ᠦᠬᠠᠶ ᠬᠤᠲᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠯᠪᠠᠨ ᠵᠠᠷ | | | ᠨᠢᠭᠡᠳᠦᠭᠡᠷ ᠲᠤᠭᠠᠲᠤ | | | ︽ᠦᠬᠠᠶ ᠬᠤᠲᠠ ᠶᠢᠨ ᠬᠤᠳᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠳᠦᠷᠢᠮ︾ ᠢ 2019 ᠣᠨ | ᠤ 8 ᠳ᠋ᠤᠭᠠᠷ ᠰᠠᠷ᠎ᠠ ᠶᠢᠨ 8 ᠤ ᠡᠳᠦᠷ ᠦᠬᠠᠶ ᠬᠤᠲᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠢᠶᠠᠷ ᠪᠠᠲᠤᠯᠠᠵᠤ᠂ 2019 ᠣᠨ ᠤ | 9 ᠳ᠋ᠣᠭᠡᠷ ᠰᠠᠷ᠎ᠠ ᠶᠢᠨ 26 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠬᠤᠷᠠᠯ ᠢᠶᠠᠷ ᠵᠥᠪᠰᠢᠶᠡᠷᠡᠭᠦᠯᠦᠭᠡᠳ᠂ ᠡᠳᠦᠭᠡ ᠨᠡᠶᠢᠳᠡᠯᠡᠪᠡ᠂ 2020 ᠣᠨ ᠤ 1 ᠳ᠋ᠣᠭᠡᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | 2019 ᠣᠨ ᠤ 11 ᠰᠠᠷ᠎ᠠ ᠶᠢᠨ 11 ᠤ ᠡᠳᠦᠷ | | | | ︽ᠦᠬᠠᠶ ᠬᠤᠲᠠ ᠶᠢᠨ ᠬᠤᠳᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠳᠦᠷᠢᠮ︾ ᠢ ᠵᠥᠪᠰᠢᠶᠡᠷᠡᠬᠦ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠰᠢᠢᠳᠪᠦᠷᠢ | | | ︵2019 ᠣᠨ ᠤ 9 ᠳ᠋ᠣᠭᠡᠷ ᠰᠠᠷ᠎ᠠ ᠶᠢᠨ 26 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠤᠷᠠᠯ ᠳᠡᠭᠡᠷ᠎ᠡ ᠪᠠᠲᠤᠯᠠᠪᠠ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠬᠤᠷᠠᠯ ᠢᠶᠠᠷ ᠦᠬᠠᠶ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠮᠡᠳᠡᠭᠦᠯᠦᠨ | ᠵᠥᠪᠰᠢᠶᠡᠷᠡᠭᠦᠯᠦᠭᠰᠡᠨ ︽ᠦᠬᠠᠶ ᠬᠤᠲᠠ ᠶᠢᠨ ᠬᠤᠳᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠳᠦᠷᠢᠮ︾ ᠢ | ᠵᠥᠪᠰᠢᠶᠡᠷᠡᠬᠦ ᠪᠠᠷ ᠲᠣᠭᠲᠠᠵᠤ᠂ ᠦᠬᠠᠶ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠠᠴᠠ ᠨᠡᠶᠢᠲᠡᠯᠡᠵᠦ ᠬᠡᠷᠡᠭᠵᠢᠭᠦᠯᠦᠨ᠎ᠡ᠃ | | ᠦᠬᠠᠶ ᠬᠤᠲᠠ ᠶᠢᠨ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠳᠦᠷᠢᠮ | ︵2019 ᠣᠨ ᠤ 8 ᠳ᠋ᠤᠭᠠᠷ ᠰᠠᠷ᠎ᠠ ᠶᠢᠨ 8 ᠤ ᠡᠳᠦᠷ ᠦᠬᠠᠶ ᠬᠤᠲᠠ ᠶᠢᠨ ᠶᠢᠰᠦᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠡᠨ ᠤ ᠬᠤᠷᠠᠯ ᠠᠴᠠ | ᠪᠠᠲᠤᠯᠠᠪᠠ 2019 ᠣᠨ ᠤ 9 ᠳ᠋ᠤᠭᠡᠷ ᠰᠠᠷ᠎ᠠ ᠶᠢᠨ 26 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠡᠨ ᠤ ᠬᠤᠷᠠᠯ ᠠᠴᠠ ᠵᠥᠪᠰᠢᠶᠡᠷᠡᠪᠡ︶ | | | ᠨᠢᠭᠡᠳᠦᠭᠡᠷ ᠪᠦᠯᠦᠭ ᠶᠡᠷᠦᠩᠬᠡᠶ ᠳᠦᠷᠢᠮ | ᠨᠢᠭᠡᠳᠦᠭᠡᠷ ᠵᠦᠢᠯ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢᠨ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠤᠨ᠂ ᠬᠤᠲᠠ ᠶᠢᠨ ᠬᠠᠮᠢᠶᠠᠷᠤᠯᠲᠠ ᠪᠣᠯᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠷᠠᠳ ᠢᠷᠭᠡᠨ᠂ ᠬᠠᠤᠯᠢ ᠶᠢᠨ ᠡᠷᠬᠡᠲᠡᠨ | ᠪᠣᠯᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠵᠤ᠂ ᠲᠣᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠣᠰ ᠳᠦᠷᠢᠮ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠤᠲᠠ ᠶᠢᠨ | ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯᠯᠠᠭ᠎ᠠ ᠳᠤ ᠲᠣᠬᠢᠷᠠᠨ᠎ᠠ᠃ | ᠭᠤᠷᠪᠠᠳᠤᠭᠠᠷ ᠵᠦᠢᠯ ᠲᠤᠰ ᠳᠦᠷᠢᠮ ᠳᠤ ᠵᠢᠷᠤᠮᠵᠢᠭᠤᠯᠤᠭᠰᠠᠨ ᠬᠤᠲᠠ ᠶᠢᠨ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠬᠡᠪᠴᠢᠶ᠎ᠡ ᠪᠣᠯ᠄ ᠬᠤᠲᠠ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ᠂ ᠬᠤᠲᠠ ᠶᠢᠨ ᠶᠠᠪᠤᠳᠠᠯ ᠤᠨ | ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢᠨ ᠠᠵᠢᠯᠯᠠᠭᠠᠨ᠂ ᠬᠤᠲᠠ ᠶᠢᠨ ᠦᠵᠡᠮᠵᠢ ᠶᠢᠨ ᠬᠠᠮᠢᠶᠠᠷᠤᠯᠲᠠ᠂ | ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠪᠦᠬᠦ ᠠᠵᠢᠯ︔ ᠬᠤᠲᠠ ᠶᠢᠨ | ᠬᠠᠮᠢᠶᠠᠷᠤᠯᠲᠠ ᠲᠠᠢ ᠨᠢᠭᠲᠠ ᠬᠤᠯᠪᠣᠭ᠎ᠠ ᠲᠠᠢ᠂ ᠨᠢᠭᠡᠳᠦᠯᠲᠡᠶ ᠬᠠᠮᠢᠶᠠᠷᠬᠤ ᠴᠢᠬᠤᠯᠠᠲᠠᠶ ᠣᠯᠠᠨ ᠨᠡᠶᠢᠲᠡ ᠶᠢᠨ ᠣᠷᠣᠨ | ᠵᠠᠶ ᠶᠢᠨ ᠡᠮᠬᠢ ᠳᠢᠭᠯᠢᠮ ᠤᠨ ᠬᠠᠮᠢᠶᠠᠷᠤᠯᠲᠠ᠂ ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠵᠤ ᠵᠠᠰᠠᠯᠳᠠ ᠬᠢᠬᠦ᠂ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠯᠲᠠ᠂ ᠵᠠᠮ ᠬᠠᠷᠢᠯᠴᠠᠭᠠᠨ ᠤ ᠬᠠᠮᠢᠶᠠᠷᠤᠯᠲᠠ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠲᠠᠯ᠎ᠠ ᠶᠢᠨ ᠬᠡᠰᠡᠭ ᠠᠵᠢᠯ᠃ | ᠳᠥᠷᠪᠡᠳᠦᠭᠡᠷ ᠵᠦᠢᠯ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠳᠤ ᠬᠥᠮᠦᠨ ᠢᠶᠠᠷ ᠦᠨᠳᠦᠰᠦ | ᠪᠣᠯᠭᠠᠬᠤ᠂ ᠬᠠᠤᠯᠢ ᠶᠣᠰᠣᠭᠠᠷ ᠵᠠᠰᠠᠬᠤ᠂ ᠡᠬᠢ ᠡᠭᠦᠰᠦᠯ ᠠᠴᠠ ᠨᠢ ᠵᠠᠰᠠᠬᠤ᠂ ᠡᠷᠬᠡ ᠬᠠᠷᠢᠭᠤᠴᠠᠯᠭ᠎ᠠ ᠨᠢᠭᠡᠳᠦᠯᠲᠡᠶ | ᠪᠠᠶᠢᠬᠤ᠂ ᠵᠤᠬᠢᠰᠳᠠᠢ ᠵᠣᠬᠢᠴᠠᠭᠤᠯᠤᠨ ᠰᠢᠨ᠎ᠡ ᠶᠢ ᠡᠭᠦᠳᠬᠦ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ ᠵᠠᠷᠴᠢᠮ | ᠢ ᠵᠢᠷᠤᠮᠯᠠᠬᠤ ᠬᠡᠷᠡᠭᠲᠡᠶ᠃ | ᠲᠠᠪᠤᠳᠤᠭᠠᠷ ᠵᠦᠢᠯ ᠬᠤᠲᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠤᠰ ᠵᠠᠰᠠᠭ | ᠵᠠᠬᠢᠷᠭᠠᠨ ᠤ ᠣᠷᠣᠨ ᠤ ᠪᠠᠨ ᠳᠣᠲᠣᠷᠠᠬᠢ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠢ | ᠤᠳᠤᠷᠢᠳᠴᠤ᠂ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ | ᠪᠣᠯᠤᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠤᠨ | ᠲᠤᠰᠢᠶᠠᠯ ᠬᠠᠷᠢᠭᠤᠴᠠᠯᠭ᠎ᠠ ᠶᠢ ᠲᠣᠭᠲᠠᠭᠠᠵᠤ᠂ ᠶᠡᠷᠦᠩᠬᠡᠶᠢᠯᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ | ᠰᠤᠳᠤᠯᠤᠨ ᠰᠢᠢᠳᠪᠦᠷᠢᠯᠡᠨ᠎ᠡ᠃ | ᠵᠢᠷᠭᠤᠳᠤᠭᠠᠷ ᠵᠦᠢᠯ ᠬᠤᠲᠠ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠲᠣᠰ ᠬᠠᠷᠢᠶ᠎ᠠ ᠣᠷᠣᠨ ᠤ ᠪᠠᠨ ᠬᠤᠲᠠ ᠶᠢᠨ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠪᠣᠳᠠᠲᠠᠶ ᠠᠵᠢᠯ ᠢ ᠬᠠᠷᠢᠭᠤᠴᠠᠵᠤ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠦᠯᠲᠡ ᠶᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠰᠢᠳᠭᠡᠨ ᠲᠣᠷᠭᠠᠬᠤ ᠡᠷᠬᠡ ᠶᠢ ᠲᠥᠪᠯᠡᠷᠡᠭᠦᠯᠦᠨ | ᠬᠡᠷᠡᠭᠵᠢᠭᠦᠯᠬᠦ ᠶᠢᠨ ᠬᠠᠮᠲᠤ ᠵᠣᠬᠢᠴᠠᠩᠭᠤᠶ ᠪᠦᠬᠦᠢ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ | ᠬᠡᠷᠡᠭᠵᠢᠭᠦᠯᠬᠦ ᠬᠡᠷᠡᠭᠲᠡᠶ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠳᠣᠲᠣᠭᠠᠳᠤ ᠶᠢ ᠬᠠᠮᠠᠭᠠᠯᠠᠬᠤ᠂ | ᠵᠠᠮ ᠬᠠᠷᠢᠯᠴᠠᠭ᠎ᠠ ᠲᠡᠭᠡᠭᠡᠪᠦᠷᠢ᠂ ᠪᠠᠶᠢᠭᠠᠯᠢ ᠶᠢᠨ ᠡᠬᠢ ᠪᠠᠶᠠᠯᠢᠭ᠂ ᠤᠰᠤᠨ ᠤ ᠶᠠᠪᠤᠳᠠᠯ᠂ ᠠᠮᠢ ᠠᠬᠤᠢ ᠶᠢᠨ ᠣᠷᠴᠢᠨ | ᠲᠣᠭᠤᠷᠢᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ | ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ | ᠃ | ᠳᠣᠯᠣᠳᠤᠭᠠᠷ ᠵᠦᠢᠯ ᠬᠤᠲᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠤᠲᠠ ᠶᠢᠨ | ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠳᠤ ᠬᠡᠷᠡᠭᠰᠡᠬᠦ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ | ᠲᠥᠰᠦᠪ ᠲᠡᠭᠡᠨ ᠣᠷᠣᠭᠤᠯᠬᠤ ᠶᠢᠨ ᠬᠠᠮᠲᠤ ᠪᠠᠲᠤᠯᠠᠬᠤ ᠬᠡᠷᠡᠭᠲᠡᠶ᠃ | ᠨᠠᠢᠮᠠᠳᠤᠭᠠᠷ ᠵᠦᠢᠯ ᠰᠣᠨᠢᠨ᠂ ᠲᠧᠯᠸᠢᠰ᠂ ᠷᠠᠳᠢᠣ᠋ ᠨᠡᠪᠲᠡᠷᠡᠭᠦᠯᠭᠡ᠂ ᠰᠦᠯᠵᠢᠶ᠎ᠡ ᠵᠡᠷᠭᠡ ᠵᠠᠭᠤᠴᠢᠯᠠᠭᠤᠷ ᠤᠳ | ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠠᠤᠯᠢ ᠲᠣᠭᠲᠠᠭᠠᠯ ᠤᠨ ᠤᠬᠠᠭᠤᠯᠭ᠎ᠠ ᠪᠠᠨ ᠴᠢᠩᠭᠠᠳᠬᠠᠵᠤ᠂ | ᠨᠡᠶᠢᠭᠡᠮ ᠨᠡᠶᠢᠲᠡ ᠶᠢᠨ ᠬᠠᠤᠯᠢ ᠪᠠᠷ ᠵᠠᠰᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠠᠷᠠᠳ ᠢᠷᠭᠡᠳ ᠤᠨ | ᠪᠣᠯᠪᠠᠰᠤᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ᠃ | ᠶᠢᠰᠦᠳᠦᠭᠡᠷ ᠵᠦᠢᠯ ᠠᠷᠠᠳ ᠢᠷᠭᠡᠨ᠂ ᠬᠠᠤᠯᠢ ᠶᠢᠨ ᠡᠷᠭᠡᠳᠡᠨ ᠪᠠ ᠪᠤᠰᠤᠳ ᠵᠣᠬᠢᠶᠠᠨ ᠪᠠᠶᠢᠭᠤᠯᠤᠯᠲᠠ | ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠬᠤ ᠬᠡᠷᠡᠭᠲᠡᠶ | ᠪᠥᠭᠡᠳ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠳᠠᠬᠢ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ | ᠢᠳᠬᠠᠨ ᠬᠤᠷᠢᠭᠯᠠᠵᠤ᠂ ᠢᠯᠡᠴᠢᠯᠡᠨ ᠮᠡᠳᠡᠭᠦᠯᠬᠦ ᠡᠷᠬᠡ ᠲᠠᠢ᠃ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠣᠯᠠᠨ ᠠᠷᠭ᠎ᠠ | ᠵᠠᠮ ᠢᠶᠠᠷ ᠬᠢᠨᠠᠯᠲᠠ ᠲᠠᠯᠪᠢᠬᠤ᠂ ᠢᠯᠡᠴᠢᠯᠡᠨ ᠮᠡᠳᠡᠭᠦᠯᠬᠦ ᠵᠡᠷᠭᠡ ᠲᠡᠪᠴᠠᠩ ᠪᠠᠶᠢᠭᠤᠯᠵᠤ᠂ ᠣᠯᠠᠨ ᠨᠡᠶᠢᠲᠡ ᠶᠢᠨ | ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯᠯᠠᠭ᠎ᠠ ᠳᠤ ᠣᠷᠣᠯᠴᠠᠬᠤ ᠳᠤ ᠨᠥᠬᠦᠴᠡᠯ ᠬᠠᠩᠭᠠᠬᠤ | ᠬᠡᠷᠡᠭᠲᠡᠶ᠃ | | | ᠬᠤᠶᠠᠳᠤᠭᠠᠷ ᠪᠦᠯᠦᠭ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ | ᠠᠷᠪᠠᠳᠤᠭᠠᠷ ᠵᠦᠢᠯ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠳᠣᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠶᠡᠷᠦᠩᠬᠡᠶᠢᠯᠡᠨ ᠬᠠᠮᠢᠶᠠᠷᠴᠤ᠂ ᠵᠠᠰᠠᠭ | ᠵᠠᠬᠢᠷᠭᠠᠨ ᠤ ᠰᠢᠳᠭᠡᠬᠦ ᠡᠷᠬᠡ ᠶᠢ ᠲᠥᠪᠯᠡᠷᠡᠭᠦᠯᠦᠨ ᠬᠡᠷᠡᠭᠵᠢᠭᠦᠯᠦᠨ᠎ᠡ᠄ | ︵ᠨᠢᠭᠡ︶ ᠬᠤᠲᠠ ᠶᠢᠨ ᠦᠵᠡᠮᠵᠢ ᠶᠢᠨ ᠬᠠᠮᠢᠶᠠᠷᠤᠯᠲᠠ ᠶᠢᠨ ᠲᠠᠯ᠎ᠠ ᠶᠢᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ︔ | ︵ᠬᠤᠶᠠᠷ︶ ᠬᠤᠲᠠ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠬᠠᠮᠢᠶᠠᠷᠤᠯᠲᠠ ᠶᠢᠨ ᠲᠠᠯ᠎ᠠ ᠪᠠᠷ ᠬᠢ | ᠬᠠᠤᠯᠢ ᠶᠢ ᠵᠥᠷᠢᠴᠡᠭᠰᠡᠨ ᠠᠵᠢᠯᠯᠠᠭ᠎ᠠ︔ | ︵ᠭᠤᠷᠪᠠ︶ ᠬᠤᠲᠠ ᠶᠢᠨ ᠵᠠᠰᠠᠮᠠᠯ ᠵᠠᠮ᠂ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢᠨ | ᠬᠠᠮᠢᠶᠠᠷᠤᠯᠲᠠ ᠶᠢᠨ ᠲᠠᠯ᠎ᠠ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ︔ | ︵ᠲᠦᠷᠪᠡ︶ ᠬᠤᠲᠠ ᠶᠢᠨ ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠶᠢᠨ ᠲᠠᠯ᠎ᠠ ᠶᠢᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ︔ | | ︵ᠲᠠᠪᠤ︶ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠲᠠᠯ᠎ᠠ ᠶᠢᠨ | ᠨᠡᠶᠢᠭᠡᠮ ᠤᠨ ᠠᠮᠢᠳᠤᠷᠠᠯ ᠤᠨ ᠱᠤᠤᠭᠢᠶᠠᠨ ᠤ ᠪᠣᠬᠢᠷᠲᠤᠯ᠂ ᠪᠠᠷᠢᠯᠭ᠎ᠠ ᠶᠢᠨ ᠠᠵᠢᠯ ᠤᠨ ᠱᠤᠤᠭᠢᠶᠠᠨ ᠤ ᠪᠣᠬᠢᠷᠲᠤᠯ᠂ | ᠪᠠᠷᠢᠯᠭ᠎ᠠ ᠶᠢᠨ ᠠᠵᠢᠯ ᠤᠨ ᠲᠣᠭᠤᠰᠣ ᠳᠡᠭᠳᠡᠬᠦ ᠪᠣᠬᠢᠷᠲᠤᠯ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠤᠨ | ᠲᠣᠰᠣᠨ ᠤᠳᠤᠭ᠎ᠠ ᠶᠢᠨ ᠪᠣᠬᠢᠷᠲᠤᠯ᠂ ᠵᠠᠳᠠᠭᠠᠢ ᠪᠠᠷ ᠡᠵᠡᠩᠨᠡᠭᠰᠡᠨ ᠰᠢᠷᠠᠯᠭ᠎ᠠ ᠶᠢᠨ ᠪᠣᠬᠢᠷᠲᠤᠯ᠂ ᠯᠢᠴᠢᠩ ᠰᠦᠯᠢᠶᠤᠤ | ᠬᠤᠭ ᠨᠤᠪᠰᠢ ᠵᠡᠷᠭᠡ ᠶᠢ ᠰᠢᠳᠠᠭᠠᠭᠰᠠᠨ ᠤᠳᠤᠭ᠎ᠠ ᠲᠣᠭᠤᠰᠣ ᠪᠣᠯᠤᠨ ᠦᠮᠡᠬᠡᠶ ᠦᠨᠦᠷ ᠤᠨ ᠪᠣᠬᠢᠷᠲᠤᠯ᠂ ᠰᠦᠷᠡᠯ | ᠨᠠᠪᠴᠢ ᠵᠡᠷᠭᠡ ᠶᠢ ᠵᠠᠳᠠᠭᠠᠢ ᠰᠢᠲᠠᠭᠠᠭᠰᠠᠨ ᠣᠳᠤᠭ᠎ᠠ ᠲᠤᠭᠤᠰᠣᠨ ᠤ ᠪᠤᠬᠢᠷᠳᠣᠯ᠂ ᠬᠤᠸᠠᠷ ᠫᠤᠤᠵᠢᠩ ᠲᠠᠯᠪᠢᠭᠰᠠᠨ | ᠪᠤᠬᠢᠷᠳᠠᠯ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ︔ | | ︵ᠵᠢᠷᠭᠤᠭ᠎ᠠ︶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠭᠡᠷ ᠤᠨ | ᠭᠠᠳᠠᠨᠠᠬᠢ ᠣᠯᠠᠨ ᠨᠡᠶᠢᠲᠡ ᠶᠢᠨ ᠲᠠᠯᠠᠪᠤᠷ ᠲᠤ ᠦᠨᠡᠮᠯᠡᠯ ᠦᠭᠡᠢ ᠪᠠᠷ ᠡᠵᠡᠩᠨᠡᠬᠦ᠂ ᠲᠣᠭᠲᠠᠭᠠᠯ ᠠᠴᠠ ᠵᠥᠷᠢᠴᠡᠨ | ᠭᠡᠷ ᠤᠨ ᠭᠠᠳᠠᠨᠠᠬᠢ ᠵᠠᠷ ᠮᠡᠳᠡᠭᠡ ᠭᠠᠷᠭᠠᠬᠤ᠂ ᠭᠡᠷ ᠤᠨ ᠭᠠᠳᠠᠨᠠᠬᠢ ᠣᠯᠠᠨ ᠨᠡᠶᠢᠲᠡ ᠶᠢᠨ ᠲᠠᠯᠠᠪᠤᠷ ᠲᠤ ᠢᠳᠡᠭᠡᠨ | ᠪᠣᠷᠣᠯᠠᠭᠤᠯᠬᠤ ᠪᠠ ᠢᠳᠡᠭᠡᠨ ᠤᠮᠳᠠᠭᠠᠨ ᠤ ᠳᠡᠯᠭᠡᠭᠡ ᠮᠠᠶᠢᠮᠠᠶ ᠶᠢᠨ ᠦᠨᠡᠮᠯᠡᠯ ᠦᠭᠡᠢ ᠪᠠᠷ ᠡᠵᠡᠩᠨᠡᠬᠦ ᠵᠢᠴᠢ ᠡᠮ ᠤᠨ | ᠵᠦᠢᠯ ᠢ ᠬᠤᠷᠢᠶᠠᠨ ᠠᠪᠴᠤ ᠫᠠᠨᠽᠠᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ︔ | ︵ᠳᠣᠯᠤᠭ᠎ᠠ︶ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠠᠯ᠎ᠠ ᠪᠠᠷ ᠬᠤᠲᠠ ᠶᠢᠨ ᠵᠠᠮ ᠢ | ᠡᠵᠡᠯᠡᠭᠰᠡᠨ᠂ ᠬᠠᠤᠯᠢ ᠠᠴᠠ ᠵᠥᠷᠢᠴᠡᠨ ᠲᠡᠷᠭᠡ ᠬᠥᠰᠬᠡ ᠵᠣᠭᠰᠣᠭᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ︔ | | ︵ᠨᠠᠢᠮᠠ︶ ᠬᠤᠲᠠ ᠶᠢᠨ ᠤᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠠᠯ᠎ᠠ ᠪᠠᠷ ᠬᠤᠲᠠ ᠶᠢᠨ ᠭᠤᠣᠯ ᠤᠨ | ᠵᠠᠮ ᠳᠤ ᠬᠠᠶᠠᠭᠳᠠᠮᠠᠯ ᠪᠣᠳᠠᠰ ᠪᠠ ᠬᠤᠭ ᠨᠣᠪᠰᠢ ᠴᠢᠳᠬᠤᠬᠤ᠂ ᠭᠤᠣᠯ ᠤᠨ ᠵᠠᠮ ᠳᠤ ᠲᠣᠭᠲᠠᠭᠠᠯ ᠠᠴᠠ ᠵᠥᠷᠢᠴᠡᠨ | ᠰᠢᠷᠣᠢ ᠠᠪᠬᠤ᠂ ᠬᠤᠲᠠ ᠶᠢᠨ ᠭᠤᠣᠯ ᠤᠨ ᠵᠠᠮ ᠢ ᠳᠤᠷ᠎ᠠ ᠪᠠᠷ ᠢᠶᠠᠨ ᠪᠠᠶᠢᠭᠤᠯᠵᠤ ᠡᠵᠡᠯᠡᠬᠦ ᠵᠡᠷᠭᠡ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ︔ | | ︵ᠶᠢᠰᠦ︶ ᠬᠤᠲᠠ ᠶᠢᠨ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠠᠯ᠎ᠠ ᠪᠠᠷ ᠬᠤᠲᠠ ᠶᠢᠨ ᠵᠠᠮ ᠪᠤᠶᠤ | ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠣᠯᠠᠨ ᠨᠡᠶᠢᠲᠡ ᠶᠢᠨ ᠣᠷᠣᠨ ᠪᠦᠰᠡ ᠳᠤ ᠣᠩᠭᠤᠨ ᠤ ᠫᠧᠩ | ᠪᠣᠰᠬᠠᠬᠤ᠂ ᠴᠢᠨᠳᠠᠷ ᠲᠠᠯᠪᠢᠬᠤ᠂ ᠣᠷᠣᠰᠢᠭᠤᠯᠭ᠎ᠠ ᠶᠢᠨ ᠶᠠᠪᠤᠳᠠᠯ ᠤᠨ ᠬᠡᠩᠭᠡᠷᠭᠡ ᠳᠡᠯᠡᠳᠬᠦ᠂ ᠲᠠᠬᠢᠯᠭ᠎ᠠ ᠶᠢᠨ ᠡᠳ᠋ ᠢ | ᠰᠢᠲᠠᠭᠠᠬᠤ᠂ ᠬᠤᠶᠢᠯᠭ᠎ᠠ ᠶᠢᠨ ᠴᠠᠭᠠᠰᠣᠨ ᠵᠣᠭᠤᠰ ᠰᠠᠴᠤᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ᠃ | ᠡᠮᠦᠨᠡᠬᠢ ᠵᠤᠷᠪᠤᠰ ᠤᠨ ᠲᠣᠭᠲᠠᠭᠠᠯ ᠠᠴᠠ ᠭᠠᠳᠠᠨ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠶᠡᠷᠦᠩᠬᠡᠶᠢᠯᠡᠨ ᠬᠠᠮᠢᠶᠠᠷᠬᠤ ᠴᠢᠬᠤᠯᠠ ᠲᠠᠢ ᠪᠥᠭᠡᠳ ᠵᠠᠰᠠᠭ | ᠵᠠᠬᠢᠷᠭᠠᠨ ᠤ ᠰᠢᠳᠭᠡᠵᠦ ᠲᠣᠷᠭᠠᠬᠤ ᠡᠷᠬᠡ ᠶᠢ ᠲᠥᠪᠯᠡᠷᠡᠭᠦᠯᠦᠨ ᠬᠡᠷᠡᠭᠵᠢᠭᠦᠯᠬᠦ ᠴᠢᠬᠤᠯᠠ ᠲᠠᠢ ᠪᠣᠯ ᠬᠤᠲᠠ ᠶᠢᠨ | ᠠᠷᠠᠳ ᠤᠨ ᠵᠠᠰᠠᠭ ᠤᠨ ᠣᠷᠳᠣᠨ ᠠᠴᠠ ᠬᠠᠤᠯᠢ ᠶᠣᠰᠣᠭᠠᠷ ᠲᠤᠬᠢᠷᠠᠭᠤᠯᠤᠨ ᠲᠣᠭᠲᠠᠭᠠᠵᠤ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠨᠡᠶᠢᠭᠡᠮ ᠳᠤ | ᠨᠡᠶᠢᠲᠡᠯᠡᠨ ᠬᠡᠷᠡᠭᠵᠢᠭᠦᠯᠬᠦ ᠬᠡᠷᠡᠭᠲᠡᠶ᠃ | ᠠᠷᠪᠠᠨ ᠨᠢᠭᠡᠳᠦᠭᠡᠷ ᠵᠦᠢᠯ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ | ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠲᠣᠮᠢᠯᠠᠨ ᠰᠠᠭᠤᠯᠭᠠᠵᠤ | ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ | ᠨᠡᠷ᠎ᠡ ᠪᠠᠷ ᠲᠣᠰ ᠬᠠᠷᠢᠶ᠎ᠠ ᠣᠷᠣᠨ ᠳᠠᠭᠠᠨ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠥᠷᠨᠢᠭᠦᠯᠵᠦ | ᠪᠣᠯᠤᠨ᠎ᠠ᠃ | | ᠠᠷᠪᠠᠨ ᠬᠤᠶᠠᠳᠤᠭᠠᠷ ᠵᠦᠢᠯ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠳᠤ ᠡᠳᠦᠷ ᠲᠤᠲᠤᠮ ᠤᠨ | ᠲᠣᠭᠤᠷᠢᠨ ᠪᠠᠶᠢᠴᠠᠭᠠᠬᠤ ᠳᠦᠷᠢᠮ ᠢ ᠬᠡᠷᠡᠭᠵᠢᠭᠦᠯᠦᠨ᠎ᠡ᠃ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠣᠭᠤᠷᠢᠨ ᠪᠠᠶᠢᠴᠠᠭᠠᠬᠤ ᠳᠤᠮᠳᠠ ᠣᠯᠵᠤ ᠮᠡᠳᠡᠭᠰᠡᠨ ᠠᠰᠠᠭᠤᠳᠠᠯ ᠢ | ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠶ᠃ | ᠡᠯ᠎ᠡ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠤᠤᠷᠵᠢᠯ ᠤᠨ ᠨᠢᠭᠡᠴᠡ ᠶᠢᠨ ᠣᠷᠣᠨ ᠪᠦᠰᠡ ᠶᠢ | ᠬᠤᠪᠢᠶᠠᠷᠢᠯᠠᠨ ᠲᠣᠭᠲᠠᠭᠠᠵᠤ᠂ ᠣᠷᠣᠨ ᠪᠦᠰᠡ ᠶᠢᠨ ᠬᠠᠷᠢᠭᠤᠴᠠᠯᠭᠠᠲᠤ ᠨᠢᠭᠡᠴᠡ ᠪᠠ ᠬᠠᠷᠢᠭᠤᠴᠠᠯᠭᠠᠲᠠᠨ ᠢ | ᠲᠣᠳᠣᠷᠬᠠᠶᠢᠯᠠᠬᠤ ᠶᠢᠨ ᠬᠠᠮᠲᠤ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ᠂ ᠬᠠᠷᠢᠭᠤᠴᠠᠯᠭ᠎ᠠ ᠶᠢᠨ | ᠲᠣᠭᠤᠷᠢᠭ ᠤᠨ ᠬᠡᠪᠴᠢᠶᠡᠨ ᠳᠣᠲᠣᠷ᠎ᠠ ᠢᠯᠡ ᠲᠣᠳᠣ ᠣᠷᠣᠨ ᠪᠠᠶᠢᠷᠢ ᠳᠤ ᠢᠯᠡ ᠨᠡᠶᠢᠲᠡᠯᠡᠬᠦ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠬᠤᠲᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠢᠭᠡᠳ ᠬᠠᠮᠢᠶ᠎ᠠ | ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ | ᠬᠠᠮᠲᠤᠪᠠᠷ ᠬᠦᠷᠲᠡᠬᠦ᠂ ᠬᠡᠷᠡᠭ ᠢ ᠰᠢᠯᠵᠢᠭᠦᠯᠦᠨ ᠬᠦᠷᠭᠡᠬᠦ ᠪᠠ ᠬᠠᠷᠢᠭᠤ ᠲᠤᠰᠬᠠᠬᠤ ᠵᠡᠷᠭᠡ ᠬᠠᠮᠵᠢᠯᠴᠠᠨ ᠬᠠᠮᠵᠢᠯᠴᠠᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠤᠰᠬᠠᠶ | ᠠᠵᠢᠯᠯᠠᠭ᠎ᠠ ᠶᠢ ᠥᠷᠨᠢᠭᠦᠯᠬᠦ ᠪᠤᠶᠤ ᠬᠠᠮᠢᠶ᠎ᠠ ᠪᠦᠬᠦᠢ ᠴᠢᠬᠤᠯᠠ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ᠂ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ | ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠮᠲᠤᠷᠠᠨ ᠬᠡᠷᠡᠭᠵᠢᠭᠦᠯᠦᠨ᠎ᠡ᠃ | | | ᠭᠤᠷᠪᠠᠳᠤᠭᠠᠷ ᠪᠦᠯᠦᠭ ᠬᠠᠮᠢᠶᠠᠷᠤᠯᠲᠠ ᠶᠢᠨ ᠵᠢᠷᠤᠮᠵᠢᠯ | ᠠᠷᠪᠠᠨ ᠲᠠᠪᠤᠳᠤᠭᠠᠷ ᠵᠦᠢᠯ ᠬᠤᠲᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ | ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠬᠤᠲᠠ ᠶᠢᠨ ᠣᠷᠣᠨ ᠵᠠᠶ ᠶᠢᠨ | ᠲᠥᠯᠥᠪᠵᠢᠭᠦᠯᠭᠡ ᠶᠢ ᠦᠨᠳᠦᠰᠦᠯᠡᠨ᠂ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠵᠠᠮ | ᠬᠠᠷᠢᠯᠴᠠᠭ᠎ᠠ᠂ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠬᠤᠭᠤᠯᠠᠶ ᠱᠣᠭᠤᠮ᠂ ᠬᠤᠲᠠ ᠶᠢᠨ ᠣᠯᠠᠨ | ᠨᠡᠶᠢᠲᠡ ᠶᠢᠨ ᠣᠷᠣᠨ ᠵᠠᠶ ᠶᠢᠨ ᠣᠷᠴᠢᠨ ᠲᠣᠭᠤᠷᠢᠨ ᠤ ᠪᠡᠯᠡᠳᠬᠡᠮᠵᠢ᠂ ᠨᠤᠭᠤᠭᠠᠷᠠᠭᠤᠯᠤᠯᠳᠠ ᠶᠢᠨ ᠰᠢᠰᠲ᠋ᠧᠮ᠂ | ᠤᠰᠤ ᠵᠠᠯᠠᠬᠤ ᠤᠰᠤᠲᠤᠯ ᠢ ᠰᠡᠷᠭᠡᠶᠢᠯᠡᠬᠦ᠂ ᠬᠤᠳᠠᠯᠳᠤᠭᠠᠨ ᠤ ᠲᠣᠤᠷ ᠴᠢᠭ ᠵᠡᠷᠭᠡ ᠲᠤᠰᠬᠠᠶ ᠵᠦᠢᠯ ᠤᠨ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠬᠤᠲᠠ ᠶᠢᠨ ᠵᠡᠭᠡᠯᠢ ᠳᠠᠭᠠᠤ ᠪᠠᠶᠢᠭᠤᠯᠤᠭᠰᠠᠨ ᠪᠠᠷᠢᠯᠭ᠎ᠠ ᠶᠢᠨ ᠳᠦᠷᠰᠦ | ᠪᠦᠲᠦᠭᠡᠯᠲᠡ᠂ ᠥᠩᠭᠡ ᠠᠶᠠᠰ ᠪᠠ ᠬᠡᠪ ᠨᠠᠮᠪᠠ ᠨᠢ ᠬᠤᠲᠠ ᠶᠢᠨ ᠲᠥᠯᠥᠪᠵᠢᠭᠦᠯᠪᠡ ᠪᠠ ᠤᠯᠠᠮᠵᠢᠯᠠᠯᠲᠤ ᠰᠣᠶᠣᠯ ᠤᠨ | ᠱᠠᠭᠠᠷᠳᠠᠯᠭ᠎ᠠ ᠳᠤ ᠨᠡᠶᠢᠴᠡᠵᠦ᠂ ᠡᠷᠭᠢᠨ ᠲᠣᠭᠤᠷᠢᠨ ᠤ ᠣᠷᠴᠢᠨ ᠲᠣᠭᠤᠷᠢᠨ ᠤ ᠦᠵᠡᠮᠵᠢ ᠯᠦᠭᠡ ᠵᠣᠬᠢᠴᠠᠯᠳᠤᠵᠤ᠂ | ᠨᠠᠷᠠ ᠬᠠᠯᠬᠠᠯᠠᠬᠤ ᠪᠦᠷᠬᠦᠭᠦᠯ᠂ ᠪᠣᠷᠣᠭᠠᠨ ᠤ ᠬᠠᠯᠬᠠᠪᠴᠢ᠂ ᠠᠭᠠᠷ ᠲᠣᠬᠢᠷᠠᠭᠤᠯᠤᠭᠴᠢ ᠶᠢᠨ ᠭᠠᠳᠠᠷ ᠲᠥᠬᠦᠭᠡᠷᠦᠮᠵᠢ | ᠵᠡᠷᠭᠡ ᠳᠠᠭᠠᠯᠲᠠ ᠪᠡᠯᠡᠳᠬᠡᠮᠵᠢ ᠶᠢᠨ ᠪᠠᠶᠢᠷᠢᠯᠠᠭᠤᠯᠤᠯᠲᠠ ᠨᠢ ᠬᠤᠲᠠ ᠶᠢᠨ ᠬᠤᠲᠠ ᠶᠢᠨ ᠳᠦᠷᠰᠦ ᠪᠠᠶᠢᠳᠠᠯ ᠤᠨ | ᠲᠥᠯᠥᠪᠵᠢᠭᠦᠯᠪᠡ ᠪᠠ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ | ᠬᠡᠷᠡᠭᠲᠡᠶ᠃ | ᠭᠠᠳᠠᠷ ᠪᠣᠰᠤᠭ᠎ᠠ ᠲᠠᠯ᠎ᠠ ᠨᠢ ᠴᠡᠪᠡᠷ ᠴᠡᠮᠴᠡᠭᠡᠷ᠂ ᠪᠦᠷᠢᠨ ᠪᠦᠲᠦᠨ ᠪᠠᠶᠢᠬᠤ ᠶᠢ ᠪᠠᠲᠤᠯᠠᠬᠤ ᠬᠡᠷᠡᠭᠲᠡᠶ᠂ ᠠᠮᠤᠷ | ᠲᠦᠪᠰᠢᠨ ᠤ ᠳᠠᠯᠳᠠ ᠭᠡᠮ ᠲᠠᠢ ᠪᠠᠶᠢᠪᠠᠯ᠂ ᠲᠡᠭᠦᠨ ᠤ ᠥᠮᠴᠢᠯᠡᠯ ᠤᠨ ᠡᠷᠬᠡᠲᠦ ᠬᠥᠮᠦᠨ᠂ ᠬᠡᠷᠡᠭᠯᠡᠭᠴᠢ ᠨᠢ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠤᠬᠢᠶᠠᠨ ᠴᠡᠪᠡᠷᠯᠡᠵᠦ᠂ ᠠᠷᠠᠴᠢᠯᠠᠨ ᠬᠠᠮᠠᠭᠠᠯᠠᠬᠤ | ᠬᠡᠷᠡᠭᠲᠡᠶ︔ ᠵᠡᠭᠡᠯᠢ ᠭᠤᠳᠤᠮᠵᠢ ᠶᠢᠨ ᠬᠤᠶᠠᠷ ᠬᠠᠵᠠᠭᠤ ᠪᠠᠷ ᠳᠠᠭᠠᠯᠳᠤᠵᠤ ᠪᠠᠶᠢᠭᠤᠯᠤᠭᠰᠠᠨ ᠪᠠᠷᠢᠯᠭ᠎ᠠ ᠶᠢᠨ ᠵᠦᠢᠯ | ᠳᠡᠭᠡᠷᠡᠬᠢ ᠴᠠᠬᠢᠯᠭᠠᠨ ᠬᠦᠴᠦ᠂ ᠴᠢᠮᠡᠭᠡ ᠨᠡᠪᠲᠡᠷᠡᠯᠭᠡ ᠵᠡᠷᠭᠡ ᠪᠡᠯᠡᠳᠬᠡᠮᠵᠢ ᠵᠢᠴᠢ ᠬᠤᠭᠤᠯᠠᠶ ᠱᠤᠭᠤᠮ ᠢ ᠪᠣᠯ ᠬᠠᠮᠢᠶ᠎ᠠ | ᠪᠦᠬᠦᠢ ᠲᠣᠭᠲᠠᠭᠠᠯ ᠶᠣᠰᠣᠭᠠᠷ ᠨᠢᠭᠤᠴᠠ ᠪᠠᠷ ᠪᠠᠶᠢᠷᠢᠯᠠᠭᠤᠯᠬᠤ ᠬᠡᠷᠡᠭᠲᠡᠶ᠃ | ᠠᠷᠪᠠᠨ ᠳᠣᠯᠣᠳᠤᠭᠠᠷ ᠵᠦᠢᠯ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ | ᠪᠠᠶᠢᠭᠤᠯᠬᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠲᠡᠷᠭᠡᠨ ᠵᠣᠭᠰᠣᠭᠠᠯ ᠲᠤᠬᠢᠷᠠᠭᠤᠯᠤᠨ ᠪᠠᠶᠢᠭᠤᠯᠵᠤ᠂ | ᠨᠡᠮᠡᠵᠦ ᠪᠠᠶᠢᠭᠤᠯᠬᠤ ᠬᠡᠷᠡᠭᠲᠡᠶ︔ ᠲᠡᠷᠭᠡᠨ ᠵᠣᠭᠰᠣᠭᠠᠯ ᠨᠢ ᠬᠦᠢᠴᠡᠳ ᠦᠭᠡᠢ ᠪᠠᠶᠢᠪᠠᠯ᠂ ᠲᠥᠯᠥᠪᠵᠢᠭᠦᠯᠪᠡ | ᠶᠣᠰᠣᠭᠠᠷ ᠴᠠᠭ ᠲᠤᠬᠠᠶ ᠳᠤᠨᠢ ᠥᠭᠡᠷᠡᠴᠢᠯᠡᠨ ᠪᠠᠶᠢᠭᠤᠯᠵᠤ᠂ ᠥᠷᠭᠡᠳᠬᠡᠨ ᠪᠠᠶᠢᠭᠤᠯᠬᠤ ᠬᠡᠷᠡᠭᠲᠡᠶ︔ ᠪᠠᠶᠢᠭᠤᠯᠬᠤ ᠶᠢ | ᠵᠥᠪᠰᠢᠶᠡᠷᠡᠭᠰᠡᠨ ᠪᠤᠶᠤ ᠠᠰᠢᠭᠯᠠᠯᠲᠠ ᠳᠤ ᠣᠷᠣᠭᠤᠯᠬᠤ ᠶᠢ ᠵᠥᠪᠰᠢᠶᠡᠷᠡᠭᠰᠡᠨ ᠲᠡᠷᠭᠡᠨ ᠵᠣᠭᠰᠣᠭᠠᠯ ᠢ | ᠳᠤᠷ᠎ᠠ ᠪᠠᠷ ᠢᠶᠠᠨ ᠬᠠᠶᠠᠬᠤ ᠪᠤᠶᠤ ᠪᠤᠰᠤᠳ ᠵᠦᠢᠯ ᠳᠤ ᠥᠭᠡᠷᠡᠴᠢᠯᠡᠨ ᠬᠡᠷᠡᠭᠯᠡᠵᠦ ᠪᠣᠯᠬᠤ ᠦᠭᠡᠢ᠃ | ᠠᠷᠪᠠᠨ ᠨᠠᠢᠮᠠᠳᠤᠭᠠᠷ ᠵᠦᠢᠯ ᠬᠤᠲᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠤᠯᠢ ᠠᠴᠠ | ᠵᠥᠷᠢᠴᠡᠭᠰᠡᠨ ᠪᠦᠲᠦᠭᠡᠨ ᠪᠠᠶᠢᠭᠤᠯᠤᠯᠲᠠ ᠳᠤ ᠴᠢᠩᠭ᠎ᠠ ᠬᠠᠮᠢᠶᠠᠷᠣᠯᠳᠠ ᠬᠡᠷᠡᠭᠵᠢᠬᠦᠯᠵᠦ᠂ ᠬᠠᠤᠯᠢ ᠠᠴᠠ ᠵᠥᠷᠢᠴᠡᠭᠰᠡᠨ | ᠪᠦᠲᠦᠭᠡᠨ ᠪᠠᠶᠢᠭᠤᠯᠤᠯᠲᠠ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠬᠠᠤᠯᠢ ᠠᠴᠠ ᠵᠥᠷᠢᠴᠡᠵᠦ ᠪᠠᠶᠢᠭᠤᠯᠤᠭᠰᠠᠨ ᠪᠠᠷᠢᠯᠭ᠎ᠠ ᠶᠢ ᠬᠠᠤᠯᠢ ᠶᠣᠰᠣᠭᠠᠷ ᠨᠤᠷᠠᠭᠠᠬᠤ ᠬᠡᠷᠡᠭᠲᠡᠶ᠃ | | ᠠᠷᠠᠳ ᠢᠷᠭᠡᠨ᠂ ᠬᠠᠤᠯᠢ ᠶᠢᠨ ᠡᠷᠭᠡᠳᠡᠨ ᠪᠠ ᠪᠤᠰᠤᠳ ᠵᠣᠬᠢᠶᠠᠨ ᠪᠠᠶᠢᠭᠤᠯᠤᠯᠲᠠ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠤᠨ ᠵᠢᠷᠤᠭ ᠲᠥᠯᠥᠪᠯᠡᠭᠡᠨ ᠤ | ᠱᠠᠭᠠᠷᠳᠠᠯᠭ᠎ᠠ ᠶᠣᠰᠣᠭᠠᠷ ᠪᠦᠲᠦᠭᠡᠨ ᠪᠠᠶᠢᠭᠤᠯᠤᠯᠲᠠ ᠬᠢᠬᠦ ᠬᠡᠷᠡᠭᠲᠡᠶ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠣᠯᠤᠭᠰᠠᠨ ᠦᠭᠡᠢ ᠪᠤᠶᠤ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠶᠣᠰᠣᠭᠠᠷ ᠪᠦᠲᠦᠭᠡᠨ ᠪᠠᠶᠢᠭᠤᠯᠤᠭᠰᠠᠨ ᠦᠭᠡᠢ ᠪᠠᠶᠢᠪᠠᠯ᠂ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠪᠠᠷᠢᠵᠤ ᠪᠣᠯᠬᠤ ᠦᠭᠡᠢ᠃ | ᠠᠷᠪᠠ ᠶᠢᠰᠦᠳᠦᠭᠡᠷ ᠵᠦᠢᠯ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠡᠯᠡᠳᠬᠡᠮᠵᠢ᠂ ᠭᠠᠯ | ᠤᠨᠲᠠᠷᠠᠭᠠᠬᠤ ᠪᠡᠯᠡᠳᠬᠡᠮᠵᠢ᠂ ᠴᠠᠬᠢᠯᠭᠠᠨ ᠬᠠᠩᠭᠠᠬᠤ ᠪᠡᠯᠡᠳᠬᠡᠮᠵᠢ᠂ ᠴᠢᠮᠡᠭᠡ ᠨᠡᠪᠲᠡᠷᠡᠯᠭᠡ ᠶᠢᠨ ᠪᠡᠯᠡᠳᠬᠡᠮᠵᠢ᠂ | ᠨᠣᠭᠤᠭᠠᠷᠠᠭᠤᠯᠤᠯᠲᠠ ᠶᠢᠨ ᠪᠡᠯᠡᠳᠬᠡᠮᠵᠢ᠂ ᠭᠡᠷᠡᠯᠲᠦᠭᠦᠯᠬᠦ ᠪᠡᠯᠡᠳᠬᠡᠮᠵᠢ ᠵᠡᠷᠭᠡ ᠬᠤᠲᠠ ᠶᠢᠨ ᠶᠠᠪᠤᠳᠠᠯ ᠤᠨ | ᠨᠡᠶᠢᠲᠡ ᠶᠢᠨ ᠪᠡᠯᠡᠳᠬᠡᠮᠵᠢ ᠶᠢ ᠬᠠᠮᠢᠶᠠᠷᠬᠤ᠂ ᠬᠡᠷᠡᠭᠯᠡᠬᠦ ᠨᠢᠭᠡᠴᠡ ᠨᠦᠭᠦᠳ ᠪᠡᠯᠡᠳᠬᠡᠮᠵᠢ ᠶᠢᠨ ᠪᠦᠷᠢᠨ ᠪᠦᠲᠦᠨ᠂ | ᠠᠷᠢᠭᠤᠨ ᠴᠡᠪᠡᠷ᠂ ᠴᠡᠪᠡᠷ ᠲᠡᠭᠰᠢᠭᠡᠨ ᠪᠠᠶᠢᠬᠤ ᠶᠢ ᠪᠠᠲᠤᠯᠠᠬᠤ ᠬᠡᠷᠡᠭᠲᠡᠶ᠃ | ᠶᠠᠮᠠᠷᠪᠠ ᠨᠢᠭᠡᠴᠡ ᠪᠠ ᠬᠤᠪᠢ ᠬᠥᠮᠦᠨ ᠳᠣᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢ ᠬᠢᠵᠦ ᠪᠣᠯᠬᠤ | ᠦᠭᠡᠢ᠄ | ︵ᠨᠢᠭᠡ︶ ᠬᠤᠲᠠ ᠶᠢᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠳᠡᠭᠡᠷ᠎ᠡ ᠰᠡᠶᠢᠯᠵᠦ ᠵᠢᠷᠤᠬᠤ᠂ | ᠡᠷᠢᠶᠡᠴᠢᠵᠦ ᠪᠢᠴᠢᠬᠦ ᠵᠡᠷᠭᠡ︔ | ︵ᠬᠤᠶᠠᠷ︶ ᠬᠤᠲᠠ ᠶᠢᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠳᠤ ᠳᠤᠷ᠎ᠠ ᠪᠠᠷ ᠢᠶᠠᠨ ᠭᠠᠳᠠᠷ | ᠲᠠᠯ᠎ᠠ ᠶᠢᠨ ᠪᠡᠯᠡᠳᠬᠡᠮᠵᠢ ᠪᠤᠶᠤ ᠪᠤᠰᠤᠳ ᠡᠳ᠋ ᠪᠣᠳᠠᠰ ᠲᠣᠨᠤᠭ ᠲᠥᠬᠦᠭᠡᠷᠦᠮᠵᠢ ᠪᠠᠶᠢᠭᠤᠯᠬᠤ᠂ ᠡᠯᠭᠦᠬᠦ᠂ ᠨᠠᠭᠠᠬᠤ | ᠵᠡᠷᠭᠡ ︔ | ︵ᠭᠤᠷᠪᠠ︶ ᠬᠤᠲᠠ ᠶᠢᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢ ᠳᠤᠷ᠎ᠠ ᠪᠠᠷ ᠢᠶᠠᠨ ᠪᠠᠶᠢᠷᠢᠯᠠᠭᠤᠯᠬᠤ᠂ | ᠡᠵᠡᠯᠡᠨ ᠬᠡᠷᠡᠭᠯᠡᠬᠦ᠂ ᠨᠤᠷᠠᠭᠠᠬᠤ᠂ ᠥᠭᠡᠷᠡᠴᠢᠯᠡᠬᠦ᠂ ᠨᠡᠭᠦᠯᠭᠡᠬᠦ ᠵᠡᠷᠭᠡ︔ | | ︵ᠳᠦᠷᠪᠡ︶ ᠬᠤᠲᠠ ᠶᠢᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢᠨ ᠬᠡᠪ ᠤᠨ ᠠᠵᠢᠯᠯᠠᠭ᠎ᠠ ᠶᠢ | ᠨᠥᠯᠥᠭᠡᠯᠡᠵᠦ ᠮᠡᠳᠡᠬᠦ ᠪᠤᠰᠤᠳ ᠦᠢᠯᠡ ᠠᠵᠢᠯᠯᠠᠭ᠎ᠠ᠃ | ᠬᠤᠷᠢᠳᠤᠭᠠᠷ ᠵᠦᠢᠯ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ᠂ ᠬᠤᠳᠠ ᠶᠢᠨ | ᠶᠠᠪᠤᠳᠠᠯ ᠤᠨ ᠪᠠᠷᠢᠯᠭ᠎ᠠ ᠶᠢᠨ ᠠᠵᠢᠯ ᠤᠨ ᠭᠠᠵᠠᠷ᠂ ᠪᠠᠷᠢᠯᠭ᠎ᠠ ᠶᠢᠨ ᠵᠦᠢᠯ ᠪᠠ ᠲᠥᠬᠦᠭᠡᠷᠦᠮᠵᠢ ᠶᠢ ᠨᠤᠷᠠᠭᠠᠬᠤ ᠭᠠᠵᠠᠷ᠂ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠰᠤᠯᠠ ᠲᠠᠯᠪᠢᠵᠤ ᠪᠠᠶᠢᠭ᠎ᠠ ᠭᠠᠵᠠᠷ ᠣᠷᠣᠨ ᠵᠢᠴᠢ ᠡᠷᠭᠢᠨ ᠲᠣᠭᠤᠷᠢᠨ ᠤ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠨᠢ ᠳᠣᠤᠷ᠎ᠠ ᠵᠢᠭᠰᠠᠭᠠᠭᠰᠠᠨ ᠱᠠᠭᠠᠷᠳᠠᠯᠭ᠎ᠠ ᠳᠤ | ᠨᠡᠶᠢᠴᠡᠭᠰᠡᠨ ᠪᠠᠶᠢᠬᠤ ᠬᠡᠷᠡᠭᠲᠡᠶ᠄ | ︵ᠨᠢᠭᠡ︶ ᠪᠠᠷᠢᠯᠭ᠎ᠠ ᠪᠠᠷᠢᠬᠤ ᠲᠤᠬᠠᠶ ᠶᠢᠨ ᠭᠠᠵᠠᠷ ᠲᠤ ᠲᠣᠭᠲᠠᠭᠠᠯ ᠶᠣᠰᠣᠭᠠᠷ ᠬᠦᠷᠢᠶ᠎ᠡ ᠬᠡᠷᠡᠮ ︵ | ᠬᠦᠷᠢᠶᠡᠯᠡᠨ ᠬᠠᠰᠢᠬᠤ︶ ᠪᠠᠶᠢᠷᠢᠯᠠᠭᠤᠯᠬᠤ ᠬᠡᠷᠡᠭᠲᠡᠶ᠂ ᠪᠢᠲᠡᠭᠦᠮᠵᠢᠯᠡᠭᠰᠡᠨ ᠪᠠᠷᠢᠯᠭ᠎ᠠ ᠪᠠᠷᠢᠵᠤ᠂ ᠵᠠᠮ ᠬᠠᠷᠢᠯᠴᠠᠭ᠎ᠠ ᠶᠢ | ᠨᠥᠯᠥᠭᠡᠯᠡᠬᠦ ᠳᠤ ᠬᠦᠷᠪᠡᠯ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠶ ᠪᠥᠭᠡᠳ ᠲᠣᠭᠲᠠᠭᠠᠯ ᠶᠣᠰᠣᠭᠠᠷ ᠵᠠᠮ ᠬᠠᠷᠢᠯᠴᠠᠭᠠᠨ ᠤ ᠬᠥᠲᠥᠯᠥᠨ | ᠵᠢᠯᠣᠭᠤᠳᠬᠤ ᠰᠡᠷᠡᠮᠵᠢ ᠶᠢᠨ ᠲᠡᠮᠳᠡᠭ ᠲᠠᠯᠪᠢᠵᠤ᠂ ᠵᠠᠮ ᠬᠠᠷᠢᠯᠴᠠᠭᠠᠨ ᠤ ᠡᠮᠬᠢ ᠵᠢᠷᠤᠮ ᠢ ᠰᠡᠷᠭᠦᠭᠡᠬᠦ ᠴᠠᠭ ᠢ ᠵᠠᠷᠯᠠᠨ | ᠨᠡᠶᠢᠲᠡᠯᠡᠬᠦ ᠬᠡᠷᠡᠭᠲᠡᠶ︔ | ︵ᠬᠤᠶᠠᠷ︶ ᠪᠠᠷᠢᠯᠭ᠎ᠠ ᠶᠢᠨ ᠭᠠᠵᠠᠷ ᠤᠨ ᠣᠷᠣᠵᠤ ᠭᠠᠷᠬᠤ ᠭᠠᠵᠠᠷ ᠬᠢᠭᠡᠳ ᠪᠠᠷᠢᠯᠭ᠎ᠠ ᠪᠠᠷᠢᠬᠤ ᠨᠡᠪᠲᠡᠷᠡᠯ | ᠵᠠᠮ ᠢ ᠬᠠᠲᠠᠭᠤᠷᠠᠭᠤᠯᠵᠤ᠂ ᠣᠷᠣᠵᠤ ᠭᠠᠷᠬᠤ ᠭᠠᠵᠠᠷ ᠤᠨ ᠪᠡᠯᠡᠳᠬᠡᠮᠵᠢ ᠲᠣᠬᠢᠷᠠᠭᠤᠯᠵᠤ᠂ ᠲᠡᠷᠭᠡ ᠬᠥᠰᠬᠡ | ᠪᠠᠷᠢᠯᠭ᠎ᠠ ᠶᠢᠨ ᠭᠠᠵᠠᠷ ᠠᠴᠠ ᠭᠠᠷᠬᠤ ᠶᠢᠨ ᠡᠮᠦᠨ᠎ᠡ ᠲᠣᠭᠲᠠᠭᠠᠯ ᠶᠣᠰᠣᠭᠠᠷ ᠲᠣᠭᠤᠰᠣ ᠶᠢ ᠠᠷᠢᠯᠭᠠᠵᠤ᠂ | ᠪᠢᠲᠡᠭᠦᠮᠵᠢᠯᠡᠨ ᠲᠡᠭᠡᠭᠡᠪᠦᠷᠢᠯᠡᠬᠦ ᠬᠡᠷᠡᠭᠲᠡᠢ︔ | | ︵ᠭᠤᠷᠪᠠ︶ ᠠᠮᠠᠷᠬᠠᠨ ᠲᠣᠭᠤᠰᠣ ᠳᠡᠭᠳᠡᠬᠦ ᠪᠠᠷᠢᠯᠭ᠎ᠠ ᠶᠢᠨ ᠮᠠᠲ᠋ᠧᠷᠢᠶᠠᠯ᠂ ᠰᠢᠷᠣᠶ ᠴᠢᠯᠠᠭᠤ ᠵᠢᠴᠢ ᠲᠣᠭᠤᠰᠣ | ᠳᠡᠭᠳᠡᠬᠦ ᠪᠣᠯᠤᠯᠴᠠᠭ᠎ᠠ ᠲᠠᠢ ᠪᠠᠷᠢᠯᠭ᠎ᠠ ᠶᠢᠨ ᠠᠵᠢᠯᠯᠠᠭ᠎ᠠ ᠳᠤ ᠲᠣᠭᠤᠰᠣ ᠰᠡᠷᠭᠡᠶᠢᠯᠡᠬᠦ᠂ ᠲᠣᠭᠤᠰᠣ ᠪᠠᠭᠤᠷᠠᠭᠤᠯᠬᠤ | ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠬᠡᠷᠡᠭᠲᠡᠶ︔ | ︵ᠲᠦᠷᠪᠡ︶ ᠪᠠᠷᠢᠯᠭ᠎ᠠ ᠪᠠᠷᠢᠬᠤ ᠴᠠᠭ ᠢᠶᠠᠨ ᠵᠤᠬᠢᠰᠳᠠᠢ ᠲᠤᠬᠢᠷᠠᠭᠤᠯᠵᠤ ᠪᠠᠷᠢᠵᠤ᠂ ᠪᠠᠷᠢᠯᠭ᠎ᠠ ᠶᠢᠨ ᠠᠵᠢᠯ | ᠤᠨ ᠳᠠᠭᠤ ᠱᠤᠤᠭᠢᠶᠠᠨ ᠢ ᠴᠢᠩᠭ᠎ᠠ ᠬᠢᠵᠠᠭᠠᠷᠯᠠᠬᠤ ᠬᠡᠷᠡᠭᠳᠡᠢ︔ | ︵ᠲᠠᠪᠤ︶ ᠪᠠᠷᠢᠯᠭ᠎ᠠ ᠪᠠᠷᠢᠬᠤ ᠭᠡᠵᠦ ᠪᠠᠶᠢᠭ᠎ᠠ ᠭᠠᠵᠠᠷ ᠢ ᠳᠤᠷ᠎ᠠ ᠪᠠᠷ ᠢᠶᠠᠨ ᠠᠰᠢᠭᠯᠠᠨ ᠡᠵᠡᠩᠨᠡᠯᠲᠡ ᠶᠢᠨ | ᠠᠵᠢᠯᠯᠠᠭ᠎ᠠ ᠬᠢᠵᠦ ᠪᠣᠯᠬᠤ ᠥᠬᠡᠶ᠂ ᠭᠤᠷᠪᠠᠨ ᠰᠠᠷ᠎ᠠ ᠶᠢᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ | ᠳᠠᠢᠯᠠᠬᠤ ᠥᠬᠡᠶ ᠪᠣᠯ ᠪᠠᠷᠢᠯᠭ᠎ᠠ ᠶᠢᠨ ᠭᠠᠵᠠᠷ ᠣᠷᠣᠨ ᠢ ᠲᠦᠷ ᠴᠠᠭ ᠨᠣᠭᠤᠭᠠᠷᠠᠭᠤᠯᠬᠤ᠂ ᠳᠡᠪᠢᠰᠬᠦ ᠪᠤᠶᠤ | ᠪᠦᠲᠦᠮᠵᠢᠲᠡᠢ ᠪᠦᠷᠬᠦᠬᠦ ᠬᠡᠷᠡᠭᠲᠡᠢ᠂ ᠬᠤᠭ ᠨᠣᠪᠰᠢ ᠬᠠᠶᠠᠵᠤ ᠬᠠᠳᠠᠭᠠᠯᠠᠵᠤ ᠪᠣᠯᠬᠤ ᠥᠬᠡᠶ︔ | | ︵ᠵᠢᠷᠭᠤᠭ᠎ᠠ︶ ᠪᠠᠷᠢᠯᠭ᠎ᠠ ᠶᠢᠨ ᠬᠤᠭ ᠨᠣᠪᠰᠢ᠂ ᠪᠠᠷᠢᠯᠭ᠎ᠠ ᠶᠢᠨ ᠰᠢᠭᠠᠷᠤ ᠰᠢᠷᠣᠢ ᠶᠢ ᠴᠠᠭ ᠲᠤᠬᠠᠢ ᠲᠤᠨᠢ | ᠴᠡᠪᠡᠷᠯᠡᠨ ᠲᠡᠭᠡᠭᠡᠪᠦᠷᠢᠯᠡᠬᠦ ᠶᠢᠨ ᠬᠠᠮᠲᠤ ᠲᠠᠯᠠᠪᠠᠢ ᠶᠢ ᠲᠡᠭᠰᠢᠯᠡᠬᠦ ᠬᠡᠷᠡᠭᠲᠡᠢ᠃ | ᠬᠤᠷᠢᠨ ᠨᠢᠭᠡᠳᠦᠭᠡᠷ ᠵᠦᠢᠯ ᠬᠤᠳᠠ ᠶᠢᠨ ᠶᠠᠪᠤᠳᠠᠯ ᠤᠨ ᠵᠠᠮ ᠱᠤᠭᠤᠮ ᠨᠢ ᠳᠣᠤᠷ᠎ᠠ ᠵᠢᠭᠰᠠᠭᠠᠭᠰᠠᠨ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠄ | ︵ᠨᠢᠭᠡ︶ ᠵᠠᠮ ᠤᠨ ᠭᠠᠳᠠᠷᠭᠤ ᠨᠢ ᠴᠡᠪᠡᠷ ᠲᠡᠭᠰᠢ ᠪᠠᠶᠢᠵᠤ᠂ ᠭᠤᠣᠯ ᠵᠠᠮ ᠨᠢ ᠰᠣᠬᠤᠷ ᠬᠥᠮᠥᠨ ᠤ ᠵᠠᠮ᠂ | ᠵᠠᠮ ᠤᠨ ᠬᠠᠰᠢᠭᠤᠷ ᠤᠨ ᠨᠠᠯᠣ ᠵᠠᠮ ᠵᠡᠷᠭᠡ ᠰᠠᠭᠠᠳ ᠥᠬᠡᠶ ᠲᠦᠬᠦᠭᠡᠷᠦᠮᠵᠢ ᠪᠠᠶᠢᠬᠤ ᠶᠢᠨ ᠬᠠᠮᠲᠤ ᠪᠦᠷᠢᠨ ᠪᠦᠲᠦᠨ | ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠢ︔ | | ︵ᠬᠤᠶᠠᠷ︶ ᠵᠠᠮ ᠬᠠᠷᠢᠯᠴᠠᠭᠠᠨ ᠤ ᠳᠣᠬᠢᠶ᠎ᠠ᠂ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ᠂ ᠬᠡᠷᠡᠰᠬᠡ | ᠬᠠᠮᠠᠭᠠᠯᠠᠬᠤ ᠲᠤᠰᠠᠭᠠᠷᠯᠠᠬᠤ ᠱᠣᠩ ᠵᠡᠷᠭᠡ ᠠᠶᠤᠯ ᠦᠭᠡᠢ ᠶᠢᠨ ᠪᠡᠯᠡᠳᠬᠡᠮᠵᠢ ᠪᠠᠶᠢᠷᠢᠯᠠᠭᠤᠯᠬᠤ ᠨᠢ ᠬᠤᠯᠪᠣᠭᠳᠠᠯ | ᠪᠦᠬᠦᠢ ᠲᠣᠭᠲᠠᠭᠠᠯ ᠳᠤ ᠨᠡᠶᠢᠴᠡᠵᠦ᠂ ᠭᠠᠵᠠᠷ ᠤᠨ ᠨᠡᠷᠡᠶᠢᠳᠦᠯ ᠤᠨ ᠲᠡᠮᠳᠡᠭ ᠵᠡᠷᠭᠡ ᠣᠯᠠᠨ ᠨᠡᠶᠢᠲᠡ ᠶᠢᠨ | ᠲᠡᠮᠳᠡᠭ ᠤᠨ ᠵᠢᠷᠤᠮᠵᠢᠯ ᠲᠠᠢ ᠪᠥᠭᠡᠳ ᠠᠷᠢᠭᠤᠨ ᠴᠡᠪᠡᠷ ᠪᠠᠶᠢᠬᠤ ᠬᠡᠷᠡᠭᠳᠡᠢ︔ | | ︵ᠭᠤᠷᠪᠠ︶ ᠮᠠᠰᠢᠨᠲᠤ ᠲᠡᠷᠭᠡ ᠶᠢᠨ ᠲᠡᠷᠭᠡᠨ ᠵᠣᠭᠰᠣᠭᠠᠯ᠂ ᠮᠠᠰᠢᠨᠲᠤ ᠪᠤᠰᠤ ᠲᠡᠷᠭᠡ ᠬᠠᠳᠠᠭᠠᠯᠠᠬᠤ | ᠭᠠᠵᠠᠷ ᠤᠨ ᠪᠠᠶᠢᠷᠢᠯᠠᠭᠤᠯᠤᠯᠲᠠ ᠨᠢ ᠵᠦᠢ ᠵᠣᠬᠢᠰᠲᠠᠢ᠂ ᠬᠠᠮᠢᠶᠠᠷᠤᠯᠲᠠ ᠨᠢ ᠡᠮᠬᠢ ᠵᠢᠷᠤᠮ ᠲᠠᠢ᠂ ᠲᠡᠷᠭᠡ ᠬᠥᠰᠬᠡ ᠶᠢᠨ | ᠵᠣᠭᠰᠣᠭᠠᠯ᠂ ᠬᠠᠨᠳᠤᠰᠢ ᠨᠢ ᠨᠢᠭᠡᠳᠦᠯᠲᠡᠢ᠂ ᠲᠣᠭᠲᠠᠭᠠᠯ ᠠᠴᠠ ᠵᠥᠷᠢᠴᠡᠨ ᠵᠠᠮ ᠡᠵᠡᠯᠡᠬᠦ ᠪᠠ ᠶᠠᠪᠠᠭᠠᠨ ᠵᠠᠮ᠂ | ᠰᠣᠬᠤᠷ ᠬᠥᠮᠥᠨ ᠤ ᠵᠠᠮ ᠢ ᠡᠵᠡᠯᠡᠨ ᠵᠤᠭᠰᠣᠭᠠᠬᠤ ᠵᠡᠷᠭᠡ ᠪᠣᠯᠪᠠᠰᠤᠨ ᠪᠤᠰᠤ ᠦᠢᠯᠡ ᠠᠵᠢᠯᠯᠠᠭ᠎ᠠ ᠦᠭᠡᠢ ᠪᠠᠶᠢᠬᠤ | ᠬᠡᠷᠡᠭᠳᠡᠢ︔ | ︵ᠲᠦᠷᠪᠡ︶ ᠬᠤᠲᠠ ᠶᠢᠨ ᠵᠠᠮ ᠱᠣᠭᠤᠮ ᠳᠤ ᠳᠤ ᠬᠤᠯᠪᠣᠭᠳᠠᠬᠤ ᠪᠤᠰᠤᠳ ᠲᠣᠭᠲᠠᠭᠠᠯ ᠪᠠᠶᠢᠬᠤ ᠬᠡᠷᠡᠭᠳᠡᠢ᠃ | | ᠬᠤᠷᠢᠨ ᠬᠤᠶᠠᠳᠤᠭᠠᠷ ᠵᠦᠢᠯ ᠵᠠᠮ ᠢ ᠡᠵᠡᠯᠡᠨ ᠬᠡᠷᠡᠭᠯᠡᠬᠦ᠂ ᠮᠠᠯᠲᠠᠬᠤ ᠳᠤ ᠳᠣᠤᠷ᠎ᠠ ᠵᠢᠭᠰᠠᠭᠠᠭᠰᠠᠨ | ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠄ | ︵ᠨᠢᠭᠡ︶ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠥᠪᠰᠢᠶᠡᠷᠡᠭᠰᠡᠨ ᠣᠷᠣᠨ ᠪᠠᠶᠢᠷᠢ᠂ ᠲᠠᠯᠠᠪᠠᠢ᠂ | ᠬᠤᠭᠤᠴᠠᠭ᠎ᠠ ᠶᠣᠰᠣᠭᠠᠷ ᠡᠵᠡᠯᠡᠨ ᠬᠡᠷᠡᠭᠯᠡᠬᠦ ᠪᠤᠶᠤ ᠮᠠᠯᠳᠠᠬᠤ ᠬᠡᠷᠡᠭᠲᠡᠶ᠂ ᠬᠢᠨᠠᠨ ᠵᠥᠪᠰᠢᠶᠡᠷᠡᠬᠦ ᠬᠤᠭᠤᠴᠠᠭ᠎ᠠ ᠠᠴᠠ | ᠬᠡᠲᠦᠷᠡᠭᠰᠡᠨ ᠪᠠᠶᠢᠪᠠᠯ ᠬᠤᠭᠤᠴᠠᠭ᠎ᠠ ᠤᠷᠲᠤᠳᠬᠠᠬᠤ ᠭᠤᠶᠤᠴᠢᠯᠠᠯ ᠬᠢᠬᠦ ᠬᠡᠷᠡᠭᠲᠡᠶ︔ | | ︵ᠬᠤᠶᠠᠷ︶ ᠪᠠᠷᠢᠯᠭ᠎ᠠ ᠶᠢᠨ ᠠᠵᠢᠯ ᠤᠨ ᠲᠤᠬᠠᠶ ᠶᠢᠨ ᠭᠠᠵᠠᠷ ᠲᠤ ᠢᠯᠡᠷᠬᠡᠶ ᠠᠶᠤᠯᠭᠦᠶ ᠶᠢᠨ ᠢᠯᠡᠳᠬᠡᠮᠵᠢ | ᠲᠡᠮᠳᠡᠭ ᠪᠠ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠲᠣᠬᠢᠷᠠᠭᠤᠯᠬᠤ ᠬᠡᠷᠡᠭᠲᠡᠶ︔ | ︵ᠭᠤᠷᠪᠠ︶ ᠵᠠᠮ ᠢ ᠲᠦᠷ ᠴᠠᠭ ᠪᠢᠲᠡᠭᠦᠮᠵᠢᠯᠡᠪᠡᠯ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠵᠠᠷᠯᠠᠨ ᠨᠡᠶᠢᠲᠡᠯᠡᠬᠦ ᠬᠡᠷᠡᠭᠲᠡᠶ︔ | ︵ᠲᠦᠷᠪᠡ︶ ᠪᠠᠷᠢᠯᠭ᠎ᠠ ᠲᠠᠭᠤᠰᠤᠭᠰᠠᠨ ᠤ ᠲᠠᠷᠠᠭ᠎ᠠ᠂ ᠲᠤᠬᠠᠶ ᠶᠢᠨ ᠲᠠᠯᠠᠪᠠᠢ ᠶᠢ ᠴᠠᠭ ᠲᠤᠬᠠᠶ ᠳᠤᠨᠢ | ᠴᠡᠪᠡᠷᠯᠡᠬᠦ ᠶᠢᠨ ᠬᠠᠮᠲᠤ ᠤᠭ ᠪᠠᠶᠢᠳᠠᠯ ᠢ ᠨᠢ ᠰᠡᠷᠭᠦᠭᠡᠬᠦ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠴᠡᠴᠡᠷᠯᠢᠭᠵᠢᠬᠦᠯᠬᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ | ᠨᠣᠭᠤᠭᠠᠷᠠᠭᠤᠯᠬᠤ ᠪᠦᠲᠦᠭᠡᠨ ᠪᠠᠶᠢᠭᠤᠯᠤᠯᠲᠠ ᠪᠠ ᠠᠷᠠᠴᠢᠯᠠᠨ ᠬᠠᠮᠠᠭᠠᠯᠠᠬᠤ ᠠᠵᠢᠯ ᠢᠶᠠᠨ ᠵᠢᠷᠤᠮᠵᠢᠭᠤᠯᠵᠤ᠂ | ᠠᠵᠢᠯᠯᠠᠭᠠᠨ ᠤ ᠡᠷᠭᠢᠨ ᠲᠣᠭᠤᠷᠢᠨ ᠤ ᠣᠷᠴᠢᠨ ᠲᠣᠭᠤᠷᠢᠨ ᠢ ᠴᠡᠪᠡᠷ ᠲᠡᠭᠰᠢ ᠪᠠᠶᠢᠯᠭᠠᠬᠤ ᠬᠡᠷᠡᠭᠲᠡᠶ᠃ | ᠠᠷᠠᠳ ᠢᠷᠭᠡᠨ᠂ ᠬᠠᠤᠯᠢ ᠶᠢᠨ ᠡᠷᠬᠡᠲᠡᠨ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠬᠤᠲᠠ ᠶᠢᠨ | ᠨᠣᠭᠤᠭᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷᠡᠭᠯᠡᠵᠦ᠂ ᠡᠪᠳᠡᠵᠦ ᠪᠣᠯᠬᠤ ᠦᠭᠡᠢ᠂ ᠡᠰᠡᠬᠦᠯ᠎ᠡ ᠬᠤᠲᠠ ᠶᠢᠨ | ᠨᠣᠭᠤᠭᠠᠷᠠᠭᠤᠯᠤᠯᠲᠠ ᠶᠢᠨ ᠲᠥᠯᠥᠪᠵᠢᠭᠦᠯᠭᠡ ᠶᠢᠨ ᠬᠡᠷᠡᠭᠯᠡᠬᠦ ᠭᠠᠵᠠᠷ ᠤᠨ ᠰᠢᠨᠵᠢ ᠴᠢᠨᠠᠷ ᠢ ᠬᠤᠪᠢᠷᠠᠭᠤᠯᠵᠤ ᠪᠣᠯᠬᠤ | ᠦᠭᠡᠢ᠂ ᠨᠣᠭᠤᠭᠠᠷᠠᠭᠤᠯᠤᠯᠲᠠ ᠶᠢᠨ ᠲᠠᠷᠢᠮᠠᠯ ᠢ ᠡᠪᠳᠡᠵᠦ ᠪᠣᠯᠬᠤ ᠦᠭᠡᠢ᠂ ᠣᠢ ᠮᠣᠳᠣ ᠶᠢ ᠳᠤᠷ᠎ᠠ ᠪᠠᠷ ᠢᠶᠠᠨ | ᠣᠭᠲᠣᠯᠵᠤ᠂ ᠰᠢᠯᠵᠢᠬᠦᠯᠦᠨ ᠵᠠᠶᠢᠯᠠᠵᠤ ᠪᠣᠯᠬᠤ ᠦᠭᠡᠢ᠃ | ᠬᠤᠲᠠ ᠶᠢᠨ ᠴᠡᠴᠡᠷᠯᠢᠭ ᠤᠨ ᠠᠭᠤᠳᠠᠮ ᠲᠠᠯᠠᠪᠠᠢ᠂ ᠨᠣᠭᠤᠭᠠᠨ ᠭᠠᠵᠠᠷ ᠲᠤ ᠡᠵᠡᠩᠨᠡᠯᠲᠡ ᠶᠢᠨ ᠠᠵᠢᠯᠯᠠᠭ᠎ᠠ | ᠬᠢᠬᠦ ᠳᠤ᠂ ᠠᠭᠤᠳᠠᠮ ᠲᠠᠯᠠᠪᠠᠢ᠂ ᠴᠡᠴᠡᠷᠯᠢᠭ ᠤᠨ ᠬᠠᠮᠢᠶᠠᠷᠤᠯᠲᠠ ᠶᠢᠨ ᠨᠢᠭᠡᠴᠡ ᠪᠠᠷ ᠵᠥᠪᠰᠢᠶᠡᠷᠡᠭᠦᠯᠦᠭᠡᠳ᠂ ᠬᠠᠮᠢᠶ᠎ᠠ | ᠪᠦᠬᠦᠢ ᠭᠠᠷᠳᠠᠮ ᠢ ᠬᠠᠤᠯᠢ ᠶᠣᠰᠣᠭᠠᠷ ᠬᠦᠢᠴᠡᠳᠭᠡᠵᠦ᠂ ᠵᠢᠭᠠᠨ ᠲᠣᠭᠲᠠᠭᠠᠭᠰᠠᠨ ᠭᠠᠵᠠᠷ ᠲᠤ ᠡᠵᠡᠩᠨᠡᠯᠲᠡ ᠶᠢᠨ | ᠠᠵᠢᠯᠯᠠᠭ᠎ᠠ ᠬᠢᠬᠦ ᠶᠢᠨ ᠬᠠᠮᠲᠤ ᠬᠠᠮᠢᠶ᠎ᠠ ᠪᠦᠬᠦᠢ ᠲᠣᠭᠲᠠᠭᠠᠯ ᠢ ᠵᠢᠷᠤᠮᠯᠠᠬᠤ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠬᠤᠲᠠ ᠶᠢᠨ ᠵᠡᠭᠡᠯᠢ ᠳᠠᠭᠠᠭᠰᠠᠨ ᠡᠯ᠎ᠡ ᠲᠥᠷᠥᠯ ᠤᠨ ᠳᠡᠯᠭᠡᠭᠦᠷ | ᠡᠵᠡᠩᠨᠡᠯᠲᠡ ᠶᠢᠨ ᠠᠵᠢᠯᠯᠠᠭ᠎ᠠ ᠬᠢᠬᠦ ᠳᠤ ᠳᠣᠤᠷ᠎ᠠ ᠵᠢᠭᠰᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠄ | ︵ᠨᠢᠭᠡ︶ ᠡᠵᠡᠩᠨᠡᠯᠲᠡ ᠶᠢᠨ ᠠᠵᠢᠯᠯᠠᠭ᠎ᠠ ᠪᠠᠨ ᠳᠡᠯᠭᠡᠭᠦᠷ ᠤᠨ ᠳᠣᠲᠣᠷ᠎ᠠ ᠦᠷᠨᠢᠬᠦᠯᠬᠦ ᠬᠡᠷᠡᠭᠲᠡᠶ᠂ | ᠳᠡᠯᠭᠡᠭᠦᠷ ᠤᠨ ᠭᠠᠳᠠᠨ᠎ᠠ ᠡᠳ᠋ ᠪᠤᠳᠠᠰ ᠣᠪᠣᠭᠠᠯᠠᠵᠤ᠂ ᠡᠵᠡᠩᠨᠡᠯᠲᠡ ᠶᠢᠨ ᠠᠵᠢᠯᠯᠠᠭ᠎ᠠ ᠦᠷᠨᠢᠬᠦᠯᠵᠦ ᠪᠣᠯᠬᠤ ᠦᠭᠡᠢ︔ | | ︵ᠬᠤᠶᠠᠷ︶ ᠦᠨᠳᠦᠷ ᠲᠠᠭᠤᠲᠤ ᠪᠦᠷᠢᠶ᠎ᠡ ᠶᠢ ᠬᠡᠷᠡᠭᠯᠡᠬᠦ ᠪᠤᠶᠤ ᠪᠤᠰᠤᠳ ᠥᠨᠳᠥᠷ ᠱᠤᠤᠭᠢᠶᠠᠨ ᠤ | ᠬᠡᠯᠪᠡᠷᠢ ᠪᠠᠷ ᠵᠣᠴᠢᠨ ᠲᠠᠲᠠᠵᠤ ᠪᠣᠯᠬᠤ ᠦᠭᠡᠢ︔ | ︵ᠭᠤᠷᠪᠠ︶ ᠢᠳᠡᠭᠡᠨ ᠤᠮᠳᠠᠭᠠᠨ ᠵᠡᠷᠭᠡ ᠶᠢᠨ ᠡᠵᠡᠩᠨᠡᠯᠲᠡ ᠬᠢᠬᠦ ᠳᠤ ᠬᠦᠷᠪᠡᠯ᠂ ᠲᠣᠭᠲᠠᠭᠠᠯ ᠶᠣᠰᠣᠭᠠᠷ | ᠬᠤᠭᠤᠯᠠᠨ ᠲᠢᠩᠬᠢᠮ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠬᠡᠷᠡᠭᠲᠡᠶ᠂ ᠬᠤᠭᠤᠯᠠᠨ ᠲᠢᠩᠬᠢᠮ | ᠲᠣᠭᠤᠭᠠᠨ ᠭᠡᠷ ᠤᠨ ᠬᠤᠭ ᠨᠣᠪᠰᠢ ᠵᠡᠷᠭᠡ ᠶᠢ ᠪᠤᠵᠠᠷ ᠤᠰᠤ ᠭᠠᠳᠠᠭᠰᠢᠯᠠᠭᠤᠯᠬᠤ ᠬᠤᠭᠤᠯᠠᠶ ᠭᠤᠤᠷᠰᠤᠨ ᠳᠤ | ᠣᠷᠣᠭᠤᠯᠬᠤ ᠪᠤᠶᠤ ᠮᠣᠳᠣᠨ ᠤ ᠨᠦᠬᠡ᠂ ᠨᠣᠭᠤᠭᠠᠨ ᠭᠠᠵᠠᠷ ᠲᠤ ᠰᠢᠭᠤᠳ ᠬᠢᠵᠦ ᠪᠣᠯᠬᠤ ᠦᠭᠡᠢ︔ | ︵ᠲᠦᠷᠪᠡ︶ ᠳᠡᠯᠭᠡᠭᠦᠷ ᠳᠣᠲᠣᠷ᠎ᠠ ᠪᠠᠨ ᠬᠤᠭ ᠨᠣᠪᠰᠢ ᠶᠢᠨ ᠰᠠᠪᠠ᠂ ᠤᠰᠤ ᠲᠠᠲᠠᠷᠠᠭᠤᠯᠬᠤ ᠪᠡᠯᠡᠳᠬᠡᠮᠵᠢ | ᠲᠣᠬᠢᠷᠠᠭᠤᠯᠵᠤ᠂ ᠣᠷᠴᠢᠨ ᠲᠣᠭᠤᠷᠢᠨ ᠤ ᠴᠡᠪᠡᠷ ᠲᠡᠭᠰᠢ ᠪᠠᠶᠢᠬᠤ ᠶᠢ ᠪᠠᠲᠤᠯᠠᠬᠤ ᠬᠡᠷᠡᠭᠲᠡᠶ᠃ | ᠬᠤᠷᠢᠨ ᠲᠠᠪᠤᠳᠤᠭᠠᠷ ᠵᠦᠢᠯ ᠭᠡᠷ ᠤᠨ ᠭᠠᠳᠠᠨᠠᠬᠢ ᠵᠠᠷ ᠮᠡᠳᠡᠭᠡ᠂ ᠡᠭᠦᠳᠡᠨ ᠳᠡᠭᠡᠷᠡᠬᠢ ᠫᠠᠶᠢᠰᠠ ᠢᠯᠡᠷᠬᠡᠶᠢᠯᠡᠯ | ᠂ L E D ᠳᠡᠯᠭᠡᠴᠡ᠂ ᠭᠡᠷᠡᠯᠲᠦᠭᠦᠯᠬᠦ ᠪᠡᠯᠡᠳᠬᠡᠮᠵᠢ ᠶᠢ ᠪᠠᠶᠢᠷᠢᠯᠠᠭᠤᠯᠬᠤ ᠳᠤ ᠬᠤᠲᠠ ᠶᠢᠨ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠵᠤ᠂ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠭᠦᠯᠬᠦ ᠭᠠᠷᠳᠠᠮ ᠬᠦᠢᠴᠡᠳᠬᠡᠬᠦ ᠶᠢᠨ ᠬᠠᠮᠲᠤ | ᠳᠣᠤᠷᠠᠬᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠄ | | ︵ᠨᠢᠭᠡ︶ ᠭᠡᠷ ᠤᠨ ᠭᠠᠳᠠᠨᠠᠬᠢ ᠵᠠᠷ ᠭᠠᠷᠭᠠᠬᠤ ᠳᠠᠭᠠᠨ ᠪᠠᠷᠢᠯᠭ᠎ᠠ᠂ ᠵᠡᠭᠡᠯᠢ ᠶᠢᠨ ᠦᠵᠡᠮᠵᠢ ᠪᠠ ᠬᠤᠲᠠ ᠶᠢᠨ | ᠲᠥᠯᠥᠪ ᠱᠤᠭᠤᠮ ᠤᠨ ᠴᠢᠬᠤᠯᠠ ᠣᠨᠴᠠᠯᠢᠭ ᠢ ᠬᠤᠬᠢᠷᠠᠭᠤᠯᠵᠤ ᠪᠣᠯᠬᠤ ᠦᠭᠡᠢ᠂ ᠲᠦᠰᠢᠭᠯᠡᠭᠰᠡᠨ ᠠᠴᠢᠶᠠᠯᠠᠪᠤᠷᠢ ᠶᠢᠨ | ᠬᠡᠷᠡᠭᠯᠡᠬᠦ ᠴᠢᠳᠠᠮᠵᠢ ᠪᠠ ᠠᠮᠤᠷ ᠲᠦᠪᠰᠢᠨ ᠢ ᠨᠥᠯᠥᠭᠡᠯᠡᠵᠦ ᠪᠣᠯᠬᠤ ᠦᠭᠡᠢ︔ | ︵ᠬᠤᠶᠠᠷ︶ ᠡᠭᠦᠳᠡᠨ ᠲᠡᠭᠡᠷᠡᠭᠢ ᠫᠠᠶᠢᠰᠠ ᠢᠯᠡᠷᠬᠡᠶᠢᠯᠡᠯ ᠪᠠᠶᠢᠷᠢᠯᠠᠭᠤᠯᠬᠤ ᠳᠤ ᠭᠠᠳᠠᠷ ᠬᠡᠯᠪᠡᠷᠢ ᠶᠢᠨ ᠭᠤᠶᠤ | ᠰᠠᠶᠢᠬᠠᠨ᠂ ᠴᠢᠳᠠᠮᠵᠢ ᠨᠢ ᠪᠦᠷᠢᠨ ᠪᠦᠲᠦᠨ ᠪᠠᠶᠢᠬᠤ ᠶᠢ ᠪᠠᠲᠤᠯᠠᠵᠤ᠂ ᠲᠣᠭᠲᠠᠭᠠᠯ ᠶᠣᠰᠣᠭᠠᠷ ᠭᠡᠷᠡᠯᠲᠦᠭᠦᠯᠦᠨ᠂ | ᠣᠷᠠᠨ ᠪᠢᠴᠢᠯᠭᠡ ᠶᠢᠨ ᠬᠤᠲᠠ ᠶᠢᠨ ᠣᠨᠴᠠᠯᠢᠭ ᠢ ᠬᠠᠷᠠᠭᠤᠯᠵᠤ᠂ ᠮᠣᠩᠭᠤᠯ ᠬᠢᠲᠠᠳ ᠦᠰᠦᠭ ᠪᠢᠴᠢᠭ ᠢ | ᠵᠢᠷᠤᠮᠵᠢᠭᠤᠯᠤᠨ ᠬᠡᠷᠡᠭᠯᠡᠬᠦ ᠬᠡᠷᠡᠭᠲᠡᠢ︔ | | ︵ᠭᠤᠷᠪᠠ︶ L E D ᠳᠡᠯᠭᠡᠴᠡ᠂ ᠭᠡᠷᠡᠯᠲᠦᠭᠦᠯᠭᠡ ᠶᠢᠨ ᠪᠡᠯᠡᠳᠬᠡᠮᠵᠢ ᠶᠢ ᠡᠷᠭᠢᠨ ᠲᠣᠭᠤᠷᠢᠨ ᠤ ᠣᠷᠴᠢᠨ | ᠲᠣᠭᠤᠷᠢᠨ ᠯᠤᠭ᠎ᠠ ᠬᠠᠷᠢᠯᠴᠠᠨ ᠵᠣᠬᠢᠴᠠᠯᠳᠤᠭᠤᠯᠵᠤ᠂ ᠬᠤᠲᠠ ᠶᠢᠨ ᠴᠢᠳᠠᠮᠵᠢ ᠶᠢ ᠬᠠᠷᠰᠢᠯᠠᠵᠤ ᠪᠣᠯᠬᠤ ᠥᠬᠡᠶ᠂ | ᠣᠯᠠᠨ ᠨᠡᠶᠢᠲᠡ ᠶᠢᠨ ᠵᠠᠮ ᠬᠠᠷᠢᠯᠴᠠᠭ᠎ᠠ ᠪᠠ ᠬᠤᠲᠠ ᠶᠢᠨ ᠠᠷᠠᠳ ᠤᠨ ᠠᠮᠢᠳᠤᠷᠠᠯ ᠢ ᠨᠥᠯᠥᠭᠡᠯᠡᠵᠦ ᠪᠣᠯᠬᠤ ᠥᠬᠡᠶ︔ | | ︵ᠲᠦᠷᠪᠡ︶ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠵᠠᠰᠠᠵᠤ᠂ ᠬᠠᠮᠠᠭᠠᠯᠠᠵᠤ᠂ ᠠᠮᠤᠷ ᠲᠦᠪᠰᠢᠨ ᠢ | ᠦᠨᠡᠨ ᠬᠦ ᠪᠠᠲᠤᠯᠠᠵᠤ᠂ ᠪᠤᠰᠤᠳ ᠤᠨ ᠪᠡᠶ᠎ᠡ ᠮᠠᠬᠠᠪᠣᠳ ᠢ ᠭᠡᠮᠲᠦᠭᠡᠬᠦ ᠪᠠ ᠡᠳ᠋ ᠬᠦᠷᠦᠩᠭᠡ ᠶᠢ ᠬᠤᠬᠢᠷᠠᠭᠤᠯᠬᠤ ᠠᠴᠠ | ᠵᠠᠶᠢᠯᠠᠰᠬᠢᠬᠦ ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠵᠡᠭᠡᠯᠢ ᠳᠠᠭᠠᠤ ᠶᠢᠨ ᠡᠮᠬᠢ ᠳᠢᠭᠯᠢᠮ ᠢ ᠨᠥᠯᠥᠭᠡᠯᠡᠭᠰᠡᠨ ᠭᠤᠶᠢᠷᠠᠨᠴᠢᠯᠠᠬᠤ᠂ | ᠲᠥᠯᠭᠡ ᠦᠵᠡᠬᠦ᠂ ᠲᠡᠨᠦᠭᠦᠯ ᠡᠮᠴᠢ ᠵᠡᠷᠭᠡ ᠬᠥᠮᠦᠰ ᠢ ᠠᠷᠠᠳ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ | ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ | ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠬᠠᠮᠢᠶᠠᠷᠬᠤ ᠠᠵᠢᠯ ᠢᠶᠠᠨ | ᠰᠠᠶᠢᠲᠤᠷ ᠬᠢᠬᠦ ᠬᠡᠷᠡᠭᠲᠡᠶ᠃ | ᠲᠦᠷ ᠴᠠᠭ ᠤᠨ ᠳᠡᠯᠭᠡᠭᠡ ᠮᠠᠶᠢᠮᠠᠶ ᠶᠢᠨ ᠴᠢᠭ᠂ ᠨᠡᠭᠦᠲᠡᠯ ᠬᠤᠳᠠᠯᠳᠤᠭᠠᠴᠢᠨ᠂ ᠲᠦᠷ ᠴᠠᠭ ᠤᠨ ᠵᠢᠵᠢᠭ | ᠳᠡᠯᠭᠡᠭᠦᠷ ᠨᠢ ᠲᠣᠭᠲᠠᠭᠰᠠᠨ ᠣᠷᠣᠨ ᠪᠦᠰᠡ᠂ ᠴᠠᠭ ᠬᠤᠭᠤᠴᠠᠭ᠎ᠠ ᠶᠢᠨ ᠳᠣᠲᠣᠷ᠎ᠠ ᠡᠵᠡᠩᠨᠡᠯᠲᠡ ᠶᠢᠨ ᠠᠵᠢᠯᠯᠠᠭ᠎ᠠ | ᠥᠷᠨᠢᠭᠦᠯᠬᠦ ᠬᠡᠷᠡᠭᠲᠡᠶ᠂ ᠣᠯᠠᠨ ᠨᠡᠶᠢᠳᠡ ᠶᠢᠨ ᠲᠦᠭᠦᠭᠡᠷᠦᠮᠵᠢ ᠶᠢ ᠡᠪᠳᠡᠵᠦ ᠪᠣᠯᠬᠤ ᠦᠭᠡᠢ᠂ ᠣᠷᠴᠢᠨ ᠲᠣᠭᠤᠷᠢᠨ ᠤ | ᠠᠷᠢᠭᠤᠨ ᠴᠡᠪᠡᠷ ᠢ ᠪᠠᠲᠤᠯᠠᠬᠤ ᠬᠡᠷᠡᠭᠲᠡᠶ᠃ | ᠬᠤᠷᠢᠨ ᠳᠣᠯᠣᠳᠤᠭᠠᠷ ᠵᠦᠢᠯ ᠬᠤᠲᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠣᠬᠠᠶ | ᠲᠡᠵᠢᠭᠡᠬᠦ ᠲᠤᠬᠠᠢ ᠬᠢᠵᠢᠭ ᠪᠠᠶᠢᠴᠠᠭᠠᠬᠤ᠂ ᠳᠠᠩᠰᠠᠯᠠᠬᠤ ᠪᠠ ᠬᠠᠮᠢᠶᠠᠷᠬᠤ ᠳᠦᠷᠢᠮ ᠢ ᠪᠠᠶᠢᠭᠤᠯᠬᠤ ᠬᠡᠷᠡᠭᠲᠡᠶ᠃ | | ᠨᠣᠬᠠᠶ᠂ ᠮᠤᠤᠷ᠂ ᠵᠠᠬᠢᠳᠠᠯ ᠤᠨ ᠲᠠᠭᠲᠠᠭ᠎ᠠ ᠵᠡᠷᠭᠡ ᠡᠩᠬᠦᠷᠡᠶ ᠠᠮᠢᠲᠠᠨ ᠢ ᠲᠡᠵᠢᠭᠡᠬᠦ ᠳᠤ ᠪᠤᠰᠤᠳ ᠤᠨ | ᠠᠮᠢᠳᠤᠷᠠᠯ ᠪᠠ ᠣᠯᠠᠨ ᠨᠡᠶᠢᠲᠡ ᠶᠢᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠨᠥᠯᠥᠭᠡᠯᠡᠵᠦ ᠪᠣᠯᠬᠤ ᠦᠭᠡᠢ᠃ | ᠨᠣᠬᠠᠶ ᠲᠠᠭᠠᠭᠤᠯᠬᠤ ᠪᠤᠶᠤ ᠪᠤᠰᠤᠳ ᠡᠩᠬᠦᠷᠡᠶ ᠠᠮᠢᠲᠠᠨ ᠲᠠᠭᠠᠭᠤᠯᠵᠤ ᠭᠠᠳᠠᠭᠰᠢ ᠭᠠᠷᠬᠤ ᠳᠤ ᠬᠦᠷᠪᠡᠯ᠂ ᠬᠦᠲᠦᠯᠬᠦ | ᠵᠡᠷᠭᠡ ᠬᠢᠵᠠᠭᠠᠷᠯᠠᠬᠤ ᠴᠢᠨᠠᠷᠲᠠᠶ ᠠᠷᠭ᠎ᠠ ᠬᠡᠮᠵᠢᠶ᠎ᠡ ᠠᠪᠬᠤ ᠶᠢᠨ ᠬᠠᠮᠲᠤ ᠴᠢᠩᠭ᠎ᠠ ᠬᠠᠮᠢᠶᠠᠷᠬᠤ ᠬᠡᠷᠡᠭᠲᠡᠶ᠃ | ᠬᠤᠷᠢᠨ ᠨᠠᠢᠮᠠᠳᠤᠭᠠᠷ ᠵᠦᠢᠯ ᠬᠤᠲᠠ ᠶᠢᠨ ᠵᠠᠮ ᠱᠣᠭᠤᠮ᠂ ᠣᠷᠣᠨ ᠰᠠᠭᠤᠴᠠ ᠶᠢᠨ ᠵᠢᠵᠢᠭ ᠲᠣᠭᠤᠷᠢᠭ | ᠵᠡᠷᠭᠡ ᠣᠯᠠᠨ ᠨᠡᠶᠢᠲᠡ ᠶᠢᠨ ᠣᠷᠣᠨ ᠪᠦᠰᠡ ᠳᠤ ᠣᠩᠭᠤᠨ ᠤ ᠫᠧᠩ ᠪᠣᠰᠬᠠᠵᠤ ᠪᠣᠯᠬᠤ ᠦᠭᠡᠢ᠂ ᠴᠢᠨᠳᠠᠷ ᠢ ᠨᠢ | ᠲᠠᠯᠪᠢᠵᠦ ᠪᠣᠯᠬᠤ ᠦᠭᠡᠢ᠂ ᠪᠡᠯᠪᠡᠰᠦᠷᠡᠯ ᠤᠨ ᠶᠠᠪᠤᠳᠠᠯ ᠳᠤ ᠭᠠᠰᠢᠭᠤᠳᠠᠯ ᠤᠨ ᠬᠥᠭᠵᠢᠮ ᠬᠥᠭᠵᠢᠮᠳᠡᠵᠦ᠂ | ᠲᠠᠬᠢᠯᠭ᠎ᠠ ᠶᠢᠨ ᠡᠳ᠋ ᠢ ᠰᠢᠲᠠᠭᠠᠵᠤ ᠪᠣᠯᠬᠤ ᠦᠭᠡᠢ᠂ ᠬᠤᠶᠢᠯᠭ᠎ᠠ ᠶᠢᠨ ᠴᠠᠭᠠᠰᠣᠨ ᠵᠣᠭᠤᠰ ᠰᠠᠴᠣᠵᠣ᠂ ᠰᠠᠭᠤᠭᠠᠯᠢ | ᠠᠷᠠᠳ ᠤᠨ ᠬᠡᠪ ᠤᠨ ᠠᠮᠢᠳᠤᠷᠠᠯ ᠢ ᠨᠥᠯᠥᠭᠡᠯᠡᠵᠦ ᠪᠣᠯᠬᠤ ᠦᠭᠡᠢ᠃ | ᠬᠤᠷᠢ ᠶᠢᠰᠦᠳᠦᠭᠡᠷ ᠵᠦᠢᠯ ᠬᠤᠳᠠᠯᠳᠤᠭᠠᠨ ᠤ ᠡᠵᠡᠩᠨᠡᠯᠲᠡ᠂ ᠪᠠᠷᠢᠯᠭ᠎ᠠ ᠪᠠᠷᠢᠬᠤ᠂ ᠵᠠᠰᠠᠵᠤ ᠴᠢᠮᠡᠭᠯᠡᠬᠦ | ᠵᠡᠷᠭᠡ ᠠᠵᠢᠯ ᠨᠢ ᠪᠤᠰᠤᠳ ᠤᠨ ᠬᠡᠪ ᠤᠨ ᠠᠮᠢᠳᠤᠷᠠᠯ᠂ ᠠᠵᠢᠯ ᠪᠠ ᠰᠤᠷᠤᠯᠴᠠᠯᠭ᠎ᠠ ᠶᠢ ᠬᠠᠷᠰᠢᠯᠠᠵᠤ ᠪᠣᠯᠬᠤ ᠦᠭᠡᠢ | ᠪᠥᠭᠡᠳ ᠳᠣᠤᠷᠠᠬᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠄ | ︵ᠨᠢᠭᠡ︶ ᠬᠤᠳᠠᠯᠳᠤᠭᠠᠨ ᠤ ᠡᠵᠡᠩᠨᠡᠯᠲᠡ ᠶᠢᠨ ᠠᠵᠢᠯᠯᠠᠭ᠎ᠠ ᠳᠤᠮᠳᠠ ᠠᠭᠠᠷ ᠲᠤᠬᠢᠷᠠᠭᠤᠯᠤᠭᠴᠢ᠂ ᠠᠭᠠᠷ | ᠰᠣᠯᠢᠭᠤᠷ᠂ ᠬᠦᠷᠭᠡᠬᠦ ᠰᠤᠪᠤᠷᠭ᠎ᠠ ᠵᠡᠷᠭᠡ ᠣᠷᠴᠢᠨ ᠠᠬᠤᠢ ᠶᠢᠨ ᠱᠤᠤᠭᠢᠶᠠᠨ ᠤ ᠪᠣᠬᠢᠷᠲᠤᠯ ᠢ ᠡᠭᠦᠰᠭᠡᠵᠦ ᠮᠡᠳᠡᠬᠦ | ᠪᠡᠯᠡᠳᠭᠡᠮᠵᠢ ᠲᠥᠬᠦᠭᠡᠷᠦᠮᠵᠢ ᠶᠢ ᠬᠡᠷᠡᠭᠯᠡᠭᠰᠡᠨ ᠪᠠᠶᠢᠪᠠᠯ᠂ ᠲᠡᠭᠦᠨ ᠤ ᠵᠠᠭᠠᠭ ᠤᠨ ᠳᠠᠭᠤ ᠱᠤᠤᠭᠢᠶᠠᠨ ᠨᠢ ᠤᠯᠤᠰ ᠠᠴᠠ | ᠲᠣᠭᠲᠠᠭᠠᠭᠰᠠᠨ ᠣᠷᠴᠢᠨ ᠠᠬᠤᠢ ᠶᠢᠨ ᠱᠤᠤᠭᠢᠶᠠᠨ ᠤ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠠᠴᠠ ᠬᠡᠲᠦᠷᠡᠵᠦ | ᠪᠣᠯᠬᠤ ᠦᠭᠡᠢ︔ | ︵ᠬᠤᠶᠠᠷ︶ ᠣᠷᠣᠢ ᠶᠢᠨ ᠠᠷᠪᠠᠨ ᠴᠠᠭ ᠠᠴᠠ ᠲᠠᠷᠠᠭ᠎ᠠ ᠡᠳᠦᠷ ᠤᠨ ᠵᠢᠷᠭᠤᠭᠠᠨ ᠴᠠᠭ ᠬᠦᠷᠲᠡᠯ᠎ᠡ᠂ ᠨᠢᠭᠡᠨᠲᠡ | ᠪᠠᠷᠢᠯᠭ᠎ᠠ ᠳᠠᠭᠤᠰᠴᠤ ᠲᠤᠰᠢᠶᠠᠨ ᠬᠡᠷᠡᠭᠯᠡᠭᠦᠯᠦᠭᠰᠡᠨ ᠣᠷᠣᠨ ᠰᠠᠭᠤᠴᠠ ᠶᠢᠨ ᠠᠰᠠᠷ ᠳᠣᠲᠣᠷ᠎ᠠ ᠴᠠᠬᠢᠯᠭᠠᠨ | ᠦᠷᠦᠮᠳᠡᠭᠦᠷ᠂ ᠴᠠᠬᠢᠯᠭᠠᠨ ᠬᠢᠷᠥᠭᠡ᠂ ᠴᠠᠬᠢᠯᠭᠠᠨ ᠬᠠᠷᠤᠭᠤᠯ᠂ ᠨᠦᠲᠦᠬᠦ ᠦᠷᠦᠮᠳᠡᠬᠦᠷ ᠵᠡᠷᠭᠡ ᠣᠷᠴᠢᠨ | ᠲᠣᠭᠤᠷᠢᠨ ᠤ ᠱᠤᠤᠭᠢᠶᠠᠨ ᠤ ᠪᠣᠬᠢᠷᠲᠤᠯ ᠡᠭᠦᠰᠭᠡᠬᠦ ᠪᠠᠭᠠᠵᠢ ᠪᠠᠷ ᠠᠵᠢᠯᠯᠠᠵᠤ ᠪᠣᠯᠬᠤ ᠦᠭᠡᠢ︔ | | ︵ᠭᠤᠷᠪᠠ︶ ᠬᠤᠲᠠ ᠶᠢᠨ ᠡᠮ ᠡᠮᠨᠡᠯᠭᠡ ᠶᠢᠨ ᠲᠣᠭᠤᠷᠢᠭ᠂ ᠰᠣᠶᠣᠯ ᠰᠣᠷᠭᠠᠨ ᠬᠦᠮᠦᠵᠢᠯ ᠰᠢᠨᠵᠢᠯᠡᠬᠦ | ᠤᠬᠠᠭᠠᠨ ᠰᠤᠳᠤᠯᠭᠠᠨ ᠤ ᠲᠣᠭᠤᠷᠢᠭ ᠪᠠ ᠰᠠᠭᠤᠭᠠᠯᠢ ᠠᠷᠠᠳ ᠤᠨ ᠣᠷᠣᠨ ᠰᠠᠭᠤᠴᠠ ᠪᠠᠷ ᠭᠤᠤᠯ ᠪᠣᠯᠭᠠᠭᠰᠠᠨ | ᠣᠷᠣᠨ ᠪᠦᠰᠡ ᠶᠢᠨ ᠲᠤᠲᠤᠷ᠎ᠠ᠂ ᠣᠷᠣᠢ ᠶᠢᠨ ᠠᠷᠪᠠᠨ ᠴᠠᠭ ᠠᠴᠠ ᠲᠠᠷᠠᠭ᠎ᠠ ᠲᠠᠷᠠᠭ᠎ᠠ ᠡᠳᠦᠷ ᠤᠨ ᠵᠢᠷᠭᠤᠭᠠᠨ ᠴᠠᠭ | ᠬᠦᠷᠲᠡᠯᠡᠬᠢ ᠬᠤᠭᠤᠴᠠᠭᠠᠨ ᠳᠤ ᠪᠠᠷᠢᠯᠭ᠎ᠠ ᠶᠢᠨ ᠠᠵᠢᠯ ᠬᠢᠵᠦ ᠪᠣᠯᠬᠤ ᠦᠭᠡᠢ᠂ ᠵᠠᠪᠳᠤᠨ ᠵᠠᠰᠠᠬᠤ᠂ ᠠᠶᠤᠯ ᠠᠴᠠ | ᠠᠪᠤᠷᠠᠬᠤ ᠠᠵᠢᠯ ᠪᠠ ᠦᠢᠯᠡᠳᠪᠦᠷᠢᠯᠡᠯ ᠤᠨ ᠤᠷᠠᠨ ᠮᠡᠷᠭᠡᠰᠢᠯ ᠳᠡᠭᠡᠷ᠎ᠡ ᠡᠷᠬᠡᠪᠰᠢ ᠦᠷᠭᠦᠯᠵᠢᠯᠡᠨ ᠠᠵᠢᠯᠯᠠᠬᠤ ᠶᠢ | ᠱᠠᠭᠠᠷᠳᠠᠭᠰᠠᠨ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠪᠠᠶᠢᠪᠠᠯ ᠡᠭᠦᠨ ᠳᠤ | ᠪᠠᠭᠲᠠᠬᠤ ᠦᠭᠡᠢ︔ ᠵᠥᠪᠰᠢᠶᠡᠷᠡᠭᠦᠯᠦᠭᠡᠳ ᠰᠥᠨᠢ ᠪᠠᠷ ᠪᠠᠷᠢᠯᠭ᠎ᠠ ᠪᠠᠷᠢᠬᠤ ᠠᠵᠢᠯ ᠬᠢᠬᠦ ᠴᠢᠬᠤᠯᠠ ᠲᠠᠢ | ᠨᠢᠭᠡᠴᠡ ᠨᠦᠭᠦᠳ ᠤᠶᠢᠷ᠎ᠠ ᠬᠠᠪᠢ ᠶᠢᠨ ᠰᠠᠭᠤᠭᠠᠯᠢ ᠠᠷᠠᠳ ᠲᠤ ᠠᠯᠪᠠᠨ ᠵᠠᠷ ᠨᠡᠶᠢᠲᠡᠯᠡᠬᠦ ᠬᠡᠷᠡᠭᠲᠡᠶ᠃ | ᠭᠤᠴᠢᠳᠤᠭᠠᠷ ᠵᠦᠢᠯ ᠭᠤᠤᠯ ᠤᠨ ᠵᠠᠮ᠂ ᠤᠰᠤᠨ ᠰᠤᠪᠠᠭ᠂ ᠨᠠᠭᠤᠷ ᠴᠦᠬᠦᠷᠦᠮ ᠤᠨ ᠬᠠᠮᠢᠶᠠᠷᠣᠯᠳᠠ ᠶᠢᠨ | ᠨᠢᠭᠡᠴᠡ ᠭᠤᠤᠯ ᠤᠨ ᠵᠠᠮ᠂ ᠤᠰᠤᠨ ᠰᠤᠪᠠᠭ᠂ ᠨᠠᠭᠤᠷ ᠴᠦᠬᠦᠷᠦᠮ ᠤᠨ ᠲᠤᠲᠤᠷᠠᠭᠢ ᠰᠢᠪᠠᠷ ᠪᠠᠯᠴᠢᠭ ᠪᠠ ᠬᠥᠪᠦᠮᠡᠯ | ᠪᠣᠳᠠᠰ ᠢ ᠴᠠᠭ ᠲᠤᠬᠠᠶ ᠳᠤᠨᠢ ᠴᠡᠪᠡᠷᠯᠡᠵᠦ᠂ ᠰᠠᠭᠠᠳ ᠦᠭᠡᠢ ᠨᠡᠪᠲᠡᠷᠡᠬᠦ᠂ ᠠᠷᠢᠭᠤᠨ ᠴᠡᠪᠡᠷ ᠪᠠᠶᠢᠬᠤ ᠶᠢ ᠪᠠᠲᠤᠯᠠᠬᠤ | ᠬᠡᠷᠡᠭᠲᠡᠶ᠃ | ᠭᠤᠴᠢᠨ ᠨᠢᠭᠡᠳᠦᠭᠡᠷ ᠵᠦᠢᠯ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠠᠮᠢᠶ᠎ᠠ ᠪᠦᠬᠦᠢ ᠰᠠᠯᠠᠭ᠎ᠠ | ᠮᠥᠴᠢᠷ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠵᠣᠬᠢᠴᠠᠩᠭᠤᠶ ᠪᠡᠯᠡᠳᠬᠡᠯ ᠲᠥᠰᠦᠯ | ᠲᠣᠭᠲᠠᠭᠠᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠣᠯᠤᠨ ᠪᠠᠴᠢᠮ ᠪᠠᠶᠢᠳᠠᠯ ᠢ ᠠᠷᠭᠠᠴᠠᠭᠠᠬᠤ | ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠬᠦ | ᠬᠡᠷᠡᠭᠲᠡᠶ᠃ | ᠲᠣᠮᠣ ᠬᠡᠯᠪᠡᠷᠢ ᠶᠢᠨ ᠨᠡᠶᠢᠭᠡᠮ ᠤᠨ ᠬᠦᠳᠡᠯᠭᠡᠭᠡᠨ ᠤ ᠭᠤᠤᠯᠴᠢᠯᠠᠨ ᠡᠷᠭᠢᠯᠡᠭᠴᠢᠳ᠂ ᠣᠯᠠᠨ ᠨᠡᠶᠢᠲᠡ ᠶᠢᠨ | ᠲᠠᠯᠠᠪᠤᠷ ᠭᠠᠵᠠᠷ ᠪᠠ ᠬᠥᠮᠦᠨ ᠬᠠᠷ᠎ᠠ ᠬᠤᠷᠠᠨ ᠴᠤᠭᠯᠠᠷᠠᠳᠠᠭ ᠪᠤᠰᠤᠳ ᠲᠠᠯᠠᠪᠤᠷ ᠭᠠᠵᠠᠷ ᠤᠨ ᠬᠠᠮᠢᠶᠠᠷᠣᠭᠴᠢ ᠪᠤᠶᠤ | ᠡᠵᠡᠩᠨᠡᠭᠴᠢ᠂ ᠠᠶᠤᠯᠲᠠᠶ ᠣᠷᠣᠨ ᠪᠦᠰᠡ᠂ ᠠᠶᠤᠯ ᠤᠨ ᠡᠬᠢ ᠰᠤᠷᠪᠤᠯᠵᠢ ᠶᠢ ᠰᠢᠢᠳᠪᠦᠷᠢᠯᠡᠬᠦ ᠳᠡᠭᠡᠨ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠠᠷᠭ᠎ᠠ ᠬᠡᠮᠵᠢᠶ᠎ᠡ ᠠᠪᠴᠤ᠂ ᠪᠠᠴᠢᠮ ᠪᠠᠶᠢᠳᠠᠯ ᠢ ᠠᠷᠭᠠᠴᠠᠭᠠᠬᠤ ᠪᠣᠳᠠᠲᠠᠶ ᠲᠥᠰᠦᠯ | ᠲᠣᠭᠲᠠᠭᠠᠬᠤ ᠬᠡᠷᠡᠭᠲᠡᠶ᠃ | | | ᠳᠥᠷᠪᠡᠳᠦᠭᠡᠷ ᠪᠦᠯᠦᠭ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ | ᠭᠤᠴᠢᠨ ᠬᠤᠶᠠᠳᠤᠭᠠᠷ ᠵᠦᠢᠯ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ | ᠬᠠᠷᠢᠯᠴᠠᠨ ᠬᠠᠮᠵᠢᠯᠴᠠᠵᠤ᠂ ᠬᠠᠷᠢᠯᠴᠠᠨ ᠬᠢᠨᠠᠯᠲᠠ ᠲᠠᠯᠪᠢᠵᠤ᠂ ᠬᠠᠤᠯᠢ ᠪᠠᠷ ᠲᠣᠭᠲᠠᠭᠠᠭᠰᠠᠨ ᠲᠤᠰᠢᠶᠠᠯ | ᠬᠠᠷᠢᠭᠤᠴᠠᠯᠭ᠎ᠠ ᠪᠤᠶᠤ ᠬᠠᠮᠵᠢᠯᠴᠠᠬᠤ ᠡᠭᠦᠷᠭᠡ ᠪᠠᠨ ᠬᠦᠢᠴᠡᠳᠬᠡᠬᠦ ᠦᠭᠡᠢ ᠦᠢᠯᠡ ᠠᠵᠢᠯᠯᠠᠭ᠎ᠠ ᠳᠤ ᠪᠢᠴᠢᠭ ᠢᠶᠠᠷ | ᠵᠠᠰᠠᠭ ᠵᠠᠬᠢᠷᠭᠠᠨ ᠤ ᠰᠠᠨᠠᠭᠤᠯᠭ᠎ᠠ ᠳᠤᠷᠠᠳᠬᠤ ᠪᠤᠶᠤ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠳᠤ | ᠳᠡᠪᠰᠢᠭᠦᠯᠦᠨ ᠵᠠᠯᠠᠷᠠᠭᠤᠯᠤᠭᠤᠯᠬᠤ ᠬᠡᠷᠡᠭᠲᠡᠶ᠃ | ᠭᠤᠴᠢᠨ ᠭᠤᠷᠪᠠᠳᠤᠭᠠᠷ ᠵᠦᠢᠯ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠭᠲᠠᠴᠠ᠂ ᠬᠠᠤᠯᠢ | ᠬᠡᠷᠡᠭᠵᠢᠭᠦᠯᠦᠭᠰᠡᠨ ᠠᠯᠳᠠᠭ᠎ᠠ ᠶᠢ ᠨᠡᠬᠡᠮᠵᠢᠯᠡᠬᠦ ᠳᠦᠷᠢᠮ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠳᠦᠷᠢᠮ | ᠵᠡᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠳᠣᠣᠷᠠᠳᠤ ᠱᠠᠲᠤᠨ ᠤ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠢᠴᠢ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ | ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠶᠢ ᠰᠢᠪᠠᠳᠠᠬᠤ ᠬᠡᠷᠡᠭᠲᠡᠶ᠃ | ᠭᠤᠴᠢᠨ ᠳᠥᠷᠪᠡᠳᠦᠭᠡᠷ ᠵᠦᠢᠯ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ᠬᠠᠤᠯᠢ ᠳᠤ ᠲᠣᠭᠲᠠᠭᠠᠭᠰᠠᠨ ᠵᠢᠷᠤᠮ ᠶᠣᠰᠣᠭᠠᠷ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠵᠦ᠂ | ᠲᠤᠬᠠᠶ ᠶᠢᠨ ᠬᠥᠮᠦᠨ ᠤ ᠬᠠᠤᠯᠢ ᠶᠣᠰᠣᠭᠠᠷ ᠲᠣᠭᠠᠴᠢᠯᠲᠠ ᠬᠢᠬᠦ᠂ ᠵᠠᠷᠭᠤ ᠬᠢᠬᠦ ᠵᠡᠷᠭᠡ ᠡᠷᠬᠡ ᠡᠳ᠋ᠯᠡᠬᠦ ᠶᠢ ᠪᠠᠲᠤᠯᠠᠬᠤ | ᠬᠡᠷᠡᠭᠲᠡᠶ᠃ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠠᠤᠯᠢ | ᠬᠡᠷᠡᠭᠵᠢᠭᠦᠯᠬᠦ ᠠᠵᠢᠯᠯᠠᠭ᠎ᠠ ᠥᠷᠨᠢᠭᠦᠯᠬᠦ ᠳᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠳᠦᠯᠲᠡᠶ ᠵᠠᠭᠪᠤᠷ ᠲᠠᠢ | ᠪᠢᠴᠢᠭ ᠬᠠᠷ᠎ᠠ ᠶᠢ ᠵᠢᠷᠤᠮᠵᠢᠭᠤᠯᠤᠨ ᠬᠡᠷᠡᠭᠯᠡᠬᠦ ᠬᠡᠷᠡᠭᠲᠡᠶ᠃ | ᠭᠤᠴᠢᠨ ᠲᠠᠪᠤᠳᠤᠭᠠᠷ ᠵᠦᠢᠯ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ | ᠠᠵᠢᠯᠲᠠᠨ ᠠᠯᠪᠠᠨ ᠶᠠᠪᠤᠳᠠᠯ ᠬᠦᠢᠴᠡᠳᠬᠡᠬᠦ ᠳᠡᠭᠡᠨ ᠲᠣᠭᠲᠠᠭᠠᠯ ᠶᠣᠰᠣᠭᠠᠷ ᠬᠤᠪᠴᠠᠰᠤᠯᠠᠵᠤ᠂ ᠲᠡᠮᠳᠡᠭ ᠵᠡᠭᠦᠵᠦ᠂ | ᠬᠠᠤᠯᠢ ᠬᠡᠷᠡᠭᠵᠢᠭᠦᠯᠬᠦ ᠦᠨᠡᠮᠯᠡᠯ ᠢᠶᠠᠨ ᠭᠠᠷᠭᠠᠨ ᠦᠵᠡᠭᠦᠯᠵᠦ᠂ ᠬᠠᠤᠯᠢ ᠬᠡᠷᠡᠭᠵᠢᠭᠦᠯᠬᠦ ᠵᠢᠷᠤᠮ ᠢ ᠵᠢᠷᠤᠮᠯᠠᠨ ᠰᠠᠬᠢᠵᠤ᠂ | ᠲᠥᠪ ᠭᠤᠤᠯᠴᠢ᠂ ᠡᠷᠭᠡ ᠲᠡᠭᠰᠢ᠂ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠬᠡᠷᠡᠭᠲᠡᠶ᠂ ᠠᠷᠠᠳ ᠢᠷᠭᠡᠨ᠂ | ᠬᠠᠤᠯᠢ ᠶᠢᠨ ᠡᠷᠭᠡᠳᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ | ᠬᠤᠬᠢᠷᠠᠭᠤᠯᠵᠤ ᠪᠣᠯᠬᠤ ᠦᠭᠡᠢ᠃ | ᠭᠤᠴᠢᠨ ᠵᠢᠷᠭᠤᠳᠤᠭᠠᠷ ᠵᠦᠢᠯ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ᠨᠢ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠤᠨ ᠬᠡᠷᠡᠭᠴᠡᠭᠡ ᠪᠠᠨ | ᠦᠨᠳᠦᠰᠦᠯᠡᠨ᠂ ᠢᠯᠡ ᠪᠠᠷ ᠰᠢᠯᠭᠠᠵᠤ ᠡᠯᠰᠡᠬᠦ ᠪᠤᠶᠤ ᠬᠥᠳᠡᠯᠮᠦᠷᠢ ᠦᠢᠯᠡᠴᠢᠯᠡᠭᠡ ᠲᠣᠮᠢᠯᠠᠬᠤ ᠵᠡᠷᠭᠡ ᠬᠡᠯᠪᠡᠷᠢ ᠪᠠᠷ | ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠠᠮᠵᠢᠯᠴᠠᠨ ᠬᠠᠮᠢᠶᠠᠷᠬᠤ ᠬᠥᠮᠦᠰ ᠢ | ᠲᠣᠬᠢᠷᠠᠭᠤᠯᠵᠤ ᠪᠣᠯᠤᠨ᠎ᠠ᠃ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠠᠮᠵᠢᠯᠴᠠᠨ | ᠬᠠᠮᠢᠶᠠᠷᠬᠤ ᠠᠵᠢᠯᠲᠠᠨ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠲᠠᠢ | ᠬᠠᠮᠵᠢᠯᠴᠠᠨ ᠤᠬᠠᠭᠤᠯᠭ᠎ᠠ ᠬᠥᠮᠦᠵᠢᠯ ᠬᠢᠬᠦ᠂ ᠬᠠᠤᠯᠢ ᠬᠡᠷᠡᠭᠵᠢᠭᠦᠯᠬᠦ ᠲᠣᠭᠤᠷᠢᠨ ᠪᠠᠶᠢᠴᠠᠭᠠᠬᠤ᠂ ᠮᠡᠳᠡᠭᠡ ᠵᠠᠩᠭᠢ | ᠴᠤᠭᠯᠠᠭᠤᠯᠬᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠳᠬᠠᠨ ᠬᠤᠷᠢᠭᠯᠠᠬᠤ ᠵᠡᠷᠭᠡ ᠬᠠᠮᠵᠢᠯᠴᠠᠨ | ᠬᠠᠪᠰᠣᠷᠬᠤ ᠴᠢᠨᠠᠷᠳᠠᠢ ᠠᠵᠢᠯ ᠬᠢᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠳᠠᠲᠠᠶ ᠠᠵᠢᠯ ᠢ ᠬᠢᠵᠦ ᠪᠣᠯᠬᠤ | ᠦᠭᠡᠢ᠃ | ᠭᠤᠴᠢᠨ ᠳᠣᠯᠣᠳᠤᠭᠠᠷ ᠵᠦᠢᠯ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ | ᠢᠯᠡᠴᠢᠯᠡᠨ ᠮᠡᠳᠡᠭᠦᠯᠬᠦ᠂ ᠵᠠᠭᠠᠯᠳᠤᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠨᠡᠶᠢᠭᠡᠮ ᠳᠤ | ᠨᠡᠶᠢᠲᠡᠯᠡᠬᠦ ᠬᠡᠷᠡᠭᠲᠡᠶ᠃ | ᠠᠷᠠᠳ ᠢᠷᠭᠡᠨ᠂ ᠬᠠᠤᠯᠢ ᠶᠢᠨ ᠡᠷᠬᠡᠲᠡᠨ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠢᠯᠡᠴᠢᠯᠡᠨ | ᠮᠡᠳᠡᠭᠦᠯᠦᠭᠰᠡᠨ᠂ ᠵᠠᠭᠠᠯᠳᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠴᠠᠭ ᠲᠤᠬᠠᠶ ᠳᠤᠨᠢ ᠬᠢᠨᠠᠨ | ᠪᠠᠶᠢᠴᠠᠭᠠᠵᠤ᠂ ᠰᠢᠢᠳᠪᠦᠷᠢᠯᠡᠬᠦ ᠶᠢᠨ ᠬᠠᠮᠲᠤ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠢᠶᠠᠨ ᠴᠠᠭ ᠲᠤᠬᠠᠶ ᠳᠤᠨᠢ | ᠬᠠᠷᠢᠭᠤ ᠲᠤᠰᠬᠠᠬᠤ ᠬᠡᠷᠡᠭᠲᠡᠶ᠃ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠢᠯᠡᠴᠢᠯᠡᠨ | ᠮᠡᠳᠡᠭᠦᠯᠦᠭᠰᠡᠨ᠂ ᠵᠠᠭᠠᠯᠳᠤᠭᠰᠠᠨ ᠬᠥᠮᠦᠨ ᠤ ᠨᠢᠭᠤᠴᠠ ᠶᠢ ᠬᠠᠮᠠᠭᠠᠯᠠᠬᠤ ᠬᠡᠷᠡᠭᠲᠡᠶ᠃ | | | ᠲᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠭᠤᠴᠢᠨ ᠨᠠᠢᠮᠠᠳᠤᠭᠠᠷ ᠵᠦᠢᠯ ᠲᠣᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠵᠠᠰᠠᠭ ᠵᠠᠬᠢᠷᠭᠠᠨ ᠤ | ᠰᠢᠳᠭᠡᠯ ᠲᠣᠷᠭᠠᠭᠤᠯᠢ ᠶᠢᠨ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ | ᠭᠤᠴᠢ ᠶᠢᠰᠦᠳᠦᠭᠡᠷ ᠵᠦᠢᠯ ᠲᠣᠰ ᠳᠦᠷᠢᠮ ᠤᠨ ᠠᠷᠪᠠᠨ ᠳᠣᠯᠣᠳᠤᠭᠠᠷ ᠵᠦᠢᠯ ᠤᠨ ᠲᠣᠭᠲᠠᠭᠠᠯ ᠠᠴᠠ | ᠵᠥᠷᠢᠴᠡᠨ᠂ ᠳᠤᠷ᠎ᠠ ᠪᠠᠷ ᠢᠶᠠᠨ ᠲᠡᠷᠭᠡᠨ ᠵᠣᠭᠰᠣᠭᠠᠯ ᠤᠨ ᠬᠡᠷᠡᠭᠯᠡᠯᠳᠡ ᠶᠢ ᠵᠣᠭᠰᠣᠭᠠᠭᠰᠠᠨ ᠪᠤᠶᠤ ᠲᠡᠷᠭᠡᠨ | ᠵᠣᠭᠰᠣᠭᠠᠯ ᠢ ᠪᠤᠰᠤᠳ ᠵᠦᠢᠯ ᠳᠤ ᠥᠭᠡᠷᠡᠴᠢᠯᠡᠨ ᠬᠡᠷᠡᠭᠯᠡᠭᠰᠡᠨ ᠪᠣᠯ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ ᠦᠢᠯᠡ ᠪᠠᠶᠢᠳᠠᠯ ᠤᠨ | ᠬᠦᠨᠳᠦ ᠬᠥᠩᠭᠡᠨ ᠢ ᠨᠢ ᠦᠵᠡᠵᠦ ᠪᠠᠶᠢᠭᠠᠳ 2 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ | ᠳᠣᠷᠣᠭᠰᠢ ᠵᠣᠭᠤᠰ ᠢᠶᠠᠷ ᠲᠣᠷᠭᠠᠨ᠎ᠠ᠃ | ᠳᠥᠴᠢᠳᠦᠭᠡᠷ ᠵᠦᠢᠯ ᠲᠣᠰ ᠳᠦᠷᠢᠮ ᠤᠨ ᠠᠷᠪᠠ ᠶᠢᠰᠦᠳᠦᠭᠡᠷ ᠵᠦᠢᠯ ᠤᠨ ᠬᠤᠶᠠᠳᠤᠭᠠᠷ ᠵᠤᠷᠪᠤᠰ ᠤᠨ | ᠨᠢᠭᠡᠳᠦᠭᠡᠷ ᠪᠠᠳᠠᠭ ᠪᠣᠯᠤᠨ ᠬᠤᠶᠠᠳᠣᠭᠠᠷ ᠪᠠᠳᠠᠭ ᠤᠨ ᠲᠣᠭᠲᠠᠭᠠᠯ ᠢ ᠵᠥᠷᠢᠴᠡᠨ᠂ ᠬᠤᠲᠠ ᠶᠢᠨ ᠨᠡᠶᠢᠲᠡ ᠶᠢᠨ | ᠬᠡᠷᠡᠭᠯᠡᠭᠡᠨ ᠤ ᠪᠡᠯᠡᠳᠬᠡᠮᠵᠢ ᠳᠡᠭᠡᠷ᠎ᠡ ᠵᠢᠷᠤᠭ ᠵᠢᠷᠤᠵᠤ᠂ ᠡᠷᠢᠶᠡᠴᠢᠵᠦ᠂ ᠬᠤᠲᠠ ᠶᠢᠨ ᠨᠡᠶᠢᠲᠡ ᠶᠢᠨ ᠬᠡᠷᠡᠭᠯᠡᠭᠡᠨ ᠤ | ᠪᠡᠯᠡᠳᠬᠡᠮᠵᠢ ᠳᠤ ᠳᠤᠷ᠎ᠠ ᠪᠠᠷ ᠢᠶᠠᠨ ᠭᠠᠳᠠᠷ ᠲᠠᠯ᠎ᠠ ᠶᠢᠨ ᠪᠡᠯᠡᠳᠬᠡᠮᠵᠢ ᠪᠤᠶᠤ ᠪᠤᠰᠤᠳ ᠡᠳ᠋ ᠪᠣᠳᠠᠰ ᠲᠣᠨᠤᠭ | ᠲᠥᠬᠦᠭᠡᠷᠦᠮᠵᠢ ᠪᠠᠶᠢᠭᠤᠯᠤᠭᠰᠠᠨ᠂ ᠡᠯᠭᠦᠭᠰᠡᠨ᠂ ᠨᠠᠭᠠᠭᠰᠠᠨ ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ | ᠵᠠᠯᠠᠷᠠᠭᠤᠯᠵᠤ᠂ 100 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | ᠲᠤᠰ ᠳᠦᠷᠢᠮ ᠤᠨ ᠠᠷᠪᠠ ᠶᠢᠰᠦᠳᠦᠭᠡᠷ ᠵᠦᠢᠯ ᠤᠨ ᠬᠤᠶᠠᠳᠤᠭᠠᠷ ᠵᠣᠷᠪᠣᠰ ᠤᠨ ᠭᠤᠷᠪᠠᠳᠣᠭᠠᠷ ᠪᠠᠳᠠᠭ | ᠪᠤᠯᠤᠨ ᠲᠦᠷᠪᠡᠳᠦᠭᠡᠷ ᠪᠠᠳᠠᠭ ᠤᠨ ᠲᠣᠭᠲᠠᠭᠠᠯ ᠢ ᠵᠥᠷᠢᠴᠡᠵᠦ᠂ ᠬᠤᠲᠠ ᠶᠢᠨ ᠣᠯᠠᠨ ᠨᠡᠶᠢᠲᠡ ᠶᠢᠨ ᠬᠡᠷᠡᠭᠯᠡᠭᠡᠨ ᠤ | ᠲᠥᠬᠦᠭᠡᠷᠦᠮᠵᠢ ᠶᠢ ᠳᠤᠷ᠎ᠠ ᠪᠠᠷ ᠢᠶᠠᠨ ᠪᠠᠶᠢᠭᠤᠯᠤᠭᠰᠠᠨ᠂ ᠡᠵᠡᠯᠡᠨ ᠬᠡᠷᠡᠭᠯᠡᠭᠰᠡᠨ᠂ ᠨᠤᠷᠠᠭᠠᠭᠰᠠᠨ᠂ ᠥᠭᠡᠷᠡᠴᠢᠯᠡᠭᠰᠡᠨ᠂ | ᠨᠡᠭᠦᠯᠭᠡᠭᠰᠡᠨ᠂ ᠡᠰᠡᠬᠦᠯ᠎ᠡ ᠬᠤᠲᠠ ᠶᠢᠨ ᠣᠯᠠᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢᠨ ᠬᠡᠪ ᠤᠨ | ᠠᠵᠢᠯᠯᠠᠭ᠎ᠠ ᠶᠢ ᠨᠥᠯᠥᠭᠡᠯᠡᠵᠦ ᠮᠡᠳᠡᠬᠦ ᠪᠤᠰᠤᠳ ᠦᠢᠯᠡ ᠠᠵᠢᠯᠯᠠᠭ᠎ᠠ ᠶᠢ ᠬᠢᠭᠰᠡᠨ ᠪᠠᠶᠢᠪᠠᠯ᠂ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ | ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠪᠠᠶᠢᠭᠠᠳ | ᠬᠤᠪᠢ ᠬᠥᠮᠦᠨ ᠢ 200 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠳᠣᠭᠤᠭᠰᠢ ᠵᠣᠭᠤᠰ ᠢᠶᠠᠷ | ᠲᠣᠷᠭᠠᠬᠤ ᠪᠠᠷ ᠰᠢᠳᠭᠡᠨ᠎ᠡ︔ ᠨᠢᠭᠡᠴᠡ ᠶᠢ 1000 ᠲᠥᠭᠦᠷᠢᠭ ᠠᠴᠠ ᠳᠡᠭᠡᠭᠰᠢ 1 ᠲᠦᠮᠡᠨ ᠲᠥᠭᠦᠷᠢᠭ ᠠᠴᠠ | ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠭᠡᠨ᠎ᠡ︔ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠣᠰᠣᠭᠠᠷ | ᠬᠤᠬᠢᠷᠠᠯ ᠢ ᠨᠢ ᠲᠦᠯᠦᠬᠦᠯᠦᠨᠡ᠃ | ᠳᠥᠴᠢᠨ ᠨᠢᠭᠡᠳᠦᠭᠡᠷ ᠵᠦᠢᠯ ᠲᠤᠰ ᠳᠦᠷᠢᠮ ᠤᠨ ᠬᠤᠷᠢᠳᠤᠭᠠᠷ ᠵᠦᠢᠯ ᠤᠨ ᠬᠤᠶᠠᠳᠣᠭᠠᠷ ᠵᠤᠷᠪᠤᠰ᠂ | ᠭᠤᠷᠪᠠᠳᠣᠭᠠᠷ ᠵᠤᠷᠪᠤᠰ᠂ ᠲᠠᠪᠤᠳᠣᠭᠠᠷ ᠵᠤᠷᠪᠤᠰ᠂ ᠵᠢᠷᠭᠤᠳᠣᠭᠠᠷ ᠵᠤᠷᠪᠤᠰ ᠤᠨ ᠲᠣᠭᠲᠠᠭᠠᠯ ᠢ ᠵᠥᠷᠢᠴᠡᠵᠦ᠂ | ᠪᠠᠷᠢᠯᠭ᠎ᠠ ᠶᠢᠨ ᠭᠠᠵᠠᠷ ᠲᠤ ᠲᠣᠭᠤᠰᠣ ᠰᠡᠷᠭᠡᠶᠢᠯᠡᠬᠦ᠂ ᠲᠣᠭᠤᠰᠣ ᠪᠠᠭᠤᠷᠠᠭᠤᠯᠬᠤ ᠠᠷᠭ᠎ᠠ ᠬᠡᠮᠵᠢᠶ᠎ᠡ ᠠᠪᠤᠭᠰᠠᠨ ᠦᠭᠡᠢ | ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ | ᠵᠠᠷᠯᠢᠭᠳᠠᠨ ᠵᠠᠯᠠᠷᠠᠭᠤᠯᠤᠭᠤᠯᠵᠤ᠂ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠪᠠᠶᠢᠭᠠᠳ 1 ᠲᠦᠮᠡᠨ | ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠵᠡᠷᠭᠡᠳᠡᠨ | ᠰᠢᠳᠭᠡᠨ᠎ᠡ︔ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ᠂ ᠵᠠᠷᠯᠢᠭᠳᠠᠵᠤ ᠠᠵᠢᠯ ᠢ ᠨᠢ ᠵᠤᠭᠰᠣᠭᠠᠯᠭᠠᠵᠤ ᠪᠠᠶᠢᠭᠠᠳ | ᠴᠡᠭᠴᠡᠯᠡᠨ ᠵᠠᠰᠠᠭᠤᠯᠤᠨ᠎ᠠ᠃ | ᠲᠤᠰ ᠳᠦᠷᠢᠮ ᠤᠨ ᠬᠤᠷᠢᠳᠤᠭᠠᠷ ᠵᠦᠢᠯ ᠤᠨ ᠲᠦᠷᠪᠡᠳᠦᠭᠡᠷ ᠵᠤᠷᠪᠤᠰ ᠤᠨ ᠲᠣᠭᠲᠠᠭᠠᠯ ᠢ ᠵᠥᠷᠢᠴᠡᠵᠦ᠂ | ᠱᠤᠤᠭᠢᠶ᠎ᠠ ᠳᠠᠭᠤ ᠨᠢ ᠤᠯᠤᠰ ᠠᠴᠠ ᠲᠣᠭᠲᠠᠭᠠᠭᠰᠠᠨ ᠣᠷᠴᠢᠨ ᠲᠣᠭᠤᠷᠢᠨ ᠤ ᠱᠤᠤᠭᠢᠶᠠᠨ ᠤ | ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠠᠴᠠ ᠬᠡᠲᠦᠷᠡᠭᠰᠡᠨ ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠦᠢᠯᠡ | ᠪᠠᠢᠳᠠᠯ ᠤᠨ ᠬᠦᠨᠳᠦ ᠬᠥᠩᠭᠡᠨ ᠢ ᠨᠢ ᠦᠵᠡᠵᠦ ᠪᠠᠶᠢᠭᠠᠳ 5000 ᠲᠥᠭᠦᠷᠢᠭ ᠠᠴᠠ ᠳᠡᠭᠡᠭᠰᠢ 5 ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠵᠡᠷᠭᠡᠳᠡᠨ ᠰᠢᠳᠭᠡᠨ᠎ᠡ︔ ᠵᠠᠯᠠᠷᠠᠭᠤᠯᠬᠤ ᠶᠢ ᠲᠡᠪᠴᠢᠭᠰᠡᠨ | ᠪᠠᠶᠢᠪᠠᠯ᠂ ᠵᠠᠷᠯᠢᠭᠳᠠᠵᠤ ᠠᠵᠢᠯ ᠢ ᠨᠢ ᠵᠤᠭᠰᠣᠭᠠᠯᠭᠠᠵᠤ ᠪᠠᠶᠢᠭᠠᠳ ᠴᠡᠭᠴᠡᠯᠡᠨ ᠵᠠᠰᠠᠭᠤᠯᠤᠨ᠎ᠠ᠃ | ᠳᠥᠴᠢᠨ ᠬᠤᠶᠠᠳᠤᠭᠠᠷ ᠵᠦᠢᠯ ᠬᠤᠷᠢᠨ ᠭᠤᠷᠪᠠᠳᠤᠭᠠᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ | ᠢ ᠵᠥᠷᠢᠴᠡᠵᠦ᠂ ᠬᠤᠲᠠ ᠶᠢᠨ ᠨᠣᠭᠤᠭᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷᠡᠭᠯᠡᠭᠰᠡᠨ᠂ ᠡᠪᠳᠡᠵᠦ | ᠰᠦᠢᠳᠭᠡᠭᠰᠡᠨ ᠪᠤᠶᠤ ᠬᠤᠲᠠ ᠶᠢᠨ ᠨᠣᠭᠤᠭᠠᠷᠠᠭᠤᠯᠤᠯᠲᠠ ᠶᠢᠨ ᠲᠥᠯᠥᠪᠵᠢᠭᠦᠯᠭᠡ ᠶᠢᠨ ᠬᠡᠷᠡᠭᠯᠡᠬᠦ ᠭᠠᠵᠠᠷ ᠤᠨ ᠰᠢᠨᠵᠢ | ᠴᠢᠨᠠᠷ ᠢ ᠬᠤᠪᠢᠷᠠᠭᠤᠯᠤᠭᠰᠠᠨ ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠪᠤᠴᠠᠭᠠᠯᠭᠠᠬᠤ᠂ ᠣᠭ ᠤᠨ ᠪᠠᠶᠢᠳᠠᠯ ᠢ | ᠨᠢ ᠰᠡᠷᠭᠦᠭᠡᠯᠬᠡᠬᠦ ᠶᠢᠨ ᠬᠠᠮᠲᠤ ᠲᠡᠭᠰᠢ ᠳᠥᠷᠪᠡᠯᠵᠢᠨ ᠮᠧᠲᠷ ᠪᠦᠷᠢ ᠳᠤ 500 ᠲᠥᠭᠦᠷᠢᠭ ᠵᠣᠭᠤᠰ ᠢᠶᠠᠷ | ᠲᠣᠷᠭᠠᠬᠤ ᠪᠠᠷ ᠵᠡᠷᠭᠡᠳᠡᠨ ᠰᠢᠳᠭᠡᠨ᠎ᠡ︔ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠬᠦ | ᠬᠠᠷᠢᠭᠤᠴᠠᠯᠭ᠎ᠠ ᠡᠭᠦᠷᠭᠡᠯᠡᠭᠦᠯᠦᠨ᠎ᠡ᠃ | | ᠲᠤᠰ ᠳᠦᠷᠢᠮ ᠤᠨ ᠬᠤᠷᠢᠨ ᠭᠤᠷᠪᠠᠳᠤᠭᠠᠷ ᠵᠦᠢᠯ ᠤᠨ ᠭᠤᠷᠪᠠᠳᠤᠭᠠᠷ ᠵᠤᠷᠪᠤᠰ ᠤᠨ ᠲᠣᠭᠲᠠᠭᠠᠯ ᠠᠴᠠ | ᠵᠥᠷᠢᠴᠡᠵᠦ᠂ ᠠᠭᠤᠳᠠᠮ ᠲᠠᠯᠠᠪᠠᠢ᠂ ᠴᠡᠴᠡᠷᠯᠢᠭ ᠤᠨ ᠬᠠᠮᠢᠶᠠᠷᠤᠯᠲᠠ ᠶᠢᠨ ᠨᠢᠭᠡᠴᠡ ᠪᠠᠷ ᠵᠥᠪᠰᠢᠶᠡᠷᠡᠭᠦᠯᠦᠭᠰᠡᠨ | ᠦᠭᠡᠢ ᠪᠠᠷ ᠬᠤᠲᠠ ᠶᠢᠨ ᠴᠡᠴᠡᠷᠯᠢᠭ ᠤᠨ ᠠᠭᠤᠳᠠᠮ ᠲᠠᠯᠠᠪᠠᠢ᠂ ᠵᠦᠯᠭᠡ ᠭᠠᠵᠠᠷ ᠲᠤ ᠡᠵᠡᠩᠨᠡᠯᠲᠡ ᠶᠢᠨ ᠠᠵᠢᠯᠯᠠᠭ᠎ᠠ | ᠬᠢᠭᠰᠡᠨ ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠠᠴᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ 500 | ᠲᠥᠭᠦᠷᠢᠭ ᠠᠴᠠ ᠳᠡᠭᠡᠭᠰᠢ 5000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠵᠡᠷᠭᠡᠳᠡᠨ ᠰᠢᠳᠭᠡᠨ᠎ᠡ︔ | ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠭᠦᠯᠦᠨ᠎ᠡ᠃ | ᠳᠥᠴᠢᠨ ᠭᠤᠷᠪᠠᠳᠤᠭᠠᠷ ᠵᠦᠢᠯ ᠲᠣᠰ ᠳᠦᠷᠢᠮ ᠤᠨ ᠬᠤᠷᠢᠨ ᠳᠥᠷᠪᠡᠳᠦᠭᠡᠷ ᠵᠦᠢᠯ ᠤᠨ ᠨᠢᠭᠡᠳᠦᠭᠡᠷ | ᠵᠤᠷᠪᠤᠰ᠂ ᠬᠤᠶᠠᠳᠣᠭᠠᠷ ᠵᠤᠷᠪᠣᠰ᠂ ᠲᠦᠷᠪᠡᠳᠦᠭᠡᠷ ᠵᠤᠷᠪᠤᠰ ᠤᠨ ᠲᠣᠭᠲᠠᠭᠠᠯ ᠢ ᠵᠥᠷᠢᠴᠡᠨ᠂ ᠳᠡᠯᠭᠡᠭᠦᠷ ᠤᠨ | ᠭᠠᠳᠠᠨ᠎ᠠ ᠡᠵᠡᠩᠨᠡᠯᠲᠡ ᠶᠢᠨ ᠠᠵᠢᠯᠯᠠᠭ᠎ᠠ ᠦᠷᠨᠢᠬᠦᠯᠬᠦ᠂ ᠡᠳ᠋ ᠪᠣᠳᠠᠰ ᠤᠪᠤᠭᠠᠯᠠᠬᠤ᠂ ᠦᠨᠲᠦᠷ ᠲᠠᠭᠤᠲᠤ ᠪᠦᠷᠢᠶ᠎ᠡ ᠪᠠᠷ | ᠵᠣᠴᠢᠨ ᠲᠠᠲᠠᠵᠤ᠂ ᠳᠡᠯᠭᠡᠭᠦᠷ ᠤᠨ ᠳᠣᠲᠣᠷ᠎ᠠ ᠪᠠᠨ ᠬᠤᠭ ᠨᠣᠪᠰᠢ ᠶᠢᠨ ᠰᠠᠪᠠ᠂ ᠤᠰᠤ ᠲᠠᠲᠠᠷᠠᠭᠤᠯᠬᠤ ᠪᠡᠯᠡᠳᠬᠡᠮᠵᠢ | ᠲᠣᠬᠢᠷᠠᠭᠤᠯᠤᠭᠰᠠᠨ ᠦᠭᠡᠢ ᠪᠣᠯ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠠᠴᠠ ᠵᠠᠷᠯᠢᠭᠳᠠᠨ ᠵᠠᠯᠠᠷᠠᠭᠤᠯᠬᠤ ᠬᠡᠷᠡᠭᠲᠡᠶ᠂ ᠵᠠᠯᠠᠷᠠᠭᠤᠯᠬᠤ ᠦᠭᠡᠢ ᠪᠣᠯ 100 ᠲᠥᠭᠦᠷᠢᠭ ᠠᠴᠠ ᠳᠡᠭᠡᠭᠰᠢ | 1000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | | ᠲᠣᠰ ᠳᠦᠷᠢᠮ ᠤᠨ ᠬᠤᠷᠢᠨ ᠳᠥᠷᠪᠡᠳᠦᠭᠡᠷ ᠵᠦᠢᠯ ᠤᠨ ᠭᠤᠷᠪᠠᠳᠣᠭᠠᠷ ᠵᠤᠷᠪᠣᠰ ᠤᠨ ᠲᠣᠭᠲᠠᠭᠠᠯ ᠠᠴᠠ | ᠵᠥᠷᠢᠴᠡᠨ᠂ ᠬᠤᠭᠤᠯᠠᠨ ᠭᠡᠷ ᠲᠣᠭᠤᠭᠠᠨ ᠭᠡᠷ ᠤᠨ ᠬᠤᠭ ᠨᠣᠪᠰᠢ ᠵᠡᠷᠭᠡ ᠶᠢ ᠪᠣᠬᠢᠷ ᠤᠰᠤ ᠭᠠᠳᠠᠭᠰᠢᠯᠠᠭᠤᠯᠬᠤ | ᠬᠤᠭᠤᠯᠠᠶ ᠭᠤᠤᠷᠰᠤᠨ ᠳᠤ ᠭᠠᠳᠠᠭᠰᠢᠯᠠᠭᠤᠯᠤᠭᠰᠠᠨ ᠪᠤᠶᠤ ᠮᠣᠳᠣᠨ ᠤ ᠨᠦᠬᠡ᠂ ᠨᠣᠭᠤᠭᠠᠨ ᠭᠠᠵᠠᠷ ᠲᠤ ᠰᠢᠭᠤᠳ | ᠴᠢᠳᠬᠤᠭᠰᠠᠨ ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠠᠴᠠ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠪᠠᠶᠢᠭᠠᠳ 1000 ᠲᠥᠭᠦᠷᠢᠭ ᠠᠴᠠ | ᠳᠡᠭᠡᠭᠰᠢ 5000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | ᠳᠥᠴᠢᠨ ᠳᠥᠷᠪᠡᠳᠦᠭᠡᠷ ᠵᠦᠢᠯ ᠲᠣᠰ ᠳᠦᠷᠢᠮ ᠤᠨ ᠬᠤᠷᠢᠨ ᠲᠠᠪᠤᠳᠤᠭᠠᠷ ᠵᠦᠢᠯ ᠤᠨ ᠲᠣᠭᠲᠠᠭᠠᠯ ᠠᠴᠠ | ᠵᠥᠷᠢᠴᠡᠨ᠂ ᠵᠥᠪᠰᠢᠶᠡᠷᠡᠭᠦᠯᠦᠭᠡᠳᠦᠶ ᠪᠠᠷ ᠳᠤᠷ᠎ᠠ ᠪᠠᠷ ᠢᠶᠠᠨ ᠭᠡᠷ ᠤᠨ ᠭᠠᠳᠠᠨᠠᠬᠢ ᠵᠠᠷ ᠮᠡᠳᠡᠭᠡ᠂ ᠡᠭᠦᠳᠡᠨ ᠳᠡᠭᠡᠷᠡᠬᠢ | ᠫᠠᠶᠢᠰᠠ ᠢᠯᠡᠷᠬᠡᠶᠢᠯᠡᠯ᠂ L E D ᠳᠡᠯᠭᠡᠴᠡ᠂ ᠭᠡᠷᠡᠯᠲᠦᠭᠦᠯᠬᠦ ᠪᠡᠯᠡᠳᠬᠡᠮᠵᠢ ᠶᠢ ᠲᠣᠬᠢᠷᠠᠭᠤᠯᠤᠭᠰᠠᠨ ᠪᠣᠯ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ | ᠵᠠᠯᠠᠷᠠᠭᠤᠯᠬᠤ ᠶᠢᠨ ᠬᠠᠮᠲᠤ 500 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠷᠣᠭᠰᠢ ᠵᠣᠭᠤᠰ ᠢᠶᠠᠷ | ᠲᠣᠷᠭᠠᠨ᠎ᠠ᠃ | ᠳᠥᠴᠢᠨ ᠲᠠᠪᠤᠳᠤᠭᠠᠷ ᠵᠦᠢᠯ ᠲᠣᠰ ᠳᠦᠷᠢᠮ ᠤᠨ ᠬᠤᠷᠢᠨ ᠳᠣᠯᠣᠳᠤᠭᠠᠷ ᠵᠦᠢᠯ ᠤᠨ ᠬᠤᠶᠠᠳᠤᠭᠠᠷ | ᠵᠤᠷᠪᠤᠰ ᠤᠨ ᠲᠣᠭᠲᠠᠭᠠᠯ ᠠᠴᠠ ᠵᠥᠷᠢᠴᠡᠨ᠂ ᠣᠯᠠᠨ ᠨᠡᠶᠢᠲᠡ ᠶᠢᠨ ᠲᠠᠯᠠᠪᠤᠷ ᠲᠤ ᠡᠩᠬᠦᠷᠡᠶ ᠠᠮᠢᠲᠠᠨ ︵ᠵᠠᠮᠴᠢᠯᠠᠭᠴᠢ | ᠨᠣᠬᠠᠶ ᠠᠴᠠ ᠪᠤᠰᠤᠳ︶ ᠢ ᠠᠪᠴᠤ ᠶᠠᠪᠤᠭᠠᠳ ᠬᠢᠵᠠᠭᠠᠷᠯᠠᠬᠤ ᠴᠢᠨᠠᠷᠲᠠᠶ ᠠᠷᠭ᠎ᠠ ᠬᠡᠮᠵᠢᠶ᠎ᠡ ᠠᠪᠤᠭᠰᠠᠨ ᠦᠭᠡᠢ ᠪᠣᠯ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ | ᠵᠠᠯᠠᠷᠠᠭᠤᠯᠤᠨ᠎ᠠ᠂ ᠵᠠᠯᠠᠷᠠᠭᠤᠯᠬᠤ ᠦᠭᠡᠢ ᠪᠣᠯ 200 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠷᠣᠭᠰᠢ | ᠵᠣᠭᠤᠰ ᠢᠶᠠᠷ ᠲᠣᠷᠭᠠᠨ᠎ᠠ᠃ | ᠳᠥᠴᠢᠨ ᠵᠢᠷᠭᠤᠳᠤᠭᠠᠷ ᠵᠦᠢᠯ ᠲᠣᠰ ᠳᠦᠷᠢᠮ ᠤᠨ ᠬᠤᠷᠢᠨ ᠨᠠᠢᠮᠠᠳᠤᠭᠠᠷ ᠵᠦᠢᠯ ᠤᠨ ᠲᠣᠭᠲᠠᠭᠠᠯ ᠠᠴᠠ | ᠵᠥᠷᠢᠴᠡᠨ᠂ ᠬᠤᠲᠠ ᠶᠢᠨ ᠵᠠᠮ ᠱᠣᠭᠤᠮ᠂ ᠣᠷᠣᠨ ᠰᠠᠭᠤᠴᠠ ᠶᠢᠨ ᠵᠢᠵᠢᠭ ᠲᠣᠭᠤᠷᠢᠭ ᠵᠡᠷᠭᠡ ᠣᠯᠠᠨ ᠨᠡᠶᠢᠲᠡ ᠶᠢᠨ | ᠣᠷᠣᠨ ᠪᠦᠰᠡ ᠳᠤ ᠣᠩᠭᠤᠨ ᠤ ᠫᠧᠩ ᠪᠣᠰᠬᠠᠬᠤ᠂ ᠴᠢᠨᠳᠠᠷ ᠲᠠᠯᠪᠢᠬᠤ᠂ ᠪᠡᠯᠪᠡᠰᠦᠷᠡᠯ ᠤᠨ ᠬᠥᠭᠵᠢᠮ ᠬᠥᠭᠵᠢᠮᠳᠡᠬᠦ᠂ | ᠳᠠᠬᠢᠯᠭ᠎ᠠ ᠶᠢᠨ ᠡᠳ᠋ ᠰᠢᠲᠠᠭᠠᠬᠤ᠂ ᠬᠤᠶᠢᠯᠭ᠎ᠠ ᠶᠢᠨ ᠴᠠᠭᠠᠰᠣᠨ ᠵᠤᠭᠤᠰ ᠰᠠᠴᠤᠬᠤ ᠵᠡᠷᠭᠡ ᠶᠢ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ | ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠪᠠᠶᠢᠭᠠᠳ 100 ᠲᠥᠭᠦᠷᠢᠭ ᠠᠴᠠ ᠳᠡᠭᠡᠭᠰᠢ 1000 | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | ᠳᠥᠴᠢᠨ ᠳᠣᠯᠣᠳᠤᠭᠠᠷ ᠵᠦᠢᠯ ᠲᠣᠰ ᠳᠦᠷᠢᠮ ᠤᠨ ᠬᠤᠷᠢ ᠶᠢᠰᠦᠳᠦᠭᠡᠷ ᠵᠦᠢᠯ ᠤᠨ ᠨᠢᠭᠡᠳᠦᠭᠡᠷ ᠵᠤᠷᠪᠣᠰ | ᠤᠨ ᠲᠣᠭᠲᠠᠭᠠᠯ ᠠᠴᠠ ᠵᠥᠷᠢᠴᠡᠨ᠂ ᠬᠤᠳᠠᠯᠳᠤᠭᠠᠨ ᠤ ᠡᠵᠡᠩᠨᠡᠯᠲᠡ ᠶᠢᠨ ᠠᠵᠢᠯᠯᠠᠭ᠎ᠠ ᠳᠤᠮᠳᠠ ᠠᠭᠠᠷ | ᠲᠤᠭᠢᠷᠠᠭᠤᠯᠤᠭᠴᠢ᠂ ᠠᠭᠠᠷ ᠰᠣᠯᠢᠭᠤᠷ᠂ ᠬᠦᠷᠭᠡᠬᠦ ᠰᠤᠪᠤᠷᠭ᠎ᠠ ᠵᠡᠷᠭᠡ ᠪᠡᠯᠡᠳᠬᠡᠮᠵᠢ ᠲᠦᠬᠦᠭᠡᠷᠦᠮᠵᠢ ᠶᠢ ᠬᠡᠷᠡᠭᠯᠡᠵᠦ᠂ | ᠵᠠᠭᠠᠭ ᠤᠨ ᠳᠠᠭᠤ ᠱᠤᠤᠭᠢᠶᠠᠨ ᠨᠢ ᠤᠯᠤᠰ ᠠᠴᠠ ᠲᠤᠭᠳᠠᠭᠠᠭᠰᠠᠨ ᠣᠷᠴᠢᠨ ᠲᠣᠭᠤᠷᠢᠨ ᠤ ᠱᠤᠤᠭᠢᠶᠠᠨ ᠢ | ᠭᠠᠳᠠᠭᠰᠢᠯᠠᠭᠤᠯᠬᠤ ᠪᠠᠷᠢᠮᠵᠢᠶ᠎ᠠ ᠠᠴᠠ ᠬᠡᠲᠦᠷᠡᠭᠰᠡᠨ ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ ᠦᠢᠯᠡ ᠪᠠᠶᠢᠳᠠᠯ ᠤᠨ ᠬᠦᠨᠳᠦ | ᠬᠥᠩᠭᠡᠨ ᠢ ᠨᠢ ᠦᠵᠡᠵᠦ ᠪᠠᠶᠢᠭᠠᠳ 200 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠷᠣᠭᠰᠢ | ᠵᠣᠭᠤᠰ ᠢᠶᠠᠷ ᠲᠣᠷᠭᠠᠵᠤ ᠵᠡᠷᠭᠡᠳᠡᠨ ᠰᠢᠳᠭᠡᠨ᠎ᠡ᠃ | ᠲᠣᠰ ᠳᠦᠷᠢᠮ ᠤᠨ ᠬᠤᠷᠢ ᠶᠢᠰᠦᠳᠦᠭᠡᠷ ᠵᠦᠢᠯ ᠤᠨ ᠬᠤᠶᠠᠳᠣᠭᠠᠷ ᠵᠤᠷᠪᠤᠰ ᠤᠨ ᠲᠣᠭᠲᠠᠭᠠᠯ ᠢ ᠵᠦᠷᠢᠴᠡᠨ᠂ | ᠣᠷᠣᠢ ᠶᠢᠨ ᠠᠷᠪᠠᠨ ᠴᠠᠭ ᠠᠴᠠ ᠲᠠᠷᠠᠭ᠎ᠠ ᠡᠳᠦᠷ ᠤᠨ ᠵᠢᠷᠭᠤᠭᠠᠨ ᠴᠠᠭ ᠬᠦᠷᠲᠡᠯ᠎ᠡ᠂ ᠨᠢᠭᠡᠨᠲᠡ ᠪᠠᠷᠢᠯᠭ᠎ᠠ ᠳᠠᠭᠤᠰᠴᠤ | ᠲᠤᠰᠢᠶᠠᠨ ᠬᠡᠷᠡᠭᠯᠡᠭᠦᠯᠦᠭᠰᠡᠨ ᠣᠷᠣᠨ ᠰᠠᠭᠤᠴᠠ ᠶᠢᠨ ᠠᠰᠠᠷ ᠳᠣᠲᠣᠷ᠎ᠠ ᠴᠠᠬᠢᠯᠭᠠᠨ ᠦᠷᠦᠮᠳᠡᠭᠦᠷ᠂ ᠴᠠᠬᠢᠯᠭᠠᠨ | ᠬᠢᠷᠥᠭᠡ᠂ ᠴᠠᠬᠢᠯᠭᠠᠨ ᠬᠠᠷᠤᠭᠤᠯ᠂ ᠨᠦᠲᠦᠬᠦ ᠦᠷᠦᠮᠳᠡᠭᠦᠷ ᠵᠡᠷᠭᠡ ᠪᠠᠭᠠᠵᠢ ᠶᠢ ᠬᠡᠷᠡᠭᠯᠡᠨ ᠠᠵᠢᠯᠯᠠᠬᠤ ᠶᠢᠨ ᠬᠠᠮᠲᠤ | ᠣᠷᠴᠢᠨ ᠲᠣᠭᠤᠷᠢᠨ ᠤ ᠱᠤᠤᠭᠢᠶᠠᠨ ᠤ ᠪᠣᠬᠢᠷᠲᠤᠯ ᠡᠭᠦᠰᠭᠡᠭᠰᠡᠨ ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ ᠦᠢᠯᠡ ᠪᠠᠶᠢᠳᠠᠯ ᠤᠨ | ᠬᠦᠨᠳᠦ ᠬᠥᠩᠭᠡᠨ ᠢ ᠨᠢ ᠦᠵᠡᠵᠦ ᠪᠠᠶᠢᠭᠠᠳ 200 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ | ᠳᠣᠷᠣᠭᠰᠢ ᠵᠣᠭᠤᠰ ᠢᠶᠠᠷ ᠲᠣᠷᠭᠠᠵᠤ ᠵᠡᠷᠭᠡᠳᠡᠨ ᠰᠢᠳᠭᠡᠨ᠎ᠡ᠃ | ᠳᠥᠴᠢᠨ ᠨᠠᠢᠮᠠᠳᠤᠭᠠᠷ ᠵᠦᠢᠯ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ᠂ ᠬᠤᠯᠪᠣᠭᠳᠠᠯ ᠪᠦᠬᠦᠢ ᠨᠢᠭᠡᠴᠡ ᠵᠢᠴᠢ ᠲᠡᠭᠦᠨ ᠤ ᠠᠵᠢᠯᠲᠠᠨ ᠲᠤᠰ ᠳᠦᠷᠢᠮ ᠤᠨ ᠲᠣᠭᠲᠠᠭᠠᠯ ᠢ | ᠵᠥᠷᠢᠴᠡᠵᠦ᠂ ᠳᠣᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠤᠲᠠ᠂ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ ᠶᠢᠨ ᠬᠠᠮᠲᠤ | ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠪᠠᠶᠢᠭᠠᠳ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ | ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠬᠥᠮᠦᠨ ᠳᠤ ᠬᠠᠤᠯᠢ ᠶᠣᠰᠣᠭᠠᠷ ᠰᠢᠳᠭᠡᠯ ᠥᠭᠭᠦᠨ᠎ᠡ᠂ | ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠤ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ | ᠄ | ︵ᠨᠢᠭᠡ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠤᠰ ᠳᠦᠷᠢᠮ ᠳᠤ ᠲᠣᠭᠲᠠᠭᠠᠭᠰᠠᠨ ᠲᠤᠰᠢᠶᠠᠯ | ᠬᠠᠷᠢᠭᠤᠴᠠᠯᠭ᠎ᠠ ᠪᠠᠨ ᠬᠦᠢᠴᠡᠳᠬᠡᠭᠰᠡᠨ ᠦᠭᠡᠢ ᠪᠤᠶᠤ ᠵᠦᠶ ᠪᠤᠰᠤ ᠪᠠᠷ ᠬᠦᠢᠴᠡᠳᠬᠡᠭᠰᠡᠨ︔ | ︵ᠬᠤᠶᠠᠷ︶ ᠬᠠᠤᠯᠢ ᠪᠠᠷ ᠲᠤᠭᠳᠠᠭᠠᠭᠰᠠᠨ ᠪᠠᠷᠢᠮᠲᠠ ᠦᠭᠡᠢ ᠪᠤᠶᠤ ᠬᠠᠤᠯᠢ ᠪᠠᠷ ᠲᠣᠭᠲᠠᠭᠠᠭᠰᠠᠨ ᠵᠢᠷᠤᠮ ᠢ | ᠵᠥᠷᠢᠴᠡᠵᠦ᠂ ᠵᠠᠰᠠᠭ ᠵᠠᠬᠢᠷᠭᠠᠨ ᠤ ᠰᠢᠳᠭᠡᠯ ᠤᠨ ᠲᠣᠭᠲᠠᠭᠠᠯ ᠭᠠᠷᠭᠠᠭᠰᠠᠨ︔ | ︵ᠭᠤᠷᠪᠠ︶ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢ ᠲᠣᠭᠲᠠᠭᠠᠯ ᠶᠣᠰᠣᠭᠠᠷ ᠬᠡᠷᠡᠭᠵᠢᠭᠦᠯᠦᠭᠰᠡᠨ | ᠦᠭᠡᠢ᠂ ᠡᠰᠡᠬᠦᠯ᠎ᠡ ᠨᠢᠭᠡᠨᠲᠡ ᠵᠠᠰᠠᠭ ᠵᠠᠬᠢᠷᠭᠠᠨ ᠤ ᠰᠢᠳᠭᠡᠯ ᠤᠨ ᠲᠣᠭᠲᠠᠭᠠᠯ ᠭᠠᠷᠭᠠᠭᠰᠠᠨ ᠪᠠᠶᠢᠳᠠᠯ ᠢ | ᠬᠤᠪᠢᠷᠠᠭᠤᠯᠤᠭᠰᠠᠨ︔ | | ︵ᠲᠦᠷᠪᠡ︶ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠣᠯᠳᠠ ᠶᠢᠨ ᠪᠤᠰᠤᠳ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠰᠢᠯᠵᠢᠭᠦᠯᠦᠨ ᠬᠦᠷᠭᠡᠭᠰᠡᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ ᠶᠣᠰᠣᠲᠠᠶ ᠪᠠᠶᠢᠳᠠᠯ᠎ᠠ | ᠬᠦᠯᠢᠶᠡᠨ ᠠᠪᠴᠤ ᠰᠢᠢᠳᠪᠦᠷᠢᠯᠡᠭᠰᠡᠨ ᠦᠭᠡᠢ᠂ ᠡᠰᠡᠬᠦᠯ᠎ᠡ ᠴᠠᠭ ᠲᠤᠬᠠᠶ ᠳᠤᠨᠢ ᠬᠠᠤᠯᠢ ᠶᠣᠰᠣᠭᠠᠷ ᠰᠢᠢᠳᠪᠦᠷᠢᠯᠡᠵᠦ᠂ | ᠬᠠᠷᠢᠭᠤ ᠮᠡᠳᠡᠭᠳᠡᠭᠰᠡᠨ ᠦᠭᠡᠢ︔ | ︵ᠲᠠᠪᠤ︶ ᠭᠡᠷᠡᠴᠢ ᠪᠠᠷᠢᠮᠲᠠ᠂ ᠲᠠᠶᠢᠯᠪᠤᠷᠢᠯᠠᠯᠲᠠ᠂ ᠰᠠᠨᠠᠯ᠂ ᠰᠢᠯᠭᠠᠨ ᠬᠡᠮᠵᠢᠯᠳᠡ᠂ ᠰᠢᠯᠭᠠᠨ ᠲᠤᠭᠳᠠᠭᠠᠯᠳᠠ᠂ | ᠨᠤᠳᠠᠯᠠᠯᠳᠠ᠂ ᠮᠠᠭᠠᠳᠯᠠᠨ ᠲᠤᠭᠳᠠᠭᠠᠯᠳᠠ ᠬᠠᠩᠭᠠᠬᠤ ᠶᠢ ᠲᠡᠪᠴᠢᠭᠰᠡᠨ ᠪᠤᠶᠤ ᠲᠣᠭᠲᠠᠭᠠᠯ ᠶᠣᠰᠣᠭᠠᠷ ᠦᠯᠦ | ᠬᠠᠩᠭᠠᠭᠰᠠᠨ︔ | | ︵ᠵᠢᠷᠭᠤᠭ᠎ᠠ︶ ᠵᠠᠰᠠᠭ ᠵᠠᠬᠢᠷᠭᠠᠨ ᠤ ᠳᠠᠬᠢᠨ ᠵᠥᠪᠯᠡᠭᠰᠡᠨ ᠲᠣᠭᠲᠠᠭᠠᠯ ᠢ ᠬᠦᠢᠴᠡᠳᠬᠡᠬᠦ ᠦᠭᠡᠢ᠂ ᠵᠠᠰᠠᠭ | ᠵᠠᠬᠢᠷᠭᠠᠨ ᠤ ᠵᠠᠷᠭᠤ ᠶᠢᠨ ᠲᠠᠰᠤᠯᠤᠯᠲᠠ᠂ ᠲᠣᠭᠲᠠᠭᠠᠯᠲᠠ ᠶᠢ ᠬᠦᠢᠴᠡᠳᠬᠡᠬᠦ ᠦᠭᠡᠢ︔ | ︵ᠳᠣᠯᠤᠭ᠎ᠠ︶ ᠪᠠᠶᠢᠴᠠᠭᠠᠨ ᠪᠢᠲᠡᠭᠦᠮᠵᠢᠯᠡᠭᠰᠡᠨ᠂ ᠳᠠᠷᠤᠵᠤ ᠠᠪᠤᠭᠰᠠᠨ ᠬᠠᠤᠯᠢ ᠪᠤᠰᠤ ᠵᠣᠭᠤᠰ ᠮᠥᠩᠭᠦ ᠡᠳ᠋ | ᠪᠣᠳᠠᠰ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠪᠤᠶᠤ ᠵᠣᠭᠤᠰ ᠢᠶᠠᠷ ᠲᠣᠷᠭᠠᠭᠰᠠᠨ ᠵᠦᠢᠯ ᠢ | ᠳᠤᠮᠳᠠ ᠠᠴᠠ ᠨᠢ ᠦᠯᠡᠳᠡᠭᠡᠨ ᠠᠪᠤᠭᠰᠠᠨ᠂ ᠳᠠᠷᠤᠵᠤ ᠠᠪᠤᠭᠰᠠᠨ ᠪᠤᠶᠤ ᠬᠡᠯᠪᠡᠷᠢ ᠶᠢ ᠨᠢ ᠥᠭᠡᠷᠡᠲᠦᠭᠦᠯᠦᠨ ᠳᠠᠷᠤᠵᠤ | ᠠᠪᠤᠭᠰᠠᠨ︔ | ︵ᠨᠠᠢᠮᠠ︶ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠦᠮᠦᠭᠯᠡᠨ ᠬᠠᠮᠠᠭᠠᠯᠠᠭᠰᠠᠨ᠂ ᠲᠤᠷ᠎ᠠ ᠪᠠᠷ ᠨᠢ | ᠲᠠᠯᠪᠢᠭᠰᠠᠨ︔ | ︵ᠶᠢᠰᠦ︶ ᠢᠯᠡᠴᠢᠯᠡᠨ ᠮᠡᠳᠡᠭᠦᠯᠦᠭᠴᠢ ᠶᠢᠨ ᠪᠠᠶᠢᠳᠠᠯ᠂ ᠬᠦᠨᠳᠦ ᠶᠡᠭᠡ ᠬᠡᠷᠡᠭ ᠤᠨ ᠬᠡᠷᠡᠭ ᠤᠨ ᠪᠠᠶᠢᠳᠠᠯ ᠢ | ᠵᠠᠳᠠᠷᠠᠭᠤᠯᠵᠤ᠂ ᠮᠠᠭᠤ ᠨᠥᠯᠥᠭᠡ ᠭᠠᠷᠭᠠᠭᠰᠠᠨ ᠪᠠ ᠬᠦᠨᠳᠦ ᠨᠣᠴᠢᠲᠠᠶ ᠦᠷ᠎ᠡ ᠤᠷᠰᠢᠭ ᠲᠠᠳᠠᠭᠰᠠᠨ | ︔ | ︵ᠠᠷᠪᠠ︶ ᠡᠭᠦᠷᠭᠡ ᠲᠤᠰᠢᠶᠠᠯ ᠤᠨ ᠢᠶᠠᠨ ᠲᠥᠬᠦᠮ ᠢ ᠠᠰᠢᠭᠯᠠᠨ ᠵᠠᠰᠠᠭ ᠵᠠᠬᠢᠷᠭᠠᠨ ᠤ ᠬᠠᠷᠢᠴᠠᠩᠭᠤᠶ | ᠬᠦᠮᠦᠨ ᠤ ᠵᠣᠭᠤᠰ ᠮᠥᠩᠭᠦ ᠡᠳ᠋ ᠪᠣᠳᠠᠰ ᠢ ᠵᠣᠷᠢᠭᠤᠳᠠ ᠡᠪᠳᠡᠨ ᠰᠦᠢᠳᠭᠡᠭᠰᠡᠨ ᠪᠤᠶᠤ ᠵᠠᠰᠠᠭ ᠵᠠᠬᠢᠷᠭᠠᠨ ᠤ | ᠬᠠᠷᠢᠴᠠᠩᠭᠤᠶ ᠬᠦᠮᠦᠨ ᠤ ᠵᠣᠭᠤᠰ ᠮᠥᠩᠭᠦ ᠡᠳ᠋ ᠪᠣᠳᠠᠰ ᠢ ᠨᠡᠬᠡᠨ ᠠᠪᠤᠭᠰᠠᠨ᠂ ᠬᠦᠯᠢᠶᠡᠨ ᠠᠪᠤᠭᠰᠠᠨ︔ | ︵ᠠᠷᠪᠠᠨ ᠨᠢᠭᠡ︶ ᠵᠠᠰᠠᠭ ᠵᠠᠬᠢᠷᠭᠠᠨ ᠤ ᠬᠠᠷᠢᠴᠠᠩᠭᠤᠶ ᠬᠥᠮᠦᠨ ᠢ ᠵᠣᠷᠢᠭᠤᠳᠠ ᠭᠠᠴᠢᠵᠤ᠂ ᠬᠠᠷᠢᠶᠠᠵᠤ᠂ | ᠴᠣᠬᠢᠵᠤ ᠵᠣᠳᠣᠭᠰᠠᠨ ᠪᠤᠶᠤ ᠪᠤᠰᠤᠳ ᠢ ᠥᠳᠥᠭᠡᠵᠦ ᠪᠠᠶᠢᠭᠠᠳ ᠵᠣᠳᠣᠭᠤᠯᠤᠭᠰᠠᠨ︔ | ︵ᠠᠷᠪᠠᠨ ᠬᠤᠶᠠᠷ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠵᠥᠷᠢᠴᠡᠭᠰᠡᠨ ᠪᠤᠰᠤᠳ | ᠪᠠᠶᠢᠳᠠᠯ᠃ | | | ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠳᠥᠴᠢ ᠶᠢᠰᠦᠳᠦᠭᠡᠷ ᠵᠦᠢᠯ ᠲᠣᠰ ᠳᠦᠷᠢᠮ ᠢ 2020 ᠣᠨ ᠤ 1 ᠳ᠋ᠣᠭᠡᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | ※ ︵ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ | ᠰᠠᠯᠠᠭ᠎ᠠ ᠲᠤᠰ ᠲᠦᠷᠢᠮ ᠤᠨ ᠮᠤᠩᠭᠤᠯ ᠤᠷᠴᠢᠭᠤᠯᠭ᠎ᠠ ᠶᠢᠨ ᠬᠡᠪᠯᠡᠯ ᠤᠨ ᠡᠷᠭᠡ ᠲᠠᠢ᠂ ᠶᠠᠮᠠᠷᠪᠠ ᠨᠢᠭᠡᠴᠡ᠂ ᠬᠤᠪᠢ | ᠬᠦᠮᠦᠨ ᠵᠦᠪᠰᠢᠶᠡᠷᠡᠯ ᠦᠭᠡᠢ ᠪᠠᠷ ᠪᠠᠭᠤᠯᠭᠠᠬᠤ᠂ ᠬᠠᠭᠤᠯᠪᠤᠷᠢᠯᠠᠬᠤ᠂ ᠰᠢᠯᠵᠢᠬᠦᠯᠦᠨ ᠨᠡᠶᠢᠳᠡᠯᠡᠬᠦ ᠶᠢ ᠴᠠᠭᠠᠵᠠᠯᠠᠨ᠎ᠠ︶ | ※ | |