ᠨᠡᠭᠦᠷᠡᠰᠦᠨ ᠬᠢᠮᠢ ᠶᠢᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠣᠯᠤᠨ ᠠᠵᠤ ᠦᠢᠯᠡᠰ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠶᠠᠪᠤᠭᠳᠠᠪᠠ
ᠨᠡᠶᠢᠲᠡᠯᠡᠭᠰᠡᠨ ᠴᠠᠭ᠄
2019-10-31
     10 ᠰᠠᠷ᠎ᠠ ᠶᠢᠨ 30 ᠤ ᠡᠳᠦᠷ᠂ 2019 ᠤᠨ ᠤ ᠳᠤᠮᠳᠠᠳᠤ ᠣᠯᠣᠰ ᠤᠨ ᠪᠠᠷᠠᠭᠤᠨ ᠣᠷᠣᠨ ᠤ ᠨᠡᠭᠦᠷᠡᠰᠦᠨ ᠬᠢᠮᠢ ᠶᠢᠨ ᠠᠵᠤ ᠦᠢᠯᠡᠳᠪᠦᠷᠢ ᠶᠢᠨ ᠲᠡᠭᠡᠲᠤ ᠲᠡᠰ ᠤᠨ ᠶᠠᠷᠢᠶᠠᠨ ᠤ ᠲᠠᠪᠴᠠᠩ ᠵᠢᠴᠢ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ · ᠨᠡᠭᠦᠷᠡᠰᠦᠨ ᠬᠢᠮᠢ ᠶᠢᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠮᠠᠨ ᠤ ᠬᠤᠲᠠ ᠳᠤ ᠶᠠᠪᠤᠭᠳᠠᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠳᠡᠳ᠋ ᠬᠤᠳᠠ ᠶᠢᠨ ᠳᠠᠷᠤᠭ᠎ᠠ ᠴᠢᠤᠸᠠᠨ ᠵᠢᠤᠸᠠᠢ ᠮᠢᠨ ᠣᠷᠣᠯᠴᠠᠪᠠ᠃      ᠶᠠᠷᠢᠶᠠᠨ ᠤ ᠲᠠᠪᠴᠠᠩ ᠳᠡᠭᠡᠷ᠎ᠡ᠂ ᠣᠯᠣᠰ ᠤᠨ ᠳᠣᠲᠣᠭᠠᠳᠤ ᠶᠢᠨ ᠨᠡᠭᠦᠷᠡᠰᠦᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶ᠎ᠡ ᠴᠠᠷᠠᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠠᠴᠠ ᠢᠷᠡᠭᠰᠡᠨ ᠲᠤᠰᠬᠠᠶ ᠮᠡᠷᠭᠡᠵᠢᠯᠲᠡᠨ᠂ ᠡᠷᠳᠡᠮᠲᠡᠳ ︽ᠨᠡᠭᠦᠷᠡᠰᠦᠨ ᠬᠢᠮᠢ ᠶᠢᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠥᠭᠵᠢᠯᠲᠡ︾ ᠭᠡᠬᠦ ᠭᠤᠤᠯ ᠰᠡᠳᠦᠪ ᠤᠨ ᠲᠣᠭᠤᠷᠢᠨ ᠳᠤ᠂ ᠪᠠᠷᠠᠭᠤᠨ ᠣᠷᠣᠨ ᠤ ᠨᠡᠭᠦᠷᠡᠰᠦᠨ ᠬᠢᠮᠢ ᠶᠢᠨ ᠠᠵᠤ ᠦᠢᠯᠡᠳᠪᠦᠷᠢ ᠶᠢᠨ ᠬᠥᠭᠵᠢᠯᠲᠡ ᠶᠢᠨ ᠰᠡᠳᠬᠢᠴᠡ᠂ ᠬᠡᠤᠷᠰᠢᠭᠦᠯᠬᠦ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠮᠡᠷᠭᠡᠵᠢᠯ ᠤᠨ ᠱᠤᠭᠤᠮ᠂ ᠨᠡᠭᠦᠷᠡᠰᠦ ᠶᠢ ᠥᠨᠳᠥᠷ ᠦᠷ᠎ᠡ ᠪᠦᠲᠦᠮᠵᠢᠲᠡᠶ ᠬᠦᠬᠦᠷ ᠦᠬᠡᠶᠢᠳᠡᠭᠦᠯᠦᠨ ᠴᠡᠪᠡᠷᠵᠢᠭᠦᠯᠬᠦ ᠵᠢᠴᠢ ᠪᠣᠬᠢᠷᠲᠤᠯ ᠭᠠᠳᠠᠭᠰᠢᠯᠠᠭᠤᠯᠬᠤ ᠮᠡᠷᠭᠡᠵᠢᠯ᠂ ᠨᠡᠭᠦᠷᠡᠰᠦᠨ ᠬᠢᠮᠢ ᠶᠢᠨ ᠠᠵᠤ ᠦᠢᠯᠡᠳᠪᠦᠷᠢ ᠵᠢᠴᠢ ᠲᠣᠨᠤᠭ ᠲᠥᠬᠦᠭᠡᠷᠦᠮᠵᠢ ᠶᠢ ᠤᠯᠤᠰᠴᠢᠯᠠᠨ ᠦᠢᠯᠡᠳᠪᠦᠷᠢᠯᠡᠵᠤ ᠰᠤᠳᠤᠯᠤᠨ ᠨᠡᠭᠡᠭᠡᠬᠦ᠂ ᠮᠠᠨ ᠤ ᠣᠯᠣᠰ ᠤᠨ ᠬᠡᠤᠷᠰᠢᠭᠦᠯᠬᠦ ᠠᠵᠢᠯ ᠲᠥᠷᠥᠯ ᠤᠨ ᠣᠳᠣᠬᠢ ᠪᠠᠶᠢᠳᠠᠯ ᠵᠢᠴᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠢᠷᠡᠭᠡᠳᠦᠶ ᠶᠢᠨ ᠲᠥᠰᠦᠭᠡᠯᠡᠯᠲᠡ᠂ ᠬᠡᠦᠷᠰᠢᠬᠦᠯᠦᠯᠳᠡ ᠶᠢᠨ V O C s ᠤᠨ ᠣᠷᠭᠠᠨᠢᠭ ᠬᠠᠶᠠᠭᠳᠠᠮᠠᠯ ᠬᠡᠢ ᠭᠠᠳᠠᠭᠰᠢᠯᠠᠭᠤᠯᠬᠤ ᠦᠭᠡᠢ ᠪᠣᠯᠭᠠᠨ ᠵᠠᠰᠠᠬᠤ᠂ ᠬᠡᠤᠷᠰᠢᠭᠦᠯᠬᠦ ᠵᠤᠤᠬ᠎ᠠ ᠶᠢᠨ ᠤᠳᠤᠭ᠎ᠠ ᠬᠡᠢ ᠬᠦᠬᠦᠷ ᠱᠣ᠋ ᠶᠢ ᠬᠠᠭᠤᠷᠠᠢ ᠠᠷᠭ᠎ᠠ ᠪᠠᠷ ᠬᠡᠲᠤ ᠴᠡᠪᠡᠷᠰᠢᠬᠦᠯᠬᠦ ᠤᠷᠠᠯᠠᠯ ᠤᠨ ᠮᠡᠷᠭᠡᠵᠢᠯ ᠢ ᠨᠡᠭᠡᠭᠡᠬᠦ᠂ ᠬᠡᠦᠷᠰᠢᠬᠦᠯᠦᠯᠳᠡ ᠶᠢᠨ ᠠᠵᠢᠯ ᠦᠢᠯᠡᠰ ᠤᠨ ᠪᠤᠬᠢᠷᠳᠠᠯ ᠤᠨ ᠪᠤᠳᠠᠰ ᠢ ᠬᠡᠲᠤ ᠲᠤᠤᠷ᠎ᠠ ᠭᠠᠳᠠᠭᠰᠢᠭᠤᠯᠬᠤ ᠵᠡᠷᠭᠡ ᠲᠠᠯ᠎ᠠ ᠪᠠᠷ ᠲᠤᠰᠬᠠᠢ ᠰᠡᠳᠦᠪᠲᠤ ᠮᠡᠳᠡᠭᠦᠯᠦᠯᠲᠡ ᠬᠢᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号