ᠤᠳᠠ ᠲᠣᠭᠤᠷᠢᠭ ᠠ ᠯᠢ ᠡᠬᠦᠯᠡᠨ ᠪᠤᠲᠤᠯᠳᠠ ᠶᠢᠨ ᠬᠢᠵᠠᠭᠠᠷᠲᠤ ᠺᠣᠮᠫᠠᠨᠢ ᠯᠤᠭ᠎ᠠ ᠭᠡᠷ᠎ᠡ ᠲᠣᠭᠲᠠᠵᠤ ︽ᠹᠧᠶ ᠱᠢ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ︾ ᠢ ᠬᠠᠮᠲᠤᠪᠠᠷ ᠴᠣᠭᠴᠠᠯᠠᠪᠠ
ᠨᠡᠶᠢᠲᠡᠯᠡᠭᠰᠡᠨ ᠴᠠᠭ᠄
2019-12-02
     11 ᠰᠠᠷ᠎ᠠ ᠶᠢᠨ 28 ᠤ ᠡᠳᠦᠷ᠂ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠣᠳᠠ ᠲᠤᠭᠤᠷᠢᠭ ᠲᠤ ᠠ ᠯᠢ ᠡᠬᠦᠯᠡᠨ ᠪᠤᠲᠤᠯᠳᠠ ᠶᠢᠨ ᠬᠢᠵᠠᠭᠠᠷᠲᠤ ᠺᠣᠮᠫᠠᠨᠢ ᠯᠤᠭ᠎ᠠ ︽ᠣᠷᠣᠨ ᠪᠦᠰᠡ ᠶᠢᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ︾ ᠤᠨ ᠪᠦᠲᠦᠭᠡᠨ ᠪᠠᠶᠢᠭᠤᠯᠤᠯᠲᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ︽ᠹᠧᠶ ᠱᠢ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ︾ ᠢ ᠬᠠᠮᠲᠤᠪᠠᠷ ᠴᠣᠭᠴᠠᠯᠠᠪᠠ᠃      ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ᠂ ᠠ ᠯᠢ ᠪᠠ ᠪᠠ ᠪᠦᠯᠦᠭᠯᠡᠯ᠂ ᠠ ᠯᠢ ᠡᠬᠦᠯᠡᠨ ᠤᠶᠤᠨᠲᠤ ᠴᠢᠳᠠᠪᠭᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠤᠳᠠ ᠲᠣᠭᠤᠷᠢᠭ ᠤᠨ ᠨᠠᠮ ᠤᠨ ᠬᠤᠷᠢᠶ᠎ᠠ ᠂ ᠲᠤᠭᠤᠷᠢᠭ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠲᠠ ᠶᠢᠨ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ᠂ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠳ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠵᠠᠶ᠃      ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠠ ᠯᠢ ᠪᠠ ᠪᠠ ᠪᠦᠯᠦᠭᠯᠡᠯ ᠪᠤᠯᠤᠨ ᠠ ᠯᠢ ᠡᠬᠦᠯᠡᠨ ᠤᠶᠤᠨᠲᠤ ᠴᠢᠳᠠᠪᠭᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠠ ᠯᠢ ᠪᠠ ᠪᠠ ᠪᠦᠯᠦᠭᠯᠡᠯ ᠤᠨ ᠪᠠᠶᠢᠯᠳᠤᠬᠤ ᠪᠣᠳᠣᠯᠭ᠎ᠠ ᠶᠢᠨ ᠪᠠᠢᠷᠢᠰᠢᠭᠤᠯᠤᠯ ᠪᠣᠯᠤᠨ ᠠ ᠯᠢ ᠡᠬᠦᠯᠡᠨ ᠪᠤᠲᠤᠯᠳᠠ ᠶᠢᠨ ᠬᠢᠵᠠᠭᠠᠷᠲᠤ ᠺᠣᠮᠫᠠᠨᠢ ᠮᠠᠨ ᠤ ᠬᠤᠲᠠ ᠯᠤᠭ᠎ᠠ ᠶᠢᠨ ᠬᠠᠮᠲᠤᠷᠠᠯᠴᠠᠭᠰᠠᠨ ᠪᠠᠶᠢᠳᠠᠯ ᠢᠶᠠᠨ ᠲᠠᠨᠢᠯᠴᠠᠭᠤᠯᠵᠤ᠂ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠠ ᠯᠢ ᠡᠬᠦᠯᠡᠨ ᠪᠤᠲᠤᠯᠳᠠ ᠶᠢᠨ ᠬᠢᠵᠠᠭᠠᠷᠲᠤ ᠺᠣᠮᠫᠠᠨᠢ ᠯᠤᠭ᠎ᠠ ︽ᠣᠷᠣᠨ ᠪᠦᠰᠡ ᠶᠢᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ︾ ᠢ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠹᠧᠶ ᠱᠢ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠺᠣᠮᠫᠠᠨᠢ ᠣᠳᠠ ᠲᠣᠭᠤᠷᠢᠭ ᠤᠨ ᠠᠵᠤ ᠠᠬᠤᠶᠢᠯᠠᠯ ᠤᠨ ᠲᠥᠯᠥᠭᠡᠯᠡᠭᠴᠢ ᠯᠤᠭ᠎ᠠ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ᠃      ᠠ ᠯᠢ ᠡᠬᠦᠯᠡᠨ ᠪᠤᠲᠤᠯᠳᠠ ᠶᠢᠨ ᠬᠢᠵᠠᠭᠠᠷᠲᠤ ᠺᠣᠮᠫᠠᠨᠢ ᠪᠣᠯ ᠪᠦᠬᠦ ᠳᠡᠯᠡᠬᠡᠢ ᠳᠤ ᠲᠡᠷᠢᠭᠦᠯᠡᠭᠰᠡᠨ ᠡᠭᠦᠯᠡᠨ ᠪᠣᠳᠣᠯᠲᠠ ᠵᠢᠴᠢ ᠵᠣᠬᠢᠶᠠᠮᠠᠯ ᠤᠶᠤᠨᠲᠤ ᠴᠢᠳᠠᠪᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠪᠣᠯᠤᠨ᠎ᠠ᠂ ᠰᠦᠯᠵᠢᠶᠡᠨ ᠳᠡᠭᠡᠷᠡᠬᠢ ᠣᠯᠠᠨ ᠨᠡᠶᠢᠲᠡ ᠶᠢᠨ ᠦᠢᠯᠡᠴᠢᠯᠡᠭᠡᠨ ᠤ ᠠᠷᠭ᠎ᠠ ᠬᠡᠯᠪᠡᠷᠢ ᠪᠠᠷ ᠠᠮᠤᠷ ᠲᠦᠪᠰᠢᠨ᠂ ᠨᠠᠶᠢᠳᠠᠪᠤᠷᠢᠳᠠᠢ ᠪᠤᠲᠤᠯᠳᠠ ᠪᠠ ᠲᠤᠭ᠎ᠠ ᠪᠠᠷᠢᠮᠲᠠ ᠶᠢ ᠰᠢᠢᠳᠪᠦᠷᠢᠯᠡᠬᠦ ᠴᠢᠳᠠᠪᠤᠷᠢ ᠶᠢ ᠬᠠᠩᠭᠠᠬᠤ ᠪᠠᠷ ᠴᠢᠷᠮᠠᠶᠢᠵᠤ᠂ ᠪᠤᠲᠤᠯᠳᠠ ᠪᠠ ᠵᠣᠬᠢᠶᠠᠮᠠᠯ ᠤᠶᠤᠨᠲᠤ ᠴᠢᠳᠠᠪᠭᠢ ᠶᠢ ᠰᠢᠨᠵᠢᠯᠡᠬᠦ ᠤᠬᠠᠭᠠᠨ ᠮᠡᠷᠭᠡᠵᠢᠯ ᠪᠤᠯᠭᠠᠬᠤ ᠪᠤᠯᠤᠨ᠎ᠠ᠃ ︽ᠹᠧᠶ ᠱᠢ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ︾ ᠢ ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠢᠭᠡᠳ ᠠ ᠯᠢ ᠡᠬᠦᠯᠡᠨ ᠪᠤᠲᠤᠯᠳᠠ ᠶᠢᠨ ᠬᠢᠵᠠᠭᠠᠷᠲᠤ ᠺᠣᠮᠫᠠᠨᠢ ᠬᠠᠮᠲᠤᠷᠠᠨ ᠪᠠᠶᠢᠭᠤᠯᠵᠤ᠂ ᠠ ᠯᠢ ᠡᠬᠦᠯᠡᠨ ᠪᠤᠲᠤᠯᠳᠠ ᠶᠢᠨ ᠬᠢᠵᠠᠭᠠᠷᠲᠤ ᠺᠣᠮᠫᠠᠨᠢ ᠵᠢᠴᠢ ᠠᠮᠢ ᠠᠬᠤᠢ ᠶᠢᠨ ᠬᠠᠮᠲᠤᠷᠠᠯᠴᠠᠭᠠᠨ ᠤ ᠬᠠᠨᠢᠲᠠᠨ ᠤ ᠳᠠᠪᠠᠭᠤᠯᠢᠭ ᠬᠦᠴᠦᠨ ᠢ ᠠᠰᠢᠭᠯᠠᠵᠤ᠂ ᠡᠯ᠎ᠡ ᠲᠥᠷᠥᠯ ᠤᠨ ᠮᠡᠷᠭᠡᠵᠢᠯ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠠᠵᠤ ᠦᠢᠯᠡᠰ ᠤᠨ ᠰᠠᠭᠤᠷᠢ᠂ ᠨᠡᠶᠢᠳᠡᠯᠢᠭ ᠴᠢᠨᠠᠷ ᠪᠣᠯᠤᠨ ᠨᠡᠶᠢᠳᠡᠮ ᠬᠡᠷᠡᠭᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠲᠦᠷᠭᠡᠨ ᠳᠡᠭᠡᠭᠰᠢᠯᠡᠭᠦᠯᠵᠦ᠂ ᠡᠴᠦᠰ ᠲᠡᠭᠡᠨ ᠤᠳᠠ ᠲᠣᠭᠤᠷᠢᠭ ᠲᠤ ᠨᠤᠲᠤᠭᠰᠢᠬᠤ᠂ ᠥᠪᠡᠷᠲᠡᠭᠡᠨ ᠵᠠᠰᠠᠬᠤ ᠣᠷᠣᠨ ᠳᠤ ᠦᠢᠯᠡᠴᠢᠯᠡᠬᠦ᠂ ᠪᠠᠷᠠᠭᠤᠨ ᠬᠤᠶᠢᠲᠤ ᠣᠷᠣᠨ ᠢ ᠨᠥᠯᠥᠭᠡᠯᠡᠬᠦ ᠬᠠᠷᠠᠯᠲᠠ ᠶᠢ ᠪᠡᠶᠡᠯᠡᠬᠦᠯᠬᠦ ᠪᠤᠯᠤᠨ᠎ᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号