ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠣᠭᠠᠷ ᠣᠳᠠᠭᠠᠨ ᠤ ᠪᠠᠶᠢᠩᠭᠤ ᠶᠢᠨ ᠬᠤᠷᠠᠯ ᠵᠢᠴᠢ ᠲᠤᠰᠬᠠᠶ ᠰᠡᠳᠦᠪᠲᠦ ᠵᠦᠪᠯᠡᠯᠭᠡᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-10-31
     10 ᠰᠠᠷ᠎ᠠ ᠶᠢᠨ 30 ᠤ ᠡᠳᠦᠷ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠠᠷᠪᠠᠨ ᠬᠤᠶᠠᠳᠣᠭᠠᠷ ᠣᠳᠠᠭᠠᠨ ᠤ ᠪᠠᠶᠢᠩᠭᠤ ᠶᠢᠨ ᠬᠤᠷᠠᠯ ᠵᠢᠴᠢ ᠲᠤᠰᠬᠠᠶ ᠰᠡᠳᠦᠪᠲᠦ ᠵᠦᠪᠯᠡᠯᠭᠡᠨ ᠤ ᠬᠤᠷᠠᠯ ᠬᠤᠷᠠᠯᠳᠤᠵᠤ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠳᠡᠳ᠋ ᠲᠡᠷᠢᠭᠦᠯᠡᠭᠴᠢ ᠸᠠᠩ ᠬᠤᠸᠠ ᠹᠧᠩ᠂ ᠺᠠᠩ ᠸᠧᠨ ᠱᠧᠩ᠂ ᠵᠠᠩ ᠵᠢᠶᠠᠨ ᠭᠦᠸᠧ᠂ ᠰᠦᠩ ᠰᠢᠶᠣᠤ ᠴᠦᠨ᠂ ᠹᠦ᠋ ᠲᠢᠩ ᠯᠢᠨ᠂ ᠸᠠᠩ ᠶᠢᠦ ᠵᠢᠶᠦ᠋ᠨ᠂ ᠳ᠋ᠢᠩ ᠢ᠂ ᠸᠠᠩ ᠰᠢᠶᠠᠨ ᠭᠠᠩ᠂ ᠨᠠᠷᠢᠨ ᠪᠢᠴᠢᠭ ᠤᠨ ᠳᠠᠷᠤᠭ᠎ᠠ ᠰᠢᠤᠢ ᠪᠢᠨ ᠵᠢᠴᠢ 47 ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃      ᠬᠤᠷᠠᠯ ᠠᠴᠠ ︽ᠰᠢᠨ᠎ᠡ ᠴᠠᠭ ᠦᠶ᠎ᠡ ᠳᠤ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠳᠤᠮᠳᠠᠳᠤ ᠣᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠯ︾ ᠢ ᠤᠯᠠᠮᠵᠢᠯᠠᠨ ᠰᠤᠷᠤᠯᠴᠠᠵᠤ᠂ ︽ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠶᠢᠮᠠᠭ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠯᠤᠭ᠎ᠠ ᠶᠢᠨ ᠬᠠᠷᠢᠯᠴᠠᠭ᠎ᠠ ᠪᠠ ᠵᠢᠯᠣᠭᠤᠳᠣᠯᠭ᠎ᠠ ᠶᠢ ᠴᠢᠩᠭᠠᠳᠬᠠᠬᠤ ᠲᠤᠬᠠᠶ ᠰᠠᠨᠠᠯ︾ ᠢ ᠪᠢᠴᠢᠭ ᠤᠨ ᠬᠡᠯᠪᠡᠷᠢ ᠪᠠᠷ ᠤᠯᠠᠮᠵᠢᠯᠠᠵᠤ᠂ ᠬᠠᠮᠢᠶ᠎ᠠ ᠪᠦᠬᠦᠢ ᠠᠵᠢᠯᠲᠠᠨ ᠤ ᠶᠠᠪᠤᠳᠠᠯ ᠤᠨ ᠵᠦᠢᠯᠡᠰ ᠢ ᠬᠢᠨᠠᠨ ᠵᠥᠪᠯᠡᠵᠦ ᠪᠠᠲᠤᠯᠠᠨ᠂ ᠲᠣᠰ ᠣᠳᠠᠭᠠᠨ ᠤ ᠲᠤᠰᠬᠠᠶ ᠰᠡᠳᠦᠪᠲᠦ ᠬᠤᠷᠠᠯ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ︽ᠮᠠᠨ ᠤ ᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ᠶᠢ ᠵᠠᠷᠯᠠᠨ ᠮᠡᠳᠡᠭᠳᠡᠵᠦ᠂ ᠬᠡᠰᠡᠭ ᠭᠡᠰᠢᠭᠦᠳ ᠵᠢᠴᠢ ᠬᠤᠲᠠ᠂ ᠲᠤᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠶᠠᠷᠢᠶ᠎ᠠ ᠲᠠᠯᠪᠢᠪᠠ᠃      ᠸᠠᠩ ᠸᠧᠨ ᠵᠢᠶᠧ ᠵᠢᠭᠠᠵᠤ ᠭᠠᠷᠭᠠᠭᠰᠠᠨ ᠨᠢ᠂ ᠡᠨᠡ ᠣᠳᠠᠭᠠᠨ ᠤ ᠲᠤᠰᠬᠠᠶ ᠰᠡᠳᠦᠪᠲᠦ ᠵᠥᠪᠳᠡᠯᠴᠡᠭᠡ ᠨᠢ ᠪᠠᠶᠢᠳᠠᠯ ᠢ ᠨᠢ ᠤᠶᠢᠯᠠᠭᠠᠵᠤ᠂ ᠠᠰᠠᠭᠤᠳᠠᠯ ᠢ ᠨᠢ ᠣᠨᠣᠪᠴᠢᠳᠠᠢ ᠢᠯᠡᠷᠡᠭᠦᠯᠵᠦ᠂ ᠰᠢᠯᠲᠠᠭᠠᠨ ᠢ ᠨᠢ ᠵᠠᠳᠠᠯᠵᠤ᠂ ᠴᠢᠭᠯᠡᠯ ᠢ ᠨᠢ ᠲᠣᠳᠣᠷᠬᠠᠶᠢᠯᠠᠵᠤ᠂ ᠬᠠᠮᠲᠤ ᠶᠢᠨ ᠲᠠᠨᠢᠯᠲᠠ ᠶᠢ ᠨᠢ ᠨᠡᠮᠡᠭᠳᠡᠭᠦᠯᠵᠦ᠂ ᠵᠢᠱᠢᠭᠰᠡᠨ ᠦᠷ᠎ᠡ ᠪᠦᠲᠦᠮᠵᠢ ᠳᠤ ᠬᠦᠷᠴᠦ᠂ ᠰᠠᠶᠢᠨ ᠦᠷ᠎ᠡ ᠪᠦᠲᠦᠮᠵᠢ ᠣᠯᠤᠭᠰᠠᠨ ᠪᠣᠯᠬᠤᠷ ᠮᠠᠨ ᠤ ᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠵᠦ᠂ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠨᠢ ᠯᠠᠪᠲᠠᠶ ᠶᠤᠮ ᠬᠡᠵᠡᠢ᠃      ᠸᠠᠩ ᠸᠧᠨ ᠵᠢᠶᠧ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠡᠭᠦᠷᠭᠡ ᠬᠠᠷᠢᠭᠤᠴᠠᠯᠭ᠎ᠠ ᠪᠠᠨ ᠦᠨᠡᠨᠬᠦ ᠴᠢᠩᠭᠠᠳᠬᠠᠵᠤ᠂ ᠪᠦᠬᠦ ᠬᠤᠲᠠ ᠶᠢᠨ ᠲᠡᠭᠡᠲᠤ ᠳᠣᠣᠷᠠᠳᠤ ᠱᠠᠲᠤ ᠪᠠᠷ ᠢᠶᠠᠨ ᠡᠷᠬᠡᠪᠰᠢ ᠦᠵᠡᠯ ᠰᠠᠨᠠᠭ᠎ᠠ ᠪᠠᠨ ᠨᠢᠭᠡᠳᠬᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠪᠦᠬᠦ ᠬᠤᠲᠠ ᠶᠢᠨ ᠬᠦᠴᠦᠨ ᠢ ᠳᠠᠶᠢᠴᠢᠯᠠᠵᠤ᠂ ᠠᠷᠠᠳ ᠲᠦᠮᠡᠨ ᠳᠤ ᠬᠠᠷᠢᠭᠤᠴᠠᠬᠤ᠂ ᠲᠡᠤᠬᠡ ᠳᠤ ᠬᠠᠷᠢᠭᠤᠴᠠᠬᠤ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠷ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠶ᠃ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠨᠢ ᠲᠥᠯᠥᠭᠡᠯᠡᠬᠦ ᠴᠢᠨᠠᠷ ᠢᠶᠠᠷ ᠴᠢᠩᠭ᠎ᠠ᠂ ᠬᠠᠷᠢᠯᠴᠠᠬᠤ ᠬᠡᠪᠴᠢᠶ᠎ᠡ ᠪᠠᠷ ᠥᠷᠭᠡᠨ᠂ ᠳᠠᠭᠠᠭᠠᠨ ᠠᠪᠬᠤ ᠬᠡᠪᠴᠢᠶ᠎ᠡ ᠪᠠᠷ ᠴᠢᠩᠭ᠎ᠠ ᠪᠠᠶᠢᠳᠠᠭ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠯᠤᠰ ᠲᠥᠷᠦ ᠶᠢᠨ ᠵᠥᠪᠯᠡᠯᠭᠡᠨ ᠤ ᠡᠯ᠎ᠡ ᠡᠳᠡᠭᠡᠳ᠂ ᠭᠡᠰᠢᠭᠦᠳ ᠤᠨ ᠲᠤᠰᠬᠠᠢ ᠮᠡᠷᠭᠡᠵᠢᠯ ᠪᠠ ᠣᠶᠤᠨ ᠤ ᠡᠬᠢ ᠪᠠᠶᠠᠯᠢᠭ ᠢ ᠬᠤᠷᠠᠮᠳᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠦᠨᠴᠡ᠂ ᠦᠷᠭᠡᠴᠡ᠂ ᠬᠡᠮᠵᠢᠶ᠎ᠡ ᠳᠡᠭᠡᠷ᠎ᠡ ᠬᠦᠴᠦ ᠲᠠᠯᠪᠢᠵᠤ᠂ ᠨᠠᠩ ᠣᠯᠠᠨ ᠦᠨ᠎ᠡ ᠥᠷᠲᠡᠭ ᠲᠠᠢ᠂ ᠬᠡᠷᠡᠭᠵᠢᠭᠦᠯᠵᠦ ᠪᠣᠯᠬᠤᠶᠢᠴᠠ ᠦᠨᠡᠨ ᠮᠡᠳᠡᠯᠭᠡ ᠨᠡᠪᠲᠡᠷᠬᠡᠶ ᠦᠵᠡᠯᠲᠡ ᠳᠤᠷᠠᠳᠴᠤ᠂ ᠮᠠᠨ ᠤ ᠬᠤᠲᠠ ᠶᠢᠨ ᠠᠮᠢ ᠠᠬᠤᠢ ᠶᠢ ᠤᠷᠢᠳᠠᠪᠠᠷ ᠬᠥᠭᠵᠢᠭᠦᠯᠬᠦ᠂ ᠪᠣᠬᠢᠷᠲᠤᠯ ᠦᠭᠡᠢ ᠬᠥᠭᠵᠢᠯᠲᠡ ᠶᠢ ᠰᠦᠪᠡᠭᠴᠢᠯᠡᠬᠦ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠳᠡᠢ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号