢᠨᠠᠯᠳᠠ ᠬᠠᠮᠢᠶᠠᠷᠣᠯᠳᠠ ᠬᠢᠬᠦ ᠶᠢ  ᠬᠠᠷᠢᠭᠤᠴᠠᠨ ᠬᠡᠷᠡᠭᠵᠢᠬᠦᠯᠦᠨ᠎ᠡ᠃      9. ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠭᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ  ᠨᠢ ᠲᠠᠷᠢᠶᠠᠯᠠᠬᠤ ᠤᠷᠤᠨ ᠤ ᠠᠳᠣᠭᠤᠰᠣ᠂ ᠵᠢᠬᠦᠷᠳᠡᠨ ᠤ ᠪᠠᠭᠠᠰᠤ ᠰᠢᠭᠡᠰᠦ ᠪᠤᠯᠤᠨ ᠪᠤᠰᠣᠳ ᠲᠠᠷᠢᠶᠠᠯᠠᠩ ᠤᠨ ᠬᠠᠶᠠᠭᠳᠠᠮᠠᠯ ᠪᠤᠳᠠᠰ ᠤᠨ ᠬᠤᠤᠷ ᠬᠡᠢ ᠰᠢᠢᠳᠪᠦᠷᠢᠯᠡᠯᠳᠡ ᠵᠢᠴᠢ ᠲᠠᠷᠢᠶᠠᠨ ᠭᠠᠵᠠᠷ ᠤᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠳᠤ ᠬᠢᠨᠠᠯᠳᠠ ᠬᠠᠮᠢᠶᠠᠷᠣᠯᠳᠠ ᠬᠢᠬᠦ ᠶᠢ  ᠬᠠᠷᠢᠭᠤᠴᠠᠨ ᠬᠡᠷᠡᠭᠵᠢᠬᠦᠯᠦᠨ᠎ᠡ᠃      10. ᠤᠢ ᠰᠢᠭᠤᠢ ᠶᠢᠨ ᠵᠠᠰᠠᠭ ᠵᠠᠭᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠤᠶᠢᠲᠤ ᠤᠷᠤᠨ ︵ᠭᠠᠵᠠᠷ︶ ᠤᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠳᠤ ᠬᠢᠨᠠᠯᠳᠠ ᠬᠠᠮᠢᠶᠠᠷᠣᠯᠳᠠ ᠬᠢᠬᠦ ᠶᠢ  ᠬᠠᠷᠢᠭᠤᠴᠠᠨ ᠬᠡᠷᠡᠭᠵᠢᠬᠦᠯᠦᠨ᠎ᠡ᠃      11. ᠬᠤᠳᠠᠯᠳᠣᠭᠠᠨ ᠤ ᠶᠠᠪᠤᠳᠠᠯ ᠤᠨ ᠵᠠᠰᠠᠭ ᠵᠠᠭᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠠᠮᠤ ᠪᠤᠳᠠᠭᠠᠨ ᠤ ᠬᠠᠳᠠᠭᠠᠯᠠᠬᠤ᠂ ᠬᠠᠶᠠᠭᠳᠠᠮᠠᠯ ᠬᠠᠭᠤᠴᠢᠨ ᠡᠳ᠋ ᠪᠤᠳᠠᠰ ᠢ ᠪᠤᠴᠠᠭᠠᠨ ᠬᠤᠷᠢᠶᠠᠬᠤ ᠠᠵᠢᠯ ᠲᠦᠷᠦᠯ ᠵᠡᠷᠭᠡ ᠬᠠᠷᠢᠶᠠᠯᠠᠯᠳᠠ ᠶᠢᠨ ᠠᠵᠢᠯ ᠲᠦᠷᠦᠯ᠂ ᠭᠤᠤᠯᠳᠠᠯᠭᠠᠲᠤ ᠨᠢᠭᠡᠴᠡ ᠶᠢᠨ ᠡᠪᠠᠣᠠᠴᠢᠠ ᠤ ᠵᠠᠭᠤᠴᠢ ᠠᠮᠢᠲᠤ ᠪᠤᠳᠠᠰ  ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠳᠤ ᠬᠢᠨᠠᠯᠳᠠ ᠬᠠᠮᠢᠶᠠᠷᠣᠯᠳᠠ ᠬᠢᠬᠦ ᠶᠢ  ᠬᠠᠷᠢᠭᠤᠴᠠᠨ ᠬᠡᠷᠡᠭᠵᠢᠬᠦᠯᠦᠨ᠎ᠡ᠃      12. ᠰᠣᠶᠣᠯ ᠤᠨ ᠵᠠᠬ᠎ᠠ ᠲᠡᠯᠭᠡᠬᠦᠷ ᠤᠨ ᠶᠡᠷᠦᠩᠬᠡᠶᠢᠯᠡᠨ ᠬᠠᠤᠯᠢ ᠬᠡᠷᠡᠭᠵᠢᠬᠦᠯᠬᠦ ᠵᠠᠰᠠᠭ ᠵᠠᠭᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠰᠣᠶᠣᠯ ᠤᠨ ᠵᠤᠭ᠎ᠠ ᠴᠡᠩᠬᠡᠯ ᠤᠨ ᠲᠠᠯᠠᠪᠤᠷ ᠵᠡᠷᠭᠡ ᠬᠤᠯᠪᠤᠭᠳᠠᠯ ᠪᠦᠬᠦᠢ ᠨᠡᠶᠢᠳᠡ ᠶᠢᠨ ᠲᠠᠯᠠᠪᠤᠷ ᠤᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠳᠤ ᠬᠢᠨᠠᠯᠳᠠ ᠬᠠᠮᠢᠶᠠᠷᠣᠯᠳᠠ ᠬᠢᠬᠦ ᠶᠢ  ᠬᠠᠷᠢᠭᠤᠴᠠᠨ ᠬᠡᠷᠡᠭᠵᠢᠬᠦᠯᠦᠨ᠎ᠡ᠃      13. ᠢᠳᠡᠭᠡᠨ ᠤ ᠵᠦᠢᠯ ᠡᠮ ᠤᠨ ᠵᠦᠢᠯ ᠤᠨ ᠬᠢᠨᠠᠯᠳᠠ ᠬᠠᠮᠢᠶᠠᠷᠣᠯᠳᠠ ᠶᠢᠨ ᠵᠠᠰᠠᠭ ᠵᠠᠭᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠢᠳᠡᠭᠡᠨ ᠤ ᠵᠦᠢᠯ ᠦᠢᠯᠡᠳᠪᠦᠷᠢᠯᠡᠬᠦ ᠡᠵᠡᠩᠨᠡᠭᠴᠢ᠂ ᠡᠮ ᠤᠨ ᠵᠦᠢᠯ ᠦᠢᠯᠡᠳᠪᠦᠷᠢᠯᠡᠨ ᠡᠵᠡᠩᠨᠡᠬᠦ ᠠᠵᠤ ᠠᠬᠤᠶᠢᠯᠠᠯ ᠤᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠳᠤ ᠬᠢᠨᠠᠯᠳᠠ ᠬᠠᠮᠢᠶᠠᠷᠣᠯᠳᠠ ᠬᠢᠬᠦ ᠶᠢ ᠬᠠᠷᠢᠭᠤᠴᠠᠨ ᠬᠡᠷᠡᠭᠵᠢᠬᠦᠯᠦᠨ᠎ᠡ᠃      14. ᠦᠢᠯᠡᠳᠪᠦᠷᠢ ᠬᠤᠳᠠᠯᠳᠤᠭ᠎ᠠ ᠶᠠᠰᠤ ᠴ‍‌ᠵᠨᠠᠷ ᠳᠤ ᠭᠢᠨᠠᠯᠳᠡ ᠲᠠᠯᠪᠢᠬᠤ ᠵᠠᠰᠠᠭ ᠵᠠᠭᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠴᠣᠬᠯᠠᠭ᠎ᠠ ᠮᠠᠶᠢᠮᠠᠢ ᠶᠢᠨ ᠵᠠᠬ᠎ᠠ ᠳᠠᠯᠬᠡᠬᠦᠷ ᠤᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠳᠤ ᠬᠢᠨᠠᠯᠳᠠ ᠬᠠᠮᠢᠶᠠᠷᠣᠯᠳᠠ ᠬᠢᠬᠦ  ᠶᠢ  ᠬᠠᠷᠢᠭᠤᠴᠠᠨ ᠬᠡᠷᠡᠭᠵᠢᠬᠦᠯᠦᠨ᠎ᠡ᠃      15. ᠬᠤᠳᠠ ᠶᠢᠨ ᠬᠠᠮᠢᠶᠠᠷᠣᠯᠳᠠ ᠶᠢᠨ ᠶᠡᠷᠦᠩᠬᠡᠶᠢᠯᠡᠨ ᠬᠠᠣᠯᠢ ᠬᠡᠷᠡᠭᠵᠢᠬᠦᠯᠬᠦ ᠵᠠᠰᠠᠭ ᠵᠠᠭᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠬᠠᠷᠢᠶᠠᠯᠠᠯᠳᠠ ᠶᠢᠨ ᠬᠡᠪᠴᠢᠶᠡᠨ ᠤ ᠲᠤᠲᠤᠷᠠᠭᠢ ᠬᠤᠭ ᠨᠤᠪᠰᠢ ᠳᠠᠮᠵᠢᠭᠤᠯᠤᠨ ᠵᠥᠭᠡᠭᠡᠪᠦᠷᠢᠯᠡᠬᠦ ᠥᠷᠲᠡᠭᠡ᠂ ᠬᠤᠭ ᠨᠤᠪᠰᠢ ᠰᠢᠢᠳᠪᠦᠷᠢᠯᠡᠬᠦ ᠲᠠᠯᠠᠪᠤᠷ᠂ ᠨᠡᠶᠢᠳᠡ ᠶᠢᠨ ᠵᠤᠷᠯᠤᠩ ᠵᠡᠷᠭᠡ ᠬᠤᠯᠪᠤᠭᠳᠠᠯ ᠪᠦᠬᠦᠢ ᠲᠠᠯᠠᠪᠤᠷ ᠤᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠳᠤ ᠬᠢᠨᠠᠯᠳᠠ ᠬᠠᠮᠢᠶᠠᠷᠣᠯᠳᠠ ᠬᠢᠬᠦ ᠶᠢ  ᠬᠠᠷᠢᠭᠤᠴᠠᠨ ᠬᠡᠷᠡᠭᠵᠢᠬᠦᠯᠦᠨ᠎ᠡ᠃      16. ᠵᠢᠭᠤᠯᠴᠢᠯᠠᠯ ᠪᠡᠶ᠎ᠡ ᠲᠠᠮᠢᠷ ᠤᠨ ᠵᠠᠰᠠᠭ ᠵᠠᠭᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠵᠢᠭᠤᠯᠴᠢᠯᠠᠯ ᠤᠨ ᠦᠵᠡᠮᠵᠢ ᠶᠢᠨ ᠤᠷᠤᠨ᠂ ᠤᠲᠤᠨ ᠲᠡᠰ ᠤᠨ ᠵᠤᠴᠢᠳ ᠤᠨ ᠪᠠᠭᠤᠳᠠᠯ ᠪᠤᠯᠤᠨ ᠪᠡᠶ᠎ᠡ ᠲᠠᠮᠢᠷ ᠤᠨ ᠤᠷᠤᠯᠳᠣᠭᠠᠨ ᠤ ᠲᠠᠯᠠᠪᠤᠷ ᠤᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠳᠤ ᠬᠢᠨᠠᠯᠳᠠ ᠬᠠᠮᠢᠶᠠᠷᠣᠯᠳᠠ ᠬᠢᠬᠦ ᠶᠢ  ᠬᠠᠷᠢᠭᠤᠴᠠᠨ ᠬᠡᠷᠡᠭᠵᠢᠬᠦᠯᠦᠨ᠎ᠡ᠃      17. ᠷᠠᠳᠢᠣ᠋ ᠲᠧᠯᠸᠢᠰ ᠬᠤᠷᠢᠶ᠎ᠠ᠂ ᠰᠣᠨᠢᠨ ᠤ ᠬᠤᠷᠢᠶ᠎ᠠ ᠵᠡᠷᠭᠡ ᠵᠠᠭᠤᠴᠢᠯᠠᠭᠤᠷ ᠨᠢᠭᠡᠴᠡ ᠨᠢ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠤᠬᠠᠭᠤᠯᠬᠤ ᠠᠵᠢᠯ ᠢ  ᠬᠠᠷᠢᠭᠤᠴᠠᠨ ᠬᠡᠷᠡᠭᠵᠢᠬᠦᠯᠦᠨ᠎ᠡ᠃      18. ᠪᠤᠰᠣᠳ ᠪᠦᠷᠢᠯᠳᠦᠬᠦᠨ ᠨᠢᠭᠡᠴᠡ ᠥᠪᠡᠷ ᠤᠨ ᠡᠭᠦᠷᠬᠡ ᠬᠠᠷᠢᠭᠤᠴᠠᠯᠭ᠎ᠠ ᠶᠢᠨ ᠶᠤᠰᠣᠭᠠᠷ᠂ ᠬᠤᠯᠪᠤᠭᠳᠠᠯ ᠪᠦᠬᠦᠢ ᠲᠠᠯᠠᠪᠤᠷ ᠤᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠤᠬᠠᠭᠤᠯᠬᠤ ᠠᠵᠢᠯ ᠢ  ᠬᠠᠷᠢᠭᠤᠴᠠᠨ ᠬᠡᠷᠡᠭᠵᠢᠬᠦᠯᠦᠨ᠎ᠡ᠃      ᠵᠢᠷᠭᠤᠳᠣᠭᠠᠷ ᠵᠦᠢᠯ    ᠡᠯ᠎ᠡ ᠲᠡᠰ ᠤᠨ ᠠᠷᠠᠳ ᠤᠨ ᠵᠠᠰᠠᠭ ᠤᠨ ᠣᠷᠳᠣᠨ ᠨᠢ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠵᠠᠷᠣᠳᠠᠯ ᠢ ᠲᠤᠰ ᠲᠡᠰ ᠤᠨ ᠡᠳ᠋ ᠤᠨ ᠵᠠᠰᠠᠭ ᠤᠨ ᠲᠦᠰᠦᠪ ᠲᠤ ᠤᠷᠤᠭᠤᠯᠪᠠᠯ ᠵᠤᠬᠢᠨ᠎ᠠ᠂ ᠨᠡᠶᠢᠳᠡ ᠶᠢᠨ ᠤᠷᠴᠢᠨ ᠲᠤᠭᠤᠷᠢᠨ ᠤ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠪᠠ ᠨᠢᠭᠳᠠᠴᠠ ᠶᠢᠨ ᠬᠢᠨᠠᠯᠳᠠ ᠬᠡᠮᠵᠢᠯᠳᠡ ᠶᠢᠨ ᠬᠡᠷᠡᠭᠰᠡᠭᠦ ᠵᠠᠷᠣᠳᠠᠯ ᠢ ᠲᠤᠰ ᠲᠡᠰ ᠤᠨ ᠡᠳ᠋ ᠤᠨ ᠵᠠᠰᠠᠭ ᠠᠴᠠ ᠭᠠᠷᠭᠠᠨ᠎ᠠ᠃      ᠲᠤᠯᠤᠳᠣᠭᠠᠷ ᠵᠦᠢᠯ    ᠡᠯ᠎ᠡ ᠪᠠᠯᠭᠠᠰᠣ ︵ᠵᠡᠭᠡᠯᠢ ᠭᠤᠲᠤᠮᠵᠢ︶᠂ ᠲᠤᠰᠬᠤᠨ ︵ᠨᠡᠶᠢᠭᠡᠮ ᠲᠤᠭᠤᠷᠢᠭ︶ ᠨᠢ ᠬᠠᠷᠢᠶᠠᠲᠤ ᠤᠷᠤᠨ ᠤ ᠤᠯᠤᠰ ᠢᠶᠠᠨ ᠬᠠᠶᠢᠷᠠᠯᠠᠬᠤ ᠡᠷᠠᠬᠦᠯ ᠬᠠᠮᠠᠭᠠᠯᠠᠯ ᠤᠨ ᠬᠦᠳᠠᠯᠭᠡᠭᠡᠡ ᠤ ᠵᠦᠪᠯᠠᠯ ᠤᠨ ᠪᠠᠶᠢᠷᠢᠯᠠᠭᠤᠯᠤᠯᠳᠠ ᠶᠤᠰᠣᠭᠠᠷ ᠬᠠᠷᠢᠶᠠᠲᠤ ᠤᠷᠤᠨ ᠤ ᠲᠤᠲᠤᠷᠠᠬᠢ ᠨᠢᠭᠡᠴᠡ᠂ ᠰᠠᠭᠤᠭᠠᠯᠢ ᠡᠷᠦᠬᠡ ᠶᠢ ᠵᠤᠬᠢᠶᠠᠨ ᠪᠠᠶᠢᠭᠤᠯᠵᠤ᠂ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠰᠠᠳᠬᠠᠬᠤ᠂ ᠴᠡᠪᠡᠷᠯᠡᠬᠦ᠂ ᠦᠷᠡᠵᠢᠬᠦ ᠤᠷᠤᠨ ᠢ ᠴᠡᠭᠴᠡᠯᠡᠨ ᠵᠠᠰᠠᠬᠤ ᠵᠡᠷᠭᠡ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠠᠵᠢᠯᠯᠠᠭ᠎ᠠ ᠶᠢ ᠨᠢᠭᠡᠳᠦᠯᠳᠡᠢ ᠦᠷᠨᠢᠬᠦᠯᠬᠦ ᠶᠢᠨ ᠲᠠᠭᠠᠤ᠂ ᠬᠢᠨᠠᠨ ᠪᠠᠶᠢᠴᠠᠭᠠᠯᠳᠠ ᠶᠢᠨ ᠠᠵᠢᠯ ᠢᠶᠠᠨ ᠰᠠᠶᠢᠲᠤᠷ ᠬᠢᠨ᠎ᠡ᠃      ᠨᠠᠢᠮᠠᠳᠣᠭᠠᠷ ᠵᠦᠢᠯ   ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠪᠤᠯ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠦᠨ᠂ ᠲᠤᠰ ᠬᠤᠳᠠ ᠶᠢᠨ ᠵᠠᠰᠠᠭ ᠵᠠᠬᠢᠷᠭᠠᠨ ᠤ ᠤᠷᠤᠨ ᠤ ᠲᠤᠲᠤᠷᠠᠭᠢ ᠨᠢᠭᠡᠴᠡ ᠪᠠ ᠬᠤᠪᠢ ᠬᠦᠮᠦᠨ ᠪᠦᠬᠦᠨ ᠬᠠᠤᠯᠢ ᠶᠤᠰᠣᠭᠠᠷ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠠᠵᠢᠯᠯᠠᠭ᠎ᠠ ᠳᠤ ᠤᠷᠤᠯᠴᠠᠪᠠᠯ ᠵᠤᠬᠢᠨ᠎ᠠ᠃            ᠶᠢᠰᠦᠳᠦᠭᠡᠷ ᠵᠦᠢᠯ    ᠡᠯ᠎ᠡ ᠲᠡᠰ ᠤᠨ ᠤᠯᠤᠰ ᠢᠶᠠᠨ ᠬᠠᠶᠢᠷᠠᠯᠠᠬᠤ ᠡᠷᠠᠬᠦᠯ ᠬᠠᠮᠠᠭᠠᠯᠠᠯ ᠤᠨ ᠬᠦᠳᠠᠯᠭᠡᠭᠡᠡ ᠤ ᠵᠦᠪᠯᠠᠯ ᠨᠢ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ  ᠶᠢᠨ ᠠᠵᠢᠯ ᠲᠤᠮᠳᠠ ᠢᠯᠡᠷᠭᠡᠢ ᠬᠢᠷᠢ ᠪᠦᠲᠦᠮᠵᠢ ᠤᠯᠤᠭᠰᠠᠨ ᠨᠢᠭᠡᠴᠡ ᠪᠠ ᠬᠤᠪᠢ ᠬᠦᠮᠦᠨ ᠢ ᠬᠦᠬᠢᠬᠦᠯᠦᠨ ᠱᠠᠩᠨᠠᠪᠠᠯ ᠵᠤᠬᠢᠨ᠎ᠠ᠃      ᠠᠷᠪᠠᠳᠣᠭᠠᠷ ᠵᠦᠢᠯ   ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠮᠡᠷᠭᠡᠵᠢᠯ ᠤᠨ ᠰᠣᠳᠣᠯᠭᠠᠨ ᠢ ᠵᠤᠷᠢᠭᠵᠢᠭᠤᠯᠤᠨ ᠲᠡᠮᠵᠢᠵᠦ᠂ ᠲᠡᠷᠢᠬᠦᠨ ᠤ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠮᠡᠷᠭᠡᠵᠢᠯ᠂ ᠠᠷᠭ᠎ᠠ ᠪᠠ ᠡᠮ ᠬᠡᠷᠡᠭᠰᠡᠯ ᠢ ᠲᠦᠭᠡᠮᠡᠯᠵᠢᠬᠦᠯᠦᠨ ᠬᠡᠷᠡᠭᠯᠡᠨ᠎ᠡ᠃      ᠬᠤᠶᠠᠳᠣᠭᠠᠷ ᠪᠦᠯᠦᠭ   ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ            ᠠᠷᠪᠠᠨ ᠨᠢᠭᠡᠳᠦᠭᠡᠷ ᠵᠦᠢᠯ    ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠳᠤ ᠨᠢᠭᠡᠴᠡ ᠶᠢᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠦᠨ᠎ᠡ᠃ ᠡᠯ᠎ᠡ ᠨᠢᠭᠡᠴᠡ ᠶᠢᠨ ᠦᠢᠯᠡᠳᠪᠦᠷᠢᠯᠡᠯ᠂ ᠡᠵᠡᠩᠨᠡᠯᠳᠡ᠂ ᠠᠵᠢᠯ ᠠᠯᠪᠠ᠂ ᠵᠢᠭᠠᠨ ᠰᠣᠷᠭᠠᠯᠳᠠ᠂ ᠠᠮᠢᠲᠤᠷᠠᠯ ᠵᠡᠷᠭᠡ ᠤᠷᠤᠨ ᠬᠡᠪᠴᠢᠶᠠᠨ ᠤ ᠲᠤᠲᠤᠷᠠᠭᠢ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠢ ᠲᠤᠰ ᠨᠢᠭᠡᠴᠡ ᠠᠴᠠ ᠬᠠᠷᠢᠭᠤᠴᠠᠨ᠎ᠠ᠃      ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠤᠰᠬᠤᠨ ︵ᠨᠡᠶᠢᠭᠡᠮ ᠲᠤᠭᠤᠷᠢᠭ ︶᠂ ᠨᠡᠶᠢᠭᠡᠮ ᠤᠨ ᠵᠤᠬᠢᠶᠠᠨ ᠪᠠᠶᠢᠭᠤᠯᠤᠯᠳᠠ ᠵᠡᠷᠭᠡ ᠨᠢᠭᠡᠴᠡ ᠡᠳᠦᠷ ᠲᠤᠲᠤᠮ ᠤᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠲᠤᠭᠳᠠᠭᠠᠯ ᠲᠤᠭᠳᠠᠭᠠᠨ᠂ ᠪᠦᠲᠦᠮᠵᠢᠳᠡᠢ ᠠᠷᠭ᠎ᠠ ᠬᠡᠮᠵᠢᠶ᠎ᠡ ᠠᠪᠴᠦ᠂ ᠡᠪᠠᠣᠠᠴᠢᠠ ᠤ ᠵᠠᠭᠤᠴᠢ ᠠᠮᠢᠲᠤ ᠪᠤᠳᠠᠰ ᠤᠨ ᠨᠢᠭᠳᠠᠴᠠ ᠶᠢ ᠬᠢᠵᠠᠭᠠᠷᠯᠠᠵᠤ᠂ ᠡᠪᠠᠣᠠᠴᠢᠠ ᠤ ᠵᠠᠭᠤᠴᠢ ᠠᠮᠢᠲᠤ ᠪᠤᠳᠠᠰ ᠦᠷᠡᠵᠢᠬᠦ ᠣᠷᠣᠨ ᠢ ᠴᠡᠪᠡᠷᠯᠡᠵᠦ᠂ ᠡᠪᠠᠣᠠᠴᠢᠠ ᠤ ᠵᠠᠭᠤᠴᠢ ᠠᠮᠢᠲᠤ ᠪᠤᠳᠠᠰ ᠦᠷᠡᠵᠢᠬᠦ ᠪᠡ ᠲᠠᠷᠬᠠᠬᠤ ᠶᠢ ᠰᠡᠷᠭᠡᠶᠢᠯᠡᠵᠦ᠂ ᠡᠪᠠᠣᠠᠴᠢᠠ ᠤ ᠵᠠᠭᠤᠴᠢ ᠠᠮᠢᠲᠤ ᠪᠤᠳᠠᠰ ᠤᠨ ᠬᠦᠨᠦᠭᠡᠯ ᠡᠭᠦᠰᠬᠦ ᠠᠴᠠ ᠵᠠᠶᠢᠯᠠᠭᠤᠯᠬᠤ ᠪᠤᠶᠤ ᠪᠠᠭᠠᠰᠬᠠᠬᠤ ᠬᠡᠷᠡᠭᠳᠡᠢ᠃      ᠲᠤᠤᠷᠠᠭᠢ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠭᠤᠤᠯᠳᠠᠯᠭ᠎ᠠ ᠲᠠᠢ ᠲᠠᠯᠠᠪᠤᠷ ᠤᠨ ᠡᠵᠡᠩᠨᠡᠨ ᠬᠠᠮᠢᠶᠠᠷᠬᠤ ᠨᠢᠭᠡᠴᠡ ᠡᠮᠦᠨᠡᠭᠢ ᠵᠤᠷᠪᠤᠰ ᠤᠨ ᠲᠤᠭᠳᠠᠭᠠᠯ ᠢ ᠵᠢᠷᠤᠮᠯᠠᠬᠤ  ᠠᠴᠠ ᠭᠠᠳᠠᠨ᠎ᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠪᠠᠯᠭᠠᠰᠣ ᠪᠠᠶᠢᠭᠤᠯᠬᠤ ᠪᠠᠷᠢᠮᠵᠢᠶᠠᠨ ᠳᠤ ᠲᠤᠭᠳᠠᠭᠠᠭᠰᠠᠨ ᠱᠠᠭᠠᠷᠳᠠᠯᠭ᠎ᠠ ᠶᠤᠰᠣᠭᠠᠷ᠂ ᠲᠤᠰᠬᠠᠢ ᠬᠦᠮᠦᠨ ᠲᠤᠮᠢᠯᠠᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠠᠵᠢᠯ ᠢ ᠬᠠᠷᠢᠭᠤᠴᠠᠵᠤ᠂ ᠦᠷᠬᠦᠯᠵᠢ ᠶᠢᠨ ᠴᠢᠨᠠᠷ ᠲᠠᠢ ᠪᠠᠷ ᠡᠪᠠᠣᠠᠴᠢᠠ  ᠤ ᠵᠠᠭᠤᠴᠢ ᠠᠮᠢᠲᠤ ᠪᠤᠳᠠᠰ ᠢ ᠣᠰᠠᠳᠬᠠᠬᠤ ᠶᠢᠨ ᠲᠠᠭᠠᠤ᠂ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠰᠠᠳᠬᠠᠬᠤ ᠪᠡ ᠰᠡᠷᠭᠡᠶᠢᠯᠡᠬᠦ ᠲᠦᠭᠦᠭᠡᠷᠦᠮᠵᠢ ᠶᠢ ᠵᠢᠷᠣᠮᠵᠢᠭᠤᠯᠤᠨ ᠪᠠᠶᠢᠭᠤᠯᠵᠤ᠂ ᠲᠤᠭᠳᠠᠮᠠᠯ ᠬᠤᠭᠤᠴᠠᠭ᠎ᠠ ᠲᠠᠢ  ᠪᠠᠷ ᠦᠪᠡᠰᠦᠪᠡᠨ ᠪᠠᠶᠢᠴᠠᠭᠠᠵᠤ᠂ ᠠᠵᠢᠯ ᠤᠨ ᠲᠠᠩᠰᠠ ᠡᠪᠭᠡᠮᠡᠯ ᠪᠠᠶᠢᠭᠤᠯᠪᠠᠯ ᠵᠤᠬᠢᠨ᠎ᠠ᠃     1. ᠡᠮᠨᠡᠯᠭᠡ ᠶᠢᠨ ᠬᠤᠷᠢᠶ᠎ᠠ᠂ ᠵᠤᠴᠢᠳ ᠤᠨ ᠪᠠᠭᠤᠳᠠᠯ᠂ ᠬᠤᠳᠠᠯᠳᠣᠭᠠᠨ ᠤ ᠲᠠᠯᠠᠪᠠᠢ᠂ ᠴᠢᠯᠦᠭᠡᠲᠤ ᠲᠡᠯᠭᠡᠭᠦᠷ᠂ ᠨᠢᠰᠭᠡᠯ ᠤᠨ ᠪᠠᠭᠤᠳᠠᠯ᠂ ᠭᠠᠯᠲᠤ ᠲᠡᠷᠭᠡᠨ ᠦᠷᠳᠡᠭᠡ᠂ ᠮᠠᠰᠢᠨ ᠲᠡᠷᠭᠡᠨ ᠤ ᠦᠷᠳᠡᠭᠡ᠂ ᠢᠳᠡᠭᠡᠨ ᠤ ᠵᠦᠢᠯ ᠦᠢᠯᠡᠳᠪᠦᠷᠢᠯᠡᠬᠦ ᠡᠵᠡᠩᠨᠡᠭᠴᠢ᠂ ᠴᠣᠬᠯᠠᠭ᠎ᠠ ᠮᠠᠶᠢᠮᠠᠢ ᠶᠢᠨ ᠵᠠᠬ᠎ᠠ ᠳᠠᠯᠬᠡᠬᠦᠷ᠂ ᠭᠤᠤᠯᠳᠠᠯᠭᠠᠲᠤ ᠦᠵᠡᠮᠵᠢ ᠶᠢᠨ ᠤᠷᠤᠨ᠂ ᠨᠡᠶᠢᠳᠡ ᠵᠠᠮ ᠬᠠᠷᠢᠯᠴᠠᠭᠠᠨ ᠤ ᠬᠡᠷᠡᠭᠰᠡᠯ ᠵᠡᠷᠭᠡ ᠬᠦᠮᠦᠰ ᠴᠤᠭᠯᠠᠷᠠᠭᠰᠠᠨ ᠲᠠᠯᠠᠪᠤᠷ᠃     2. ᠠᠮᠤ ᠪᠤᠳᠠᠭᠠᠨ ᠤ ᠬᠦᠮᠦᠷᠭᠡ᠂ ᠬᠠᠶᠠᠭᠳᠠᠮᠠᠯ ᠡᠳ᠋ ᠬᠤᠳᠠᠯᠳᠤᠨ ᠠᠪᠬᠤ ᠭᠠᠵᠠᠷ᠂ ᠬᠤᠭ ᠨᠤᠪᠰᠢ ᠳᠠᠮᠵᠢᠭᠤᠯᠤᠨ ᠵᠥᠭᠡᠭᠡᠪᠦᠷᠢᠯᠡᠬᠦ ᠥᠷᠲᠡᠭᠡ᠂ ᠬᠤᠭ ᠨᠤᠪᠰᠢ ᠰᠢᠢᠳᠪᠦᠷᠢᠯᠡᠬᠦ ᠲᠠᠯᠠᠪᠤᠷ᠂ ᠲᠠᠵ‍‌ᠵᠭᠡᠪᠤᠷᠢ ᠶᠢᠨ ᠲᠠᠯᠠᠪᠠᠢ᠂ ᠠᠯᠠᠰᠢᠨ ᠤ ᠭᠠᠵᠠᠷ ᠵᠡᠷᠭᠡ ᠡᠪᠠᠣᠠᠴᠢᠠ ᠤ ᠵᠠᠭᠤᠴᠢ ᠠᠮᠢᠲᠤ ᠪᠤᠳᠠᠰ ᠠᠮᠠᠷᠬᠠᠨ ᠴᠤᠭᠯᠠᠷᠠᠳᠠᠭ ᠪᠤᠶᠤ ᠦᠷᠡᠵᠢᠳᠡᠭ ᠲᠠᠯᠠᠪᠤᠷ᠃      ᠠᠷᠪᠠᠨ ᠬᠤᠶᠠᠳᠣᠭᠠᠷ ᠵᠦᠢᠯ    ᠰᠠᠭᠤᠭᠠᠯᠢ ᠠᠷᠠᠳ ᠤᠨ ᠣᠷᠣᠨ ᠰᠠᠭᠤᠴᠠ ᠵᠢᠴᠢ ᠬᠦᠷᠢᠶ᠎ᠡ ᠬᠠᠰᠢᠶᠠᠨ ᠤ ᠲᠤᠲᠤᠷᠠᠭᠢ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠠᠵᠢᠯ ᠢ ᠬᠡᠷ ᠪᠠᠶᠢᠰᠢᠩ ᠤᠨ ᠦᠮᠴᠢᠯᠡᠭᠴᠢ ᠪᠤᠶᠤ ᠬᠡᠷᠡᠭᠯᠡᠭᠴᠢ ᠠᠴᠠ ᠬᠠᠷᠢᠭᠤᠴᠠᠨ ᠬᠡᠷᠡᠭᠵᠢᠬᠦᠯᠦᠨ᠎ᠡ᠃      ᠣᠷᠣᠨ ᠰᠠᠭᠤᠴᠠ ᠶᠢᠨ ᠪᠠᠭ᠎ᠠ ᠲᠤᠭᠤᠷᠢᠭ ᠤᠨ ᠲᠤᠲᠤᠷᠠᠭᠢ ᠨᠡᠶᠢᠳᠡ ᠶᠢᠨ ᠲᠠᠯᠠᠪᠤᠷ ᠤᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠠᠵᠢᠯ ᠢ ᠦᠮᠨᠴᠢᠳᠡᠨ ᠠᠴᠠ ᠨᠠᠶᠢᠳᠠᠭᠰᠠᠨ ᠠᠳᠠᠯ ᠦᠢᠯᠡᠰ ᠤᠨ ᠠᠵᠤ ᠠᠬᠤᠶᠢᠯᠠᠯ ᠬᠠᠷᠢᠭᠤᠴᠠᠨ᠎ᠠ︔ ᠠᠳᠠᠯ ᠦᠢᠯᠡᠰ ᠤᠨ ᠦᠢᠯᠡᠴᠢᠯᠡᠭᠡᠨ ᠤ ᠠᠵᠤ ᠠᠬᠤᠶᠢᠯᠠᠯ ᠤᠷᠢᠭᠰᠠᠨ ᠦᠭᠡᠢ ᠨᠢ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠠᠴᠠ ᠦᠮᠴᠢᠯᠡᠬᠦ ᠡᠷᠭᠡ ᠶᠢᠨ ᠨᠢᠭᠡᠴᠡ ᠪᠤᠶᠤ ᠪᠠᠭ᠎ᠠ ᠲᠤᠭᠤᠷᠢᠭ ᠤᠨ ᠰᠠᠭᠤᠭᠠᠯᠢ ᠠᠷᠠᠳ ᠢ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃      ᠲᠠᠷᠢᠶᠠᠯᠠᠬᠤ ᠤᠷᠤᠨ ᠤ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠣᠨ ᠤ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠠᠵᠢᠯ ᠢ ᠲᠤᠰᠬᠤᠨ ᠤ ᠠᠷᠠᠳ ᠤᠨ ᠵᠦᠪᠯᠡᠯ ᠠᠴᠠ ᠵᠤᠬᠢᠶᠠᠨ ᠪᠠᠶᠢᠭᠤᠯᠤᠨ ᠬᠠᠷᠢᠭᠤᠴᠠᠨ᠎ᠠ᠃      ᠠᠷᠪᠠᠨ ᠭᠤᠷᠪᠠᠳᠣᠭᠠᠷ ᠵᠦᠢᠯ    ᠲᠤᠤᠷᠠᠭᠢ ᠤᠷᠤᠨ ᠬᠡᠪᠴᠢᠶ᠎ᠡ ᠪᠤᠶᠤ ᠲᠠᠯᠠᠪᠤᠷ ᠤᠨ ᠡᠪᠡᠳᠴᠢᠨ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠠᠵᠢᠯ ᠢ ᠲᠤᠰ ᠪᠦᠷᠢ ᠲᠤᠤᠷᠠᠭᠢ ᠨᠢᠭᠡᠴᠡ  ᠠᠴᠠ ᠵᠤᠬᠢᠶᠠᠨ ᠪᠠᠶᠢᠭᠤᠯᠤᠨ ᠬᠠᠷᠢᠭᠤᠴᠠᠨ ᠬᠡᠷᠡᠭᠵᠢᠬᠦᠯᠦᠨ᠎ᠡ᠄      1. ᠭᠤᠤᠯ ᠤᠨ ᠵᠠᠮ᠂ ᠨᠠᠭᠤᠷ ᠴᠦᠭᠦᠷᠦᠮ᠂ ᠭᠤᠤ ᠰᠣᠪᠠᠭ᠂ ᠤᠰᠣᠨ ᠤ ᠡᠬᠢ ᠰᠣᠷᠪᠣᠯᠵᠢ ᠶᠢᠨ ᠤᠷᠤᠨ ᠵᠡᠷᠭᠡ ᠤᠷᠤᠨ ᠬᠡᠪᠤᠴᠢᠶ᠎ᠡ ᠶᠢ ᠬᠠᠮᠢᠶᠠᠷᠣᠯᠳᠠ ᠪᠤᠶᠤ ᠬᠡᠷᠡᠭᠯᠡᠭᠡᠨ ᠤ ᠨᠢᠭᠡᠴᠡ ᠠᠴᠠ ᠬᠠᠷᠢᠭᠤᠴᠠᠨ᠎ᠠ︔      2. ᠤᠶᠢᠲᠤ ᠤᠷᠤᠨ ᠢ ᠬᠠᠮᠢᠶᠠᠷᠣᠯᠳᠠ ᠪᠤᠶᠤ ᠬᠡᠷᠡᠭᠯᠡᠭᠡᠨ ᠤ ᠨᠢᠭᠡᠴᠡ ᠠᠴᠠ ᠬᠠᠷᠢᠭᠤᠴᠠᠨ᠎ᠠ︔      3. ᠲᠠᠷᠢᠶᠠᠨ ᠭᠠᠵᠠᠷ ᠢ ᠪᠠᠯᠭᠠᠰᠣ ︵ᠵᠡᠭᠡᠯᠢ ᠭᠤᠲᠤᠮᠵᠢ︶ ᠪᠤᠶᠤ ᠡᠵᠡᠩᠨᠡᠯᠳᠡ ᠶᠢᠨ ᠨᠢᠭᠡᠴᠡ ᠠᠴᠠ ᠬᠠᠷᠢᠭᠤᠴᠠᠨ᠎ᠠ︔      4. ᠨᠡᠶᠢᠳᠡ ᠶᠢᠨ ᠵᠠᠮ ᠬᠠᠷᠢᠯᠴᠠᠭᠠᠨ ᠤ ᠬᠡᠷᠡᠭᠰᠡᠯ ᠵᠢᠴᠢ ᠬᠤᠯᠪᠤᠭᠳᠠᠯ ᠪᠦᠬᠦᠢ ᠲᠠᠯᠠᠪᠤᠷ ᠢ ᠡᠵᠡᠩᠨᠡᠨ ᠬᠠᠮᠢᠶᠠᠷᠣᠯᠳᠠ ᠶᠢᠨ ᠨᠢᠭᠡᠴᠡ ᠠᠴᠠ ᠬᠠᠷᠢᠭᠤᠴᠠᠨ᠎ᠠ︔      5. ᠬᠠᠷᠢᠭᠤᠴᠠᠯᠭ᠎ᠠ ᠲᠤᠳᠣᠷᠬᠠᠢ ᠪᠤᠰᠣ ᠪᠤᠶᠤ ᠮᠠᠷᠭᠤᠭᠠᠨ ᠲᠠᠢ ᠤᠷᠤᠨ ᠬᠡᠪᠴᠢᠶ᠎ᠡ ᠶᠢ ᠬᠠᠷᠢᠶᠠᠲᠤ ᠤᠷᠤᠨ  ᠤ ᠤᠯᠤᠰ ᠢᠶᠠᠨ ᠬᠠᠶᠢᠷᠠᠯᠠᠬᠤ ᠡᠷᠠᠬᠦᠯ ᠬᠠᠮᠠᠭᠠᠯᠠᠯ ᠤᠨ ᠬᠦᠳᠠᠯᠭᠡᠭᠡᠡ ᠤ ᠠᠯᠪᠠᠨ ᠭᠡᠷ ᠠᠴᠠ ᠬᠠᠷᠢᠭᠤᠴᠠᠯᠭ᠎ᠠ ᠶᠢᠨ ᠪᠡᠶᠡᠲᠤ ᠴᠤᠭᠴᠠ ᠶᠢ ᠲᠤᠭᠳᠠᠭᠠᠨ᠎ᠠ᠃      ᠠᠷᠪᠠᠨ ᠲᠦᠷᠪᠡᠳᠦᠭᠡᠷ ᠵᠦᠢᠯ    ᠡᠯ᠎ᠡ ᠲᠡᠰ ᠤᠨ ᠤᠯᠤᠰ ᠢᠶᠠᠨ ᠬᠠᠶᠢᠷᠠᠯᠠᠬᠤ ᠡᠷᠠᠬᠦᠯ ᠬᠠᠮᠠᠭᠠᠯᠠᠯ ᠤᠨ ᠬᠦᠳᠠᠯᠭᠡᠭᠡᠡ ᠤ ᠠᠯᠪᠠᠨ ᠭᠡᠷ ᠨᠢ ᠡᠪᠠᠣᠠᠴᠢᠠ ᠤ ᠵᠠᠭᠤᠴᠢ ᠠᠮᠢᠲᠤ ᠪᠤᠳᠠᠰ ᠤᠨ ᠦᠷᠡᠵᠢᠬᠦ᠂ ᠦᠰᠦᠨ ᠣᠰᠠᠳᠬᠤ ᠵᠢᠮ᠎ᠡ ᠶᠤᠰᠣ ᠵᠢᠴᠢ ᠬᠠᠯᠳᠠᠪᠤᠷᠢᠲᠤ ᠡᠪᠡᠳᠴᠢᠨ ᠤ ᠬᠠᠯᠳᠠᠪᠤᠷᠢᠯᠠᠬᠤ ᠪᠠᠶᠢᠳᠠᠯ ᠢ ᠦᠨᠳᠦᠰᠦᠯᠡᠨ᠂ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠦᠯᠦᠪᠯᠡᠭᠡ ᠲᠤᠭᠳᠠᠭᠠᠵᠤ᠂ ᠡᠪᠠᠣᠠᠴᠢᠠ ᠤ ᠵᠠᠭᠤᠴᠢ ᠠᠮᠢᠲᠤ ᠪᠤᠳᠠᠰ ᠤᠨ ᠭᠤᠤᠯᠳᠠᠯᠭ᠎ᠠ ᠲᠠᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠤᠷᠤᠨ ᠬᠡᠪᠴᠢᠶ᠎ᠡ ᠶᠢ ᠲᠤᠲᠤᠷᠬᠠᠶᠢᠯᠠᠵᠤ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭᠴᠠᠡᠯᠡᠨ ᠵᠠᠰᠠᠬᠤ᠂ ᠡᠪᠠᠣᠠᠴᠢᠠ  ᠤ ᠵᠠᠭᠤᠴᠢ ᠠᠮᠢᠲᠤ ᠪᠤᠳᠠᠰ ᠢ ᠣᠰᠠᠳᠬᠠᠬᠤ᠂ ᠦᠷᠡᠵᠢᠬᠦ ᠣᠷᠣᠨ ᠢ ᠵᠠᠰᠠᠨ ᠡᠮᠬᠢᠯᠡᠬᠦ ᠵᠡᠷᠭᠡ ᠠᠵᠢᠯᠯᠠᠭ᠎ᠠ ᠶᠢ ᠨᠢᠭᠡᠳᠦᠯᠳᠡᠢ ᠦᠷᠨᠢᠭᠦᠯᠪᠡᠯ ᠵᠤᠬᠢᠨ᠎ᠠ᠃       ᠨᠢᠭᠡᠴᠡ ᠪᠠ ᠬᠤᠪᠢ ᠬᠦᠮᠦᠨ ᠬᠠᠷᠢᠶᠠᠲᠤ ᠤᠷᠤᠨ ᠤ ᠤᠯᠤᠰ ᠢᠶᠠᠨ ᠬᠠᠶᠢᠷᠠᠯᠠᠬᠤ ᠡᠷᠠᠬᠦᠯ ᠬᠠᠮᠠᠭᠠᠯᠠᠯ ᠤᠨ ᠬᠦᠳᠠᠯᠭᠡᠭᠡᠡ ᠤ ᠠᠯᠪᠠᠨ ᠭᠡᠷ ᠤᠨ ᠱᠠᠭᠠᠷᠳᠠᠯᠭ᠎ᠠ ᠶᠤᠰᠣᠭᠠᠷ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠠᠵᠢᠯᠯᠠᠭ᠎ᠠ ᠳᠤ ᠤᠷᠤᠯᠴᠠᠵᠤ᠂ ᠰᠢᠨᠵᠢᠯᠡᠬᠦ ᠤᠬᠠᠭᠠᠨᠴᠢ᠂ ᠠᠮᠤᠷ ᠲᠦᠪᠰᠢᠨ᠂ ᠪᠦᠲᠦᠮᠵᠢᠳᠡᠢ ᠠᠷᠭ᠎ᠠ ᠬᠡᠮᠵᠢᠶ᠎ᠡ ᠠᠪᠴᠦ᠂ ᠡᠪᠠᠣᠠᠴᠢᠠ ᠤ ᠵᠠᠭᠤᠴᠢ ᠠᠮᠢᠲᠤ ᠪᠤᠳᠠᠰ ᠢ ᠪᠦᠲᠦᠮᠵᠢᠳᠡᠢ ᠣᠰᠠᠳᠬᠠᠵᠤ᠂ ᠤᠯᠤᠰ ᠪᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠠᠴᠠ ᠲᠤᠭᠳᠠᠭᠠᠭᠰᠠᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠪᠠᠷᠢᠮᠵᠢᠶ᠎ᠡ  ᠳᠤ ᠬᠦᠷᠭᠡᠪᠡᠯ ᠵᠤᠬᠢᠨ᠎ᠠ᠃      ᠠᠷᠪᠠᠨ ᠲᠠᠪᠤᠳᠣᠭᠠᠷ ᠵᠦᠢᠯ    ᠡᠯ᠎ᠡ ᠬᠠᠷᠢᠭᠤᠴᠠᠯᠭ᠎ᠠ ᠶᠢᠨ ᠨᠢᠭᠡᠴᠡ ᠡᠪᠠᠣᠠᠴᠢᠠ ᠤ ᠵᠠᠭᠤᠴᠢ ᠠᠮᠢᠲᠤ ᠪᠤᠳᠠᠰ ᠦᠷᠡᠵᠢᠬᠦ ᠶᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠳᠤ ᠲᠤᠤᠷᠠᠬᠢ ᠠᠷᠭ᠎ᠠ ᠬᠡᠮᠵᠢᠶ᠎ᠡ ᠶᠢ ᠬᠡᠷᠡᠭᠯᠡᠪᠡᠯ ᠵᠤᠬᠢᠨ᠎ᠠ᠄      1. ᠡᠪᠠᠣᠠᠴᠢᠠ ᠤ ᠵᠠᠭᠤᠴᠢ ᠠᠮᠢᠲᠤ ᠪᠤᠳᠠᠰ ᠦᠷᠡᠵᠢᠬᠦ ᠳᠤ ᠲᠤᠬᠢᠷᠠᠭᠰᠠᠨ ᠬᠤᠷᠠᠮᠠᠯ ᠣᠰᠣ᠂ ᠬᠤᠰ ᠨᠤᠪᠰᠢ ᠂ ᠤᠪᠤᠭᠠᠯᠠᠭᠰᠠᠨ ᠬᠤᠯᠢᠮᠠᠭ ᠪᠤᠳᠠᠰ᠂ ᠦᠯᠡᠳᠡᠭᠳᠡᠯ ᠢᠳᠡᠰᠢ ᠵᠡᠷᠭᠡ ᠶᠢ ᠴᠡᠪᠡᠷᠯᠡᠵᠦ᠂ ᠤᠷᠴᠢᠨ ᠲᠤᠭᠤᠷᠢᠨ ᠤ ᠠᠷᠢᠭᠤᠨ ᠴᠡᠪᠡᠷ ᠪᠠᠶᠢᠬᠤ ᠶᠢ ᠪᠠᠲᠤᠯᠠᠨ᠎ᠠ︔      2. ᠬᠤᠭ ᠨᠤᠪᠰᠢ ᠶᠢᠨ ᠬᠠᠶᠢᠷᠴᠠᠭ ︵ᠭᠡᠷ︶᠂ ᠢᠯᠠᠭ᠎ᠠ ᠰᠡᠷᠭᠡᠶᠢᠯᠡᠬᠦ ᠡᠭᠦᠳᠡ᠂ ᠢᠯᠠᠭ᠎ᠠ ᠰᠡᠷᠭᠡᠶᠢᠯᠡᠬᠦ ᠴᠤᠩᠬᠤ᠂ ᠬᠤᠯᠤᠭᠠᠨ᠎ᠠ ᠰᠡᠷᠭᠡᠶᠢᠯᠡᠬᠦ ᠡᠭᠦᠳᠡ᠂ ᠬᠤᠯᠤᠭᠠᠨ᠎ᠠ ᠰᠡᠷᠭᠡᠶᠢᠯᠡᠬᠦ ᠲᠤᠤᠷ ᠵᠡᠷᠭᠡ ᠰᠠᠭᠤᠷᠢ ᠲᠦᠬᠦᠭᠡᠷᠦᠮᠵᠢ ᠲᠤᠬᠢᠷᠠᠭᠤᠯᠬᠤ ᠪᠦᠭᠡᠳ ᠲᠡᠬᠦᠯᠳᠡᠷᠵᠢᠬᠦᠯᠦᠨ᠎ᠡ︔      3. ᠬᠤᠭᠤᠯᠠᠢ ᠰᠣᠪᠠᠭ᠂ ᠬᠤᠭ ᠨᠤᠪᠰᠢ ᠬᠠᠳᠠᠭᠠᠯᠠᠬᠤ ᠵᠦᠭᠡᠭᠡᠪᠦᠷᠢᠯᠡᠬᠦ ᠲᠦᠬᠦᠭᠡᠷᠦᠮᠵᠢ᠂ ᠤᠰᠣ ᠬᠠᠳᠠᠭᠠᠯᠠᠬᠤ ᠭᠠᠵᠠᠷ᠂ ᠵᠤᠷᠯᠤᠩ ᠵᠡᠷᠭᠡ ᠡᠪᠠᠣᠠᠴᠢᠠ ᠤ ᠵᠠᠭᠤᠴᠢ ᠠᠮᠢᠲᠤ ᠪᠤᠳᠠᠰ ᠦᠷᠡᠵᠢᠬᠦ ᠳᠤ ᠲᠤᠬᠢᠷᠠᠭᠰᠠᠨ ᠤᠷᠤᠨ ᠳᠤ ᠲᠤᠭᠳᠠᠮᠠᠯ ᠬᠤᠭᠤᠴᠠᠭ᠎ᠠ ᠲᠠᠢ ᠤᠬᠢᠶᠠᠨ ᠠᠷᠢᠯᠭᠠᠬᠤ᠂ ᠣᠰᠠᠳᠬᠠᠬᠤ᠂ ᠲᠡᠭᠰᠢᠯᠡᠬᠦ᠂ ᠨᠡᠪᠳᠡᠷᠡᠭᠦᠯᠬᠦ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠳᠡᠢ︔      4. ᠬᠤᠭ ᠨᠤᠪᠰᠢ ᠶᠢᠨ ᠤᠭᠤᠳᠠᠴᠢᠯᠠᠯᠳᠠ ᠪᠤᠯᠤᠨ ᠬᠤᠭ ᠨᠤᠪᠰᠢ ᠬᠤᠷᠢᠶᠠᠨ ᠵᠦᠭᠡᠭᠡᠪᠦᠷᠢᠯᠡᠬᠦ ᠶᠠᠪᠤᠴᠠ ᠶᠢᠨ ᠪᠢᠳᠡᠭᠦᠮᠴᠢᠯᠠᠯᠳᠠ ᠶᠢ ᠬᠡᠷᠡᠭᠵᠢᠬᠦᠯᠵᠦ᠂ ᠡᠳᠦᠷ ᠤᠨ ᠭᠠᠷᠭᠠᠯᠳᠠ ᠶᠢ ᠡᠳᠦᠷ ᠲᠤᠨᠢ ᠴᠡᠪᠡᠷᠯᠡᠬᠦ ᠶᠢ ᠪᠠᠲᠤᠯᠠᠨ᠎ᠠ︔      5. ᠬᠡᠷᠡᠮ ᠰᠢᠷᠳᠡᠵᠦ ᠠᠩ ᠪᠦᠭᠯᠡᠬᠦ ᠵᠡᠷᠭᠡ ᠠᠷᠭ᠎ᠠ ᠬᠡᠮᠵᠢᠶ᠎ᠡ ᠠᠪᠴᠦ᠂ ᠵᠤᠤᠮ᠎ᠠ ᠶᠢᠨ ᠦᠷᠡᠵᠢᠵᠦ ᠨᠢᠭᠤᠨ ᠲᠠᠯᠳᠠᠯᠠᠬᠤ ᠶᠢ ᠰᠡᠷᠭᠡᠶᠢᠯᠡᠨ᠎ᠡ︔      6. ᠠᠯᠠᠵᠤ ᠣᠰᠠᠳᠬᠠᠭᠰᠠᠨ ᠬᠤᠯᠤᠭᠠᠨ᠎ᠠ᠂ ᠵᠤᠤᠮ᠎ᠠ ᠵᠡᠷᠭᠡ ᠡᠪᠠᠣᠠᠴᠢᠠ ᠤ ᠵᠠᠭᠤᠴᠢ ᠠᠮᠢᠲᠤ ᠪᠤᠳᠠᠰ ᠤᠨ ᠦᠬᠦᠳᠡᠯ ᠢ ᠴᠠᠭ ᠲᠤᠬᠠᠢ ᠳᠤᠨᠢ ᠵᠤᠬᠢᠰᠳᠠᠢ ᠰᠢᠢᠳᠪᠦᠷᠢᠯᠡᠬᠦ ᠬᠡᠷᠡᠭᠳᠡᠢ︔      7. ᠮᠠᠰᠢᠨ ᠬᠡᠷᠡᠭᠰᠡᠯ ᠪᠤᠶᠤ ᠠᠮᠢᠲᠤ ᠪᠤᠳᠠᠰ᠂ ᠬᠢᠮᠢ ᠵᠡᠷᠭᠡ ᠡᠪᠠᠣᠠᠴᠢᠠ ᠤ ᠵᠠᠭᠤᠴᠢ ᠠᠮᠢᠲᠤ ᠪᠤᠳᠠᠰ ᠤᠨ ᠨᠢᠭᠳᠠᠴᠠ ᠶᠢ ᠬᠢᠵᠠᠭᠠᠷᠯᠠᠬᠤ ᠪᠤᠰᠣᠳ ᠠᠷᠭ᠎ᠠ ᠬᠡᠮᠵᠢᠶ᠎ᠡ ᠶᠢ ᠬᠡᠷᠡᠭᠯᠡᠵᠦ ᠪᠤᠯᠤᠨ᠎ᠠ᠃      ᠠᠷᠪᠠᠨ ᠵᠢᠷᠭᠤᠳᠣᠭᠠᠷ ᠵᠦᠢᠯ    ᠰᠢᠨ᠎ᠡ ᠬᠤᠳᠠ ᠶᠢᠨ ᠲᠤᠭᠤᠷᠢᠭ ᠤᠨ ᠨᠡᠭᠡᠭᠡᠯᠳᠡ ᠪᠦᠲᠦᠭᠡᠨ ᠪᠠᠶᠢᠭᠤᠯᠤᠯᠳᠠ ᠪᠤᠯᠤᠨ ᠬᠠᠭᠤᠴᠢᠨ ᠬᠤᠳᠠ ᠶᠢᠨ ᠲᠤᠭᠤᠷᠢᠭ ᠢ ᠦᠬᠡᠷᠡᠴᠢᠯᠡᠨ ᠪᠠᠶᠢᠭᠤᠯᠬᠤ ᠶᠢᠨ ᠲᠠᠭᠠᠣ᠂ ᠡᠪᠠᠣᠠᠴᠢᠠ ᠤ ᠵᠠᠭᠤᠴᠢ ᠠᠮᠢᠲᠤ ᠪᠤᠳᠠᠰ ᠢ ᠰᠡᠷᠭᠡᠶᠢᠯᠡᠬᠦ ᠬᠢᠭᠡᠳ ᠣᠰᠠᠳᠬᠠᠬᠤ ᠲᠦᠭᠦᠭᠡᠷᠦᠮᠵᠢ ᠲᠦᠯᠦᠪᠵᠢᠬᠦᠯᠦᠨ ᠪᠦᠲᠦᠭᠡᠨ ᠪᠠᠶᠢᠭᠤᠯᠪᠠᠯ ᠵᠤᠬᠢᠨ᠎ᠠ᠃ ᠪᠠᠷᠢᠯᠭ᠎ᠠ ᠶᠢᠨ ᠬᠤᠭᠤᠯᠠᠢ ᠱᠣᠭᠤᠮ᠂ ᠬᠤᠳᠠ ᠶᠢᠨ ᠶᠠᠪᠤᠳᠠᠯ ᠤᠨ ᠬᠤᠭᠤᠯᠠᠶᠢᠲᠤ ᠬᠤᠳᠳᠤᠭ ᠪᠤᠯᠤᠨ ᠤᠰᠣ ᠵᠠᠯᠠᠬᠤ ᠬᠤᠭᠤᠯᠠᠢ ᠶᠢᠨ ᠰᠢᠰᠲ᠋ᠧᠮ ᠳᠤ ᠡᠪᠠᠣᠠᠴᠢᠠ ᠤ ᠵᠠᠭᠤᠴᠢ ᠠᠮᠢᠲᠤ ᠪᠤᠳᠠᠰ ᠤᠨ ᠬᠦᠨᠦᠭᠡᠯ ᠠᠴᠠ ᠰᠡᠷᠭᠡᠶᠢᠯᠡᠬᠦ ᠲᠦᠭᠦᠭᠡᠷᠦᠮᠵᠢ ᠪᠠᠶᠢᠭᠤᠯᠤᠭᠰᠠᠨ ᠪᠠᠶᠢᠬᠤ ᠬᠡᠷᠡᠭᠳᠡᠢ᠃      ᠠᠷᠪᠠᠨ ᠲᠤᠯᠤᠳᠣᠭᠠᠷ ᠵᠦᠢᠯ   ᠡᠯ᠎ᠡ ᠬᠠᠷᠢᠭᠤᠴᠠᠯᠭ᠎ᠠ ᠶᠢᠨ ᠭᠤᠤᠯ ᠴᠤᠭᠴᠠ ᠨᠢ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠰᠠᠳᠬᠠᠬᠤ ᠠᠵᠢᠯ ᠢ ᠠᠮᠤᠷ ᠲᠦᠪᠰᠢᠨ ᠪᠦᠲᠦᠮᠵᠢᠳᠡᠢ ᠤᠷᠢᠳᠠᠯ ᠲᠤᠤᠷ᠎ᠠ ᠦᠪᠡᠷᠰᠡᠳ ᠢᠶᠠᠨ ᠵᠤᠬᠢᠶᠠᠨ ᠪᠠᠶᠢᠭᠤᠯᠤᠨ ᠤᠰᠠᠳᠬᠠᠵᠤ ᠪᠤᠯᠤᠨ᠎ᠠ᠂ ᠨᠦᠬᠦᠴᠡᠯ ᠲᠠᠢ ᠨᠢ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠡᠵᠡᠩᠨᠡᠯᠳᠡ ᠦᠢᠯᠡᠴᠢᠯᠡᠭᠡᠨ ᠤ ᠪᠠᠶᠢᠭᠤᠯᠤᠮᠵᠢ ᠳᠤ ᠨᠠᠶᠢᠳᠠᠵᠤ ᠲᠤᠰᠬᠠᠶᠢᠯᠠᠨ ᠣᠰᠠᠳᠬᠠᠵᠤ ᠪᠤᠯᠤᠨ᠎ᠠ᠃ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠭᠤᠤᠯᠳᠠᠯᠭ᠎ᠠ ᠲᠠᠢ ᠲᠠᠯᠠᠪᠤᠷ ᠤᠨ ᠡᠵᠡᠩᠨᠡᠯᠳᠡ ᠬᠠᠮᠢᠶᠠᠷᠣᠯᠳᠠ ᠶᠢᠨ ᠨᠢᠭᠡᠴᠡ ᠨᠢ ᠡᠪᠡᠳᠴᠢᠨ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠡᠵᠡᠩᠨᠡᠯᠳᠡ ᠦᠢᠯᠡᠴᠢᠯᠡᠭᠡᠨ ᠤ ᠪᠠᠶᠢᠭᠤᠯᠤᠮᠵᠢ  ᠠᠴᠠ ᠲᠤᠰᠬᠠᠢ ᠰᠡᠷᠭᠡᠶᠢᠯᠡᠨ ᠬᠢᠵᠠᠭᠠᠷᠯᠠᠬᠤ ᠶᠢ ᠬᠡᠷᠡᠭᠵᠢᠬᠦᠯᠪᠡᠯ ᠵᠤᠬᠢᠨ᠎ᠠ᠃ ᠡᠪᠡᠳᠴᠢᠨ ᠤ ᠵᠠᠭᠤᠴᠢ ᠠᠮᠢᠲᠤ ᠪᠤᠳᠠᠰ  ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠡᠵᠡᠩᠨᠡᠯᠳᠡ ᠦᠢᠯᠡᠴᠢᠯᠡᠭᠡᠨ ᠤ ᠪᠠᠶᠢᠭᠤᠯᠤᠮᠵᠢ ᠨᠢ ᠨᠠᠶᠢᠳᠠᠭᠰᠠᠨ ᠪᠠᠶᠢᠭᠤᠯᠭ᠎ᠠ ᠪᠤᠶᠤ ᠬᠤᠪᠢ ᠬᠦᠮᠦᠨ ᠯᠦᠭᠡ ᠬᠡᠷ᠎ᠡ ᠲᠤᠭᠳᠠᠪᠠᠯ ᠵᠤᠬᠢᠨ᠎ᠠ᠃ ᠦᠢᠯᠡᠴᠢᠯᠡᠭᠡᠨ ᠤ ᠴᠢᠨᠠᠷ ᠴᠢᠨᠰᠠᠭ᠎ᠠ ᠨᠢ ᠬᠡᠷ᠎ᠡ ᠶᠢᠨ ᠱᠠᠭᠠᠷᠳᠠᠯᠭ᠎ᠠ ᠳᠤ ᠦᠯᠦ ᠬᠦᠷᠦᠭᠰᠡᠨ ᠪᠠᠶᠢᠪᠠᠯ᠂ ᠬᠡᠷ᠎ᠡ ᠳᠤ ᠲᠤᠭᠳᠠᠭᠰᠠᠨ ᠬᠠᠷᠢᠭᠤᠴᠠᠯᠭ᠎ᠠ ᠪᠠᠨ ᠡᠭᠦᠷᠭᠡᠯᠡᠪᠡᠯ ᠵᠤᠬᠢᠨ᠎ᠠ᠃      ᠠᠷᠪᠠᠨ ᠨᠠᠢᠮᠠᠳᠣᠭᠠᠷ ᠵᠦᠢᠯ    ᠡᠯ᠎ᠡ ᠲᠤᠭᠤᠷᠢᠭ ᠤᠨ ᠤᠯᠤᠰ ᠢᠶᠠᠨ ᠬᠠᠶᠢᠷᠠᠯᠠᠬᠤ ᠡᠷᠠᠬᠦᠯ ᠬᠠᠮᠠᠭᠠᠯᠠᠯ ᠤᠨ ᠬᠦᠳᠠᠯᠭᠡᠭᠡᠡ ᠤ ᠠᠯᠪᠠᠨ ᠭᠡᠷ ᠨᠢ ᠲᠤᠭᠳᠠᠮᠠᠯ ᠬᠤᠭᠤᠴᠠᠭ᠎ᠠ ᠲᠠᠢ ᠪᠠᠷ ᠪᠠᠯᠭᠠᠰᠣ ︵ᠵᠡᠭᠡᠯᠢ ᠭᠤᠲᠤᠮᠵᠢ︶᠂ ᠲᠤᠰᠬᠤᠨ ︵ᠨᠡᠶᠢᠭᠡᠮ ᠲᠤᠭᠤᠷᠢᠭ︶ ᠵᠢᠴᠢ ᠬᠠᠮᠢᠶ᠎ᠠ ᠪᠦᠬᠦᠢ ᠨᠢᠭᠡᠴᠡ ᠶᠢᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠳᠤ ᠣᠷᠣᠯᠴᠠᠭᠰᠠᠨ ᠠᠵᠢᠯᠳᠠᠳ ᠲᠤ ᠬᠤᠯᠪᠤᠭᠳᠠᠯ ᠪᠦᠬᠦᠢ ᠲᠤᠬᠠᠶᠢᠯᠠᠭᠰᠠᠨ ᠠᠵᠢᠯ ᠤᠨ ᠮᠡᠳᠡᠯᠭᠡ ᠵᠢᠴᠢ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠢ ᠬᠦᠷᠳᠡᠭᠡᠪᠡᠯ ᠵᠤᠬᠢᠨ᠎ᠠ᠃      ᠠᠷᠪᠠᠨ ᠶᠢᠰᠦᠳᠦᠭᠡᠷ ᠵᠦᠢᠯ    ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠳᠤ ᠰᠢᠨᠵᠢᠯᠡᠬᠦ ᠤᠬᠠᠭᠠᠨᠴᠢ ᠠᠷᠭ᠎ᠠ ᠶᠢ ᠬᠡᠷᠡᠭᠯᠡᠵᠦ᠂ ᠠᠮᠤᠷ ᠲᠦᠪᠰᠢᠨ᠂ ᠪᠤᠬᠢᠷᠳᠠᠯ ᠦᠭᠡᠢ᠂ ᠦᠨᠳᠦᠷ ᠪᠦᠲᠦᠮᠵᠢ ᠲᠠᠢ᠂ ᠬᠤᠤᠷ ᠪᠠᠭᠠᠳᠠᠢ᠂ ᠦᠴᠦᠭᠡᠨ ᠦᠯᠡᠳᠡᠭᠳᠡᠯ ᠲᠠᠢ ᠡᠮ ᠨᠠᠶᠢᠷᠠᠯᠭ᠎ᠠ ᠶᠢ ᠬᠡᠷᠡᠭᠯᠡᠵᠦ᠂ ᠬᠦᠮᠦᠨ ᠤ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠪᠡ ᠪᠠᠶᠢᠭᠠᠯᠢ ᠶᠢᠨ ᠤᠷᠴᠢᠨ ᠲᠤᠭᠤᠷᠢᠨ ᠳᠠᠬᠢ ᠨᠦᠯᠦᠭᠡ ᠶᠢ ᠪᠠᠭᠠᠰᠬᠠᠪᠠᠯ ᠵᠤᠬᠢᠨ᠎ᠠ᠃ ᠣᠯᠣᠰ ᠠᠴᠠ ᠲᠤᠲᠤ ᠵᠠᠷᠯᠢᠭ ᠢᠶᠠᠷ ᠴᠠᠭᠠᠵᠠᠯᠠᠵᠤ ᠪᠠᠶᠢᠬᠤ ᠪᠤᠶᠤ ᠬᠠᠭᠤᠷᠮᠠᠭ ᠮᠠᠭᠤ ᠡᠮ ᠨᠠᠶᠢᠷᠠᠯᠭ᠎ᠠ ᠪᠤᠯᠤᠨ ᠪᠠᠭᠠᠵᠢ ᠬᠡᠷᠡᠭᠯᠡᠯ ᠢ ᠬᠡᠷᠡᠭᠯᠡᠵᠦ ᠪᠤᠯᠬᠤ ᠦᠭᠡᠢ᠃      ᠬᠤᠷᠢᠳᠣᠭᠠᠷ ᠵᠦᠢᠯ    ᠡᠯ᠎ᠡ ᠲᠡᠰ ᠤᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠨᠢ ᠲᠤᠰ ᠲᠡᠰ ᠤᠨ ᠤᠯᠤᠰ ᠢᠶᠠᠨ ᠬᠠᠶᠢᠷᠠᠯᠠᠬᠤ ᠡᠷᠠᠬᠦᠯ ᠬᠠᠮᠠᠭᠠᠯᠠᠯ ᠤᠨ ᠬᠦᠳᠠᠯᠭᠡᠭᠡᠡ ᠤ ᠠᠯᠪᠠᠨ ᠭᠡᠷ ᠤᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠮᠡᠷᠭᠡᠵᠢᠯ ᠤᠨ ᠵᠢᠯᠤᠭᠤᠳᠣᠯᠭ᠎ᠠ ᠪᠤᠯᠤᠨ ᠲᠤᠰᠬᠠᠢ  ᠪᠤᠯᠪᠠᠰᠤᠷᠠᠯ ᠢ ᠢᠳᠡᠪᠬᠢᠳᠡᠢ ᠬᠠᠮᠵᠢᠨ ᠦᠷᠨᠢᠭᠦᠯᠵᠦ᠂ ᠡᠪᠠᠣᠠᠴᠢᠠ ᠤ ᠵᠠᠭᠤᠴᠢ ᠠᠮᠢᠲᠤ ᠪᠤᠳᠠᠰ ᠲᠤ ᠬᠢᠨᠠᠯᠳᠠ ᠬᠡᠮᠵᠢᠯᠳᠡ ᠬᠢᠬᠦ ᠶᠢᠨ ᠲᠠᠭᠠᠤ᠂ ᠬᠢᠨᠠᠯᠳᠠ ᠬᠡᠮᠵᠢᠯᠳᠡ ᠶᠢᠨ ᠦᠷ᠎ᠡ ᠳ᠋ᠦᠩ ᠢᠶᠠᠨ ᠴᠠᠭ ᠲᠤᠬᠠᠢ ᠳᠤᠨᠢ ᠲᠤᠰ ᠲᠡᠰ ᠤᠨ ᠤᠯᠤᠰ ᠢᠶᠠᠨ ᠬᠠᠶᠢᠷᠠᠯᠠᠬᠤ ᠡᠷᠠᠬᠦᠯ ᠬᠠᠮᠠᠭᠠᠯᠠᠯ ᠤᠨ ᠬᠦᠳᠠᠯᠭᠡᠭᠡᠡ ᠤ ᠠᠯᠪᠠᠨ ᠭᠡᠷ ᠲᠤ ᠮᠡᠳᠡᠭᠦᠯᠦᠭᠰᠡᠨ ᠪᠠᠶᠢᠬᠤ ᠬᠡᠷᠡᠭᠳᠡᠢ᠃      ᠠᠯᠢᠪᠠ ᠨᠢᠭᠡᠴᠡ ᠬᠢᠭᠡᠳ ᠬᠤᠪᠢ ᠬᠦᠮᠦᠨ ᠡᠯ᠎ᠡ ᠲᠡᠰ ᠤᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠬᠢᠨᠠᠯᠳᠠ ᠬᠡᠮᠵᠢᠯᠳᠡ ᠶᠢ ᠵᠦᠢ ᠵᠤᠬᠢᠰᠳᠠᠢ ᠰᠢᠯᠳᠠᠭᠠᠨ ᠦᠭᠡᠢ ᠪᠠᠷ ᠲᠡᠪᠴᠢᠵᠦ ᠪᠤᠯᠬᠤ ᠦᠭᠡᠢ᠂ ᠬᠢᠨᠠᠯᠳᠠ ᠬᠡᠮᠵᠢᠯᠳᠡ ᠶᠢᠨ ᠪᠠᠭᠠᠵᠢ ᠬᠡᠷᠡᠭᠰᠡᠯ ᠢ ᠬᠦᠳᠡᠯᠭᠡᠬᠦ ᠪᠤᠶᠤ ᠡᠪᠳᠡᠵᠦ ᠪᠤᠯᠬᠤ ᠦᠭᠡᠢ᠃            ᠬᠤᠷᠢᠨ ᠨᠢᠭᠡᠳᠦᠭᠡᠷ ᠵᠦᠢᠯ    ᠡᠯ᠎ᠡ ᠲᠡᠰ ᠤᠨ ᠤᠯᠤᠰ ᠢᠶᠠᠨ ᠬᠠᠶᠢᠷᠠᠯᠠᠬᠤ ᠡᠷᠠᠬᠦᠯ ᠬᠠᠮᠠᠭᠠᠯᠠᠯ ᠤᠨ ᠬᠦᠳᠠᠯᠭᠡᠭᠡᠡ ᠤ ᠠᠯᠪᠠᠨ ᠭᠡᠷ ᠨᠢ ᠲᠤᠰᠬᠠᠢ ᠪᠠᠶᠢᠭᠤᠯᠤᠮᠵᠢ ᠶᠢ ᠵᠤᠬᠢᠶᠠᠨ ᠪᠠᠶᠢᠭᠤᠯᠤᠨ᠂ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠭᠰᠠᠨ ᠦᠷ᠎ᠡ ᠳ᠋ᠦᠩ ᠳᠤ ᠦᠨᠡᠯᠡᠯᠳᠡ ᠬᠢᠵᠦ᠂ ᠢᠯᠡᠷᠡᠭᠦᠯᠦᠭᠰᠡᠨ ᠠᠰᠠᠭᠤᠳᠠᠯ ᠢ ᠪᠦᠲᠦᠮᠵᠢᠳᠡᠢ ᠠᠷᠭ᠎ᠠ ᠬᠡᠮᠵᠢᠶ᠎ᠡ ᠠᠪᠴᠦ ᠴᠠᠭ ᠲᠤᠬᠠᠢ ᠳᠤᠨᠢ ᠰᠢᠢᠳᠪᠦᠷᠢᠯᠡᠵᠦ᠂ ᠬᠠᠷᠢᠭᠤᠴᠠᠯᠭᠠᠲᠤ ᠨᠢᠭᠡᠴᠡ ᠪᠠᠶᠢᠬᠤ ᠶᠢ ᠨᠢ ᠴᠠᠭ ᠲᠤᠬᠠᠢ ᠠᠯᠪᠠᠳᠠᠨ ᠴᠡᠭᠴᠡᠯᠡᠨ ᠦᠭᠡᠷᠡᠴᠢᠯᠡᠬᠦᠯᠪᠡᠯ ᠵᠤᠬᠢᠨ᠎ᠠ᠃      ᠭᠤᠷᠪᠠᠳᠣᠭᠠᠷ ᠪᠦᠯᠦᠭ   ᠡᠵᠡᠩᠨᠡᠯᠳᠡ ᠦᠢᠯᠡᠴᠢᠯᠡᠬᠡᠨ ᠤ ᠬᠠᠮᠢᠶᠠᠷᠣᠯᠳᠠ      ᠬᠤᠷᠢᠨ ᠬᠤᠶᠠᠳᠣᠭᠠᠷ ᠵᠦᠢᠯ    ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠡᠵᠡᠩᠨᠡᠯᠳᠡ ᠦᠢᠯᠡᠴᠢᠯᠡᠭᠡᠨ ᠤ ᠪᠠᠶᠢᠭᠤᠯᠤᠮᠵᠢ ᠨᠢ ᠨᠢᠭᠡᠴᠡ ᠪᠠ ᠬᠤᠪᠢ ᠬᠦᠮᠦᠨ ᠳᠤ ᠴᠢᠨᠠᠷ ᠴᠢᠨᠰᠠᠭ᠎ᠠ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠭᠰᠡᠨ᠂ ᠬᠤᠷᠢᠶᠠᠬᠤ ᠰᠦᠢᠳᠭᠡᠯ ᠨᠢ ᠵᠤᠬᠢᠰᠳᠠᠢ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠦᠢᠯᠡᠴᠢᠯᠡᠭᠡ ᠬᠠᠩᠭᠠᠬᠤ ᠶᠢ ᠵᠤᠷᠢᠭᠵᠢᠭᠤᠯᠤᠨ᠎ᠠ᠃     ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠡᠵᠡᠩᠨᠡᠯᠳᠡ ᠦᠢᠯᠡᠴᠢᠯᠡᠭᠡᠨ ᠤ ᠪᠠᠶᠢᠭᠤᠯᠤᠮᠵᠢ ᠨᠢ ᠡᠷᠭᠡᠪᠰᠢ ᠲᠤᠤᠷᠠᠭᠢ ᠨᠦᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠳᠡᠢ᠄      ︵1︶ ᠬᠠᠤᠯᠢ ᠳᠤ ᠨᠡᠶᠢᠴᠡᠭᠰᠡᠨ ᠬᠢᠷᠢ ᠬᠡᠮ ᠲᠠᠢ ᠪᠠᠶᠢᠬᠤ︔      ︵2︶ ᠪᠦᠷᠢᠨ ᠲᠡᠭᠦᠯᠳᠡᠷ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠠᠵᠢᠯᠯᠠᠭ᠎ᠠ ᠶᠢᠨ ᠲᠦᠷᠢᠮ ᠲᠤᠭᠳᠠᠭᠠᠯ ᠲᠠᠢ ᠪᠠᠶᠢᠬᠤ︔      ︵3︶ ᠲᠤᠬᠠᠶᠢᠯᠠᠭᠰᠠᠨ ᠠᠵᠢᠯ ᠤᠨ ᠬᠡᠮᠵᠢᠶ᠎ᠡ ᠯᠦᠭᠡ ᠲᠤᠬᠢᠷᠠᠭᠰᠠᠨ ᠲᠤᠰᠬᠠᠢ ᠮᠡᠳᠡᠯᠭᠡ ᠪᠤᠯᠤᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠯ ᠢᠶᠠᠷ ᠬᠢᠷᠢ ᠲᠡᠩᠴᠡᠭᠰᠡᠨ ᠮᠡᠷᠭᠡᠵᠢᠯᠳᠡᠨ ᠪᠠᠶᠢᠬᠤ︔      ︵4︶ ᠣᠯᠣᠰ ᠤᠨ ᠱᠠᠭᠠᠷᠳᠠᠯᠭ᠎ᠠ ᠳᠤ ᠨᠡᠶᠢᠴᠡᠭᠰᠡᠨ ᠲᠤᠰᠬᠠᠢ ᠬᠡᠷᠡᠭᠯᠡᠭᠡᠨ ᠤ ᠡᠮᠲᠤ ᠪᠤᠳᠠᠰ ᠬᠢᠭᠡᠳ ᠪᠠᠭᠠᠵᠢ ᠬᠡᠷᠡᠭᠰᠡᠯ ᠪᠠᠶᠢᠬᠤ︔      ︵5︶ ᠰᠦᠢᠳᠭᠡᠯ ᠬᠤᠷᠢᠶᠠᠬᠤ ᠨᠢ ᠵᠤᠬᠢᠰᠳᠠᠢ ᠪᠠᠶᠢᠬᠤ᠃     ᠲᠦᠷᠪᠡᠳᠦᠭᠡᠷ ᠪᠦᠯᠦᠭ    ᠬᠢᠨᠠᠯᠳᠠ ᠪᠠᠶᠢᠴᠠᠭᠠᠯᠳᠠ      ᠬᠤᠷᠢᠨ ᠭᠤᠷᠪᠠᠳᠣᠭᠠᠷ ᠵᠦᠢᠯ    ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠨᠢ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠯᠳᠠ ᠲᠠᠯᠪᠢᠬᠤ ᠬᠢᠭᠡᠳ ᠨᠡᠶᠢᠭᠡᠮ ᠠᠴᠠ ᠬᠢᠨᠠᠯᠳᠠ ᠲᠠᠯᠪᠢᠬᠤ ᠶᠢ ᠬᠠᠷᠢᠯᠴᠠᠨ ᠤᠶᠠᠯᠳᠣᠭᠤᠯᠣᠭᠰᠠᠨ᠂ ᠲᠤᠭᠳᠠᠮᠠᠯ ᠬᠤᠭᠤᠴᠠᠭ᠎ᠠ ᠲᠠᠢ ᠪᠠᠶᠢᠴᠠᠭᠠᠯᠳᠠ ᠬᠢᠬᠡᠳ ᠲᠠᠰᠢᠷᠠᠮ ᠤᠨ ᠪᠠᠶᠢᠴᠠᠭᠠᠯᠳᠠ ᠶᠢ ᠬᠠᠷᠢᠯᠴᠠᠨ ᠤᠶᠠᠯᠳᠣᠭᠤᠯᠣᠭᠰᠠᠨ ᠬᠢᠨᠠᠯᠳᠠ ᠪᠠᠶᠢᠴᠠᠭᠠᠯᠳᠠ ᠢ ᠬᠡᠷᠡᠭᠵᠢᠬᠦᠯᠦᠨ᠎ᠡ᠃      ᠬᠤᠷᠢᠨ ᠲᠦᠷᠪᠡᠳᠦᠭᠡᠷ ᠵᠦᠢᠯ    ᠡᠯ᠎ᠡ ᠲᠡᠰ ᠤᠨ ᠤᠯᠤᠰ ᠢᠶᠠᠨ ᠬᠠᠶᠢᠷᠠᠯᠠᠬᠤ ᠡᠷᠠᠬᠦᠯ ᠬᠠᠮᠠᠭᠠᠯᠠᠯ ᠤᠨ ᠬᠦᠳᠠᠯᠭᠡᠭᠡᠡ ᠤ ᠠᠯᠪᠠᠨ ᠭᠡᠷ ᠨᠢ ᠲᠤᠤᠷᠠᠭᠢ ᠠᠷᠭ᠎ᠠ ᠬᠡᠮᠵᠢᠶ᠎ᠡ ᠶᠢ ᠠᠪᠴᠦ᠂ ᠡᠪᠠᠣᠠᠴᠢᠠ ᠤ ᠵᠠᠭᠤᠴᠢ ᠠᠮᠢᠲᠤ ᠪᠤᠳᠠᠰ  ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠢᠨᠠᠯᠳᠠ ᠪᠠᠶᠢᠴᠠᠭᠠᠯᠳᠠ ᠪᠠᠨ ᠴᠢᠩᠭᠠᠳᠬᠠᠪᠠᠯ ᠵᠤᠬᠢᠨ᠎ᠠ᠄      1. ᠡᠯ᠎ᠡ ᠬᠤᠯᠪᠤᠭᠳᠠᠯ ᠪᠦᠬᠦᠢ ᠨᠢᠬᠡᠴᠢ ᠶᠢᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠵᠤᠬᠢᠶᠠᠨ ᠪᠠᠶᠢᠭᠤᠯᠤᠯᠳᠠ  ᠲᠠᠢ ᠪᠠᠶᠢᠴᠠᠭᠠᠯᠳᠠ ᠬᠢᠨ᠎ᠡ︔      2. ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠤᠨ ᠲᠤᠰᠬᠠᠢ ᠮᠡᠷᠭᠡᠵᠢᠯᠳᠡᠨ ᠢ ᠵᠤᠬᠢᠶᠠᠨ ᠪᠠᠶᠢᠭᠤᠯᠵᠤ᠂ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠭᠤᠤᠯᠳᠠᠯᠭ᠎ᠠ ᠲᠠᠢ ᠲᠠᠯᠠᠪᠤᠷ  ᠨᠢ ᠡᠪᠠᠣᠠᠴᠢᠠ ᠤ ᠵᠠᠭᠤᠴᠢ ᠠᠮᠢᠲᠤ ᠪᠤᠳᠠᠰ ᠢ ᠪᠦᠲᠦᠮᠵᠢᠳᠡᠢ ᠰᠡᠷᠭᠡᠶᠢᠯᠡᠨ ᠤᠰᠠᠳᠬᠠᠬᠤ ᠲᠦᠭᠦᠭᠡᠷᠦᠮᠵᠢ ᠲᠤᠬᠢᠷᠠᠭᠤᠯᠤᠭᠰᠠᠨ ᠡᠰᠡᠭᠦ᠂ ᠪᠠᠶᠢᠩᠭᠤ ᠶᠢᠨ ᠴᠢᠨᠠᠷ ᠲᠠᠢ ᠡᠪᠠᠣᠠᠴᠢᠠ ᠤ ᠵᠠᠭᠤᠴᠢ ᠠᠮᠢᠲᠤ ᠪᠤᠳᠠᠰ ᠢ ᠤᠰᠠᠳᠬᠠᠭᠰᠠᠨ ᠡᠰᠡᠭᠦ ᠵᠡᠷᠭᠡ ᠪᠠᠶᠢᠳᠠᠯ ᠳᠤ ᠪᠠᠨᠶᠢᠴᠠᠭᠠᠯᠳᠠ ᠬᠢᠭᠡᠳ ᠦᠨᠡᠯᠡᠯᠳᠡ ᠬᠢᠵᠦ᠂ ᠢᠯᠡᠷᠡᠭᠰᠡᠨ ᠠᠰᠠᠭᠤᠳᠠᠯ ᠢ  ᠲᠤᠭᠲᠠᠭᠰᠠᠨ ᠬᠤᠭᠤᠴᠠᠭᠠᠨ ᠳᠤ ᠵᠠᠯᠠᠷᠠᠭᠤᠯᠬᠤ ᠪᠠᠷ ᠠᠯᠪᠠᠳᠠᠨ᠎ᠠ︔      3. ᠬᠠᠷᠢᠶᠠᠲᠤ ᠤᠷᠤᠨ ᠤ ᠲᠤᠲᠤᠷᠠᠭᠢ ᠨᠢᠭᠡᠴᠡ ᠪᠤᠯᠤᠨ ᠬᠤᠪᠢ ᠬᠦᠮᠦᠨ ᠢ ᠱᠠᠭᠠᠷᠳᠠᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠠᠮᠢᠶᠠᠷᠣᠯᠳᠠ ᠶᠢᠨ ᠠᠵᠢᠯ ᠢ ᠰᠠᠶᠢᠲᠤᠷ ᠬᠢᠯᠬᠡᠵᠦ᠂ ᠣᠷᠢᠳᠴᠢᠯᠠᠨ ᠰᠡᠷᠭᠡᠶᠢᠯᠡᠨ ᠬᠢᠵᠠᠭᠠᠷᠯᠠᠭᠰᠠᠨ ᠦᠷ᠎ᠡ ᠪᠦᠲᠦᠮᠵᠢ ᠶᠢᠨ ᠪᠠᠶᠢᠴᠠᠭᠠᠯᠳᠠ ᠶᠢ ᠲᠤᠭᠳᠠᠮᠠᠯ ᠬᠤᠭᠤᠴᠠᠭ᠎ᠠ ᠲᠠᠢ ᠦᠷᠨᠢᠬᠦᠯᠬᠦ ᠶᠢᠨ ᠲᠠᠭᠠᠣ᠂ ᠨᠡᠶᠢᠭᠡᠮ ᠳᠤ ᠪᠠᠶᠢᠴᠠᠭᠠᠭᠰᠠᠨ ᠪᠠᠶᠢᠳᠠᠯ ᠢᠶᠠᠨ ᠢᠯᠡ ᠵᠠᠷᠯᠠᠨ᠎ᠠ᠃       ᠬᠤᠷᠢᠨ ᠲᠠᠪᠤᠳᠤᠭᠠᠷ ᠵᠦᠢᠯ    ᠡᠯ᠎ᠡ ᠲᠡᠰ ᠤᠨ ᠤᠯᠤᠰ ᠢᠶᠠᠨ ᠬᠠᠶᠢᠷᠠᠯᠠᠬᠤ ᠡᠷᠠᠬᠦᠯ ᠬᠠᠮᠠᠭᠠᠯᠠᠯ ᠤᠨ ᠬᠦᠳᠠᠯᠭᠡᠭᠡᠡ ᠤ ᠠᠯᠪᠠᠨ ᠭᠡᠷ ᠨᠢ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠭᠰᠠᠨ ᠵᠠᠭᠠᠯᠳᠤᠯᠭ᠎ᠠ ᠢᠯᠠᠴ‍‌ᠵᠯᠡᠭᠡ ᠶᠢ ᠰᠢᠢᠳᠪᠦᠷᠢᠯᠡᠬᠦ ᠲᠦᠷᠢᠮ ᠲᠤᠭᠳᠠᠭᠠᠵᠤ᠂ ᠵᠠᠭᠠᠯᠳᠤᠯᠭ᠎ᠠ ᠢᠯᠠᠴ‍‌ᠵᠯᠡᠭᠡ  ᠶᠢᠨ ᠣᠳᠠᠰᠣ ᠶᠢ ᠢᠯᠡ ᠨᠡᠶᠢᠳᠡᠯᠡᠬᠦ ᠶᠢᠨ ᠲᠠᠭᠠᠤ᠂ ᠬᠦᠯᠢᠶᠡᠨ ᠠᠪᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠠᠵᠢᠯᠯᠠᠬᠤ ᠡᠳᠣᠷ ᠤᠨ ᠲᠤᠲᠤᠷ᠎ᠠ ᠰᠢᠢᠳᠪᠦᠷᠢᠯᠡᠭᠰᠡᠨ ᠰᠠᠨᠠᠯ ᠢᠶᠠᠨ ᠵᠠᠭᠠᠯᠳᠣᠯᠭ᠎ᠠ ᠢᠯᠡᠴᠢᠯᠡᠭᠴᠢ ᠳᠤ ᠬᠠᠷᠢᠭᠤ ᠮᠡᠳᠡᠭᠳᠡᠬᠦ ᠬᠡᠷᠡᠭᠳᠡᠢ᠃      ᠬᠤᠷᠢᠨ ᠵᠢᠷᠭᠤᠳᠣᠭᠠᠷ ᠵᠦᠢᠯ    ᠡᠯ᠎ᠡ ᠲᠡᠰ ᠤᠨ ᠤᠯᠤᠰ ᠢᠶᠠᠨ ᠬᠠᠶᠢᠷᠠᠯᠠᠬᠤ ᠡᠷᠠᠬᠦᠯ ᠬᠠᠮᠠᠭᠠᠯᠠᠯ ᠤᠨ ᠬᠦᠳᠠᠯᠭᠡᠭᠡᠡ ᠤ ᠠᠯᠪᠠᠨ ᠭᠡᠷ ᠨᠢ ᠠᠵᠢᠯ ᠤᠨ ᠱᠠᠭᠠᠷᠳᠠᠯᠭ᠎ᠠ ᠪᠠᠨ ᠦᠨᠳᠦᠰᠦᠯᠡᠨ᠂ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠬᠢᠨᠠᠭᠴᠢ ᠤᠷᠢᠨ ᠲᠤᠮᠢᠯᠠᠵᠤ᠂ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢ ᠬᠠᠮᠵᠢᠨ ᠤᠬᠠᠭᠤᠯᠵᠤ᠂ ᠬᠤᠯᠪᠤᠭᠳᠠᠯ ᠪᠦᠬᠦᠢ ᠨᠢᠭᠡᠴᠡ᠂ ᠰᠠᠭᠤᠭᠠᠯᠢ ᠠᠷᠠᠳ ᠤᠨ ᠡᠪᠠᠣᠠᠴᠢᠠ ᠤ ᠵᠠᠭᠤᠴᠢ ᠠᠮᠢᠲᠤ ᠪᠤᠳᠠᠰ ᠢ ᠣᠷᠢᠳᠴᠢᠯᠠᠨ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠳᠤ ᠵᠢᠯᠤᠭᠤᠳᠤᠯᠭ᠎ᠠ ᠬᠢᠭᠡᠳ ᠬᠢᠨᠠᠯᠳᠠ ᠲᠠᠯᠪᠢᠵᠦ ᠪᠤᠯᠤᠨ᠎ᠠ᠃     ᠲᠠᠪᠤᠳᠣᠭᠠᠷ ᠪᠦᠯᠦᠭ    ᠬᠠᠤᠯᠢ ᠴᠠᠭᠠᠵᠠ ᠶᠢᠨ ᠬᠠᠷᠢᠭᠤᠴᠠᠯᠭ᠎ᠠ      ᠬᠤᠷᠢᠨ ᠲᠤᠯᠤᠳᠣᠭᠠᠷ ᠵᠦᠢᠯ    ᠲᠤᠰ ᠲᠦᠷᠢᠮ ᠤᠨ ᠲᠤᠭᠳᠠᠭᠠᠯ ᠢ ᠵᠥᠷᠢᠴᠡᠪᠡᠯ᠂  ᠬᠠᠮᠢᠶ᠎ᠠ ᠪᠥᠬᠦᠢ ᠬᠠᠤᠯᠢ ᠴᠠᠭᠠᠵᠠ᠂ ᠬᠠᠣᠯᠢ ᠲᠦᠷᠢᠮ᠂ ᠲᠦᠷᠢᠮ ᠲᠤᠭᠳᠠᠭᠠᠯ ᠢ ᠦᠨᠳᠦᠰᠦᠯᠡᠨ᠂ ᠬᠠᠷᠠᠭᠠᠯᠵᠠᠭᠰᠠᠨ ᠬᠠᠷᠢᠭᠤᠴᠠᠯᠭ᠎ᠠ ᠶᠢ ᠨᠡᠬᠡᠮᠵᠢᠯᠡᠨ᠎ᠡ᠃      ᠵᠢᠷᠭᠤᠳᠣᠭᠠᠷ ᠪᠦᠯᠦᠭ    ᠲᠠᠭᠠᠯᠳᠠ ᠲᠦᠷᠢᠮ      ᠬᠤᠷᠢᠨ ᠨᠠᠢᠮᠠᠳᠤᠭᠠᠷ ᠵᠦᠢᠯ    ᠲᠤᠰ ᠲᠦᠷᠢᠮ ᠳᠤ ᠲᠤᠷᠠᠳᠣᠭᠰᠠᠨ ᠲᠤᠤᠷᠠᠭᠢ ᠬᠡᠯᠡᠯᠭᠡ ᠶᠢᠨ ᠤᠬᠠᠭᠳᠠᠬᠤᠨ      ᠡᠪᠠᠣᠠᠴᠢᠠ ᠤ ᠵᠠᠭᠤᠴᠢ ᠠᠮᠢᠲᠤ ᠪᠤᠳᠠᠰ ᠤᠨ ᠬᠠᠯᠳᠠᠪᠤᠷᠢᠲᠤ ᠴᠢᠨᠠᠷ ᠲᠠᠢ ᠡᠪᠡᠳᠴᠢᠨ ᠬᠡᠳᠡᠭ ᠨᠢ ᠡᠪᠠᠣᠠᠴᠢᠠ  ᠤ ᠵᠠᠭᠤᠴᠢ ᠠᠮᠢᠲᠤ ᠪᠤᠳᠠᠰ ᠤᠨ ᠲᠠᠷᠬᠠᠭᠠᠯᠳᠠ ᠠᠴᠠ ᠪᠤᠯᠤᠭᠰᠠᠨ ᠨᠢᠭᠡ ᠲᠦᠷᠦᠯ ᠤᠨ ᠡᠪᠡᠳᠴᠢᠨ ᠪᠤᠯᠤᠨ᠎ᠠ᠂ ᠵᠢᠱᠢᠶᠡᠯᠡᠪᠡᠯ B ᠬᠡᠯᠪᠡᠷᠢᠲᠤ ᠲᠠᠬᠤᠯ ᠤᠨ ᠴᠢᠨᠠᠷᠲᠤ ᠲᠠᠷᠢᠬᠢᠨ ᠤ ᠦᠷᠪᠢᠰᠦᠯ᠂ ᠱᠦᠯᠬᠦᠭᠡ ᠡᠪᠡᠳᠴᠢᠨ᠂ ᠬᠤᠯᠤᠭᠠᠨ᠎ᠠ ᠶᠢᠨ ᠬᠢᠵᠢᠭ᠂ ᠲᠠᠬᠤᠯ ᠤᠨ ᠴᠢᠨᠠᠷᠲᠤ ᠴᠢᠰᠣ ᠭᠠᠷᠬᠤ ᠬᠠᠯᠠᠭᠤᠨ ᠵᠡᠷᠭᠡ ᠪᠤᠢ᠂ ᠡᠳᠡᠭᠡᠷ ᠨᠢ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠪᠠ ᠨᠡᠶᠢᠬᠡᠮ ᠤᠨ ᠠᠮᠤᠷ ᠲᠤᠭᠳᠠᠭᠤᠨ ᠳᠤ ᠵᠤᠬᠢᠬᠤ ᠨᠦᠯᠦᠭᠡ ᠦᠵᠡᠭᠦᠯᠳᠡᠭ᠃      ᠦᠷᠡᠵᠢᠬᠦ ᠭᠠᠵᠠᠷ ᠬᠡᠳᠡᠭ ᠨᠢ ᠬᠤᠯᠤᠭᠠᠨ᠎ᠠ᠂ ᠢᠯᠠᠭ᠎ᠠ᠂ ᠰᠢᠮᠠᠭᠤᠯ᠂ ᠵᠤᠤᠮ᠎ᠠ ᠵᠡᠷᠭᠡ ᠦᠶ᠎ᠡ ᠤᠯᠠᠷᠢᠨ ᠦᠷᠡᠵᠢᠳᠡᠭ ᠪᠤᠳᠠᠰ ᠪᠤᠶᠤ ᠲᠠᠯᠠᠪᠤᠷ ᠢ ᠵᠢᠭᠠᠨ᠎ᠠ᠂ ᠵᠢᠱᠢᠶᠡᠯᠡᠪᠡᠯ ᠭᠤᠤ᠂ ᠴᠦᠭᠦᠷᠦᠮ᠂ ᠵᠢᠵᠢᠭ ᠬᠡᠯᠪᠡᠷᠢ ᠶᠢᠨ ᠤᠰᠣ ᠬᠤᠷᠠᠭᠰᠠᠨ ᠬᠦᠭᠡ ᠬᠤᠩᠬᠤᠷ᠂ ᠰᠣᠯᠠ ᠣᠰᠣ ᠬᠤᠷᠢᠶᠠᠭᠤᠷ᠂ ᠬᠠᠶᠠᠭᠳᠠᠮᠠᠯ ᠡᠳ᠋ ᠬᠤᠳᠠᠯᠳᠤᠨ ᠠᠪᠬᠤ ᠭᠠᠵᠠᠷ᠂ ᠬᠤᠭ ᠨᠤᠪᠰᠢ ᠤᠪᠤᠭᠠᠯᠠᠬᠤ ᠲᠠᠯᠠᠪᠤᠷ᠂ ᠵᠤᠷᠯᠤᠩ᠂ ᠰᠢᠭᠡᠰᠦ ᠪᠠᠭᠠᠰᠣᠨ ᠤ ᠲᠠᠳᠠᠭᠠᠯ ᠵᠡᠷᠭᠡ ᠪᠤᠢ᠃      ᠬᠤᠷᠢᠨ ᠶᠢᠰᠦᠳᠦᠭᠡᠷ ᠵᠦᠢᠯ    ᠲᠤᠰ ᠲᠦᠷᠢᠮ ᠨᠢ ᠲᠠᠪᠤᠨ ᠵᠢᠯ ᠤᠨ ᠬᠦᠴᠦᠨ ᠲᠠᠢ᠂ ᠬᠤᠭᠤᠴᠠᠭ᠎ᠠ   ᠨᠢ ᠲᠤᠯᠪᠠᠯ ᠦᠪᠡᠰᠦᠪᠡᠨ ᠬᠦᠴᠦᠨ ᠦᠭᠡᠢ ᠪᠤᠯᠤᠨ᠎ᠠ᠃      ᠭᠤᠴᠢᠳᠣᠭᠠᠷ ᠵᠦᠢᠯ    ᠲᠤᠰ ᠲᠦᠷᠢᠮ ᠢ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠬᠦᠯᠦᠨ᠎ᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号