︽ᠦᠬᠠᠢ ᠬᠤᠳᠠ ᠶᠢᠨ ᠨᠡᠶᠢᠳᠡ ᠶᠢᠨ ᠲᠠᠯᠠᠪᠤᠷ ᠲᠤ ᠲᠠᠮᠠᠬᠢ ᠲᠠᠳᠠᠬᠤ ᠶᠢ ᠬᠢᠵᠠᠭᠠᠷᠯᠠᠬᠤ ᠬᠠᠮᠢᠶᠠᠷᠣᠯᠳᠠ | ᠶᠢᠨ ᠲᠦᠷᠢᠮ︾ ᠢ ᠲᠠᠷᠣᠮᠯᠠᠨ ᠲᠠᠷᠬᠠᠭᠠᠬᠤ ᠲᠤᠬᠠᠢ ᠮᠡᠳᠡᠭᠳᠡᠯ | — ᠦᠬᠠᠢ ᠵᠠᠰᠠᠭ ᠠᠯᠪᠠᠨ ﹇2018﹈ 16 ᠳ᠋ᠤᠭᠠᠷ ᠲᠤᠭᠠᠲᠤ | | | ︽ᠦᠬᠠᠢ ᠬᠤᠳᠠ ᠶᠢᠨ ᠨᠡᠶᠢᠳᠡ ᠶᠢᠨ ᠲᠠᠯᠠᠪᠤᠷ ᠲᠤ ᠲᠠᠮᠠᠬᠢ ᠲᠠᠳᠠᠬᠤ ᠶᠢ ᠬᠢᠵᠠᠭᠠᠷᠯᠠᠬᠤ ᠬᠠᠮᠢᠶᠠᠷᠣᠯᠳᠠ | ᠶᠢᠨ ᠲᠦᠷᠢᠮ︾ ᠢ ᠲᠠᠷᠣᠮᠯᠠᠨ ᠲᠠᠷᠬᠠᠭᠠᠬᠤ ᠲᠤᠬᠠᠢ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠭᠢᠮ ᠤᠨ ᠮᠡᠳᠡᠭᠳᠡᠯ | ᠡᠯ᠎ᠡ ᠲᠤᠭᠤᠷᠢᠭ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ | ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠡᠳᠦᠬᠡ ᠬᠤᠳᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ᠂ ︽ᠦᠬᠠᠢ ᠬᠤᠳᠠ | ᠶᠢᠨ ᠨᠡᠶᠢᠳᠡ ᠶᠢᠨ ᠲᠠᠯᠠᠪᠤᠷ ᠲᠤ ᠲᠠᠮᠠᠬᠢ ᠲᠠᠳᠠᠬᠤ ᠶᠢ ᠬᠢᠵᠠᠭᠠᠷᠯᠠᠬᠤ ᠬᠠᠮᠢᠶᠠᠷᠣᠯᠳᠠ ᠶᠢᠨ ᠲᠦᠷᠢᠮ︾ ᠢ ᠲᠠᠷᠣᠮᠯᠠᠨ | ᠲᠠᠷᠬᠠᠭᠠᠨ ᠦᠭᠴᠦ᠂ ᠪᠤᠳᠠᠳᠠᠢ ᠲᠠᠢ ᠪᠠᠨ ᠤᠶᠠᠯᠳᠣᠭᠤᠯᠵᠣ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠳᠣᠭᠠᠢ | ᠃ | 2018 ᠤᠨ ᠤ 5 ᠰᠠᠷ᠎ᠠ ᠶᠢᠨ 9 ᠤ ᠡᠳᠦᠷ | | | | ᠦᠬᠠᠢ ᠬᠤᠳᠠ ᠶᠢᠨ ᠨᠡᠶᠢᠳᠡ ᠶᠢᠨ ᠲᠠᠯᠠᠪᠤᠷ ᠲᠤ ᠲᠠᠮᠠᠬᠢᠲ᠋ᠠᠳᠠᠬᠤ ᠶᠢ ᠬᠢᠵᠠᠭᠠᠷᠯᠠᠬᠤ ᠬᠠᠮᠢᠶᠠᠷᠣᠯᠳᠠ ᠶᠢᠨ | ᠲᠦᠷᠢᠮ | | ᠨᠢᠭᠡᠳᠦᠭᠡᠷ ᠵᠦᠢᠯ ᠲᠠᠮᠠᠬᠢ ᠲᠠᠲᠠᠬᠤ ᠬᠤᠤᠷ ᠬᠦᠨᠦᠭᠡᠯ ᠢ ᠬᠤᠷᠢᠭᠯᠠᠨ ᠪᠠᠭᠠᠰᠬᠠᠵᠤ᠂ ᠠᠷᠠᠳ ᠢᠷᠭᠡᠳ ᠤᠨ | ᠪᠠᠶ᠎ᠠ ᠮᠠᠬᠠᠪᠣᠳ ᠤᠨ ᠡᠷᠡᠭᠦᠯ ᠴᠢᠬᠢᠷᠠᠭ ᠢ ᠪᠠᠲᠤᠯᠠᠵᠤ᠂ ᠰᠢᠯᠢᠳᠡᠭ ᠰᠠᠶᠢᠬᠠᠨ ᠡᠷᠡᠭᠦᠯ ᠬᠠᠮᠠᠭᠠᠯᠠᠯ ᠤᠨ ᠣᠷᠴᠢᠨ | ᠲᠤᠭᠤᠷᠢᠨ ᠲᠠᠢ ᠨᠡᠶᠢᠳᠡ ᠶᠢᠨ ᠲᠠᠯᠠᠪᠣᠷ ᠢ ᠪᠤᠢ ᠪᠤᠯᠭᠠᠵᠤ᠂ ᠬᠤᠳᠠ ᠶᠢᠨ ᠪᠤᠯᠪᠠᠰᠣᠨ ᠤ ᠬᠢᠷᠢ ᠲᠦᠪᠰᠢᠨ ᠢ | ᠳᠡᠭᠡᠭᠰᠢᠯᠡᠭᠦᠯᠬᠦ ᠶᠢᠨ ᠲᠦᠯᠦᠭᠡ᠂ ︽ᠨᠡᠶᠢᠳᠡ ᠶᠢᠨ ᠲᠠᠯᠠᠪᠣᠷ ᠤᠨ ᠡᠷᠡᠭᠦᠯ ᠬᠠᠮᠠᠭᠠᠯᠠᠯ ᠤᠨ ᠬᠠᠮᠢᠶᠠᠷᠣᠯᠳᠠ ᠶᠢᠨ | ᠲᠦᠷᠢᠮ ᠢ ᠭᠡᠷᠡᠭᠵᠢᠬᠦᠯᠬᠦ ᠨᠠᠷᠢᠮ ᠲᠦᠷᠢᠮ︾᠂ ︽ᠬᠤᠳᠠ ᠶᠢᠨ ᠬᠤᠳᠠ ᠶᠢᠨ ᠦᠵᠡᠮᠵᠢ ᠪᠤᠯᠤᠨ ᠣᠷᠴᠢᠨ | ᠲᠤᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠣᠯᠳᠠ ᠲᠦᠷᠢᠮ︾᠂ ︽ᠦᠪᠦᠷ ᠮᠤᠩᠭᠤᠯ ᠤᠨ ᠦᠪᠡᠷᠳᠡᠭᠡᠨ | ᠵᠠᠰᠠᠬᠤ ᠤᠷᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠲᠦᠷᠢᠮ︾ ᠵᠡᠷᠭᠡ ᠬᠠᠣᠯᠢ ᠲᠦᠷᠢᠮ ᠤᠨ | ᠬᠠᠮᠢᠶ᠎ᠠ ᠪᠦᠬᠦᠢ ᠲᠤᠭᠳᠠᠭᠠᠯ ᠢ ᠦᠨᠳᠦᠰᠦᠯᠡᠨ᠂ ᠮᠠᠨ ᠤ ᠬᠤᠳᠠ ᠶᠢᠨ ᠪᠤᠳᠠᠳᠠᠢ ᠲᠠᠢ ᠤᠶᠠᠯᠳᠣᠭᠤᠯᠣᠨ᠂ ᠲᠤᠰ | ᠲᠦᠷᠢᠮ ᠢ ᠲᠤᠭᠳᠠᠭᠠᠪᠠ᠃ | | ᠬᠤᠶᠠᠳᠣᠭᠠᠷ ᠵᠦᠢᠯ ᠲᠤᠰ ᠲᠦᠷᠢᠮ ᠪᠤᠯ ᠲᠤᠰ ᠬᠤᠳᠠ ᠶᠢᠨ ᠵᠠᠰᠠᠭ ᠵᠠᠬᠢᠷᠭᠠᠨ ᠤ ᠬᠠᠷᠢᠶᠠᠨ ᠳᠠᠬᠢ | ᠨᠡᠶᠢᠳᠡ ᠶᠢᠨ ᠲᠠᠯᠠᠪᠣᠷ ᠲᠤ ᠲᠠᠮᠠᠭᠢ ᠲᠠᠳᠠᠬᠤ ᠶᠢ ᠬᠢᠵᠠᠭᠠᠷᠯᠠᠬᠤ ᠠᠵᠢᠯ ᠳᠤ ᠲᠤᠰ ᠠᠷᠭ᠎ᠠ ᠬᠡᠷᠡᠭᠯᠡᠭᠳᠡᠨ᠎ᠡ᠃ | | ᠭᠤᠷᠪᠠᠳᠣᠭᠠᠷ ᠵᠦᠢᠯ ᠨᠡᠶᠢᠳᠡ ᠶᠢᠨ ᠲᠠᠯᠠᠪᠤᠷ ᠲᠤ ᠲᠠᠮᠠᠬᠢ ᠲᠠᠳᠠᠬᠤ ᠶᠢ ᠬᠢᠵᠠᠭᠠᠷᠯᠠᠬᠤ ᠠᠵᠢᠯ ᠵᠠᠰᠠᠭ | ᠤᠨ ᠣᠷᠳᠣᠨ ᠬᠢᠭᠡᠳ ᠨᠡᠶᠢᠭᠡᠮ ᠬᠠᠮᠲᠤᠪᠡᠷ ᠵᠠᠰᠠᠬᠤ᠂ ᠬᠠᠮᠢᠶᠠᠷᠣᠯᠳᠠ ᠬᠢᠭᠡᠳ ᠦᠪᠡᠷ ᠢ ᠪᠠᠨ ᠱᠠᠭᠠᠷᠳᠠᠬᠤ ᠶᠢ | ᠬᠠᠷᠢᠯᠴᠠᠨ ᠤᠶᠠᠯᠳᠣᠭᠤᠯᠬᠤ ᠶᠢ ᠪᠠᠷᠢᠮᠳᠠᠯᠠᠵᠤ᠂ ᠵᠠᠰᠠᠭ ᠤᠨ ᠤᠷᠳᠣᠨ ᠠᠴᠠ ᠬᠠᠮᠢᠶᠠᠷᠬᠤ᠂ ᠨᠢᠭᠡᠴᠡ ᠪᠠᠶᠢᠭᠤᠯᠭ᠎ᠠ | ᠠᠴᠠ ᠬᠠᠷᠢᠭᠤᠴᠠᠬᠤ᠂ ᠬᠤᠪᠢ ᠬᠦᠮᠦᠨ ᠲᠦᠷᠢᠮ ᠰᠠᠬᠢᠬᠤ᠂ ᠨᠡᠶᠢᠭᠡᠮ ᠲᠠᠶᠠᠭᠠᠷ ᠬᠢᠨᠠᠯᠳᠠ ᠲᠠᠯᠪᠢᠬᠤ ᠵᠠᠷᠴᠢᠮ ᠢ | ᠬᠡᠷᠡᠭᠵᠢᠬᠦᠯᠦᠨ᠎ᠡ᠃ | | ᠲᠦᠷᠪᠡᠳᠦᠭᠡᠷ ᠵᠦᠢᠯ ᠬᠤᠳᠠ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ | ᠵᠠᠭᠢᠷᠭᠠᠨ ᠤ ᠬᠠᠷᠢᠶ᠎ᠠ ᠣᠷᠣᠨ ᠳᠠᠭᠠᠨ ᠨᠡᠶᠢᠳᠡ ᠶᠢᠨ ᠲᠠᠯᠠᠪᠤᠷ ᠲᠤ ᠲᠠᠮᠠᠬᠢ ᠲᠠᠳᠠᠬᠤ ᠶᠢ ᠬᠢᠵᠠᠭᠠᠷᠯᠠᠬᠤ ᠠᠵᠢᠯ ᠤᠨ | ᠤᠳᠤᠷᠢᠳᠣᠯᠭ᠎ᠠ ᠪᠠᠨ ᠴᠢᠩᠭᠠᠳᠬᠠᠵᠤ᠂ ᠲᠠᠮᠠᠬᠢ ᠲᠠᠳᠠᠬᠤ ᠶᠢ ᠬᠢᠵᠠᠭᠠᠷᠯᠠᠬᠤ ᠠᠵᠢᠯ ᠤᠨ ᠠᠯᠪᠠᠨ ᠵᠠᠷᠣᠳᠠᠯ ᠤᠨ | ᠤᠷᠤᠭᠤᠯᠤᠯᠳᠠ ᠪᠠᠨ ᠪᠠᠲᠤᠯᠠᠵᠤ᠂ ᠲᠠᠮᠠᠭᠢ ᠲᠠᠳᠠᠬᠤ ᠶᠢ ᠬᠢᠵᠠᠭᠠᠷᠯᠠᠬᠤ ᠠᠵᠢᠯ ᠢ ᠣᠯᠣᠰ ᠤᠨ ᠡᠷᠡᠭᠦᠯ ᠬᠠᠮᠠᠭᠠᠯᠠᠯ | ᠤᠨ ᠬᠤᠳᠠ ᠴᠤᠭᠴᠠᠯᠠᠨ ᠪᠠᠶᠢᠭᠤᠯᠬᠤ ᠴᠢᠬᠤᠯᠠ ᠠᠭᠤᠯᠭ᠎ᠠ ᠳᠤ ᠣᠷᠣᠭᠤᠯᠬᠤ ᠪᠦᠭᠡᠳ ᠬᠠᠷᠠᠯᠳᠠᠲᠤ ᠬᠠᠷᠢᠭᠤᠴᠠᠯᠭ᠎ᠠ | ᠶᠢᠨ ᠬᠢᠨᠠᠨ ᠰᠢᠯᠭᠠᠯᠳᠠ ᠶᠢ ᠬᠡᠷᠡᠭᠵᠢᠬᠦᠯᠪᠡᠯ ᠵᠤᠬᠢᠨ᠎ᠠ᠃ | | ᠲᠠᠪᠤᠳᠣᠭᠠᠷ ᠵᠦᠢᠯ ᠬᠤᠳᠠ᠂ ᠲᠤᠭᠤᠷᠢᠭ ᠤᠨ ᠣᠯᠣᠰ ᠢᠶᠠᠨ ᠬᠠᠶᠢᠷᠠᠯᠠᠬᠤ ᠡᠷᠠᠬᠦᠯ ᠬᠠᠮᠠᠭᠠᠯᠠᠯ ᠤᠨ | ᠬᠦᠳᠠᠯᠭᠡᠭᠡᠡ ᠤ ᠵᠦᠪᠯᠠᠯ ᠠᠴᠠ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠠᠮᠢᠶ᠎ᠠ ᠪᠦᠬᠦᠢ ᠰᠠᠯᠠᠭ᠎ᠠ ᠮᠦᠴᠢᠷ | ᠤᠨ ᠲᠤᠰ ᠲᠦᠷᠢᠮ ᠳᠤ ᠲᠤᠭᠳᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠶᠤᠰᠣᠭᠠᠷ ᠲᠠᠮᠠᠬᠢ ᠲᠠᠳᠠᠬᠤ ᠶᠢ | ᠬᠢᠵᠠᠭᠠᠷᠯᠠᠬᠤ ᠠᠵᠢᠯ ᠦᠷᠨᠢᠭᠦᠯᠬᠦ ᠳᠤ ᠵᠤᠬᠢᠴᠠᠭᠤᠯᠬᠤ᠂ ᠵᠢᠯᠤᠭᠤᠳᠬᠤ ᠪᠠ ᠬᠢᠨᠠᠯᠳᠠ ᠲᠠᠯᠪᠢᠬᠤ ᠵᠡᠷᠭᠡ ᠲᠠᠯ᠎ᠠ ᠶᠢ | ᠪᠤᠳᠠᠳᠠᠢ ᠬᠠᠷᠢᠭᠤᠴᠠᠨ᠎ᠠ᠃ | | ᠵᠢᠷᠭᠤᠳᠣᠭᠠᠷ ᠵᠦᠢᠯ ᠬᠤᠳᠠ᠂ ᠲᠤᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠲᠤᠤᠷᠠᠬᠢ ᠮᠡᠲᠤ | ᠡᠭᠦᠷᠭᠡ ᠬᠠᠷᠢᠭᠤᠴᠠᠯᠭ᠎ᠠ ᠶᠢᠨ ᠶᠤᠰᠣᠭᠠᠷ ᠨᠡᠶᠢᠳᠡ ᠶᠢᠨ ᠲᠠᠯᠠᠪᠤᠷ ᠲᠤ ᠲᠠᠮᠠᠬᠢ ᠲᠠᠳᠠᠬᠤ ᠶᠢ ᠬᠢᠵᠠᠭᠠᠷᠯᠠᠬᠤ ᠠᠵᠢᠯ ᠢ | ᠰᠠᠶᠢᠲᠤᠷ ᠬᠢᠵᠦ᠂ ᠲᠤᠤᠷᠠᠭᠢ ᠮᠡᠲᠤ ᠨᠡᠶᠢᠳᠡ ᠶᠢᠨ ᠲᠠᠯᠠᠪᠣᠷ ᠲᠠᠬᠢ ᠤᠬᠠᠭᠤᠯᠭ᠎ᠠ ᠬᠦᠮᠦᠵᠢᠯ ᠪᠤᠯᠤᠨ ᠬᠢᠨᠠᠯᠳᠠ | ᠬᠠᠮᠢᠶᠠᠷᠣᠯᠳᠠ ᠶᠢ ᠬᠠᠷᠢᠭᠤᠴᠠᠪᠠᠯ ᠵᠤᠬᠢᠨ᠎ᠠ᠄ | ︵ᠨᠢᠭᠡ︶ ᠠᠯᠪᠠᠨ ᠪᠠᠶᠢᠭᠤᠯᠭ᠎ᠠ ᠶᠢᠨ ᠨᠢᠭᠡᠴᠡ ᠲᠤᠰ ᠠᠯᠪᠠᠨ ᠪᠠᠶᠢᠭᠤᠯᠭ᠎ᠠ ᠵᠢᠴᠢ ᠬᠠᠷᠢᠶ᠎ᠠ ᠨᠢᠭᠡᠴᠡ ᠶᠢᠨ | ᠠᠵᠢᠯᠯᠠᠬᠤ ᠲᠠᠯᠠᠪᠤᠷ ᠲᠠᠬᠢ ᠲᠠᠮᠠᠬᠢ ᠲᠠᠳᠠᠬᠤ ᠶᠢ ᠬᠢᠵᠠᠭᠠᠷᠯᠬᠠᠤ ᠠᠵᠢᠯ ᠤᠨ ᠬᠢᠨᠠᠯᠳᠠ ᠬᠠᠮᠢᠶᠠᠷᠣᠯᠳᠠ ᠶᠢ | ᠬᠠᠷᠢᠭᠤᠴᠠᠨ᠎ᠠ︔ | ︵ᠬᠤᠶᠠᠷ︶ ᠰᠣᠷᠭᠠᠨ ᠬᠦᠮᠦᠵᠢᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ | ᠬᠠᠷᠢᠶᠠᠨ ᠲᠤᠲᠤᠷᠠᠬᠢ ᠡᠯ᠎ᠡ ᠲᠡᠰ ᠡᠯ᠎ᠡ ᠲᠦᠷᠦᠯ ᠤᠨ ᠰᠣᠷᠭᠠᠭᠤᠯᠢ ᠶᠢᠨ ᠲᠠᠮᠠᠬᠢ ᠲᠠᠳᠠᠬᠤ ᠶᠢ ᠬᠢᠵᠠᠭᠠᠷᠯᠬᠠᠤ ᠠᠵᠢᠯ | ᠤᠨ ᠬᠢᠨᠠᠯᠳᠠ ᠬᠠᠮᠢᠶᠠᠷᠣᠯᠳᠠ ᠶᠢ ᠬᠠᠷᠢᠭᠤᠴᠠᠬᠤ ᠶᠢᠨ ᠲᠠᠭᠠᠣ᠂ ᠲᠠᠮᠠᠬᠢ ᠲᠠᠳᠠᠬᠤ ᠬᠤᠤᠷ ᠬᠦᠨᠦᠭᠡᠯ ᠤᠨ ᠠᠭᠤᠯᠭ᠎ᠠ | ᠶᠢ ᠰᠣᠷᠣᠭᠴᠢ ᠶᠢᠨ ᠡᠷᠡᠭᠦᠯ ᠮᠡᠨᠲᠤ ᠶᠢᠨ ᠬᠦᠮᠦᠵᠢᠯ ᠤᠨ ᠬᠢᠴᠢᠶᠡᠯ ᠲᠦᠷᠦᠯ ᠳᠤ ᠤᠷᠤᠭᠤᠯᠤᠨ᠎ᠠ︔ | ︵ᠭᠤᠷᠪᠠ︶ ᠡᠷᠡᠭᠦᠯ ᠬᠠᠮᠠᠭᠠᠯᠠᠯ ᠬᠢᠭᠡᠳ ᠲᠦᠯᠦᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠦᠴᠢᠷ ᠨᠢ ᠬᠠᠷᠢᠶᠠᠨ ᠲᠤᠲᠤᠷᠠᠭᠢ ᠡᠯ᠎ᠡ ᠲᠡᠰ ᠡᠯ᠎ᠡ ᠲᠦᠷᠦᠯ ᠤᠨ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ᠂ ᠲᠦᠯᠦᠪᠯᠡᠭᠡᠲᠦ ᠦᠷᠡᠵᠢᠯ ᠤᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ | ᠵᠢᠴᠢ ᠲᠦᠷᠢᠮ ᠳᠤ ᠲᠤᠭᠳᠠᠭᠠᠭᠰᠠᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ ᠬᠢᠨᠠᠨ ᠬᠠᠮᠢᠶᠠᠷᠣᠳᠠᠭ ᠨᠡᠶᠢᠳᠡ | ᠶᠢᠨ ᠲᠠᠯᠠᠪᠤᠷ ᠲᠤ ᠲᠠᠮᠠᠬᠢ ᠲᠠᠳᠠᠬᠤ ᠶᠢ ᠬᠢᠵᠠᠭᠠᠷᠯᠠᠬᠤ ᠠᠵᠢᠯ ᠤᠨ ᠬᠢᠨᠠᠯᠳᠠ ᠬᠠᠮᠢᠶᠠᠷᠣᠯᠳᠠ ᠶᠢᠨ ᠠᠵᠢᠯ ᠢ | ᠬᠠᠷᠢᠭᠤᠴᠠᠨ᠎ᠠ︔ | ︵ᠲᠦᠷᠪᠡ︶ ᠵᠠᠮ ᠬᠠᠷᠢᠯᠴᠠᠭᠠᠨ ᠤ ᠲᠡᠭᠡᠭᠡᠪᠦᠷᠢ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠦᠴᠢᠷ ᠨᠢ ᠨᠡᠶᠢᠳᠡ ᠶᠢᠨ ᠵᠠᠮ ᠬᠠᠷᠢᠯᠴᠠᠭᠠᠨ ᠤ ᠪᠠᠭᠠᠵᠢ ᠵᠢᠴᠢ ᠬᠠᠮᠢᠶ᠎ᠠ ᠪᠦᠬᠦᠢ ᠠᠵᠢᠯᠯᠠᠬᠤ ᠲᠠᠯᠠᠪᠤᠷ ᠤᠨ | ᠲᠠᠮᠠᠬᠢ ᠲᠠᠳᠠᠬᠤ ᠶᠢ ᠬᠢᠵᠠᠭᠠᠷᠯᠠᠬᠤ ᠬᠢᠨᠠᠯᠳᠠ ᠬᠠᠮᠢᠠᠶ᠋ᠷᠣᠯᠳᠠ ᠶᠢᠨ ᠠᠵᠢᠯ ᠢ ᠬᠠᠷᠢᠭᠤᠴᠠᠨ᠎ᠠ︔ | ︵ᠲᠠᠪᠤ︶ ᠰᠣᠶᠣᠯ᠂ ᠪᠡᠶ᠎ᠡ ᠲᠠᠮᠢᠷ᠂ ᠵᠢᠭᠤᠯᠴᠢᠯᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ | ᠰᠣᠶᠣᠯ ᠵᠤᠭ᠎ᠠ ᠴᠡᠩᠬᠡᠯ ᠤᠨ ᠲᠠᠯᠠᠪᠤᠷ᠂ ᠪᠡᠶ᠎ᠡ ᠲᠠᠮᠢᠷ ᠤᠨ ᠲᠠᠯᠠᠪᠤᠷ ᠪᠤᠯᠤᠨ ᠤᠲᠤᠨ ᠲᠡᠰ ᠤᠨ ᠵᠤᠴᠢᠳ ᠤᠨ | ᠪᠠᠭᠤᠳᠠᠯ᠂ ᠵᠢᠭᠤᠯᠴᠢᠯᠠᠯ ᠤᠨ ᠦᠵᠡᠮᠵᠢ ᠶᠢᠨ ᠤᠷᠤᠨ ᠤ ᠲᠠᠮᠠᠬᠢ ᠲᠠᠳᠠᠬᠤ ᠶᠢ ᠬᠢᠵᠠᠭᠠᠷᠯᠠᠬᠤ ᠬᠢᠨᠠᠯᠳᠠ | ᠬᠠᠮᠢᠠᠶ᠋ᠷᠣᠯᠳᠠ ᠶᠢᠨ ᠠᠵᠢᠯ ᠢ ᠲᠤᠰ ᠲᠤᠰ ᠬᠠᠷᠢᠭᠤᠴᠠᠨ᠎ᠠ︔ | ︵ᠵᠢᠷᠭᠤᠭ᠎ᠠ︶ ᠬᠤᠳᠠᠯᠳᠣᠭᠠᠨ ᠤ ᠶᠠᠪᠤᠳᠠᠯ ᠤᠨ ᠵᠠᠰᠠᠭ ᠵᠠᠭᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠦᠴᠢᠷ ᠨᠢ ᠬᠤᠳᠠᠯᠳᠣᠭᠠᠨ ᠤ ᠲᠠᠯᠠᠪᠤᠷ ︵ᠴᠢᠯᠦᠬᠡᠲᠤ ᠲᠡᠯᠭᠡᠭᠦᠷ︶ ᠤᠨ ᠲᠠᠮᠠᠬᠢ ᠲᠠᠳᠠᠬᠤ ᠶᠢ ᠬᠢᠵᠠᠭᠠᠷᠯᠬᠠᠤ ᠠᠵᠢᠯ | ᠤᠨ ᠬᠢᠨᠠᠯᠳᠠ ᠬᠠᠮᠢᠶᠠᠷᠣᠯᠳᠠ ᠶᠢ ᠬᠠᠷᠢᠭᠤᠴᠠᠬᠤ ᠶᠢᠨ ᠲᠠᠭᠠᠣ᠂ ᠲᠠᠮᠠᠭᠢᠨ ᠤ ᠵᠠᠷ ᠮᠡᠳᠡᠭᠡᠨ ᠤ ᠬᠢᠨᠠᠯᠳᠠ | ᠬᠠᠮᠢᠶᠠᠷᠣᠯᠳᠠ ᠪᠠᠨ ᠰᠠᠶᠢᠲᠤᠷ ᠬᠢᠨ᠎ᠡ︔ | ︵ᠲᠤᠯᠤᠭ᠎ᠠ︶ ᠢᠳᠡᠭᠡᠨ ᠤ ᠵᠦᠢᠯ ᠡᠮ ᠤᠨ ᠵᠦᠢᠯ ᠳᠤ ᠬᠢᠨᠠᠯᠳᠠ ᠲᠠᠯᠪᠢᠬᠤ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠢᠳᠡᠭᠡᠨ ᠤᠮᠳᠠᠭᠠᠨ ᠤ ᠲᠠᠯᠠᠪᠤᠷ᠂ ᠡᠮ ᠤᠨ ᠵᠦᠢᠯ ᠪᠤᠯᠤᠨ ᠡᠮ | ᠡᠮᠨᠡᠯᠭᠡ ᠶᠢᠨ ᠪᠠᠭᠠᠵᠢ ᠬᠡᠷᠡᠭᠰᠡᠯ ᠡᠵᠡᠩᠨᠡᠬᠦ ᠲᠠᠯᠠᠪᠤᠷ ᠤᠨ ᠲᠠᠮᠠᠬᠢ ᠲᠠᠳᠠᠬᠤ ᠶᠢ ᠬᠢᠵᠠᠭᠠᠷᠯᠠᠬᠤ ᠬᠢᠨᠠᠯᠳᠠ | ᠬᠠᠮᠢᠶᠠᠷᠤᠯᠲᠠ ᠶᠢᠨ ᠠᠵᠢᠯ ᠢ ᠲᠤᠰ ᠲᠤᠰ ᠬᠠᠷᠢᠭᠤᠴᠠᠨ᠎ᠠ︔ | ︵ᠨᠠᠶᠢᠮᠠ︶ ᠠᠷᠠᠳ ᠤᠨ ᠠᠭᠠᠷ ᠤᠨ ᠲᠡᠭᠡᠭᠡᠪᠦᠷᠢ᠂ ᠲᠡᠮᠦᠷ ᠵᠠᠮ ᠤᠨ ᠰᠠᠯᠠᠭ᠎ᠠ ᠮᠦᠴᠢᠷ ᠨᠢ ᠬᠠᠷᠢᠶᠠᠨ | ᠲᠤᠲᠤᠷᠠᠭᠢ ᠲᠠᠮᠠᠬᠢ ᠲᠠᠳᠠᠬᠤ ᠶᠢ ᠬᠢᠵᠠᠭᠠᠷᠯᠠᠬᠤ ᠬᠢᠨᠠᠯᠳᠠ ᠬᠠᠮᠢᠶᠠᠷᠤᠯᠲᠠ ᠶᠢᠨ ᠠᠵᠢᠯ ᠢ ᠲᠤᠰ ᠲᠤᠰ ᠬᠠᠷᠢᠭᠤᠴᠠᠨ᠎ᠠ | ︔ | ︵ᠶᠢᠰᠣ︶ ᠪᠤᠰᠣᠳ ᠬᠠᠮᠢᠶ᠎ᠠ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠤᠯᠤᠨ | ᠠᠵᠢᠯ ᠲᠦᠷᠦᠯ ᠤᠨ ᠰᠠᠯᠠᠭ᠎ᠠ ᠮᠦᠴᠢᠷ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠢ ᠬᠠᠷᠢᠶᠠᠨ | ᠲᠤᠲᠤᠷᠠᠭᠢ ᠲᠠᠮᠠᠬᠢ ᠲᠠᠳᠠᠬᠤ ᠶᠢ ᠬᠢᠵᠠᠭᠠᠷᠯᠠᠬᠤ ᠬᠢᠨᠠᠯᠳᠠ ᠬᠠᠮᠢᠠᠶ᠋ᠷᠣᠯᠳᠠ ᠶᠢᠨ ᠠᠵᠢᠯ ᠢ ᠰᠠᠶᠢᠳᠣᠷ ᠬᠠᠷᠢᠭᠤᠴᠠᠪᠠᠯ | ᠵᠤᠬᠢᠨ᠎ᠠ᠃ | | ᠲᠤᠯᠤᠳᠤᠭᠠᠷ ᠵᠦᠢᠯ ᠬᠤᠳᠠ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠬᠢᠭᠡᠳ ᠬᠠᠮᠢᠶ᠎ᠠ | ᠪᠦᠬᠦᠢ ᠰᠠᠯᠠᠭ᠎ᠠ ᠮᠦᠴᠢᠷ ᠨᠢ ᠲᠠᠮᠠᠬᠢ ᠲᠠᠳᠠᠬᠤ ᠶᠢ ᠬᠢᠵᠠᠭᠠᠷᠯᠠᠬᠤ ᠨᠡᠶᠢᠳᠡ ᠶᠢᠨ ᠠᠰᠠᠷᠠᠮᠵᠢ ᠶᠢᠨ ᠣᠬᠠᠭᠤᠯᠭ᠎ᠠ | ᠬᠦᠮᠦᠵᠢᠯ ᠤᠨ ᠠᠵᠢᠯᠯᠠᠭ᠎ᠠ ᠢ ᠦᠷᠬᠦᠯᠵᠢ ᠦᠷᠨᠢᠬᠦᠯᠵᠦ᠂ ᠡᠷᠡᠭᠦᠯ ᠴᠢᠬᠢᠷᠠᠭ ᠪᠤᠯᠪᠠᠰᠣᠨ ᠠᠮᠢᠲᠤᠷᠠᠯ ᠤᠨ ᠬᠡᠯᠪᠡᠷᠢ ᠶᠢ | ᠰᠠᠨᠠᠭᠠᠴᠢᠯᠠᠭᠤᠯᠵᠤ᠂ ᠰᠢᠯᠢᠳᠡᠭ ᠰᠠᠶᠢᠬᠠᠨ ᠲᠠᠮᠠᠭᠢ ᠬᠢᠵᠠᠭᠠᠷᠯᠠᠬᠤ ᠤᠷᠴᠢᠨ ᠲᠤᠭᠤᠷᠢᠨ ᠢ ᠪᠦᠷᠢᠯᠳᠦᠭᠦᠯᠪᠡᠯ ᠵᠤᠬᠢᠨ᠎ᠠ | ᠃ | ᠷᠠᠳᠢᠣ᠋᠂ ᠲᠧᠯᠸᠢᠰ᠂ ᠰᠣᠨᠢᠨ ᠰᠡᠳᠭᠦᠯ᠂ ᠲᠤᠤᠷ ᠰᠦᠯᠵᠢᠶ᠎ᠡ ᠵᠡᠷᠭᠡ ᠵᠠᠭᠤᠴᠢᠯᠠᠭᠤᠷ ᠨᠢ ᠨᠡᠶᠢᠳᠡ ᠶᠢᠨ | ᠠᠰᠠᠷᠠᠮᠵᠢ ᠶᠢᠨ ᠤᠬᠠᠭᠤᠯᠭ᠎ᠠ ᠶᠢ ᠢᠳᠡᠪᠬᠢᠳᠡᠢ ᠤᠬᠠᠭᠤᠯᠵᠤ᠂ ᠲᠤᠭᠳᠠᠭᠰᠠᠨ ᠬᠤᠭᠤᠴᠠᠭ᠎ᠠ ᠲᠠᠢ ᠪᠠᠷ ᠲᠠᠮᠠᠬᠢ | ᠲᠠᠳᠠᠬᠤ ᠨᠢ ᠡᠷᠡᠭᠦᠯ ᠮᠡᠨᠲᠤ ᠳᠤ ᠬᠤᠤᠷ ᠬᠦᠨᠦᠭᠡᠯ ᠣᠴᠠᠷᠠᠭᠤᠯᠬᠤ ᠨᠡᠶᠢᠳᠡ ᠶᠢᠨ ᠠᠰᠠᠷᠠᠮᠵᠢ ᠶᠢᠨ ᠴᠢᠨᠠᠷᠳᠠᠢ | ᠤᠬᠠᠭᠤᠯᠭ᠎ᠠ ᠶᠢᠨ ᠵᠠᠷ ᠮᠡᠳᠡᠭᠡ ᠶᠢ ᠲᠦᠯᠦᠪᠦᠷᠢ ᠦᠭᠡᠢ ᠪᠠᠷ ᠨᠡᠪᠳᠡᠷᠡᠭᠦᠯᠬᠦ ᠪᠤᠶᠤ ᠨᠡᠶᠢᠳᠡᠯᠡᠵᠤ᠂ ᠶᠠᠷᠢᠶ᠎ᠠ ᠬᠡᠯᠡᠯᠴᠡᠭᠡᠨ | ᠤ ᠵᠢᠯᠤᠭᠤᠳᠣᠯᠭ᠎ᠠ ᠪᠤᠯᠤᠨ ᠬᠢᠨᠠᠯᠳᠠ ᠲᠠᠯᠪᠢᠬᠤ ᠦᠢᠯᠡᠳᠦᠯ ᠢᠶᠠᠨ ᠢᠳᠡᠪᠬᠢᠳᠡᠢ ᠪᠠᠳᠠᠷᠠᠭᠤᠯᠪᠠᠯ ᠵᠤᠬᠢᠨ᠎ᠠ᠃ | ᠰᠣᠷᠭᠠᠭᠤᠯᠢ ᠨᠢ ᠲᠠᠮᠠᠬᠢ ᠲᠠᠳᠠᠬᠤ ᠶᠢ ᠬᠢᠵᠠᠭᠠᠷᠯᠠᠬᠤ ᠤᠬᠠᠭᠤᠯᠭ᠎ᠠ ᠬᠦᠮᠦᠵᠢᠯ ᠢ ᠰᠣᠷᠭᠠᠭᠤᠯᠢ ᠶᠢᠨ ᠡᠷᠡᠭᠦᠯ | ᠮᠡᠨᠲᠤ ᠶᠢᠨ ᠬᠦᠮᠦᠵᠢᠯ ᠤᠨ ᠲᠦᠯᠦᠪᠯᠡᠭᠡ ᠳᠤ ᠤᠷᠤᠭᠤᠯᠵᠤ᠂ ᠤᠯᠠᠨ ᠭᠡᠯᠪᠡᠷᠢ ᠶᠢᠨ ᠲᠠᠮᠠᠬᠢ ᠲᠠᠳᠠᠬᠤ ᠶᠢ | ᠬᠢᠵᠠᠭᠠᠷᠯᠠᠬᠤ ᠣᠬᠠᠭᠤᠯᠭ᠎ᠠ ᠶᠢᠨ ᠠᠵᠢᠯᠯᠭ᠎ᠠ ᠦᠷᠨᠢᠭᠦᠯᠪᠡᠯ ᠵᠤᠬᠢᠨ᠎ᠠ᠃ ᠲᠤᠮᠳᠠᠲᠤ ᠪᠠᠭ᠎ᠠ ᠰᠣᠷᠭᠠᠭᠤᠯᠢ ᠶᠢᠨ ᠡᠷᠭᠢᠨ | ᠲᠤᠭᠤᠷᠢᠨ ᠳᠤ ᠲᠠᠮᠠᠭᠢ ᠡᠵᠡᠩᠨᠡᠨ ᠪᠤᠷᠤᠯᠠᠭᠤᠯᠬᠤ ᠶᠢ ᠴᠠᠭᠠᠵᠠᠯᠠᠵᠤ᠂ ᠲᠠᠮᠠᠬᠢ ᠪᠤᠷᠤᠯᠠᠭᠤᠯᠤᠨ ᠡᠵᠡᠩᠨᠡᠭᠴᠢ ᠠᠴᠠ | ᠨᠠᠰᠣᠨ ᠳᠤ ᠦᠯᠦ ᠬᠦᠷᠦᠭᠰᠡᠳ ᠳᠤ ᠲᠠᠮᠠᠭᠢᠨ ᠦᠢᠯᠡᠳᠬᠦᠨ ᠪᠤᠷᠤᠯᠠᠭᠤᠯᠵᠤ ᠪᠤᠯᠬᠤ ᠦᠭᠡᠢ᠃ ᠲᠤᠮᠳᠠᠲᠤ ᠪᠠᠭ᠎ᠠ | ᠰᠣᠷᠭᠠᠭᠤᠯᠢ᠂ ᠨᠠᠰᠣᠨ ᠳᠤ ᠦᠯᠦ ᠬᠦᠷᠦᠭᠰᠡᠳ ᠤᠨ ᠡᠴᠢᠭᠡ ᠡᠬᠡ ᠪᠤᠶᠤ ᠲᠡᠬᠦᠨ ᠤ ᠠᠰᠠᠷᠠᠨ ᠬᠠᠮᠠᠭᠠᠯᠠᠭᠴᠢ ᠨᠢ | ᠨᠠᠰᠣᠨ ᠳᠤ ᠦᠯᠦ ᠬᠦᠷᠦᠭᠰᠡᠳ ᠲᠠᠮᠠᠭᠢ ᠲᠠᠳᠠᠬᠤ ᠶᠢ ᠴᠠᠭᠠᠵᠠᠯᠠᠬᠤ ᠳᠤ ᠬᠢᠨᠠᠯᠳᠠ ᠬᠠᠮᠢᠶᠠᠷᠣᠯᠳᠠ ᠶᠢᠨ | ᠬᠠᠷᠢᠭᠤᠴᠠᠯᠭ᠎ᠠ ᠲᠠᠢ᠃ | ᠲᠠᠮᠠᠬᠢ ᠲᠠᠳᠠᠬᠤ ᠶᠢ ᠬᠢᠵᠠᠭᠠᠷᠯᠠᠬᠤ ᠤᠬᠠᠭᠤᠯᠭ᠎ᠠ ᠬᠦᠮᠦᠵᠢᠯ ᠳᠤ ᠬᠡᠷ ᠪᠦᠯᠢ ᠳᠤ ᠲᠠᠮᠠᠭᠢ ᠲᠠᠳᠠᠬᠤ ᠶᠢ | ᠴᠡᠭᠡᠷᠯᠡᠬᠦ ᠶᠢ ᠰᠠᠨᠠᠭᠠᠴᠢᠯᠠᠬᠤ ᠠᠭᠤᠯᠭ᠎ᠠ ᠶᠢ ᠠᠬᠤᠭᠤᠯᠪᠠᠯ ᠵᠤᠬᠢᠨ᠎ᠠ᠃ | | ᠨᠠᠢᠮᠠᠳᠣᠭᠠᠷ ᠵᠦᠢᠯ ᠬᠡᠷ ᠤᠨ ᠭᠠᠳᠠᠨ᠎ᠠ ᠪᠤᠯᠤᠨ ᠨᠡᠶᠢᠳᠡ ᠶᠢᠨ ᠲᠠᠯᠠᠪᠤᠷ ᠲᠤ ᠲᠠᠮᠠᠭᠢᠨ ᠵᠠᠷ ᠮᠡᠳᠡᠭᠡ | ᠲᠠᠯᠪᠢᠬᠤ ᠶᠢ ᠴᠠᠭᠠᠵᠠᠯᠠᠨ᠎ᠠ᠃ | ᠷᠠᠳᠢᠣ᠋᠂ ᠲᠧᠯᠸᠢᠰ᠂ ᠰᠣᠨᠢᠨ ᠰᠡᠳᠭᠦᠯ᠂ ᠲᠤᠤᠷ ᠰᠦᠯᠵᠢᠶ᠎ᠡ ᠵᠡᠷᠭᠡ ᠵᠠᠭᠤᠴᠢᠯᠠᠭᠤᠷ ᠲᠤ ᠲᠠᠮᠠᠬᠢᠨ ︵ᠪᠤᠶᠤ | ᠬᠡᠯᠪᠡᠷᠢ ᠶᠢ ᠨᠢ ᠦᠭᠡᠷᠡᠳᠡᠭᠦᠯᠦᠭᠰᠡᠨ ᠲᠠᠮᠠᠭᠢ︶ ᠵᠠᠷ ᠮᠡᠳᠡᠭᠡ ᠨᠡᠶᠢᠳᠡᠯᠡᠬᠦ ᠶᠢ ᠴᠠᠭᠠᠵᠠᠯᠠᠨ᠎ᠠ᠃ | ᠡᠯ᠎ᠡ ᠲᠦᠷᠦᠯ ᠤᠨ ᠬᠡᠯᠪᠡᠷᠢ ᠶᠢᠨ ᠲᠠᠮᠠᠭᠢᠨ ᠦᠢᠯᠡᠳᠬᠦᠨ ᠤ ᠪᠤᠷᠤᠯᠠᠭᠤᠯᠭ᠎ᠠ ᠠᠬᠢᠭᠤᠯᠬᠤ ᠠᠵᠢᠯᠯᠭ᠎ᠠ ᠶᠢ | ᠴᠠᠭᠠᠵᠠᠯᠠᠨ᠎ᠠ᠃ | ᠲᠠᠮᠠᠬᠢᠨ ᠦᠢᠯᠡᠳᠬᠦᠨ ᠦᠢᠯᠡᠳᠪᠦᠷᠢᠯᠡᠬᠦ ᠡᠳᠡᠭᠡᠳ ᠪᠤᠯᠤᠨ ᠪᠤᠷᠤᠯᠠᠭᠤᠯᠬᠤ ᠡᠳᠡᠭᠡᠳ ᠤᠨ ᠡᠯ᠎ᠡ ᠲᠦᠷᠦᠯ ᠤᠨ | ᠬᠡᠯᠪᠡᠷᠢ ᠪᠠᠷ ᠬᠤᠳᠠᠯᠳᠣᠭᠠᠨ ᠤ ᠲᠡᠮᠵᠢᠯᠭᠡ ᠶᠢᠨ ᠠᠵᠢᠯᠯᠠᠭ᠎ᠠ ᠶᠢ ᠴᠠᠭᠠᠵᠠᠯᠠᠨ᠎ᠠ᠃ | | ᠶᠢᠰᠦᠳᠦᠭᠡᠷ ᠵᠦᠢᠯ ᠬᠤᠳᠠ᠂ ᠲᠤᠭᠤᠷᠢᠭ ᠤᠨ ᠠᠷᠠᠳ ᠤᠨ ᠵᠠᠰᠠᠭ ᠤᠨ ᠤᠷᠳᠣᠨ ᠨᠢ ᠲᠠᠮᠠᠭᠢ ᠲᠠᠳᠠᠬᠤ | ᠶᠢ ᠴᠡᠭᠡᠷᠯᠡᠬᠦ ᠨᠢᠭᠡᠴᠡ ᠶᠢ ᠴᠣᠭᠴᠠᠯᠠᠨ ᠪᠠᠶᠢᠭᠤᠯᠵᠤ᠂ ᠲᠠᠮᠠᠭᠢ ᠲᠠᠳᠠᠬᠤ ᠶᠢ ᠴᠡᠭᠡᠷᠯᠡᠬᠦ ᠵᠢᠴᠢ ᠲᠠᠮᠠᠬᠢ ᠲᠠᠳᠠᠬᠤ ᠶᠢ | ᠬᠢᠵᠠᠭᠠᠷᠯᠠᠬᠤ ᠠᠵᠢᠯ ᠤᠨ ᠲᠤᠮᠳᠠ ᠢᠯᠡᠷᠡᠯ ᠲᠤᠪᠤᠶᠢᠮ᠎ᠠ ᠨᠢᠭᠡᠴᠡ ᠪᠤᠯᠤᠨ ᠬᠤᠪᠢ ᠬᠦᠮᠦᠨ ᠢ ᠭᠦᠬᠢᠬᠦᠯᠬᠦ᠂ | ᠱᠠᠩᠨᠠᠬᠤ ᠶᠢ ᠵᠤᠷᠢᠭᠵᠢᠭᠤᠯᠪᠠᠯ ᠵᠤᠬᠢᠨ᠎ᠠ᠃ | ᠡᠯ᠎ᠡ ᠨᠢᠭᠡᠴᠡ ᠨᠢ ᠲᠠᠮᠠᠭᠢ ᠲᠠᠳᠠᠬᠤ ᠶᠢ ᠴᠡᠭᠡᠷᠯᠡᠬᠦ ᠤᠷᠴᠢᠨ ᠲᠤᠭᠤᠷᠢᠨ ᠢ ᠴᠤᠭᠴᠠᠯᠠᠨ ᠪᠠᠶᠢᠭᠤᠯᠬᠤ ᠶᠢ | ᠡᠳᠦᠷ ᠲᠤᠲᠤᠮ ᠤᠨ ᠬᠠᠮᠢᠶᠠᠷᠣᠯᠳᠠ ᠠᠵᠢᠯ ᠳᠤ ᠤᠷᠤᠭᠤᠯᠪᠠᠯ ᠵᠤᠬᠢᠨ᠎ᠠ᠃ | ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠵᠢᠴᠢ ᠠᠵᠢᠯᠳᠠᠳ ᠲᠠᠮᠠᠬᠢ ᠲᠠᠳᠠᠬᠤ ᠶᠢ ᠬᠢᠵᠠᠭᠠᠷᠯᠠᠬᠤ | ᠬᠠᠮᠢᠶ᠎ᠠ ᠪᠦᠬᠦᠢ ᠲᠤᠭᠳᠠᠭᠠᠯ ᠢ ᠵᠢᠷᠤᠮᠯᠠᠵᠤ᠂ ᠲᠠᠮᠠᠬᠢ ᠲᠠᠳᠠᠬᠤ ᠶᠢ ᠬᠢᠵᠠᠭᠠᠷᠯᠠᠬᠤ ᠡᠭᠦᠷᠭᠡ ᠶᠢ ᠲᠣᠯᠤᠭᠠᠶᠢᠯᠠᠨ | ᠬᠦᠢᠴᠡᠳᠭᠡᠪᠡᠯ ᠵᠤᠬᠢᠨ᠎ᠠ᠃ | ᠨᠢᠭᠡᠴᠡ᠂ ᠨᠡᠶᠢᠭᠡᠮ ᠤᠨ ᠵᠤᠬᠢᠶᠠᠨ ᠪᠠᠶᠢᠭᠤᠯᠤᠯᠳᠠ᠂ ᠰᠠᠶᠢᠨ ᠲᠤᠷᠠᠴᠣᠳ ᠤᠨ ᠵᠤᠬᠢᠶᠠᠨ ᠪᠠᠶᠢᠭᠤᠯᠤᠯᠳᠠ | ᠪᠤᠯᠤᠨ ᠬᠤᠪᠢ ᠬᠦᠮᠦᠨ ᠡᠯ᠎ᠡ ᠵᠦᠢᠯ ᠤᠨ ᠬᠡᠯᠪᠡᠷᠢ ᠪᠠᠷ ᠲᠠᠮᠠᠬᠢ ᠲᠠᠳᠠᠬᠤ ᠶᠢ ᠬᠢᠵᠠᠭᠠᠷᠯᠠᠬᠤ ᠠᠵᠢᠯ ᠳᠤ | ᠤᠷᠤᠯᠴᠠᠬᠤ ᠪᠤᠶᠤ ᠲᠡᠮᠵᠢᠬᠦ ᠶᠢ ᠵᠤᠷᠢᠭᠵᠢᠭᠤᠯᠤᠨ᠎ᠠ᠃ | ᠡᠯ᠎ᠡ ᠲᠡᠰ᠂ ᠲᠦᠷᠦᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠲᠠᠮᠠᠭᠢ ᠵᠤᠭᠰᠣᠭᠠᠬᠤ | ᠡᠭᠦᠳᠡᠨ ᠡᠮᠨᠡᠯᠭᠡ ᠪᠠᠶᠢᠭᠤᠯᠵᠤ᠂ ᠲᠠᠮᠠᠬᠢ ᠲᠠᠳᠠᠭᠴᠢᠳ ᠲᠤ ᠲᠠᠮᠠᠭᠢ ᠵᠤᠭᠰᠣᠭᠠᠬᠤ ᠵᠢᠯᠤᠭᠤᠳᠣᠯᠭ᠎ᠠ ᠪᠤᠯᠤᠨ | ᠲᠡᠮᠵᠢᠯᠭᠡ ᠬᠠᠩᠭᠠᠬᠤ ᠶᠢ ᠵᠤᠷᠢᠭᠵᠢᠭᠤᠯᠤᠨ᠎ᠠ᠃ | | ᠠᠷᠪᠠᠳᠣᠭᠠᠷ ᠵᠦᠢᠯ ᠲᠠᠮᠠᠭᠢ ᠲᠠᠳᠠᠬᠤ ᠶᠢ ᠴᠠᠭᠠᠵᠠᠯᠠᠬᠤ ᠲᠠᠯᠠᠪᠤᠷ ᠲᠤ ᠪᠠᠭᠳᠠᠬᠤ ᠨᠢ᠄ | ︵ᠨᠢᠭᠡ︶ ᠨᠢᠯᠬ᠎ᠠ ᠭᠡᠦᠭᠡᠳ ᠠᠰᠠᠷᠠᠬᠤ ᠪᠠᠶᠢᠭᠤᠯᠣᠮᠵᠢ᠂ ᠲᠤᠮᠳᠠᠲᠤ ᠪᠠᠭ᠎ᠠ ᠰᠣᠷᠭᠠᠭᠤᠯᠢ᠂ ᠲᠤᠮᠳᠠ ᠵᠡᠷᠭᠡ | ᠶᠢᠨ ᠠᠵᠢᠯ ᠮᠡᠷᠭᠡᠵᠢᠯ ᠤᠨ ᠰᠣᠷᠭᠠᠭᠤᠯᠢ ᠵᠡᠷᠭᠡ ᠨᠠᠰᠣᠨ ᠳᠤ ᠦᠯᠦ ᠬᠦᠷᠦᠭᠰᠡᠳ ᠢ ᠬᠦᠮᠦᠵᠢᠬᠦᠯᠬᠦ ᠪᠤᠶᠤ | ᠬᠦᠳᠡᠯᠭᠡᠭᠡᠨ ᠬᠢᠳᠡᠭ ᠭᠡᠷ ᠤᠨ ᠳᠣᠲᠤᠷ᠎ᠠ ᠭᠠᠳᠠᠨᠠᠬᠢ ᠤᠷᠤᠨ ᠬᠡᠪᠴᠢᠶ᠎ᠡ︔ | ︵ᠬᠤᠶᠠᠷ︶ ᠡᠯ᠎ᠡ ᠲᠡᠰ ᠡᠯ᠎ᠡ ᠲᠦᠷᠦᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ | ᠲᠦᠯᠦᠪᠯᠡᠭᠡᠲᠦ ᠦᠷᠡᠵᠢᠯ ᠤᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠠᠰᠠᠷᠠᠮᠵᠢ ᠶᠢᠨ ᠬᠦᠷᠢᠶᠡᠯᠡᠩ᠂ | ᠨᠠᠰᠣᠳᠠᠨ ᠤ ᠬᠦᠷᠢᠶᠡᠯᠡᠩ ᠤᠨ ᠬᠡᠷ ᠤᠨ ᠲᠤᠲᠤᠷᠠᠬᠢ ᠤᠷᠤᠨ ᠬᠡᠪᠴᠢᠶ᠎ᠡ︔ | ︵ᠭᠤᠷᠪᠠ︶ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ | ᠪᠦᠯᠬᠦᠮ ᠤᠨ ᠬᠡᠷ ᠤᠨ ᠲᠤᠲᠤᠷᠠᠬᠢ ᠤᠷᠤᠨ ᠬᠡᠪᠴᠢᠶ᠎ᠡ︔ | ︵ᠲᠦᠷᠪᠡ︶ ᠺᠢᠨᠣ᠋ ᠵᠦᠴᠦᠭᠡ ᠶᠢᠨ ᠤᠷᠳᠣᠨ᠂ ᠲᠠᠭᠤᠤ ᠪᠦᠵᠢᠭ ᠵᠤᠭ᠎ᠠ ᠴᠡᠩᠭᠡᠯ ᠤᠨ ᠲᠢᠩᠭᠢᠮ᠂ ᠲᠦᠷᠰᠦ | ᠰᠢᠩᠭᠡᠭᠡᠯᠳᠡ ᠦᠵᠡᠭᠦᠯᠬᠦ ᠲᠢᠩᠬᠢᠮ᠂ ᠨᠠᠭᠠᠲᠤᠮ ᠲᠤᠭᠯᠠᠭᠠᠮ ᠤᠨ ᠲᠢᠩᠬᠢᠮ ︵ᠭᠡᠷ︶ ᠤᠨ ᠬᠡᠷ ᠤᠨ ᠲᠤᠲᠤᠷᠠᠬᠢ | ᠤᠷᠤᠨ ᠬᠡᠪᠴᠢᠶ᠎ᠡ︔ | ︵ᠲᠠᠪᠤ︶ ᠪᠡᠶ᠎ᠡ ᠲᠠᠮᠢᠷ ᠤᠨ ᠤᠷᠳᠣᠨ ᠲᠠᠯᠠᠪᠤᠷ ᠤᠨ ᠬᠡᠷ ᠤᠨ ᠲᠤᠲᠤᠷᠠᠬᠢ ᠤᠷᠤᠨ ᠬᠡᠪᠴᠢᠶ᠎ᠡ ᠵᠢᠴᠢ ᠭᠡᠷ | ᠤᠨ ᠭᠠᠳᠠᠨᠠᠬᠢ ᠦᠵᠡᠭᠴᠢᠳ ᠤᠨ ᠰᠠᠭᠤᠳᠠᠯ᠂ ᠤᠷᠤᠯᠳᠣᠭᠠᠨ ᠤ ᠲᠠᠯᠠᠪᠠᠢ ᠶᠢᠨ ᠭᠠᠵᠠᠷ︔ | ︵ᠵᠢᠷᠭᠤᠭ᠎ᠠ︶ ᠨᠤᠮ ᠤᠨ ᠰᠠᠩ ᠤᠨ ᠣᠩᠰᠢᠯᠭ᠎ᠠ ᠶᠢᠨ ᠦᠷᠦᠭᠡ᠂ ᠲᠠᠩᠰᠠ ᠡᠪᠭᠡᠮᠡᠯ ᠤᠨ ᠰᠠᠩ ︵ᠲᠠᠰᠤᠭ︶ | ᠂ ᠮᠦᠽᠸᠢ᠂ ᠤᠷᠠᠨ ᠵᠢᠷᠤᠭ ᠤᠨ ᠣᠷᠳᠣᠨ᠂ ᠦᠵᠡᠰᠭᠦᠯᠡᠩ ᠤᠨ ᠣᠷᠳᠣᠨ᠂ ᠰᠢᠨᠵᠢᠯᠡᠭᠡ ᠮᠡᠷᠭᠡᠵᠢᠯ ᠤᠨ ᠤᠷᠳᠣᠨ | ᠵᠡᠷᠭᠡ ᠡᠯ᠎ᠡ ᠲᠦᠷᠦᠯ ᠤᠨ ᠨᠡᠶᠢᠳᠡ ᠶᠢᠨ ᠰᠤᠶᠤᠯ ᠤᠨ ᠲᠠᠯᠠᠪᠤᠷ ᠤᠷᠳᠣᠨ ᠤ ᠬᠡᠷ ᠤᠨ ᠲᠤᠲᠤᠷᠠᠬᠢ ᠤᠷᠤᠨ | ᠬᠡᠪᠴᠢᠶ᠎ᠡ︔ | ︵ᠲᠤᠯᠤᠭ᠎ᠠ︶ ᠮᠦᠩᠭᠦᠨ ᠬᠦᠢᠯᠭᠡᠭᠡ᠂ ᠰᠢᠤᠳᠠᠨ᠂ ᠮᠡᠳᠡᠭᠡ ᠬᠤᠯᠪᠤᠭᠠᠨ ᠤ ᠠᠵᠤ ᠠᠬᠤᠶᠢᠯᠠᠯ ᠤᠨ ᠭᠡᠷ ᠤᠨ | ᠲᠤᠲᠤᠷᠠᠬᠢ ᠡᠵᠡᠩᠨᠡᠯᠳᠡ ᠶᠢᠨ ᠲᠠᠯᠠᠪᠤᠷ ᠪᠤᠯᠤᠨ ᠨᠤᠮ ᠤᠨ ᠲᠡᠯᠭᠡᠭᠦᠷ᠂ ᠬᠤᠳᠠᠯᠳᠣᠭᠠᠨ ᠤ ᠲᠠᠯᠠᠪᠤᠷ ︵ᠲᠡᠯᠭᠡᠭᠦᠷ︶᠂ | ᠴᠢᠯᠦᠭᠡᠲᠤ ᠲᠡᠯᠭᠡᠬᠦᠷ ᠤᠨ ᠬᠡᠷ ᠤᠨ ᠲᠤᠲᠤᠷᠠᠬᠢ ᠤᠷᠤᠨ ᠬᠡᠪᠴᠢᠶ᠎ᠡ︔ | ︵ᠨᠠᠢᠮᠠ︶ ᠡᠯ᠎ᠡ ᠲᠦᠷᠦᠯ ᠤᠨ ᠨᠡᠶᠢᠳᠡ ᠶᠢᠨ ᠲᠠᠯᠠᠪᠤᠷ ᠤᠨ ᠴᠠᠭᠢᠯᠭᠠᠨ ᠱᠠᠳᠣᠨ ᠤ ᠲᠤᠲᠤᠷᠠᠭᠢ ᠣᠷᠣᠨ | ᠭᠡᠪᠴᠢᠶ᠎ᠠ︔ | ︵ᠶᠢᠰᠦ︶ ᠠᠶᠠᠨᠴᠢᠳ ᠤᠨ ᠲᠡᠭᠡᠭᠡᠪᠦᠷᠢ ᠶᠢᠨ ᠨᠡᠶᠢᠳᠡ ᠶᠢᠨ ᠮᠠᠰᠢᠨ ᠲᠡᠷᠭᠡ᠂ ᠬᠤᠯᠠ ᠵᠠᠮ ᠤᠨ ᠠᠶᠠᠨ ᠤ | ᠮᠠᠰᠢᠨ ᠲᠡᠷᠭᠡ᠂ ᠴᠠᠭᠢᠯᠭᠠᠨ ᠬᠤᠷᠢᠶᠠᠭᠤᠷ ᠲᠡᠷᠭᠡ᠂ ᠲᠦᠷᠢᠶᠡᠰᠦᠨ ᠮᠠᠰᠢᠨ ᠲᠡᠷᠭᠡ᠂ ᠭᠠᠯᠲᠤ ᠲᠡᠷᠭᠡᠨ ᠤ ᠲᠡᠷᠭᠡᠨ | ᠲᠤᠲᠤᠷ᠎ᠠ ᠵᠢᠴᠢ ᠲᠡᠷᠭᠡ ᠬᠦᠯᠢᠶᠡᠬᠦ ᠬᠢᠭᠡᠳ ᠪᠢᠯᠧᠲ ᠬᠤᠳᠠᠯᠳᠣᠬᠤ ᠬᠡᠷ ᠤᠨ ᠲᠤᠲᠤᠷᠠᠬᠢ ᠤᠷᠤᠨ ᠬᠡᠪᠴᠢᠶ᠎ᠡ︔ | ︵ᠠᠷᠪᠠ︶ ᠤᠢ ᠰᠢᠭᠤᠢ ᠶᠢᠨ ᠲᠠᠯᠠᠪᠠᠢ᠂ ᠤᠶᠢᠲᠤ ᠤᠷᠤᠨ᠂ ᠤᠶᠢᠲᠤ ᠭᠠᠵᠠᠷ︔ | ︵ᠠᠷᠪᠠᠨ ᠨᠢᠭᠡ︶ ᠬᠠᠣᠯᠢ ᠴᠠᠭᠠᠵᠠ᠂ ᠬᠠᠤᠯᠢ ᠲᠦᠷᠢᠮ᠂ ᠲᠦᠷᠢᠮ ᠲᠤᠭᠳᠠᠭᠠᠯ ᠳᠤ ᠲᠤᠭᠳᠠᠭᠠᠭᠰᠠᠨ | ᠪᠤᠰᠣᠳ ᠲᠠᠮᠠᠭᠢ ᠲᠠᠳᠠᠬᠤ ᠶᠢ ᠴᠠᠭᠠᠵᠠᠯᠠᠬᠤ ᠨᠡᠶᠢᠳᠡ ᠶᠢᠨ ᠲᠠᠯᠠᠪᠤᠷ᠃ | ᠬᠡᠷ ᠤᠨ ᠲᠤᠲᠤᠷᠠᠭᠢ ᠤᠷᠤᠨ ᠬᠡᠪᠴᠢᠶ᠎ᠡ ᠪᠤᠯ ᠲᠡᠭᠡᠪᠦᠷ ᠢᠶᠠᠨ ᠪᠦᠳᠡᠭᠦᠦ ᠪᠦᠭᠡᠳ ᠬᠤᠶᠠᠷ ᠲᠠᠯ᠎ᠠ ᠪᠠᠷ ᠢᠶᠠᠨ | ᠬᠡᠷᠡᠮ ᠲᠠᠢ ᠪᠤᠢ ᠪᠦᠬᠦᠢ ᠤᠷᠤᠨ ᠵᠠᠢ ᠶᠢ ᠵᠢᠭᠠᠨ᠎ᠠ᠂ ᠠᠰᠠᠷ ᠤᠨ ᠱᠠᠲᠤ᠂ ᠬᠤᠩᠭᠢᠯ᠂ ᠭᠠᠵᠠᠷ ᠲᠤᠤᠷᠠᠬᠢ ᠵᠠᠮ᠂ | ᠠᠰᠠᠷ ᠤᠨ ᠱᠠᠲᠤ ᠶᠢᠨ ᠲᠠᠰᠤᠭ ᠵᠡᠷᠭᠡ ᠶᠢ ᠪᠠᠭᠳᠠᠭᠠᠨ᠎ᠠ᠃ | ᠬᠤᠳᠠ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠶᠡᠭᠡ ᠬᠡᠯᠪᠡᠷᠢ ᠶᠢᠨ ᠬᠦᠳᠡᠯᠭᠡᠭᠡᠨ ᠤ | ᠬᠡᠷᠡᠭᠴᠡᠭᠡ ᠪᠠᠨ ᠦᠨᠳᠦᠰᠦᠯᠡᠵᠦ᠂ ᠪᠤᠰᠣᠳ ᠨᠡᠶᠢᠳᠡ ᠶᠢᠨ ᠲᠠᠯᠠᠪᠤᠷ ᠤᠨ ᠬᠡᠷ ᠤᠨ ᠭᠠᠳᠠᠨᠠᠬᠢ ᠣᠷᠣᠨ ᠬᠡᠪᠴᠢᠶ᠎ᠡ ᠶᠢ | ᠲᠦᠷ ᠴᠠᠭ ᠤᠨ ᠲᠠᠮᠠᠬᠢ ᠲᠠᠳᠠᠬᠤ ᠶᠢ ᠴᠠᠭᠠᠵᠠᠯᠠᠬᠤ ᠤᠷᠤᠨ ᠬᠡᠪᠴᠢᠶ᠎ᠡ ᠪᠤᠯᠭᠠᠵᠤ ᠪᠤᠯᠤᠨ᠎ᠠ᠃ | | ᠠᠷᠪᠠᠨ ᠨᠢᠭᠡᠳᠦᠭᠡᠷ ᠵᠦᠢᠯ ᠲᠠᠮᠠᠬᠢ ᠲᠠᠲᠠᠬᠤ ᠶᠢ ᠴᠠᠭᠠᠵᠠᠯᠠᠬᠤ ᠲᠠᠯᠠᠪᠤᠷ ᠲᠤ ᠲᠤᠬᠢᠷᠠᠭᠤᠯᠤᠭᠰᠠᠨ | ᠲᠤᠭᠳᠠᠮᠠᠯ ᠲᠠᠮᠠᠭᠢ ᠲᠠᠳᠠᠬᠤ ᠲᠠᠰᠤᠭ ᠪᠤᠶᠤ ᠵᠠᠭᠠᠭᠯᠠᠨ ᠲᠤᠭᠳᠠᠭᠠᠭᠰᠠᠨ ᠲᠤᠭᠳᠠᠮᠠᠯ ᠲᠠᠮᠠᠭᠢ ᠲᠠᠳᠠᠬᠤ ᠤᠷᠤᠨ ᠳᠤ | ᠲᠤᠤᠷᠠᠭᠢ ᠮᠡᠲᠦ ᠲᠤᠭᠳᠠᠭᠠᠯ ᠢ ᠵᠢᠷᠤᠮᠯᠠᠪᠠᠯ ᠵᠤᠬᠢᠨ᠎ᠡ᠄ | ︵ᠨᠢᠭᠡ︶ ᠭᠠᠯ ᠰᠡᠷᠭᠡᠶᠢᠯᠡᠬᠦ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠳᠡᠢ︔ | ︵ᠬᠤᠶᠠᠷ︶ ᠬᠠᠮᠢᠶ᠎ᠡ ᠪᠦᠬᠦᠢ ᠲᠠᠮᠠᠭᠢ ᠲᠠᠳᠠᠬᠤ ᠲᠦᠬᠦᠭᠡᠷᠦᠮᠵᠢ ᠪᠤᠯᠤᠨ ᠢᠯᠡ ᠲᠤᠲᠤᠷᠬᠠᠢ ᠲᠡᠮᠳᠡᠭ | ᠲᠤᠬᠢᠷᠠᠭᠤᠯᠬᠤ ᠬᠡᠷᠡᠭᠳᠡᠢ︔ | ︵ᠭᠤᠷᠪᠠ︶ ᠲᠠᠮᠠᠭᠢ ᠲᠠᠳᠠᠬᠤ ᠶᠢ ᠴᠠᠭᠠᠵᠠᠯᠠᠬᠤ ᠲᠠᠯᠠᠪᠤᠷ ᠯᠤᠭ᠎ᠠ ᠠᠰᠢᠭᠳᠠᠢ ᠵᠠᠭᠠᠭᠯᠠᠬᠤ ᠶᠢᠨ ᠲᠠᠭᠠᠤ᠂ | ᠲᠤᠰᠠᠭᠠᠷᠯᠠᠭᠰᠠᠨ ᠰᠠᠯᠬᠢ ᠨᠡᠪᠳᠡᠷᠡᠭᠦᠯᠬᠦ᠂ ᠠᠭᠠᠷ ᠰᠣᠯᠢᠬᠤ ᠲᠦᠭᠦᠭᠡᠷᠦᠮᠵᠢ ᠤᠭᠰᠠᠷᠠᠬᠤ ᠬᠡᠷᠡᠭᠳᠡᠢ︔ | ︵ᠲᠦᠷᠪᠡ︶ ᠬᠦᠮᠦᠰ ᠴᠤᠭᠯᠠᠷᠠᠭᠰᠠᠨ ᠤᠷᠤᠨ ᠬᠡᠪᠴᠢᠶ᠎ᠡ ᠪᠤᠯᠤᠨ ᠶᠠᠪᠠᠭᠠᠨ ᠬᠦᠮᠦᠨ ᠦᠩᠭᠡᠷᠡᠬᠦ ᠵᠠᠮ ᠠᠴᠠ | ᠵᠠᠶᠢᠳᠠᠭᠰᠠᠨ ᠪᠠᠶᠢᠬᠤ ᠬᠡᠷᠡᠭᠳᠡᠢ᠃ | | ᠠᠷᠪᠠᠨ ᠬᠤᠶᠠᠳᠣᠭᠠᠷ ᠵᠦᠢᠯ ᠲᠠᠮᠠᠭᠢ ᠲᠠᠳᠠᠬᠤ ᠶᠢ ᠴᠠᠭᠠᠵᠠᠯᠠᠬᠤ ᠲᠠᠯᠠᠪᠤᠷ ᠤᠨ ᠪᠠᠶᠢᠭ᠎ᠠ ᠨᠢᠭᠡᠴᠡ ᠶᠢᠨ | ᠬᠠᠣᠯᠢ ᠪᠠᠷ ᠲᠤᠭᠳᠠᠭᠠᠭᠰᠠᠨ ᠲᠦᠯᠦᠭᠡᠨ ᠤ ᠬᠦᠮᠦᠨ ᠪᠤᠶᠤ ᠬᠠᠤᠯᠢ ᠶᠢᠨ ᠡᠷᠭᠡᠳᠡᠨ ᠪᠤᠰᠣ ᠨᠢᠭᠡᠴᠡ ᠶᠢᠨ ᠭᠤᠤᠯ | ᠬᠠᠷᠢᠭᠤᠴᠠᠯᠳᠠᠨ ᠠᠴᠠ ᠲᠤᠰ ᠨᠢᠭᠡᠴᠡ ᠶᠢᠨ ᠲᠠᠮᠠᠭᠢ ᠲᠠᠳᠠᠬᠤ ᠶᠢ ᠬᠢᠵᠠᠭᠠᠷᠯᠠᠬᠤ ᠠᠵᠢᠯ ᠢ ᠪᠦᠬᠦ ᠲᠠᠯ᠎ᠠ ᠪᠠᠷ | ᠬᠠᠷᠢᠭᠤᠴᠠᠨ᠎ᠠ᠃ ᠲᠠᠮᠠᠭᠢ ᠲᠠᠳᠠᠬᠤ ᠶᠢ ᠬᠢᠵᠠᠭᠠᠷᠯᠠᠬᠤ ᠲᠠᠯᠠᠪᠤᠷ ᠤᠨ ᠬᠠᠮᠢᠶᠠᠷᠣᠭᠴᠢ ᠪᠤᠯᠤᠨ ᠡᠵᠡᠩᠨᠡᠭᠴᠢ ᠠᠴᠠ | ᠲᠤᠤᠷᠠᠬᠢ ᠮᠡᠲᠤ ᠬᠠᠮᠢᠠᠶ᠋ᠷᠣᠯᠳᠠ ᠶᠢᠨ ᠡᠭᠦᠷᠭᠡ ᠶᠢ ᠬᠦᠢᠴᠡᠳᠭᠡᠪᠡᠯ ᠵᠤᠬᠢᠨ᠎ᠠ᠄ | ︵ᠨᠢᠭᠡ︶ ᠲᠠᠮᠠᠭᠢ ᠲᠠᠳᠠᠬᠤ ᠶᠢ ᠴᠠᠭᠠᠵᠠᠯᠠᠬᠤ ᠬᠠᠮᠢᠶᠠᠷᠣᠯᠳᠠ ᠶᠢᠨ ᠲᠦᠷᠢᠮ ᠲᠤᠭᠳᠠᠭᠠᠵᠤ᠂ ᠲᠠᠮᠠᠭᠢ | ᠲᠠᠳᠠᠬᠤ ᠶᠢ ᠴᠠᠭᠠᠵᠠᠯᠠᠬᠤ ᠤᠬᠠᠭᠤᠯᠭ᠎ᠠ ᠬᠦᠮᠦᠵᠢᠯ ᠤᠨ ᠠᠵᠢᠯ ᠢ ᠰᠠᠶᠢᠲᠤᠷ ᠬᠢᠨ᠎ᠡ︔ | ︵ᠬᠤᠶᠠᠷ︶ ᠲᠠᠮᠠᠭᠢ ᠲᠠᠳᠠᠬᠤ ᠶᠢ ᠴᠠᠭᠠᠵᠠᠯᠠᠬᠤ ᠤᠷᠤᠨ ᠬᠡᠪᠴᠢᠶᠡᠨ ᠤ ᠢᠯᠡᠭᠡᠨ ᠪᠠᠶᠢᠷᠢᠨ ᠳᠤ ᠨᠢᠭᠡᠳᠦᠯᠳᠡᠢ | ᠲᠠᠮᠠᠭᠢ ᠲᠠᠳᠠᠬᠤ ᠶᠢ ᠴᠠᠭᠠᠵᠠᠯᠠᠬᠤ ᠢᠯᠡᠷᠭᠡᠶᠢᠯᠡᠭᠴᠢ ᠲᠤᠬᠢᠷᠠᠭᠤᠯᠬᠤ ᠬᠡᠷᠡᠭᠳᠡᠢ︔ | ︵ᠭᠤᠷᠪᠠ︶ ᠲᠠᠮᠠᠭᠢ ᠲᠠᠳᠠᠬᠤ ᠶᠢ ᠴᠠᠭᠠᠵᠠᠯᠠᠬᠤ ᠤᠷᠤᠨ ᠬᠡᠪᠴᠢᠶᠡᠨ ᠲᠤᠲᠤᠷ᠎ᠠ ᠲᠠᠮᠠᠭᠢ ᠳᠠᠳᠠᠬᠤ ᠯᠤᠭ᠎ᠠ | ᠬᠤᠯᠪᠤᠭ᠎ᠠ ᠲᠠᠢ ᠪᠠᠭᠠᠵᠢ ᠬᠡᠷᠡᠭᠰᠡᠯ ᠲᠤᠬᠢᠷᠠᠭᠤᠯᠬᠤ ᠦᠭᠡᠢ︔ | ︵ᠲᠦᠷᠪᠡ︶ ᠲᠠᠮᠠᠭᠢ ᠲᠠᠳᠠᠬᠤ ᠶᠢ ᠴᠠᠭᠠᠵᠠᠯᠠᠬᠤ ᠤᠷᠤᠨ ᠬᠡᠪᠴᠢᠶᠡᠨ ᠲᠤᠲᠤᠷ᠎ᠠ ᠲᠠᠮᠠᠭᠢ ᠲᠠᠳᠠᠭᠰᠠᠳ ᠢ | ᠪᠦᠲᠦᠮᠵᠢᠳᠡᠢ ᠠᠷᠭ᠎ᠠ ᠬᠡᠮᠵᠢᠶ᠎ᠡ ᠠᠪᠴᠦ᠂ ᠲᠡᠬᠦᠨ ᠤ ᠲᠠᠮᠠᠭᠢ ᠲᠠᠳᠠᠬᠤ ᠶᠢ ᠵᠤᠭᠰᠣᠭᠠᠬᠤ ᠪᠤᠶᠤ ᠲᠡᠬᠦᠨ ᠢ ᠢᠳᠬᠠᠨ | ᠲᠤᠰ ᠲᠠᠯᠠᠪᠣᠷ ᠠᠴᠠ ᠵᠠᠶᠢᠳᠠᠭᠤᠯᠤᠨ᠎ᠠ᠃ | | ᠠᠷᠪᠠᠨ ᠭᠤᠷᠪᠠᠳᠣᠭᠠᠷ ᠵᠦᠢᠯ ᠠᠯᠢᠪᠠ ᠨᠢᠭᠡᠴᠡ ᠪᠤᠯᠤᠨ ᠬᠤᠪᠢ ᠬᠦᠮᠦᠨ ᠪᠦᠷ ᠲᠠᠮᠠᠭᠢ ᠲᠠᠳᠠᠬᠤ ᠶᠢ | ᠴᠠᠭᠠᠵᠠᠯᠠᠬᠤ ᠤᠷᠤᠨ ᠬᠡᠪᠴᠢᠶᠡᠨ ᠲᠤᠲᠤᠷ᠎ᠠ ᠲᠠᠮᠠᠭᠢ ᠲᠠᠳᠠᠭᠰᠠᠳ ᠢ ᠢᠳᠬᠠᠨ ᠬᠤᠷᠢᠭᠯᠠᠵᠤ ᠪᠤᠯᠤᠨ᠎ᠠ︔ ᠬᠤᠪᠢ | ᠬᠦᠮᠦᠨ ᠲᠠᠮᠠᠭᠢ ᠲᠠᠳᠠᠬᠤ ᠶᠢ ᠴᠠᠭᠠᠵᠠᠯᠠᠬᠤ ᠲᠠᠯᠠᠪᠤᠷ ᠤᠨ ᠡᠵᠡᠩᠨᠡᠭᠴᠢ ᠪᠤᠶᠤ ᠬᠠᠮᠢᠶᠠᠷᠣᠭᠴᠢ ᠶᠢ ᠲᠠᠮᠠᠭᠢ ᠲᠠᠳᠠᠬᠤ | ᠶᠢ ᠴᠠᠭᠠᠵᠠᠯᠠᠬᠤ ᠬᠠᠮᠢᠶᠠᠷᠣᠯᠳᠠ ᠶᠢᠨ ᠡᠭᠦᠷᠬᠡ ᠬᠠᠷᠢᠭᠤᠴᠠᠯᠭ᠎ᠠ ᠪᠠᠨ ᠬᠦᠢᠴᠡᠳᠭᠡᠬᠦ ᠶᠢ ᠱᠠᠭᠠᠷᠳᠠᠬᠤ ᠡᠷᠭᠡ ᠲᠠᠢ᠂ | ᠬᠠᠮᠢᠶᠠᠷᠣᠯᠳᠠ ᠶᠢᠨ ᠡᠭᠦᠷᠬᠡ ᠬᠠᠷᠢᠭᠤᠴᠠᠯᠭ᠎ᠠ ᠪᠠᠨ ᠬᠦᠢᠴᠡᠳᠭᠡᠬᠦ ᠦᠭᠡᠢ ᠪᠤᠯ᠂ ᠲᠤᠰ ᠲᠦᠷᠢᠮ ᠤᠨ ᠵᠢᠷᠭᠤᠳᠣᠭᠠᠷ | ᠵᠦᠢᠯ ᠳᠤ ᠲᠤᠭᠳᠠᠭᠠᠭᠰᠠᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ | ᠢᠯᠡᠴᠢᠯᠡᠨ ᠮᠡᠳᠡᠭᠦᠯᠵᠦ ᠪᠤᠯᠤᠨ᠎ᠠ᠃ ᠬᠠᠮᠢᠶ᠎ᠠ ᠪᠦᠬᠦᠢ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠦᠴᠢᠷ ᠪᠤᠶᠤ ᠠᠵᠢᠯ ᠲᠦᠷᠦᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠢᠯᠡᠴᠢᠯᠡᠨ ᠮᠡᠳᠡᠭᠦᠯᠦᠯᠳᠡ | ᠶᠢ ᠣᠯᠣᠭᠰᠠᠨ ᠤ ᠲᠠᠷᠠᠭ᠎ᠠ ᠬᠦᠯᠢᠶᠡᠨ ᠠᠪᠴᠦ ᠰᠢᠢᠳᠪᠦᠷᠢᠯᠡᠪᠡᠯ ᠵᠤᠬᠢᠨ᠎ᠠ᠃ | | ᠠᠷᠪᠠᠨ ᠲᠦᠷᠪᠡᠳᠦᠭᠡᠷ ᠵᠦᠢᠯ ᠲᠠᠮᠠᠭᠢ ᠲᠠᠳᠠᠬᠤ ᠶᠢ ᠴᠠᠭᠠᠵᠠᠯᠠᠬᠤ ᠤᠷᠤᠨ ᠬᠡᠪᠴᠢᠶᠡᠨ ᠲᠤᠲᠤᠷ᠎ᠠ ᠲᠠᠮᠠᠭᠢ | ᠲᠠᠳᠠᠭᠰᠠᠳ ᠢᠳᠬᠠᠯ ᠬᠤᠷᠢᠭᠯᠠᠯ ᠢ ᠬᠦᠯᠢᠶᠡᠬᠦ ᠦᠭᠡᠢ ᠮᠦᠷᠳᠡᠭᠡᠨ ᠨᠡᠶᠢᠭᠡᠮ ᠤᠨ ᠡᠮᠬᠢ ᠲᠢᠭᠯᠢᠮ ᠢ ᠡᠪᠳᠡᠭᠦ ᠪᠤᠶᠤ | ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠮᠢᠶᠠᠷᠣᠭᠴᠢ ᠶᠢᠨ ᠬᠠᠤᠯᠢ ᠶᠤᠰᠣᠭᠠᠷ ᠠᠯᠪᠠᠨ ᠬᠡᠷᠡᠭ ᠬᠡᠷᠡᠭᠵᠢᠬᠦᠯᠬᠦ ᠶᠢ | ᠬᠦᠯᠢᠶᠡᠬᠦ ᠦᠭᠡᠢ᠂ ᠬᠠᠷᠰᠢᠯᠠᠭᠰᠠᠨ ᠪᠦᠭᠡᠳ ᠬᠠᠣᠯᠢ ᠶᠢ ᠵᠦᠷᠢᠴᠡᠭᠰᠡᠨ ᠪᠠᠶᠢᠪᠠᠯ᠂ ᠲᠤᠲᠤᠭᠠᠲᠤ ᠶᠢᠨ ᠬᠠᠮᠠᠭᠠᠯᠠᠬᠤ | ᠪᠠᠶᠢᠭᠤᠯᠭ᠎ᠠ ᠠᠴᠠ ︽ᠪᠦᠬᠦᠳᠡ ᠨᠠᠶᠢᠷᠠᠮᠳᠠᠬᠤ ᠲᠤᠮᠳᠠᠲᠤ ᠠᠷᠠᠳ ᠤᠯᠤᠰ ᠤᠨ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠰᠢᠢᠳᠬᠡᠵᠦ ᠲᠣᠷᠭᠠᠬᠤ ᠳᠦᠷᠢᠮ︾ ᠢᠶᠠᠷ ᠰᠢᠢᠳᠪᠦᠷᠢᠯᠡᠨ᠎ᠡ︔ ᠶᠡᠯ᠎ᠠ ᠭᠢᠭᠰᠡᠨ ᠳᠤ | ᠲᠤᠭᠠᠴᠠᠭᠰᠠᠳ ᠢ ᠬᠠᠣᠯᠢ ᠶᠤᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠡ᠃ | | ᠠᠷᠪᠠᠨ ᠲᠠᠪᠤᠳᠣᠭᠠᠷ ᠵᠦᠢᠯ ᠬᠠᠤᠯᠢ ᠴᠠᠭᠠᠵᠠ᠂ ᠬᠠᠣᠯᠢ ᠲᠦᠷᠢᠮ ᠳᠤ ᠲᠠᠮᠠᠭᠢ ᠲᠠᠳᠠᠬᠤ ᠶᠢ | ᠬᠢᠵᠠᠭᠠᠷᠯᠠᠬᠤ ᠠᠵᠢᠯ ᠤᠨ ᠲᠤᠬᠠᠢ ᠪᠤᠰᠣᠳ ᠲᠤᠭᠳᠠᠭᠠᠯ ᠲᠠᠢ ᠪᠤᠯ ᠲᠡᠷᠡᠬᠦ ᠲᠤᠭᠳᠠᠭᠠᠯ ᠢ ᠵᠢᠷᠤᠮᠯᠠᠨ᠎ᠠ᠃ | | ᠠᠷᠪᠠᠨ ᠵᠢᠷᠭᠤᠳᠣᠭᠠᠷ ᠵᠦᠢᠯ ᠲᠤᠰ ᠲᠦᠷᠢᠮ ᠤᠨ ᠬᠦᠴᠦᠨ ᠲᠠᠢ ᠬᠤᠭᠤᠴᠠᠭ᠎ᠠ ᠲᠠᠪᠤᠨ ᠵᠢᠯ᠂ ᠬᠦᠴᠦᠨ | ᠲᠠᠢ ᠬᠤᠭᠤᠴᠠᠭ᠎ᠠ ᠬᠦᠷᠦᠮᠡᠭᠴᠡ ᠦᠪᠡᠰᠦᠪᠡᠨ ᠬᠦᠴᠦᠨ ᠦᠭᠡᠢ ᠪᠤᠯᠤᠨ᠎ᠠ᠃ | | ᠠᠷᠪᠠᠨ ᠵᠢᠷᠭᠤᠳᠣᠭᠠᠷ ᠵᠦᠢᠯ ᠲᠤᠰ ᠲᠦᠷᠢᠮ ᠢ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠬᠦᠯᠦᠨ᠎ᠡ᠃ | |