ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠪᠣᠬᠢᠷᠲᠤᠯ ᠦᠭᠡᠢ ᠪᠠᠷ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠰᠦᠭᠡᠶ — ᠳᠤᠮᠳᠠᠳᠤ ᠣᠯᠣᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠯᠠᠨᠵᠧᠤ ᠶᠡᠭᠡ ᠰᠤᠷᠭᠠᠭᠤᠯᠢ ᠶᠢᠨ ᠵᠠᠬᠢᠷᠤᠯ ᠶᠠᠨ ᠴᠦᠨ ᠬᠤᠸᠠ ᠶᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2019-10-31

   

     ᠮᠠᠨ ᠤ ᠬᠤᠲᠠ ᠳᠤ ᠡᠷᠬᠢᠯᠡᠭᠰᠡᠨ 2019 ᠤᠨ ᠤ ᠳᠤᠮᠳᠠᠳᠤ ᠣᠯᠣᠰ ᠤᠨ ᠪᠠᠷᠠᠭᠤᠨ ᠬᠡᠰᠡᠭ ᠤᠨ

ᠨᠡᠭᠦᠷᠡᠰᠦᠨ ᠬᠢᠮᠢ ᠶᠢᠨ ᠠᠵᠤ ᠦᠢᠯᠡᠳᠪᠦᠷᠢ ᠶᠢᠨ ᠲᠡᠭᠡᠲᠤ ᠲᠡᠰ ᠤᠨ ᠶᠠᠷᠢᠶᠠᠨ ᠤ ᠲᠠᠪᠴᠠᠩ ᠵᠢᠴᠢ

ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠳᠡᠭᠡᠷ᠎ᠡ᠂ ᠳᠤᠮᠳᠠᠳᠤ

ᠣᠯᠣᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠯᠠᠨᠵᠧᠤ ᠶᠡᠭᠡ ᠰᠤᠷᠭᠠᠭᠤᠯᠢ ᠶᠢᠨ ᠵᠠᠬᠢᠷᠤᠯ

ᠶᠠᠨ ᠴᠦᠨ ᠬᠤᠸᠠ ᠰᠤᠷᠪᠤᠯᠵᠢᠯᠠᠭᠴᠢ ᠳᠤ ᠬᠡᠯᠡᠭᠰᠡᠨ ᠨᠢ᠂ ︽ᠦᠬᠠᠶ ᠶᠢᠨ ᠨᠡᠭᠦᠷᠡᠰᠦ ᠨᠢ ᠶᠠᠰᠤ ᠴᠢᠨᠠᠷ᠂

ᠬᠠᠳᠠᠭᠠᠯᠠᠬᠤ ᠬᠡᠯᠪᠡᠷᠢ᠂ ᠨᠡᠭᠡᠭᠡᠨ ᠮᠠᠯᠲᠠᠬᠤ ᠠᠷᠭ᠎ᠠ ᠮᠠᠶ᠋ᠢᠭ ᠤᠨ ᠲᠠᠯ᠎ᠠ ᠪᠠᠷ ᠥᠪᠡᠷᠮᠢᠴᠡ ᠣᠨᠴᠠᠯᠢᠭ ᠲᠠᠢ᠂ ᠳᠥᠭᠦᠮ

ᠳᠥᠲᠡ ᠴᠢᠨᠠᠷ ᠲᠠᠢ ᠪᠠᠶᠢᠳᠠᠭ᠃ ᠤᠷᠲᠤ ᠬᠤᠭᠤᠴᠠᠭᠠᠨ ᠤ ᠬᠥᠭᠵᠢᠯᠲᠡ ᠪᠠᠷ ᠳᠠᠮᠵᠢᠨ᠂ ᠦᠬᠠᠶ ᠶᠢᠨ ᠨᠡᠭᠦᠷᠡᠰᠦᠨ

ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠨᠢ ᠨᠢᠭᠡᠨᠲᠡ ᠥᠪᠡᠷᠮᠢᠴᠡ

ᠣᠨᠴᠠᠯᠢᠭ ᠲᠠᠢ ᠰᠢᠰᠲ᠋ᠧᠮ ᠢ ᠪᠦᠷᠢᠯᠳᠦᠭᠦᠯᠪᠡ᠃ ᠥᠨᠥᠳᠥᠷ ᠤᠨ ᠬᠤᠷᠠᠯ ᠨᠠᠩ ᠣᠯᠠᠨ ᠰᠢᠨ᠎ᠡ ᠦᠵᠡᠯ ᠰᠠᠨᠠᠭ᠎ᠠ ᠶᠢ

ᠪᠠᠳᠠᠷᠠᠭᠤᠯᠵᠤ᠂ ᠨᠠᠩ ᠣᠯᠠᠨ ᠦᠷ᠎ᠡ ᠪᠦᠲᠦᠮᠵᠢᠲᠡᠶ ᠦᠷ᠎ᠡ ᠪᠦᠲᠦᠭᠡᠯ ᠭᠠᠷᠭᠠᠬᠤ ᠶᠢ ᠬᠦᠰᠡᠵᠦ ᠪᠠᠶᠢᠨ᠎ᠠ︾ ᠬᠡᠵᠡᠢ᠃

     ᠶᠠᠨ ᠴᠦᠨ ᠬᠤᠸᠠ ᠬᠡᠯᠡᠭᠰᠡᠨ ᠨᠢ᠂ ᠨᠡᠭᠦᠷᠡᠰᠦᠨ ᠤ ᠠᠵᠢᠯ ᠲᠥᠷᠥᠯ ᠤᠨ ᠪᠦᠷᠢᠯᠳᠦᠭᠰᠡᠨ ᠰᠢᠰᠲ᠋ᠧᠮ ᠨᠠᠩ

ᠥᠨᠳᠥᠷ ᠪᠦᠲᠦᠮᠵᠢᠲᠡᠶ᠂ ᠪᠣᠬᠢᠷᠲᠤᠯ ᠦᠭᠡᠢ ᠪᠠ ᠪᠦᠬᠦ ᠲᠠᠯ᠎ᠠ ᠶᠢᠨ ᠬᠡᠷᠡᠭᠯᠡᠯᠲᠡ ᠳᠤ ᠬᠠᠨᠳᠤᠬᠤ ᠪᠣᠯ

ᠥᠷᠢᠰᠥᠯᠳᠦᠭᠡᠨ ᠪᠣᠯᠤᠨ ᠠᠵᠠ ᠲᠣᠬᠢᠶᠠᠯ ᠵᠡᠷᠭᠡᠪᠡᠷ ᠣᠷᠣᠰᠢᠵᠤ ᠪᠠᠶᠢᠭ᠎ᠠ ᠶᠤᠮ᠃ ᠡᠨᠡ ᠬᠦ ᠥᠷᠢᠰᠥᠯᠳᠦᠭᠡᠨ ᠨᠢ

ᠠᠵᠤ ᠦᠢᠯᠡᠰ ᠤᠨ ᠲᠤᠰ ᠪᠡᠶ᠎ᠡ ᠶᠢᠨ ᠬᠥᠭᠵᠢᠯᠲᠡ ᠳᠤ ᠲᠤᠯᠭᠠᠷᠠᠭᠰᠠᠨ ᠶᠠᠪᠤᠳᠠᠯ ᠪᠢᠰᠢ᠂ ᠬᠠᠷᠢᠨ ᠠᠵᠤ ᠦᠢᠯᠡᠰ ᠤᠨ

ᠡᠭᠦᠷᠭᠡᠯᠡᠬᠦ ᠨᠡᠶᠢᠭᠡᠮ ᠤᠨ ᠬᠠᠷᠢᠭᠤᠴᠠᠯᠭ᠎ᠠ ᠮᠥᠨ᠂ ᠡᠨᠡ ᠪᠣᠯ ᠳᠠᠷᠤᠶ ᠠᠮᠢ ᠠᠬᠤᠢ ᠶᠢᠨ ᠣᠷᠴᠢᠨ ᠨᠥᠬᠦᠴᠡᠯ ᠢ

ᠬᠠᠮᠠᠭᠠᠯᠠᠬᠤ ᠪᠠ ᠵᠠᠰᠠᠨ ᠰᠡᠷᠭᠦᠭᠡᠬᠦ ᠶᠢᠨ ᠬᠠᠷᠢᠭᠤᠴᠠᠯᠭ᠎ᠠ ᠮᠥᠨ᠃ ᠨᠡᠭᠦᠷᠡᠰᠦ ᠶᠢ ᠬᠡᠷᠬᠢᠨ ᠪᠣᠬᠢᠷᠲᠤᠯ ᠦᠭᠡᠢ᠂

ᠥᠨᠳᠥᠷ ᠪᠦᠲᠦᠮᠵᠢᠲᠡᠶ ᠬᠡᠷᠡᠭᠯᠡᠵᠦ ᠴᠢᠳᠠᠬᠤ ᠪᠤᠢ ᠭᠡᠳᠡᠭ ᠨᠢ ᠪᠢᠳᠡᠨ ᠳᠤ ᠠᠪᠴᠤ ᠬᠡᠯᠡᠪᠡᠯ ᠨᠢᠭᠡᠨ ᠴᠢᠬᠤᠯᠠ ᠰᠡᠳᠦᠪ

ᠪᠣᠯᠤᠨ᠎ᠠ ᠬᠡᠵᠡᠢ᠃

     ᠶᠠᠨ ᠴᠦᠨ ᠬᠤᠸᠠ ᠰᠠᠨᠠᠭᠤᠯᠤᠭᠰᠠᠨ ᠨᠢ᠂ ᠨᠡᠭᠦᠷᠡᠰᠦ ᠪᠠᠷ ᠪᠠᠶᠢᠭᠤᠯᠤᠭᠰᠠᠨ᠂ ᠨᠡᠭᠦᠷᠡᠰᠦ ᠪᠠᠷ ᠬᠥᠭᠵᠢᠭᠰᠡᠨ

ᠦᠬᠠᠶ ᠶᠢ ᠣᠯᠣᠰ ᠤᠨ ᠳᠣᠲᠣᠭᠠᠳᠤ ᠭᠠᠳᠠᠭᠠᠳᠤ ᠶᠢᠨ ᠶᠡᠭᠡ ᠲᠡᠭᠡᠲᠤ ᠰᠤᠷᠭᠠᠭᠤᠯᠢ᠂ ᠰᠢᠨᠵᠢᠯᠡᠬᠦ ᠤᠬᠠᠭᠠᠨ ᠤ

ᠰᠤᠳᠤᠯᠭᠠᠨ ᠤ ᠬᠦᠷᠢᠶᠡᠯᠡᠩ ᠭᠠᠵᠠᠷ ᠤᠨ ᠬᠢᠨ ᠢᠳᠡᠭ ᠢᠳᠡᠭ ᠢᠶᠠᠷ ᠨᠠᠶᠢᠳᠠᠪᠤᠷᠢᠵᠢᠭᠤᠯᠤᠨ ᠬᠤᠪᠢᠷᠠᠭᠤᠯᠵᠤ᠂ ᠦᠷ᠎ᠡ

ᠪᠦᠲᠦᠭᠡᠯ ᠢᠶᠠᠨ ᠬᠤᠪᠢᠷᠠᠭᠤᠯᠬᠤ ᠶᠠᠪᠤᠴᠠ ᠳᠤ ᠪᠠᠰᠠ ᠥᠪᠡᠷ ᠤᠨ ᠰᠤᠳᠤᠯᠤᠨ ᠨᠡᠭᠡᠭᠡᠬᠦ ᠰᠢᠰᠲ᠋ᠧᠮ ᠢ ᠪᠠᠶᠢᠭᠤᠯᠵᠤ᠂

ᠰᠢᠨ᠎ᠡ ᠶᠢ ᠡᠭᠦᠳᠬᠦ ᠰᠤᠳᠤᠯᠭᠠᠨ ᠤ ᠪᠠᠶᠢᠭᠤᠯᠤᠮᠵᠢ ᠪᠤᠶᠤ ᠰᠤᠳᠤᠯᠭᠠᠨ ᠤ ᠲᠠᠪᠴᠠᠩ ᠢ ᠪᠠᠶᠢᠭᠤᠯᠬᠤ ᠬᠡᠷᠡᠭᠲᠡᠶ᠃

ᠯᠠᠨᠵᠧᠤ ᠶᠡᠭᠡ ᠰᠤᠷᠭᠠᠭᠤᠯᠢ ᠶᠢᠨ ᠦᠬᠠᠶ ᠶᠢᠨ ᠮᠡᠷᠭᠡᠵᠢᠯ ᠢ ᠰᠢᠯᠵᠢᠭᠦᠯᠬᠦ ᠲᠥᠪ ᠪᠣᠯ ᠳᠠᠷᠤᠶ ᠬᠡᠷᠡᠭᠵᠢᠬᠦᠯᠵᠦ

ᠡᠭᠢᠯᠡᠭᠰᠡᠨ ᠠᠩᠬᠠᠨ ᠤ ᠠᠯᠬᠤᠮ ᠪᠣᠯᠤᠨ᠎ᠠ᠂ ᠬᠤᠶᠢᠰᠢᠳᠠ ᠨᠠᠩ ᠣᠯᠠᠨ ᠰᠤᠳᠤᠯᠭᠠᠨ ᠤ ᠬᠦᠷᠢᠶᠡᠯᠡᠩ ᠢ ᠦᠬᠠᠶ ᠳᠤ

ᠰᠠᠭᠤᠷᠢᠰᠢᠭᠤᠯᠵᠤ᠂ ᠪᠦᠬᠦᠶᠢᠯᠡ ᠬᠠᠳᠤᠨ ᠭᠤᠤᠯ ᠤᠨ ᠲᠡᠭᠡᠲᠤ ᠳᠤᠮᠳᠠ ᠳᠣᠣᠷᠠᠳᠤ ᠤᠷᠤᠰᠬᠠᠯ ᠤᠨ ᠨᠡᠭᠦᠷᠡᠰᠦᠨ ᠤ

ᠠᠵᠤ ᠦᠢᠯᠡᠰ ᠢ ᠡᠮᠬᠢ ᠵᠢᠷᠤᠮ ᠲᠠᠢ ᠪᠥᠭᠡᠳ ᠥᠨᠳᠥᠷ ᠪᠦᠲᠦᠮᠵᠢᠲᠡᠶ ᠲᠦᠷᠭᠡᠨ ᠬᠥᠭᠵᠢᠭᠦᠯᠬᠦ ᠶᠢ ᠪᠢ ᠢᠲᠡᠭᠡᠵᠦ

ᠪᠠᠶᠢᠨ᠎ᠠ ᠬᠡᠵᠡᠢ᠃

     ︽ᠬᠠᠳᠤᠨ ᠭᠤᠤᠯ ᠯᠠᠨᠵᠧᠤ ᠶᠡᠭᠡ ᠰᠤᠷᠭᠠᠭᠤᠯᠢ ᠪᠣᠯᠤᠨ ᠦᠬᠠᠶ ᠶᠢ ᠨᠢᠭᠲᠠ ᠬᠤᠯᠪᠣᠵᠤ᠂ ᠬᠠᠳᠤᠨ

ᠭᠤᠤᠯ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠣᠯ ᠮᠠᠨ ᠤ ᠬᠥᠭᠵᠢᠯᠲᠡ ᠶᠢᠨ ᠴᠢᠭᠯᠡᠯ ᠮᠥᠨ᠂

ᠡᠶᠢᠮᠦᠷᠬᠦ ᠬᠠᠷᠢᠭᠤᠴᠠᠯᠭᠠᠲᠤ ᠰᠡᠳᠬᠢᠯᠭᠡ ᠪᠠᠷ ᠦᠢᠯᠡᠳᠬᠦᠨ ᠢ ᠨᠡᠭᠡᠭᠡᠨ ᠬᠥᠭᠵᠢᠭᠦᠯᠵᠦ᠂ ᠠᠵᠤ ᠦᠢᠯᠡᠰ ᠢ

ᠬᠥᠭᠵᠢᠭᠦᠯᠦᠭᠰᠡᠨ ᠠᠴᠠ ᠠᠶᠠᠨᠳᠠᠭᠠᠨ ᠦᠷ᠎ᠡ ᠬᠤᠶᠢᠴᠢᠰ ᠤᠨ ᠢᠶᠠᠨ ᠤᠴᠢᠷ ᠶᠠᠪᠤᠳᠠᠯ ᠢ ᠪᠣᠳᠣᠯᠬᠢᠯᠠᠵᠤ᠂ ᠠᠮᠢ

ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠯᠲᠡ ᠶᠢ ᠮᠠᠨ ᠤ ᠨᠡᠭᠦᠷᠡᠰᠦᠨ ᠬᠢᠮᠢ ᠶᠢᠨ ᠠᠵᠤ

ᠦᠢᠯᠡᠳᠪᠦᠷᠢ ᠶᠢᠨ ᠥᠨᠳᠥᠷ ᠪᠦᠲᠦᠮᠵᠢᠲᠡᠶ᠂ ᠪᠣᠬᠢᠷᠲᠤᠯ ᠦᠭᠡᠢ ᠬᠥᠭᠵᠢᠯᠲᠡ ᠲᠠᠢ ᠨᠢᠭᠡ ᠴᠣᠭᠴᠠ ᠪᠤᠯᠭᠠᠪᠠᠯ

ᠵᠤᠬᠢᠨ᠎ᠠ︾ ᠭᠡᠵᠡᠶ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号