ᠦᠬᠠᠢ ᠬᠤᠳᠠ ᠶᠢᠨ ᠬᠦᠭᠵᠢᠬᠦᠯᠦᠯᠳᠡ ᠬᠢᠭᠡᠳ ᠦᠭᠡᠷᠡᠴᠢᠯᠡᠯᠳᠡ ᠶᠢᠨ ᠵᠦᠪᠯᠡᠯ ᠠᠴᠠ ᠦᠬᠠᠢ ᠬᠤᠳᠠ | ᠶᠢᠨ ᠢᠯᠴᠢ ᠬᠠᠩᠭᠠᠬᠤ ᠦᠪᠡᠷ ᠤᠨ ᠦᠷᠳᠡᠭ ᠢ ᠲᠤᠭᠳᠠᠭᠰᠠᠨ ᠬᠤᠭᠤᠴᠠᠭ᠎ᠠ ᠲᠠᠢ ᠬᠢᠨᠠᠨ ᠰᠢᠯᠭᠠᠭᠰᠠᠨ ᠦᠷ᠎ᠡ | ᠳ᠋ᠦᠩ ᠤᠨ ᠲᠤᠬᠠᠢ ᠠᠯᠪᠠᠨ ᠵᠠᠷᠯᠠᠯ | | ᠤᠯᠤᠰ ᠤᠨ ᠬᠦᠭᠵᠢᠬᠦᠯᠦᠯᠳᠡ ᠬᠢᠭᠡᠳ ᠦᠭᠡᠷᠡᠴᠢᠯᠡᠯᠳᠡ ᠶᠢᠨ ᠵᠦᠪᠯᠡᠯ ᠤᠨ ᠵᠠᠷᠯᠢᠭ ︵8 ᠳ᠋ᠤᠭᠠᠷ ᠲᠣᠭᠠᠲᠤ | ︶ ︽ᠵᠠᠰᠠᠭ ᠤᠨ ᠤᠷᠳᠣᠨ ᠠᠴᠠ ᠲᠤᠭᠳᠠᠭᠠᠭᠰᠠᠨ ᠦᠨ᠎ᠡ ᠶᠢᠨ ᠦᠪᠡᠷ ᠤᠨ ᠦᠷᠳᠡᠭ ᠢ ᠬᠢᠨᠠᠨ ᠰᠢᠯᠭᠠᠬᠤ ᠲᠦᠷᠢᠮ | ︾ ᠪᠤᠯᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ︽ᠵᠠᠰᠠᠭ ᠤᠨ ᠤᠷᠳᠣᠨ ᠠᠴᠠ ᠲᠤᠭᠳᠠᠭᠠᠭᠰᠠᠨ | ᠦᠨ᠎ᠡ ᠬᠠᠩᠰᠢ ᠶᠢᠨ ᠦᠪᠡᠷ ᠤᠨ ᠦᠷᠳᠡᠭ ᠢ ᠬᠢᠨᠠᠨ ᠰᠢᠯᠭᠠᠬᠤ ᠭᠠᠷᠴᠠᠭᠯᠠᠯ︾ ᠢ ᠦᠨᠳᠦᠰᠦᠯᠡᠵᠦ᠂ ᠦᠬᠠᠢ | ᠬᠤᠳᠠ ᠶᠢᠨ ᠬᠦᠭᠵᠢᠬᠦᠯᠦᠯᠳᠡ ᠬᠢᠭᠡᠳ ᠦᠭᠡᠷᠡᠴᠢᠯᠡᠯᠳᠡ ᠶᠢᠨ ᠵᠦᠪᠯᠡᠯ ᠤᠨ ᠦᠨ᠎ᠡ ᠦᠷᠳᠡᠭ ᠢ ᠪᠠᠶᠢᠴᠠᠭᠠᠬᠤ ᠬᠢᠨᠠᠨ | ᠰᠢᠯᠭᠠᠬᠤ ᠲᠤᠪᠴᠢᠶ᠎ᠠ ᠠᠴᠠ ᠦᠬᠠᠢ ᠬᠤᠳᠠ ᠶᠢᠨ ᠢᠯᠴᠢ ᠶᠢᠨ ᠬᠦᠴᠦᠨ ᠤ ᠺᠤᠮᠫᠠᠨᠢ᠂ ᠤᠮᠠᠷᠠᠲᠤ ᠶᠢᠨ | ᠬᠤᠯᠪᠤᠭᠠᠲᠤ ᠴᠠᠬᠢᠯᠭᠠᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠦᠬᠠᠢ ᠶᠢᠨ ᠢᠯᠴᠢ ᠶᠢᠨ | ᠴᠠᠭᠢᠯᠭᠠᠨ ᠤ ᠦᠢᠯᠡᠳᠪᠦᠷᠢ᠂ ᠦᠪᠦᠷ ᠮᠤᠩᠭᠤᠯ ᠤᠨ ᠬᠤᠸᠠ ᠳ᠋ᠢᠶᠠᠨ ᠤ ᠤᠳᠠ ᠶᠢᠨ ᠢᠯᠴᠢ ᠶᠢᠨ ᠴᠠᠭᠢᠯᠭᠠᠨ ᠤ | ᠬᠢᠵᠠᠭᠠᠷᠲᠤ ᠺᠤᠮᠫᠠᠨᠢ ᠵᠢᠴᠢ ᠵᠢᠩ ᠬᠠᠢ ᠨᠡᠬᠦᠷᠡᠰᠦᠨ ᠴᠢᠯᠠᠭᠤᠨ ᠤ ᠴᠠᠭᠢᠯᠭᠠᠨ ᠭᠠᠷᠭᠠᠬᠤ ᠬᠢᠵᠠᠭᠠᠷᠲᠤ | ᠬᠠᠷᠢᠭᠤᠴᠠᠯᠭᠠᠲᠤ ᠺᠤᠮᠫᠠᠨᠢ ᠶᠢᠨ ᠢᠯᠴᠢ ᠬᠠᠩᠭᠠᠬᠤ ᠳᠤ ᠬᠤᠯᠪᠤᠭᠳᠠᠭᠰᠠᠨ ᠦᠪᠡᠷ ᠤᠨ ᠦᠷᠳᠡᠭ ᠲᠤ ᠲᠤᠰ ᠪᠦᠷᠢ | ᠲᠤᠭᠳᠠᠭᠰᠠᠨ ᠬᠤᠭᠤᠴᠠᠭ᠎ᠠ ᠲᠠᠢ ᠬᠢᠨᠠᠨ ᠰᠢᠯᠭᠠᠯᠳᠠ ᠬᠢᠪᠡ᠃ ᠦᠬᠠᠢ ᠬᠤᠳᠠ ᠶᠢᠨ ᠬᠦᠭᠵᠢᠬᠦᠯᠦᠯᠳᠡ ᠬᠢᠭᠡᠳ | ᠦᠭᠡᠷᠡᠴᠢᠯᠡᠯᠳᠡ ᠶᠢᠨ ᠵᠦᠪᠯᠡᠯ ᠠᠴᠠ 2018 ᠤᠨ ᠤ 9 ᠰᠠᠷ᠎ᠠ ᠶᠢᠨ 29 ᠤ ᠡᠳᠦᠷ ᠠᠴᠠ ᠡᠬᠢᠯᠡᠨ ᠦᠪᠡᠷ ᠤᠨ | ᠦᠷᠳᠡᠭ ᠢ ᠬᠢᠨᠠᠨ ᠰᠢᠯᠭᠠᠭᠰᠠᠨ ᠦᠷ᠎ᠡ ᠳ᠋ᠦᠩ ᠢ ᠨᠡᠶᠢᠭᠡᠮ ᠳᠤ ᠢᠯᠡ ᠵᠠᠷᠯᠠᠨ᠎ᠠ᠃ ᠡᠳᠦᠭᠡ ᠵᠠᠷᠯᠠᠯ ᠤᠨ ᠠᠭᠤᠯᠭ᠎ᠠ | ᠨᠢ ᠲᠤᠤᠷᠠᠬᠢ ᠮᠡᠲᠤ᠂ ᠨᠡᠶᠢᠭᠡᠮ ᠤᠨ ᠡᠯ᠎ᠡ ᠡᠳᠡᠭᠡᠳ ᠤᠨ ᠬᠢᠨ ᠠᠴᠠ ᠬᠢᠨᠠᠯᠳᠠ ᠲᠠᠯᠪᠢᠬᠤ ᠶᠢ ᠬᠦᠰᠡᠨ ᠨᠠᠶᠢᠳᠠᠵᠤ | ᠪᠤᠢ᠄ | ᠨᠢᠭᠡ᠂ ᠦᠪᠡᠷ ᠤᠨ ᠦᠷᠳᠡᠭ ᠢ ᠬᠢᠨᠠᠨ ᠰᠢᠯᠭᠠᠭᠰᠠᠨ ᠢᠯᠡ ᠨᠡᠶᠢᠳᠡᠯᠡᠯ ᠤᠨ ᠠᠭᠤᠯᠭ᠎ᠠ | ︵ᠨᠢᠭᠡ︶ ᠦᠬᠠᠢ ᠬᠤᠳᠠ ᠶᠢᠨ ᠢᠯᠴᠢ ᠬᠦᠴᠦᠨ ᠤ ᠺᠤᠮᠫᠠᠨᠢ ᠶᠢᠨ ᠢᠯᠴᠢ ᠬᠠᠩᠭᠠᠬᠤ ᠦᠪᠡᠷ ᠤᠨ | ᠦᠷᠳᠡᠭ ᠢ ᠬᠢᠨᠠᠨ ᠲᠤᠭᠳᠠᠭᠠᠭᠰᠠᠨ ᠳ᠋ᠦᠩᠨᠡᠯᠳᠡ᠄ 2017 ᠤᠨ ᠤ ᠨᠢᠭᠡ ᠵᠢᠯ ᠤᠨ ᠬᠤᠭᠤᠴᠠᠭᠠᠨ ᠳᠤ | ᠬᠠᠩᠭᠠᠭᠰᠠᠨ ᠢᠯᠴᠢ ᠶᠢᠨ ᠨᠢᠭᠡᠴᠢ ᠪᠥᠷᠢ ᠶᠢᠨ ᠦᠪᠡᠷ ᠤᠨ ᠦᠷᠳᠡᠭ ᠨᠢ 19.82 ᠲᠦᠬᠦᠷᠢᠭ / ᠲᠦᠷᠪᠡᠯᠵᠢᠨ | ᠮᠧᠲᠷ ︵ᠭᠠᠶᠢᠯᠢ ᠪᠠᠭᠳᠠᠭᠠᠪᠠᠯ 22 ᠲᠦᠬᠦᠷᠢᠭ / ᠲᠦᠷᠪᠡᠯᠵᠢᠨ ᠮᠧᠲᠷ︶᠃ | ︵ᠬᠤᠶᠠᠷ︶ ᠤᠮᠠᠷᠠᠲᠤ ᠶᠢᠨ ᠬᠤᠯᠪᠤᠭᠠᠲᠤ ᠴᠠᠬᠢᠯᠭᠠᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ | ᠶᠢᠨ ᠦᠬᠠᠢ ᠶᠢᠨ ᠢᠯᠴᠢ ᠶᠢᠨ ᠴᠠᠭᠢᠯᠭᠠᠨ ᠤ ᠦᠢᠯᠡᠳᠪᠦᠷᠢ ᠠᠴᠠ ᠭᠠᠷᠭᠠᠭᠰᠠᠨ ᠢᠯᠴᠢ ᠶᠢᠨ ᠦᠨ᠎ᠡ ᠬᠠᠩᠰᠢ ᠶᠢᠨ | ᠦᠪᠡᠷ ᠤᠨ ᠦᠷᠳᠡᠭ ᠢ ᠬᠢᠨᠠᠨ ᠲᠤᠭᠳᠠᠭᠠᠭᠰᠠᠨ ᠳ᠋ᠦᠩᠨᠡᠯᠳᠡ᠄ 2017 ᠤᠨ ᠤ ᠨᠢᠭᠡ ᠵᠢᠯ ᠤᠨ ᠬᠤᠭᠤᠴᠠᠭᠠᠨ ᠳᠤ | ᠭᠠᠷᠭᠠᠭᠰᠠᠨ ᠢᠯᠴᠢ ᠶᠢᠨ ᠨᠢᠭᠡᠴᠢ ᠪᠥᠷᠢ ᠶᠢᠨ ᠦᠪᠡᠷ ᠤᠨ ᠦᠷᠳᠡᠭ ᠨᠢ 30.03 ᠲᠦᠬᠦᠷᠢᠭ / GJ ︵ᠭᠠᠶᠢᠯᠢ | ᠪᠠᠭᠳᠠᠭᠠᠪᠠᠯ 33.33 ᠲᠦᠬᠦᠷᠢᠭ / GJ︶᠃ | ︵ᠭᠤᠷᠪᠠ︶ ᠦᠪᠦᠷ ᠮᠤᠩᠭᠤᠯ ᠤᠨ ᠬᠤᠸᠠ ᠳ᠋ᠢᠶᠠᠨ ᠤ ᠤᠳᠠ ᠶᠢᠨ ᠢᠯᠴᠢ ᠶᠢᠨ ᠴᠠᠭᠢᠯᠭᠠᠨ ᠤ ᠬᠢᠵᠠᠭᠠᠷᠲᠤ | ᠺᠤᠮᠫᠠᠨᠢ ᠠᠴᠠ ᠭᠠᠷᠭᠠᠭᠰᠠᠨ ᠢᠯᠴᠢ ᠶᠢᠨ ᠦᠨ᠎ᠡ ᠬᠠᠩᠰᠢ ᠶᠢᠨ ᠦᠪᠡᠷ ᠤᠨ ᠦᠷᠳᠡᠭ ᠢ ᠬᠢᠨᠠᠨ ᠲᠤᠭᠳᠠᠭᠠᠭᠰᠠᠨ | ᠳ᠋ᠦᠩᠨᠡᠯᠳᠡ᠄ 2017 ᠤᠨ ᠤ ᠨᠢᠭᠡ ᠵᠢᠯ ᠤᠨ ᠬᠤᠭᠤᠴᠠᠭᠠᠨ ᠳᠤ ᠭᠠᠷᠭᠠᠭᠰᠠᠨ ᠢᠯᠴᠢ ᠶᠢᠨ ᠨᠢᠭᠡᠴᠢ ᠪᠥᠷᠢ ᠶᠢᠨ | ᠦᠪᠡᠷ ᠤᠨ ᠦᠷᠳᠡᠭ ᠨᠢ 29.01 ᠲᠦᠬᠦᠷᠢᠭ / GJ ︵ᠭᠠᠶᠢᠯᠢ ᠪᠠᠭᠳᠠᠭᠠᠪᠠᠯ 32.2 ᠲᠦᠬᠦᠷᠢᠭ / GJ︶᠃ | ︵ᠲᠦᠷᠪᠡ︶ ᠵᠢᠩ ᠬᠠᠢ ᠨᠡᠬᠦᠷᠡᠰᠦᠨ ᠴᠢᠯᠠᠭᠤᠨ ᠤ ᠴᠠᠭᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ | ᠺᠤᠮᠫᠠᠨᠢ ᠠᠴᠠ ᠭᠠᠷᠭᠠᠭᠰᠠᠨ ᠢᠯᠴᠢ ᠶᠢᠨ ᠦᠨ᠎ᠡ ᠬᠠᠩᠰᠢ ᠶᠢᠨ ᠦᠪᠡᠷ ᠤᠨ ᠦᠷᠳᠡᠭ ᠢ ᠬᠢᠨᠠᠨ ᠲᠤᠭᠳᠠᠭᠠᠭᠰᠠᠨ | ᠳ᠋ᠦᠩᠨᠡᠯᠳᠡ᠄ 2015 — 2017 ᠤᠨ ᠤ ᠭᠤᠷᠪᠠᠨ ᠵᠢᠯ ᠤᠨ ᠬᠤᠭᠤᠴᠠᠭᠠᠨ ᠳᠤ ᠲᠡᠭᠰᠢᠳᠭᠬᠡᠨ ᠭᠠᠷᠭᠠᠭᠰᠠᠨ | ᠢᠯᠴᠢ ᠶᠢᠨ ᠨᠢᠭᠡᠴᠢ ᠪᠥᠷᠢ ᠶᠢᠨ ᠦᠪᠡᠷ ᠤᠨ ᠦᠷᠳᠡᠭ ᠨᠢ 21.29 ᠲᠦᠬᠦᠷᠢᠭ / GJ ︵ᠭᠠᠶᠢᠯᠢ ᠪᠠᠭᠳᠠᠭᠠᠪᠠᠯ | 23.63 ᠲᠦᠬᠦᠷᠢᠭ / GJ︶᠃ | ᠬᠤᠶᠠᠷ᠂ ᠦᠪᠡᠷ ᠤᠨ ᠦᠷᠳᠡᠭ ᠢ ᠬᠢᠨᠠᠨ ᠰᠢᠯᠭᠠᠭᠰᠠᠨ ᠦᠷ᠎ᠡ ᠳ᠋ᠦᠩ ᠢ ᠢᠯᠡ ᠨᠡᠶᠢᠳᠡᠯᠡᠬᠦ ᠬᠤᠭᠤᠴᠠᠭ᠎ᠠ | 2018 ᠤᠨ ᠤ 9 ᠰᠠᠷ᠎ᠠ ᠶᠢᠨ 29 ᠤ ᠡᠳᠦᠷ ᠠᠴᠠ 2018 ᠤᠨ ᠤ 10 ᠰᠠᠷ᠎ᠠ ᠶᠢᠨ 13 ᠤ ᠡᠳᠦᠷ᠃ | | ᠭᠤᠷᠪᠠ᠂ ᠦᠪᠡᠷ ᠤᠨ ᠦᠷᠳᠡᠭ ᠢ ᠬᠢᠨᠠᠨ ᠰᠢᠯᠭᠠᠭᠰᠠᠨ ᠦᠷ᠎ᠡ ᠳ᠋ᠦᠩ ᠢ ᠢᠯᠡ ᠨᠡᠶᠢᠳᠡᠯᠡᠬᠦ ᠬᠡᠯᠪᠡᠷᠢ | ᠦᠬᠠᠢ ᠬᠤᠳᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠰᠦᠯᠵᠢᠶ᠎ᠡ᠄ www.wuhai. | gov.cn | ᠦᠬᠠᠢ ᠬᠤᠳᠠ ᠶᠢᠨ ᠬᠦᠭᠵᠢᠬᠦᠯᠦᠯᠳᠡ ᠬᠢᠭᠡᠳ ᠦᠭᠡᠷᠡᠴᠢᠯᠡᠯᠳᠡ ᠶᠢᠨ ᠵᠦᠪᠯᠡᠯ ᠤᠨ ᠰᠦᠯᠵᠢᠶ᠎ᠡ᠄ http: | //fgw.wuhai.gov.cn | ᠦᠬᠠᠢ ᠬᠤᠳᠠ ᠶᠢᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ᠄ | ᠲᠦᠷᠪᠡ᠂ ᠯᠠᠪᠯᠠᠯᠳᠠ ᠶᠢ ᠬᠦᠯᠢᠶᠡᠬᠦ | ᠯᠠᠪᠯᠠᠯᠳᠠ ᠶᠢᠨ ᠲᠤᠰᠬᠠᠢ ᠣᠳᠠᠰᠣ᠄ 0473 — 3959056 | ᠯᠠᠪᠯᠠᠯᠳᠠ ᠶᠢᠨ ᠰᠢᠤᠳᠠᠨ ᠬᠠᠶᠢᠷᠴᠠᠭ᠄ whfgwcbd@163.com | ᠡᠭᠦᠨ ᠤ ᠲᠤᠯᠠ ᠤᠨᠴᠠᠭᠠᠶᠢᠯᠠᠨ ᠵᠠᠷᠯᠠᠪᠠ ᠃ | | 2018 ᠤᠨ ᠤ 9 ᠰᠠᠷ᠎ᠠ ᠶᠢᠨ 29 ᠤ ᠡᠳᠦᠷ | |