ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠶᠠᠪᠤᠭᠳᠠᠪᠠ  ᠭᠦᠩ ᠵᠢᠶᠠ ᠳ᠋ᠦᠩ ᠬᠤᠷᠠᠯ ᠳᠤ ᠣᠷᠣᠯᠴᠠᠵᠤ ᠭᠤᠤ ᠱᠢ ᠬᠤᠩ ᠶᠠᠷᠢᠶ᠎ᠠ ᠲᠠᠯᠪᠢᠵᠠᠶ
ᠨᠡᠶᠢᠲᠡᠯᠡᠭᠰᠡᠨ ᠴᠠᠭ᠄
2019-10-31
     10 ᠰᠠᠷ᠎ᠠ ᠶᠢᠨ 30 ᠤ ᠡᠳᠦᠷ᠂ 2019 ᠤᠨ ᠤ ᠳᠤᠮᠳᠠᠳᠤ ᠣᠯᠣᠰ ᠤᠨ ᠪᠠᠷᠠᠭᠤᠨ ᠣᠷᠣᠨ ᠤ ᠨᠡᠭᠦᠷᠡᠰᠦᠨ ᠬᠢᠮᠢ ᠶᠢᠨ ᠠᠵᠤ ᠦᠢᠯᠡᠳᠪᠦᠷᠢ ᠶᠢᠨ ᠲᠡᠭᠡᠲᠤ ᠲᠡᠰ ᠤᠨ ᠶᠠᠷᠢᠶᠠᠨ ᠤ ᠲᠠᠪᠴᠠᠩ ᠵᠢᠴᠢ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ · ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠶᠠᠷᠢᠶᠠᠨ ᠤ ᠲᠠᠪᠴᠠᠩ ᠢ ᠡᠷᠬᠢᠯᠡᠵᠦ᠂ 300 ᠭᠠᠷᠣᠢ ᠣᠯᠣᠰ  ᠤᠨ ᠳᠣᠲᠣᠭᠠᠳᠤ ᠶᠢᠨ ᠤᠰᠤᠲᠥ᠋ᠷᠥᠭᠴᠢ ᠶᠢᠨ ᠡᠨᠧᠷᠭᠢ ᠶᠢᠨ ᠬᠦᠷᠢᠶᠡᠨ ᠤ ᠲᠤᠰᠬᠠᠶ ᠮᠡᠷᠭᠡᠵᠢᠯᠲᠡᠨ ᠡᠷᠳᠡᠮᠲᠡᠨ᠂ ᠠᠵᠢᠯ ᠲᠥᠷᠥᠯ ᠤᠨ ᠰᠣᠳᠣᠨ ᠬᠥᠮᠦᠰ ᠮᠠᠨ ᠤ ᠬᠤᠲᠠ ᠳᠤ ᠴᠤᠭᠯᠠᠷᠠᠵᠤ᠂ ᠤᠰᠤᠲᠥ᠋ᠷᠥᠭᠴᠢ ᠶᠢᠨ ᠡᠨᠧᠷᠭᠢ ᠶᠢᠨ ᠲᠡᠷᠢᠬᠦᠨ ᠤ ᠮᠡᠷᠭᠡᠵᠢᠯ ᠪᠠ ᠠᠵᠢᠯ ᠲᠥᠷᠥᠯ ᠤᠨ ᠬᠥᠳᠡᠯᠦᠩᠭᠦᠶ ᠪᠠᠶᠢᠳᠠᠯ ᠢ ᠬᠤᠪᠢᠶᠠᠯᠴᠠᠨ ᠡᠳ᠋ᠯᠡᠵᠦ᠂ ᠮᠠᠨ ᠤ ᠬᠤᠲᠠ ᠶᠢᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠰᠠᠨᠠᠯ ᠲᠤᠷᠠᠳᠣᠯᠭ᠎ᠠ ᠭᠠᠷᠭᠠᠪᠠ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ ᠭᠦᠩ ᠵᠢᠶᠠ ᠳ᠋ᠦᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠭᠤᠤ ᠱᠢ ᠬᠤᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠳᠡᠳ᠋ ᠬᠤᠳᠠ ᠶᠢᠨ ᠳᠠᠷᠤᠭ᠎ᠠ ᠴᠢᠤᠸᠠᠨ ᠢᠦᠶ ᠮᠢᠨ ᠬᠤᠷᠠᠯ ᠳᠤ ᠣᠷᠣᠯᠴᠠᠪᠠ᠃      ᠭᠤᠤ ᠱᠢ ᠬᠤᠩ ᠪᠠᠶᠠᠷ ᠤᠨ ᠦᠭᠡ ᠳᠡᠭᠡᠨ ᠬᠡᠯᠡᠭᠰᠡᠨ ᠨᠢ᠂ ᠣᠳᠣᠬᠠᠨ ᠳᠤ᠂ ᠪᠦᠬᠦ ᠪᠥᠮᠪᠥᠷᠴᠡᠭ ᠤᠨ ᠠᠵᠤ ᠠᠬᠤᠢ ᠶᠢᠨ ᠪᠠᠶᠢᠳᠠᠯ ᠪᠣᠯᠤᠨ ᠡᠨᠧᠷᠭᠢ ᠶᠢᠨ ᠪᠦᠲᠦᠴᠡ ᠳᠤ ᠭᠦᠨᠵᠡᠭᠡᠶ ᠲᠣᠬᠢᠷᠠᠭᠤᠯᠤᠯᠲᠠ ᠬᠢᠵᠦ᠂ ᠰᠢᠨ᠎ᠡ ᠨᠢᠭᠡ ᠡᠭᠡᠯᠵᠢ ᠶᠢᠨ ᠡᠨᠧᠷᠭᠢ ᠶᠢᠨ ᠬᠤᠪᠢᠰᠬᠠᠯ ᠥᠷᠨᠢᠩᠭᠦᠶ ᠬᠥᠭᠵᠢᠵᠦ ᠪᠠᠶᠢᠨ᠎ᠠ᠃ ᠦᠬᠠᠶ ᠪᠣᠯ ᠪᠦᠬᠦ ᠣᠯᠣᠰ ᠤᠨ ᠨᠡᠭᠦᠷᠡᠰᠦ ᠬᠡᠦᠷᠡᠰᠦᠨ ᠬᠢᠮᠢ ᠶᠢᠨ ᠠᠵᠤ ᠦᠢᠯᠡᠳᠪᠦᠷᠢ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠪᠣᠯᠪᠠᠰᠤᠷᠠᠭᠤᠯᠤᠯᠲᠠ ᠶᠢᠨ ᠴᠢᠬᠤᠯᠠ ᠰᠠᠭᠤᠷᠢᠨ ᠭᠠᠵᠠᠷ ᠪᠣᠯᠤᠨ᠎ᠠ᠂ ᠠᠵᠤ ᠦᠢᠯᠡᠰ ᠤᠨ ᠰᠠᠭᠤᠷᠢ᠂ ᠵᠠᠬ᠎ᠠ ᠳᠡᠯᠭᠡᠭᠦᠷ ᠤᠨ ᠣᠷᠣᠨ ᠵᠠᠢ ᠥᠷᠭᠡᠨ ᠠᠭᠤᠳᠠᠮ᠂ ᠠᠵᠤ ᠦᠢᠯᠡᠳᠪᠦᠷᠢ ᠶᠢᠨ ᠲᠠᠭᠠᠯᠳᠠ ᠪᠦᠲᠦᠭᠡᠭᠳᠡᠬᠦᠨ ᠪᠤᠯᠬᠤ ᠤᠰᠤᠲᠥ᠋ᠷᠥᠭᠴᠢ ᠦᠢᠯᠡᠳᠪᠦᠷᠢᠯᠡᠬᠦ ᠶᠡᠷᠦᠩᠬᠡᠶ ᠬᠡᠮᠵᠢᠶ᠎ᠡ ᠪᠦᠬᠦ ᠣᠷᠣᠨ ᠤ 75% ᠶᠢ ᠡᠵᠡᠯᠡᠵᠦ᠂ ᠤᠰᠤᠲᠥ᠋ᠷᠥᠭᠴᠢ ᠡᠨᠧᠷᠭᠢ ᠶᠢᠨ ᠠᠵᠤ ᠠᠬᠤᠶ ᠶᠢ ᠬᠥᠭᠵᠢᠭᠦᠯᠬᠦ ᠲᠠᠯ᠎ᠠ ᠪᠠᠷ ᠤᠯᠠᠨ ᠠᠴᠠ ᠣᠨᠴᠠᠭᠠᠢ ᠳᠠᠪᠠᠭᠤᠯᠢᠭ ᠲᠠᠯ᠎ᠠ ᠲᠠᠢ ᠶᠤᠮ᠃ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠪᠣᠯ ᠦᠬᠠᠶ ᠬᠤᠲᠠ ᠶᠢᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ ᠦᠬᠠᠶ ᠬᠤᠲᠠ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠬᠤ᠂ ᠬᠥᠳᠡᠯᠭᠡᠬᠦ ᠬᠦᠴᠦᠨ ᠢᠶᠠᠨ ᠬᠤᠪᠢᠷᠠᠭᠤᠯᠬᠤ ᠶᠢ ᠲᠦᠷᠭᠡᠳᠬᠡᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠬᠡᠵᠡᠢ᠃      ᠭᠤᠤ ᠱᠢ ᠬᠤᠩ ᠢᠯᠡᠷᠭᠡᠶᠢᠯᠡᠭᠰᠡᠨ ᠨᠢ᠂ ᠥᠨᠥᠳᠥᠷ᠂ ᠣᠯᠠᠨ ᠢᠶᠠᠷ ᠢᠶᠠᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ ᠭᠦᠨᠵᠡᠭᠡᠶ ᠰᠤᠳᠤᠯᠤᠨ ᠶᠠᠷᠢᠯᠴᠠᠵᠤ᠂ ᠶᠠᠷᠢᠯᠴᠠᠭ᠎ᠠ ᠰᠣᠯᠢᠯᠴᠠᠭ᠎ᠠ ᠬᠢᠵᠦ᠂ ᠣᠶᠤᠨᠴᠢ ᠵᠤᠭᠭᠠᠯᠴᠠᠭ᠎ᠠ ᠬᠢᠵᠦ᠂ ᠦᠬᠠᠶ ᠶᠢᠨ ᠰᠢᠨ᠎ᠡ ᠤᠶᠢᠯᠠᠭᠠᠭᠳᠠᠬᠤᠨ ᠢ ᠡᠵᠡᠮᠳᠡᠬᠦ᠂ ᠰᠢᠨ᠎ᠡ ᠮᠡᠷᠭᠡᠵᠢᠯ ᠢ ᠵᠣᠯᠭᠠᠭᠤᠯᠬᠤ᠂ ᠰᠢᠨ᠎ᠡ ᠬᠠᠮᠲᠤᠷᠠᠯᠴᠠᠭ᠎ᠠ ᠶᠢ ᠡᠷᠢᠯᠬᠢᠯᠡᠬᠦ ᠳᠤ ᠨᠢᠭᠡ ᠣᠳᠠᠭᠠᠨ ᠤ ᠣᠯᠳᠠᠬᠤᠶ᠎ᠠ ᠪᠡᠷᠬᠡ ᠠᠵᠠ ᠲᠣᠬᠢᠶᠠᠯ ᠬᠠᠩᠭᠠᠪᠠ᠃ ᠣᠯᠠᠨ ᠢᠶᠠᠷ ᠢᠶᠠᠨ ᠦᠬᠠᠶ ᠶᠢᠨ ᠤᠰᠤᠲᠥ᠋ᠷᠥᠭᠴᠢ ᠡᠨᠧᠷᠭᠢ ᠶᠢᠨ ᠠᠵᠤ ᠠᠬᠤᠢ ᠶᠢᠨ ᠬᠥᠭᠵᠢᠯᠲᠡ ᠳᠤ ᠰᠤᠳᠠᠯ ᠪᠠᠷᠢᠵᠤ ᠬᠠᠮᠲᠤᠷᠠᠨ ᠣᠨᠣᠰᠢᠯᠠᠵᠤ᠂ ᠲᠥᠭᠡᠷᠢᠯ ᠳᠤ ᠵᠠᠮ ᠵᠢᠭᠠᠵᠤ᠂ ᠬᠥᠭᠦᠷᠭᠡ ᠬᠤᠯᠪᠣᠭᠠᠰᠤ ᠪᠣᠯᠵᠤ᠂ ᠦᠬᠠᠶ ᠶᠢ ᠤᠰᠤᠲᠥ᠋ᠷᠥᠭᠴᠢ ᠡᠨᠧᠷᠭᠢ ᠶᠢᠨ ᠠᠵᠤ ᠠᠬᠤᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠳᠦᠯᠭᠡ ᠶᠢᠨ ᠰᠠᠭᠤᠷᠢᠨ ᠭᠠᠵᠠᠷ ᠪᠣᠯᠭᠠᠵᠤ᠂ ᠦᠬᠠᠶ ᠳᠤ ᠨᠠᠩ ᠣᠯᠠᠨ ᠴᠡᠴᠡᠭ ᠳᠡᠯᠭᠡᠷᠡᠵᠦ ᠦᠷ᠎ᠡ ᠵᠢᠮᠢᠰ ᠰᠠᠭᠤᠬᠤ ᠶᠢ ᠠᠬᠢᠭᠤᠯᠵᠤ᠂ ᠦᠬᠠᠶ ᠳᠤ ᠤᠰᠤᠲᠥ᠋ᠷᠥᠭᠴᠢ ᠡᠨᠧᠷᠭᠢ ᠶᠢᠨ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠬᠠᠮᠲᠤᠪᠠᠷ ᠡᠳ᠋ᠯᠡᠵᠦ᠂ ᠪᠦᠬᠦ ᠣᠯᠣᠰ ᠤᠨ ᠤᠰᠤᠲᠥ᠋ᠷᠥᠭᠴᠢ ᠠᠵᠤ ᠠᠬᠤᠢ ᠶᠢᠨ ᠵᠢᠱᠢᠶ᠎ᠡ ᠦᠵᠡᠭᠦᠯᠬᠦ ᠬᠤᠲᠠ ᠶᠢ ᠬᠦᠴᠦᠯᠡᠨ ᠪᠠᠶᠢᠭᠤᠯᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠪᠢᠳᠡ ᠪᠦᠬᠦ ᠬᠦᠴᠦ ᠪᠠᠷ ᠢᠶᠠᠨ ᠴᠢᠷᠮᠠᠶᠢᠵᠤ ᠪᠠᠶᠢᠭᠠᠳ ᠣᠯᠠᠨ ᠳᠤ ᠰᠠᠶᠢᠨ ᠰᠠᠶᠢᠬᠠᠨ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠢ ᠡᠭᠦᠳᠴᠦ᠂ ᠲᠡᠷᠢᠭᠦᠨ ᠤ ᠦᠢᠯᠡᠴᠢᠯᠡᠭᠡᠨ ᠤ ᠪᠠᠲᠤᠯᠠᠭ᠎ᠠ ᠶᠢ ᠬᠠᠩᠭᠠᠨ᠎ᠠ ᠬᠡᠵᠡᠢ᠃      ᠶᠠᠷᠢᠶᠠᠨ ᠤ ᠲᠠᠪᠴᠠᠩ ᠳᠡᠭᠡᠷ᠎ᠡ᠂ ᠤᠰᠤᠲᠥ᠋ᠷᠥᠭᠴᠢ ᠡᠨᠧᠷᠭᠢ ᠶᠢᠨ ᠬᠦᠷᠢᠶ᠎ᠡ ᠠᠴᠠ ᠢᠷᠡᠭᠰᠡᠨ 8 ᠡᠷᠳᠡᠮ ᠰᠢᠨᠵᠢᠯᠡᠭᠡᠨ ᠤ ᠲᠤᠰᠬᠠᠶ ᠮᠡᠷᠭᠡᠵᠢᠯᠲᠡᠨ᠂ ᠠᠵᠢᠯ ᠲᠥᠷᠥᠯ ᠤᠨ ᠰᠤᠳᠤᠴᠤᠤᠯ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠥᠭᠵᠢᠯᠲᠡ᠂ ᠤᠰᠤᠲᠥ᠋ᠷᠥᠭᠴᠢ ᠡᠨᠧᠷᠭᠢ ᠶᠢᠨ ᠲᠦᠯᠡᠰᠢᠨ ᠴᠠᠬᠢᠯᠭᠠᠨ ᠴᠡᠨᠡᠭ ᠤᠨ ᠮᠡᠷᠭᠡᠵᠢᠯ ᠤᠨ ᠰᠠᠶᠢᠵᠢᠷᠠᠭᠤᠯᠤᠯᠲᠠ᠂ ᠤᠰᠤᠲᠥ᠋ᠷᠥᠭᠴᠢ ᠡᠨᠧᠷᠭᠢ ᠶᠢ ᠬᠠᠳᠠᠭᠠᠯᠠᠵᠤ ᠵᠥᠭᠡᠭᠡᠪᠦᠷᠢᠯᠡᠬᠦ ᠰᠢᠰᠲ᠋ᠧᠮ ᠢ ᠪᠠᠶᠢᠭᠤᠯᠬᠤ ᠵᠡᠷᠭᠡ ᠲᠣᠭᠤᠷᠢᠨ ᠳᠤ ᠭᠤᠶᠢᠳᠠ ᠰᠠᠶᠢᠬᠠᠨ ᠭᠤᠤᠯ ᠰᠡᠳᠦᠪᠲᠦ ᠶᠠᠷᠢᠶ᠎ᠠ ᠢᠯᠡᠳᠬᠡᠯ ᠬᠢᠵᠦ᠂ ᠤᠰᠤᠲᠥ᠋ᠷᠥᠭᠴᠢ ᠡᠨᠧᠷᠭᠢ ᠶᠢᠨ ᠠᠰᠢᠭᠯᠠᠯᠲᠠ ᠶᠢᠨ ᠬᠠᠮᠤᠭ ᠤᠨ ᠡᠮᠦᠨ᠎ᠡ ᠵᠠᠬ᠎ᠠ ᠶᠢᠨ᠂ ᠬᠠᠮᠤᠭ ᠠᠴᠠ ᠲᠤᠰᠬᠠᠶᠢᠵᠢᠭᠰᠠᠨ ᠮᠡᠷᠭᠡᠵᠢᠯ ᠪᠣᠯᠤᠨ ᠦᠢᠯᠡᠳᠦᠯᠭᠡ ᠪᠠᠨ ᠬᠤᠪᠢᠶᠠᠯᠴᠠᠵᠤ᠂ ᠨᠢᠭᠡ ᠣᠳᠠᠭᠠᠨ ᠤ ᠤᠰᠤᠲᠥ᠋ᠷᠥᠭᠴᠢ ᠶᠢ ᠠᠰᠢᠭᠯᠠᠬᠤ ᠦᠵᠡᠯ ᠰᠠᠨᠠᠭᠠᠨ ᠤ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃      ᠤᠰᠤᠲᠥ᠋ᠷᠥᠭᠴᠢ ᠡᠨᠧᠷᠭᠢ ᠶᠢ 21 ᠳ᠋ᠣᠭᠡᠷ ᠵᠠᠭᠤᠨ ᠤ ᠬᠥᠭᠵᠢᠯᠲᠡ ᠶᠢᠨ ᠳᠠᠯᠳᠠ ᠬᠦᠴᠦᠨ ᠤ ᠴᠡᠪᠡᠷ ᠡᠨᠧᠷᠭᠢ ᠭᠡᠵᠦ ᠦᠵᠡᠳᠡᠭ᠃ ᠣᠶᠢᠷ᠎ᠠ ᠶᠢᠨ ᠵᠢᠯ ᠤᠨ ᠲᠤᠷᠰᠢ᠂ ᠮᠠᠨ ᠤ ᠬᠤᠲᠠ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠶᠢᠨ ᠲᠣᠭᠤᠷᠢᠨ ᠳᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠡᠨᠧᠷᠭᠢ ᠶᠢᠨ ᠬᠤᠪᠢᠰᠬᠠᠯ ᠤᠨ ᠴᠢᠬᠤᠯᠠ ᠶᠡᠭᠡ ᠲᠡᠤᠬᠡ ᠶᠢᠨ ᠠᠵᠠ ᠲᠣᠬᠢᠶᠠᠯ ᠢ ᠰᠠᠨᠠᠭᠠᠴᠢᠯᠠᠭ᠎ᠠ ᠠᠴᠠ ᠪᠠᠨ ᠡᠵᠡᠮᠳᠡᠵᠦ᠂ ᠡᠬᠢ ᠪᠠᠶᠠᠯᠢᠭ ᠤᠨ ᠬᠠᠷᠢᠴᠠᠭᠤᠯᠤᠭᠰᠠᠨ ᠳᠠᠪᠠᠭᠤᠯᠢᠭ ᠲᠤ ᠰᠠᠭᠤᠷᠢᠯᠠᠵᠤ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠢ ᠠᠯᠤᠰ ᠬᠡᠲᠦ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠭᠠᠨ ᠲᠣᠭᠲᠠᠭᠤᠨ ᠢᠶᠠᠷ ᠠᠬᠢᠭᠤᠯᠵᠤ᠂ ᠡᠨᠧᠷᠭᠢ ᠶᠢᠨ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ ᠪᠠ ᠠᠵᠤ ᠦᠢᠯᠡᠰ ᠤᠨ ᠲᠡᠰ ᠳᠡᠪᠰᠢᠭᠦᠯᠬᠦ ᠶᠢ ᠠᠬᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠴᠢᠷᠮᠠᠶᠢᠨ ᠵᠠᠮᠨᠠᠵᠤ ᠪᠠᠶᠢᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号