ᠮᠠᠨ ᠤ ᠬᠤᠲᠠ ᠨᠡᠶᠢᠭᠡᠮ ᠤᠨ ᠰᠢᠨᠵᠢᠯᠡᠬᠦ ᠤᠬᠠᠭᠠᠨ ᠤ ᠡᠲᠡᠭᠡᠳ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2019-12-03
     11 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠣᠯᠤᠨ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ ᠬᠠᠮᠲᠤᠷᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢ ᠡᠷᠬᠢᠯᠡᠵᠦ᠂ ᠪᠦᠬᠦ ᠬᠤᠲᠠ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠡᠲᠡᠭᠡᠳ ᠤᠨ 30 ᠭᠠᠷᠤᠶ ᠺᠠᠳ᠋ᠷ ᠠᠵᠢᠯᠲᠠᠨ ᠪᠣᠯᠪᠠᠰᠤᠷᠠᠯ ᠳᠤ ᠣᠷᠣᠯᠴᠠᠪᠠ᠃      ᠪᠣᠯᠪᠠᠰᠤᠷᠠᠯ ᠤᠨ ᠠᠩᠭᠢ ᠳᠤ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠲᠠᠶᠢᠯᠪᠤᠷᠢᠯᠠᠪᠠ᠃      ᠪᠣᠯᠪᠠᠰᠤᠷᠠᠯ ᠤᠨ ᠠᠩᠭᠢ ᠨᠢ ᠨᠡᠶᠢᠭᠡᠮ ᠤᠨ ᠰᠢᠨᠵᠢᠯᠡᠬᠦ ᠤᠬᠠᠭᠠᠨ ᠤ ᠡᠲᠡᠭᠡᠳ ᠤᠨ ᠺᠠᠳ᠋ᠷ ᠠᠵᠢᠯᠲᠠᠨ ᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠳᠤ ᠰᠣᠯᠢᠯᠴᠠᠭᠠᠨ ᠤ ᠲᠠᠪᠴᠠᠩ ᠬᠠᠩᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠮᠠᠨ ᠤ ᠬᠤᠲᠠ ᠳᠤ ᠨᠠᠶᠢᠳᠠᠪᠤᠷᠢᠵᠢᠬᠤ ᠶᠢ ᠠᠬᠢᠭᠤᠯᠬᠤ ᠪᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号