ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠬᠤᠲᠠ ᠶᠢᠨ ᠳᠠᠷᠤᠭ᠎ᠠ᠂  ᠳᠡᠳ᠋ ᠬᠤᠲᠠ  ᠶᠢᠨ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠨᠠᠷ ᠤᠨ ᠠᠵᠢᠯ ᠤᠨ ᠬᠤᠪᠢᠶᠠᠷᠢᠯᠠᠯ ᠤᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2019-02-26
        ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠬᠤᠲᠠ ᠶᠢᠨ ᠳᠠᠷᠤᠭ᠎ᠠ᠂  ᠳᠡᠳ᠋ ᠬᠤᠲᠠ  ᠶᠢᠨ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠨᠠᠷ ᠤᠨ ᠠᠵᠢᠯ ᠤᠨ ᠬᠤᠪᠢᠶᠠᠷᠢᠯᠠᠯ ᠤᠨ ᠲᠤᠬᠠᠢ ᠮᠡᠳᠡᠭᠳᠡᠯ                ᠦᠬᠠᠢ ᠵᠠᠰᠠᠭ ᠲᠠᠷᠬᠠᠭᠠᠭᠰᠠᠨ [2019] 4 ᠳ᠋ᠣᠭᠡᠷ ᠲᠤᠭᠠᠲᠤᠡᠯ᠎ᠡ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ᠦᠨᠳᠦᠰᠦᠨ ᠬᠠᠤᠯᠢ ᠪᠠ ᠤᠷᠤᠨ ᠨᠤᠲᠤᠭ ᠤᠨ ᠡᠯ᠎ᠡ ᠳᠡᠰ ᠤᠨ ᠠᠷᠠᠳ ᠤᠨ ᠵᠠᠰᠠᠭ ᠤᠨ ᠣᠷᠳᠤᠨ ᠤ ᠵᠤᠬᠢᠶᠠᠨ ᠪᠠᠶᠢᠭᠤᠯᠤᠯᠲᠠ ᠶᠢᠨ ᠬᠠᠤᠯᠢ ᠶᠢᠨ ᠳᠤᠭᠲᠠᠭᠠᠯ ᠢ ᠦᠨᠳᠦᠰᠦᠯᠡᠨ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠨᠢ ᠬᠤᠲᠠ ᠶᠢᠨ ᠳᠠᠷᠤᠭ᠎ᠠ ᠬᠠᠷᠢᠭᠤᠴᠠᠬᠤ ᠲᠥᠷᠢᠮ ᠢ ᠬᠡᠷᠡᠭᠵᠢᠭᠦᠯᠵᠦ᠂ ᠵᠠᠰᠠᠭ ᠤᠨ ᠤᠷᠳᠤᠨ ᠤᠨ ᠳᠡᠳ᠋ ᠬᠤᠲᠠ ᠶᠢᠨ ᠳᠠᠷᠤᠭ᠎ᠠ ᠪᠠ ᠨᠠᠷᠢᠨ ᠪᠢᠴᠢᠭ ᠤᠨ ᠳᠠᠷᠤᠭ᠎ᠠ ᠨᠢ ᠬᠤᠲᠠ ᠶᠢᠨ ᠳᠠᠷᠤᠭ᠎ᠠ ᠶᠢᠨ ᠠᠵᠢᠯ ᠳᠤ ᠳᠡᠮᠵᠢᠯᠭᠡ ᠦᠵᠡᠭᠦᠯᠦᠨ᠎ᠡ᠃ ᠪᠠᠶᠢᠴᠠᠭᠠᠨ ᠰᠤᠳᠤᠯᠤᠯᠲᠠ ᠪᠠᠷ ᠳᠠᠮᠵᠢᠨ᠂ ᠬᠤᠲᠠ ᠶᠢᠨ ᠳᠠᠷᠤᠭ᠎ᠠ᠂ ᠳᠡᠳ᠋ ᠬᠤᠲᠠ ᠶᠢᠨ ᠳᠠᠷᠤᠭ᠎ᠠ ᠂ ᠨᠠᠷᠢᠨ ᠪᠢᠴᠢᠭ ᠤᠨ ᠳᠠᠷᠤᠭ᠎ᠠ ᠶᠢᠨ ᠠᠵᠢᠯ ᠤᠨ ᠬᠤᠪᠢᠶᠠᠷᠢᠯᠠᠯ ᠳᠤᠤᠷᠠᠬᠢ ᠮᠡᠲᠦ᠄      ᠬᠤᠲᠠ ᠶᠢᠨ ᠳᠠᠷᠤᠭ᠎ᠠ    ᠭᠤᠣ ᠱᠢ ᠬᠤᠩ᠄ ᠬᠤᠳᠠ ᠶᠢᠨ ᠵᠠᠰᠠᠭ ᠤᠨ ᠤᠷᠳᠤᠨ ᠤ ᠪᠦᠬᠦ ᠲᠠᠯ᠎ᠠ ᠶᠢᠨ ᠠᠵᠢᠯ ᠢ ᠤᠳᠤᠷᠢᠳᠴᠤ᠂ ᠬᠢᠨᠠᠨ ᠪᠤᠳᠤᠬᠤ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠳᠠ ᠶᠢᠨ ᠬᠢᠨᠠᠨ ᠪᠤᠲᠤᠬᠤ ᠲᠤᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠲᠡᠳ᠋ ᠬᠤᠳᠠ ᠶᠢᠨ ᠲᠠᠷᠤᠭ᠎ᠠ    ᠴᠢᠤᠸᠠᠨ ᠵᠢᠤᠸᠠᠢ ᠮᠢᠨ᠄ ᠬᠤᠳᠠ ᠶᠢᠨ ᠲᠠᠷᠤᠭ᠎ᠠ ᠶᠢ ᠬᠠᠪᠰᠣᠷᠴᠦ ᠬᠤᠳᠠ ᠶᠢᠨ ᠵᠠᠰᠠᠭ ᠤᠨ ᠤᠷᠳᠣᠨ ᠤ ᠡᠳᠦᠷ ᠲᠤᠲᠤᠮ  ᠤᠨ ᠠᠵᠢᠯ ᠪᠤᠯᠤᠨ ᠬᠤᠷᠸ᠎ᠠ ᠠᠵᠤ ᠠᠬᠤᠢ᠂ ᠡᠳ᠋ ᠤᠨ ᠵᠠᠰᠠᠭ ᠭᠠᠶᠢᠯᠢ᠂ ᠤᠯᠤᠰ ᠤᠨ ᠥᠮᠴᠢᠯᠡᠯᠲᠦ ᠡᠳ᠋ ᠬᠥᠷᠦᠩᠭᠡ ᠶᠢᠨ ᠬᠠᠮᠢᠶᠠᠷᠤᠯᠲᠠ᠂ ᠲᠤᠭ᠎ᠠ ᠪᠦᠷᠢᠳᠭᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂  ᠡᠮᠴᠢᠯᠡᠭᠡᠨ ᠤ ᠪᠠᠲᠤᠯᠠᠭ᠎ᠠ᠂  ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠰᠠᠭ ᠵᠠᠭᠢᠷᠭᠠᠨ ᠤ ᠬᠢᠨᠠᠨ ᠵᠥᠪᠰᠢᠶᠡᠷᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠬᠢᠳᠠᠯ ᠰᠣᠷᠪᠣᠯᠵᠢᠯᠠᠯ᠂ ᠠᠵᠤ ᠠᠬᠤᠢ ᠶᠢᠨ ᠪᠠᠶᠢᠭᠤᠯᠤᠮᠵᠢ ᠪᠤᠯᠤᠨ ᠠᠮᠢ ᠠᠬᠤᠢ ᠶᠢᠨ ᠪᠤᠯᠪᠠᠰᠣᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠳᠠ ᠶᠢᠨ ᠲᠠᠷᠤᠭ᠎ᠠ ᠶᠢ ᠬᠠᠪᠰᠣᠷᠴᠦ ᠬᠤᠳᠠ ᠶᠢᠨ ᠬᠢᠨᠠᠨ ᠪᠤᠲᠤᠬᠤ ᠲᠤᠪᠴᠢᠶ᠎ᠠ᠂ ᠬᠤᠳᠠ ᠶᠢᠨ ᠵᠠᠰᠠᠭ ᠤᠨ ᠤᠷᠳᠤᠨ ᠤ ᠠᠯᠪᠠᠨ ᠭᠡᠷ ︵ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠠᠯᠪᠠᠨ ᠭᠡᠷ︶᠂ ᠬᠤᠳᠠ ᠶᠢᠨ ᠬᠦᠭᠵᠢᠬᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ︵ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠳᠤᠪᠴᠢᠶ᠎ᠡ︶᠂ ᠬᠤᠳᠠ ᠶᠢᠨ ᠡᠳ᠋ ᠤᠨ ᠵᠠᠰᠠᠭ ᠤᠨ ᠲᠤᠪᠴᠢᠶ᠎ᠠ᠂ ᠬᠤᠳᠠ ᠶᠢᠨ ᠣᠯᠣᠰ ᠤᠨ ᠦᠮᠴᠢᠯᠡᠯᠳᠦ ᠡᠳ᠋ ᠬᠦᠷᠦᠩᠬᠡ ᠶᠢᠨ ᠬᠢᠨᠠᠯᠳᠠ ᠬᠠᠮᠢᠶᠠᠷᠣᠯᠳᠠ ᠶᠢᠨ ᠵᠦᠪᠯᠡᠯ᠂ ᠬᠤᠳᠠ ᠶᠢᠨ ᠲᠤᠭ᠎ᠠ ᠪᠦᠷᠢᠳᠭᠡᠯ ᠤᠨ ᠲᠤᠪᠴᠢᠶ᠎ᠠ᠂ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠲᠤ ᠶᠢᠨ ᠵᠦᠪᠯᠡᠯ ︵ᠮᠤᠩᠭᠤᠯ ᠬᠢᠳᠡᠳ ᠡᠮ ᠡᠮᠨᠡᠯᠭᠡ ᠶᠢᠨ ᠬᠠᠮᠢᠶᠠᠷᠣᠯᠳᠠ ᠶᠢᠨ ᠲᠤᠪᠴᠢᠶ᠎ᠠ᠂ ᠤᠯᠤᠰ ᠢᠶᠠᠨ ᠬᠠᠶᠢᠷᠠᠯᠠᠬᠤ ᠡᠷᠠᠬᠦᠯ ᠬᠠᠮᠠᠭᠠᠯᠠᠯ ᠤᠨ ᠬᠦᠳᠠᠯᠭᠡᠭᠡᠡ ᠤ ᠵᠦᠪᠯᠠᠯ︶  ᠂ ᠬᠤᠳᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠤᠪᠴᠢᠶ᠎ᠠ᠂ ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠳᠠ ᠶᠢᠨ ᠲᠤᠪᠴᠢᠶ᠎ᠠ᠂ ᠬᠤᠳᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠪᠠ ᠵᠠᠰᠠᠭ ᠤᠨ ᠶᠠᠪᠣᠳᠠᠯ ᠤᠨ ᠦᠢᠯᠡᠴᠢᠯᠡᠬᠡᠨ ᠤ ᠲᠤᠪᠴᠢᠶ᠎ᠠ ᠂ ᠬᠤᠳᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠤᠪᠴᠢᠶ᠎ᠠ᠂ ᠬᠤᠳᠠ ᠶᠢᠨ ᠨᠡᠶᠢᠳᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠦᠪ᠂ ᠬᠤᠳᠠ ᠶᠢᠨ ᠬᠤᠲᠠ ᠶᠢᠨ ᠪᠥᠲᠦᠭᠡᠨ ᠪᠠᠶᠢᠭᠤᠯᠤᠯᠲᠠ ᠶᠢᠨ ᠪᠡᠯᠡ ᠣᠷᠤᠭᠤᠯᠬᠤ ᠪᠥᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ᠂ ᠦᠬᠠᠢ ᠶᠢᠨ ᠮᠦᠩᠭᠦᠨ ᠬᠦᠢᠯᠭᠡᠭᠡᠨ ᠤ ᠡᠳ᠋ ᠬᠦᠷᠦᠩᠭᠡ  ᠶᠢᠨ ᠬᠠᠮᠢᠶᠠᠷᠣᠯᠳᠠ ᠶᠢᠨ ᠬᠢᠵᠠᠭᠠᠷᠲᠤ ᠺᠤᠮᠫᠠᠨᠢ ᠶᠢ ᠬᠤᠪᠢᠳᠠᠨ ᠬᠠᠮᠢᠶᠠᠷᠤᠨ᠎ᠠ᠃      ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠳᠠ  ᠶᠢᠨ ᠤᠯᠤᠰ ᠲᠦᠷᠦ ᠶᠢᠨ ᠵᠦᠪᠯᠡᠯᠭᠡᠨ᠂ ᠴᠡᠷᠢᠭ ᠤᠨ ᠬᠤᠪᠢᠶᠠᠷᠢ ᠲᠤᠭᠤᠷᠢᠭ᠂ ᠬᠤᠳᠠ ᠶᠢᠨ ᠬᠢᠨᠠᠨ ᠪᠠᠶᠢᠴᠠᠭᠠᠬᠤ ᠵᠦᠪᠯᠡᠯ  ᠂ ᠡᠯ᠎ᠡ ᠠᠷᠠᠳᠴᠢᠯᠠᠭᠰᠠᠨ ᠨᠠᠮ ᠪᠦᠯᠦᠭ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠬᠤᠳᠠ  ᠶᠢᠨ ᠨᠠᠮ ᠤᠨ ᠬᠤᠷᠢᠶᠠᠨ ᠤ ᠨᠠᠮ ᠤᠨ ᠰᠣᠷᠭᠠᠭᠤᠯᠢ ︵ᠵᠠᠰᠠᠭ ᠵᠠᠬᠢᠷᠭᠠᠨ ᠤ ᠲᠡᠭᠡᠲᠦ ᠰᠣᠷᠭᠠᠭᠤᠯᠢ︶᠂ ᠣᠯᠣᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠤᠪᠴᠢᠶᠠᠨ ᠤ ᠦᠬᠠᠢ ᠬᠤᠳᠠ ᠶᠢᠨ ᠭᠠᠶᠢᠯᠢ ᠶᠢᠨ ᠶᠠᠪᠤᠳᠠᠯ ᠤᠨ ᠲᠤᠪᠴᠢᠶ᠎ᠠ ᠂ ᠣᠯᠣᠰ ᠤᠨ ᠲᠤᠭ᠎ᠠ ᠪᠦᠷᠢᠳᠭᠡᠯ ᠤᠨ ᠲᠤᠪᠴᠢᠶᠠᠨ ᠤ ᠦᠬᠠᠢ ᠶᠢᠨ ᠪᠠᠶᠢᠴᠠᠭᠠᠯᠳᠠ ᠶᠢᠨ ᠠᠩᠬᠢ ᠲᠠᠢ ᠬᠠᠷᠢᠯᠴᠠᠨ᠎ᠠ      ᠬᠤᠲᠠ ᠶᠢᠨ ᠳᠠᠷᠤᠭ᠎ᠠ ᠶᠢᠨ ᠳᠤᠰᠢᠶᠠᠭᠰᠠᠨ ᠪᠤᠰᠤᠳ ᠠᠵᠢᠯ ᠢ ᠭᠦᠢᠴᠡᠳᠭᠡᠨ᠎ᠡ᠃     ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠲᠡᠳ᠋ ᠬᠤᠳᠠ ᠶᠢᠨ ᠲᠠᠷᠤᠭ᠎ᠠ    ᠼᠣᠣ ᠬᠤᠩ᠄ ᠬᠤᠳᠠ ᠶᠢᠨ ᠲᠠᠷᠤᠭ᠎ᠠ ᠶᠢ ᠬᠠᠪᠰᠣᠷᠴᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠦᠨᠳᠦᠰᠦᠳᠡᠨ ᠱᠠᠰᠢᠨ ᠰᠣᠷᠳᠠᠬᠤᠨ ᠤ ᠶᠠᠪᠤᠳᠠᠯ᠂ ᠠᠷᠠᠳ ᠤᠨ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶ᠎ᠠ᠂ ᠬᠤᠳᠠ ᠶᠢᠨ ᠦᠨᠳᠦᠰᠦᠳᠡᠨ ᠤ ᠬᠡᠷᠡᠭ ᠡᠷᠭᠢᠯᠡᠬᠦ ᠵᠦᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠦᠪᠯᠡᠯ︶᠂ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠲᠡᠳ᠋ ᠬᠤᠳᠠ ᠶᠢᠨ ᠲᠠᠷᠤᠭ᠎ᠠ ᠴᠢᠤᠸᠠᠨ ᠵᠢᠦᠸᠡᠢ ᠮᠢᠨ ᠢ ᠬᠠᠪᠰᠤᠷᠴᠦ ᠬᠤᠳᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠪᠠ ᠵᠠᠰᠠᠭ ᠤᠨ ᠶᠠᠪᠣᠳᠠᠯ ᠤᠨ ᠦᠢᠯᠡᠴᠢᠯᠡᠬᠡᠨ ᠤ ᠲᠤᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠡᠪ ᠬᠠᠮᠲᠤ ᠵᠠᠯᠠᠭᠤᠴᠣᠳ ᠤᠨ ᠡᠪᠯᠡᠯ ᠤᠨ ᠬᠤᠳᠠ ᠶᠢᠨ ᠬᠤᠷᠢᠶ᠎ᠠ᠂ ᠬᠤᠳᠠ ᠶᠢᠨ ᠡᠮᠡᠭᠳᠡᠶᠢᠴᠣᠳ ᠤᠨ ᠬᠤᠯᠪᠤᠭ᠎ᠠ᠂ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠬᠤᠲᠠ ᠶᠢᠨ ᠵᠡᠮᠳᠡᠭᠴᠤᠤᠳ ᠤᠨ ᠬᠤᠯᠪᠤᠭ᠎ᠠ ᠲᠠᠢ ᠬᠠᠷᠢᠯᠴᠠᠨ᠎ᠠ᠃      ᠬᠤᠲᠠ ᠶᠢᠨ ᠳᠠᠷᠤᠭ᠎ᠠ ᠶᠢᠨ ᠳᠤᠰᠢᠶᠠᠭᠰᠠᠨ ᠪᠤᠰᠤᠳ ᠠᠵᠢᠯ ᠢ ᠭᠦᠢᠴᠡᠳᠭᠡᠨ᠎ᠡ᠃      ᠳᠡᠳ᠋ ᠬᠤᠲᠠ ᠶᠢᠨ ᠳᠠᠷᠤᠭ᠎ᠠ     ᠪᠣᠣ ᠶᠧ᠄ ᠬᠤᠳᠠ ᠶᠢᠨ ᠲᠠᠷᠤᠭ᠎ᠠ ᠶᠢ ᠬᠠᠪᠰᠣᠷᠴᠦ ᠠᠵᠤ ᠦᠢᠯᠡᠳᠪᠦᠷᠢ ᠶᠢᠨ ᠠᠵᠤ ᠠᠬᠤᠢ᠂ ᠡᠨᠧᠷᠭᠢ᠂ ᠨᠡᠶᠢᠲᠡ ᠶᠢᠨ ᠪᠤᠰᠤ ᠥᠮᠴᠢᠯᠡᠯᠲᠦ ᠠᠵᠤ ᠠᠬᠤᠢ᠂ ᠠᠮᠢ ᠠᠬᠤᠢ ᠤᠷᠴᠢᠨ ᠲᠤᠭᠤᠷᠢᠨ᠂ ᠮᠥᠩᠭᠦᠨ ᠭᠦᠢᠯᠭᠡᠭᠡ᠂ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ᠂ ᠴᠢᠬᠤᠯᠠ ᠠᠵᠤ ᠠᠬᠤᠢ ᠠᠷᠢᠯᠵᠢᠶᠠᠨ ᠤ ᠬᠡᠯᠡᠯᠴᠡᠭᠡᠷ᠂ ᠠᠵᠤ ᠠᠬᠤᠢ ᠶᠢᠨ ᠨᠡᠭᠡᠭᠡᠯᠲᠡ ᠶᠢᠨ ᠣᠷᠤᠨ᠂ ᠠᠭᠤᠷᠬᠠᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠭᠠᠳᠠᠭᠠᠳᠤ ᠲᠠᠢ ᠴᠢᠯᠥᠭᠡᠲᠠᠢ ᠠᠪᠤᠯᠴᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ ᠃ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠲᠤᠪᠴᠢᠶ᠎ᠠ᠂ ᠬᠤᠳᠠ ᠶᠢᠨ ᠡᠨᠧᠷᠭᠢ ᠶᠢᠨ ᠲᠤᠪᠴᠢᠶ᠎ᠠ᠂  ᠬᠤᠳᠠ ᠶᠢᠨ ᠠᠮᠢ ᠠᠬᠤᠢ ᠣᠷᠴᠢᠨ ᠲᠤᠭᠤᠷᠢᠨ ᠤ ᠲᠤᠪᠴᠢᠶ᠎ᠠ᠂ ᠬᠤᠳᠠ ᠶᠢᠨ ᠮᠦᠩᠬᠦᠨ ᠬᠦᠢᠯᠭᠡᠭᠡᠨ ᠤ ᠠᠵᠢᠯ ᠤᠨ ᠠᠯᠪᠠᠨ ᠭᠡᠷ  ᠂ ᠬᠤᠳᠠ ᠶᠢᠨ ᠤᠷᠤᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ  ᠤ ᠲᠤᠪᠴᠢᠶ᠎ᠠ᠂ ᠦᠬᠠᠢ ᠶᠢᠨ ᠠᠵᠤ ᠠᠬᠤᠢ ᠶᠢᠨ ᠨᠡᠭᠡᠭᠡᠯᠲᠡ ᠶᠢᠨ ᠣᠷᠤᠨ ᠤ ᠬᠠᠮᠢᠶᠠᠷᠤᠯᠲᠠ ᠶᠢᠨ ᠵᠦᠪᠯᠡᠯ᠂ ᠬᠤᠲᠠ ᠶᠢᠨ ᠮᠥᠩᠭᠦᠨ ᠬᠦᠢᠯᠭᠡᠭᠡᠨ ᠤ ᠬᠤᠪᠢ ᠣᠷᠤᠭᠤᠯᠤᠯᠲᠠ ᠶᠢᠨ ᠪᠥᠯᠦᠭᠯᠡᠯ ᠤᠨ ᠺᠤᠮᠫᠠᠨᠢ ᠶᠢ ᠬᠤᠪᠢᠳᠠᠨ ᠬᠠᠮᠢᠶᠠᠷᠤᠨ᠎ᠠ᠃      ᠬᠤᠳᠠ ᠶᠢᠨ ᠭᠠᠳᠠᠭᠠᠲᠤ ᠶᠠᠪᠤᠳᠠᠯ ᠤᠨ ᠠᠵᠢᠯ ᠤᠨ ᠬᠤᠷᠢᠶᠠᠨ ᠤ ᠠᠯᠪᠠᠨ ᠭᠡᠷ᠂ ᠬᠤᠳᠠ ᠶᠢᠨ ᠨ᠋ᠦ‍‌ᠵᠯᠡᠳᠪᠦᠷᠢ ᠭ᠋ᠤᠳᠡᠯᠳᠦᠭᠠᠨ ᠤ ᠬᠤᠯᠪᠤᠭ᠎ᠠ᠂ ᠬᠤᠳᠠ ᠶᠢᠨ ᠠᠷᠠᠯᠵ‍‌ᠵᠶ᠎ᠠ ᠠᠭᠢᠭᠤᠯᠬᠤ ᠬᠤᠯᠪᠤᠭᠠᠲᠤ ᠬᠤᠷᠠᠯ᠂ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ᠂ ᠷᠠᠳᠢᠣ᠋ ᠶᠢᠨ ᠬᠠᠮᠢᠶᠠᠷᠣᠯᠳᠠ ᠶᠢᠨ ᠭᠠᠵᠠᠷ᠂ ᠦᠬᠠᠢ ᠶᠢᠨ ᠴᠠᠬᠢᠯᠭᠠᠨ ᠦᠢᠯᠡᠰ ᠤᠨ ᠲᠤᠪᠴᠢᠶ᠎ᠠ᠂ ᠥᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠪᠠᠷᠠᠭᠤᠨ ᠤᠷᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠨ ᠪᠠᠶᠢᠴᠠᠭᠠᠬᠤ ᠲᠦᠪ᠂ ᠦᠪᠦᠷ ᠮᠤᠩᠭᠤᠯ ᠤᠨ ᠨᠡᠭᠦᠷᠡᠰᠦᠨ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠳᠤᠪᠴᠢᠶᠠᠨ ᠤ ᠦᠬᠠᠢ ᠶᠢᠨ ᠬᠤᠪᠢᠶᠠᠷᠢ ᠬᠢᠨᠠᠨ ᠪᠠᠶᠢᠴᠠᠭᠠᠬᠤ ᠳᠤᠪᠴᠢᠶ᠎ᠡ᠂ ᠦᠪᠦᠷ ᠮᠤᠩᠭᠤᠯ ᠤᠨ ᠨᠠᠢᠮᠠᠳᠣᠭᠠᠷ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠳᠠ ᠨᠡᠭᠡᠭᠡᠯᠳᠡ ᠶᠢᠨ ᠬᠦᠷᠢᠶᠡᠯᠡᠩ᠂ ᠬᠤᠳᠠ ᠶᠢᠨ ᠨᠠᠪᠴᠢᠨ ᠲᠠᠮᠠᠬᠢᠨ ᠤ ᠺᠤᠮᠫᠠᠨᠢ᠂ ᠲᠤᠮᠳᠠᠲᠤ ᠤᠯᠤᠰ ᠤᠨ ᠴᠢᠯᠠᠭᠤᠨ ᠲᠤᠰᠣᠨ ᠤ ᠺᠣᠮᠫᠠᠨᠢ ᠶᠢᠨ ᠦᠬᠠᠢ  ᠶᠢᠨ ᠬᠤᠪᠢᠶᠠᠷᠢ ᠺᠤᠮᠫᠠᠨᠢ᠂ ᠲᠤᠮᠳᠠᠲᠤ ᠤᠯᠤᠰ ᠤᠨ ᠴᠠᠭᠢᠯᠭᠠᠨ ᠬᠤᠯᠪᠤᠭᠠᠨ ᠤ ᠦᠬᠠᠢ ᠶᠢᠨ ᠬᠤᠪᠢᠶᠠᠷᠢ ᠺᠤᠮᠫᠠᠨᠢ᠂ ᠲᠤᠮᠳᠠᠲᠤ ᠣᠯᠣᠰ ᠤᠨ ᠰᠢᠯᠵᠢᠮᠡᠯ ᠬᠤᠯᠪᠤᠭᠠᠨ ᠤ ᠦᠬᠠᠢ ᠶᠢᠨ ᠬᠤᠪᠢᠶᠠᠷᠢ ᠺᠤᠮᠫᠠᠨᠢ᠂ ᠲᠤᠮᠳᠠᠲᠤ ᠤᠯᠤᠰ ᠤᠨ ᠨᠢᠭᠡᠳᠦᠮᠡᠯ ᠬᠤᠯᠪᠤᠭᠠᠨ ᠤ ᠦᠬᠠᠢ ᠶᠢᠨ ᠬᠤᠪᠢᠶᠠᠷᠢ ᠺᠤᠮᠫᠠᠨᠢ᠂ ᠠᠷᠠᠳ ᠤᠨ ᠪᠠᠩᠭᠢ ᠶᠢᠨ ᠦᠬᠠᠢ ᠬᠤᠳᠠ ᠶᠢᠨ ᠲᠦᠪ ᠰᠠᠯᠪᠤᠷᠢ ᠪᠠᠩᠭᠢ᠂ ᠦᠬᠠᠢ ᠶᠢᠨ ᠪᠠᠩᠭᠢ ᠶᠢᠨ ᠦᠢᠯᠡᠰ ᠤᠨ ᠬᠢᠨᠠᠯᠳᠠ ᠬᠠᠮᠢᠶᠠᠷᠣᠯᠳᠠ ᠶᠢᠨ ᠬᠤᠪᠢᠶᠠᠷᠢ ᠲᠤᠪᠴᠢᠶ᠎ᠠ᠂ ᠲᠠᠷᠢᠶᠠᠯᠠᠩ ᠤᠨ ᠬᠦᠭᠵᠢᠬᠦᠯᠦᠯᠳᠡ ᠶᠢᠨ ᠪᠠᠩᠭᠢ ᠶᠢᠨ ᠦᠬᠠᠢ ᠶᠢᠨ ᠬᠤᠪᠢᠶᠠᠷᠢ ᠪᠠᠩᠭᠢ᠂ ᠦᠢᠯᠡᠳᠪᠦᠷᠢ ᠬᠤᠳᠠᠯᠳᠣᠭᠠᠨ ᠤ ᠪᠠᠩᠭᠢ ᠶᠢᠨ ᠦᠬᠠᠢ ᠶᠢᠨ ᠬᠤᠪᠢᠶᠠᠷᠢ ᠪᠠᠩᠭᠢ᠂ ᠲᠠᠷᠢᠶᠠᠯᠠᠩ ᠤᠨ ᠪᠠᠩᠭᠢ ᠶᠢᠨ ᠦᠬᠠᠢ ᠶᠢᠨ ᠬᠤᠪᠢᠶᠠᠷᠢ ᠪᠠᠩᠭᠢ᠂ ᠲᠤᠮᠳᠠᠲᠤ ᠤᠯᠤᠰ ᠤᠨ ᠪᠠᠩᠭᠢ ᠶᠢᠨ ᠦᠬᠠᠢ ᠶᠢᠨ ᠬᠤᠪᠢᠶᠠᠷᠢ ᠪᠠᠩᠭᠢ᠂ ᠪᠦᠲᠦᠭᠡᠨ ᠪᠠᠶᠢᠭᠤᠯᠤᠯᠳᠠ ᠶᠢᠨ ᠪᠠᠩᠭᠢ ᠶᠢᠨ ᠦᠬᠠᠢ ᠶᠢᠨ ᠬᠤᠪᠢᠶᠠᠷᠢ ᠪᠠᠩᠭᠢ᠂ ᠵᠠᠮ ᠬᠠᠷᠢᠯᠴᠠᠭᠠᠨ ᠤ ᠪᠠᠩᠭᠢ ᠶᠢᠨ ᠦᠬᠠᠢ  ᠶᠢᠨ ᠬᠤᠪᠢᠶᠠᠷᠢ ᠪᠠᠩᠭᠢ᠂ ᠲᠤᠮᠳᠠᠲᠤ ᠤᠯᠤᠰ ᠤᠨ ᠰᠢᠤᠳᠠᠨ ᠬᠠᠳᠠᠭᠠᠯᠠᠮᠵᠢ ᠶᠢᠨ ᠪᠠᠩᠭᠢ ᠶᠢᠨ ᠦᠬᠠᠢ ᠶᠢᠨ ᠬᠤᠪᠢᠶᠠᠷᠢ ᠪᠠᠩᠭᠢ᠂ ᠦᠬᠠᠢ ᠪᠠᠩᠭᠢ᠂ ᠲᠤᠮᠳᠠᠳᠤ ᠤᠯᠤᠰ ᠤᠨ ᠠᠮᠢ ᠨᠠᠰᠤᠡ ᠤ ᠲᠠᠭᠠᠤᠠᠬᠠᠯ ᠤᠨ ᠺᠤᠮᠫᠠᠨᠢ ᠶᠢᠨ ᠦᠬᠠᠢ ᠶᠢᠨ ᠬᠤᠪᠢᠶᠠᠷᠢ ᠺᠤᠮᠫᠠᠨᠢ᠂ ᠠᠮᠢ ᠨᠠᠰᠤ ᠡᠳ᠋ ᠬᠦᠷᠦᠩᠭᠡ ᠶᠢᠨ ᠲᠠᠭᠠᠳᠬᠠᠯ ᠤᠨ ᠦᠬᠠᠢ ᠶᠢᠨ ᠬᠤᠪᠢᠶᠠᠷᠢ ᠺᠤᠮᠫᠠᠨᠢ ᠵᠢᠴᠢ ᠬᠤᠳᠠ ᠳᠤ ᠰᠠᠭᠤᠭ᠎ᠠ ᠪᠤᠰᠣᠳ ᠮᠦᠩᠭᠦᠨ ᠬᠦᠢᠯᠭᠡᠭᠡᠨ ᠤ ᠪᠠᠶᠢᠭᠤᠯᠤᠮᠵᠢ᠂  ᠬᠤᠲᠠᠨ ᠳᠤ ᠰᠠᠭᠤᠭ᠎ᠠ ᠡᠯ᠎ᠡ ᠲᠦᠪ ᠤᠨ ᠰᠢᠭᠤᠳ ᠬᠠᠷᠢᠶ᠎ᠠ᠂ ᠤᠷᠤᠨ ᠤ ᠰᠢᠭᠤᠳ ᠬᠠᠷᠢᠶ᠎ᠠ ᠠᠵᠤ ᠦᠢᠯᠡᠳᠪᠦᠷᠢ ᠠᠵᠤ ᠠᠬᠤᠶᠢᠯᠠᠯ ᠲᠠᠢ ᠬᠠᠷᠢᠯᠴᠠᠨ᠎ᠠ᠃      ᠬᠤᠲᠠ ᠶᠢᠨ ᠳᠠᠷᠤᠭ᠎ᠠ ᠶᠢᠨ ᠳᠤᠰᠢᠶᠠᠭᠰᠠᠨ ᠪᠤᠰᠤᠳ ᠠᠵᠢᠯ ᠢ ᠭᠦᠢᠴᠡᠳᠭᠡᠨ᠎ᠡ᠃     ᠳᠡᠳ᠋ ᠬᠤᠲᠠ ᠶᠢᠨ ᠳᠠᠷᠤᠭ᠎ᠠ     ᠯᠢᠶᠠᠩ ᠱᠦ ᠫᠢᠩ᠄ ᠬᠤᠳᠠ ᠶᠢᠨ ᠲᠠᠷᠤᠭ᠎ᠠ ᠶᠢ ᠬᠠᠪᠰᠣᠷᠴᠦ ᠬᠤᠳᠠ  ᠶᠢᠨ ᠲᠦᠯᠦᠪᠵᠢᠬᠦᠯᠬᠡ ᠶᠢᠨ ᠪᠦᠲᠦᠭᠡᠨ ᠪᠠᠶᠢᠭᠤᠯᠤᠯᠳᠠ ᠶᠢᠨ ᠬᠠᠮᠢᠶᠠᠷᠣᠯᠳᠠ ᠪᠤᠯᠤᠨ ᠤᠶᠤᠨᠲᠤ ᠬᠤᠳᠠ ᠶᠢᠨ ᠪᠦᠲᠦᠭᠡᠨ ᠪᠠᠶᠢᠭᠤᠯᠤᠯᠳᠠ᠂ ᠵᠠᠮ ᠬᠠᠷᠢᠯᠴᠠᠭ᠎ᠠ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠪᠠᠶᠢᠭᠠᠯᠢ ᠶᠢᠨ ᠡᠬᠢ ᠪᠠᠶᠠᠯᠢᠭ᠂ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠵᠡᠷᠭᠡ ᠲᠠᠯ᠎ᠠ  ᠶᠢᠨ ᠠᠵᠢᠯ ᠢ ᠬᠠᠷᠢᠭᠤᠴᠠᠨ᠎ᠠ᠃ ᠤᠷᠤᠨ ᠰᠠᠭᠤᠴᠠ ᠬᠢᠭᠡᠳ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠳᠠ ᠶᠢᠨ ᠲᠤᠪᠴᠢᠶ᠎ᠠ᠂ ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ᠂ ᠬᠤᠳᠠ ᠶᠢᠨ ᠬᠤᠳᠠ ᠶᠢᠨ ᠬᠠᠮᠢᠶᠠᠷᠣᠯᠳᠠ ᠶᠢᠨ ᠶᠡᠷᠦᠩᠬᠡᠶᠢᠯᠡᠨ ᠬᠠᠤᠯᠢ ᠬᠡᠷᠡᠭᠵᠢᠬᠦᠯᠬᠦ ᠲᠤᠪᠴᠢᠶ᠎ᠠ᠂ ᠬᠤᠳᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ᠂ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠬᠤᠳᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠤᠪᠴᠢᠶ᠎ᠠ᠂ ᠬᠤᠳᠠ  ᠶᠢᠨ ᠴᠡᠴᠡᠷᠯᠢᠭᠵᠢᠬᠦᠯᠭᠡ ᠶᠢᠨ ᠲᠤᠪᠴᠢᠶ᠎ᠠ᠂ ᠬᠤᠳᠠ ᠶᠢᠨ ᠭᠠᠵᠠᠷ ᠰᠢᠷᠣᠢ ᠶᠢᠨ ᠬᠠᠳᠠᠭᠠᠯᠠᠮᠵᠢ ᠶᠢᠨ ᠲᠦᠪ ᠢ ᠬᠤᠪᠢᠳᠠᠨ ᠬᠠᠮᠢᠶᠠᠷᠤᠨ᠎ᠠ᠃      ᠦᠪᠦᠷ ᠮᠤᠩᠭᠤᠯ ᠤᠨ ᠵᠠᠰᠠᠮᠠᠯ ᠵᠠᠮ ᠤᠨ ᠵᠠᠮ ᠤᠨ ᠶᠠᠪᠤᠳᠠᠯ ᠤᠨ ᠬᠠᠤᠯᠢ ᠬᠡᠷᠡᠭᠵᠢᠬᠦᠯᠦᠨ ᠬᠢᠨᠠᠨ ᠪᠠᠶᠢᠴᠠᠭᠠᠬᠤ ᠶᠡᠷᠦᠩᠬᠡᠢ ᠠᠩᠭᠢ ᠶᠢᠨ ᠦᠬᠠᠢ ᠶᠢᠨ ᠰᠠᠯᠪᠤᠷᠢ ᠠᠩᠭᠢ᠂ ᠬᠦᠬᠡᠬᠤᠳᠠ ᠶᠢᠨ ᠲᠡᠮᠦᠷ ᠵᠠᠮ ᠤᠨ ᠲᠤᠪᠴᠢᠶᠠᠨ ᠤ ᠦᠬᠠᠢ ᠶᠢᠨ ᠲᠡᠷᠭᠡᠨ ᠤ ᠶᠡᠪᠤᠳᠠᠯ ᠤᠨ ᠬᠡᠰᠡᠭ᠂ ᠬᠦᠬᠡᠬᠤᠳᠠ ᠶᠢᠨ ᠲᠡᠮᠦᠷ ᠵᠠᠮ ᠤᠨ ᠲᠤᠪᠴᠢᠶᠠᠨ ᠤ ᠦᠬᠠᠢ ᠶᠢᠨ ᠠᠵᠢᠯ ᠤᠨ ᠶᠡᠪᠤᠳᠠᠯ ᠤᠨ ᠬᠡᠰᠡᠭ᠂ ᠦᠪᠦᠷ ᠮᠤᠩᠭᠤᠯ ᠤᠨ ᠦᠨᠳᠦᠷ ᠲᠡᠰ ᠤᠨ ᠵᠠᠰᠠᠮᠠᠯ ᠵᠠᠮ ᠤᠨ ᠨᠡᠭᠡᠭᠡᠯᠳᠡ ᠪᠦᠲᠦᠭᠡᠨ ᠪᠠᠶᠢᠭᠤᠯᠤᠯᠳᠠ ᠶᠢᠨ ᠬᠢᠵᠠᠭᠠᠷᠲᠤ ᠺᠤᠮᠫᠠᠨᠢ ᠶᠢᠨ ᠦᠬᠠᠢ ᠶᠢᠨ ᠬᠤᠪᠢᠶᠠᠷᠢ ᠺᠤᠮᠫᠠᠨᠢ᠂ ᠦᠪᠦᠷ ᠮᠤᠩᠭᠤᠯ ᠤᠨ ᠦᠬᠠᠢ ᠶᠢᠨ ᠠᠷᠠᠳ ᠤᠨ ᠠᠭᠠᠷ ᠠᠶᠠᠯᠠᠯ ᠤᠨ ᠨᠢᠰᠭᠡᠯ ᠤᠨ ᠪᠠᠭᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ᠂ ᠲᠤᠮᠳᠠᠲᠤ ᠣᠯᠣᠰ ᠤᠨ ᠰᠢᠤᠳᠠᠨ ᠪᠦᠯᠦᠭᠯᠡᠯᠳᠦ ᠺᠤᠮᠫᠠᠨᠢ ᠶᠢᠨ ᠦᠬᠠᠢ ᠬᠤᠳᠠ ᠶᠢᠨ ᠬᠤᠪᠢᠶᠠᠷᠢ ᠺᠤᠮᠫᠠᠨᠢ᠂ ᠪᠠᠷᠠᠭᠤᠨ ᠤᠷᠤᠨ ᠤ ᠪᠠᠶᠢᠭᠠᠯᠢ ᠶᠢᠨ ᠰᠢᠳᠠᠮᠠᠬᠠᠢ ᠬᠡᠢ ᠶᠢᠨ ᠦᠬᠠᠢ ᠶᠢᠨ ᠺᠠᠢ ᠵᠢᠶᠧ ᠰᠢᠳᠠᠮᠠᠬᠠᠢ ᠬᠡᠢ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠲᠠᠢ ᠬᠠᠷᠢᠯᠴᠠᠨ᠎ᠠ᠃      ᠬᠤᠲᠠ ᠶᠢᠨ ᠳᠠᠷᠤᠭ᠎ᠠ ᠶᠢᠨ ᠳᠤᠰᠢᠶᠠᠭᠰᠠᠨ ᠪᠤᠰᠤᠳ ᠠᠵᠢᠯ ᠢ ᠭᠦᠢᠴᠡᠳᠭᠡᠨ᠎ᠡ᠃      ᠳᠡᠳ᠋ ᠬᠤᠲᠠ ᠶᠢᠨ ᠳᠠᠷᠤᠭ᠎ᠠ    ᠯᠢᠦ ᠰᠣ᠋ ᠬᠤᠩ᠄ ᠬᠤᠳᠠ ᠶᠢᠨ ᠲᠠᠷᠤᠭ᠎ᠠ ᠶᠢ ᠬᠠᠪᠰᠣᠷᠴᠦ ᠰᠣᠷᠭᠠᠨ ᠬᠦᠮᠦᠵᠢᠯ᠂ ᠣᠰᠣᠨ ᠤ ᠶᠠᠪᠤᠳᠠᠯ᠂ ᠲᠠᠷᠢᠶᠠᠯᠠᠩ᠂ ᠤᠢ ᠰᠢᠭᠤᠢ ᠠᠮᠢ ᠠᠬᠤᠢ ᠶᠢᠨ ᠪᠦᠲᠦᠭᠡᠨ ᠪᠠᠶᠢᠭᠤᠯᠤᠯᠳᠠ᠂ ᠬᠠᠩᠭᠠᠨ ᠪᠤᠷᠤᠯᠠᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠳᠠ ᠶᠢᠨ ᠰᠣᠷᠭᠠᠨ ᠬᠦᠮᠦᠵᠢᠯ ᠤᠨ ᠲᠤᠪᠴᠢᠶ᠎ᠠ᠂ ᠬᠠᠲᠤᠨ ᠭᠤᠤᠯ ᠤᠨ ᠬᠠᠶᠢᠷᠣᠪ ᠤᠨ ᠲᠤᠬᠤᠢ ᠶᠢᠨ ᠣᠰᠣᠨ ᠠᠰᠢᠭᠯᠠᠯᠳᠠ ᠶᠢᠨ ᠬᠦᠢᠰᠦ ᠶᠢᠨ ᠬᠠᠮᠢᠶᠠᠷᠣᠯᠳᠠ ᠶᠢᠨ ᠲᠤᠪᠴᠢᠶ᠎ᠠ᠂ ᠬᠤᠳᠠ ᠶᠢᠨ ᠣᠰᠣᠨ ᠤ ᠶᠠᠪᠤᠳᠠᠯ ᠤᠨ ᠲᠤᠪᠴᠢᠶ᠎ᠠ᠂ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ︵ᠬᠤᠳᠠ ᠶᠢᠨ ᠶᠠᠳᠠᠭᠤ ᠶᠢ ᠲᠡᠳᠭᠦᠬᠦ ᠠᠯᠪᠠᠨ ᠭᠡᠷ︶᠂ ᠬᠤᠳᠠ ᠶᠢᠨ ᠬᠠᠩᠭᠠᠨ ᠪᠤᠷᠤᠯᠠᠭᠤᠯᠬᠤ ᠬᠤᠷᠰᠢᠶ᠎ᠠ᠂ ᠦᠬᠠᠢ ᠶᠢᠨ ᠠᠵᠢᠯ ᠮᠡᠷᠭᠡᠵᠢᠯ ᠤᠨ ᠲᠡᠭᠡᠲᠦ ᠰᠣᠷᠭᠠᠭᠤᠯᠢ᠂ ᠬᠤᠳᠠ ᠶᠢᠨ ᠲᠠᠪᠤᠰᠣᠨ ᠤ ᠦᠢᠯᠡᠰ ᠤᠨ ᠺᠤᠮᠫᠠᠨᠢ ᠶᠢ ᠬᠤᠪᠢᠳᠠᠨ ᠬᠠᠮᠢᠶᠠᠷᠤᠨ᠎ᠠ᠃      ᠴᠠᠭ ᠠᠭᠤᠷ ᠤᠨ ᠲᠤᠪᠴᠢᠶ᠎ᠠ ᠲᠠᠢ ᠬᠠᠷᠢᠯᠴᠠᠨ᠎ᠠ᠃      ᠬᠤᠲᠠ ᠶᠢᠨ ᠳᠠᠷᠤᠭ᠎ᠠ ᠶᠢᠨ ᠳᠤᠰᠢᠶᠠᠭᠰᠠᠨ ᠪᠤᠰᠤᠳ ᠠᠵᠢᠯ ᠢ ᠭᠦᠢᠴᠡᠳᠭᠡᠨ᠎ᠡ᠃     ᠳᠡᠳ᠋ ᠬᠤᠲᠠ ᠶᠢᠨ ᠳᠠᠷᠤᠭ᠎ᠠ     ᠮᠢᠩ ᠶᠢᠦ᠄ ᠬᠤᠳᠠ ᠶᠢᠨ ᠲᠠᠷᠤᠭ᠎ᠠ ᠶᠢᠨ ᠬᠠᠪᠰᠣᠷᠴᠦ ᠨᠡᠶᠢᠭᠡᠮ ᠤᠨ ᠠᠮᠤᠷ ᠲᠤᠭᠳᠠᠭᠤᠨ ᠢ ᠬᠠᠮᠠᠭᠠᠯᠠᠬᠤ᠂ ᠬᠠᠤᠯᠢ ᠴᠠᠭᠠᠵᠠ ᠪᠤᠯᠤᠨ ᠮᠡᠳᠡᠭᠡ ᠵᠠᠩᠬᠢᠴᠢᠯᠠᠯᠳᠠ᠂ ᠶᠡᠭᠡ ᠳ᠋ᠠᠶᠢᠲ᠋ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠂ ᠬᠤᠳᠠ ᠶᠢᠨ ᠲᠤᠲᠤᠭᠠᠲᠤ ᠶᠢ ᠬᠠᠮᠠᠭᠠᠯᠠᠬᠤ ᠲᠤᠪᠴᠢᠶᠠᠨ ᠤ ᠠᠵᠢᠯ ᠢ ᠡᠷᠬᠢᠯᠡᠵᠦ᠂ ᠬᠤᠳᠠ ᠶᠢᠨ ᠬᠠᠤᠯᠢ ᠴᠠᠭᠠᠵᠠ ᠶᠢᠨ ᠲᠤᠪᠴᠢᠶ᠎ᠠ᠂ ᠬᠤᠳᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢᠴᠢᠯᠠᠯᠳᠠ ᠶᠢᠨ ᠠᠵᠢᠯ ᠤᠨ ᠠᠯᠪᠠᠨ ᠭᠡᠷ ᠢ ᠬᠤᠪᠢᠳᠠᠨ ᠬᠠᠮᠢᠶᠠᠷᠤᠨ᠎ᠠ᠃ ᠴᠢᠤᠸᠠᠨ ᠵᠢᠦᠸᠡᠢ ᠮᠢᠨ ᠲᠡᠳ᠋ ᠬᠤᠳᠠ  ᠶᠢᠨ ᠲᠠᠷᠤᠭ᠎ᠠ ᠶᠢ ᠬᠠᠪᠰᠣᠷᠴᠦ ᠬᠤᠳᠠ ᠶᠢᠨ ᠵᠠᠬᠢᠳᠠᠯ ᠰᠣᠷᠪᠣᠯᠵᠢᠯᠠᠭ᠎ᠠ ᠶᠢᠨ ᠲᠤᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠬᠤᠲᠠ ᠶᠢᠨ ᠳᠤᠮᠳᠠ ᠵᠡᠷᠭᠡ ᠶᠢᠨ ᠰᠢᠭᠦᠭᠦ ᠬᠤᠷᠢᠶ᠎ᠡ᠂ ᠬᠤᠲᠠ ᠶᠢᠨ ᠪᠠᠶᠢᠴᠠᠭᠠᠬᠤ ᠬᠤᠷᠢᠶ᠎ᠡ᠂ ᠬᠤᠳᠠ ᠶᠢᠨ ᠣᠯᠣᠰ ᠤᠨ ᠠᠮᠤᠷ ᠲᠦᠪᠰᠢᠨ ᠤ ᠲᠤᠪᠴᠢᠶ᠎ᠠ᠂ ᠵᠡᠪᠰᠡᠭᠲᠤ ᠴᠠᠭᠳᠠᠭᠠᠨ ᠤ ᠦᠬᠠᠢ ᠶᠢᠨ ᠰᠠᠯᠪᠤᠷᠢ ᠠᠩᠭᠢ᠂ ᠬᠤᠳᠠ  ᠶᠢᠨ ᠭᠠᠯ ᠣᠨᠳᠠᠷᠭᠠᠬᠤ ᠰᠠᠯᠪᠤᠷᠢ ᠠᠩᠭᠢ ᠲᠠᠢ ᠬᠠᠷᠢᠯᠴᠠᠨ᠎ᠠ᠃      ᠬᠤᠲᠠ ᠶᠢᠨ ᠳᠠᠷᠤᠭ᠎ᠠ ᠶᠢᠨ ᠳᠤᠰᠢᠶᠠᠭᠰᠠᠨ ᠪᠤᠰᠤᠳ ᠠᠵᠢᠯ ᠢ ᠭᠦᠢᠴᠡᠳᠭᠡᠨ᠎ᠡ᠃      ᠳᠡᠳ᠋ ᠬᠤᠲᠠ ᠶᠢᠨ ᠳᠠᠷᠤᠭ᠎ᠠ     ᠦ᠋ ᠶᠧ ᠸᠧᠨ᠄ ᠬᠤᠳᠠ ᠶᠢᠨ ᠲᠠᠷᠤᠭ᠎ᠠ ᠶᠢ ᠬᠠᠪᠰᠣᠷᠴᠦ ᠬᠤᠳᠠᠯᠳᠤᠭᠠᠨ ᠤ ᠶᠠᠪᠤᠳᠠᠯ᠂ ᠰᠣᠶᠣᠯ᠂ ᠪᠡᠶ᠎ᠡ ᠲᠠᠮᠢᠷ᠂ ᠵᠢᠭᠤᠯᠴᠢᠯᠠᠯ᠂ ᠷᠠᠳᠢᠤ᠋ ᠲᠧᠯᠸᠢᠰ᠂ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠣᠯᠳᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠳᠠ ᠶᠢᠨ ᠬᠤᠳᠠᠯᠳᠣᠭᠠᠨ ᠤ ᠶᠠᠪᠤᠳᠠᠯ  ᠤᠨ ᠲᠤᠪᠴᠢᠶ᠎ᠠ᠂  ᠬᠤᠳᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶ᠎ᠠ ︵ᠲᠡᠦᠭᠡ  ᠶᠢᠨ ᠲᠤᠷᠠᠰᠬᠠᠯᠲᠤ ᠵᠦᠢᠯ ᠤᠨ ᠲᠤᠪᠴᠢᠶ᠎ᠠ︶᠂ ᠬᠤᠳᠠ ᠶᠢᠨ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠣᠯᠳᠠ ᠶᠢᠨ ᠲᠤᠪᠴᠢᠶ᠎ᠠ ︵ᠮᠡᠳᠡᠯᠬᠡ ᠶᠢᠨ ᠦᠮᠴᠢᠯᠡᠯ ᠤᠨ ᠡᠷᠭᠡ ᠶᠢᠨ ᠲᠤᠪᠴᠢᠶ᠎ᠠ︶  ᠂ ᠬᠤᠳᠠ ᠶᠢᠨ ᠰᠢᠯᠭᠠᠠ ᠪᠠᠶᠢᠴᠠᠭᠠᠵᠤ ᠬᠢᠨᠠᠠ ᠰᠢᠯᠭᠠᠬᠤ ᠲᠦᠪ᠂ ᠬᠤᠳᠠ ᠶᠢᠨ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠶᠡᠷᠦᠩᠬᠡᠢ ᠬᠠᠤᠯᠢ ᠬᠡᠷᠡᠭᠵᠢᠭᠦᠯᠬᠦ ᠳᠤᠪᠴᠢᠶ᠎ᠡ᠂  ᠦᠬᠠᠢ ᠨᠠᠭᠤᠷ ᠵᠢᠭᠤᠯᠴᠢᠯᠠᠯ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ᠂  ᠥᠪᠦᠷ ᠮᠤᠩᠭᠤᠯ ᠤᠨ ᠬᠠᠲᠤᠨ ᠭᠤᠤᠯ ᠭᠡᠷᠡᠯᠲᠦ ᠰᠤᠪᠤᠳ ᠰᠣᠶᠣᠯ ᠵᠢᠭᠤᠯᠴᠢᠯᠠᠯ ᠤᠨ ᠥᠮᠴᠢᠯᠡᠯᠲᠦ ᠪᠡᠯᠡ ᠣᠷᠤᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢ ᠬᠤᠪᠢᠳᠠᠨ ᠬᠠᠮᠢᠶᠠᠷᠤᠨ᠎ᠠ᠃      ᠦᠬᠠᠢ ᠳᠠᠯᠠᠢ ᠶᠢᠨ ᠪᠤᠭᠤᠮᠲᠠ᠂ ᠬᠤᠲᠠ ᠶᠢᠨ ᠵᠤᠬᠢᠶᠠᠯᠴᠢᠳ ᠤᠨ ᠬᠤᠯᠪᠤᠭ᠎ᠠ᠂ ᠡᠯ᠎ᠡ ᠰᠤᠨᠢᠨ ᠮᠡᠳᠡᠭᠡᠨ ᠤ ᠨᠢᠭᠡᠴᠡ ᠲᠠᠢ ᠬᠠᠷᠢᠯᠴᠠᠨ᠎ᠠ᠃      ᠬᠤᠲᠠ ᠶᠢᠨ ᠳᠠᠷᠤᠭ᠎ᠠ ᠶᠢᠨ ᠳᠤᠰᠢᠶᠠᠭᠰᠠᠨ ᠪᠤᠰᠤᠳ ᠠᠵᠢᠯ ᠢ ᠭᠦᠢᠴᠡᠳᠭᠡᠨ᠎ᠡ᠃     ᠳᠡᠳ᠋ ᠲᠢᠩᠬᠢᠮ ᠤᠨ ᠳᠡᠰ ᠤᠨ ᠤᠳᠤᠷᠢᠳᠤᠯᠭ᠎ᠠ     ᠪᠠᠶᠠᠨ᠄ ᠬᠤᠳᠠ ᠶᠢᠨ ᠲᠠᠷᠤᠭ᠎ᠠ ᠶᠢ ᠬᠠᠪᠰᠣᠷᠴᠦ ᠬᠠᠮᠢᠶ᠎ᠠ ᠪᠦᠬᠦᠢ ᠲᠤᠰᠬᠠᠢ ᠠᠵᠢᠯ ᠢ ᠬᠠᠷᠢᠭᠤᠴᠠᠨ᠎ᠠ᠃      ᠨᠠᠷᠢᠨ ᠪᠢᠴᠢᠭ ᠤᠨ ᠳᠠᠷᠤᠭ᠎ᠠ      ᠮᠧᠩ ᠫᠧᠢ ᠶᠦᠨ᠄ ᠬᠤᠳᠠ ᠶᠢᠨ ᠲᠠᠷᠤᠭ᠎ᠠ ᠶᠢ ᠬᠠᠪᠰᠣᠷᠴᠦ ᠬᠤᠳᠠ  ᠶᠢᠨ ᠵᠠᠰᠠᠭ ᠤᠨ ᠣᠷᠳᠣᠨ ᠤ ᠠᠯᠪᠠᠨ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠰᠢᠢᠳᠪᠦᠷᠢᠯᠡᠵᠦ᠂ ᠬᠤᠳᠠ  ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠠᠵᠢᠯ ᠢ ᠬᠠᠷᠢᠭᠤᠴᠠᠨ᠎ᠠ᠃      ᠬᠤᠲᠠ ᠶᠢᠨ ᠳᠠᠷᠤᠭ᠎ᠠ ᠶᠢᠨ ᠳᠤᠰᠢᠶᠠᠭᠰᠠᠨ ᠪᠤᠰᠤᠳ ᠠᠵᠢᠯ ᠢ ᠭᠦᠢᠴᠡᠳᠭᠡᠨ᠎ᠡ᠃                                                         2019 ᠣᠨ 2 ᠰᠠᠷ᠎ᠠ 19 ᠡᠳᠦᠷ
 
ᠢᠷᠡᠯᠲᠡ᠄ ᠦᠬᠠᠢ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号