| | | | | 2018 ᠣᠨ ᠤ 12 ᠳ᠋ᠤᠭᠠᠷ ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ ᠠᠩᠬᠠᠳᠤᠭᠠᠷ | ᠬᠤᠭᠤᠴᠠᠭᠠᠨ ᠤ ᠦᠬᠠᠢ ᠨᠠᠭᠤᠷ ᠤᠨ ᠮᠦᠰᠦ ᠴᠠᠰᠤᠨ ᠤ ᠵᠤᠭᠠᠴᠠᠯ ᠤᠨ ᠨᠠᠶᠢᠷ ᠦᠬᠠᠢ ᠨᠠᠭᠤᠷ ᠤᠨ ᠬᠦᠪᠡᠭᠡᠨ ᠳᠤ | ᠦᠪᠳᠡᠭᠰᠢ ᠶᠡᠭᠡ ᠪᠠᠷ ᠡᠬᠢᠯᠡᠵᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ᠂ ᠬᠤᠲᠠ ᠶᠢᠨ | ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠭᠤᠤ ᠱᠢ ᠬᠤᠩ᠂ ᠬᠤᠲᠠ ᠶᠢᠨ ᠤᠯᠤᠰ ᠲᠦᠷᠦ | ᠶᠢᠨ ᠵᠦᠪᠯᠡᠯᠭᠡᠨ ᠤ ᠲᠡᠷᠢᠬᠦᠯᠡᠭᠴᠢ ᠸᠠᠩ ᠸᠧᠨ ᠵᠢᠶᠧ ᠡᠬᠢᠯᠡᠯᠲᠡ ᠶᠢᠨ ᠶᠤᠰᠤᠯᠠᠯ ᠳᠤ ᠤᠷᠤᠯᠴᠠᠵᠠᠢ᠃ | ᠲᠤᠰ ᠤᠳᠠᠭᠠᠨ ᠤ ᠳᠤᠮᠳᠠᠳᠤ ᠤᠯᠤᠰ ᠤᠨ ᠦᠬᠠᠢ ᠨᠠᠭᠤᠷ ᠤᠨ ᠮᠦᠰᠦ ᠴᠠᠰᠤᠨ ᠤ ᠵᠤᠭᠠᠴᠠᠯ ᠤᠨ ᠨᠠᠶᠢᠷ | ᠤᠨ ᠰᠢᠷᠢᠰ ᠠᠵᠢᠯᠯᠠᠭ᠎ᠠ 2019 ᠤᠨ ᠤ 3 ᠳ᠋ᠤᠭᠠᠷ ᠰᠠᠷ᠎ᠠ ᠶᠢᠨ 8 ᠤ ᠡᠳᠦᠷ ᠡᠳᠦᠷ ᠪᠤᠯᠲᠠᠯ᠎ᠠ ᠦᠷᠭᠦᠯᠵᠢᠯᠡᠬᠦ | ᠪᠤᠯᠤᠨ᠎ᠠ᠃ ᠮᠦᠰᠦ ᠴᠠᠰᠤᠨ ᠤ ᠵᠤᠭᠠᠴᠠᠯ ᠤᠨ ᠨᠠᠶᠢᠷ ᠤᠨ ᠬᠤᠭᠤᠴᠠᠭᠠᠨ ᠳᠤ᠂ ᠦᠬᠠᠢ ᠨᠠᠭᠤᠷ ᠤᠨ ᠵᠡᠭᠦᠨ ᠡᠷᠭᠢ᠂ | ᠶᠢᠨ ᠱᠠ ᠸᠠᠨ ᠴᠠᠰᠤᠨ ᠳᠤ ᠭᠤᠯᠭᠤᠬᠤ ᠲᠠᠯᠠᠪᠠᠢ᠂ ᠮᠦᠩᠬᠦᠨᠬᠤᠸᠠᠷ ᠴᠠᠰᠤᠨ ᠳᠤ ᠭᠤᠯᠭᠤᠬᠤ ᠲᠠᠯᠠᠪᠠᠢ᠂ | ᠤᠯᠠᠭᠠᠨᠨᠠᠭᠤᠷ ᠤᠨ ᠡᠪᠦᠯ ᠤᠨ ᠠᠩᠨᠠᠯ ᠤᠨ ᠲᠠᠯᠠᠪᠠᠢ ᠵᠡᠷᠭᠡ ᠭᠠᠵᠠᠷ ᠲᠤ ᠦᠬᠠᠢ ᠨᠠᠭᠤᠷ ᠤᠨ ᠡᠪᠦᠯ ᠤᠨ ᠠᠮᠳᠠᠲᠤ | ᠢᠳᠡᠭᠡᠨ ᠤ ᠨᠠᠶᠢᠷ᠂ ᠮᠦᠰᠦᠨ ᠳᠡᠭᠡᠷᠡᠬᠢ ᠯᠤᠤᠲᠤ ᠤᠩᠭᠤᠴᠠ ᠶᠢᠨ ᠤᠷᠤᠯᠳᠤᠭᠠᠨ᠂ ᠬᠠᠶᠢᠷᠤᠪ ᠤᠨ ᠲᠤᠬᠤᠢ | ᠲᠤᠭᠤᠷᠢᠭ ᠤᠨ ︽ᠪᠠᠶᠠᠷᠲᠤ ᠳᠤᠮᠳᠠᠳᠤ ᠶᠢᠨ ᠵᠢᠯ︾ ᠮᠦᠰᠦ ᠴᠠᠰᠤᠨ ᠤ ᠦᠩᠭᠡᠲᠦ ᠳ᠋ᠧᠩ ᠤᠨ ᠪᠠᠶᠠᠷ᠂ ᠬᠠᠶᠢᠨᠠᠨ | ᠲᠤᠭᠤᠷᠢᠭ ᠤᠨ ᠮᠠᠮᠪᠠ ᠷᠠᠰᠠᠩ ᠰᠦᠮ᠎ᠡ ᠶᠢᠨ ᠵᠤᠭᠠᠴᠠᠯ ᠤᠨ ᠨᠠᠶᠢᠷ ᠵᠢᠴᠢ ᠮᠤᠩᠭᠤᠯ ᠦᠨᠳᠦᠰᠦᠲᠡᠨ ᠤ ᠭᠠᠯ | ᠲᠠᠬᠢᠬᠤ ᠶᠤᠰᠤᠯᠠᠯ ᠵᠡᠷᠭᠡ ᠠᠷᠪᠠᠨ ᠲᠦᠷᠦᠯ ᠤᠨ ᠠᠵᠢᠯᠯᠠᠭ᠎ᠠ ᠶᠢ ᠦᠷᠨᠢᠭᠦᠯᠵᠤ᠂ ᠦᠷᠭᠡᠨ ᠤᠯᠠᠨ ᠬᠤᠲᠠ ᠶᠢᠨ | ᠠᠷᠠᠳ ᠲᠤ ᠡᠪᠦᠯ ᠤᠨ ᠤᠯᠠᠷᠢᠯ ᠤᠨ ᠵᠤᠭᠠᠴᠠᠯ ᠰᠡᠯᠡᠭᠦᠴᠡᠯ ᠤᠨ ᠬᠡᠷᠡᠭᠴᠡᠭᠡ ᠶᠢ ᠬᠠᠩᠭᠠᠬᠤ ᠪᠤᠯᠤᠨ᠎ᠠ᠃ | | | | | | | | | | | | | | | | | | | | | | | | | | | | | | | | | | | | | |