2019 ᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ | — 2019 ᠤᠨ ᠤ 2 ᠳ᠋ᠣᠭᠠᠷ ᠰᠠᠷ᠎ᠠ ᠶᠢᠨ 25 ᠤ ᠡᠳᠦᠷ ᠤᠨ ᠦᠬᠠᠢ ᠬᠤᠳᠠ ᠶᠢᠨ ᠶᠢᠰᠦᠳᠦᠭᠡᠷ | ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠬᠤᠷᠠᠯ ᠲᠡᠭᠡᠷ᠎ᠡ | ᠲᠦᠯᠦᠭᠡᠯᠡᠭᠴᠢᠳ ᠡ᠄ | ᠣᠳᠣ᠂ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ | ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠤᠯᠪᠡᠤ᠂ ᠲᠡᠷᠡᠴᠢᠯᠡᠨ ᠤᠯᠤᠰ ᠲᠦᠷᠦ ᠶᠢᠨ ᠵᠦᠪᠯᠡᠯᠭᠡᠨ ᠤ ᠬᠡᠰᠢᠬᠦᠳ ᠪᠠ | ᠪᠤᠰᠣᠳ ᠰᠣᠯᠠ ᠣᠷᠣᠯᠴᠠᠭᠰᠠᠳ ᠰᠠᠨᠠᠯ ᠢᠶᠠᠨ ᠲᠤᠷᠠᠳᠬᠤ ᠪᠤᠯᠪᠠᠣ᠃ | ᠨᠢᠭᠡ᠂ 2018 ᠤᠨ ᠤ ᠠᠵᠢᠯ ᠤᠨ ᠡᠷᠭᠢᠴᠡᠭᠦᠯᠦᠯ | 2018 ᠤᠨ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠠᠩᠬᠠᠨ ᠤ ᠣᠨ ᠪᠤᠯᠤᠨ᠎ᠠ᠂ ᠮᠦᠨ ᠴᠦ ᠦᠭᠡᠷᠡᠴᠢᠯᠡᠯᠳᠡ ᠨᠡᠭᠡᠭᠡᠯᠳᠡ ᠭᠢᠭᠰᠡᠨ 40 ᠵᠢᠯ | ᠤᠨ ᠤᠢ ᠪᠤᠯᠤᠨ᠎ᠠ᠃ ᠨᠢᠭᠡ ᠵᠢᠯ ᠤᠨ ᠲᠤᠷᠰᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠲᠤ ᠤᠯᠤᠰ | ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠵᠤᠷᠢᠭ ᠰᠠᠨᠠᠭᠠᠨ ᠤ ᠵᠢᠯᠤᠭᠤᠲᠤᠯᠭ᠎ᠠ ᠲᠤᠤᠷ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠣᠨ ᠪᠠ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠲᠤᠤᠷ᠎ᠠ᠂ ᠬᠤᠳᠠ ᠶᠢᠨ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ ᠵᠦᠪᠯᠡᠯᠭᠡᠨ ᠤ ᠬᠢᠨᠠᠯᠳᠠ ᠲᠡᠮᠵᠢᠯᠭᠡ ᠲᠤᠤᠷ᠎ᠠ᠂ | ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠠᠷᠪᠠ ᠶᠢᠰᠦᠳᠦᠭᠡᠷ ᠬᠤᠭᠤᠴᠠᠭᠠᠨ | ᠤ ᠬᠤᠶᠠᠳᠣᠭᠠᠷ ᠪᠦᠬᠦᠳᠡ ᠬᠤᠷᠠᠯᠳᠣᠭᠠᠨ᠂ ᠭᠤᠷᠪᠠᠳᠣᠭᠠᠷ ᠪᠦᠬᠦᠳᠡ ᠬᠤᠷᠠᠯᠳᠣᠭᠠᠨ ᠤ ᠵᠤᠷᠢᠭ ᠰᠠᠨᠠᠭ᠎ᠠ ᠶᠢ | ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠷᠪᠠᠨ ᠶᠡᠭᠡ ᠰᠢᠪᠳᠣᠯᠣᠯᠳᠠ ᠶᠢᠨ ᠲᠠᠶᠢᠯᠠᠯᠳᠣᠭᠠᠨ ᠢ | ᠦᠷᠭᠦᠯᠵᠢᠯᠡᠨ ᠰᠠᠶᠢᠲᠤᠷ ᠬᠢᠵᠦ᠂ ︽ᠲᠠᠪᠤᠨ ᠣᠷᠣᠨ︾ ᠤ ᠪᠦᠲᠦᠭᠡᠨ ᠪᠠᠶᠢᠭᠤᠯᠤᠯᠳᠠ ᠶᠢ ᠯᠠᠪᠳᠠᠭᠤᠨ ᠪᠠᠲᠤᠲᠠᠢ | ᠠᠬᠢᠭᠤᠯᠵᠤ᠂ ᠠᠩᠬᠠᠷᠣᠯ ᠢᠶᠠᠨ ᠲᠦᠪᠯᠡᠷᠡᠭᠦᠯᠦᠨ ᠬᠦᠴᠦᠨ ᠢᠶᠠᠨ ᠨᠢᠭᠳᠠᠷᠠᠭᠤᠯᠵᠤ᠂ ᠰᠢᠨ᠎ᠡ ᠶᠢ ᠡᠭᠦᠲᠦᠨ | ᠡᠷᠡᠯᠭᠡᠭᠯᠡᠨ ᠣᠷᠣᠭᠰᠢᠯᠠᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠲᠤᠭᠳᠠᠭᠤᠨ ᠪᠦᠭᠡᠳ ᠡᠷᠡᠭᠦᠯ ᠢᠶᠠᠷ | ᠬᠦᠭᠵᠢᠬᠦ ᠶᠢ ᠪᠠᠲᠤᠯᠠᠪᠠ᠃ ᠪᠦᠬᠦ ᠵᠢᠯ ᠳᠤ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 13 % | ᠪᠠᠷ ᠨᠡᠮᠡᠭᠳᠡᠵᠦ ᠪᠦᠬᠦ ᠤᠷᠤᠨ ᠳᠤ ᠲᠡᠷᠢᠭᠦᠯᠡᠪᠡ︔ ᠲᠤᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠠᠳᠠᠯᠢ | ᠬᠤᠭᠤᠴᠠᠭᠠᠨ ᠤ ᠬᠢ ᠲᠠᠢ ᠠᠳᠠᠯᠢᠳᠬᠠᠪᠠᠯ 13.3 % ᠪᠠᠷ ᠲᠤᠷᠤᠭᠰᠢᠯᠠᠵᠤ᠂ ᠪᠦᠬᠦ ᠤᠷᠤᠨ ᠳᠤ 3 ᠳ᠋ᠣᠭᠠᠷ ᠲᠤ | ᠪᠠᠶᠢᠷᠢᠯᠠᠪᠠ︔ ᠡᠩ ᠤᠨ ᠣᠯᠠᠨ ᠨᠡᠶᠢᠳᠡ ᠶᠢᠨ ᠲᠦᠰᠦᠪ ᠤᠨ ᠣᠷᠣᠯᠭ᠎ᠠ 7.9 % ᠪᠠᠷ ᠨᠡᠮᠡᠭᠳᠡᠵᠦ᠂ ᠪᠦᠬᠦ | ᠤᠷᠤᠨ ᠳᠤ 4 ᠳ᠋ᠦ᠋ᠭᠡᠷ ᠲᠤ ᠪᠠᠶᠢᠷᠢᠯᠠᠪᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠭ᠎ᠠ ᠶᠢᠨ | ᠶᠡᠷᠦᠩᠬᠡᠢ ᠬᠡᠮᠵᠢᠶ᠎ᠡ 6.3 % ᠪᠠᠷ ᠨᠡᠮᠡᠭᠳᠡᠵᠦ᠂ ᠪᠦᠬᠦ ᠤᠷᠤᠨ ᠳᠤ 7 ᠳ᠋ᠤᠭᠠᠷ ᠲᠤ ᠪᠠᠶᠢᠷᠢᠯᠡᠪᠠ︔ ᠬᠤᠳᠠ | ᠪᠠᠯᠭᠠᠰᠣ ᠪᠠ ᠲᠠᠷᠢᠶᠠᠯᠠᠬᠤ ᠤᠷᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠦ | ᠪᠤᠯᠬᠤ ᠲᠤᠮᠳᠠᠴᠢ ᠤᠷᠤᠯᠭ᠎ᠠ ᠲᠤᠰ ᠲᠤᠰ 7.4 %᠂ 9.5 % ᠨᠡᠮᠡᠭᠳᠡᠵᠦ᠂ ᠲᠤᠰ ᠲᠤᠰ ᠪᠦᠬᠦ ᠤᠷᠤᠨ ᠳᠤ 4 | ᠳ᠋ᠣᠭᠡᠷ᠂ 5 ᠳ᠋ᠤᠭᠠᠷ ᠲᠤ ᠪᠠᠶᠢᠷᠢᠯᠠᠪᠠ᠃ | ︵ᠨᠢᠭᠡ︶ ᠭᠤᠷᠪᠠᠨ ᠶᠡᠭᠡ ᠰᠢᠪᠳᠣᠯᠣᠯᠳᠠ ᠶᠢᠨ ᠲᠠᠶᠢᠯᠠᠯᠳᠣᠭᠠᠨ ᠳᠤ ᠠᠩᠬᠠᠷᠣᠯ ᠢᠶᠠᠨ ᠲᠦᠪᠯᠡᠷᠡᠬᠦᠯᠦᠨ᠂ | ᠲᠤᠳᠠᠭᠤᠳᠠᠯ ᠢᠶᠠᠨ ᠬᠦᠭᠵᠢᠬᠦᠯᠵᠦ ᠨᠦᠬᠦᠪᠦᠷᠢᠯᠡᠯ ᠢᠶᠠᠨ ᠲᠦᠷᠭᠡᠳᠭᠡᠪᠡ᠃ | ᠬᠡᠴᠡᠭᠦᠦ ᠶᠡᠭᠡ ᠲᠦᠭᠰᠢᠭᠦᠷᠢ ᠶᠢ ᠲᠤᠭᠳᠠᠭᠤᠨ ᠢᠶᠠᠷ ᠡᠵᠡᠮᠳᠡᠪᠡ᠃ ᠵᠢᠭᠡᠯᠡᠯᠭᠡ ᠶᠢᠨ ᠲᠡᠮᠳᠡᠭ ᠢᠶᠠᠷ ᠰᠣᠯᠢᠬᠤ᠂ | ᠬᠢᠨᠠᠨ ᠪᠤᠳᠣᠯᠳᠠ ᠪᠠᠷ ᠲᠠᠩᠰᠠ ᠰᠠᠯᠭᠠᠨ ᠲᠠᠶᠢᠯᠠᠬᠤ᠂ ᠣᠯᠣᠰ ᠤᠨ ᠦᠮᠴᠢᠯᠡᠯᠳᠦ ᠡᠳ᠋ ᠬᠦᠷᠦᠩᠭᠡ ᠶᠢ ᠴᠢᠯᠦᠭᠡᠳᠡᠢ | ᠪᠤᠯᠭᠠᠬᠤ ᠵᠡᠷᠭᠡ ᠠᠷᠭ᠎ᠠ ᠬᠡᠮᠵᠢᠶ᠎ᠡ ᠠᠪᠴᠦ᠂ ᠵᠠᠰᠠᠭ ᠤᠨ ᠣᠷᠳᠣᠨ ᠤ ᠦᠷᠢ ᠦᠭᠴᠢᠭᠡ ᠶᠢ 57.4 ᠳ᠋ᠦᠩᠰᠢᠭᠤᠷ | ᠠᠷᠢᠯᠭᠠᠵᠤ᠂ ᠦᠷᠢ ᠦᠭᠴᠢᠭᠡ ᠶᠢ ᠠᠷᠢᠯᠭᠠᠬᠤ ᠵᠢᠯ ᠤᠨ ᠡᠭᠦᠷᠭᠡ ᠶᠢᠨ 146 % ᠶᠢ ᠪᠡᠶᠡᠯᠡᠭᠦᠯᠪᠡ᠃ ᠠᠵᠤ | ᠠᠬᠤᠶᠢᠯᠠᠯ ᠢ ᠵᠢᠯᠤᠭᠤᠲᠤᠨ ᠬᠤᠪᠢᠴᠠᠭᠠᠨ ᠤ ᠡᠷᠭᠡ ᠶᠢᠨ ᠪᠦᠲᠦᠴᠡ᠂ ᠦᠷᠢ ᠦᠭᠴᠢᠭᠡᠨ ᠤ ᠪᠦᠲᠦᠴᠡ ᠶᠢ | ᠰᠢᠯᠢᠳᠡᠭᠵᠢᠬᠦᠯᠵᠦ᠂ ᠠᠵᠤ ᠠᠬᠤᠶᠢᠯᠠᠯ ᠤᠨ ᠦᠷᠢ ᠦᠭᠴᠢᠭᠡᠨ ᠤ ᠲᠦᠪᠰᠢᠨ ᠢ ᠪᠦᠲᠦᠮᠵᠢᠳᠡᠢ ᠲᠤᠷᠤᠭᠰᠢᠯᠠᠭᠤᠯᠪᠠ᠃ | ᠨᠡᠶᠢᠭᠡᠮ ᠤᠨ ᠵᠦᠷᠢᠴᠡᠯ ᠵᠢᠭᠤᠷᠠᠯᠳᠣᠭᠠᠨ ᠢ ᠰᠢᠭᠰᠢᠨ ᠪᠠᠶᠢᠴᠠᠭᠠᠨ ᠠᠷᠢᠯᠭᠠᠬᠤ ᠰᠢᠪᠳᠣᠯᠣᠯᠳᠠ ᠶᠢᠨ ᠠᠵᠢᠯᠯᠠᠭ᠎ᠠ ᠶᠢ | ᠯᠠᠪᠳᠠᠭᠤᠨ ᠪᠠᠲᠤᠳᠠᠢ ᠠᠬᠢᠭᠤᠯᠵᠤ᠂ ᠨᠢᠭᠡ ᠪᠦᠯᠦᠭ ᠵᠠᠬᠢᠳᠠᠯ ᠰᠣᠷᠪᠣᠯᠵᠢᠯᠠᠯ ᠤᠨ ᠬᠦᠴᠢᠷ ᠲᠦᠪᠡᠭᠳᠡᠢ ᠲᠠᠢ ᠬᠡᠷᠡᠭ ᠢ | ᠠᠯᠬᠤᠮ ᠠᠯᠬᠤᠮ ᠢᠶᠠᠷ ᠠᠷᠢᠯᠭᠠᠪᠠ᠃ ᠠᠶᠤᠯᠬᠦᠢ ᠦᠢᠯᠡᠳᠪᠦᠷᠢᠯᠡᠯ ᠤᠨ ︽ᠭᠤᠷᠪᠠᠨ ᠬᠠᠷᠢᠭᠤᠴᠠᠯᠭ᠎ᠠ︾ ᠶᠢ ᠴᠢᠩᠭ᠎ᠠ | ᠨᠠᠶᠢᠳᠠᠪᠤᠷᠢᠵᠢᠭᠤᠯᠵᠤ᠂ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠤᠭᠳᠠᠭᠤᠨ ᠪᠠᠶᠢᠬᠤ ᠶᠢ | ᠪᠠᠲᠤᠯᠠᠪᠠ᠃ ᠲᠤᠶᠢᠯ ᠤᠨ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠳᠤ ᠠᠩᠬᠠᠷᠣᠯ ᠢᠶᠠᠨ | ᠲᠦᠪᠯᠡᠷᠡᠭᠦᠯᠪᠡ᠃ ᠬᠠᠪᠰᠣᠷᠣᠨ ᠲᠡᠳᠭᠦᠬᠦ ᠠᠷᠭ᠎ᠠ ᠬᠡᠮᠵᠢᠶ᠎ᠡ ᠶᠢ ᠤᠨᠤᠪᠴᠢᠳᠠᠢ ᠲᠤᠭᠳᠠᠭᠠᠵᠤ᠂ ᠲᠠᠩᠰᠠᠯᠠᠵᠤ | ᠺᠠᠷᠲᠯᠠᠭᠰᠠᠨ ᠶᠠᠳᠠᠭᠤ ᠡᠷᠦᠬᠡ ᠶᠢ ᠶᠠᠳᠠᠭᠤ ᠠᠴᠠ ᠠᠩᠭᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠪᠡᠶᠡᠯᠡᠬᠦᠯᠪᠡ᠃ | ᠦᠵᠦᠮ ᠲᠠᠷᠢᠵᠦ ᠤᠷᠭᠤᠭᠤᠯᠬᠤ᠂ ᠬᠡᠷᠡᠯ ᠴᠡᠨᠡᠭ ᠤᠨ ᠲᠠᠷᠢᠶᠠᠯᠠᠩ ᠵᠡᠷᠭᠡ ᠠᠵᠤ ᠦᠢᠯᠡᠰ ᠲᠤ ᠲᠦᠰᠢᠭᠯᠡᠵᠦ᠂ | ᠲᠠᠩᠰᠠᠯᠠᠵᠤ ᠺᠠᠷᠲᠯᠠᠭᠰᠠᠨ ᠶᠠᠳᠠᠭᠤ ᠡᠷᠦᠬᠡ ᠶᠢᠨ ᠡᠷᠦᠭᠡ ᠪᠦᠷᠢ ᠶᠢᠨ ᠲᠡᠭᠰᠢᠳᠭᠡᠭᠰᠡᠨ ᠤᠷᠤᠯᠭ᠎ᠠ 6357 | ᠲᠦᠭᠦᠷᠢᠭ ᠨᠡᠮᠡᠭᠳᠡᠪᠡ᠃ ᠶᠠᠳᠠᠭᠤ ᠬᠦᠴᠢᠷᠳᠡᠯᠳᠡᠢ ᠤᠯᠠᠨ ᠲᠦᠮᠡᠨ ᠤ ᠡᠮᠨᠡᠯᠭᠡ ᠶᠢᠨ ᠲᠠᠭᠠᠳᠬᠠᠯ ᠢ ᠪᠦᠬᠦᠨ ᠢ | ᠲᠤᠰᠢᠶᠠᠬᠤ ᠶᠢ ᠪᠡᠶᠡᠯᠡᠬᠦᠯᠵᠦ᠂ ᠬᠦᠨᠲᠤ ᠡᠪᠡᠳᠴᠢᠨ ᠢ ᠲᠦᠪᠯᠡᠷᠡᠬᠦᠯᠦᠨ ᠡᠮᠨᠡᠨ ᠠᠪᠤᠷᠠᠬᠤ᠂ ᠨᠠᠭᠠᠲᠤ ᠵᠠᠬ᠎ᠠ ᠶᠢᠨ | ᠪᠠᠲᠤᠯᠠᠭᠠᠲᠤ ᠠᠪᠤᠷᠠᠨ ᠲᠤᠰᠠᠯᠠᠬᠤ ᠮᠦᠩᠬᠦ ᠪᠦᠬᠦᠨ ᠢ ᠪᠦᠷᠬᠦᠬᠦ ᠶᠢ ᠪᠠᠶᠠᠯᠠᠬᠦᠯᠪᠠ᠃ ᠪᠤᠬᠢᠷᠳᠠᠯ ᠢ ᠰᠡᠷᠭᠡᠶᠢᠯᠡᠨ | ᠵᠠᠰᠠᠬᠤ ᠶᠢ ᠴᠢᠩᠭ᠎ᠠ ᠠᠳᠬᠤᠪᠠ᠃ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠱᠠᠯᠠᠪᠳᠠᠭᠤᠯᠤᠨ | ᠪᠠᠶᠢᠴᠠᠭᠠᠯᠳᠠ ᠠᠴᠠ ︽ᠡᠷᠭᠢᠵᠦ ᠬᠠᠷᠠᠨ︾ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠪᠤᠬᠢᠷᠳᠠᠯ ᠢ ᠰᠡᠷᠭᠡᠶᠢᠯᠡᠨ ᠵᠠᠰᠠᠬᠤ ᠲᠦᠷᠦᠯ ᠵᠦᠢᠯ ᠢ 244 | ᠬᠡᠷᠡᠭᠵᠢᠬᠦᠯᠵᠦ᠂ ᠭᠤᠤᠯ ᠬᠤᠳᠠ ᠶᠢᠨ ᠲᠤᠭᠤᠷᠢᠭ ᠤᠨ ᠠᠭᠠᠷ ᠤᠨ ᠰᠢᠯᠢᠳᠡᠭ ᠪᠤᠯᠬᠤ ᠡᠳᠦᠷ ᠤᠨ ᠪᠠᠷᠢᠮᠵᠢᠶ᠎ᠡ ᠳᠤ | ᠬᠦᠷᠦᠭᠰᠡᠨ ᠨᠤᠷᠮ᠎ᠠ 76.3 % ᠬᠦᠷᠴᠦ᠂ ᠦᠪᠡᠷᠳᠡᠭᠡᠨ ᠵᠠᠰᠠᠬᠤ ᠤᠷᠤᠨ ᠤ ᠦᠭᠭᠦᠭᠰᠡᠨ ᠬᠠᠷᠠᠯᠳᠠᠲᠤ ᠡᠭᠦᠷᠭᠡ | ᠠᠴᠠ 2.1 ᠵᠠᠭᠤᠨ ᠤ ᠨᠢᠭᠡᠴᠢ ᠦᠨᠳᠦᠷ ᠪᠤᠯᠪᠠ᠃ ᠠᠭᠤᠷᠬᠠᠢ ᠶᠢᠨ ᠤᠷᠤᠨ ᠤ ᠣᠷᠴᠢᠨ ᠲᠤᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠳᠣᠳᠠᠢ ᠠᠬᠢᠭᠤᠯᠵᠤ᠂ ᠨᠡᠭᠦᠷᠡᠰᠦᠨ ᠴᠢᠯᠠᠭᠤ᠂ | ᠨᠡᠭᠦᠷᠡᠰᠦᠨ ᠲᠠᠪᠬᠤᠷᠭ᠎ᠠ ᠶᠢᠨ ᠦᠪᠡᠰᠦᠪᠡᠨ ᠨᠤᠴᠣᠬᠤ ᠭᠠᠯ ᠤᠨ ᠴᠡᠭ ᠢ 328 ᠭᠠᠵᠠᠷ᠂ ᠠᠭᠤᠷᠬᠠᠢ ᠶᠢᠨ ᠭᠠᠵᠠᠷ | ᠰᠢᠨᠵᠢᠯᠡᠭᠡᠨ ᠤ ᠤᠷᠴᠢᠨ ᠲᠤᠭᠤᠷᠢᠨ ᠤ ᠵᠠᠰᠠᠨ ᠴᠡᠭᠴᠡᠯᠡᠯᠳᠡ ᠶᠢᠨ ᠲᠦᠷᠦᠯ ᠵᠦᠢᠯ ᠢ 44 ᠪᠡᠶᠡᠯᠡᠬᠦᠯᠪᠡ᠃ | ᠠᠭᠤᠷᠬᠠᠢ ᠶᠢᠨ ᠤᠷᠤᠨ ᠤ ᠰᠢᠷᠣᠢ ᠶᠢᠨ ᠲᠠᠯᠠᠪᠤᠷ ᠶᠢᠨ ᠲᠦᠪᠯᠡᠷᠡᠬᠦᠯᠦᠨ ᠵᠠᠰᠠᠨ ᠴᠡᠭᠴᠡᠯᠡᠵᠦ᠂ 4 ᠡᠷᠦᠬᠡ ᠠᠵᠤ | ᠠᠬᠤᠶᠢᠯᠠᠯ ᠤᠨ 6 ᠰᠢᠷᠣᠢ ᠶᠢᠨ ᠲᠠᠯᠠᠪᠤᠷ ᠢ ᠴᠡᠭᠴᠡᠯᠡᠨ ᠰᠠᠶᠢᠵᠢᠷᠠᠭᠤᠯᠪᠠ᠃ ᠦᠪᠡᠷᠳᠡᠭᠡᠨ ᠵᠠᠰᠠᠬᠤ ᠤᠷᠤᠨ ᠤ | ᠬᠠᠮᠤᠭ ᠠᠩᠬᠠᠨ ᠤ ᠠᠭᠤᠷᠬᠠᠢ ᠶᠢᠨ ᠤᠷᠤᠨ ᠤ ᠣᠷᠴᠢᠨ ᠲᠤᠭᠤᠷᠢᠨ ᠤ ᠤᠷᠤᠨ ᠨᠤᠲᠤᠭ ᠤᠨ ᠪᠠᠷᠢᠮᠵᠢᠶ᠎ᠠ ᠶᠢ | ᠨᠠᠶᠢᠷᠠᠭᠤᠯᠤᠨ ᠵᠤᠬᠢᠶᠠᠵᠤ᠂ ᠦᠪᠡᠷᠳᠡᠭᠡᠨ ᠵᠠᠰᠠᠬᠤ ᠤᠷᠤᠨ ᠤ ᠲᠡᠰ ᠤᠨ ᠪᠤᠬᠢᠷᠳᠠᠯ ᠦᠭᠡᠢ ᠠᠭᠤᠷᠬᠠᠢ ᠶᠢᠨ ᠠᠭᠤᠯᠠ | ᠶᠢ 4 ᠪᠠᠶᠢᠭᠤᠯᠵᠤ᠂ ᠯᠦᠩ ᠴᠠᠩ ᠠᠵᠤ ᠦᠢᠯᠡᠳᠪᠦᠷᠢ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ | ᠶᠢᠨ ᠲᠡᠮᠡᠭᠡᠲᠤ ᠠᠭᠤᠯᠠᠨ ᠤ ᠨᠡᠭᠦᠷᠡᠰᠦᠨ ᠠᠭᠤᠷᠬᠠᠢ ᠪᠦᠬᠦ ᠤᠷᠤᠨ ᠤ ᠬᠠᠮᠤᠭ ᠠᠩᠬᠠᠨ ᠤ ᠪᠤᠬᠢᠷᠳᠠᠯ ᠦᠭᠡᠢ | ᠠᠭᠤᠷᠬᠠᠢ ᠶᠢᠨ ᠠᠭᠤᠯᠠ ᠪᠤᠯᠤᠭᠰᠠᠨ ᠪᠦᠬᠡᠳ ᠦᠪᠡᠷᠳᠡᠭᠡᠨ ᠵᠠᠰᠠᠬᠤ ᠤᠷᠤᠨ ᠤ ᠠᠵᠢᠯ ᠤᠨ ᠢᠯᠡᠳᠭᠡᠯ ᠳᠤ | ᠪᠢᠴᠢᠭᠳᠡᠵᠦ᠂ ᠤᠯᠠᠨ ᠤᠯᠤᠰ ᠤᠨ ᠬᠤᠯᠪᠤᠭᠠᠲᠤ ᠪᠠᠶᠢᠭᠤᠯᠭ᠎ᠠ ᠶᠢᠨ ᠨᠡᠭᠡᠭᠡᠯᠳᠡ ᠶᠢᠨ ᠲᠦᠯᠦᠪᠯᠡᠭᠡᠨ ᠤ ᠵᠠᠬᠢᠷᠭ᠎ᠠ ᠶᠢᠨ | ᠤᠷᠴᠢᠨ ᠲᠤᠭᠤᠷᠢᠨ ᠢ ᠴᠡᠭᠴᠡᠯᠡᠨ ᠵᠠᠰᠠᠬᠤ ᠪᠠ ᠦᠷᠭᠦᠯᠵᠢᠬᠦᠯᠦᠨ ᠬᠦᠭᠵᠢᠬᠦᠯᠬᠦ ᠲᠦᠷᠦᠯ ᠵᠦᠢᠯ ᠳᠤ | ᠵᠢᠭᠰᠠᠭᠠᠭᠳᠠᠪᠠ᠃ ᠴᠠᠭᠢᠯᠭᠠᠨ ᠬᠦᠴᠦᠨ ᠤ ᠠᠵᠤ ᠠᠬᠤᠶᠢᠯᠠᠯ ᠤᠨ ᠬᠡᠲᠤ ᠲᠤᠤᠷ᠎ᠠ ᠭᠠᠳᠠᠭᠰᠢᠯᠠᠭᠤᠯᠬᠤ | ᠦᠭᠡᠷᠡᠴᠢᠯᠡᠯᠳᠡ ᠶᠢ ᠲᠦᠷᠭᠡᠳᠭᠡᠨ ᠠᠬᠢᠭᠤᠯᠵᠤ᠂ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠲᠡᠭᠳᠡᠮᠡᠬᠡᠢ ᠴᠢᠨᠠᠷ ᠲᠠᠢ ᠤᠷᠭᠠᠨᠢᠭ ᠪᠤᠳᠠᠰ ᠤᠨ ᠵᠠᠰᠠᠯᠳᠠ ᠶᠢ ᠪᠦᠬᠦᠨ ᠢ ᠪᠠᠶᠡᠯᠡᠬᠦᠯᠵᠦ᠂ 20 ᠠᠭᠤᠷᠰᠢᠯᠳᠠ ᠲᠤᠨ | ᠵᠢᠴᠢ 20 ᠠᠭᠤᠷᠰᠢᠯᠳᠠ ᠲᠤᠨ ᠠᠴᠠ ᠲᠤᠷᠤᠭᠰᠢ ᠨᠡᠭᠦᠷᠡᠰᠦ ᠰᠢᠳᠠᠭᠠᠬᠤ ᠵᠤᠤᠬ᠎ᠠ ᠶᠢ ᠪᠦᠬᠦᠨ ᠢ ᠰᠢᠭᠰᠢᠵᠦ᠂ | ᠪᠠᠷᠢᠯᠭ᠎ᠠ ᠶᠢᠨ ᠭᠠᠵᠠᠷ ᠪᠤᠬᠢᠷᠳᠠᠯ ᠦᠭᠡᠢ ᠪᠠᠷᠢᠯᠭ᠎ᠠ ᠶᠢᠨ ᠠᠵᠢᠯ ᠬᠢᠬᠦ ᠪᠠᠷᠢᠮᠵᠢᠶ᠎ᠠ ᠳᠤ ᠬᠦᠷᠪᠡ᠃ ᠣᠰᠣᠨ ᠤ | ᠪᠤᠬᠢᠷᠳᠠᠯ ᠢ ᠰᠡᠷᠭᠡᠶᠢᠯᠡᠨ ᠵᠠᠰᠠᠬᠤ ᠬᠦᠴᠦᠯᠡᠴᠡ ᠪᠠᠨ ᠴᠢᠩᠭᠠᠳᠬᠠᠵᠤ᠂ ᠭᠤᠷᠪᠠᠨ ᠲᠤᠭᠤᠷᠢᠭ ᠤᠨ ᠪᠤᠬᠢᠷ ᠣᠰᠣ | ᠰᠢᠢᠳᠪᠦᠷᠢᠯᠡᠬᠦ ᠦᠢᠯᠡᠳᠪᠦᠷᠢ ᠪᠠᠶᠢᠭᠤᠯᠤᠭᠳᠠᠨ ᠠᠰᠢᠭᠯᠠᠯᠳᠠ ᠳᠤ ᠣᠷᠣᠵᠣ᠂ ᠬᠠᠲᠤᠨ ᠭᠤᠤᠯ ᠤᠨ ᠰᠠᠪᠠ ᠭᠠᠵᠠᠷ | ᠤᠨ ᠤᠰᠣᠨ ᠤ ᠴᠢᠨᠠᠷ ᠦᠷᠭᠦᠯᠵᠢᠯᠡᠨ ᠰᠠᠶᠢᠵᠢᠷᠠᠪᠡ᠃ | ︵ᠬᠤᠶᠠᠷ︶ ᠲᠦᠷᠦᠯ ᠵᠦᠢᠯ ᠤᠨ ᠪᠡᠯᠡ ᠤᠷᠤᠭᠤᠯᠤᠯᠳᠠ ᠳᠤ ᠠᠩᠬᠠᠷᠣᠯ ᠢᠶᠠᠨ ᠲᠦᠪᠯᠡᠷᠡᠭᠦᠯᠦᠨ᠂ | ᠬᠦᠭᠵᠢᠯᠳᠡ ᠶᠢᠨ ᠰᠠᠭᠤᠷᠢ ᠪᠠᠨ ᠠᠯᠬᠤᠮ ᠠᠯᠬᠤᠮ ᠢᠶᠠᠷ ᠪᠠᠬᠢᠵᠢᠬᠦᠯᠪᠡ᠃ | ᠲᠦᠷᠦᠯ ᠵᠦᠢᠯ ᠤᠨ ᠰᠢᠪᠳᠣᠯᠣᠯᠳᠠ ᠶᠢ ᠯᠠᠪᠳᠠᠭᠤᠨ ᠪᠠᠲᠣᠳᠠᠢ ᠠᠬᠢᠭᠤᠯᠪᠠ᠃ ᠪᠡᠯᠡ ᠤᠷᠤᠭᠤᠯᠤᠯᠳᠠ ᠶᠢ | ᠲᠤᠭᠳᠠᠭᠤᠨ ᠢᠶᠠᠷ ᠠᠬᠢᠭᠤᠯᠬᠤ ᠰᠢᠷᠢᠰ ᠠᠷᠭ᠎ᠠ ᠪᠤᠲᠤᠯᠭ᠎ᠠ ᠲᠤᠭᠳᠠᠭᠠᠵᠤ᠂ ᠤᠳᠣᠷᠢᠳᠬᠤ ᠺᠠᠳ᠋ᠷᠴᠣᠳ | ᠭᠤᠤᠯᠳᠠᠯᠭᠠᠲᠤ ᠲᠦᠷᠦᠯ ᠵᠦᠢᠯ ᠢ ᠲᠠᠭᠠᠭᠠᠴᠢᠯᠠᠬᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠬᠦᠯᠵᠦ᠂ ᠪᠦᠬᠦ | ᠬᠤᠳᠠ ᠶᠢᠨ ᠡᠬᠢᠯᠡᠭᠰᠡᠨ ᠪᠤᠶᠤ ᠲᠠᠬᠢᠵᠦ ᠡᠭᠢᠯᠡᠭᠰᠡᠨ ᠲᠦᠷᠦᠯ ᠵᠦᠢᠯ 152 ᠬᠦᠷᠴᠦ᠂ ᠡᠬᠢᠯᠡᠭᠰᠡᠨ ᠪᠤᠶᠤ ᠲᠠᠬᠢᠵᠦ | ᠡᠭᠢᠯᠡᠭᠰᠡᠨ ᠨᠤᠷᠮ᠎ᠠ 86.9 % ᠬᠦᠷᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠲᠡᠮᠵᠢᠨ ᠲᠡᠳᠭᠦᠬᠦ | ᠪᠠᠨ ᠴᠢᠩᠭᠠᠳᠬᠠᠵᠤ᠂ ᠭᠠᠶᠢᠯᠢ ᠶᠢᠨ ᠰᠦᠢᠳᠭᠡᠯ ᠢ 13.9 ᠳ᠋ᠦᠩᠰᠢᠭᠤᠷ ᠲᠦᠭᠦᠷᠢᠭ ᠬᠠᠰᠣᠨ ᠬᠡᠯᠳᠦᠷᠢᠬᠦᠯᠵᠦ᠂ | ᠠᠵᠤ ᠠᠬᠤᠶᠢᠯᠠᠯ ᠢ ᠬᠠᠪᠰᠣᠷᠴᠦ 128.6 ᠳ᠋ᠦᠩᠰᠢᠭᠤᠷ ᠲᠦᠭᠦᠷᠢᠭ ᠤᠨ ᠵᠢᠭᠡᠯᠡᠯᠭᠡ ᠶᠢ ᠲᠠᠮᠵᠢᠭᠤᠯᠤᠨ | ᠵᠢᠭᠡᠯᠡᠬᠦᠯᠦᠭᠰᠡᠨ ᠪᠤᠶᠤ ᠦᠷᠭᠦᠯᠵᠢᠯᠡᠨ ᠵᠢᠭᠡᠯᠡᠬᠦᠯᠵᠦ᠂ ᠴᠠᠭᠢᠯᠭᠠᠨ ᠬᠦᠴᠦᠨ ᠤ ᠤᠯᠠᠨ ᠲᠠᠯ᠎ᠠ ᠶᠢᠨ ᠠᠷᠠᠯᠵᠢᠶ᠎ᠠ ᠨᠢ | ᠠᠵᠤ ᠠᠬᠤᠶᠢᠯᠠᠯ ᠦᠪᠡᠷ ᠤᠨ ᠦᠷᠳᠡᠭ ᠢᠶᠠᠨ 5.2 ᠳ᠋ᠦᠩᠰᠢᠭᠤᠷ ᠲᠦᠭᠦᠷᠢᠭ ᠠᠷᠪᠢᠯᠠᠪᠠ᠃ ᠬᠤᠳᠠᠯᠳᠣᠭᠠᠴᠢᠨ | ᠤᠷᠢᠵᠦ ᠪᠡᠯᠡ ᠤᠷᠤᠭᠤᠯᠬᠤ ᠪᠠᠨ ᠲᠦᠷᠭᠡᠳᠭᠡᠨ ᠴᠢᠩᠭᠠᠳᠬᠠᠪᠠ᠃ ᠬᠦᠭᠵᠢᠭᠰᠡᠨ ᠣᠷᠣᠨ ᠤ ᠠᠵᠤ ᠦᠢᠯᠡᠰ ᠤᠨ | ᠰᠢᠯᠵᠢᠯᠳᠡ ᠶᠢ ᠬᠦᠯᠢᠶᠡᠨ ᠠᠪᠴᠣ᠂ ᠬᠤᠳᠠᠯᠳᠣᠭᠠᠴᠢᠨ ᠤᠷᠢᠵᠦ ᠪᠡᠯᠡ ᠤᠷᠤᠭᠤᠯᠬᠤ ᠲᠦᠷᠦᠯ ᠵᠦᠢᠯ ᠢ 122 | ᠬᠦᠢᠴᠡᠳᠭᠡᠵᠦ᠂ ᠨᠢᠭᠡᠨᠳᠡ ᠤᠷᠤᠭᠤᠯᠤᠭᠰᠠᠨ ᠪᠡᠯᠡ ᠮᠦᠩᠬᠦ 106 ᠳ᠋ᠦᠩᠰᠢᠭᠤᠷ ᠲᠦᠭᠦᠷᠢᠭ ᠬᠦᠷᠴᠦ᠂ ᠬᠤᠪᠸᠢ | ᠶᠢᠨ ᠰᠢᠩ ᠹᠠ ᠶᠢᠨ ᠤᠷᠭᠠᠨᠢᠭ ᠴᠠᠬᠢᠭᠤᠷ᠂ ᠪᠤᠤ ᠡᠤ ᠪᠦᠯᠦᠭᠯᠡᠯ ᠤᠨ ᠨᠡᠭᠦᠷᠡᠰᠦᠳᠦ᠋ᠷᠦᠭᠴᠢᠳᠦ ᠮᠠᠲ᠋ᠧᠷᠢᠶᠠᠯ ᠤᠨ | ᠠᠵᠤ ᠦᠢᠯᠡᠰ ᠤᠨ ᠬᠦᠷᠢᠶᠡᠯᠡᠩ᠂ ᠺᠧ ᠱᠦᠸᠧ ᠲᠠᠷᠢᠶᠠᠯᠠᠩ ᠤᠨ ᠡᠮ ᠤᠨ ᠵᠠᠪᠰᠠᠷ ᠤᠨ ᠪᠡᠶ᠎ᠡ ᠵᠡᠷᠭᠡ ᠨᠢᠭᠡ ᠪᠦᠯᠦᠭ | ᠲᠦᠷᠦᠯ ᠵᠦᠢᠯ ᠬᠡᠷ᠎ᠡ ᠲᠤᠭᠳᠠᠵᠤ ᠨᠠᠶᠢᠳᠠᠪᠤᠷᠢᠵᠢᠪᠡ᠃ ᠬᠦᠷᠢᠶᠡᠯᠡᠩ ᠲᠤᠭᠤᠷᠢᠭ ᠢ ᠬᠦᠭᠵᠢᠬᠦᠯᠦᠨ ᠮᠠᠨᠳᠣᠭᠤᠯᠬᠤ | ᠦᠷ᠎ᠡ ᠪᠦᠲᠦᠮᠵᠢ ᠠᠩᠬ᠎ᠠ ᠢᠯᠡᠷᠡᠪᠡ᠃ ᠬᠤᠳᠠ ᠲᠤᠭᠤᠷᠢᠭ ᠠᠴᠠ 3.4 ᠳ᠋ᠦᠩᠰᠢᠭᠤᠷ ᠲᠦᠭᠦᠷᠢᠭ ᠤᠨ ᠪᠡᠯᠡ | ᠤᠷᠤᠭᠤᠯᠵᠤ᠂ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠢ 3392 ᠮᠤ᠋ ᠬᠤᠷᠢᠶᠠᠨ ᠠᠪᠴᠦ ᠨᠦᠭᠡᠴᠡᠯᠡᠪᠡ᠃ | ᠠᠶᠢᠮᠠᠭ ᠬᠤᠳᠠ ᠠᠯᠤᠰᠯᠠᠭᠰᠠᠨ ᠣᠰᠣᠨ ᠤ ᠡᠷᠭᠡ ᠶᠢ ᠲᠡᠮᠡᠴᠡᠨ ᠤᠯᠵᠤ ᠬᠠᠳᠣᠨ ᠭᠤᠤᠯ ᠤᠨ ᠣᠰᠣᠨ ᠤ | ᠬᠦᠢᠴᠡᠳᠭᠡᠯ ᠲᠤᠭ᠎ᠠ ᠶᠢ 744 ᠲᠦᠮᠡᠨ ᠪᠤᠰᠤᠭ᠎ᠠ ᠲᠦᠷᠪᠡᠯᠵᠢᠨ ᠮᠧᠲᠷ ᠰᠢᠯᠵᠢᠬᠦᠯᠵᠦ᠂ ᠤᠯᠠᠨ ᠡᠷᠦᠬᠡ ᠠᠵᠤ | ᠠᠬᠤᠶᠢᠯᠠᠯ ᠤᠨ ᠣᠰᠣ ᠬᠡᠷᠡᠭᠯᠡᠬᠦ ᠬᠦᠴᠢᠷᠳᠡᠯ ᠢ ᠰᠢᠢᠳᠪᠦᠷᠢᠯᠡᠪᠡ᠃ 10.4 ᠳ᠋ᠦᠩᠰᠢᠭᠤᠷ ᠲᠦᠭᠦᠷᠢᠭ ᠤᠨ ᠪᠡᠯᠡ | ᠣᠷᠣᠭᠤᠯᠵᠣ᠂ ᠵᠠᠮ᠂ ᠤᠰᠣ ᠬᠠᠩᠭᠠᠯᠳᠠ ᠵᠡᠷᠭᠡ ᠨᠢᠭᠡ ᠪᠦᠯᠦᠭ ᠰᠠᠭᠤᠷᠢ ᠲᠦᠬᠦᠬᠡᠷᠦᠮᠵᠢ ᠶᠢᠨ ᠲᠦᠷᠦᠯ ᠵᠦᠢᠯ ᠢ | ᠬᠡᠷᠡᠭᠵᠢᠬᠦᠯᠵᠦ᠂ ᠬᠦᠷᠢᠶᠡᠯᠡᠩ ᠲᠤᠭᠤᠷᠢᠭ ᠤᠨ ᠢᠵᠢ ᠪᠦᠷᠢᠲᠦᠭᠦᠯᠦᠭᠰᠡᠨ ᠲᠦᠬᠦᠭᠡᠷᠦᠮᠵᠢ ᠨᠡᠩ ᠲᠡᠭᠦᠯᠳᠡᠷᠵᠢᠪᠡ᠃ | ︵ᠭᠤᠷᠪᠠ︶ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠳᠤ ᠠᠩᠬᠠᠷᠣᠯ ᠢᠶᠠᠨ ᠲᠦᠪᠯᠡᠷᠡᠬᠦᠯᠦᠨ᠂ | ᠰᠢᠨ᠎ᠡ ᠬᠠᠭᠤᠴᠢᠨ ᠬᠦᠳᠡᠯᠭᠡᠭᠴᠢ ᠴᠢᠳᠠᠪᠤᠷᠢ ᠶᠢ ᠲᠦᠷᠭᠡᠳᠭᠡᠨ ᠬᠤᠪᠢᠷᠠᠭᠤᠯᠪᠠ᠃ | ᠰᠢᠨ᠎ᠡ ᠶᠢ ᠡᠭᠦᠳᠭᠦ ᠤᠳᠣᠷᠢᠲᠤᠮᠵᠢ ᠶᠢᠨ ᠴᠢᠳᠠᠪᠤᠷᠢ ᠶᠢᠨ ᠲᠡᠰ ᠲᠡᠭᠡᠭᠰᠢᠯᠡᠪᠡ᠃ ᠠᠵᠤ ᠠᠬᠤᠶᠢᠯᠠᠯ ᠶᠡᠭᠡ | ᠲᠡᠭᠡᠲᠦ ᠰᠣᠷᠭᠠᠭᠤᠯᠢ ᠰᠣᠳᠣᠯᠬᠤ ᠭᠠᠵᠠᠷ ᠤᠨ ᠬᠠᠮᠲᠤᠷᠠᠯᠴᠠᠭ᠎ᠠ ᠶᠢ ᠬᠦᠨᠵᠡᠭᠡᠶᠢᠷᠡᠭᠦᠯᠵᠦ᠂ ᠴᠡᠪᠡᠷ ᠨᠡᠭᠦᠷᠡᠰᠦᠨ ᠳᠤ | ᠰᠠᠭᠤᠷᠢᠯᠠᠭᠰᠠᠨ ᠠᠼᠧᠲᠵᠯᠸᠡ ᠤ ᠮᠡᠷᠭᠡᠵᠢᠯ ᠤᠨ ᠭᠤᠤᠯᠳᠠᠭᠠᠲᠤ ᠲᠤᠷᠰᠢᠯᠳᠠ ᠶᠢᠨ ᠲᠠᠰᠤᠭ᠂ ᠡᠾᠯᠤᠷᠳᠤ ᠱᠦᠯᠳᠤ | ᠶᠢᠨ ᠬᠢᠮᠢ ᠶᠢᠨ ᠠᠵᠤ ᠦᠢᠯᠡᠳᠪᠦᠷᠢ ᠶᠢᠨ ᠮᠡᠷᠭᠡᠵᠢᠯ ᠤᠨ ᠰᠣᠳᠣᠯᠭᠠᠨ ᠤ ᠲᠦᠪ ᠪᠠᠶᠢᠭᠤᠯᠤᠭᠳᠠᠵᠤ᠂ ᠣᠯᠣᠰ ᠤᠨ | ᠲᠡᠭᠡᠲᠤ ᠰᠢᠨ᠎ᠡ ᠮᠡᠷᠭᠡᠵᠢᠯ ᠤᠨ ᠠᠵᠤ ᠠᠬᠤᠶᠢᠯᠠᠯ 23 ᠡᠷᠦᠬᠡ ᠬᠦᠷᠴᠦ᠂ ᠦᠪᠡᠷᠳᠡᠭᠡᠨ ᠵᠠᠰᠠᠬᠤ ᠤᠷᠤᠨ ᠤ ᠠᠵᠤ | ᠠᠬᠤᠶᠢᠯᠠᠯ ᠤᠨ ᠰᠣᠳᠣᠯᠣᠨ ᠨᠡᠭᠡᠭᠡᠬᠦ ᠲᠦᠪ 19 ᠡᠷᠦᠭᠡ ᠬᠦᠷᠪᠡ᠃ ᠰᠠᠨᠰᠠᠷ ᠠᠶᠠᠯᠠᠯ ᠤᠨ ᠠᠷᠪᠠᠨ ᠬᠤᠶᠠᠳᠣᠭᠠᠷ | ᠬᠦᠷᠢᠶᠡᠯᠡᠩ ᠤᠨ ᠤᠰᠣᠳᠦ᠋ᠷᠣᠭ᠍ᠴᠢᠲᠤ ᠲᠡᠩᠴᠡᠯ ᠢᠶᠦᠨᠳᠣ ᠨᠡᠭᠦᠷᠡᠰᠦᠨ ᠠᠼᠧᠲ᠋ᠢᠯᠧᠡ ᠤ ᠴᠡᠷᠢᠭ ᠠᠷᠠᠳ | ᠤᠭᠤᠰᠣᠯᠴᠠᠭᠰᠠᠨ ᠲᠦᠷᠦᠯ ᠵᠦᠢᠯ ᠤᠨ ᠠᠬᠢᠯᠳᠠ ᠤᠷᠤᠭᠰᠢᠳᠠᠢ ᠪᠠᠶᠢᠵᠦ᠂ ᠮᠡᠳᠡᠭᠡ ᠵᠠᠩᠭᠢᠴᠢᠯᠠᠯᠳᠠ ᠪᠠ ᠠᠵᠤ | ᠦᠢᠯᠡᠳᠪᠦᠷᠢᠴᠢᠯᠡᠯᠳᠡ ᠠᠭᠤᠰᠣᠯᠴᠠᠨ ᠬᠦᠭᠵᠢᠬᠦ ᠵᠢᠭᠠᠯᠳᠠ ᠲᠤᠭ᠎ᠠ ᠦᠷᠭᠦᠯᠵᠢᠯᠡᠨ ᠬᠤᠶᠠᠷ ᠵᠢᠯ ᠪᠦᠬᠦ ᠤᠷᠤᠨ ᠳᠤ | ᠲᠡᠷᠢᠬᠦᠯᠡᠪᠡ᠃ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠲᠡᠭᠡᠭᠰᠢᠯᠡᠵᠦ ᠦᠷ᠎ᠡ ᠠᠰᠢᠭ ᠨᠡᠮᠡᠭᠳᠡᠪᠡ᠃ | ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 32.2 % ᠲᠡᠭᠡᠭᠰᠢᠯᠡᠪᠡ᠃ | ᠨᠡᠭᠦᠷᠡᠰᠦ ᠬᠡᠦᠷᠰᠢᠭᠦᠯᠬᠦ᠂ ᠡᠾᠯᠤᠷᠳᠤ ᠱᠦᠯᠳᠤ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ | ᠬᠡᠯᠬᠢᠶ᠎ᠡ ᠲᠠᠰᠣᠷᠠᠯᠳᠠ ᠦᠭᠡᠢ ᠦᠷᠭᠡᠳᠴᠦ᠂ ᠪᠦᠭᠡᠮᠨᠡᠷᠡᠭᠦᠯᠬᠦ ᠲᠠᠪᠠᠭᠤᠯᠢᠭ ᠲᠠᠯ᠎ᠠ ᠤᠯᠠᠮ ᠨᠢᠭᠡ ᠠᠯᠬᠤᠮ ᠢᠯᠡ | ᠲᠤᠳᠣ ᠪᠤᠯᠪᠠ᠃ ᠪᠡᠭᠡᠵᠢᠩ ᠤᠨ ᠵᠢᠶᠠᠨ ᠯᠦᠩ ᠪᠦᠯᠦᠭᠯᠡᠯ ᠢ ᠲᠠᠳᠠᠨ ᠤᠷᠤᠭᠤᠯᠵᠤ᠂ ᠪᠤᠭᠤᠲᠤ ᠶᠢᠨ ᠪᠤᠯᠤᠳ | ᠲᠡᠮᠦᠷ ᠤᠨ ᠸᠠᠨ ᠲᠧᠩ ᠤᠨ 200 ᠲᠦᠮᠡᠨ ᠲᠤᠨ ᠪᠤᠯᠤᠳ ᠲᠡᠮᠦᠷ ᠤᠨ ᠲᠦᠷᠦᠯ ᠵᠦᠢᠯ ᠢ ᠲᠠᠬᠢᠨ ᠪᠠᠶᠢᠭᠤᠯᠬᠤ | ᠶᠢ ᠠᠮᠵᠢᠯᠳᠡ ᠲᠠᠢ ᠪᠡᠶᠡᠯᠡᠬᠦᠯᠪᠡ᠃ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠶᠡᠷᠦᠩᠬᠡᠢ ᠦᠷᠳᠡᠭ 62 % | ᠨᠡᠮᠡᠭᠳᠡᠵᠦ᠂ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠲᠤ ᠡᠵᠡᠯᠡᠬᠦ | ᠬᠤᠪᠢ ᠶᠢᠨ ᠵᠢᠩ ᠨᠢ 11 % ᠬᠦᠷᠴᠦ᠂ ᠲᠦᠪᠯᠡᠷᠡᠯ ᠤᠨ ᠦᠷ᠎ᠡ ᠪᠦᠲᠦᠮᠵᠢ ᠢᠯᠡᠷᠭᠡᠢ ᠨᠡᠮᠡᠭᠳᠡᠪᠡ᠃ ᠪᠠᠶᠢᠯᠳᠣᠬᠤ | ᠪᠣᠳᠣᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠣᠭᠰᠠᠨ ᠠᠵᠤ ᠦᠢᠯᠡᠰ ᠦᠳᠳᠡᠷ ᠬᠦᠭᠵᠢᠵᠦ᠂ ᠲᠤᠮᠳᠠᠲᠤ ᠤᠯᠤᠰ ᠤᠨ | ᠭᠤᠸᠠᠩ ᠾᠧ ᠵᠡᠷᠭᠡ 7 ᠬᠡᠷᠡᠯ ᠴᠡᠨᠡᠭ ᠤᠨ ᠲᠦᠷᠦᠯ ᠲᠤᠤᠷ ᠲᠤ ᠨᠡᠶᠢᠯᠡᠨ ᠴᠠᠭᠢᠯᠭᠠᠨ ᠭᠠᠷᠭᠠᠵᠦ᠂ ᠵᠦᠩ ᠢᠦᠢ | ᠮᠠᠭᠨᠢ ᠶᠢᠨ ᠬᠠᠶᠢᠯᠤᠰᠢ ᠶᠢᠨ ᠬᠦᠷᠳᠦᠨ ᠤ ᠬᠦᠢᠰᠦ ᠵᠢᠴᠢ ᠮᠠᠭᠨᠢ ᠶᠢᠨ ᠬᠠᠶᠢᠯᠤᠰᠢ ᠶᠢᠨ ᠬᠠᠪᠳᠠᠰᠣ ᠬᠡᠯᠪᠡᠷᠢᠲᠤ | ᠮᠠᠲ᠋ᠧᠷᠢᠶᠠᠯ᠂ ᠵᠢᠩ ᠶᠦᠨ ᠲᠦᠩ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠦᠷᠦᠯ ᠵᠦᠢᠯ | ᠪᠠᠶᠢᠭᠤᠯᠤᠭᠳᠠᠵᠦ ᠲᠤᠷᠰᠢᠨ ᠦᠢᠯᠡᠳᠪᠦᠷᠢᠯᠡᠯ ᠡᠬᠢᠯᠡᠪᠡ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠰᠢᠨ᠎ᠡ | ᠪᠠᠶᠢᠳᠠᠯ ᠲᠠᠢ ᠪᠤᠯᠪᠠ᠃ ᠦᠢᠯᠡᠴᠢᠯᠡᠭᠡᠨ ᠤ ᠦᠢᠯᠡᠰ ᠤᠨ ᠨᠡᠮᠡᠭᠳᠡᠯ ᠦᠷᠳᠡᠭ GDP ᠶᠢᠨ ᠬᠤᠪᠢ ᠶᠢᠨ ᠵᠢᠩ ᠤᠨ | 37 % ᠶᠢ ᠡᠵᠡᠯᠡᠪᠡ᠃ ᠦᠬᠠᠢ ᠶᠢᠨ ᠬᠤᠶᠢᠲᠤ ᠦᠷᠳᠡᠭᠡᠨ ᠤ ᠪᠠᠷᠠᠭᠠᠨ ᠤ ᠲᠠᠯᠠᠪᠤᠷ ᠦᠨᠳᠦᠰᠦᠨ ᠳᠡᠭᠡᠨ | ᠪᠠᠶᠢᠭᠤᠯᠤᠭᠳᠠᠵᠦ᠂ ᠲᠤᠮᠳᠠᠲᠤ ᠤᠯᠤᠰ ᠤᠨ ᠬᠠᠳᠠᠭᠠᠯᠠᠬᠤ ᠲᠡᠭᠡᠭᠡᠪᠦᠷᠢᠯᠡᠬᠦ ᠪᠦᠯᠦᠭᠯᠡᠯ ᠤᠨ ᠨᠠᠨᠵᠢᠩ ᠤᠨ ᠤᠶᠤᠨᠲᠤ | ᠡᠳ᠋ ᠪᠠᠷᠠᠭᠠᠨ ᠤ ᠬᠦᠢᠯᠭᠡᠭᠡᠨ ᠤ ᠲᠦᠷᠦᠯ ᠵᠦᠢᠯ ᠨᠢ ᠪᠦᠬᠦ ᠣᠷᠣᠨ ᠤ ᠬᠠᠮᠤᠭ ᠠᠩᠬᠠᠨ ᠤ ᠲᠡᠷᠭᠡ ᠦᠭᠡᠢ | ᠲᠠᠭᠠᠭᠠᠴᠢᠯᠠᠨ ᠲᠡᠭᠡᠭᠡᠪᠦᠷᠢᠯᠡᠭᠴᠢ ᠶᠢᠨ ᠲᠤᠷᠰᠢᠯᠳᠠ ᠶᠢᠨ ᠴᠡᠭ ᠪᠤᠯᠵᠤ᠂ ᠦᠬᠠᠢ ᠶᠢᠨ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠦᠢᠯᠡᠴᠢᠯᠡᠬᠡᠨ ᠤ ᠲᠠᠪᠴᠠᠩ ᠣᠯᠣᠰ ᠤᠨ ᠢᠨᠲ᠋ᠧᠷ ᠰᠦᠯᠵᠢᠶᠡᠨ ᠬᠢᠭᠡᠳ | ᠦᠢᠯᠡᠳᠬᠦ ᠦᠢᠯᠡᠰ ᠠᠭᠤᠰᠣᠯᠴᠠᠨ ᠬᠦᠭᠵᠢᠬᠦ ᠲᠤᠷᠰᠢᠯᠳᠠ ᠶᠢᠨ ᠴᠡᠭ ᠢᠶᠠᠷ ᠰᠣᠩᠭᠤᠭᠳᠠᠪᠠ᠃ ᠵᠢᠭᠤᠯᠴᠢᠯᠠᠯ ᠤᠨ | ᠦᠢᠯᠡᠰ ᠤᠨ ᠬᠦᠭᠵᠢᠯᠳᠡ ᠲᠦᠷᠭᠡᠳᠴᠦ᠂ ᠦᠬᠠᠢ ᠨᠠᠭᠤᠷ ᠦᠪᠡᠷᠳᠡᠭᠡᠨ ᠵᠠᠰᠠᠬᠤ ᠤᠷᠤᠨ ᠤ ᠲᠡᠰ ᠤᠨ ᠵᠢᠭᠤᠯᠴᠢᠯᠠᠯ | ᠰᠡᠯᠡᠬᠦᠴᠡᠯ ᠤᠨ ᠣᠷᠣᠨ ᠢᠶᠠᠷ ᠦᠨᠡᠯᠡᠭᠳᠡᠵᠦ᠂ ᠯᠦᠩ ᠶᠢᠦ ᠸᠠᠨ ᠣᠯᠣᠰ ᠤᠨ ᠨᠤᠶᠢᠳᠠᠨ ᠭᠠᠵᠠᠷ ᠤᠨ ᠴᠡᠴᠡᠷᠯᠢᠭ | ᠪᠤᠯᠪᠠ᠃ ︽ᠦᠪᠦᠷ ᠮᠤᠩᠭᠤᠯ ᠤᠨ ᠴᠡᠴᠡᠭᠲᠤ ᠤᠯᠠᠷᠢᠯ · ᠦᠬᠠᠢ ᠶᠢᠨ ᠦᠵᠦᠮ ᠤᠨ ᠵᠢᠭᠤᠯᠴᠢᠯᠠᠯ ᠤᠨ ᠣᠯᠠᠷᠢᠯ | ︾ ᠵᠡᠷᠭᠡ ᠰᠢᠷᠢᠰ ᠠᠵᠢᠯᠯᠠᠭ᠎ᠠ ᠦᠷᠨᠢᠬᠦᠯᠵᠦ᠂ ᠪᠦᠬᠦ ᠵᠢᠯ ᠳᠤ 352 ᠲᠦᠮᠡᠨ ᠬᠦᠮᠦᠨ ᠤᠳᠠᠭᠠᠨ ᠤ ᠵᠤᠭᠠᠴᠠᠭᠰᠠᠳ | ᠢ ᠬᠦᠯᠢᠶᠡᠨ ᠠᠪᠴᠣ᠂ ᠪᠡᠶᠡᠯᠡᠬᠦᠯᠦᠭᠰᠡᠨ ᠵᠢᠭᠤᠯᠴᠢᠯᠠᠯ ᠤᠨ ᠣᠷᠣᠯᠭ᠎ᠠ 76 ᠳ᠋ᠦᠩᠰᠢᠭᠤᠷ ᠲᠦᠭᠦᠷᠢᠭ ᠬᠦᠷᠴᠦ᠂ | ᠲᠤᠰ ᠪᠦᠷᠢ 20 %᠂ 17.5 % ᠨᠡᠮᠡᠭᠳᠡᠵᠦ᠂ ︽ᠡᠯᠡᠰᠦᠨ ᠴᠦᠯ ᠲᠤ ᠢᠷᠡᠵᠦ ᠲᠠᠯᠠᠢ ᠦᠵᠡᠭᠡᠷᠡᠢ︾ ᠬᠡᠬᠦ | ᠵᠢᠭᠤᠯᠴᠢᠯᠠᠯ ᠤᠨ ᠨᠦᠯᠦᠭᠡᠯᠡᠬᠦ ᠬᠦᠴᠦᠨ ᠢ ᠦᠷᠬᠦᠯᠵᠢᠯᠡᠨ ᠲᠡᠭᠡᠭᠰᠢᠯᠡᠬᠦᠯᠪᠡ᠃ ᠮᠦᠩᠬᠦᠨ ᠬᠦᠢᠯᠭᠡᠭᠡᠨ ᠤ ᠦᠢᠯᠡᠰ | ᠤᠨ ᠪᠤᠳᠠᠲᠤ ᠠᠵᠤ ᠠᠬᠤᠢ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠨᠢ ᠨᠡᠩ ᠲᠤᠪᠤᠶᠢᠵᠦ᠂ ᠵᠦᠢ ᠪᠤᠰᠣ | ᠵᠢᠭᠡᠯᠡᠯᠭᠡ ᠶᠢᠨ ᠦᠯᠡᠳᠡᠪᠦᠷᠢ ᠲᠤᠭ᠎ᠠ ᠪᠠ ᠵᠢᠭᠡᠯᠡᠯᠭᠡ ᠶᠢᠨ ᠵᠦᠢ ᠪᠤᠰᠣ ᠨᠤᠷᠮ᠎ᠠ ︽ᠬᠤᠤᠰ ᠲᠤᠷᠤᠭᠰᠢᠯᠠᠬᠤ︾ ᠶᠢ | ᠪᠡᠶᠡᠯᠡᠬᠦᠯᠪᠡ᠃ ᠦᠬᠠᠢ ᠶᠢᠨ ᠪᠠᠩᠬᠢ ᠬᠦᠷᠦᠩᠭᠡ ᠪᠠᠨ ᠨᠡᠮᠭᠳᠡᠭᠦᠯᠦᠨ ᠬᠤᠪᠢᠴᠠᠭ᠎ᠠ ᠪᠠᠨ ᠦᠷᠭᠡᠳᠬᠡᠵᠦ᠂ | ᠦᠪᠡᠷᠳᠡᠭᠡᠨ ᠵᠠᠰᠠᠬᠤ ᠤᠷᠤᠨ ᠤ ᠬᠠᠮᠤᠭ ᠠᠩᠬᠠᠨ ᠤ ᠬᠤᠰᠢᠭᠤ ᠰᠢᠶᠠᠨ ᠤ ᠱᠠᠳᠣᠨ ᠤ ᠬᠤᠪᠢᠴᠠᠭᠠᠨ ᠤ ᠡᠷᠭᠡ ᠶᠢᠨ | ᠠᠷᠢᠯᠵᠢᠶᠠᠨ ᠤ ᠠᠵᠢᠯᠯᠠᠬᠤ ᠦᠷᠳᠡᠭᠡ ᠶᠢ ᠪᠠᠶᠢᠭᠤᠯᠵᠤ᠂ ᠮᠠᠨ ᠤ ᠬᠤᠳᠠ ᠶᠢᠨ ᠬᠠᠮᠤᠭ ᠠᠩᠬᠠᠨ ᠤ ᠨᠡᠪᠴᠢᠭᠦᠯᠬᠦ | ᠬᠡᠰᠡᠭ ᠤᠨ ᠠᠵᠤ ᠠᠬᠤᠶᠢᠯᠠᠯ ᠦᠪᠦᠷ ᠮᠤᠩᠭᠤᠯ ᠤᠨ ᠬᠤᠪᠢᠴᠠᠭᠠᠨ ᠤ ᠡᠷᠭᠡ ᠶᠢᠨ ᠠᠷᠢᠯᠵᠢᠶᠠᠨ ᠤ ᠲᠦᠪ ᠲᠤ | ᠫᠠᠶᠢᠰᠠ ᠡᠯᠬᠦᠵᠦ᠂ ᠤᠯᠠᠨ ᠲᠠᠪᠬᠤᠷᠭᠠᠲᠤ ᠬᠦᠷᠦᠩᠭᠡ ᠶᠢᠨ ᠵᠠᠬ᠎ᠠ ᠲᠡᠯᠭᠡᠬᠦᠷ ᠢ ᠲᠦᠷᠭᠡᠳᠭᠡᠨ ᠪᠦᠷᠢᠯᠳᠦᠬᠦᠯᠪᠡ᠃ | ︵ᠲᠦᠷᠪᠡ︶ ᠬᠤᠳᠠ ᠬᠦᠳᠡᠭᠡ ᠶᠢ ᠠᠭᠤᠰᠣᠯᠴᠠᠭᠤᠯᠬᠤ ᠳᠤ ᠠᠩᠬᠠᠷᠣᠯ ᠢᠶᠠᠨ ᠲᠦᠪᠯᠡᠷᠡᠬᠦᠯᠦᠨ᠂ ᠣᠷᠣᠨ | ᠰᠠᠭᠤᠴᠠ ᠶᠢᠨ ᠤᠷᠴᠢᠨ ᠲᠤᠭᠤᠷᠢᠨ ᠢ ᠢᠯᠡᠷᠭᠡᠢ ᠰᠠᠶᠢᠵᠢᠷᠠᠭᠤᠯᠪᠠ᠃ | ᠬᠤᠳᠠ ᠶᠢᠨ ᠴᠢᠳᠠᠮᠵᠢ ᠲᠠᠰᠣᠷᠠᠯᠳᠠ ᠦᠭᠡᠢ ᠲᠡᠭᠦᠯᠳᠡᠷᠵᠢᠪᠡ᠃ ︽ᠤᠯᠠᠨ ᠲᠦᠯᠦᠪᠵᠢᠬᠦᠯᠭᠡ ᠶᠢ | ᠨᠢᠬᠡᠳᠦᠬᠦᠯᠬᠦ︾ ᠲᠤᠷᠰᠢᠯᠳᠡ ᠶᠢᠨ ᠴᠡᠭ ᠢ ᠡᠬᠢᠯᠡᠬᠦᠯᠵᠦ᠂ ᠰᠢᠨ᠎ᠡ ᠨᠢᠭᠡᠨ ᠡᠭᠡᠯᠵᠢ ᠶᠢᠨ ᠬᠤᠳᠠ ᠶᠢᠨ ᠶᠡᠷᠦᠩᠬᠡᠢ | ᠲᠦᠯᠦᠪᠵᠢᠬᠦᠯᠬᠡ ᠶᠢ ᠵᠠᠰᠠᠪᠤᠷᠢᠯᠠᠨ ᠨᠠᠶᠢᠷᠠᠭᠤᠯᠵᠤ᠂ ᠠᠮᠢ ᠠᠬᠤᠢ ᠶᠢ ᠰᠡᠷᠭᠦᠬᠡᠨ ᠰᠠᠶᠢᠵᠢᠷᠠᠭᠤᠯᠬᠤ᠂ ᠬᠤᠳᠠ ᠶᠢᠨ | ᠲᠤᠭᠤᠷᠢᠭ ᠢ ᠵᠠᠰᠠᠨ ᠰᠢᠨᠡᠳᠭᠡᠬᠦ ᠵᠡᠷᠭᠡ 16 ᠲᠤᠰᠬᠠᠢ ᠲᠦᠷᠦᠯ ᠤᠨ ᠲᠦᠯᠦᠪᠵᠢᠬᠦᠯᠬᠡ ᠶᠢ ᠰᠢᠮᠳᠠᠨ ᠨᠠᠶᠢᠷᠠᠭᠤᠯᠪᠠ᠃ | 217 ᠮᠤᠵᠢ ᠶᠢᠨ ᠵᠠᠮ ᠤᠨ ᠬᠤᠳᠠ ᠲᠤᠭᠤᠷᠢᠭᠰᠠᠨ ᠬᠡᠰᠡᠭ ᠤᠨ ᠤᠳᠣᠷᠢᠳᠣᠮᠵᠢ ᠵᠠᠮ ᠤᠨ ᠢᠨᠵᠧᠨᠧᠷᠢᠩ᠂ | ᠭᠠᠨᠳᠠᠷᠢ ᠵᠡᠭᠡᠯᠢ ᠶᠢᠨ ᠵᠠᠰᠠᠮᠠᠯ ᠵᠠᠮ ᠲᠡᠮᠦᠷ ᠵᠠᠮ ᠤᠨ ᠵᠦᠷᠢᠯᠢᠭ ᠬᠦᠬᠦᠷᠭᠡ ᠶᠢᠨ ᠪᠠᠷᠢᠯᠭ᠎ᠠ ᠡᠬᠢᠯᠡᠵᠦ᠂ 110 | ᠣᠯᠣᠰ ᠤᠨ ᠵᠠᠮ ᠤᠨ ᠦᠬᠠᠢ ᠶᠢᠨ ᠬᠠᠲᠤᠨ ᠭᠤᠤᠯ ᠤᠨ ᠤᠨᠴᠠ ᠶᠡᠭᠡ ᠬᠦᠬᠦᠷᠭᠡ ᠶᠢᠨ ᠭᠤᠤᠯ ᠴᠤᠭᠴᠠ ᠨᠡᠶᠢᠯᠡᠵᠦ | ᠂ ᠿᠦᠩ ᠡᠤ ︵ᠿᠦᠩ ᠴᠧᠩ — ᠦᠬᠠᠢ︶ ᠦᠨᠳᠦᠷ ᠬᠤᠷᠳᠣᠴᠠᠲᠤ ᠵᠠᠮ ᠤᠨ ᠦᠬᠠᠢ ᠶᠢᠨ ᠬᠡᠰᠡᠭ | ᠪᠠᠶᠢᠭᠤᠯᠤᠭᠳᠠᠪᠠ᠃ ᠦᠬᠠᠢ ᠶᠢᠨ ᠨᠢᠰᠭᠡᠯ ᠤᠨ ᠪᠠᠭᠤᠳᠠᠯ ᠤᠨ ᠠᠶᠠᠨᠴᠢᠳ ᠣᠷᠣᠭᠤᠯᠵᠤ ᠭᠠᠷᠭᠠᠭᠰᠠᠨ ᠬᠡᠮᠵᠢᠶ᠎ᠡ 48. | 1 ᠲᠦᠮᠡᠨ ᠬᠦᠮᠦᠨ ᠤᠳᠠᠭ᠎ᠠ ᠬᠦᠷᠴᠦ᠂ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 5.9 % ᠨᠡᠮᠡᠭᠳᠡᠪᠡ | ᠃ ᠬᠠᠲᠤᠨ ᠭᠤᠤᠯ ᠤᠨ ᠬᠠᠶᠢᠷᠣᠪ ᠤᠨ ᠲᠤᠬᠤᠢ ᠶᠢᠨ ᠣᠰᠣᠨ ᠠᠰᠢᠭᠯᠠᠯᠳᠠ ᠶᠢᠨ ᠬᠦᠢᠰᠦ ᠪᠠᠷᠢᠯᠭ᠎ᠠ ᠶᠢᠨ | ᠢᠨᠵᠧᠨᠧᠷᠢᠩ ᠪᠠᠷᠢᠯᠭ᠎ᠠ ᠲᠠᠭᠤᠰᠣᠭᠰᠠᠨ ᠰᠢᠯᠭᠠᠨ ᠬᠤᠷᠢᠶᠠᠯᠳᠠ ᠶᠢ ᠦᠩᠭᠡᠷᠡᠭᠡᠪᠡ᠃ 14 ᠵᠤᠷᠪᠤᠰ ᠵᠠᠮ ᠵᠡᠬᠡᠯᠢ ᠶᠢ | ᠰᠢᠨᠡᠳᠭᠡᠨ ᠪᠠᠶᠢᠭᠤᠯᠵᠤ᠂ ᠬᠤᠳᠠ ᠶᠢᠨ ᠠᠷᠠᠳ ᠤᠨ ᠲᠦᠪ ᠤᠨ ᠡᠮᠦᠨ᠎ᠡ ᠵᠠᠮ ᠵᠡᠷᠭᠡ 9 ᠵᠤᠷᠪᠤᠰ ᠮᠤᠬᠤᠷ ᠵᠠᠮ ᠢ | ᠨᠡᠪᠳᠡᠷᠡᠭᠦᠯᠵᠦ᠂ ᠶᠠᠪᠠᠭᠠᠨ ᠵᠠᠮ ᠢ 4.5 ᠲᠦᠮᠡᠨ ᠲᠡᠭᠰᠢ ᠲᠦᠷᠪᠡᠯᠵᠢᠨ ᠮᠧᠲᠷ ᠦᠭᠡᠷᠡᠴᠢᠯᠡᠨ ᠵᠠᠰᠠᠪᠠ᠃ ᠨᠡᠶᠢᠳᠡ | ᠶᠢᠨ ᠵᠠᠮ ᠬᠠᠷᠢᠯᠴᠠᠭᠠᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠪᠡᠶᠡᠯᠡᠬᠦᠯᠵᠦ᠂ 100 ᠰᠠᠤᠷᠢ ᠰᠢᠨ᠎ᠡ ᠡᠨᠧᠷᠭᠢ | ᠶᠢᠨ ᠶᠢᠨ ᠨᠡᠶᠢᠳᠡ ᠶᠢᠨ ᠮᠠᠰᠢᠨ ᠲᠡᠷᠭᠡ ᠬᠤᠳᠠᠯᠳᠣᠨ ᠠᠪᠤᠪᠠ᠃ ᠢᠯᠴᠢ ᠬᠠᠩᠭᠠᠬᠤ᠂ ᠬᠡᠢ ᠬᠠᠩᠭᠠᠬᠤ ᠵᠡᠷᠭᠡ | ᠬᠤᠭᠤᠯᠠᠢ ᠶᠢᠨ ᠲᠤᠤᠷ ᠢ 156 ᠺᠢᠯᠤᠮᠧᠲᠷ ᠰᠢᠨ᠎ᠡ ᠪᠠᠷ ᠪᠠᠶᠢᠭᠤᠯᠤᠭᠰᠠᠨ ᠪᠤᠶᠤ ᠦᠬᠡᠷᠡᠴᠢᠯᠡᠨ ᠪᠠᠶᠢᠭᠤᠯᠵᠤ᠂ | ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠮᠠᠰᠢᠨᠴᠢᠯᠠᠭᠰᠠᠨ ᠱᠦᠬᠦᠷᠳᠡᠬᠦ ᠨᠤᠷᠮ᠎ᠠ 85 % ᠠᠴᠠ ᠲᠡᠭᠡᠭᠰᠢ | ᠪᠤᠯᠪᠠ᠃ ᠠᠷᠠᠳ ᠲᠤ ᠲᠦᠬᠦᠮ ᠵᠠᠬ᠎ᠠ ᠲᠡᠯᠬᠡᠬᠦᠷ 21 ᠪᠠᠶᠢᠭᠤᠯᠤᠭᠳᠠᠵᠤ᠂ ᠲᠡᠷᠭᠡ ᠵᠤᠭᠰᠣᠭᠠᠬᠤ ᠪᠠᠶᠢᠷᠢ 2 | ᠲᠦᠮᠡ ᠤᠷᠴᠢᠮ ᠰᠢᠨ᠎ᠡ ᠪᠠᠷ ᠨᠡᠮᠡᠭᠳᠡᠵᠦ᠂ 24 ᠨᠡᠶᠢᠳᠡ ᠶᠢᠨ ᠵᠤᠷᠯᠤᠩ ᠶᠢᠨ ᠰᠢᠨ᠎ᠡ ᠪᠠᠷ ᠪᠠᠶᠢᠭᠤᠯᠤᠭᠰᠠᠨ ᠪᠤᠶᠤ | ᠦᠬᠡᠷᠡᠴᠢᠯᠡᠨ ᠪᠠᠶᠢᠭᠤᠯᠪᠠ᠃ ᠣᠳᠠ ᠪᠤᠯᠤᠨ ᠬᠠᠶᠢᠨᠠᠨ ᠤ ᠤᠰᠤ ᠴᠡᠪᠡᠷᠰᠢᠭᠦᠯᠬᠦ ᠤᠶᠢᠯᠡᠳᠪᠤᠷᠢ ᠶᠢᠨ ᠭᠤᠤᠯ | ᠴᠤᠭᠴᠠ ᠨᠢᠭᠡᠨᠳᠡ ᠪᠠᠷᠢᠯᠭ᠎ᠠ ᠲᠠᠭᠤᠰᠴᠦ᠂ ᠬᠠᠶᠢᠷᠣᠪ ᠤᠨ ᠲᠤᠬᠤᠢ ᠶᠢᠨ ᠬᠤᠶᠢᠲᠤ ᠬᠡᠰᠡᠭ ᠤᠨ ᠤᠰᠤ | ᠴᠡᠪᠡᠷᠰᠢᠭᠦᠯᠬᠦ ᠤᠶᠢᠯᠡᠳᠪᠤᠷᠢ ᠶᠢᠨ ᠲᠦᠷᠦᠯ ᠵᠦᠢᠯ ᠤᠨ ᠠᠬᠢᠴᠠ ᠣᠷᠣᠭᠰᠢᠳᠠᠢ ᠪᠠᠶᠢᠨ᠎ᠠ᠃ 3 ᠳ᠋ᠦᠩᠰᠢᠭᠤᠷ | ᠲᠦᠭᠦᠷᠢᠭ ᠣᠷᠴᠢᠮ ᠪᠡᠯᠡ ᠣᠷᠣᠭᠤᠯᠵᠣ᠂ ᠦᠬᠠᠢ ᠨᠠᠭᠤᠷ ᠤᠨ ᠬᠤᠶᠠᠷ ᠡᠷᠭᠢ ᠵᠡᠷᠭᠡ 10 ᠭᠤᠤᠯᠳᠠᠯᠭᠠᠲᠤ | ᠨᠤᠭᠤᠭᠠᠷᠠᠭᠤᠯᠤᠯᠳᠠ ᠶᠢᠨ ᠲᠦᠷᠦᠯ ᠵᠦᠢᠯ ᠢ ᠬᠡᠷᠡᠭᠵᠢᠬᠦᠯᠵᠦ᠂ ᠤᠶᠢᠵᠢᠭᠤᠯᠵᠤ ᠨᠤᠭᠤᠭᠠᠷᠠᠭᠤᠯᠤᠭᠰᠠᠨ ᠲᠠᠯᠠᠪᠠᠢ 1. | 5 ᠲᠦᠮᠡᠨ ᠮᠤ᠋ ᠬᠦᠷᠪᠡ᠃ ᠭᠠᠨᠳᠠᠷᠢ ᠠᠭᠤᠯᠠ᠂ ᠬᠠᠲᠤᠨ ᠭᠤᠤᠯ ᠤᠨ ᠶᠡᠭᠡ ᠭᠦᠬᠦᠷᠭᠡ ᠵᠡᠷᠭᠡ ᠨᠢᠭᠡ ᠪᠦᠯᠦᠭ | ᠬᠡᠷᠡᠯᠳᠦᠬᠦᠯᠬᠡ ᠶᠢᠨ ᠢᠨᠵᠧᠨᠧᠷᠢᠩ ᠢ ᠲᠦᠷᠭᠡᠳᠭᠡᠨ ᠠᠭᠢᠭᠤᠯᠵᠤ᠂ ᠬᠤᠳᠠ ᠶᠢᠨ ᠲᠤᠭᠤᠷᠢᠭ ᠤᠨ ᠰᠦᠨᠢ ᠶᠢᠨ | ᠦᠵᠡᠮᠵᠢ ᠶᠢᠨ ᠬᠡᠷᠡᠯᠳᠦᠬᠦᠯᠬᠡ ᠶᠢᠨ ᠲᠦᠪᠰᠢᠨ ᠪᠦᠬᠦ ᠲᠠᠯ᠎ᠠ ᠪᠠᠷ ᠲᠡᠭᠡᠭᠰᠢᠯᠡᠪᠡ᠃ ᠤᠯᠤᠰ ᠤᠨ ᠪᠤᠯᠪᠠᠰᠣᠨ ᠬᠤᠳᠠ | ᠪᠠ ᠣᠯᠣᠰ ᠤᠨ ᠡᠷᠡᠭᠦᠯ ᠬᠠᠮᠠᠭᠠᠯᠠᠯ ᠤᠨ ᠬᠤᠳᠠ ᠴᠤᠭᠴᠠᠯᠠᠨ ᠪᠠᠶᠢᠭᠤᠯᠬᠤ ᠪᠠᠷ ᠪᠠᠷᠢᠴᠠ ᠪᠤᠯᠭᠠᠨ᠂ ᠤᠷᠴᠢᠨ | ᠲᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠲᠠᠪᠤᠨ ᠶᠡᠭᠡ ᠲᠤᠰᠬᠠᠢ ᠠᠵᠢᠯᠯᠠᠭ᠎ᠠ | ᠢᠯᠡᠷᠭᠡᠢ ᠦᠷ᠎ᠡ ᠪᠦᠲᠦᠮᠵᠢ ᠤᠯᠪᠠ᠃ ᠵᠠᠮ ᠬᠠᠷᠢᠯᠴᠠᠭᠠᠨ ᠤ ᠡᠮᠬᠢ ᠲᠢᠭᠯᠢᠮ ᠤᠨ ᠬᠠᠮᠢᠶᠠᠷᠣᠯᠳᠠ ᠡᠵᠡᠮᠰᠢᠯ ᠢᠶᠠᠨ | ᠴᠢᠩᠭᠠᠳᠬᠠᠨ᠂ ᠭᠤᠤᠯ ᠪᠤᠯᠬᠤ ᠵᠠᠮ ᠬᠠᠷᠢᠯᠴᠠᠭᠠᠨ ᠤ ᠵᠠᠮ ᠤᠨ ᠠᠭᠤᠯᠵᠠᠷ ᠤᠨ ᠨᠡᠪᠳᠡᠷᠡᠬᠦ ᠪᠦᠲᠦᠮᠵᠢ 30 % | ᠲᠡᠭᠡᠭᠰᠢᠯᠡᠪᠡ᠃ ᠬᠤᠳᠠ ᠶᠢᠨ ᠬᠠᠮᠢᠶᠠᠷᠣᠯᠳᠠ ᠶᠢᠨ ᠬᠠᠤᠯᠢ ᠬᠡᠷᠡᠭᠵᠢᠬᠦᠯᠬᠦ ᠦᠬᠡᠷᠡᠴᠢᠯᠡᠯᠳᠡ ᠶᠢ ᠪᠡᠶᠡᠯᠡᠬᠦᠯᠵᠦ᠂ | ᠬᠤᠳᠠ ᠶᠢᠨ ᠦᠵᠡᠮᠵᠢ ᠤᠷᠴᠢᠨ ᠲᠤᠭᠤᠷᠢᠨ ᠤ ᠡᠷᠡᠭᠦᠯ ᠬᠠᠮᠠᠭᠠᠯᠠᠯ᠂ ᠬᠤᠳᠠ ᠶᠢᠨ ᠶᠠᠪᠤᠳᠠᠯ ᠤᠨ ᠨᠡᠶᠢᠳᠡ ᠶᠢᠨ | ᠬᠡᠷᠡᠭᠯᠡᠭᠡ᠂ ᠴᠡᠴᠡᠷᠯᠢᠭᠵᠢᠬᠦᠯᠭᠡ ᠶᠢᠨ ᠨᠤᠭᠤᠭᠠᠷᠠᠭᠤᠯᠣᠯᠳᠠ ᠳᠤ ᠨᠢᠭᠡᠳᠦᠯᠳᠡᠢ ᠬᠠᠤᠯᠢ ᠬᠡᠷᠡᠭᠵᠢᠬᠦᠯᠬᠦ ᠶᠢ ᠪᠠᠶᠡᠯᠡᠬᠦᠯᠪᠡ | ᠃ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠶᠢ ᠪᠦᠬᠦ ᠲᠠᠯ᠎ᠠ ᠪᠠᠷ ᠡᠬᠢᠯᠡᠭᠦᠯᠪᠡ᠃ ᠲᠠᠷᠢᠶᠠᠯᠠᠬᠤ ᠤᠷᠤᠨ | ᠤ ᠣᠷᠣᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠰᠠᠶᠢᠵᠢᠷᠠᠭᠤᠯᠬᠤ ᠭᠤᠷᠪᠠᠨ ᠵᠢᠯ ᠤᠨ ᠠᠵᠢᠯᠯᠠᠭ᠎ᠠ ᠶᠢ | ᠪᠦᠬᠦ ᠲᠠᠯ᠎ᠠ ᠪᠠᠷ ᠡᠬᠢᠯᠡᠬᠦᠯᠵᠦ᠂ ᠬᠦᠷᠢᠶ᠎ᠠ ᠬᠠᠰᠢᠶᠠᠨ ᠤ ᠲᠦᠷᠢ ᠲᠦᠷᠬᠦ ᠶᠢ ᠴᠡᠭᠴᠡᠯᠡᠨ ᠰᠠᠶᠢᠵᠢᠷᠠᠭᠤᠯᠬᠤ ᠶᠢ | ᠦᠷᠭᠡᠨ ᠢᠶᠠᠷ ᠦᠷᠨᠢᠬᠦᠯᠵᠦ᠂ ᠲᠠᠷᠢᠶᠠᠯᠠᠬᠤ ᠤᠷᠤᠨ ᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠱᠦᠬᠦᠷᠳᠡᠨ | ᠠᠷᠢᠯᠭᠠᠬᠤ ᠪᠠ ᠬᠤᠭ ᠨᠤᠪᠰᠢ ᠶᠢ ᠰᠢᠢᠳᠪᠦᠷᠢᠯᠡᠬᠦ ᠶᠢ ᠲᠤᠶᠢᠯᠪᠤᠷᠢᠳᠠᠢ ᠪᠡᠶᠡᠯᠡᠬᠦᠯᠪᠡ᠃ ᠲᠠᠷᠢᠶᠠᠯᠠᠬᠤ ᠤᠷᠤᠨ ᠤ | ᠨᠠᠰᠣᠳᠠᠶᠢᠴᠣᠳ ᠢ ᠠᠰᠠᠷᠠᠬᠤ ᠦᠢᠯᠡᠴᠢᠯᠡᠭᠡᠨ ᠤ ᠲᠦᠪ ᠢ 10 ᠪᠠᠶᠢᠭᠤᠯᠵᠤ᠂ ᠲᠠᠷᠢᠶᠠᠯᠠᠬᠤ ᠤᠷᠤᠨ ᠤ ᠨᠡᠶᠢᠳᠡ | ᠶᠢᠨ ᠮᠠᠰᠢᠨ ᠨᠡᠪᠳᠡᠷᠡᠭᠰᠡᠨ ᠨᠤᠷᠮ᠎ᠠ 92 % ᠲᠤ ᠬᠦᠷᠪᠡ᠃ ᠵᠤᠭᠠᠴᠠᠨ ᠲᠤᠭᠤᠷᠢᠵᠦ ᠨᠤᠭᠤᠭ᠎ᠠ ᠵᠢᠮᠢᠰ ᠲᠡᠬᠦᠬᠦ᠂ | ᠲᠠᠷᠢᠵᠦ ᠤᠷᠭᠤᠭᠤᠯᠤᠨ ᠬᠤᠪᠢᠳᠠᠨ ᠠᠷᠠᠴᠢᠯᠠᠬᠤ ᠵᠡᠷᠭᠡ ᠰᠡᠯᠡᠬᠦᠴᠡᠯ ᠤᠨ ᠲᠠᠷᠢᠶᠠᠯᠠᠩ ᠦᠳᠳᠡᠷ ᠬᠦᠭᠵᠢᠵᠦ᠂ | ᠰᠢᠨ᠎ᠡ ᠪᠠᠷ ᠢᠳᠡᠬᠦ ᠦᠵᠦᠮ ᠵᠡᠷᠭᠡ 3 ᠰᠠᠭᠤᠷᠢ ᠮᠢᠩᠭᠠᠨ ᠮᠤ᠋ ᠶᠢᠨ ᠰᠠᠭᠤᠷᠢᠨ ᠭᠠᠵᠠᠷ ᠤᠨ ᠢᠨᠵᠧᠨᠧᠷᠢᠩ ᠤᠨ | ᠪᠦᠲᠦᠭᠡᠨ ᠪᠠᠶᠢᠭᠤᠯᠤᠯᠳᠠ ᠶᠢ ᠡᠬᠢᠯᠡᠬᠦᠯᠵᠦ᠂ ᠪᠠᠶᠢᠭᠠᠯᠢ ᠶᠢᠨ ᠡᠨᠧᠷᠭᠢ ᠶᠢᠨ ᠤᠶᠤᠨᠲᠤ ᠲᠠᠷᠢᠶᠠᠯᠠᠩ ᠤᠨ ᠲᠦᠷᠦᠯ | ᠤᠨ ᠠᠬᠢᠴᠠ ᠤᠷᠤᠭᠰᠢᠳᠠᠢ ᠪᠠᠶᠢᠨ᠎ᠠ᠃ ᠲᠤᠯᠤᠭᠠᠶᠢᠠᠯᠭᠴᠢ ᠠᠵᠤ ᠠᠬᠤᠶᠢᠯᠠᠯ ᠬᠢᠭᠡᠳ ᠲᠠᠷᠢᠶᠠᠴᠢᠨ ᠡᠷᠦᠭᠡ ᠶᠢᠨ | ᠠᠰᠢᠭ ᠲᠤᠰᠠ ᠪᠠᠨ ᠬᠤᠯᠪᠤᠬᠤ ᠲᠤᠭᠳᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠲᠠᠷᠢᠶᠠᠯᠠᠬᠤ ᠤᠷᠤᠨ ᠤ | ᠰᠠᠭᠤᠭᠠᠯᠢ ᠠᠷᠠᠳ ᠢ ᠲᠠᠶᠢᠴᠢᠯᠠᠨ ᠡᠷᠦᠭᠡ ᠪᠦᠷᠢ ᠶᠢᠨ ᠲᠡᠭᠰᠢᠳᠭᠡᠭᠰᠡᠨ ᠤᠷᠤᠯᠭ᠎ᠠ 1.5 ᠲᠦᠮᠡᠨ ᠲᠦᠬᠦᠷᠢᠭ | ᠨᠡᠮᠡᠭᠳᠡᠪᠡ᠃ ᠬᠦᠳᠡᠭᠡ ᠲᠤᠰᠬᠤᠨ ᠤ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠲᠦᠷᠭᠡᠳᠭᠡᠨ᠂ ᠬᠠᠮᠲᠤ ᠶᠢᠨ | ᠦᠮᠴᠢᠯᠡᠯ ᠤᠨ ᠡᠷᠭᠡ ᠶᠢᠨ ᠲᠦᠷᠢᠮ ᠤᠨ ᠦᠭᠡᠷᠡᠴᠢᠯᠡᠯᠳᠡ᠂ ᠭᠠᠵᠠᠷ ᠰᠢᠷᠣᠢ ᠲᠠᠭᠠᠭᠠᠴᠢᠯᠠᠨ ᠡᠵᠡᠩᠨᠡᠬᠦ ᠡᠷᠭᠡ ᠶᠢ | ᠲᠤᠲᠤᠯᠠᠨ ᠲᠤᠭᠳᠠᠭᠠᠨ ᠲᠠᠩᠰᠠᠯᠠᠵᠤ ᠦᠨᠡᠮᠯᠡᠯ ᠣᠯᠭᠤᠬᠤ ᠠᠵᠢᠯ ᠢ ᠦᠨᠳᠦᠰᠦᠨ ᠳᠡᠭᠡᠨ ᠪᠡᠶᠡᠯᠡᠬᠦᠯᠵᠦ᠂ ᠭᠠᠵᠠᠷ | ᠰᠢᠷᠣᠢ ᠡᠪᠡᠰᠦ ᠪᠡᠯᠴᠢᠭᠡᠷ ᠤᠨ ︽ᠭᠤᠷᠪᠠᠨ ᠡᠷᠭᠡ︾ ᠶᠢ ᠰᠠᠯᠭᠠᠬᠤ ᠦᠭᠡᠷᠡᠴᠢᠯᠡᠯᠳᠡ ᠶᠢ ᠤᠷᠤᠭᠰᠢᠳᠠᠢ ᠠᠬᠢᠭᠤᠯᠪᠠ᠃ | ᠠᠹᠷᠵᠺᠠ ᠲᠵᠪ ᠤᠨ ᠭᠠᠭ᠋ᠠᠢ ᠶᠢᠨ ᠬᠢᠵᠢᠭ ᠢ ᠴᠢᠩᠭ᠎ᠠ ᠰᠡᠷᠭᠡᠶᠢᠯᠡᠵᠦ᠂ ᠬᠢᠵᠢᠭ ᠤᠨ ᠪᠠᠶᠢᠳᠠᠯ ︽ᠦᠯᠦ ᠡᠬᠦᠰᠬᠦ︾ ᠶᠢ | ᠪᠡᠶᠡᠯᠡᠬᠦᠯᠪᠡ᠃ | ︵ᠲᠠᠪᠤ︶ ᠦᠬᠡᠷᠡᠴᠢᠯᠡᠯᠳᠡ ᠨᠡᠭᠡᠭᠡᠯᠳᠡ ᠳᠤ ᠠᠩᠬᠠᠷᠣᠯ ᠢᠶᠠᠨ ᠲᠦᠪᠯᠡᠷᠡᠬᠦᠯᠦᠨ᠂ ᠬᠦᠭᠵᠢᠯᠳᠡ ᠶᠢᠨ | ᠬᠦᠳᠡᠯᠭᠡᠭᠴᠢ ᠬᠦᠴᠦᠨ ᠢᠶᠠᠨ ᠦᠷᠭᠦᠯᠵᠢᠯᠡᠨ ᠴᠢᠩᠭᠠᠳᠬᠠᠪᠠ᠃ | ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠶᠢ ᠬᠦᠨ ᠲᠡᠰᠢ ᠠᠭᠢᠭᠤᠯᠪᠠ᠃ ᠵᠠᠰᠠᠭ ᠵᠠᠭᠢᠷᠭᠠᠨ | ᠤ ᠬᠢᠨᠠᠨ ᠵᠦᠪᠰᠢᠶᠡᠷᠡᠯ ᠤᠨ ᠡᠷᠭᠡ ᠶᠢ ᠬᠠᠷᠢᠴᠠᠩᠭᠤᠢ ᠪᠠᠷ ᠲᠦᠪᠯᠡᠷᠡᠭᠦᠯᠬᠦ ᠦᠭᠡᠷᠡᠴᠢᠯᠡᠯᠳᠡ ᠶᠢᠨ ᠴᠡᠭ᠂ ᠲᠠᠪᠤᠰᠣᠨ | ᠤ ᠦᠢᠯᠡᠰ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠠᠮᠵᠢᠯᠳᠠ ᠲᠠᠢ ᠪᠡᠶᠡᠯᠡᠬᠦᠯᠵᠦ᠂ ᠲᠤᠤᠷ᠎ᠠ | ᠨᠡᠬᠦᠷᠡᠰᠣᠳᠦ᠋ᠷᠦᠭᠴᠢᠳᠣ ᠬᠤᠳᠠ ᠶᠢᠨ ᠲᠤᠷᠰᠢᠯᠳᠠ ᠶᠢᠨ ᠴᠡᠭ ᠵᠡᠷᠭᠡ 7 ᠲᠦᠷᠦᠯ ᠤᠨ ᠣᠯᠣᠰ ᠤᠨ᠂ ᠦᠪᠡᠷᠳᠡᠭᠡᠨ | ᠵᠠᠰᠠᠬᠤ ᠣᠷᠣᠨ ᠤ ᠦᠭᠡᠷᠡᠴᠢᠯᠡᠯᠳᠡ ᠶᠢᠨ ᠴᠡᠭ ᠤᠨ ᠡᠭᠦᠷᠭᠡ ᠶᠢᠨ ᠠᠬᠢᠯᠳᠠ ᠤᠷᠤᠭᠰᠢᠳᠠᠢ ᠪᠠᠶᠢᠨ᠎ᠠ᠃ ᠪᠡᠯᠡ | ᠤᠷᠤᠭᠤᠯᠬᠤ ᠪᠡᠯᠡ ᠴᠤᠭᠯᠠᠭᠤᠯᠬᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠲᠦᠷᠭᠡᠳᠬᠡᠵᠦ᠂ ᠬᠠᠲᠤᠨ ᠭᠤᠤᠯ | ᠡᠨᠧᠷᠬᠢ ᠶᠢᠨ ᠰᠢᠨᠵᠢᠯᠡᠭᠡ ᠮᠡᠷᠭᠡᠵᠢᠯ ᠤᠨ ᠪᠦᠯᠦᠭᠯᠡᠯ ᠤᠨ 20 ᠳ᠋ᠦᠩᠰᠢᠭᠤᠷ ᠲᠦᠭᠦᠷᠢᠭ ᠤᠨ ᠠᠪᠴᠠᠭᠠᠨ ᠤ | ᠰᠢᠯᠵᠢᠬᠦᠯᠦᠨ ᠦᠭᠬᠦᠯᠳᠡ ᠶᠢ ᠬᠡᠷᠡᠭᠵᠢᠬᠦᠯᠦᠨ ᠪᠠᠶᠡᠯᠡᠬᠦᠯᠵᠦ᠂ ᠦᠪᠡᠷᠳᠡᠭᠡᠨ ᠵᠠᠰᠠᠬᠤ ᠣᠷᠣᠨ ᠤ ᠠᠩᠬᠠᠳᠠᠭᠴᠢ ᠵᠠᠬ᠎ᠠ | ᠲᠡᠯᠭᠡᠬᠦᠷ ᠲᠤ ᠦᠯᠦ ᠭᠠᠷᠣᠭᠰᠠᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠠᠪᠴᠠᠭ᠎ᠠ ᠪᠠᠨ ᠬᠤᠪᠢᠴᠠᠭ᠎ᠠ | ᠪᠤᠯᠭᠠᠨ ᠬᠤᠪᠢᠷᠠᠭᠤᠯᠤᠭᠰᠠᠨ ᠲᠦᠷᠦᠯ ᠵᠦᠢᠯ ᠪᠤᠯᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ | ᠶᠢ ᠦᠷᠭᠦᠯᠵᠢᠯᠡᠨ ᠠᠬᠢᠭᠤᠯᠵᠤ᠂ ︽ᠲᠡᠷᠡ ᠲᠤᠤᠷ᠎ᠠ ᠨᠢ ᠬᠦᠢᠴᠡᠳᠭᠡᠬᠦ᠂ ᠰᠦᠯᠵᠢᠶᠡᠨ ᠲᠡᠭᠡᠷ᠎ᠡ ᠬᠦᠢᠴᠡᠳᠭᠡᠬᠦ᠂ | ᠤᠶᠢᠷ᠎ᠠ ᠬᠠᠪᠢ ᠳᠠᠭᠠᠨ ᠬᠦᠢᠴᠡᠳᠭᠡᠬᠦ᠂ ᠨᠢᠭᠡ ᠯᠡ ᠤᠳᠠᠭ᠎ᠠ ᠳᠤ ᠬᠦᠢᠴᠡᠳᠭᠡᠬᠦ︾ ᠬᠢᠨᠠᠨ ᠵᠦᠪᠰᠢᠶᠡᠷᠡᠯ ᠤᠨ | ᠦᠢᠯᠡᠴᠢᠯᠡᠭᠡᠨ ᠤ ᠶᠠᠪᠤᠳᠠᠯ ᠤᠳ ᠤᠨ ᠭᠠᠷᠴᠠᠭ ᠢ ᠨᠠᠶᠢᠷᠠᠭᠤᠯᠤᠨ ᠵᠤᠬᠢᠶᠠᠵᠤ᠂ ᠬᠤᠳᠠ ᠶᠢᠨ ᠠᠷᠠᠳ ᠤᠨ | ᠰᠦᠯᠵᠢᠶᠡᠨ ᠲᠡᠭᠡᠷ᠎ᠡ ᠬᠡᠷᠡᠭ ᠬᠦᠢᠴᠡᠳᠭᠡᠬᠦ ᠲᠢᠩᠬᠢᠮ᠂ ᠠᠯᠠᠭᠠᠨ ᠲᠡᠭᠡᠷ᠎ᠡ ᠬᠡᠷᠡᠭ ᠬᠦᠢᠴᠡᠳᠭᠡᠬᠦ ᠲᠢᠩᠭᠢᠮ | ᠠᠰᠢᠭᠯᠠᠯᠳᠠ ᠳᠤ ᠣᠷᠣᠵᠣ᠂ 34 % ᠶᠢᠨ ᠶᠠᠪᠤᠳᠠᠯ ᠤᠳ ᠢ ︽ᠲᠠᠷᠡ ᠲᠤᠤᠷ᠎ᠠ ᠨᠢ ᠬᠦᠢᠴᠡᠳᠭᠡᠬᠦ︾ ᠶᠢ | ᠪᠡᠶᠡᠯᠡᠬᠦᠯᠵᠦ᠂ 75 % ᠶᠢᠨ ᠶᠠᠪᠤᠳᠠᠯ ᠤᠳ ᠢ ︽ᠨᠢᠭᠡ ᠯᠡ ᠣᠳᠠᠭ᠎ᠠ ᠳᠤ ᠬᠦᠢᠴᠡᠳᠭᠡᠬᠦ︾ ᠶᠢ ᠪᠡᠶᠡᠯᠡᠬᠦᠯᠪᠡ᠃ | ᠡᠯ᠎ᠡ ᠵᠦᠢᠯ ᠤᠨ ᠬᠡᠷᠡᠴᠢᠯᠡᠬᠦ ᠶᠠᠪᠤᠳᠠᠯ ᠤᠳ ᠢ 134 ᠲᠦᠷᠦᠯ ᠴᠡᠪᠡᠷᠯᠡᠵᠦ᠂ ︽32 ᠦᠨᠡᠮᠯᠡᠯ ᠢ ᠨᠢᠭᠡᠳᠦᠬᠦᠯᠬᠦ︾ ᠶᠢ | ᠪᠡᠶᠡᠯᠡᠬᠦᠯᠪᠡ᠃ ᠠᠵᠤ ᠠᠬᠤᠶᠢᠯᠠᠯ ᠤᠨ ᠡᠭᠢᠯᠡᠨ ᠡᠷᠭᠢᠯᠡᠬᠦ ᠴᠠᠭ ᠤᠨ ᠬᠢᠵᠠᠭᠠᠷ ᠢ 5 ᠠᠵᠢᠯᠯᠠᠬᠤ ᠡᠳᠦᠷ ᠪᠤᠯᠭᠠᠨ | ᠪᠠᠭᠠᠰᠬᠠᠵᠤ᠂ ᠪᠡᠯᠡ ᠤᠷᠤᠭᠤᠯᠤᠯᠳᠠ ᠶᠢᠨ ᠲᠦᠷᠦᠯ ᠵᠦᠢᠯ ᠢ ᠪᠦᠬᠦᠨ ᠢ ᠰᠦᠯᠵᠢᠶᠡᠨ ᠲᠡᠭᠡᠷ᠎ᠡ ᠵᠡᠷᠭᠡᠴᠡᠭᠡ ᠬᠤᠯᠪᠤᠨ | ᠬᠦᠢᠴᠡᠳᠭᠡᠬᠦ ᠶᠢ ᠪᠡᠶᠡᠯᠡᠬᠦᠯᠵᠦ᠂ ᠠᠵᠤ ᠦᠢᠯᠡᠳᠪᠦᠷᠢ ᠶᠢᠨ ᠲᠦᠷᠦᠯ ᠵᠦᠢᠯ ᠤᠨ ᠬᠢᠨᠠᠨ ᠵᠦᠪᠰᠢᠶᠡᠷᠡᠯ ᠤᠨ ᠴᠠᠭ | ᠤᠨ ᠬᠢᠵᠠᠭᠠᠷ ᠢ 52.7 % ᠪᠠᠷ ᠪᠠᠭᠠᠰᠬᠠᠪᠠ᠃ ᠵᠠᠬ᠎ᠠ ᠲᠡᠯᠭᠡᠬᠦᠷ ᠤᠨ ᠭᠤᠤᠯ ᠴᠤᠭᠴᠠ᠂ ᠲᠠᠩᠰᠠᠯᠠᠭᠰᠠᠨ | ᠬᠦᠷᠦᠩᠭᠡ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 7.7 %᠂ 37.5 % ᠨᠡᠮᠡᠭᠳᠡᠵᠦ᠂ ᠡᠳᠦᠷ | ᠪᠦᠷᠢ ᠲᠡᠭᠰᠢᠳᠭᠡᠭᠡᠳ 10 ᠡᠷᠦᠬᠡ ᠵᠠᠬ᠎ᠠ ᠲᠡᠯᠭᠡᠬᠦᠷ ᠤᠨ ᠭᠤᠤᠯ ᠴᠤᠭᠴᠠ ᠰᠢᠨ᠎ᠡ ᠪᠠᠷ ᠨᠡᠮᠡᠭᠳᠡᠪᠡ᠃ ᠴᠢᠨᠠᠷ | ᠴᠢᠨᠰᠠᠭ᠎ᠠ ᠪᠠᠷ ᠵᠠᠬ᠎ᠠ ᠲᠡᠯᠭᠡᠬᠦᠷ ᠢ ᠬᠦᠴᠦᠷᠭᠡᠭᠵᠢᠬᠦᠯᠬᠦ ᠪᠠᠶᠢᠯᠳᠣᠬᠤ ᠪᠣᠲᠣᠯᠭ᠎ᠠ ᠶᠢ ᠬᠡᠷᠡᠭᠵᠢᠬᠦᠯᠵᠦ᠂ ᠲᠠᠸᠠᠷ ᠤᠨ | ᠲᠡᠮᠳᠡᠭ ᠲᠠᠩᠰᠠᠯᠠᠭᠤᠯᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 38 % ᠨᠡᠮᠡᠭᠳᠡᠪᠡ᠃ | ᠭᠠᠳᠠᠭᠠᠲᠤ ᠳᠤ ᠨᠡᠭᠡᠭᠡᠯᠳᠡ ᠬᠢᠬᠦ ᠬᠠᠮᠲᠤᠷᠠᠯᠴᠠᠭᠠᠨ ᠤ ᠲᠦᠪᠰᠢᠨ ᠲᠠᠰᠣᠷᠠᠯᠳᠠ ᠦᠭᠡᠢ ᠲᠡᠭᠡᠭᠰᠢᠯᠡᠪᠡ᠃ ᠲᠤᠮᠳᠠᠲᠤ | ᠮᠤᠩᠭᠤᠯ ᠤᠨ ᠨᠡᠭᠦᠷᠡᠰᠦ ᠬᠡᠦᠷᠰᠢᠬᠦᠯᠬᠦ ᠠᠵᠤ ᠦᠢᠯᠡᠰ ᠤᠨ ᠬᠠᠮᠲᠤᠷᠠᠯᠴᠠᠭᠠᠨ ᠤ ᠵᠦᠪᠳᠡᠯᠴᠡᠭᠡᠨ ᠤ ᠬᠤᠷᠠᠯ ᠢ | ᠠᠮᠵᠢᠯᠳᠠ ᠲᠠᠢ ᠡᠷᠭᠢᠯᠡᠵᠦ᠂ ︽ᠦᠬᠠᠢ ᠮᠤᠩᠭᠤᠯ ᠡᠧᠦ᠋ᠷᠣᠫᠠ︾ ᠶᠢᠨ ᠡᠭᠡᠯᠵᠢᠨ ᠤ ᠭᠠᠯᠲᠤ ᠲᠡᠷᠭᠡ ᠪᠠᠶᠢᠩᠭᠤᠵᠢᠭᠰᠠᠨ | ᠡᠵᠡᠩᠨᠡᠯᠳᠡ ᠳᠤ ᠤᠷᠤᠵᠤ᠂ ᠦᠬᠠᠢ ᠵᠢᠴᠢ ᠡᠷᠭᠢᠨ ᠲᠤᠭᠤᠷᠢᠨ ᠤᠷᠤᠨ ᠤ ᠡᠳ᠋ ᠪᠠᠷᠠᠭᠠᠨ ᠤ ᠵᠦᠭᠡᠭᠡᠪᠦᠷᠢᠯᠡᠯᠳᠡ ᠳᠤ | ︽ᠨᠢᠭᠡ ᠦᠷᠳᠡᠭᠡᠴᠢᠯᠡᠭᠰᠡᠨ ᠦᠢᠯᠡᠴᠢᠯᠡᠭᠡ︾ ᠶᠢ ᠪᠡᠶᠡᠯᠡᠬᠦᠯᠵᠦ᠂ ᠭᠠᠳᠠᠭᠠᠲᠤ ᠠᠷᠠᠯᠵᠢᠶᠠᠨ ᠤ ᠶᠡᠷᠦᠩᠬᠡᠢ ᠬᠡᠮᠵᠢᠶ᠎ᠡ 7. | 4 ᠳ᠋ᠦᠩᠰᠢᠭᠤᠷ ᠲᠦᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 79.5 % ᠨᠡᠮᠡᠭᠳᠡᠪᠡ | ᠃ ᠮᠤᠩᠭᠤᠯ ᠤᠯᠤᠰ ᠤᠨ ᠲᠠᠷᠬᠠᠨ ᠠᠭᠤᠯᠠ ᠠᠶᠢᠮᠠᠭ ᠯᠤᠭ᠎ᠠ ᠨᠦᠬᠦᠷᠰᠡᠭ ᠬᠤᠳᠠ ᠶᠢᠨ ᠬᠠᠷᠢᠴᠠᠭ᠎ᠠ ᠪᠠᠶᠢᠭᠤᠯᠵᠤ᠂ | ᠢᠲ᠋ᠠᠯᠢ ᠣᠯᠣᠰ ᠤᠨ ᠰᠠᠨ ᠲᠷᠠᠮᠮ᠂ ᠹᠷᠠᠨᠼᠢ ᠣᠯᠣᠰ ᠤᠨ ᠯᠢᠪᠦ᠋ᠦᠷᠨᠧ ᠵᠡᠷᠭᠡ ᠨᠦᠬᠦᠷᠰᠡᠭ ᠬᠤᠳᠠ ᠶᠢᠨ | ᠬᠠᠮᠲᠤᠷᠠᠯᠴᠠᠭ᠎ᠠ ᠪᠠᠨ ᠲᠠᠰᠣᠷᠠᠯᠳᠠ ᠦᠭᠡᠢ ᠬᠦᠨᠵᠡᠭᠡᠶᠢᠷᠡᠬᠦᠯᠪᠡ᠃ ᠦᠬᠠᠢ ᠵᠢᠴᠢ ᠡᠷᠭᠢᠨ ᠲᠤᠭᠤᠷᠢᠨ ᠤ ᠣᠷᠣᠨ ᠤ | ᠬᠠᠮᠵᠢᠯᠴᠠᠭᠰᠠᠨ ᠬᠦᠭᠵᠢᠯᠳᠡ ᠲᠠᠰᠣᠷᠠᠯᠳᠠ ᠦᠭᠡᠢ ᠬᠦᠨᠵᠡᠬᠡᠶᠢᠷᠡᠵᠦ᠂ 36 ᠣᠷᠣᠨ ᠪᠦᠰᠡ ᠶᠢᠨ ᠬᠠᠮᠲᠤᠷᠠᠯᠴᠠᠭᠠᠨ | ᠤ ᠲᠦᠷᠦᠯ ᠵᠦᠢᠯ ᠪᠤᠳᠠᠲᠤ ᠴᠢᠨᠠᠷ ᠲᠠᠢ ᠠᠬᠢᠭᠤᠯᠤᠭᠳᠠᠪᠠ᠃ | ︵ᠵᠢᠷᠭᠤᠭ᠎ᠠ︶ ᠠᠷᠠᠳ ᠤᠨ ᠠᠮᠢᠲᠤᠷᠠᠯ ᠤᠨ ᠪᠠᠲᠤᠯᠠᠭ᠎ᠠ ᠳᠤ ᠠᠩᠬᠠᠷᠣᠯ ᠢᠶᠠᠨ ᠲᠦᠪᠯᠡᠷᠡᠬᠦᠯᠦᠨ᠂ ᠠᠷᠠᠳ | ᠲᠦᠮᠡᠨ ᠤ ᠪᠤᠶᠠᠨ ᠬᠡᠰᠢᠭ ᠢ ᠲᠠᠰᠣᠷᠠᠯᠳᠠ ᠦᠭᠡᠢ ᠨᠡᠮᠡᠭᠳᠡᠭᠦᠯᠪᠡ᠃ | ᠠᠷᠠᠳ ᠤᠨ ᠠᠮᠢᠲᠤᠷᠠᠯ ᠤᠨ ᠰᠠᠭᠤᠷᠢ ᠶᠢ ᠤᠯᠠᠮ ᠨᠢᠬᠡ ᠠᠯᠬᠤᠮ ᠪᠠᠭᠢᠵᠢᠬᠦᠯᠪᠡ᠃ ᠬᠤᠳᠠ ᠪᠠᠯᠭᠠᠰᠣᠨ ᠤ | ᠰᠢᠨ᠎ᠡ ᠪᠠᠷ ᠨᠡᠮᠡᠭᠳᠡᠭᠰᠡᠨ ᠠᠵᠢᠯ ᠤᠯᠭᠤᠯᠳᠠ 6814 ᠬᠦᠮᠦᠨ ᠬᠦᠷᠴᠦ᠂ ᠬᠤᠳᠠ ᠪᠠᠯᠭᠠᠰᠣᠨ ᠤ ᠲᠠᠩᠰᠠᠯᠠᠭᠰᠠᠨ | ᠠᠵᠢᠯ ᠠᠯᠳᠠᠭᠰᠠᠨ ᠨᠤᠷᠮ᠎ᠠ 3.4 % ᠪᠤᠯᠵᠤ᠂ ᠠᠵᠢᠯ ᠤᠯᠤᠭᠠᠳᠣᠢ ᠭᠡᠷ ᠪᠦᠯᠢ ᠶᠢᠨ ᠪᠠᠶᠢᠳᠠᠯ ᠢ ᠦᠬᠡᠶᠢᠰᠬᠡᠬᠦ ᠶᠢ | ᠪᠡᠶᠡᠯᠡᠭᠦᠯᠪᠡ᠃ ᠬᠤᠳᠠ ᠪᠠᠯᠭᠠᠰᠣᠨ ᠤ ᠠᠵᠢᠯᠳᠠᠨ ᠤ ᠦᠨᠳᠦᠰᠦᠨ ᠨᠠᠰᠣᠵᠢᠯ ᠤᠨ ᠠᠰᠠᠷᠠᠮᠵᠢ᠂ ᠠᠵᠢᠯ ᠠᠯᠳᠠᠬᠤ | ᠲᠠᠭᠠᠳᠬᠠᠯ ᠵᠡᠷᠭᠡ ᠶᠢᠨ ᠪᠦᠷᠭᠦᠴᠡ ᠤᠯᠠᠮ ᠨᠢᠭᠡ ᠠᠯᠬᠤᠮ ᠦᠷᠭᠡᠵᠢᠵᠦ᠂ 14 ᠵᠢᠯ ᠦᠷᠬᠦᠯᠵᠢᠯᠡᠨ ᠠᠵᠢᠯ ᠠᠴᠠ | ᠠᠮᠠᠷᠠᠭᠰᠠᠳ ᠤᠨ ᠠᠰᠠᠷᠠᠮᠵᠢ ᠶᠢᠨ ᠬᠦᠷᠳᠡᠭᠡᠮᠵᠢ ᠶᠢᠨ ᠪᠠᠷᠢᠮᠵᠢᠶ᠎ᠡ ᠶᠢ ᠲᠡᠭᠡᠭᠰᠢᠯᠡᠬᠦᠯᠵᠦ᠂ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠠᠰᠠᠷᠠᠮᠵᠢ ᠶᠢᠨ ᠮᠦᠩᠬᠦ ︽ᠦᠷᠭᠦᠯᠵᠢᠯᠡᠨ ᠲᠠᠪᠤ ᠣᠳᠠᠭ᠎ᠠ ᠲᠡᠭᠡᠭᠰᠢᠯᠡᠬᠦ︾ ᠶᠢ | ᠪᠡᠶᠡᠯᠡᠭᠦᠯᠪᠡ᠃ ᠠᠮᠢᠲᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠪᠠᠷᠢᠮᠵᠢᠶ᠎ᠡ ᠶᠢ 635 ᠲᠦᠭᠦᠷᠢᠭ ᠠᠴᠠ 680 | ᠲᠦᠭᠦᠷᠢᠭ ᠪᠤᠯᠭᠠᠨ ᠲᠡᠭᠡᠭᠰᠢᠯᠡᠬᠦᠯᠵᠦ᠂ ᠬᠦᠴᠢᠷᠳᠡᠯ ᠲᠠᠢ ᠲᠡᠵᠢᠭᠡᠵᠦ ᠪᠠᠶᠢᠭ᠎ᠠ ᠬᠦᠮᠦᠰ ᠤᠨ ᠨᠢᠭᠡᠳᠦᠯᠳᠡᠢ᠂ | ᠲᠤᠰᠠᠭᠠᠷᠯᠠᠬᠤ ᠠᠮᠢᠲᠤᠷᠠᠯ ᠤᠨ ᠨᠦᠬᠦᠪᠦᠷᠢ ᠶᠢᠨ ᠪᠠᠷᠢᠮᠵᠢᠶ᠎ᠠ ᠪᠤᠯ ᠬᠦᠮᠦᠨ ᠪᠦᠷᠢ ᠰᠠᠷ᠎ᠠ ᠪᠦᠷᠢ ᠳᠤ 1600 | ᠲᠦᠬᠦᠷᠢᠭ᠂ 1260 ᠲᠦᠭᠦᠷᠢᠭ ᠪᠤᠯᠤᠨ᠎ᠠ᠂ ᠪᠦᠷ ᠦᠪᠡᠷᠳᠡᠭᠡᠨ ᠵᠠᠰᠠᠬᠤ ᠤᠷᠤᠨ ᠤ ᠡᠮᠦᠨ᠎ᠡ ᠡᠩᠨᠡᠭᠡᠨ ᠳᠤ | ᠪᠠᠶᠢᠷᠢᠯᠠᠨ᠎ᠠ᠃ ᠲᠦᠬᠦᠮ ᠪᠦᠲᠦᠬᠦᠯᠢᠭ ᠲᠤᠭᠤᠷᠢᠭ ᠢ ᠦᠭᠡᠷᠡᠴᠢᠯᠡᠨ ᠪᠠᠶᠢᠭᠤᠯᠬᠤ ᠣᠷᠣᠨ ᠰᠠᠭᠤᠴᠠ ᠶᠢ 8899 | ᠢᠵᠢ ᠠᠵᠢᠯ ᠡᠬᠢᠯᠡᠬᠦᠯᠵᠦ᠂ 10497 ᠢᠵᠢ ᠪᠠᠶᠢᠭᠤᠯᠤᠨ ᠲᠠᠭᠤᠰᠬᠠᠵᠤ᠂ ᠵᠢᠯ ᠤᠨ ᠡᠭᠦᠷᠭᠡ ᠪᠠᠨ ᠲᠠᠪᠠᠭᠤᠯᠤᠨ | ᠪᠡᠶᠡᠯᠡᠬᠦᠯᠪᠡ᠃ ᠠᠰᠠᠭᠤᠳᠠᠯ ᠲᠠᠢ ᠲᠠᠸᠠᠷ ᠤᠨ ᠠᠰᠠᠷ ᠢ ᠴᠡᠭᠴᠡᠯᠡᠨ ᠵᠠᠰᠠᠬᠤ ︽ᠵᠠᠭᠤᠨ ᠡᠳᠦᠷ ᠤᠨ ᠰᠢᠪᠲᠤᠯᠤᠯᠳᠠ︾ | ᠶᠢᠨ ᠲᠤᠰᠬᠠᠢ ᠠᠵᠢᠯᠯᠠᠭ᠎ᠠ ᠬᠡᠷᠡᠭᠵᠢᠬᠦᠯᠵᠦ᠂ ᠣᠯᠠᠨ ᠲᠦᠮᠡᠨ ᠤ ᠠᠩᠬᠠᠷᠲᠣᠯ ᠢᠶᠠᠨ ᠲᠡᠭᠡᠲᠤ ᠬᠡᠮᠵᠢᠶ᠎ᠡ | ᠲᠦᠪᠯᠡᠷᠡᠭᠦᠯᠵᠦ ᠪᠠᠶᠢᠭ᠎ᠠ ᠣᠷᠣᠵᠣ ᠰᠠᠭᠤᠬᠤ ᠳᠤ ᠪᠡᠷᠭᠡ᠂ ᠪᠤᠴᠠᠵᠦ ᠨᠡᠬᠦᠬᠦ ᠳᠤ ᠪᠡᠷᠭᠡ ᠠᠰᠠᠭᠤᠳᠠᠯ ᠠᠭᠠᠵᠢᠮ ᠢᠶᠠᠷ | ᠰᠢᠢᠳᠪᠦᠷᠢᠯᠡᠭᠳᠡᠪᠡ᠃ ᠭᠡᠷ ᠬᠦᠷᠦᠩᠭᠡ ᠶᠢᠨ ᠦᠨᠡᠮᠯᠡᠯ ᠤᠨ ᠲᠡᠦᠭᠡ ᠶᠢᠨ ᠦᠯᠡᠳᠡᠭᠳᠡᠯ ᠠᠰᠠᠭᠤᠳᠠᠯ ᠢ ᠲᠢᠭᠯᠢᠮ ᠲᠠᠢ | ᠰᠢᠢᠳᠪᠦᠷᠢᠯᠡᠵᠦ᠂ ᠣᠯᠠᠨ ᠲᠦᠮᠡᠨ ᠳᠤ ᠦᠯᠦ ᠬᠦᠳᠡᠯᠬᠦ ᠬᠦᠷᠦᠩᠬᠡ ᠶᠢᠨ ᠡᠷᠭᠡ ᠶᠢᠨ ᠦᠨᠡᠮᠯᠡᠯ ᠢ 2.2 ᠲᠦᠮᠡᠨ | ᠡᠷᠦᠬᠡ ᠬᠦᠢᠴᠡᠳᠭᠡᠵᠦ ᠦᠭᠪᠡ᠃ ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠲᠠᠪᠰᠢᠪᠠ᠃ ᠰᠣᠷᠭᠠᠨ | ᠬᠦᠮᠦᠵᠢᠯ ᠤᠨ ᠦᠢᠯᠡᠰ ᠢ ᠲᠦᠷᠭᠡᠳᠭᠡᠨ ᠬᠦᠭᠵᠢᠬᠦᠯᠵᠦ᠂ ᠴᠡᠴᠡᠷᠯᠢᠭ ᠤᠨ ᠪᠦᠲᠦᠭᠡᠨ ᠪᠠᠶᠢᠭᠤᠯᠤᠯᠳᠠ ᠶᠢᠨ | ᠬᠦᠴᠦᠯᠡᠴᠡ ᠪᠠᠨ ᠦᠷᠭᠦᠯᠵᠢᠯᠡᠨ ᠴᠢᠩᠭᠠᠳᠬᠠᠵᠤ᠂ ᠬᠠᠶᠢᠷᠣᠪ ᠤᠨ ᠲᠤᠬᠤᠢ ᠲᠤᠭᠤᠷᠢᠭ ᠤᠨ ᠵᠢᠷᠭᠤᠳᠣᠭᠠᠷ | ᠴᠡᠴᠡᠷᠯᠢᠭ ᠵᠡᠷᠭᠡ 5 ᠰᠠᠭᠤᠷᠢ ᠴᠡᠴᠡᠷᠯᠢᠭ ᠪᠠᠶᠢᠭᠤᠯᠤᠭᠳᠠᠨ ᠬᠡᠷᠡᠭᠯᠡᠯᠳᠡ ᠳᠤ ᠤᠷᠤᠵᠤ᠂ ᠪᠦᠬᠦ ᠬᠤᠳᠠ ᠶᠢᠨ ᠨᠢᠯᠭ᠎ᠠ | ᠬᠡᠦᠭᠡᠳ ᠤᠨ ᠪᠠᠷᠢᠮᠵᠢᠶᠡᠲᠤ ᠴᠡᠴᠡᠷᠯᠢᠭ ᠲᠤ ᠤᠷᠤᠬᠤ ᠨᠤᠷᠮ᠎ᠠ 93 % ᠬᠦᠷᠪᠡ᠃ ᠡᠩ ᠤᠨ ᠲᠡᠭᠡᠲᠤ ᠲᠤᠮᠳᠠᠲᠤ | ᠶᠢᠨ ᠲᠤᠰᠬᠠᠢ ᠠᠩᠭᠢ ᠳᠤ ᠲᠡᠪᠰᠢᠭᠰᠡᠨ ᠨᠤᠷᠮ᠎ᠠ 82.6 % ᠬᠦᠷᠴᠦ᠂ ᠠᠳᠠᠯᠢ ᠬᠤᠭᠤᠴᠠᠭᠠᠨ ᠤ ᠬᠢ ᠲᠠᠢ | ᠬᠠᠷᠢᠴᠠᠭᠤᠯᠪᠠᠯ 4.4 ᠵᠠᠭᠤᠨ ᠤ ᠨᠢᠭᠡᠴᠢ ᠲᠡᠭᠡᠭᠰᠢᠯᠡᠪᠡ᠃ ᠯᠠᠨᠵᠸᠤ ᠶᠡᠭᠡ ᠰᠣᠷᠭᠠᠭᠤᠯᠢ ᠯᠤᠭ᠎ᠠ ᠪᠠᠶᠢᠯᠳᠣᠬᠤ | ᠪᠣᠳᠣᠯᠭ᠎ᠠ ᠶᠢᠨ ᠬᠠᠮᠲᠤᠷᠠᠯᠴᠠᠭ᠎ᠠ ᠦᠷᠨᠢᠬᠦᠯᠵᠦ᠂ ᠦᠬᠠᠢ ᠶᠢᠨ ᠠᠵᠢᠯ ᠮᠡᠷᠭᠡᠵᠢᠯ ᠤᠨ ᠲᠡᠭᠡᠲᠤ ᠰᠣᠷᠭᠠᠭᠤᠯᠢ | ᠭᠤᠷᠪᠠᠳᠣᠭᠠᠷ ᠪᠦᠯᠦᠭ ᠤᠨ ᠤᠯᠤᠰ ᠤᠨ ᠲᠡᠰ ᠤᠨ ᠤᠲᠤ ᠦᠶ᠎ᠡ ᠶᠢᠨ ᠱᠠᠪᠢ ᠲᠠᠭᠠᠭᠤᠯᠬᠤ ᠲᠦᠷᠢᠮ ᠤᠨ | ᠲᠤᠷᠰᠢᠯᠳᠠ ᠶᠢᠨ ᠴᠡᠭ ᠤᠨ ᠰᠣᠷᠭᠠᠭᠤᠯᠢ ᠪᠤᠯᠪᠠ᠃ ᠦᠬᠠᠢ ᠶᠢᠨ ᠬᠤᠳᠠ ᠬᠦᠳᠡᠭᠡ ᠨᠡᠶᠢᠭᠡᠮ ᠲᠤᠭᠤᠷᠢᠭ ᠤᠨ ᠶᠡᠭᠡ | ᠰᠣᠷᠭᠠᠭᠤᠯᠢ᠂ ᠦᠬᠠᠢ ᠶᠢᠨ ᠨᠠᠰᠣᠳᠠᠶᠢᠴᠣᠳ ᠤᠨ ᠨᠡᠭᠡᠭᠡᠯᠲᠡᠲᠦ ᠶᠡᠭᠡ ᠰᠣᠷᠭᠠᠭᠤᠯᠢ ᠫᠠᠶᠢᠰᠠ ᠡᠯᠬᠦᠪᠡ᠃ | ᠡᠮᠴᠢᠯᠡᠭᠡᠨ ᠤ ᠦᠢᠯᠡᠴᠢᠯᠡᠭᠡᠨ ᠤ ᠲᠦᠪᠰᠢᠨ ᠲᠠᠰᠣᠷᠠᠯᠳᠠ ᠦᠭᠡᠢ ᠲᠡᠭᠡᠭᠰᠢᠯᠡᠵᠦ᠂ ᠬᠤᠳᠠ ᠶᠢᠨ ᠠᠷᠠᠳ ᠤᠨ | ᠡᠮᠨᠡᠯᠭᠡ ᠶᠢᠨ ᠬᠤᠷᠢᠶ᠎ᠠ ᠭᠤᠷᠪᠠᠳᠣᠭᠠᠷ ᠲᠡᠰ ᠤᠨ ᠨᠢᠭᠡᠳᠦᠭᠡᠷ ᠵᠡᠷᠭᠡ ᠶᠢᠨ ᠡᠮᠨᠡᠯᠭᠡ ᠶᠢᠨ ᠬᠤᠷᠢᠶ᠎ᠠ ᠪᠤᠯᠵᠤ ᠲᠡᠪᠰᠢᠪᠡ᠃ | ᠡᠮᠴᠢᠯᠡᠭᠡᠨ ᠤ ᠪᠠᠲᠤᠯᠠᠭ᠎ᠠ ᠶᠢᠨ ᠵᠠᠷᠣᠳᠠᠯ ᠲᠤᠰᠢᠶᠠᠬᠤ ᠬᠡᠯᠪᠡᠷᠢ ᠶᠢᠨ ᠦᠭᠡᠷᠡᠴᠢᠯᠡᠯᠳᠡ ᠶᠢ ᠲᠦᠷᠭᠡᠳᠭᠡᠨ | ᠠᠭᠢᠭᠤᠯᠵᠤ᠂ ᠮᠤᠵᠢ ᠠᠯᠤᠰᠯᠠᠨ ᠣᠨᠲᠤᠤ ᠤᠷᠤᠨ ᠳᠤ ᠡᠮᠴᠢᠯᠡᠭᠦᠯᠦᠭᠰᠡᠨ ᠲᠠᠩᠰᠠ ᠶᠢ ᠲᠠᠰᠣᠯᠠᠨ ᠪᠤᠳᠤᠬᠤ ᠡᠮᠨᠡᠯᠭᠡ | ᠶᠢᠨ ᠬᠤᠷᠢᠶ᠎ᠠ 1.6 ᠲᠦᠮᠡ ᠬᠦᠷᠴᠦ᠂ ᠵᠠᠷᠣᠳᠠᠯ ᠲᠤᠰᠢᠶᠠᠬᠤ ᠡᠪᠡᠳᠴᠢᠨ ᠤ ᠲᠦᠷᠦᠯ ᠤᠨ ᠬᠡᠪᠴᠢᠶ᠎ᠡ | ᠦᠷᠭᠡᠵᠢᠭᠡᠳ 205 ᠪᠤᠯᠵᠤ᠂ ᠣᠯᠠᠨ ᠲᠦᠮᠡᠨ ᠤ ᠡᠮᠴᠢᠯᠡᠬᠦᠯᠬᠦ ᠲᠠᠷᠣᠭᠠᠰᠣ ᠤᠯᠠᠮ ᠨᠢᠭᠡ ᠠᠯᠬᠤᠮ ᠬᠦᠩᠭᠡᠷᠡᠪᠡ᠃ | ᠮᠤᠩᠭᠤᠯ ᠬᠢᠳᠡᠳ ᠡᠮᠨᠡᠯᠭᠡ ᠶᠢᠨ ᠬᠤᠷᠢᠶᠠᠨ ᠤ ᠬᠤᠶᠠᠳᠣᠭᠠᠷ ᠬᠤᠭᠤᠴᠠᠭᠠᠨ ᠤ ᠭᠤᠤᠯ ᠴᠤᠭᠴᠠ ᠶᠢᠨ ᠪᠠᠷᠢᠯᠭ᠎ᠠ | ᠲᠡᠭᠦᠰᠴᠦ᠂ ᠬᠤᠳᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠶᠡᠷᠦᠩᠬᠡᠶᠢᠯᠡᠭᠰᠡᠨ ᠠᠰᠠᠷ | ᠤᠨ ᠲᠦᠷᠦᠯ ᠵᠦᠢᠯ ᠢ ᠡᠭᠢᠯᠡᠭᠦᠯᠪᠡ᠃ ᠨᠡᠶᠢᠳᠡ ᠶᠢᠨ ᠰᠣᠶᠣᠯ ᠤᠨ ᠦᠢᠯᠡᠴᠢᠯᠡᠬᠡᠨ ᠤ ᠰᠢᠰᠲ᠋ᠧᠮᠵᠢ ᠲᠠᠰᠣᠷᠠᠯᠳᠠ | ᠦᠭᠡᠢ ᠲᠡᠭᠦᠯᠳᠡᠷᠵᠢᠵᠦ᠂ ᠰᠣᠶᠣᠯ ᠢᠶᠠᠷ ᠠᠷᠠᠳ ᠲᠤ ᠠᠰᠢᠭ ᠬᠦᠷᠳᠡᠭᠡᠬᠦ ᠬᠦᠳᠡᠯᠬᠡᠬᠡᠨ ᠢ 427 ᠤᠳᠠᠭ᠎ᠠ | ᠡᠷᠭᠢᠯᠡᠵᠦ᠂ ︽ᠦᠬᠠᠢ ᠶᠢᠨ ᠡᠭᠦᠳᠡ ᠡᠷᠦᠭᠡ︾ ᠵᠡᠷᠭᠡ ᠨᠢᠭᠡ ᠪᠦᠯᠦᠭ ᠰᠢᠯᠢᠳᠡᠭ ᠤᠳᠬ᠎ᠠ ᠤᠷᠠᠯᠢᠭ ᠤᠨ ᠪᠦᠲᠦᠭᠡᠯ | ᠴᠤᠯᠭᠤᠷᠠᠨ ᠭᠠᠷᠪᠠ᠃ ᠣᠯᠠᠨ ᠤᠯᠤᠰ ᠤᠨ ᠲᠠᠷᠪᠠᠭᠤᠯᠲᠤ ᠰᠡᠯ ᠤᠨ ᠤᠷᠤᠯᠳᠣᠭᠠᠨ᠂ ᠪᠦᠬᠦ ᠤᠯᠤᠰ ᠤᠨ ᠵᠠᠰᠠᠮᠠᠯ | ᠵᠠᠮ ᠤᠨ ᠲᠤᠭᠤᠢ ᠲᠡᠷᠭᠡ ᠶᠢᠨ ᠬᠤᠯᠪᠤᠭᠠᠲᠤ ᠤᠷᠤᠯᠳᠣᠭᠠᠨ ᠤ ᠶᠡᠷᠦᠩᠬᠡᠢ ᠰᠢᠢᠳᠪᠦᠷᠢᠲᠦ ᠤᠷᠤᠯᠳᠣᠭᠠᠨ ᠵᠡᠷᠭᠡ | ᠰᠢᠷᠢᠰ ᠴᠢᠬᠤᠯᠠ ᠤᠷᠤᠯᠳᠣᠭᠠᠨ ᠢ ᠠᠮᠵᠢᠯᠳᠠ ᠲᠠᠢ ᠡᠷᠭᠢᠯᠡᠵᠦ᠂ ᠬᠤᠳᠠ ᠶᠢᠨ ᠨᠦᠯᠦᠭᠡᠯᠡᠬᠦ ᠬᠦᠴᠦᠨ ᠤᠯᠠᠮ ᠨᠢᠭᠡ | ᠠᠯᠬᠤᠮ ᠲᠡᠭᠡᠭᠰᠢᠯᠡᠪᠡ᠃ | ︵ᠲᠤᠯᠤᠭ᠎ᠠ︶ ᠲᠤᠰ ᠪᠡᠶ᠎ᠡ ᠶᠢᠨ ᠪᠠᠶᠢᠭᠤᠯᠤᠯᠳᠠ ᠳᠤ ᠠᠩᠬᠠᠷᠣᠯ ᠢᠶᠠᠨ ᠲᠦᠪᠯᠡᠷᠡᠬᠦᠯᠦᠨ᠂ ᠵᠠᠰᠠᠭ ᠤᠨ | ᠣᠷᠳᠣᠨ ᠤ ᠴᠢᠳᠠᠮᠵᠢ ᠶᠢ ᠲᠤᠭᠳᠠᠭᠤᠨ ᠢᠶᠠᠷ ᠲᠡᠭᠡᠭᠰᠢᠯᠡᠬᠦᠯᠪᠡ᠃ | ︽ᠬᠤᠶᠠᠷ ᠢ ᠰᠣᠷᠣᠯᠴᠠᠵᠤ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠣᠷᠣᠯᠴᠠᠯᠭ᠎ᠠ ᠬᠦᠮᠦᠵᠢᠯ ᠢ | ᠪᠠᠶᠢᠩᠭᠤᠵᠢᠭᠤᠯᠤᠨ ᠲᠦᠷᠢᠮᠵᠢᠬᠦᠯᠬᠦ ᠶᠢ ᠬᠦᠨᠵᠡᠭᠡᠢ ᠠᠭᠢᠭᠤᠯᠵᠤ᠂ ᠬᠡᠯᠪᠡᠷᠢᠴᠢ ᠦᠵᠡᠯ ᠨᠤᠶᠠᠨᠴᠢ ᠰᠣᠷᠳᠠᠯ ᠤᠨ | ᠰᠢᠨ᠎ᠡ ᠢᠯᠡᠷᠡᠯ ᠢ ᠲᠦᠪᠯᠡᠷᠡᠬᠦᠯᠦᠨ ᠴᠡᠭᠴᠡᠯᠡᠨ ᠵᠠᠰᠠᠵᠤ᠂ ᠵᠠᠰᠠᠭ ᠤᠨ ᠣᠷᠳᠣᠨ ᠤ ᠰᠣᠷᠳᠠᠯ ᠤᠨ ᠪᠠᠶᠢᠭᠤᠯᠤᠯᠳᠠ | ᠪᠠᠨ ᠦᠷᠭᠦᠯᠵᠢᠯᠡᠨ ᠴᠢᠩᠭᠠᠳᠬᠠᠪᠠ᠃ ᠠᠷᠠᠳᠴᠢᠯᠠᠯ ᠢ ᠬᠡᠷᠡᠭᠵᠢᠬᠦᠯᠦᠨ ᠬᠠᠣᠯᠢ ᠪᠠᠷ ᠵᠠᠰᠠᠬᠤ ᠶᠢ ᠯᠠᠪᠳᠠᠭᠤᠨ | ᠠᠬᠢᠭᠤᠯᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ᠂ ᠣᠯᠣᠰ | ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠳᠠ ᠪᠠ ᠨᠡᠶᠢᠭᠡᠮ ᠤᠨ ᠡᠯ᠎ᠡ ᠡᠳᠡᠭᠡᠳ ᠤᠨ ᠬᠢᠨᠠᠯᠳᠠ ᠶᠢ | ᠢᠳᠡᠪᠭᠢᠳᠡᠢ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠭᠤᠯᠭ᠎ᠠ | ᠂ ᠣᠯᠣᠰ ᠲᠦᠷᠦ ᠶᠢᠨ ᠵᠦᠪᠯᠡᠯᠭᠡᠨ ᠤ ᠬᠡᠰᠢᠬᠦᠳ ᠤᠨ ᠰᠠᠨᠠᠯ ᠲᠤᠷᠠᠳᠣᠯᠭ᠎ᠠ ᠶᠢ 291 ᠬᠤᠪᠢ ᠬᠦᠢᠴᠡᠳᠭᠡᠵᠦ᠂ | ᠬᠠᠨᠤᠮᠵᠢ ᠶᠢᠨ ᠨᠤᠷᠮ᠎ᠠ 98.6 % ᠬᠦᠷᠪᠡ᠃ ︽ᠲᠤᠯᠤᠳᠣᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠤᠯᠳᠡ | ᠦᠪᠡᠷᠳᠡᠭᠡᠨ ᠵᠠᠰᠠᠬᠤ ᠤᠷᠤᠨ ᠤ ᠲᠤᠮᠳᠠ ᠬᠤᠭᠤᠴᠠᠭᠠᠨ ᠤ ᠬᠢᠨᠠᠨ ᠰᠢᠯᠭᠠᠯᠳᠠ ᠪᠠᠷ ᠪᠠᠲᠤᠯᠠᠭᠳᠠᠪᠠ᠃ ᠮᠠᠨ ᠤ | ᠬᠤᠳᠠ ᠶᠢᠨ ᠬᠠᠮᠤᠭ ᠠᠩᠬᠠᠨ ᠤ ᠣᠷᠣᠨ ᠨᠣᠲᠤᠭ ᠤᠨ ᠵᠠᠰᠠᠭ ᠤᠨ ᠣᠷᠳᠣᠨ ᠤ ᠲᠦᠷᠢᠮ ︽ᠬᠤᠳᠠ ᠶᠢᠨ ᠪᠠᠶᠢᠳᠠᠯ | ᠪᠠ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠬᠠᠤᠯᠢ ᠶᠢ ᠵᠦᠷᠢᠴᠡᠭᠰᠡᠨ ᠠᠵᠢᠯᠯᠭ᠎ᠠ ᠶᠢ ᠰᠢᠢᠳᠭᠡᠬᠦ ᠲᠦᠷᠢᠮ︾ | ᠢ ᠲᠠᠷᠬᠠᠭᠠᠨ ᠬᠡᠷᠡᠭᠵᠢᠬᠦᠯᠪᠡ᠃ ᠰᠢᠨ᠎ᠡ ᠨᠢᠭᠡᠨ ᠡᠭᠡᠯᠵᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠪᠦᠬᠦ ᠲᠠᠯ᠎ᠠ | ᠪᠠᠷ ᠡᠬᠢᠯᠡᠭᠦᠯᠪᠡ᠃ ᠲᠦᠪ ᠬᠤᠷᠢᠶᠠᠨ ᠤ ᠨᠠᠢᠮᠠᠨ ᠲᠤᠭᠳᠠᠭᠠᠯ ᠵᠢᠴᠢ ᠲᠡᠬᠦᠨ ᠤ ᠬᠡᠷᠡᠭᠵᠢᠬᠦᠯᠬᠦ ᠨᠠᠷᠢᠨ ᠲᠦᠷᠢᠮ᠂ | ᠦᠪᠡᠷᠳᠡᠭᠡᠨ ᠵᠠᠰᠠᠬᠤ ᠤᠷᠤᠨ ᠤ ᠬᠡᠷᠡᠭᠵᠢᠬᠦᠯᠬᠦ ᠢᠵᠢ ᠲᠦᠬᠦᠷ ᠠᠷᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ︽ᠠᠯᠪᠠᠨ ᠤ ᠭᠤᠷᠪᠠᠨ︾ ᠵᠠᠷᠣᠳᠠᠯ ᠤᠨ ᠵᠠᠷᠣᠯᠭ᠎ᠠ ᠶᠢ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 18.1 | % ᠪᠠᠭᠠᠰᠬᠠᠪᠠ᠃ | ᠣᠯᠣᠰ ᠤᠨ ᠪᠠᠲᠤᠯᠠᠨ ᠬᠠᠮᠠᠭᠠᠯᠠᠯᠳᠠ ᠶᠢᠨ ᠪᠦᠲᠦᠭᠡᠨ ᠪᠠᠶᠢᠭᠤᠯᠤᠯᠳᠠ᠂ ᠠᠷᠠᠳ ᠤᠨ ᠠᠭᠠᠷ ᠤᠨ | ᠰᠡᠷᠭᠡᠶᠢᠯᠡᠯᠳᠡ ᠪᠠ ᠬᠤᠶᠠᠷ ᠢ ᠬᠦᠷᠢᠶᠡᠯᠡᠬᠦ ᠠᠵᠢᠯ ᠤᠨ ᠦᠷ᠎ᠡ ᠪᠦᠲᠦᠮᠵᠢ ᠢᠯᠡᠷᠭᠡᠢ᠂ ᠡᠮᠡᠭᠳᠡᠶᠢᠴᠦᠳ᠂ ᠬᠡᠦᠭᠡᠳ᠂ | ᠵᠠᠯᠠᠭᠤᠴᠣᠳ ᠪᠠᠭᠠᠴᠣᠳ᠂ ᠨᠠᠰᠣᠳᠠᠶᠢᠴᠣᠳ ᠪᠠ ᠵᠡᠮᠳᠡᠭᠴᠣᠳ ᠤᠨ ᠡᠷᠭᠡ ᠠᠰᠢᠭ ᠢ ᠨᠡᠯᠢᠶᠡᠳ ᠰᠠᠶᠢᠨ ᠪᠠᠲᠤᠯᠠᠵᠤ᠂ | ᠦᠨᠳᠦᠰᠦᠳᠡᠨ ᠱᠠᠰᠢᠨ ᠰᠣᠷᠳᠠᠬᠤᠨ᠂ ᠲᠠᠩᠰᠠ ᠡᠪᠬᠡᠮᠡᠯ ᠲᠡᠦᠭᠡ ᠤᠶᠢᠯᠠᠯᠭ᠎ᠠ᠂ ᠭᠠᠳᠠᠭᠠᠲᠤ ᠶᠠᠪᠤᠳᠠᠯ ᠬᠠᠷᠢᠶᠠᠲᠤ | ᠶᠢᠨ ᠶᠠᠪᠤᠳᠠᠯ᠂ ᠪᠤᠭᠤᠮᠳᠠ᠂ ᠴᠠᠭ ᠠᠭᠤᠷ᠂ ᠭᠠᠵᠠᠷ ᠬᠦᠳᠡᠯᠦᠯᠳᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ᠂ | ᠰᠣᠨᠢᠨ ᠮᠡᠳᠡᠭᠡ ᠬᠡᠪᠯᠡᠯ᠂ ᠷᠠᠳᠢᠣ᠋ ᠲᠧᠯᠸᠢᠰ᠂ ᠷᠢᠳᠢᠣ᠋ ᠶᠢᠨ ᠬᠠᠮᠢᠶᠠᠷᠣᠯᠳᠠ ᠪᠠ ᠣᠯᠠᠭᠠᠨ ᠵᠠᠭᠠᠯᠮᠠᠶᠢᠳᠠᠨ ᠤ ᠨᠡᠶᠢᠭᠡᠮᠯᠢᠭ | ᠵᠡᠷᠭᠡ ᠠᠵᠢᠯ ᠰᠢᠨ᠎ᠡ ᠠᠬᠢᠯᠳᠠ ᠲᠠᠢ ᠪᠤᠯᠪᠠ᠃ | ᠲᠦᠯᠦᠭᠡᠯᠡᠭᠴᠢᠳ ᠡ᠂ ᠦᠩᠭᠡᠷᠡᠭᠰᠡᠨ ᠨᠢᠭᠡ ᠵᠢᠯ ᠳᠤ ᠪᠢᠳᠡ ᠲᠦᠪ ᠬᠤᠷᠢᠶ᠎ᠠ᠂ ᠦᠪᠡᠷᠳᠡᠭᠡᠨ ᠵᠠᠰᠠᠬᠤ | ᠤᠷᠤᠨ ᠪᠠ ᠬᠤᠳᠠ ᠶᠢᠨ ᠨᠠᠮ ᠤᠨ ᠬᠤᠷᠢᠶᠠᠨ ᠤ ᠰᠢᠢᠳᠪᠦᠷᠢ ᠪᠠᠶᠢᠷᠢᠰᠢᠭᠤᠯᠤᠯᠳᠠ ᠶᠢ ᠨᠠᠷᠢᠨ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠦᠴᠢᠷ ᠪᠡᠷᠭᠡᠰᠢᠶᠡᠯ ᠢ ᠰᠦᠷᠦᠨ᠂ ᠬᠦᠴᠦ ᠪᠠᠨ ᠲᠦᠪᠯᠡᠷᠡᠭᠦᠯᠦᠨ | ᠰᠢᠪᠲᠤᠯᠤᠯᠳᠠ ᠬᠢᠵᠦ᠂ ᠠᠮᠢ ᠠᠬᠤᠢ ᠶᠢᠨ ᠣᠷᠴᠢᠨ ᠲᠤᠭᠤᠷᠢᠨ ᠤ ᠲᠤᠳᠠᠭᠤᠳᠠᠯ ᠳᠤ ᠠᠩᠬᠠᠷᠣᠯ ᠢᠶᠠᠨ | ᠲᠦᠪᠯᠡᠷᠡᠬᠦᠯᠦᠨ᠂ ᠵᠢᠯ ᠤᠨ ᠦᠷᠢ ᠦᠭᠴᠢᠭᠡ ᠶᠢ ᠠᠷᠢᠯᠭᠠᠬᠤ ᠡᠭᠦᠷᠭᠡ ᠪᠠᠨ ᠲᠠᠪᠠᠭᠤᠯᠤᠨ ᠪᠡᠶᠡᠯᠡᠬᠦᠯᠵᠦ᠂ | ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠡᠷᠦᠬᠡ ᠶᠢ ᠶᠠᠳᠠᠭᠤ ᠠᠴᠠ ᠠᠩᠭᠢᠵᠢᠷᠠᠭᠤᠯᠬᠤ ᠠᠵᠢᠯ ᠢ ᠪᠦᠬᠦ | ᠲᠠᠯ᠎ᠠ ᠪᠠᠷ ᠪᠡᠶᠡᠯᠡᠬᠦᠯᠵᠦ᠂ ᠲᠦᠪ ᠬᠤᠷᠢᠶᠠᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ | ᠪᠠᠶᠢᠴᠠᠭᠠᠬᠤ ︽ᠪᠤᠴᠠᠵᠦ ᠪᠠᠶᠢᠴᠠᠭᠠᠵᠦ ᠦᠵᠡᠬᠦ︾ ︽ᠰᠢᠯᠭᠠᠨ ᠪᠠᠶᠢᠴᠠᠭᠠᠬᠤ ᠰᠢᠯᠭᠠᠯᠳᠠ︾ ᠶᠢ ᠠᠮᠵᠢᠯᠳᠠ ᠲᠠᠢ | ᠦᠩᠭᠡᠷᠡᠭᠡᠵᠦ᠂ ᠭᠤᠷᠪᠠᠨ ᠶᠡᠭᠡ ᠰᠢᠪᠳᠣᠯᠣᠯᠳᠠ ᠶᠢᠨ ᠲᠠᠶᠢᠯᠠᠯᠳᠣᠭᠠᠨ ᠤ ᠠᠩᠬᠠᠨ ᠤ ᠲᠠᠶᠢᠨ ᠢᠯᠠᠯᠳᠠ ᠤᠯᠪᠠ᠃ | ᠪᠢᠳᠡ ᠵᠤᠷᠢᠭ ᠰᠡᠳᠭᠢᠯ ᠢᠶᠠᠨ ᠨᠢᠭᠡᠳᠭᠡᠨ᠂ ᠰᠢᠷᠭᠠᠭᠤ ᠬᠠᠳᠠᠭᠤᠵᠢᠯᠳᠠᠢ ᠪᠠᠷ ᠴᠢᠷᠮᠡᠶᠢᠵᠦ᠂ ᠴᠠᠭ ᠠᠭᠤᠷ ᠤᠨ | ᠲᠡᠮᠳᠡᠭᠯᠡᠯ ᠲᠠᠢ ᠪᠤᠯᠤᠭᠰᠠᠨ ᠠᠴᠠ ᠨᠠᠭᠠᠰᠢᠬᠢ ᠬᠠᠮᠤᠭ ᠶᠡᠭᠡ ᠦᠶᠡᠷ ᠢ ᠢᠳᠡᠪᠬᠢᠳᠡᠢ ᠠᠷᠭᠠᠴᠠᠭᠠᠵᠦ᠂ ᠠᠷᠠᠳ ᠣᠯᠠᠨ | ᠤ ᠠᠮᠢ ᠨᠠᠰᠣ ᠡᠳ᠋ ᠬᠦᠷᠦᠩᠬᠡ ᠶᠢᠨ ᠬᠤᠬᠢᠷᠠᠯ ᠢ ᠬᠠᠮᠤᠭ ᠶᠡᠭᠡ ᠬᠡᠪᠴᠢᠶ᠎ᠡ ᠪᠠᠷ ᠪᠠᠭᠠᠰᠬᠠᠪᠠ᠃ ᠪᠢᠳᠡ ᠠᠷᠪᠠᠳᠣᠭᠠᠷ | ᠬᠤᠭᠤᠴᠠᠭᠠᠨ ᠤ ᠬᠠᠳᠣᠨ ᠭᠤᠤᠯ ᠤᠨ ᠬᠡᠷᠡᠯᠲᠤ ᠰᠣᠪᠣᠳ · ᠲᠤᠮᠳᠠᠲᠤ ᠤᠯᠤᠰ ᠤᠨ ᠦᠬᠠᠢ ᠶᠢᠨ ᠣᠷᠠᠨ | ᠪᠢᠴᠢᠯᠭᠡ ᠶᠢᠨ ᠤᠷᠠᠯᠢᠭ ᠤᠨ ᠨᠠᠶᠢᠷ᠂ ︽ᠬᠦᠬᠡ ᠮᠦᠷᠡᠨ ᠤ ᠭᠤᠷᠪᠠᠯᠵᠢᠨ ᠬᠤᠶᠢᠭ︾ ᠤᠷᠤᠨ ᠤ ᠠᠵᠤ ᠦᠢᠯᠡᠰ ᠤᠨ | ᠰᠢᠯᠵᠢᠯᠳᠡ ᠵᠢᠴᠢ ᠬᠤᠳᠠᠯᠳᠤᠭᠠᠴᠵᠡ ᠤᠷᠵᠵᠤ ᠪᠠᠯᠡ ᠲᠠᠳᠠᠬᠤ ᠲᠠᠨᠢᠯᠴᠠᠭᠤᠯᠭ᠎ᠠ ᠶᠢᠨ ᠬᠤᠷᠠᠯ ᠵᠡᠷᠭᠡ ᠴᠢᠬᠤᠯᠠ | ᠬᠦᠳᠡᠯᠭᠡᠭᠡᠨ ᠢ ᠠᠮᠵᠢᠯᠳᠠ ᠲᠠᠢ ᠡᠷᠭᠢᠯᠡᠵᠦ᠂ ᠦᠬᠠᠢ ᠶᠢ ᠦᠷᠭᠡᠨ ᠢᠶᠠᠷ ᠤᠬᠠᠭᠤᠯᠤᠨ᠂ ᠦᠬᠠᠢ ᠶᠢ ᠲᠡᠯᠭᠡᠷ ᠢᠶᠠᠷ | ᠲᠠᠨᠢᠯᠴᠠᠭᠤᠯᠵᠤ᠂ ᠬᠤᠳᠠ ᠶᠢᠨ ᠠᠯᠳᠠᠷᠰᠢᠯ ᠤᠨ ᠬᠡᠮᠵᠢᠶ᠎ᠡ᠂ ᠰᠠᠶᠢᠰᠢᠶᠡᠯ ᠤᠨ ᠬᠡᠮᠵᠢᠶ᠎ᠡ ᠤᠯᠠᠮ ᠨᠢᠭᠡ ᠠᠯᠬᠤᠮ | ᠲᠡᠭᠡᠭᠰᠢᠯᠡᠪᠡ᠃ ᠦᠢᠯᠡᠳᠦᠯᠭᠡ ᠬᠦᠢᠴᠡᠳ ᠬᠡᠷᠡᠴᠢᠯᠡᠭᠰᠡᠨ ᠨᠢ᠄ ᠢᠮᠠᠭᠳᠠ ᠲᠦᠪ ᠬᠤᠷᠢᠶ᠎ᠠ᠂ ᠦᠪᠡᠷᠳᠡᠭᠡᠨ ᠵᠠᠰᠠᠬᠤ | ᠤᠷᠤᠨ ᠪᠠ ᠬᠤᠳᠠ ᠶᠢᠨ ᠨᠠᠮ ᠤᠨ ᠬᠤᠷᠢᠶᠠᠨ ᠤ ᠪᠠᠶᠢᠷᠢᠰᠢᠭᠤᠯᠤᠯᠳᠠ ᠱᠠᠭᠠᠷᠳᠠᠯᠭ᠎ᠠ ᠶᠢ ᠪᠠᠷᠢᠮᠳᠠᠯᠠᠵᠤ᠂ | ᠰᠠᠨᠠᠭᠠᠴᠢᠯᠠᠭ᠎ᠠ ᠠᠴᠠ ᠪᠠᠨ ᠦᠢᠯᠡᠳᠦᠯ ᠢᠶᠠᠨ ᠪᠠᠳᠠᠷᠠᠭᠤᠯᠵᠤ᠂ ᠰᠢᠷᠭᠠᠭᠤ ᠬᠠᠳᠠᠭᠤᠵᠢᠯᠳᠠᠢ ᠠᠵᠢᠯᠯᠠᠵᠤ᠂ | ᠲᠤᠤᠱᠯᠠᠭᠤᠯᠤᠯᠳᠠ ᠨᠠᠶᠢᠳᠠᠪᠤᠷᠢᠵᠢᠭᠤᠯᠤᠯᠳᠠ ᠶᠢ ᠲᠡᠷᠡ ᠶᠤᠰᠣᠭᠠᠷ ᠴᠢᠩᠭ᠎ᠠ ᠠᠳᠬᠤᠪᠠᠯ᠂ ᠡᠯ᠎ᠡ ᠲᠦᠷᠦᠯ ᠤᠨ | ᠠᠵᠢᠯ ᠢ ᠠᠮᠵᠢᠯᠳᠠ ᠲᠠᠢ ᠠᠬᠢᠭᠤᠯᠵᠤ᠂ ᠦᠷ᠎ᠡ ᠪᠦᠲᠦᠮᠵᠢ ᠲᠠᠢ ᠪᠡᠶᠡᠯᠡᠬᠦᠯᠬᠦ ᠪᠤᠯᠤᠨ᠎ᠠ︔ ᠢᠮᠠᠭᠳᠠ ᠬᠦᠭᠵᠢᠯᠳᠡ | ᠪᠤᠯ ᠲᠡᠷᠢᠬᠦᠨ ᠴᠢᠬᠤᠯᠠ ᠶᠠᠪᠤᠳᠠᠯ ᠬᠡᠰᠡᠨ ᠢ ᠪᠠᠷᠢᠮᠳᠠᠯᠠᠵᠤ᠂ ᠪᠦᠬᠦ ᠬᠦᠴᠦᠨ ᠢᠶᠠᠷ ᠬᠡᠯᠪᠡᠷᠢ ᠪᠠᠨ ᠬᠤᠪᠢᠷᠠᠭᠤᠯᠵᠤ᠂ | ᠪᠦᠲᠦᠴᠡ ᠪᠠᠨ ᠲᠤᠬᠢᠷᠠᠭᠤᠯᠵᠤ᠂ ᠨᠡᠮᠡᠭᠳᠡᠯ ᠢᠶᠠᠨ ᠲᠤᠭᠳᠠᠭᠤᠨ ᠪᠤᠯᠭᠠᠪᠠᠯ᠂ ᠠᠵᠤ ᠠᠬᠤᠢ ᠶᠢᠨ ᠬᠡᠯᠪᠡᠷᠢ | ᠬᠤᠪᠢᠷᠠᠭᠤᠯᠤᠯᠳᠠ ᠪᠠ ᠬᠤᠳᠠ ᠶᠢᠨ ᠬᠡᠯᠪᠡᠷᠢ ᠬᠤᠪᠢᠷᠠᠭᠤᠯᠤᠯᠳᠠ ᠶᠢ ᠲᠤᠭᠳᠠᠭᠤᠨ ᠤ ᠲᠤᠮᠳᠠ ᠣᠷᠣᠭᠰᠢᠯᠠᠯᠳᠠ ᠲᠠᠢ | ᠂ ᠤᠷᠤᠭᠰᠢᠯᠠᠯᠳᠠ ᠶᠢᠨ ᠲᠤᠮᠳᠠ ᠴᠢᠨᠠᠷ ᠲᠡᠭᠡᠭᠰᠢᠯᠡᠯᠳᠡ ᠲᠠᠢ ᠪᠤᠯᠭᠠᠬᠤ ᠶᠢ ᠪᠡᠶᠡᠯᠡᠬᠦᠯᠬᠦ ᠪᠤᠯᠤᠨ᠎ᠠ︔ ᠢᠮᠠᠭᠳᠠ | ᠠᠷᠠᠳ ᠲᠦᠮᠡᠨ ᠢᠶᠠᠷ ᠭᠤᠤᠯ ᠪᠤᠯᠭᠠᠭᠰᠠᠨ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠪᠦᠬᠦ ᠰᠡᠳᠭᠢᠯ | ᠪᠦᠬᠦ ᠵᠤᠷᠢᠭ ᠢᠶᠠᠷ ᠤᠯᠠᠨ ᠲᠦᠮᠡᠨ ᠳᠤ ᠪᠤᠳᠠᠲᠤ ᠤᠴᠢᠷ ᠬᠦᠢᠴᠡᠳᠭᠡᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ | ᠦᠭᠪᠡᠯ᠂ ᠦᠷᠭᠡᠨ ᠤᠯᠠᠨ ᠠᠷᠠᠳ ᠲᠦᠮᠡᠨ ᠤ ᠢᠳᠡᠭᠡᠯ ᠪᠠ ᠲᠡᠮᠵᠢᠯᠭᠡ ᠶᠢ ᠯᠠᠪᠳᠠᠢ ᠣᠯᠬᠤ ᠪᠤᠯᠤᠨ᠎ᠠ᠃ | ᠲᠦᠯᠦᠭᠡᠯᠡᠭᠴᠢᠳ ᠡ᠂ ᠨᠢᠭᠡ ᠵᠢᠯ ᠤᠨ ᠲᠤᠷᠰᠢᠭᠢ ᠵᠠᠰᠠᠭ ᠤᠨ ᠣᠷᠳᠣᠨ ᠤ ᠬᠢᠭᠰᠡᠨ ᠠᠵᠢᠯ᠂ ᠦᠪᠡᠷᠳᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠲᠤᠨᠤᠰᠤᠭ ᠬᠠᠯᠠᠮᠵᠢᠯᠠᠯ ᠢ ᠠᠴᠢᠶᠠᠯᠠᠵᠤ᠂ | ᠬᠤᠳᠠ ᠶᠢᠨ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠣᠷᠢᠳᠣᠯᠭ᠎ᠠ ᠶᠢ ᠢᠯᠡᠷᠡᠭᠦᠯᠵᠦ᠂ ᠦᠷᠭᠡᠨ ᠤᠯᠠᠨ | ᠺᠠᠳ᠋ᠷ ᠠᠵᠢᠯᠳᠠᠳ ᠤᠨ ᠬᠦᠴᠦ ᠬᠦᠯᠦᠰᠦ ᠶᠢ ᠠᠭᠤᠰᠬᠠᠵᠤ᠂ ᠨᠡᠶᠢᠭᠡᠮ ᠤᠨ ᠡᠯ᠎ᠡ ᠡᠳᠡᠭᠡᠳ ᠤᠨ ᠣᠶᠣᠨ ᠣᠬᠠᠭᠠᠨ ᠢ | ᠲᠦᠪᠯᠡᠷᠡᠭᠦᠯᠪᠡ᠃ ᠠᠳᠡ᠂ ᠪᠢ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠡᠮᠦᠨ᠎ᠡ ᠠᠴᠠ ᠪᠦᠬᠦ ᠬᠤᠳᠠ | ᠶᠢᠨ ᠠᠷᠠᠳ ᠲᠦᠮᠡᠨ᠂ ᠦᠷᠭᠡᠨ ᠤᠯᠠᠨ ᠺᠠᠳ᠋ᠷ ᠠᠵᠢᠯᠳᠠᠳ᠂ ᠦᠬᠠᠢ ᠶᠢᠨ ᠪᠦᠲᠦᠭᠡᠨ ᠪᠠᠶᠢᠭᠤᠯᠤᠯᠳᠠ ᠬᠦᠭᠵᠢᠯᠳᠡ | ᠳᠤ ᠬᠠᠯᠠᠮᠵᠢᠯᠠᠯ ᠲᠡᠮᠵᠢᠯᠭᠡ ᠦᠵᠡᠭᠦᠯᠦᠭᠰᠡᠨ ᠨᠡᠶᠢᠭᠡᠮ ᠤᠨ ᠡᠯ᠎ᠡ ᠡᠳᠡᠭᠡᠳ ᠤᠨ ᠬᠢᠨ ᠳᠤ ᠡᠷᠬᠢᠮ ᠬᠦᠨᠳᠦᠳᠭᠡᠯ ᠪᠠ | ᠴᠢᠩ ᠰᠡᠳᠭᠢᠯ ᠤᠨ ᠲᠠᠯᠠᠷᠬᠠᠯ ᠢᠶᠠᠨ ᠲᠡᠪᠰᠢᠭᠦᠯᠦᠶ᠎ᠡ︕ | ᠲᠦᠯᠦᠭᠡᠯᠡᠭᠴᠢᠳ ᠲᠠ ᠨᠠᠷ ᠲᠤ ᠲᠤᠲᠤᠷᠬᠠᠶᠢᠯᠠᠬᠤ ᠴᠢᠬᠤᠯᠠᠳᠠᠢ ᠨᠢ᠂ ᠣᠯᠠᠨ ᠵᠦᠢᠯ ᠤᠨ ᠡᠯᠧᠮᠧᠨ᠋ᠲ ᠤᠨ | ᠨᠦᠯᠦᠭᠡ ᠠᠴᠠ ᠪᠤᠯᠵᠤ᠂ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ᠂ ᠨᠡᠶᠢᠭᠡᠮ ᠤᠨ ᠬᠡᠷᠡᠭᠯᠡᠭᠡᠨ ᠤ ᠵᠦᠢᠯ | ᠤᠨ ᠵᠢᠵᠢᠭᠯᠡᠨ ᠪᠤᠷᠤᠯᠠᠭᠤᠯᠭ᠎ᠠ ᠶᠢᠨ ᠶᠡᠷᠦᠩᠬᠡᠢ ᠬᠡᠮᠵᠢᠶ᠎ᠡ ᠬᠡᠳᠦᠶᠢᠪᠡᠷ ᠦᠪᠡᠷᠳᠡᠭᠡᠨ ᠵᠠᠰᠠᠬᠤ ᠤᠷᠤᠨ ᠤ ᠡᠮᠦᠨ᠎ᠡ | ᠡᠩᠨᠡᠭᠡᠨ ᠳᠤ ᠪᠠᠶᠢᠭ᠎ᠠ ᠪᠤᠯᠪᠠᠴᠣ᠂ ᠪᠡᠶᠡᠯᠡᠬᠦᠯᠦᠭᠰᠡᠨ ᠪᠠᠶᠢᠳᠠᠯ ᠮᠦᠨ ᠬᠦ ᠵᠢᠱᠢᠭᠰᠡᠨ ᠬᠠᠷᠠᠯᠳᠠ ᠠᠴᠠ ᠲᠤᠤᠷ᠎ᠠ | ᠪᠠᠶᠢᠨ᠎ᠠ᠃ ᠡᠬᠦᠨ ᠤ ᠬᠠᠮᠲᠤ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠲᠤᠮᠳᠠ ᠪᠠᠰᠠ ᠨᠢᠭᠡ ᠪᠦᠯᠦᠭ | ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠭ᠎ᠠ ᠶᠢ ᠰᠡᠷᠭᠡᠭ ᠢᠶᠠᠷ ᠲᠠᠨᠢᠵᠦ ᠤᠯᠪᠠ᠄ ᠨᠢᠭᠡ ᠳᠤ ᠠᠵᠤ ᠦᠢᠯᠡᠰ | ᠤᠨ ᠪᠦᠲᠦᠴᠡ ᠵᠦᠢ ᠵᠤᠬᠢᠰ ᠢᠶᠠᠷ ᠠᠨᠠᠢ᠂ ᠪᠦᠲᠦᠭᠦᠯᠢᠭ ᠬᠡᠯᠪᠡᠷᠢ ᠶᠢᠨ ᠬᠦᠭᠵᠢᠯᠳᠡ ᠶᠢᠨ ᠮᠠᠶ᠋ᠢᠭ ᠢ ᠦᠨᠳᠦᠰᠦᠨ | ᠠᠴᠠ ᠨᠢ ᠬᠤᠪᠢᠷᠠᠭᠤᠯᠵᠤ ᠲᠡᠶᠢᠯᠦᠭᠡ ᠦᠭᠡᠢ᠂ ᠰᠢᠨ᠎ᠡ ᠬᠦᠳᠡᠯᠭᠡᠭᠴᠢ ᠴᠢᠳᠠᠪᠤᠷᠢ ᠶᠢᠨ ᠪᠤᠶᠢᠵᠢᠭᠤᠯᠤᠯᠳᠠ ᠶᠢ | ᠦᠷᠬᠦᠯᠵᠢᠯᠡᠨ ᠴᠢᠩᠭᠠᠳᠬᠠᠬᠤ ᠬᠡᠷᠡᠭᠳᠡᠢ᠂ ᠬᠡᠯᠪᠡᠷᠢ ᠪᠠᠨ ᠬᠤᠪᠢᠷᠠᠭᠤᠯᠬᠤ ᠬᠦᠭᠵᠢᠯᠳᠡ ᠶᠢᠨ ᠡᠭᠦᠷᠭᠡ ᠬᠦᠨᠲᠤ ᠵᠠᠮ | ᠬᠤᠯᠠ ᠪᠠᠶᠢᠭᠰᠠᠭᠠᠷ᠃ ᠬᠤᠶᠠᠷ ᠲᠤ ᠴᠢᠬᠤᠯᠠ ᠲᠦᠷᠦᠯ ᠵᠦᠢᠯ ᠤᠨ ᠬᠠᠳᠠᠭᠠᠯᠠᠮᠵᠢ ᠬᠦᠢᠴᠡᠳ ᠪᠤᠰᠣ᠂ ᠲᠤᠭᠳᠠᠮᠠᠯ | ᠬᠦᠷᠦᠩᠬᠡ ᠶᠢᠨ ᠪᠡᠯᠡ ᠣᠷᠣᠭᠤᠯᠣᠯᠳᠠ ᠶᠢᠨ ᠨᠡᠮᠡᠭᠳᠡᠯ ᠰᠣᠯᠠᠪᠳᠣᠷ᠂ ᠡᠳ᠋ ᠤᠨ ᠵᠠᠰᠠᠭ ᠤᠨ ᠤᠷᠤᠯᠭ᠎ᠠ ᠶᠢᠨ ᠨᠡᠮᠡᠭᠳᠡᠯ | ᠤᠨ ᠲᠠᠷᠣᠯᠳᠠ ᠨᠡᠯᠢᠶᠡᠳ ᠶᠡᠭᠡ᠃ ᠭᠤᠷᠪᠠ ᠳᠤ ᠬᠤᠳᠠ ᠶᠢᠨ ᠰᠠᠭᠤᠷᠢ ᠲᠦᠭᠦᠭᠡᠷᠦᠮᠵᠢ ᠶᠢᠨ ᠦᠷᠢ ᠦᠭᠴᠢᠭᠡ | ᠨᠡᠯᠢᠶᠡᠳ ᠣᠯᠠᠨ᠂ ᠢᠵᠢ ᠲᠦᠭᠦᠷᠵᠢᠬᠦᠯᠦᠭᠰᠡᠨ ᠴᠢᠳᠠᠮᠵᠢ ᠲᠡᠬᠦᠯᠳᠡᠷ ᠪᠤᠰᠣ᠂ ᠨᠠᠷᠢᠯᠢᠭᠵᠢᠭᠤᠯᠤᠭᠰᠠᠨ ᠬᠠᠮᠢᠶᠠᠷᠣᠯᠳᠠ | ᠪᠠᠨ ᠲᠡᠭᠡᠭᠰᠢᠯᠡᠬᠦᠯᠬᠦ ᠴᠢᠬᠤᠯᠠᠳᠠᠢ᠃ ᠲᠦᠷᠪᠡ ᠳᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠪᠤᠶᠢᠮ᠎ᠠ | ᠠᠰᠠᠭᠤᠳᠠᠯ ᠦᠨᠳᠦᠰᠦᠨ ᠳᠡᠭᠡᠨ ᠰᠢᠢᠳᠪᠦᠷᠢᠯᠡᠭᠳᠡᠭᠰᠡᠨ ᠦᠭᠡᠢ᠂ ᠠᠭᠤᠷᠬᠠᠢ ᠶᠢᠨ ᠣᠷᠣᠨ ᠤ ᠤᠷᠴᠢᠨ ᠲᠤᠭᠤᠷᠢᠨ ᠤ | ᠶᠡᠷᠦᠩᠬᠡᠶᠢᠯᠡᠭᠰᠡᠨ ᠴᠡᠭᠴᠡᠯᠡᠨ ᠵᠠᠰᠠᠯᠳᠠ ᠶᠢᠨ ᠡᠭᠦᠷᠭᠡ ᠬᠦᠨᠲᠤ᠂ ᠠᠭᠠᠷ ᠮᠠᠨᠳᠠᠯ ᠤᠨ ᠪᠤᠵᠠᠷᠳᠠᠯ ᠢ ᠰᠡᠷᠭᠡᠶᠢᠯᠡᠨ | ᠵᠠᠰᠠᠬᠤ ᠪᠠᠶᠢᠳᠠᠯ ᠮᠦᠨ ᠬᠦ ᠲᠤᠯᠭᠠᠮ᠎ᠠ ᠱᠠᠭᠠᠷᠳᠠᠭᠳᠠᠵᠤ ᠪᠤᠢ᠃ ᠲᠠᠪᠤ ᠳᠤ ᠠᠷᠠᠳ ᠤᠨ ᠠᠮᠢᠲᠤᠷᠠᠯ ᠤᠨ ᠬᠦᠷᠢᠶ᠎ᠡ | ᠬᠡᠪᠴᠢᠶᠡᠨ ᠳᠤ ᠪᠠᠭ᠎ᠠ ᠪᠤᠰᠣ ᠲᠤᠳᠠᠭᠤᠳᠠᠯ ᠣᠷᠣᠰᠢᠵᠤ ᠪᠤᠢ᠂ ᠤᠨᠴᠠᠭᠠᠶᠢᠯᠠᠨ ᠰᠣᠷᠭᠠᠨ ᠬᠦᠮᠦᠵᠢᠯ᠂ ᠡᠮᠴᠢᠯᠡᠭᠡ | ᠵᠡᠷᠭᠡ ᠶᠢᠨ ᠰᠢᠯᠢᠳᠡᠭ ᠡᠬᠢ ᠪᠠᠶᠠᠯᠢᠭ ᠬᠦᠢᠴᠡᠳ ᠪᠣᠰᠣ᠂ ᠲᠤᠬᠢᠷᠠᠭᠤᠯᠤᠯᠳᠠ ᠲᠡᠩᠴᠡᠭᠦᠷᠢ ᠦᠭᠡᠢ᠂ ᠣᠯᠠᠨ ᠲᠦᠮᠡᠨ | ᠤ ᠵᠤᠯ ᠵᠢᠷᠭᠠᠯᠲᠤ ᠠᠮᠢᠲᠤᠷᠠᠯ ᠤᠨ ᠱᠠᠭᠠᠷᠳᠠᠯᠭ᠎ᠠ ᠯᠤᠭ᠎ᠠ ᠨᠡᠯᠢᠶᠡᠳ ᠶᠡᠭᠡ ᠵᠦᠷᠢᠶ᠎ᠡ ᠤᠷᠤᠰᠢᠵᠤ ᠪᠠᠶᠢᠨ᠎ᠠ᠃ | ᠵᠢᠷᠭᠤᠭ᠎ᠠ ᠳᠤ ᠵᠠᠰᠠᠭ ᠤᠨ ᠣᠷᠳᠣᠨ ᠤ ᠡᠬᠦᠷᠭᠡ ᠴᠢᠳᠠᠪᠤᠷᠢ ᠪᠠᠨ ᠬᠤᠪᠢᠷᠠᠭᠤᠯᠤᠭᠰᠠᠨ ᠨᠢ ᠬᠦᠢᠴᠡᠳ ᠪᠤᠰᠣ᠂ | ᠪᠠᠭ᠎ᠠ ᠲᠤᠭᠠᠨ ᠤ ᠺᠠᠳ᠋ᠷ ᠤᠨ ᠬᠠᠷᠢᠭᠤᠴᠠᠯᠭ᠎ᠠ ᠶᠢᠨ ᠤᠬᠠᠮᠰᠠᠷ ᠪᠠ ᠬᠡᠷᠡᠭᠵᠢᠬᠦᠯᠬᠦ ᠴᠢᠳᠠᠪᠤᠷᠢ ᠴᠢᠩᠭ᠎ᠠ ᠪᠤᠰᠣ᠂ | ᠬᠠᠷᠢᠭᠤᠴᠠᠯᠭ᠎ᠠ ᠡᠭᠦᠷᠭᠡᠯᠡᠬᠦ ᠵᠤᠷᠢᠭ ᠦᠭᠡᠢ᠂ ᠦᠢᠯᠡᠳᠦᠯ ᠪᠠᠳᠠᠷᠠᠭᠤᠯᠬᠤ ᠲᠤᠷ᠎ᠠ ᠦᠭᠡᠢ᠂ ᠦᠢᠯᠡᠳᠦᠯ ᠪᠠᠳᠠᠷᠠᠭᠤᠯᠬᠤ | ᠠᠪᠢᠶᠠᠰ ᠦᠭᠡᠢ ᠵᠡᠷᠭᠡ ᠠᠰᠠᠭᠤᠳᠠᠯ ᠮᠦᠨ ᠬᠦ ᠤᠷᠤᠰᠢᠵᠦ ᠪᠠᠶᠢᠨ᠎ᠠ᠃ ᠡᠬᠦᠨ ᠳᠤ ᠪᠢᠳᠡ ᠬᠦᠴᠦᠳᠡᠢ ᠠᠷᠭ᠎ᠠ | ᠬᠡᠮᠵᠢᠶ᠎ᠡ ᠠᠪᠴᠦ᠂ ᠦᠨᠡᠨᠬᠦ ᠰᠢᠢᠳᠪᠦᠷᠢᠯᠡᠪᠡᠯ ᠵᠤᠬᠢᠨ᠎ᠠ᠃ | ᠬᠤᠶᠠᠷ᠂ 2019 ᠤᠨ ᠤ ᠠᠵᠢᠯ ᠤᠨ ᠲᠤᠬᠢᠷᠠᠭᠤᠯᠤᠯᠳᠠ᠃ | 2019 ᠣᠨ ᠪᠤᠯ ᠰᠢᠨ᠎ᠡ ᠲᠤᠮᠳᠠᠲᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠤᠯᠬᠤ ᠪᠦᠬᠡᠳ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠵᠠᠩᠬᠢᠯᠭ᠎ᠠ ᠶᠢᠨ ᠨᠢᠭᠡ ᠵᠢᠯ ᠪᠤᠯᠤᠨ᠎ᠠ᠃ ᠦᠨᠦ ᠵᠢᠯ | ᠤᠨ ᠠᠵᠢᠯ ᠢ ᠰᠠᠶᠢᠲᠤᠷ ᠬᠢᠬᠦ ᠨᠢ ᠬᠦᠨᠲᠤ ᠴᠢᠬᠤᠯᠠ ᠠᠴᠢ ᠬᠤᠯᠪᠤᠭᠳᠠᠯ ᠲᠠᠢ ᠶᠤᠮ᠃ ᠦᠨᠦ ᠵᠢᠯ ᠤᠨ ᠵᠠᠰᠠᠭ ᠤᠨ | ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠤᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠤᠭᠤᠳᠣᠯᠭ᠎ᠠ ᠪᠤᠯᠭᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠣᠭᠠᠷ | ᠪᠦᠬᠦᠳᠡ ᠬᠤᠷᠠᠯᠳᠣᠭᠠᠨ᠂ ᠭᠤᠷᠪᠠᠳᠣᠭᠠᠷ ᠪᠦᠬᠦᠳᠡ ᠬᠤᠷᠠᠯᠳᠣᠭᠠᠨ ᠤ ᠵᠤᠷᠢᠭ ᠰᠠᠨᠠᠭ᠎ᠠ ᠶᠢ ᠪᠦᠬᠦ ᠲᠠᠯ᠎ᠠ | ᠲᠤᠤᠱᠯᠠᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠶᠢ ᠨᠢᠭᠡᠳᠦᠯᠳᠡᠢ | ᠲᠦᠯᠦᠪᠵᠢᠬᠦᠯᠦᠨ ᠠᠭᠢᠭᠤᠯᠵᠤ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠣᠬᠤ ᠪᠤᠲᠤᠯᠭ᠎ᠠ ᠶᠢᠨ | ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠭᠢᠭᠤᠯᠵᠤ᠂ ᠲᠤᠭᠳᠠᠭᠤᠨ ᠤ ᠲᠤᠮᠳᠠ ᠣᠷᠣᠭᠰᠢᠯᠠᠨ ᠲᠠᠪᠰᠢᠬᠤ | ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠰᠢᠨ᠎ᠡ ᠬᠦᠭᠵᠢᠯᠳᠡ ᠶᠢᠨ ᠣᠨᠣᠯᠵᠢᠬᠤᠨ ᠢ ᠪᠠᠷᠢᠮᠳᠠᠯᠠᠵᠤ᠂ | ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠶᠢ ᠪᠠᠷᠢᠮᠳᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠳᠠᠢ ᠦᠭᠡᠷᠡᠴᠢᠯᠡᠯᠳᠡ ᠪᠠᠷ ᠭᠤᠤᠯ ᠰᠢᠵᠢᠮ ᠢᠶᠠᠨ ᠪᠤᠯᠭᠠᠬᠤ ᠶᠢ ᠪᠠᠷᠢᠮᠳᠠᠯᠠᠵᠤ᠂ ᠵᠠᠬ᠎ᠠ ᠲᠡᠯᠭᠡᠭᠦᠷᠴᠢᠯᠡᠬᠦ | ᠦᠭᠡᠷᠡᠴᠢᠯᠡᠯᠳᠡ ᠶᠢ ᠬᠦᠨᠵᠡᠭᠡᠶᠢᠷᠡᠭᠦᠯᠬᠦ᠂ ᠦᠨᠳᠦᠷ ᠲᠦᠪᠰᠢᠨ ᠲᠠᠢ ᠨᠡᠭᠡᠭᠡᠯᠳᠡ ᠶᠢ ᠦᠷᠭᠡᠳᠭᠡᠬᠦ ᠶᠢ ᠪᠠᠷᠢᠮᠳᠠᠯᠠᠵᠤ᠂ | ᠤᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠭᠤᠷᠪᠠᠨ ᠶᠡᠭᠡ ᠪᠤᠭᠤᠮᠳᠠ | ᠰᠢᠪᠲᠤᠯᠬᠤ ᠲᠠᠶᠢᠯᠠᠯᠳᠣᠭᠠᠨ ᠢ ᠦᠷᠭᠦᠯᠵᠢᠯᠡᠨ ᠰᠠᠶᠢᠲᠤᠷ ᠬᠢᠵᠦ᠂ ᠬᠤᠮᠠᠭᠢ ᠭᠤᠤᠯ ᠴᠤᠭᠴᠠ ᠶᠢᠨ ᠠᠮᠢᠵᠢᠷᠠᠯ ᠤᠨ | ᠬᠦᠴᠦᠨ ᠢ ᠬᠦᠴᠦᠯᠡᠨ ᠬᠦᠭᠵᠢᠭᠡᠵᠦ᠂ ᠬᠤᠷᠸ᠎ᠠ ᠡᠵᠡᠮᠰᠢᠯ ᠲᠤᠬᠢᠷᠠᠭᠤᠯᠭ᠎ᠠ ᠶᠢᠨ ᠰᠢᠨ᠎ᠡ ᠶᠢ ᠡᠬᠦᠲᠤᠨ | ᠲᠡᠭᠦᠯᠳᠡᠷᠵᠢᠬᠦᠯᠵᠦ᠂ ᠨᠡᠮᠡᠭᠳᠡᠯ ᠢ ᠲᠤᠭᠳᠠᠪᠤᠷᠢᠵᠢᠭᠤᠯᠬᠤ᠂ ᠦᠭᠡᠷᠡᠴᠢᠯᠡᠯᠳᠡ ᠶᠢ ᠠᠬᠢᠭᠤᠯᠬᠤ᠂ ᠪᠦᠲᠦᠴᠡ ᠶᠢ | ᠲᠤᠬᠢᠷᠠᠭᠤᠯᠬᠤ᠂ ᠠᠷᠠᠳ ᠤᠨ ᠠᠮᠢᠲᠤᠷᠠᠯ ᠳᠤ ᠠᠰᠢᠭ ᠬᠦᠷᠳᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ | ᠨᠢᠭᠡᠳᠦᠯᠳᠡᠢ ᠲᠦᠯᠦᠪᠵᠢᠭᠦᠯᠦᠨ ᠠᠬᠢᠭᠤᠯᠵᠤ᠂ ᠠᠵᠤ ᠠᠬᠤᠢ ᠶᠢᠨ ᠡᠷᠭᠢᠯᠳᠡ ᠶᠢ ᠵᠦᠢ ᠵᠤᠬᠢᠰᠳᠠᠢ ᠣᠷᠣᠨ ᠵᠠᠢ ᠳᠤ | ᠪᠠᠶᠢᠯᠭᠠᠨ᠂ ᠠᠵᠢᠯ ᠤᠯᠭᠤᠯᠳᠠ᠂ ᠮᠦᠩᠬᠦᠨ ᠬᠦᠢᠯᠭᠡᠭᠡᠨ᠂ ᠭᠠᠳᠠᠭᠠᠲᠤ ᠠᠷᠠᠯᠵᠢᠶ᠎ᠠ᠂ ᠭᠠᠳᠠᠭᠠᠲᠤ ᠪᠡᠯᠡ᠂ ᠪᠡᠯᠡ | ᠤᠷᠤᠭᠤᠯᠤᠯᠳᠠ᠂ ᠵᠢᠱᠢᠯᠳᠡ ᠲᠦᠰᠦᠭᠡᠯᠡᠯ ᠢ ᠴᠢᠨᠠᠭᠰᠢᠳᠠ ᠲᠤᠭᠳᠠᠪᠤᠷᠢᠵᠢᠭᠤᠯᠵᠤ᠂ ᠵᠠᠬ᠎ᠠ ᠲᠡᠯᠬᠡᠭᠦᠷ ᠤᠨ ᠢᠳᠡᠭᠡᠯ | ᠵᠤᠷᠢᠭ ᠢ ᠬᠦᠪᠴᠢᠯᠡᠨ᠂ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ | ᠲᠦᠪᠰᠢᠨ ᠤ ᠲᠦᠷᠦᠭᠳᠡᠯ ᠢ ᠨᠡᠮᠡᠭᠳᠡᠭᠦᠯᠵᠦ᠂ ᠠᠵᠤ ᠠᠬᠤᠢ ᠡᠷᠡᠭᠦᠯ ᠢᠶᠠᠷ ᠬᠦᠭᠵᠢᠬᠦ ᠪᠠ ᠨᠡᠶᠢᠭᠡᠮ ᠤᠨ ᠪᠦᠬᠦ | ᠲᠠᠯ᠎ᠠ ᠶᠢᠨ ᠠᠮᠤᠷ ᠲᠤᠭᠳᠠᠭᠤᠨ ᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠠᠯᠡᠬᠦᠯᠬᠦ ᠳᠤ | ᠰᠢᠢᠳᠪᠦᠷᠢᠯᠡᠬᠦ ᠴᠢᠨᠠᠷᠳᠠᠢ ᠰᠠᠭᠤᠷᠢ ᠶᠢ ᠲᠠᠯᠪᠢᠨ ᠦᠭᠴᠦ᠂ ᠰᠢᠯᠢᠳᠡᠭ ᠠᠮᠵᠢᠯᠳᠠ ᠪᠠᠷ ᠢᠶᠠᠨ ᠪᠦᠬᠦᠳᠡ ᠨᠠᠶᠢᠷᠠᠮᠳᠠᠬᠤ | ᠲᠤᠮᠳᠠᠲᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠪᠡᠯᠭᠡᠯᠡᠶ᠎ᠡ᠃ | ᠲᠡᠭᠡᠷ᠎ᠡ ᠦᠬᠦᠯᠡᠭᠰᠡᠨ ᠶᠡᠷᠦᠩᠬᠡᠢ ᠱᠠᠭᠠᠷᠳᠠᠯᠭ᠎ᠠ ᠶᠢ ᠦᠨᠳᠦᠰᠦᠯᠡᠪᠡᠯ᠂ ᠡᠨᠡ ᠵᠢᠯ ᠤᠨ ᠮᠠᠨ ᠤ ᠬᠤᠳᠠ ᠶᠢᠨ | ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠭᠤᠤᠯ ᠵᠢᠱᠢᠭᠰᠡᠨ ᠬᠠᠷᠠᠯᠳᠠ ᠪᠤᠯ᠄ ᠭᠠᠵᠠᠷ ᠤᠷᠤᠨ ᠤ | ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6.5 % ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠲᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 8 % ᠣᠷᠴᠢᠮ ᠨᠡᠮᠡᠭᠳᠡᠭᠦᠯᠵᠦ᠂ ᠲᠤᠭᠳᠠᠮᠠᠯ ᠬᠦᠷᠦᠩᠭᠡ ᠶᠢᠨ ᠪᠡᠯᠡ | ᠣᠷᠣᠭᠤᠯᠣᠯᠳᠠ ᠶᠢ 10 % ᠤᠷᠴᠢᠮ ᠨᠡᠮᠡᠭᠳᠡᠬᠦᠯᠵᠦ᠂ ᠡᠩ ᠤᠨ ᠣᠯᠠᠨ ᠨᠡᠶᠢᠳᠡ ᠶᠢᠨ ᠲᠦᠰᠦᠪ ᠤᠨ ᠣᠷᠣᠯᠭ᠎ᠠ ᠶᠢ | 6 % ᠤᠷᠴᠢᠮ ᠨᠡᠮᠡᠭᠳᠡᠬᠦᠯᠵᠦ᠂ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ | ᠪᠦᠷᠢ ᠶᠢᠨ ᠡᠵᠡᠮᠳᠡᠵᠦ ᠪᠤᠯᠬᠤ ᠲᠤᠮᠳᠠᠴᠢ ᠤᠷᠤᠯᠭ᠎ᠠ ᠶᠢ ᠲᠤᠰ ᠲᠤᠰ 6 % ᠪᠠ 7 % ᠨᠡᠮᠡᠭᠳᠡᠬᠦᠯᠵᠦ᠂ ᠬᠤᠳᠠ | ᠪᠠᠯᠭᠠᠰᠣᠨ ᠤ ᠠᠵᠢᠯ ᠤᠯᠭᠤᠯᠳᠠ ᠶᠢ 6500 ᠬᠦᠮᠦᠨ ᠠᠴᠠ ᠲᠡᠭᠡᠭᠰᠢ ᠨᠡᠮᠡᠭᠳᠡᠬᠦᠯᠵᠦ᠂ ᠪᠤᠰᠣᠳ ᠬᠢᠵᠠᠭᠠᠷᠯᠠᠬᠤ | ᠴᠢᠨᠠᠷᠲᠠᠢ ᠬᠦᠢᠴᠡᠳᠭᠡᠯ ᠲᠤᠭ᠎ᠠ ᠶᠢ ᠦᠪᠡᠷᠳᠡᠭᠡᠨ ᠵᠠᠰᠠᠬᠤ ᠤᠷᠤᠨ ᠠᠴᠠ ᠪᠠᠭᠤᠯᠭᠠᠭᠰᠠᠨ ᠬᠠᠷᠠᠯᠳᠠ ᠶᠢᠨ ᠲᠤᠲᠤᠷ᠎ᠠ | ᠡᠵᠡᠮᠳᠡᠨ᠎ᠡ᠃ | ᠲᠡᠭᠡᠷ᠎ᠡ ᠦᠬᠦᠯᠡᠭᠰᠡᠨ ᠵᠢᠱᠢᠭᠰᠡᠨ ᠬᠠᠷᠠᠯᠳᠠ ᠤᠳᠣᠬᠠᠨ ᠤ ᠬᠤᠷᠸ᠎ᠠ ᠠᠵᠤ ᠠᠬᠤᠢ ᠶᠢᠨ ᠡᠭᠡᠳᠡᠷᠡᠭᠡᠨ | ᠪᠤᠳᠣᠯᠢᠶᠠᠨᠳᠠᠢ ᠪᠠᠶᠢᠳᠠᠯ᠂ ᠲᠤᠭᠳᠠᠪᠤᠷᠢ ᠦᠭᠡᠢ ᠴᠢᠨᠠᠷ ᠤᠨ ᠡᠯᠧᠮᠧᠨ᠋ᠲ ᠨᠡᠮᠡᠭᠳᠡᠭᠰᠡᠨ ᠢ ᠪᠤᠲᠤᠯᠭᠢᠯᠠᠭᠰᠠᠨ ᠮᠦᠷᠳᠡᠭᠡᠨ | ᠮᠠᠨ ᠤ ᠬᠤᠳᠠ ᠶᠢᠨ ᠤᠳᠣᠬᠠᠨ ᠤ ᠬᠦᠭᠵᠢᠯᠳᠡ ᠶᠢᠨ ᠰᠠᠭᠤᠷᠢ ᠶᠢ ᠪᠤᠳᠤᠯᠬᠢᠯᠡᠵᠦ᠂ ᠪᠦᠬᠦ ᠬᠤᠳᠠ ᠶᠢᠨ ᠤᠯᠠᠨ | ᠲᠦᠮᠡᠨ ᠤ ᠠᠵᠢᠯ ᠤᠨ ᠢᠳᠡᠪᠭᠢ ᠴᠢᠨᠠᠷ ᠢ ᠬᠦᠢᠴᠡᠳ ᠲᠠᠶᠢᠴᠢᠯᠠᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ | ᠤᠨ ᠤᠷᠳᠣᠨ ᠠᠴᠠ ᠲᠠᠬᠢᠨ ᠲᠠᠪᠳᠠᠨ ᠲᠤᠩᠭᠠᠨ ᠵᠤᠬᠢᠴᠠᠭᠤᠯᠤᠨ᠂ ᠨᠠᠷᠢᠨ ᠬᠢᠨᠠᠮᠠᠭᠠᠢ ᠰᠣᠳᠣᠯᠣᠯᠳᠠ ᠬᠢᠬᠦ ᠪᠠᠷ | ᠲᠠᠮᠵᠢᠨ ᠲᠤᠷᠠᠳᠣᠨ ᠭᠠᠷᠭᠠᠭᠰᠠᠨ ᠶᠤᠮ᠃ | ᠲᠦᠯᠦᠬᠡᠯᠡᠭᠴᠢᠳ ᠡ᠂ ᠬᠤᠳᠠ ᠶᠢᠨ ᠨᠠᠮ ᠤᠨ ᠬᠤᠷᠢᠶᠠᠨ ᠤ ᠲᠤᠯᠤᠳᠣᠭᠠᠷ ᠬᠤᠭᠤᠴᠠᠭᠠᠨ ᠤ ᠲᠤᠯᠤᠳᠣᠭᠠᠷ | ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠬᠤᠷᠠᠯ ᠤᠨ ᠱᠠᠭᠠᠷᠳᠠᠯᠭ᠎ᠠ ᠶᠢ ᠦᠨᠳᠦᠰᠦᠯᠡᠪᠡᠯ᠂ | 2019 ᠤᠨ ᠤ ︽ᠲᠠᠪᠤᠨ ᠤᠷᠤᠨ︾ ᠤ ᠪᠦᠲᠦᠭᠡᠨ ᠪᠠᠶᠢᠭᠤᠯᠤᠯᠳᠠ ᠨᠢ ᠰᠢᠨ᠎ᠡ ᠪᠠᠷ ᠬᠦᠭᠵᠢᠭᠰᠡᠨ ᠠᠵᠤ ᠦᠢᠯᠡᠰ ᠢ | ᠪᠤᠶᠢᠵᠢᠭᠤᠯᠬᠤ᠂ ᠬᠤᠳᠠ ᠬᠦᠳᠡᠭᠡ ᠶᠢ ᠠᠭᠤᠰᠣᠯᠴᠠᠭᠤᠯᠤᠨ ᠬᠦᠭᠵᠢᠬᠦᠯᠬᠦ᠂ ᠠᠭᠤᠷ ᠠᠮᠢᠰᠬᠤᠯ ᠤᠨ ᠴᠢᠨᠠᠷ | ᠴᠢᠨᠰᠠᠭ᠎ᠠ ᠶᠢ ᠰᠠᠶᠢᠵᠢᠷᠠᠭᠤᠯᠬᠤ᠂ ᠲᠦᠷᠦᠯ ᠵᠦᠢᠯ ᠤᠨ ᠬᠢᠨᠠᠨ ᠵᠦᠪᠰᠢᠶᠡᠷᠡᠯ ᠤᠨ ᠦᠢᠯᠡᠴᠢᠯᠡᠭᠡ᠂ ᠰᠢᠯᠢᠳᠡᠭ | ᠰᠣᠷᠭᠠᠨ ᠬᠦᠮᠦᠵᠢᠯ ᠡᠮᠴᠢᠯᠡᠭᠡᠨ ᠤ ᠡᠭᠢ ᠪᠠᠶᠠᠯᠢᠭ ᠤᠨ ᠬᠠᠩᠭᠠᠯᠳᠠ ᠳᠤ ︽ᠲᠠᠪᠤᠨ ᠰᠢᠪᠲᠤᠯᠤᠯᠳᠠ︾ ᠶᠢ | ᠪᠡᠶᠡᠯᠡᠬᠦᠯᠦᠨ᠎ᠡ᠃ ᠪᠢᠳᠡᠨ ᠭᠤᠤᠯᠳᠠᠯᠭ᠎ᠠ ᠪᠠᠨ ᠣᠯᠠᠮ ᠨᠢᠭᠡ ᠠᠯᠬᠤᠮ ᠠᠳᠬᠤᠵᠤ᠂ ᠲᠤᠳᠠᠭᠤᠳᠠᠯ ᠢᠶᠠᠨ ᠣᠯᠠᠮ | ᠨᠢᠭᠡ ᠠᠯᠬᠤᠮ ᠨᠦᠬᠦᠪᠦᠷᠢᠯᠡᠵᠦ᠂ ᠪᠠᠭᠤᠷᠠᠢ ᠲᠠᠯ᠎ᠠ ᠪᠠᠨ ᠣᠯᠠᠮ ᠨᠢᠭᠡ ᠠᠯᠬᠤᠮ ᠴᠢᠩᠭᠠᠳᠬᠠᠵᠦ᠂ ᠪᠡᠯᠡ | ᠤᠷᠤᠭᠤᠯᠤᠯᠳᠠ᠂ ᠰᠢᠨ᠎ᠡ ᠶᠢ ᠡᠭᠦᠳᠬᠦ᠂ ᠦᠭᠡᠷᠡᠴᠢᠯᠡᠯᠳᠡ᠂ ᠠᠮᠢ ᠠᠬᠤᠢ ᠬᠡᠬᠦ ︽ᠲᠦᠷᠪᠡᠨ ᠬᠦᠷᠲᠤ ᠪᠠᠷ | ᠬᠦᠳᠡᠯᠭᠡᠬᠦ︾ ᠶᠢ ᠬᠡᠷᠡᠭᠵᠢᠬᠦᠯᠵᠦ᠂ ᠬᠦᠭᠵᠢᠯᠳᠡ ᠶᠢᠨ ᠰᠢᠨ᠎ᠡ ᠲᠠᠪᠠᠭᠤᠯᠢᠭ ᠲᠠᠯ᠎ᠠ ᠪᠠᠨ ᠪᠠᠳᠠᠷᠠᠭᠤᠯᠤᠨ᠂ ᠬᠦᠭᠵᠢᠯᠳᠡ | ᠶᠢᠨ ᠰᠢᠨ᠎ᠡ ᠬᠦᠳᠡᠯᠭᠡᠬᠦ ᠴᠢᠳᠠᠪᠤᠷᠢ ᠪᠠᠨ ᠴᠢᠩᠭᠠᠳᠬᠠᠵᠦ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠬᠦ ᠳᠤ | ᠬᠦᠴᠦᠳᠡᠢ ᠲᠤᠯᠭᠠᠭᠤᠷᠢ ᠬᠠᠩᠭᠠᠬᠤ ᠶᠢ ᠠᠬᠢᠭᠤᠯᠤᠨ᠎ᠠ᠃ | ᠪᠡᠯᠡ ᠣᠷᠣᠭᠤᠯᠤᠯᠳᠠ ᠪᠠᠷ ᠲᠠᠶᠢᠴᠢᠯᠠᠬᠤ ᠶᠢ ᠴᠢᠩᠭᠠᠳᠬᠠᠨ᠎ᠠ᠃ ᠪᠡᠯᠡ ᠣᠷᠣᠭᠤᠯᠣᠯᠳᠠ ᠪᠤᠯ ᠠᠵᠤ ᠠᠬᠤᠢ | ᠶᠢᠨ ᠨᠡᠮᠡᠭᠳᠡᠯ ᠢ ᠲᠠᠶᠢᠴᠢᠯᠠᠬᠤ ᠴᠢᠬᠤᠯᠠ ᠬᠦᠳᠡᠯᠭᠡᠭᠴᠢ ᠬᠦᠴᠦᠨ ᠮᠦᠨ᠃ ᠲᠦᠷᠦ ᠶᠢᠨ ᠪᠤᠲᠤᠯᠭ᠎ᠠ ᠠᠷᠭ᠎ᠠ | ᠬᠡᠮᠵᠢᠶ᠎ᠡ ᠶᠢᠨ ᠰᠢᠨ᠎ᠡ ᠶᠢ ᠣᠯᠠᠮ ᠨᠢᠭᠡ ᠠᠯᠬᠤᠮ ᠡᠭᠦᠳᠴᠦ᠂ ᠨᠡᠶᠢᠭᠡᠮ ᠤᠨ ᠪᠡᠯᠡ ᠤᠷᠤᠭᠤᠯᠤᠯᠳᠠ ᠶᠢᠨ ᠠᠮᠢᠵᠢᠷᠠᠯ | ᠤᠨ ᠬᠦᠴᠦᠨ ᠢ ᠬᠦᠭᠵᠢᠭᠡᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢ ᠴᠡᠴᠡᠭᠯᠡᠨ ᠬᠦᠭᠵᠢᠬᠦᠯᠬᠦ ᠶᠢ ᠶᠡᠬᠡᠪᠡᠷ | ᠠᠭᠢᠭᠤᠯᠵᠤ᠂ ᠨᠡᠶᠢᠭᠡᠮ ᠤᠨ ᠪᠡᠯᠡ ᠣᠷᠣᠭᠤᠯᠣᠯᠳᠠ ᠲᠤᠭᠳᠠᠭᠤᠨ ᠨᠡᠮᠡᠭᠳᠡᠯ ᠳᠤ ᠦᠵᠡᠬᠦᠯᠬᠦ ᠵᠠᠩᠭᠢᠯᠭ᠎ᠠ ᠶᠢᠨ | ᠦᠢᠯᠡᠳᠦᠯ ᠢ ᠬᠦᠢᠴᠡᠳ ᠪᠠᠳᠠᠷᠠᠭᠤᠯᠤᠨ᠎ᠠ᠃ ᠡᠨᠡ ᠵᠢᠯ ᠪᠤᠯ ᠪᠠᠷᠠᠭᠤᠨ ᠤᠷᠤᠨ ᠢ ᠶᠡᠭᠡᠪᠡᠷ ᠨᠡᠭᠡᠭᠡᠨ | ᠬᠦᠭᠵᠢᠬᠦᠯᠦᠭᠰᠡᠨ 20 ᠵᠢᠯ ᠤᠨ ᠤᠢ ᠪᠤᠯᠤᠨ᠎ᠠ᠂ ᠲᠦᠪ ᠬᠤᠷᠢᠶᠠᠨ ᠤ ᠪᠠᠷᠠᠭᠤᠨ ᠤᠷᠤᠨ ᠳᠠᠬᠢ ᠰᠠᠭᠤᠷᠢ | ᠲᠦᠭᠦᠭᠡᠷᠦᠮᠵᠢ ᠶᠢᠨ ᠪᠡᠯᠡ ᠤᠷᠤᠭᠤᠯᠤᠯᠳᠠ ᠶᠢᠨ ᠲᠦᠷᠦ ᠶᠢᠨ ᠪᠤᠲᠤᠯᠭ᠎ᠠ ᠶᠢᠨ ᠠᠵᠠ ᠲᠤᠬᠢᠶᠠᠯ ᠢ ᠴᠢᠩᠭ᠎ᠠ | ᠠᠳᠬᠤᠵᠦ᠂ ᠦᠷᠢ ᠦᠭᠴᠢᠭᠡᠨ ᠤ ᠨᠤᠷᠮ᠎ᠠ ᠶᠢ ᠵᠤᠭᠢᠰᠳᠠᠢ ᠡᠵᠡᠮᠳᠡᠬᠦ ᠤᠷᠢᠳᠠᠯ ᠲᠤᠤᠷ᠎ᠠ᠂ ᠵᠠᠰᠠᠭ ᠤᠨ ᠤᠷᠳᠣᠨ ᠤ | ᠪᠡᠯᠡ ᠣᠷᠣᠭᠤᠯᠣᠯᠳᠠ ᠶᠢᠨ ᠦᠷᠭᠦᠯᠵᠢᠯᠡᠨ ᠴᠢᠩᠭᠠᠳᠬᠠᠵᠦ᠂ ᠰᠠᠭᠤᠷᠢ ᠲᠦᠬᠦᠭᠡᠷᠦᠮᠵᠢ᠂ ᠠᠷᠠᠳ ᠤᠨ ᠠᠮᠢᠲᠤᠷᠠᠯ ᠢ | ᠰᠠᠶᠢᠵᠢᠷᠠᠭᠤᠯᠬᠤ ᠵᠡᠷᠭᠡ ᠵᠠᠩᠭᠢᠯᠭ᠎ᠠ ᠶᠢᠨ ᠬᠦᠷᠢᠶ᠎ᠡ ᠬᠡᠪᠴᠢᠶ᠎ᠡ ᠪᠠ ᠪᠠᠭᠤᠷᠠᠢ ᠲᠠᠯ᠎ᠠ ᠳᠤ ᠠᠩᠬᠠᠷᠣᠯ ᠢᠶᠠᠨ | ᠲᠦᠪᠯᠡᠷᠡᠭᠦᠯᠦᠨ᠂ ᠬᠦᠭᠵᠢᠯᠳᠡ ᠶᠢᠨ ᠲᠤᠳᠠᠭᠤᠳᠠᠯ ᠢᠶᠠᠨ ᠦᠨᠡᠨᠬᠦ ᠨᠦᠬᠦᠪᠦᠷᠢᠯᠡᠨ᠎ᠡ᠃ | ᠰᠢᠨ᠎ᠡ ᠶᠢ ᠡᠭᠦᠳᠬᠦ ᠪᠠᠷ ᠬᠦᠳᠡᠯᠭᠡᠬᠦᠷᠯᠡᠬᠦ ᠶᠢ ᠴᠢᠩᠭᠠᠳᠬᠠᠨ᠎ᠠ᠃ ᠰᠢᠨ᠎ᠡ ᠶᠢ ᠡᠭᠦᠳᠬᠦ ᠪᠤᠯ ᠬᠦᠭᠵᠢᠯᠳᠡ ᠶᠢ | ᠬᠦᠲᠦᠯᠬᠦ ᠨᠢᠭᠡᠳᠦᠭᠡᠷ ᠬᠦᠳᠡᠯᠭᠡᠭᠴᠢ ᠬᠦᠴᠦᠨ ᠮᠦᠨ᠃ ᠤᠷᠤᠨ ᠪᠦᠰᠡ ᠶᠢᠨ ᠰᠢᠨ᠎ᠡ ᠶᠢ ᠡᠭᠦᠳᠬᠦ ᠬᠡᠯᠪᠡᠷᠢ ᠶᠢᠨ | ᠬᠤᠳᠠ ᠶᠢ ᠴᠤᠭᠴᠠᠯᠠᠨ ᠪᠠᠶᠢᠭᠤᠯᠬᠤ ᠪᠠᠷ ᠬᠠᠨᠲᠤᠯᠭ᠎ᠠ ᠪᠤᠯᠭᠠᠵᠤ᠂ ᠪᠦᠬᠦ ᠨᠡᠶᠢᠭᠡᠮ ᠤᠨ ᠰᠣᠳᠣᠯᠣᠨ ᠨᠡᠭᠡᠭᠡᠬᠦ | ᠵᠠᠷᠣᠳᠠᠯ ᠤᠨ ᠣᠷᠣᠭᠤᠯᠣᠯᠳᠠ ᠶᠢᠨ ᠬᠦᠴᠦᠯᠡᠴᠡ ᠪᠠᠨ ᠶᠡᠭᠡᠳᠬᠡᠵᠦ᠂ ᠰᠢᠨᠵᠢᠯᠡᠭᠡ ᠮᠡᠷᠭᠡᠵᠢᠯ ᠤᠨ ᠰᠢᠨ᠎ᠡ ᠶᠢ | ᠡᠭᠦᠳᠬᠦ ᠰᠢᠨ᠎ᠡ ᠲᠦᠷᠦ ᠶᠢᠨ ᠪᠤᠲᠤᠯᠭ᠎ᠠ ᠶᠢᠨ ᠰᠢᠰᠲ᠋ᠧᠮᠵᠢ ᠪᠠᠨ ᠲᠡᠭᠦᠯᠳᠡᠷᠵᠢᠬᠦᠯᠵᠦ᠂ ᠠᠵᠤ ᠠᠬᠤᠶᠢᠯᠠᠯ ᠶᠡᠭᠡ | ᠲᠡᠭᠡᠲᠦ ᠰᠣᠷᠭᠠᠭᠤᠯᠢ ᠰᠣᠳᠣᠯᠬᠤ ᠭᠠᠵᠠᠷ ᠤᠨ ᠬᠦᠨ ᠠᠭᠤᠰᠣᠯᠴᠠᠭ᠎ᠠ ᠶᠢ ᠠᠬᠢᠭᠤᠯᠵᠤ᠂ ᠰᠢᠨᠵᠢᠯᠡᠭᠡ ᠮᠡᠷᠭᠡᠵᠢᠯ ᠤᠨ | ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠯᠳᠡ ᠳᠤ ᠨᠠᠶᠢᠳᠠᠪᠤᠷᠢᠵᠢᠬᠤ ᠶᠢ ᠲᠦᠷᠭᠡᠳᠭᠡᠨ᠎ᠡ᠃ ᠤᠯᠤᠰ ᠤᠨ | ᠲᠤᠲᠤᠭᠠᠲᠤ ᠶᠢᠨ ᠮᠡᠳᠡᠭᠡ ᠵᠠᠩᠭᠢ ᠶᠢᠨ ᠠᠵᠤ ᠦᠢᠯᠡᠰ ᠤᠨ ᠲᠤᠯᠤᠭᠠᠶᠢᠯᠠᠭᠴᠢ ᠠᠵᠤ ᠠᠬᠤᠶᠢᠯᠠᠯ ᠯᠤᠭ᠎ᠠ ᠶᠢᠨ | ᠬᠠᠮᠲᠤᠷᠠᠯᠴᠠᠭ᠎ᠠ ᠪᠠᠨ ᠬᠦᠨᠵᠡᠭᠡᠶᠢᠷᠡᠬᠦᠯᠵᠦ᠂ ᠶᠡᠭᠡ ᠳ᠋ᠠᠶᠢᠲ᠋ᠠ᠂ ᠡᠬᠦᠯᠡᠨ ᠪᠤᠲᠤᠯᠳᠠ ᠶᠢᠨ ᠮᠡᠷᠭᠡᠵᠢᠯ ᠤᠨ | ᠤᠯᠠᠮᠵᠢᠯᠠᠯᠲᠤ ᠠᠵᠤ ᠠᠬᠤᠶᠢᠯᠠᠯ ᠳᠤ ︽ᠴᠢᠳᠠᠪᠤᠷᠢ ᠤᠯᠭᠤᠭᠤᠯᠬᠤ︾ ᠪᠠᠷ ᠲᠠᠮᠵᠢᠨ᠂ ᠠᠵᠤ ᠦᠢᠯᠡᠳᠪᠦᠷᠢ ᠠᠵᠤ | ᠠᠬᠤᠢ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠶᠢ ᠠᠬᠢᠭᠤᠯᠤᠨ᠎ᠠ᠃ | ᠦᠭᠡᠷᠡᠴᠢᠯᠡᠯᠳᠡ ᠪᠠᠷ ᠠᠬᠢᠭᠤᠯᠬᠤ ᠶᠢ ᠴᠢᠩᠭᠠᠳᠬᠠᠨ᠎ᠠ᠃ ᠦᠭᠡᠷᠡᠴᠢᠯᠡᠯᠳᠡ ᠨᠡᠭᠡᠭᠡᠯᠳᠡ ᠪᠤᠯ ᠴᠢᠨᠠᠷ ᠰᠠᠶᠢᠳᠠᠢ | ᠬᠦᠭᠵᠢᠬᠦ ᠶᠢ ᠠᠬᠢᠭᠤᠯᠬᠤ ᠠᠮᠢᠵᠢᠷᠠᠯ ᠤᠨ ᠬᠦᠴᠦᠨ ᠤ ᠡᠭᠢ ᠮᠦᠨ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠦᠭᠡᠷᠡᠴᠢᠯᠡᠯᠳᠡ ᠶᠢ ᠦᠷᠭᠦᠯᠵᠢᠯᠡᠨ ᠬᠦᠨᠵᠡᠭᠡᠶᠢᠷᠡᠬᠦᠯᠵᠦ᠂ ᠬᠡᠷᠡᠭ ᠬᠦᠢᠴᠡᠳᠭᠡᠬᠦ ᠶᠠᠪᠤᠴᠠ ᠪᠠᠨ ᠤᠯᠠᠮ ᠨᠢᠬᠡ | ᠠᠯᠬᠤᠮ ᠲᠦᠬᠦᠮᠴᠢᠯᠡᠨ᠂ ᠬᠢᠨᠠᠨ ᠵᠦᠪᠰᠢᠶᠡᠷᠡᠯ ᠤᠨ ᠴᠠᠭ ᠤᠨ ᠬᠢᠵᠠᠭᠠᠷ ᠢᠶᠠᠨ ᠤᠯᠠᠮ ᠨᠢᠭᠡ ᠠᠯᠬᠤᠮ ᠪᠠᠭᠠᠰᠬᠠᠵᠦ᠂ | ᠠᠵᠤ ᠠᠬᠤᠶᠢᠯᠠᠯ ᠪᠠ ᠣᠯᠠᠨ ᠲᠦᠮᠡᠨ ᠤ ᠬᠡᠷᠡᠭ ᠬᠦᠢᠴᠡᠳᠭᠡᠬᠦ ᠬᠦᠴᠢᠷᠳᠡᠯ ᠴᠡᠭ᠂ ᠡᠪᠡᠷᠰᠢᠶᠡᠯ ᠴᠡᠭ ᠪᠠ | ᠲᠦᠭᠵᠢᠷᠡᠯ ᠴᠡᠭ ᠢ ᠪᠦᠬᠦ ᠬᠦᠴᠦᠨ ᠢᠶᠠᠷ ᠰᠢᠢᠳᠪᠦᠷᠢᠯᠡᠵᠦ᠂ ᠵᠠᠬ᠎ᠠ ᠲᠡᠯᠭᠡᠬᠦᠷ ᠤᠨ ᠠᠮᠢᠵᠢᠷᠠᠯ ᠤᠨ ᠬᠦᠴᠦᠨ ᠢ | ᠬᠠᠮᠤᠭ ᠶᠡᠭᠡ ᠬᠡᠪᠴᠢᠶ᠎ᠡ ᠪᠠᠷ ᠬᠦᠭᠵᠢᠭᠡᠨ᠎ᠡ᠃ ᠣᠯᠣᠰ ᠤᠨ ︽ᠨᠢᠭᠡ ᠪᠦᠰᠡ ᠨᠢᠭᠡ ᠵᠠᠮ︾ ᠪᠠ ᠲᠤᠮᠳᠠᠲᠤ ᠮᠤᠩᠭᠤᠯ | ᠤᠷᠤᠰ ᠤᠨ ᠠᠵᠤ ᠠᠬᠤᠢ ᠶᠢᠨ ᠪᠦᠰᠡᠨ ᠤ ᠪᠦᠲᠦᠭᠡᠨ ᠪᠠᠶᠢᠭᠤᠯᠤᠯᠳᠠ ᠳᠤ ᠬᠦᠨᠵᠡᠭᠡᠢ ᠠᠭᠤᠰᠣᠯᠴᠠᠵᠤ᠂ ᠠᠵᠤ | ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠶᠢᠨ ᠬᠠᠮᠲᠤᠷᠠᠯᠴᠠᠭ᠎ᠠ ᠪᠠᠷ ᠲᠠᠮᠵᠢᠨ ᠣᠯᠠᠨ ᠣᠯᠣᠰ ᠤᠨ ᠵᠠᠬ᠎ᠠ | ᠲᠡᠯᠭᠡᠭᠦᠷ ᠢ ᠨᠡᠭᠡᠭᠡᠬᠦ ᠶᠢ ᠵᠤᠷᠢᠭᠵᠢᠭᠤᠯᠤᠨ᠂ ᠭᠠᠳᠠᠭᠠᠲᠤ ᠳᠤ ᠬᠠᠨᠳᠣᠭᠤᠯᠣᠭᠰᠠᠨ ᠬᠡᠯᠪᠡᠷᠢ ᠶᠢᠨ ᠠᠵᠣ ᠠᠬᠤᠢ ᠶᠢ | ᠢᠳᠡᠪᠬᠢᠳᠡᠢ ᠬᠦᠭᠵᠢᠬᠦᠯᠦᠨ᠎ᠡ᠃ | ᠠᠮᠢ ᠠᠬᠤᠢ ᠪᠠᠷ ᠬᠦᠰᠢᠬᠦᠷᠯᠡᠬᠦ ᠶᠢ ᠴᠢᠩᠭᠠᠳᠬᠠᠨ᠎ᠠ᠃ ᠰᠢᠯᠢᠳᠡᠭ ᠰᠠᠶᠢᠨ ᠠᠮᠢ ᠠᠬᠤᠢ ᠶᠢᠨ ᠣᠷᠴᠢᠨ | ᠲᠤᠭᠤᠷᠢᠨ ᠪᠤᠯ ᠦᠷᠭᠦᠯᠵᠢᠯᠡᠨ ᠬᠦᠭᠵᠢᠬᠦᠯᠬᠦ ᠶᠢ ᠪᠡᠶᠡᠯᠡᠬᠦᠯᠬᠦ ᠲᠤᠲᠤᠭᠠᠲᠤ ᠱᠠᠭᠠᠷᠳᠠᠯᠭ᠎ᠠ ᠮᠦᠨ᠃ ᠡᠷᠡᠭᠡᠯᠵᠡᠵᠦ | ᠲᠠᠳᠠᠭᠠᠯᠵᠠᠬᠤ ᠦᠭᠡᠢ ᠡᠷᠡᠰ ᠲᠠᠰᠣᠷᠬᠠᠢ ᠰᠢᠢᠳᠪᠦᠷᠢ ᠵᠤᠷᠢᠭ ᠢᠶᠠᠷ ᠬᠦᠭᠡ ᠤᠭᠳᠠᠷᠭᠤᠢ᠂ ᠬᠦᠭᠡᠮᠳᠦᠭ ᠤᠰᠣ᠂ | ᠦᠩ ᠰᠢᠮᠡᠯᠢᠭ ᠬᠦᠷᠦᠰᠦ ᠬᠡᠬᠦ ᠭᠤᠷᠪᠠᠨ ᠶᠡᠭᠡ ᠬᠠᠮᠠᠭᠠᠯᠠᠯᠳᠠ ᠶᠢᠨ ᠲᠠᠶᠢᠨ ᠢ ᠰᠢᠢᠳᠪᠦᠷᠢᠳᠡᠢ ᠬᠢᠵᠦ᠂ ᠠᠮᠢ ᠠᠬᠤᠢ | ᠶᠢᠨ ᠤᠷᠴᠢᠨ ᠲᠤᠭᠤᠷᠢᠨ ᠢ ᠢᠯᠡᠷᠭᠡᠢ ᠰᠠᠶᠢᠵᠢᠷᠠᠭᠤᠯᠬᠤ ᠶᠢ ᠪᠡᠶᠡᠯᠡᠭᠦᠯᠬᠦ ᠶᠢ ᠠᠭᠢᠭᠤᠯᠤᠨ᠎ᠠ᠃ ᠤᠷᠴᠢᠨ ᠲᠤᠭᠤᠷᠢᠨ | ᠤ ᠬᠡᠳᠡᠷᠭᠦ ᠰᠢᠬᠠᠮᠳᠠᠭᠤᠯᠬᠤ ᠲᠤᠭᠳᠠᠴᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠤᠷᠴᠢᠨ ᠲᠤᠭᠤᠷᠢᠨ ᠤ | ᠪᠠᠭᠳᠠᠭᠠᠮᠵᠢ᠂ ᠡᠨᠧᠷᠭᠢ ᠶᠢᠨ ᠵᠠᠷᠣᠴᠠᠭᠤᠯᠤᠭᠠ ᠶᠢᠨ ᠶᠡᠷᠦᠩᠬᠡᠢ ᠬᠡᠮᠵᠢᠶ᠎ᠡ ᠪᠠ ᠪᠤᠬᠢᠷᠳᠠᠯ ᠤᠨ ᠪᠤᠳᠠᠰ ᠤᠨ ᠶᠡᠷᠦᠩᠬᠡᠢ | ᠬᠡᠮᠵᠢᠶ᠎ᠡ ᠶᠢ ᠡᠵᠡᠮᠳᠡᠬᠦ ᠪᠠᠷ ᠲᠠᠮᠵᠢᠵᠦ᠂ ᠠᠵᠤ ᠠᠬᠤᠶᠢᠯᠠᠯ ᠢ ᠤᠳᠣᠷᠢᠳᠣᠨ ᠦᠢᠯᠡᠳᠪᠦᠷᠢᠯᠡᠯ ᠤᠨ ᠴᠢᠳᠠᠪᠤᠷᠢ | ᠬᠤᠴᠤᠷᠣᠩᠭᠤᠢ ᠶᠢ ᠰᠢᠭᠰᠢᠬᠦᠯᠵᠦ᠂ ᠨᠢᠭᠡᠳᠦᠬᠦᠯᠦᠨ ᠲᠠᠭᠢᠨ ᠡᠮᠬᠢᠯᠡᠨ ᠪᠠᠶᠢᠭᠤᠯᠵᠤ᠂ ᠪᠤᠬᠢᠷᠳᠠᠯ ᠦᠭᠡᠢ ᠬᠦᠭᠵᠢᠬᠦᠯᠬᠦ | ᠂ ᠲᠤᠤᠷ᠎ᠠ ᠨᠡᠬᠦᠷᠡᠰᠣᠳᠦ᠋ᠷᠦᠭᠴᠢ ᠪᠠᠷ ᠬᠦᠭᠵᠢᠬᠦᠯᠬᠦ᠂ ᠡᠷᠴᠢᠮᠵᠢᠬᠦᠯᠦᠨ ᠬᠦᠭᠵᠢᠬᠦᠯᠬᠦ ᠶᠢ ᠪᠡᠶᠡᠯᠡᠬᠦᠯᠦᠨ᠎ᠡ᠃ | ᠲᠤᠤᠷᠠᠭᠢ ᠲᠤᠯᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠠᠳᠬᠤᠨ᠎ᠠ᠄ | ︵ᠨᠢᠭᠡ︶ ᠭᠤᠷᠪᠠᠨ ᠶᠡᠭᠡ ᠰᠢᠪᠳᠣᠯᠣᠯᠳᠠ ᠶᠢᠨ ᠲᠠᠶᠢᠯᠠᠯᠳᠣᠭᠠᠨ ᠢ ᠯᠠᠪᠳᠠᠭᠤᠨ ᠪᠠᠲᠤᠳᠠᠢ ᠬᠢᠵᠦ᠂ | ᠬᠦᠭᠵᠢᠯᠳᠡ ᠶᠢᠨ ᠬᠤᠷᠢᠭ᠎ᠠ ᠱᠣᠭᠤᠮ ᠢ ᠡᠷᠡᠰ ᠬᠠᠮᠠᠭᠠᠯᠠᠨ᠎ᠠ | ᠬᠡᠴᠡᠭᠦᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠰᠢᠪᠲᠤᠯᠤᠯᠳᠠ ᠶᠢᠨ ᠲᠠᠶᠢᠨ ᠢ ᠰᠠᠶᠢᠲᠤᠷ ᠬᠢᠨ᠎ᠡ᠃ | ᠦᠷᠢ ᠦᠭᠴᠢᠬᠡ ᠶᠢ ᠠᠷᠢᠯᠭᠠᠬᠤ ᠠᠵᠢᠯ ᠤᠨ ᠲᠤᠬᠢᠷᠠᠭᠤᠯᠤᠯᠳᠠ ᠪᠠ ᠪᠠᠶᠢᠷᠢᠰᠢᠭᠤᠯᠤᠯᠳᠠ ᠪᠠᠨ ᠵᠤᠬᠢᠴᠠᠭᠤᠯᠤᠨ | ᠰᠠᠶᠢᠲᠤᠷ ᠬᠢᠵᠦ᠂ ᠡᠯ᠎ᠡ ᠵᠦᠢᠯ ᠤᠨ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠠᠪᠴᠦ᠂ ᠪᠦᠬᠦ ᠬᠤᠳᠠ ᠶᠢᠨ ᠦᠷᠢ | ᠦᠭᠴᠢᠭᠡ ᠶᠢᠨ ᠨᠤᠷᠮ᠎ᠠ ᠦᠷᠭᠦᠯᠵᠢᠯᠡᠨ ᠲᠤᠷᠤᠭᠰᠢᠯᠠᠬᠤ ᠶᠢ ᠪᠠᠲᠤᠯᠠᠨ᠎ᠠ᠃ ᠵᠠᠰᠠᠭ ᠤᠨ ᠣᠷᠳᠣᠨ ᠠᠴᠠ ᠪᠡᠯᠡ | ᠤᠷᠤᠭᠤᠯᠤᠨ ᠰᠢᠨ᠎ᠡ ᠪᠠᠷ ᠡᠭᠢᠯᠡᠬᠦᠯᠬᠦ ᠲᠦᠷᠦᠯ ᠵᠦᠢᠯ ᠳᠤ ᠦᠷᠢ ᠦᠭᠴᠢᠭᠡ ᠶᠢᠨ ᠲᠦᠭᠰᠢᠭᠦᠷᠢ ᠶᠢ ᠴᠢᠩᠭ᠎ᠠ | ᠦᠨᠡᠯᠡᠨ ᠵᠢᠱᠢᠵᠦ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠳᠠᠯᠠᠨ᠎ᠠ᠃ ᠠᠵᠤ ᠠᠬᠤᠶᠢᠯᠠᠯ ᠤᠨ ᠦᠷᠢ | ᠦᠭᠴᠢᠭᠡ ᠶᠢᠨ ᠲᠦᠭᠰᠢᠭᠦᠷᠢ ᠶᠢ ᠨᠢᠭᠳᠠ ᠠᠩᠬᠠᠷᠴᠦ᠂ ᠮᠦᠩᠬᠦᠨ ᠬᠦᠢᠯᠭᠡᠭᠡᠨ ᠤ ᠪᠠᠶᠢᠭᠤᠯᠤᠮᠵᠢ ᠪᠠᠷ ᠲᠠᠮᠵᠢᠨ | ᠦᠷᠢ ᠦᠭᠴᠢᠭᠡ ᠪᠠᠨ ᠬᠤᠪᠢᠴᠠᠭ᠎ᠠ ᠪᠤᠯᠭᠠᠨ ᠬᠤᠪᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠵᠦᠢ ᠪᠤᠰᠣ ᠵᠢᠭᠡᠯᠡᠯᠭᠡ ᠶᠢ | ᠰᠢᠢᠳᠪᠦᠷᠢᠯᠡᠵᠦ᠂ ᠰᠢᠰᠲ᠋ᠧᠮᠵᠢ ᠶᠢᠨ ᠴᠢᠨᠠᠷ ᠲᠠᠢ ᠲᠦᠭᠰᠢᠭᠦᠷᠢ ᠦᠯᠦ ᠡᠭᠦᠰᠭᠦ ᠶᠢ ᠪᠠᠲᠤᠯᠠᠨ᠎ᠠ᠃ ᠬᠠᠳᠠᠭᠤᠵᠢᠯᠳᠠᠢ | ᠠᠮᠢᠲᠤᠷᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠤᠯᠭᠠᠵᠤ᠂ ︽ᠠᠯᠪᠠᠨ ᠤ ᠭᠤᠷᠪᠠᠨ︾ ᠵᠠᠷᠣᠳᠠᠯ ᠤᠨ ᠲᠦᠰᠦᠪ ᠢ | ᠴᠢᠩᠭ᠎ᠠ ᠡᠵᠡᠮᠳᠡᠵᠦ᠂ ᠬᠤᠳᠠ᠂ ᠲᠤᠭᠤᠷᠢᠭ ᠬᠤᠶᠠᠷ ᠲᠡᠰ ᠤᠨ ᠡᠳ᠋ ᠤᠨ ᠵᠠᠰᠠᠭ ᠵᠠᠷᠴᠢᠮ ᠲᠡᠭᠡᠷ᠎ᠡ ᠪᠠᠨ 5 % | ᠠᠴᠠ ᠲᠤᠤᠷ᠎ᠠ ᠪᠤᠰᠣ ᠬᠠᠷᠢᠴᠠᠯ ᠢᠶᠠᠷ ᠡᠩ ᠤᠨ ᠴᠢᠨᠠᠷ ᠲᠠᠢ ᠵᠠᠷᠣᠯᠭ᠎ᠠ ᠶᠢ ᠪᠠᠭᠠᠰᠬᠠᠨ᠎ᠠ᠃ ᠰᠢᠨ᠎ᠡ ᠴᠠᠭ ᠦᠶ᠎ᠡ ᠶᠢᠨ | ︽ᠹᠧᠩ ᠴᠢᠶᠤᠤ ᠶᠢᠨ ᠲᠤᠷᠰᠢᠯᠭ᠎ᠠ︾ ᠶᠢ ᠰᠣᠷᠣᠯᠴᠠᠨ ᠬᠡᠷᠡᠭᠯᠡᠵᠦ᠂ ᠵᠦᠷᠢᠴᠡᠯ ᠵᠢᠭᠤᠷᠠᠯᠳᠣᠭᠠᠨ ᠢ ᠰᠢᠭᠰᠢᠨ | ᠪᠠᠶᠢᠴᠠᠭᠠᠬᠤ ᠲᠤᠭᠳᠠᠴᠠ ᠶᠢ ᠲᠡᠭᠦᠯᠳᠡᠷᠵᠢᠬᠦᠯᠵᠦ᠂ ᠨᠠᠶᠢᠭᠡᠮ ᠤᠨ ᠠᠮᠤᠷ ᠲᠤᠭᠳᠠᠭᠤᠨ ᠢ ᠪᠦᠬᠦ ᠬᠦᠴᠦᠨ ᠢᠶᠠᠷ | ᠬᠠᠮᠠᠭᠠᠯᠠᠨ᠎ᠠ᠃ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠳᠠ ᠪᠠ ᠭᠠᠮᠰᠢᠭ ᠠᠴᠠ ᠰᠡᠷᠭᠡᠶᠢᠯᠡᠨ ᠭᠠᠮᠰᠢᠭ ᠠᠴᠠ ᠪᠠᠭᠠᠰᠬᠠᠬᠤ | ᠪᠠᠶᠢᠭᠤᠯᠤᠮᠵᠢ ᠶᠢᠨ ᠲᠤᠭᠳᠠᠴᠠ ᠶᠢ ᠪᠦᠷᠢᠨᠰᠢᠬᠦᠯᠵᠦ᠂ ᠤᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠵᠤ᠂ | ᠬᠤᠳᠠ ᠶᠢᠨ ᠠᠮᠤᠷ ᠲᠦᠪᠰᠢᠨ ᠢᠶᠠᠷ ᠬᠦᠭᠵᠢᠬᠦ ᠶᠢ ᠠᠬᠢᠭᠤᠯᠤᠨ᠎ᠠ᠃ | ᠲᠤᠶᠢᠯ ᠤᠨ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠳᠠ ᠶᠢᠨ ᠲᠠᠶᠢᠯᠠᠯᠳᠣᠭᠠᠨ ᠢ | ᠰᠠᠶᠢᠲᠤᠷ ᠬᠢᠨ᠎ᠡ᠃ ᠲᠠᠷᠢᠶᠠᠯᠠᠬᠤ ᠤᠷᠤᠨ ᠤ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠬᠦᠳᠡᠯᠦᠩᠭᠦᠢ ᠬᠢᠨᠠᠨ | ᠬᠡᠮᠵᠢᠯᠳᠡ ᠶᠢᠨ ᠬᠠᠮᠢᠶᠠᠷᠣᠯᠳᠠ ᠶᠢ ᠴᠢᠩᠭᠠᠳᠬᠠᠵᠦ᠂ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠤᠷᠲᠤ | ᠬᠤᠭᠤᠴᠠᠭᠠᠨ ᠤ ᠪᠦᠲᠦᠮᠵᠢᠳᠡᠢ ᠪᠠᠶᠢᠬᠤ ᠲᠤᠭᠳᠠᠴᠠ ᠶᠢ ᠪᠦᠷᠢᠨᠰᠢᠬᠦᠯᠦᠨ ᠪᠠᠶᠢᠭᠤᠯᠵᠤ᠂ ᠶᠠᠳᠠᠭᠤ ᠠᠴᠠ | ᠠᠩᠬᠢᠵᠢᠷᠠᠭᠤᠯᠬᠤ ᠰᠢᠪᠲᠤᠯᠤᠯᠳᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠲᠤᠳᠬᠠᠨ | ᠲᠡᠭᠡᠭᠰᠢᠯᠡᠬᠦᠯᠦᠨ᠎ᠡ᠃ ᠶᠠᠳᠠᠭᠤ ᠬᠦᠴᠢᠷᠳᠡᠯᠳᠡᠢ ︽ᠵᠠᠬ᠎ᠠ ᠶᠢᠨ ᠡᠷᠦᠬᠡ︾ ᠲᠦᠷᠦ ᠶᠢᠨ ᠪᠤᠲᠤᠯᠭ᠎ᠠ ᠶᠢᠨ ᠲᠡᠮᠵᠢᠯᠭᠡ | ᠲᠤᠳᠠᠭᠳᠠᠵᠤ ᠪᠠᠶᠢᠭ᠎ᠠ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠲᠠᠬᠢᠨ ᠶᠠᠳᠠᠭᠤᠷᠠᠬᠤ ᠪᠠ ᠶᠠᠳᠠᠭᠤ | ᠬᠦᠴᠢᠷᠳᠡᠯ ᠰᠢᠨ᠎ᠡ ᠪᠠᠷ ᠪᠤᠢ ᠪᠤᠯᠬᠤ ᠶᠢ ᠰᠡᠷᠭᠡᠶᠢᠯᠡᠨ᠎ᠡ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠶᠡᠭᠡᠪᠡᠷ | ᠠᠬᠢᠭᠤᠯᠵᠤ᠂ ᠶᠠᠳᠠᠭᠤ ᠬᠦᠴᠢᠷᠳᠡᠯᠳᠡᠢ ᠡᠷᠦᠬᠡ ᠶᠢ ᠠᠵᠤ ᠦᠢᠯᠡᠰ ᠤᠨ ᠬᠡᠯᠬᠢᠶᠡᠨ ᠳᠤ ᠤᠯᠠᠮ ᠨᠢᠭᠡ ᠠᠯᠬᠤᠮ | ᠬᠡᠯᠬᠢᠨ᠎ᠡ᠃ ᠦᠨᠳᠦᠰᠦᠨ ᠪᠠᠲᠤᠯᠠᠭ᠎ᠠ᠂ ᠠᠵᠢᠯ ᠤᠯᠭᠤᠯᠳᠠ ᠪᠠᠷ ᠶᠠᠳᠠᠭᠤ ᠶᠢ ᠲᠡᠳᠭᠦᠬᠦ ᠵᠡᠷᠭᠡ ᠡᠯ᠎ᠡ ᠲᠦᠷᠦᠯ ᠤᠨ | ᠲᠦᠷᠦ ᠶᠢᠨ ᠪᠤᠲᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠶᠤᠯᠬᠦᠢ ᠣᠣᠭᠤᠬᠤ ᠣᠰᠣ᠂ ᠨᠤᠷᠠᠬᠤ ᠠᠶᠤᠯᠳᠠᠢ | ᠬᠡᠷ ᠪᠠᠶᠢᠰᠢᠩ ᠢ ᠦᠭᠡᠷᠡᠴᠢᠯᠡᠨ ᠰᠢᠨᠡᠳᠭᠡᠬᠦ ᠵᠡᠷᠭᠡ ᠶᠠᠳᠠᠭᠤ ᠶᠢ ᠲᠡᠳᠭᠦᠬᠦ ᠢᠨᠵᠧᠨᠧᠷᠢᠩ ᠢ ᠰᠠᠶᠢᠲᠤᠷ | ᠬᠡᠷᠡᠭᠵᠢᠬᠦᠯᠦᠨ᠎ᠡ᠃ ᠡᠷᠡᠭᠦᠯ ᠢᠶᠠᠷ ᠶᠠᠳᠠᠭᠤ ᠶᠢ ᠲᠡᠳᠭᠦᠬᠦ ᠶᠢ ᠦᠨᠡᠨᠬᠦ ᠴᠢᠩᠭᠠᠳᠬᠠᠵᠦ᠂ ᠬᠦᠨᠲᠤ ᠡᠪᠡᠳᠴᠢᠨ ᠤ | ᠲᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠬᠤ ᠵᠡᠷᠭᠡ ︽ᠲᠠᠪᠤᠨ ᠴᠢᠬᠤᠯᠠ ᠡᠮᠴᠢᠯᠡᠭᠡᠨ ᠤ ᠪᠠᠲᠤᠯᠠᠭ᠎ᠠ︾ ᠶᠢ | ᠴᠢᠩᠭᠠᠳᠬᠠᠵᠦ᠂ ᠡᠪᠡᠳᠴᠢᠨ ᠢᠶᠠᠷ ᠶᠠᠳᠠᠭᠤᠷᠠᠬᠤ᠂ ᠡᠪᠡᠳᠴᠢᠨ ᠢᠶᠠᠷ ᠲᠠᠬᠢᠨ ᠶᠠᠳᠠᠭᠤᠷᠠᠬᠤ ᠠᠴᠠ ᠵᠠᠶᠢᠯᠠᠰᠬᠢᠨ᠎ᠠ᠃ | ᠶᠠᠳᠠᠭᠤ ᠶᠢ ᠲᠡᠳᠭᠦᠬᠦ ᠪᠠ ᠵᠤᠷᠢᠭ ᠢᠶᠠᠷ ᠲᠡᠳᠭᠦᠬᠦ᠂ ᠤᠶᠤᠨ ᠢᠶᠠᠷ ᠲᠡᠳᠭᠦᠬᠦ ᠶᠢ ᠤᠶᠠᠯᠳᠣᠭᠤᠯᠬᠤ ᠶᠢ | ᠴᠢᠬᠤᠯᠠᠴᠢᠯᠠᠵᠦ᠂ ᠶᠠᠳᠠᠭᠤ ᠬᠦᠴᠢᠷᠳᠡᠯᠳᠡᠢ ᠤᠯᠠᠨ ᠲᠦᠮᠡᠨ ᠤ ᠲᠤᠲᠤᠭᠠᠲᠤ ᠬᠦᠳᠡᠯᠭᠡᠭᠴᠢ ᠬᠦᠴᠦᠨ ᠪᠠ ᠲᠤᠰ | ᠪᠡᠶ᠎ᠡ ᠶᠢᠨ ᠬᠦᠭᠵᠢᠯᠳᠡ ᠶᠢᠨ ᠴᠢᠳᠠᠪᠤᠷᠢ ᠶᠢ ᠬᠦᠭᠵᠢᠬᠡᠨ᠎ᠡ᠃ | ᠪᠤᠬᠢᠷᠳᠠᠯ ᠢ ᠰᠡᠷᠭᠡᠶᠢᠯᠡᠨ ᠵᠠᠰᠠᠬᠤ ᠰᠢᠪᠲᠤᠯᠤᠯᠳᠠ ᠶᠢᠨ ᠲᠠᠶᠢᠯᠠᠯᠳᠣᠭᠠᠨ ᠢ ᠰᠠᠶᠢᠲᠤᠷ ᠬᠢᠨ᠎ᠡ᠃ ᠲᠦᠪ ᠤᠨ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠬᠤ ᠵᠢᠴᠢ ︽ᠪᠤᠴᠠᠵᠦ ᠪᠠᠶᠢᠴᠠᠭᠠᠨ ᠦᠵᠡᠬᠦ︾ | ᠳᠤ ᠲᠤᠰᠬᠠᠭᠰᠠᠨ ᠰᠠᠨᠠᠯ᠂ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠶᠡᠭᠡ | ᠪᠠᠶᠢᠴᠠᠭᠠᠯᠳᠠ ᠳᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ | ᠰᠢᠭᠤᠷᠬᠠᠢ ᠪᠠᠷ ᠰᠠᠶᠢᠲᠤᠷ ᠠᠳᠬᠤᠵᠦ᠂ ᠠᠮᠢ ᠠᠬᠤᠢ ᠶᠢᠨ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠦᠨᠡᠨᠬᠦ | ᠲᠡᠭᠡᠭᠰᠢᠯᠡᠬᠦᠯᠵᠦ᠂ ᠲᠦᠪ ᠬᠤᠳᠠ ᠶᠢᠨ ᠲᠤᠭᠤᠷᠢᠭ ᠤᠨ ᠠᠭᠠᠷ ᠮᠠᠨᠳᠠᠯ ᠤᠨ ᠴᠢᠨᠠᠷ ᠴᠢᠨᠰᠠᠭ᠎ᠠ ᠶᠢᠨ ᠤᠬᠢ ᠰᠢᠯᠢᠳᠡᠭ | ᠨᠤᠷᠮ᠎ᠠ ᠶᠢ 77.6 % ᠠᠴᠠ ᠲᠡᠭᠡᠭᠰᠢ ᠪᠤᠯᠭᠠᠬᠤ ᠪᠠᠷ ᠬᠦᠴᠦᠯᠡᠨ᠎ᠡ᠃ ᠬᠦᠬᠡ ᠤᠭᠳᠠᠷᠭᠤᠢ ᠶᠢ ᠬᠠᠮᠠᠭᠠᠯᠠᠬᠤ | ᠲᠠᠶᠢᠯᠠᠯᠳᠣᠭᠠᠨ ᠢ ᠰᠠᠶᠢᠲᠤᠷ ᠬᠢᠨ᠎ᠡ᠃ ︽ᠦᠬᠠᠢ ᠬᠤᠳᠠ ᠶᠢᠨ ᠪᠤᠬᠢᠷᠳᠠᠯ ᠦᠭᠡᠢ ᠠᠭᠤᠷᠬᠠᠢ ᠶᠢᠨ ᠠᠭᠤᠯᠠ ᠶᠢ | ᠪᠠᠶᠢᠭᠤᠯᠬᠤ ᠶᠡᠷᠦᠩᠬᠡᠢ ᠲᠦᠯᠦᠪᠵᠢᠬᠦᠯᠭᠡ︾ ᠲᠤᠭᠳᠠᠭᠠᠵᠦ᠂ 27 ᠠᠭᠤᠷᠬᠠᠢ ᠶᠢᠨ ᠠᠭᠤᠯᠠᠨ ᠤ ᠭᠠᠵᠠᠷ ᠰᠢᠨᠵᠢᠯᠡᠭᠡᠨ | ᠤ ᠶᠡᠷᠦᠩᠬᠡᠶᠢᠯᠡᠨ ᠴᠡᠭᠴᠡᠯᠡᠨ ᠵᠠᠰᠠᠬᠤ ᠲᠦᠷᠦᠯ ᠵᠦᠢᠯ ᠢ ᠬᠡᠷᠡᠭᠵᠢᠬᠦᠯᠵᠦ᠂ 35 ᠰᠢᠷᠤᠢ ᠶᠢᠨ ᠲᠠᠯᠠᠪᠦᠷ᠂ 6 ᠭᠠᠯ | ᠨᠤᠴᠤᠭᠰᠠᠨ ᠴᠡᠭ ᠤᠨ ᠵᠠᠰᠠᠯᠳᠠ ᠶᠢ ᠪᠡᠶᠡᠯᠡᠬᠦᠯᠵᠦ᠂ ᠦᠪᠡᠷᠳᠡᠭᠡᠨ ᠵᠠᠰᠠᠬᠤ ᠤᠷᠤᠨ ᠤ ᠲᠡᠰ ᠤᠨ ᠪᠤᠬᠢᠷᠳᠠᠯ ᠦᠭᠡᠢ | ᠠᠭᠤᠷᠬᠠᠢ ᠶᠢᠨ ᠠᠭᠤᠯᠠ ᠰᠢᠨ᠎ᠡ ᠪᠠᠷ ᠨᠡᠮᠡᠭᠳᠡᠵᠦ᠂ ᠠᠭᠤᠷᠬᠠᠢ ᠶᠢᠨ ᠣᠷᠣᠨ ᠤ ᠤᠷᠴᠢᠨ ᠲᠤᠭᠤᠷᠢᠨ ᠢ | ᠦᠷᠬᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ ᠠᠵᠤ ᠠᠬᠤᠶᠢᠯᠠᠯ ᠢ ᠪᠠᠷᠠᠭᠤᠨ ᠤᠷᠳᠣᠰ ᠤᠨ ᠣᠯᠣᠰ ᠤᠨ ᠲᠡᠰ | ᠤᠨ ᠪᠠᠶᠢᠭᠠᠯᠠᠢ ᠶᠢᠨ ᠬᠠᠮᠠᠭᠠᠯᠠᠯᠳᠠ ᠶᠢᠨ ᠣᠷᠣᠨ ᠠᠴᠠ ᠭᠠᠷᠭᠠᠬᠤ ᠠᠯᠬᠤᠴᠠ ᠪᠠᠨ ᠲᠦᠷᠭᠡᠳᠬᠡᠵᠦ᠂ ᠬᠠᠮᠠᠭᠠᠯᠠᠯᠳᠠ | ᠶᠢᠨ ᠤᠷᠤᠨ ᠤ ᠠᠮᠢ ᠠᠬᠤᠢ ᠶᠢᠨ ᠣᠷᠴᠢᠨ ᠲᠤᠭᠤᠷᠢᠨ ᠢ ᠰᠡᠷᠭᠦᠭᠡᠨ ᠵᠠᠰᠠᠨ᠎ᠠ᠃ ᠠᠵᠤ ᠦᠢᠯᠡᠳᠪᠦᠷᠢ ᠶᠢᠨ | ᠪᠤᠬᠢᠷᠳᠠᠯ ᠢ ᠲᠦᠪᠯᠡᠷᠡᠭᠦᠯᠦᠨ ᠵᠠᠰᠠᠨ ᠴᠡᠭᠴᠡᠯᠡᠵᠦ᠂ ᠪᠠᠷᠢᠮᠵᠢᠶ᠎ᠡ ᠠᠴᠠ ᠬᠡᠲᠦᠷᠡᠭᠦᠯᠦᠨ ᠭᠠᠳᠠᠭᠰᠢᠯᠠᠭᠤᠯᠬᠤ ᠠᠵᠤ | ᠠᠬᠤᠶᠢᠯᠠᠯ ᠳᠤ ᠬᠦᠨᠲᠤ ᠴᠤᠬᠢᠯᠳᠠ ᠦᠭᠴᠦ᠂ ᠬᠡᠦᠷᠰᠢᠬᠦᠯᠬᠦ᠂ ᠱᠦᠢᠨᠢ ᠵᠡᠷᠭᠡ ᠭᠤᠤᠯᠳᠠᠯᠭᠠᠲᠤ ᠠᠵᠢᠯ ᠲᠦᠷᠦᠯ ᠤᠨ | ᠤᠨᠴᠠᠭᠠᠢ ᠭᠠᠳᠠᠭᠰᠢᠯᠠᠭᠤᠯᠬᠤ ᠬᠢᠵᠠᠭᠠᠷ ᠬᠡᠮᠵᠢᠭᠳᠡᠯ ᠤᠨ ᠪᠠᠷᠢᠮᠵᠢᠶ᠎ᠠ ᠶᠢ ᠲᠡᠭᠡᠭᠰᠢᠬᠦᠯᠬᠦ ᠦᠭᠡᠷᠡᠴᠢᠯᠡᠯᠳᠡ ᠶᠢ | ᠪᠡᠶᠡᠯᠡᠬᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠭᠠᠷ ᠮᠠᠨᠳᠠᠯ ᠤᠨ ᠪᠤᠬᠢᠷᠳᠠᠯ ᠪᠤᠳᠠᠰ ᠤᠨ ᠤᠨ | ᠡᠳᠦᠷ ᠤᠨ ᠲᠤᠮᠳᠠᠴᠢ ᠬᠡᠮᠵᠢᠭᠳᠡᠯ ᠤᠨ ᠦᠳᠭᠡᠴᠡ ᠶᠢᠨ ᠪᠠᠷᠢᠮᠵᠢᠶ᠎ᠡ ᠳᠤ ᠬᠦᠷᠦᠭᠰᠡᠨ ᠨᠤᠷᠮ᠎ᠠ ᠶᠢ 95 % ᠠᠴᠠ | ᠲᠡᠭᠡᠭᠰᠢ ᠪᠤᠯᠭᠠᠬᠤ ᠪᠠᠷ ᠴᠢᠷᠮᠠᠶᠢᠨ᠎ᠠ᠃ ᠤᠯᠠᠨ ᠡᠬᠢᠲᠤ ᠪᠤᠬᠢᠷᠳᠣᠯ ᠤᠨ ᠵᠠᠰᠠᠨ ᠴᠡᠭᠴᠡᠯᠡᠯᠳᠡ ᠪᠠᠨ ᠴᠢᠩᠭᠠᠳᠬᠠᠵᠦ᠂ | ᠤᠳᠣᠭᠠᠲᠤ ᠨᠡᠭᠦᠷᠡᠰᠦ ᠶᠢ ᠰᠣᠯᠠ ᠰᠢᠳᠠᠭᠠᠬᠤ᠂ ᠵᠠᠮ ᠤᠨ ᠲᠤᠭᠤᠰᠣ ᠲᠡᠭᠳᠡᠬᠦ ᠵᠡᠷᠭᠡ ᠶᠢ ᠲᠤᠰᠬᠠᠢ ᠴᠡᠭᠴᠡᠯᠡᠨ | ᠵᠠᠰᠠᠬᠤ ᠠᠵᠢᠯᠯᠠᠭ᠎ᠠ ᠦᠷᠨᠢᠬᠦᠯᠵᠦ᠂ ᠦᠬᠠᠢ ᠨᠠᠭᠤᠷ ᠢ ᠯᠠᠶᠢᠳᠠᠬᠤ ᠪᠠ ᠴᠦᠬᠦᠷᠦᠮ ᠤᠨ ᠤᠷᠤᠨ ᠤ ᠲᠤᠭᠤᠰᠣ ᠶᠢ | ᠵᠠᠰᠠᠨ ᠴᠡᠭᠴᠡᠯᠡᠬᠦ ᠪᠠᠨ ᠰᠠᠶᠢᠲᠤᠷ ᠠᠳᠬᠤᠨ᠎ᠠ᠃ ᠦᠬᠠᠢ ᠵᠢᠴᠢ ᠡᠷᠭᠢᠨ ᠲᠤᠭᠤᠷᠢᠨ ᠤ ᠣᠷᠣᠨ ᠤ ᠠᠭᠠᠷ ᠮᠠᠨᠳᠠᠯ ᠢ | ᠬᠠᠮᠲᠤᠷᠠᠨ ᠰᠡᠷᠭᠡᠶᠢᠯᠡᠬᠦ ᠬᠠᠮᠲᠤᠷᠠᠨ ᠡᠵᠡᠮᠳᠡᠬᠦ ᠬᠠᠮᠲᠤᠷᠠᠨ ᠵᠠᠰᠠᠬᠤ ᠶᠢ ᠴᠢᠩᠭᠠᠳᠬᠠᠵᠦ᠂ ᠲᠤᠭᠳᠠᠭᠰᠠᠨ ᠬᠤᠭᠤᠴᠠᠭ᠎ᠠ | ᠲᠠᠢ ᠪᠠᠷ ᠬᠠᠮᠲᠤᠷᠠᠨ ᠬᠠᠤᠯᠢ ᠬᠡᠷᠡᠭᠵᠢᠬᠦᠯᠬᠦ ᠶᠢ ᠦᠷᠨᠢᠬᠦᠯᠵᠦ᠂ ᠬᠦᠨᠲᠤ ᠪᠤᠬᠢᠷᠳᠠᠯ ᠲᠠᠢ ᠴᠠᠭ ᠠᠭᠤᠷ ᠤᠨ | ᠬᠠᠮᠲᠤᠷᠠᠭᠰᠠᠨ ᠤᠷᠢᠳᠴᠢᠯᠠᠨ ᠰᠡᠷᠡᠮᠵᠢᠯᠡᠬᠦᠯᠬᠦ ᠲᠤᠭᠳᠠᠴᠠ ᠶᠢ ᠪᠦᠷᠢᠨᠰᠢᠬᠦᠯᠦᠨ᠎ᠡ᠃ ᠬᠦᠭᠡᠮᠳᠦᠭ ᠤᠰᠣ ᠶᠢ | ᠬᠠᠮᠠᠭᠠᠯᠠᠬᠤ ᠲᠠᠶᠢᠯᠠᠯᠳᠣᠭᠠᠨ ᠢ ᠰᠠᠶᠢᠲᠤᠷ ᠬᠢᠨ᠎ᠡ᠃ ᠭᠤᠤᠯ ᠤᠨ ᠲᠠᠭᠠᠭᠠᠮᠠᠯ ᠤᠨ ᠲᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠦᠬᠠᠢ ᠶᠢᠨ ᠬᠡᠰᠡᠭ ᠤᠨ ᠣᠰᠣᠨ ᠴᠤᠭᠴᠠ ᠶᠢᠨ ᠬᠢᠨᠠᠯᠳᠠ | ᠬᠠᠮᠢᠶᠠᠷᠣᠯᠳᠠ ᠪᠠᠨ ᠴᠢᠩᠭᠠᠳᠬᠠᠨ᠎ᠠ᠃ ᠭᠤᠷᠪᠠᠨ ᠲᠤᠭᠤᠷᠢᠭ ᠤᠨ ᠪᠤᠬᠢᠷ ᠤᠰᠣ ᠰᠢᠢᠳᠪᠦᠷᠢᠯᠡᠬᠦ ᠦᠢᠯᠡᠳᠪᠦᠷᠢ ᠶᠢᠨ | ᠲᠤᠭᠳᠠᠭᠤᠨ ᠢᠶᠠᠷ ᠡᠷᠭᠢᠯᠳᠦᠬᠦ ᠶᠢ ᠠᠬᠢᠭᠤᠯᠵᠤ᠂ ᠴᠡᠪᠡᠷᠰᠢᠬᠦᠯᠦᠭᠰᠡᠨ ᠤᠰᠣ ᠶᠢ ᠲᠠᠬᠢᠨ ᠬᠡᠷᠡᠭᠯᠡᠬᠦ ᠨᠤᠷᠮ᠎ᠠ ᠪᠠᠨ | ᠤᠯᠠᠮ ᠨᠢᠭᠡ ᠠᠯᠬᠤᠮ ᠲᠡᠭᠡᠭᠰᠢᠯᠡᠬᠦᠯᠦᠨ᠎ᠡ᠃ ᠲᠦᠷᠢᠮ ᠲᠤᠭᠳᠠᠭᠠᠯ ᠠᠴᠠ ᠵᠦᠷᠢᠴᠡᠨ ᠭᠠᠵᠠᠷ ᠲᠤᠤᠷᠠᠭᠢ ᠤᠰᠤ | ᠬᠡᠷᠡᠭᠯᠡᠬᠦ ᠶᠢ ᠲᠤᠰᠬᠠᠶᠢᠯᠠᠨ ᠴᠡᠭᠴᠡᠯᠡᠨ ᠵᠠᠰᠠᠬᠤ ᠶᠢ ᠠᠭᠢᠭᠤᠯᠵᠤ᠂ ᠮᠤᠵᠢ ᠬᠤᠳᠠ ᠠᠯᠤᠰᠯᠠᠭᠰᠠᠨ ᠣᠰᠣᠨ ᠤ ᠡᠷᠭᠡ | ᠶᠢ ᠰᠢᠯᠵᠢᠬᠦᠯᠬᠦ ᠬᠦᠢᠴᠡᠳᠭᠡᠯ ᠲᠤᠭ᠎ᠠ ᠶᠢ ᠢᠳᠡᠪᠬᠢᠳᠡᠢ ᠲᠡᠮᠡᠴᠡᠨ ᠣᠯᠣᠨ᠎ᠠ᠃ ᠦᠩ ᠰᠢᠮᠡᠯᠢᠭ ᠬᠦᠷᠦᠰᠦ ᠶᠢ | ᠬᠠᠮᠠᠭᠠᠯᠠᠬᠤ ᠲᠠᠶᠢᠯᠠᠯᠳᠣᠭᠠᠨ ᠢ ᠰᠠᠶᠢᠲᠤᠷ ᠬᠢᠨ᠎ᠡ᠃ ᠬᠦᠷᠦᠰᠦᠨ ᠤ ᠪᠤᠬᠢᠷᠳᠣᠯ ᠢ ᠰᠡᠷᠭᠡᠶᠢᠯᠡᠨ ᠵᠠᠰᠠᠬᠤ ᠪᠠᠨ | ᠴᠢᠩᠭᠠᠳᠬᠠᠵᠦ᠂ ᠲᠠᠷᠢᠶᠠᠨ ᠭᠠᠵᠠᠷ᠂ ᠭᠤᠤᠯᠳᠠᠯᠭᠠᠲᠤ ᠠᠵᠤ ᠠᠬᠤᠶᠢᠯᠠᠯ ᠤᠨ ᠬᠡᠷᠡᠭᠯᠡᠬᠦ ᠬᠦᠷᠦᠰᠦᠨ ᠤ ᠪᠤᠬᠢᠷᠳᠠᠯ | ᠤᠨ ᠪᠠᠶᠢᠳᠠᠯ ᠤᠨ ᠪᠠᠶᠢᠴᠠᠭᠠᠯᠳᠠ ᠦᠷᠨᠢᠬᠦᠯᠵᠦ᠂ ᠡᠯ᠎ᠡ ᠲᠦᠷᠦᠯ ᠤᠨ ᠬᠦᠷᠦᠰᠦᠨ ᠤ ᠪᠤᠬᠢᠷᠳᠣᠯ ᠤᠨ ᠡᠭᠢ ᠶᠢ | ᠴᠢᠩᠭ᠎ᠠ ᠬᠢᠨᠠᠨ ᠬᠠᠮᠢᠶᠠᠷᠣᠨ᠎ᠠ᠃ ︽ᠬᠠᠶᠠᠭᠳᠠᠮᠠᠯ ᠪᠤᠳᠠᠰ ᠢ ᠠᠷᠢᠯᠭᠠᠬᠤ ᠬᠦᠳᠡᠯᠭᠡᠭᠡᠨ︾ ᠬᠡᠷᠡᠭᠵᠢᠬᠦᠯᠵᠦ᠂ ᠬᠠᠳᠠᠭᠤ | ᠪᠡᠶᠡᠲᠤ ᠬᠠᠶᠠᠭᠳᠠᠮᠠᠯ ᠪᠤᠳᠠᠰ᠂ ᠠᠶᠤᠯ ᠲᠠᠢ ᠬᠠᠶᠠᠭᠳᠠᠮᠠᠯ ᠪᠤᠳᠠᠰ ᠵᠡᠷᠭᠡ ᠶᠢ ᠰᠢᠢᠳᠪᠦᠷᠢᠯᠡᠬᠦ ᠬᠦᠴᠦᠯᠡᠴᠡ ᠪᠠᠨ | ᠴᠢᠩᠭᠠᠳᠬᠠᠵᠦ᠂ ᠬᠦᠷᠦᠰᠦᠨ ᠤ ᠣᠷᠴᠢᠨ ᠲᠤᠭᠤᠷᠢᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃ | ᠲᠦᠯᠦᠭᠡᠯᠡᠭᠴᠢᠳ ᠡ᠂ ᠭᠤᠷᠪᠠᠨ ᠶᠡᠭᠡ ᠰᠢᠪᠳᠣᠯᠣᠯᠳᠠ ᠶᠢᠨ ᠲᠠᠶᠢᠯᠠᠯᠳᠣᠭᠠᠨ ᠢ ᠰᠠᠶᠢᠲᠤᠷ ᠬᠢᠬᠦ ᠪᠤᠯ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠡᠷᠬᠡᠪᠰᠢ ᠲᠤᠭᠤᠯᠬᠤ ᠪᠤᠭᠤᠮᠳᠠ ᠮᠦᠨ᠃ ᠪᠢᠳᠡᠨ ᠲᠦᠪ | ᠬᠤᠷᠢᠶ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠨᠢᠭᠡᠳᠦᠯᠳᠡᠢ ᠪᠠᠶᠢᠷᠢᠰᠢᠭᠤᠯᠤᠯᠳᠠ ᠶᠤᠰᠣᠭᠠᠷ᠂ ᠬᠤᠷᠢᠭ᠎ᠠ | ᠱᠤᠭᠤᠮ ᠤᠨ ᠰᠡᠳᠭᠢᠬᠦᠢ ᠪᠠᠨ ᠪᠠᠷᠢᠮᠳᠠᠯᠠᠵᠤ᠂ ᠲᠠᠪᠠᠭᠤᠯᠢᠭ ᠬᠦᠴᠦᠨ ᠢᠶᠠᠨ ᠲᠦᠪᠯᠡᠷᠡᠬᠦᠯᠦᠨ᠂ ᠡᠨᠡ ᠬᠡᠳᠦᠨ | ᠵᠠᠩᠭᠢᠯᠠᠭ᠎ᠠ ᠶᠢᠨ ᠴᠢᠨᠠᠷ ᠲᠠᠢ ᠲᠠᠶᠢᠯᠠᠯᠳᠣᠭᠠᠨ ᠢ ᠡᠷᠬᠡᠪᠰᠢ ᠰᠠᠶᠢᠲᠤᠷ ᠬᠢᠵᠦ᠂ ᠪᠦᠬᠦ ᠲᠠᠯ᠎ᠠ ᠶᠢᠨ ᠢᠯᠠᠯᠳᠠ ᠶᠢ | ᠣᠯᠬᠤ ᠦᠭᠡᠢ ᠪᠤᠯ ᠬᠡᠷᠭᠢᠪᠡᠴᠦ ᠪᠤᠴᠠᠬᠤ ᠦᠭᠡᠢ︕ | ︵ᠬᠤᠶᠠᠷ ᠲᠤ︶ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠪᠠᠷ ᠴᠢᠬᠤᠯᠠ ᠭᠤᠤᠯᠳᠠᠯᠭ᠎ᠠ ᠪᠤᠯᠭᠠᠬᠤ ᠶᠢ | ᠪᠠᠷᠢᠮᠳᠠᠯᠠᠵᠤ᠂ ᠠᠵᠤ ᠠᠬᠤᠢ ᠶᠢᠨ ᠬᠦᠭᠵᠢᠯᠳᠡ ᠶᠢᠨ ᠰᠠᠭᠤᠷᠢ ᠶᠢ ᠪᠠᠬᠢᠵᠢᠬᠦᠯᠦᠨ᠎ᠡ᠃ | ᠲᠦᠷᠦᠯ ᠵᠦᠢᠯ ᠤᠨ ᠪᠠᠶᠢᠭᠤᠯᠤᠯᠳᠠ ᠶᠢ ᠴᠢᠩᠭ᠎ᠠ ᠠᠳᠬᠤᠨ᠎ᠠ᠃ ︽ᠣᠷᠴᠢᠨ ᠲᠤᠭᠤᠷᠢᠨ ᠢ | ᠰᠢᠯᠢᠳᠡᠭᠵᠢᠬᠦᠯᠦᠨ ᠦᠢᠯᠡᠴᠢᠯᠡᠭᠡ ᠪᠠᠨ ᠴᠢᠩᠭᠠᠳᠬᠠᠵᠤ ᠨᠠᠶᠢᠳᠠᠪᠤᠷᠢᠵᠢᠭᠤᠯᠤᠯᠳᠠ ᠶᠢ ᠠᠬᠢᠭᠤᠯᠬᠤ ᠲᠦᠷᠦᠯ ᠵᠦᠢᠯ | ᠤᠨ ᠪᠦᠲᠦᠭᠡᠨ ᠪᠠᠶᠢᠭᠤᠯᠤᠯᠳᠠ ᠶᠢᠨ ᠵᠢᠯ︾ ᠤᠨ ᠬᠦᠳᠡᠯᠭᠡᠭᠡᠨ ᠦᠷᠨᠢᠬᠦᠯᠵᠦ᠂ ᠲᠦᠷᠦᠯ ᠵᠦᠢᠯ ᠢ ᠣᠷᠢᠨ | ᠣᠷᠣᠭᠤᠯᠬᠤ — ᠡᠮᠦᠨ᠎ᠡ ᠬᠤᠭᠤᠴᠠᠭ᠎ᠠ — ᠨᠠᠶᠢᠳᠠᠪᠤᠷᠢᠵᠢᠭᠤᠯᠬᠤ — ᠪᠦᠲᠦᠭᠡᠨ ᠪᠠᠶᠢᠭᠤᠯᠬᠤ — ᠭᠡᠷᠡᠭᠯᠡᠯᠳᠡ ᠳᠤ | ᠤᠷᠤᠭᠤᠯᠬᠤ ︽ᠬᠡᠯᠬᠢᠶᠡᠵᠢᠬᠦᠯᠦᠭᠰᠡᠨ︾ ᠬᠠᠮᠵᠢᠯᠴᠠᠭᠠᠨ ᠤ ᠦᠢᠯᠡᠴᠢᠯᠡᠭᠡᠨ ᠤ ᠲᠤᠭᠳᠠᠯᠴᠠᠭ᠎ᠠ ᠶᠢ ᠪᠦᠷᠢᠨᠰᠢᠬᠦᠯᠦᠨ | ᠪᠠᠶᠢᠭᠤᠯᠵᠤ᠂ ᠲᠦᠷᠦᠯ ᠵᠦᠢᠯ ᠤᠨ ᠡᠷᠳᠡ ᠪᠠᠷᠢᠯᠭ᠎ᠠ ᠡᠬᠢᠯᠡᠬᠦ᠂ ᠡᠷᠳᠡ ᠦᠢᠯᠡᠳᠪᠦᠷᠢᠯᠡᠯ ᠳᠤ ᠤᠷᠤᠬᠤ᠂ ᠡᠷᠳᠡ | ᠦᠷ᠎ᠡ ᠠᠰᠢᠭ ᠤᠯᠬᠤ ᠶᠢ ᠬᠦᠴᠦᠯᠡᠨ ᠠᠬᠢᠭᠤᠯᠤᠨ᠎ᠠ᠃ ᠲᠦᠷᠦᠯ ᠵᠦᠢᠯ ᠤᠨ ᠬᠢᠨᠠᠨ ᠵᠦᠪᠰᠢᠶᠡᠷᠡᠯ ᠤᠨ ᠪᠦᠬᠦ | ᠶᠠᠪᠤᠴᠠ ᠶᠢ ᠤᠷᠤᠯᠠᠨ ᠬᠦᠢᠴᠡᠳᠭᠡᠬᠦ ᠬᠠᠪᠰᠣᠷᠣᠨ ᠬᠦᠢᠴᠡᠳᠭᠡᠬᠦ᠂ ᠲᠤᠳᠠᠭᠰᠠᠨ ᠵᠦᠢᠯᠡᠰ ᠢ ᠨᠠᠶᠢᠷ ᠲᠠᠯᠪᠢᠨ | ᠬᠦᠢᠴᠡᠳᠭᠡᠬᠦ ᠵᠡᠷᠭᠡ ᠠᠷᠭ᠎ᠠ ᠬᠡᠮᠵᠢᠶ᠎ᠡ ᠬᠡᠷᠡᠭᠵᠢᠬᠦᠯᠵᠦ᠂ ᠠᠵᠤ ᠠᠬᠤᠶᠢᠯᠠᠯ ᠳᠤ ︽ᠠᠰᠠᠷᠠᠭᠴᠢ ᠬᠡᠯᠪᠡᠷᠢ︾ ᠶᠢᠨ | ᠦᠢᠯᠡᠴᠢᠯᠡᠭᠡ ᠬᠠᠩᠭᠠᠨ᠎ᠠ᠃ ᠭᠤᠤᠯᠳᠠᠯᠭᠠᠲᠤ ᠲᠦᠷᠦᠯ ᠵᠦᠢᠯ ᠢ ᠲᠠᠭᠠᠭᠠᠴᠢᠯᠠᠨ ᠬᠤᠯᠪᠤᠭᠠᠯᠠᠵᠤ ᠠᠬᠢᠭᠤᠯᠬᠤ | ᠲᠤᠭᠳᠠᠯᠴᠠᠭ᠎ᠠ ᠶᠢ ᠰᠢᠨ᠎ᠡ ᠪᠠᠷ ᠡᠭᠦᠳᠴᠦ᠂ ᠦᠨᠡᠯᠡᠬᠦ᠂ ᠬᠢᠨᠠᠨ ᠰᠢᠯᠭᠠᠬᠤ ᠲᠦᠷᠢᠮ ᠢ ᠪᠠᠶᠢᠭᠤᠯᠵᠤ᠂ ᠲᠠᠭᠠᠭᠠᠴᠢᠯᠠᠨ | ᠬᠤᠯᠪᠤᠭᠠᠯᠠᠬᠤ ᠪᠤᠳᠠᠳᠠᠢ ᠦᠷ᠎ᠡ ᠠᠰᠢᠭ ᠢ ᠦᠨᠡᠨᠬᠦ ᠲᠡᠭᠡᠭᠰᠢᠯᠡᠬᠦᠨᠡ᠃ ᠪᠦᠬᠦ ᠵᠢᠯ ᠳᠤ 185 ᠭᠤᠤᠯᠳᠠᠯᠭᠠᠲᠤ | ᠲᠦᠷᠦᠯ ᠵᠦᠢᠯ ᠬᠡᠷᠡᠭᠵᠢᠬᠦᠯᠬᠦ ᠪᠠᠷ ᠲᠦᠯᠦᠪᠯᠡᠵᠦ᠂ ᠪᠡᠯᠡ ᠤᠷᠤᠭᠤᠯᠤᠯᠳᠠ ᠶᠢ 180 ᠳ᠋ᠦᠩᠰᠢᠭᠤᠷ ᠲᠦᠭᠦᠷᠢᠭ | ᠪᠡᠶᠡᠯᠡᠬᠦᠯᠦᠨ᠎ᠡ᠃ ︽ᠠᠷᠪᠠᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠬᠤ | ᠡᠮᠦᠨ᠎ᠡ ᠬᠤᠭᠤᠴᠠᠭᠠᠨ ᠤ ᠠᠵᠢᠯ ᠢᠶᠠᠨ ᠡᠬᠢᠯᠡᠬᠦᠯᠵᠦ᠂ ᠭᠤᠤᠯᠳᠠᠯᠭᠠᠲᠤ ᠲᠦᠷᠦᠯ ᠵᠦᠢᠯ ᠤᠨ ᠨᠦᠭᠡᠴᠡ ᠪᠠᠨ | ᠣᠷᠢᠳᠴᠢᠯᠠᠨ ᠰᠠᠶᠢᠲᠤᠷ ᠬᠢᠨ᠎ᠡ᠃ ᠬᠤᠳᠠᠯᠳᠣᠭᠠᠴᠢᠨ ᠤᠷᠢᠵᠦ ᠪᠡᠯᠡ ᠣᠷᠣᠭᠤᠯᠬᠤ ᠶᠢ ᠴᠢᠩᠭ᠎ᠠ ᠠᠳᠬᠤᠨ᠎ᠠ᠃ | ᠬᠦᠬᠡ ᠮᠦᠷᠡᠨ ᠤ ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ᠂ ᠪᠡᠭᠡᠵᠢᠩ ᠲᠢᠶᠠᠨᠵᠢᠨ | ᠾᠧᠪᠸᠢ ᠶᠢᠨ ᠠᠵᠤ ᠦᠢᠯᠡᠰ ᠤᠨ ᠰᠢᠯᠵᠢᠯᠳᠡ ᠶᠢ ᠢᠳᠡᠪᠬᠢᠳᠡᠢ ᠬᠦᠯᠢᠶᠡᠨ ᠠᠪᠴᠦ᠂ ᠠᠵᠤ ᠦᠢᠯᠡᠰ ᠤᠨ ᠬᠡᠯᠬᠢᠶ᠎ᠡ | ᠪᠠᠷ ᠬᠤᠳᠠᠯᠳᠣᠭᠠᠴᠢᠨ ᠤᠷᠢᠬᠤ᠂ ᠬᠤᠳᠠᠯᠳᠣᠭᠠᠴᠢᠨ ᠢᠶᠠᠷ ᠬᠤᠳᠠᠯᠳᠣᠭᠠᠴᠢᠨ ᠣᠷᠢᠬᠤ᠂ ᠨᠠᠶᠢᠳᠠᠯᠭ᠎ᠠ ᠪᠠᠷ | ᠬᠤᠳᠠᠯᠳᠣᠭᠠᠴᠢᠨ ᠤᠷᠢᠬᠤ ᠵᠡᠷᠭᠡ ᠬᠡᠯᠪᠡᠷᠢ ᠪᠠᠷ ᠲᠠᠮᠵᠢᠨ᠂ ᠨᠢᠭᠡ ᠪᠦᠯᠦᠭ ᠠᠯᠣᠰ ᠤᠨ ᠬᠦᠭᠵᠢᠯᠳᠡ ᠪᠠᠷ ᠰᠠᠶᠢᠨ᠂ | ᠲᠠᠭᠠᠭᠠᠭᠤᠯᠤᠭᠴᠢ ᠴᠢᠳᠠᠪᠤᠷᠢ ᠪᠠᠷ ᠴᠢᠩᠭ᠎ᠠ ᠶᠡᠭᠡ ᠲᠦᠷᠦᠯ ᠵᠦᠢᠯ ᠰᠠᠶᠢᠨ ᠲᠦᠷᠦᠯ ᠵᠦᠢᠯ ᠢ ᠤᠷᠤᠭᠤᠯᠵᠤ᠂ ᠨᠢᠭᠡ | ᠪᠦᠯᠦᠭ ᠨᠡᠮᠡᠭᠳᠡᠯ ᠤᠨ ᠴᠢᠨᠠᠷ ᠢᠶᠠᠷ ᠦᠨᠳᠦᠷ᠂ ᠦᠷᠢᠰᠦᠯᠳᠦᠬᠦ ᠬᠦᠴᠦᠨ ᠢᠶᠠᠷ ᠴᠢᠩᠭ᠎ᠠ ᠨᠢᠭᠤᠭᠳᠠᠮᠠᠯ ᠮᠠᠩᠯᠠᠢ᠂ | ᠦᠰᠦᠷᠦᠩᠬᠦᠢ ᠨᠡᠮᠡᠭᠳᠡᠯᠲᠤ ᠠᠵᠤ ᠠᠬᠤᠶᠢᠯᠠᠯ ᠢ ᠬᠦᠮᠦᠵᠢᠬᠦᠯᠦᠨ᠎ᠡ᠃ ᠬᠤᠳᠠᠯᠳᠣᠭᠠᠴᠢᠨ ᠤᠷᠢᠵᠦ ᠪᠡᠯᠡ | ᠤᠷᠤᠭᠤᠯᠬᠤ ᠬᠠᠷᠠᠯᠳᠠᠲᠤ ᠬᠠᠮᠢᠶᠠᠷᠣᠯᠳᠠ ᠶᠢᠨ ᠰᠢᠯᠭᠠᠨ ᠬᠢᠨᠠᠬᠤ ᠰᠢᠰᠲ᠋ᠧᠮᠵᠢ ᠪᠠᠶᠢᠭᠤᠯᠵᠤ᠂ ᠬᠤᠳᠠᠯᠳᠣᠭᠠᠴᠢᠨ | ᠤᠷᠢᠵᠦ ᠪᠡᠯᠡ ᠤᠷᠤᠭᠤᠯᠬᠤ ᠪᠤᠳᠠᠲᠤ ᠦᠷ᠎ᠡ ᠠᠰᠢᠭ ᠢ ᠦᠨᠡᠨᠬᠦ ᠲᠡᠭᠡᠭᠰᠢᠯᠡᠬᠦᠯᠦᠨ᠎ᠡ᠃ ᠬᠤᠳᠠᠯᠳᠣᠭᠠᠴᠢᠨ ᠰᠢᠯᠢᠵᠦ | ᠪᠡᠯᠡ ᠰᠣᠩᠭᠤᠬᠤ ᠶᠢ ᠪᠠᠷᠢᠮᠳᠠᠯᠠᠵᠤ᠂ ᠲᠦᠷᠦᠯ ᠵᠦᠢᠯ ᠤᠷᠤᠭᠤᠯᠬᠤ ᠪᠤᠭᠤᠮᠳᠠ ᠶᠢᠨ ᠴᠢᠩᠭ᠎ᠠ ᠰᠠᠬᠢᠵᠦ᠂ | ᠵᠦᠪᠰᠢᠶᠡᠷᠡᠯ ᠤᠨ ᠪᠠᠷᠢᠮᠵᠢᠶ᠎ᠡ ᠪᠠᠨ ᠲᠡᠭᠡᠭᠰᠢᠯᠡᠬᠦᠯᠵᠦ᠂ ︽ᠰᠠᠭᠰᠣᠨ ᠳᠤ ᠰᠠᠪᠠᠯᠠᠭᠰᠠᠨ ᠪᠦᠬᠦᠨ ᠢ ᠨᠤᠭᠤᠭ᠎ᠠ︾ ᠬᠡᠵᠦ | ᠪᠤᠯᠬᠤ ᠦᠭᠡᠢ᠂ ︽ᠪᠤᠬᠢᠷᠳᠠᠯ ᠲᠠᠢ GDP︾ ᠶᠢ ᠡᠷᠡᠰ ᠲᠡᠪᠴᠢᠨ᠎ᠡ᠃ ᠪᠦᠬᠦ ᠵᠢᠯ ᠤᠨ ᠣᠷᠣᠭᠤᠯᠵᠣ | ᠨᠠᠶᠢᠳᠠᠪᠤᠷᠢᠵᠢᠭᠤᠯᠤᠭᠰᠠᠨ ᠪᠡᠯᠡ ᠮᠦᠩᠭᠦ ᠶᠢ 6 % ᠠᠴᠠ ᠲᠡᠭᠡᠭᠰᠢ ᠨᠡᠮᠡᠭᠳᠡᠬᠦᠯᠬᠦ ᠪᠠᠷ ᠬᠦᠴᠦᠯᠡᠨ᠎ᠡ᠃ ᠠᠵᠤ | ᠠᠬᠤᠶᠢᠯᠠᠯ ᠤᠨ ᠰᠢᠨ᠎ᠡ ᠪᠠᠷ ᠡᠬᠢᠯᠡᠬᠦᠯᠬᠦ ᠲᠦᠷᠦᠯ ᠵᠦᠢᠯ ᠪᠠ ᠴᠢᠬᠤᠯᠠ ᠮᠡᠷᠭᠡᠵᠢᠯ ᠤᠨ ᠦᠭᠡᠷᠡᠴᠢᠯᠡᠯᠳᠡ ᠶᠢᠨ | ᠲᠦᠷᠦᠯ ᠵᠦᠢᠯ ᠳᠤ ᠬᠤᠳᠠᠯᠳᠣᠭᠠᠴᠢᠨ ᠤᠷᠢᠵᠦ ᠪᠡᠯᠡ ᠤᠷᠤᠭᠤᠯᠬᠤ ᠲᠦᠷᠦ ᠶᠢᠨ ᠪᠤᠲᠤᠯᠭ᠎ᠠ ᠶᠢ ᠬᠡᠷᠡᠭᠯᠡᠵᠦ | ᠪᠤᠯᠤᠨ᠎ᠠ᠃ ᠬᠦᠷᠢᠶᠡᠯᠡᠩ ᠲᠤᠭᠤᠷᠢᠭ ᠢ ᠬᠦᠭᠵᠢᠬᠦᠯᠦᠨ ᠮᠠᠨᠳᠣᠭᠤᠯᠬᠤ ᠶᠢ ᠴᠢᠩᠭ᠎ᠠ ᠠᠳᠬᠤᠨ᠎ᠠ᠃ ︽ᠡᠭᠦᠷ ᠪᠠᠷᠢᠵᠦ | ᠭᠠᠷᠣᠳᠠᠢ ᠤᠷᠢᠬᠤ︾ ᠠᠵᠢᠯᠯᠠᠭᠠᠨ ᠢ ᠦᠷᠨᠢᠬᠦᠯᠵᠦ᠂ ᠡᠳ᠋ ᠤᠨ ᠵᠠᠰᠠᠭ ᠤᠨ ᠪᠡᠯᠡ ᠮᠦᠩᠬᠦ ᠪᠠᠷ ᠨᠡᠶᠢᠭᠡᠮ ᠤᠨ | ᠬᠦᠷᠦᠩᠬᠡ ᠮᠦᠩᠭᠦ ᠶᠢ ᠬᠦᠰᠢᠬᠦᠷᠯᠡᠵᠦ᠂ ᠲᠤᠤᠷ᠎ᠠ ᠨᠡᠬᠦᠷᠡᠰᠣᠳᠦ᠋ᠷᠦᠭᠴᠢᠳᠣ ᠬᠦᠷᠢᠶᠡᠯᠡᠩ ᠲᠤᠭᠤᠷᠢᠭ ᠤᠨ ᠪᠤᠬᠢᠷ | ᠤᠰᠣ ᠰᠢᠢᠳᠪᠦᠷᠢᠯᠡᠬᠦ ᠦᠢᠯᠡᠳᠪᠦᠷᠢ ᠵᠡᠷᠭᠡ ᠬᠦᠷᠢᠶᠡᠯᠡᠩ ᠲᠤᠭᠤᠷᠢᠭ ᠤᠨ ᠰᠠᠭᠤᠷᠢ ᠲᠦᠭᠦᠭᠡᠷᠦᠮᠵᠢ ᠶᠢᠨ ᠲᠦᠷᠦᠯ | ᠵᠦᠢᠯ ᠢ ᠲᠦᠷᠭᠡᠳᠭᠡᠨ ᠠᠬᠢᠭᠤᠯᠤᠨ᠎ᠠ᠃ ︽ᠰᠢᠩᠬᠡᠯᠢᠭ ᠢ ᠰᠣᠯᠠᠯᠠᠵᠤ ᠰᠢᠪᠠᠭᠤᠳ ᠢ ᠰᠣᠯᠢᠬᠤ︾ ᠬᠦᠴᠦᠯᠡᠴᠡ ᠪᠠᠨ | ᠴᠢᠩᠭᠠᠳᠬᠠᠵᠦ᠂ ︽ᠦᠬᠦᠰᠢᠷᠡᠮᠡᠯ ᠠᠵᠤ ᠠᠬᠤᠶᠢᠯᠠᠯ︾ ᠢ ᠲᠤᠶᠢᠯᠪᠤᠷᠢᠳᠡᠢ ᠠᠷᠢᠯᠭᠠᠵᠤ᠂ ᠬᠡᠯᠪᠡᠷᠢ ᠬᠤᠪᠢᠷᠠᠭᠤᠯᠬᠤ | ᠲᠦᠷᠦᠯ ᠵᠦᠢᠯ ᠤᠨ ᠨᠠᠶᠢᠳᠠᠪᠤᠷᠢᠵᠢᠬᠤ ᠳᠤ ᠤᠷᠤᠨ ᠵᠠᠢ ᠭᠠᠷᠭᠠᠵᠦ ᠦᠭᠭᠦᠨ᠎ᠡ᠃ ᠲᠡᠭᠦᠯᠳᠡᠭᠵᠢᠭᠰᠡᠨ ︽ᠤᠭᠤᠷᠴᠤᠭ | ᠬᠠᠷᠢᠶ᠎ᠠ ᠭᠠᠵᠠᠷ ᠤᠨ ᠠᠵᠤ ᠠᠬᠤᠢ︾ ᠶᠢᠨ ᠲᠦᠷᠦ ᠶᠢᠨ ᠪᠤᠲᠤᠯᠭ᠎ᠠ ᠲᠤᠭᠳᠠᠭᠠᠵᠦ᠂ ᠲᠦᠷᠦᠯ ᠵᠦᠢᠯ ᠢ ᠤᠨᠲᠤᠤ | ᠭᠠᠵᠠᠷ ᠲᠤ ᠪᠠᠶᠢᠭᠤᠯᠵᠤ ᠦᠷ᠎ᠡ ᠠᠰᠢᠭ ᠢ ᠬᠠᠮᠲᠤᠪᠡᠷ ᠡᠳ᠋ᠯᠡᠬᠦ ᠲᠤᠭᠳᠠᠯᠴᠠᠭ᠎ᠠ ᠶᠢ ᠬᠡᠷᠡᠭᠵᠢᠬᠦᠯᠦᠨ᠎ᠡ᠃ ︽ᠮᠤ᠋ ᠪᠦᠷᠢ | ᠶᠢᠨ ᠤᠨᠠᠯᠳᠠ ᠪᠠᠷ ᠪᠠᠭᠠᠲᠦᠷ ᠢ ᠦᠬᠦᠯᠡᠬᠦ︾ ᠶᠢ ᠪᠠᠷᠢᠮᠳᠠᠯᠠᠵᠤ᠂ ᠬᠦᠷᠢᠶᠡᠯᠡᠩ ᠲᠤᠭᠤᠷᠢᠭ ᠢ ᠴᠢᠨᠠᠷ ᠰᠠᠶᠢᠳᠠᠢ | ᠬᠦᠭᠵᠢᠬᠦᠯᠬᠦ ᠬᠢᠨᠠᠨ ᠰᠢᠯᠭᠠᠯᠳᠠ ᠶᠢᠨ ᠬᠦᠢᠴᠡᠳᠭᠡᠯ ᠲᠤᠭᠠᠨ ᠤ ᠰᠢᠰᠲ᠋ᠧᠮᠵᠢ ᠪᠠᠶᠢᠭᠤᠯᠵᠤ᠂ ᠪᠡᠯᠡ ᠤᠷᠤᠭᠤᠯᠤᠯᠳᠠ | ᠶᠢᠨ ᠬᠦᠴᠦᠯᠡᠴᠡ᠂ ᠨᠢᠭᠡᠴᠢ ᠡᠨᠧᠷᠭᠢ ᠶᠢᠨ ᠬᠤᠷᠤᠭᠳᠠᠯ ᠵᠡᠷᠭᠡ ᠬᠢᠨᠠᠨ ᠰᠢᠯᠭᠠᠯᠳᠠ ᠶᠢᠨ ᠡᠵᠡᠯᠡᠮᠵᠢ ᠶᠢ | ᠲᠡᠭᠡᠭᠰᠢᠯᠡᠬᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠢ ᠶᠢ ᠴᠢᠩᠭ᠎ᠠ ᠠᠳᠬᠤᠨ᠎ᠠ᠃ ᠤᠳᠣᠷᠢᠳᠬᠤ | ᠺᠠᠳ᠋ᠷᠴᠦᠳ ᠭᠤᠤᠯᠳᠠᠯᠭᠠᠲᠤ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠯᠤᠭ᠎ᠠ ᠬᠠᠷᠢᠯᠴᠠᠬᠤ ᠲᠤᠭᠳᠠᠯᠴᠠᠭ᠎ᠠ ᠶᠢ | ᠪᠦᠷᠢᠨᠰᠢᠬᠦᠯᠵᠦ᠂ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠬᠦᠭᠵᠢᠯᠳᠡ ᠶᠢᠨ ᠭᠤᠤᠯᠳᠠᠯᠭ᠎ᠠ ᠲᠠᠢ ᠬᠦᠴᠢᠷ | ᠠᠰᠠᠭᠤᠳᠠᠯ ᠳᠤ ᠡᠬᠡ ᠲᠠᠩᠰᠠᠨ ᠤ ᠬᠠᠮᠢᠶᠠᠷᠣᠯᠳᠠ᠂ ᠤᠨᠤᠪᠴᠢᠳᠠᠢ ᠪᠠᠷ ᠲᠡᠳᠬᠦᠬᠦ᠂ ᠦᠷ᠎ᠡ ᠠᠰᠢᠭ ᠶᠢᠨ ᠮᠦᠷᠳᠡᠬᠦ | ᠵᠡᠷᠭᠡ ᠶᠢ ᠬᠡᠷᠡᠭᠵᠢᠬᠦᠯᠦᠨ᠎ᠡ᠃ ᠵᠠᠰᠠᠭ ᠤᠨ ᠣᠷᠳᠣᠨ ᠮᠦᠩᠬᠦᠨ ᠬᠦᠢᠯᠭᠡᠭᠡ ᠠᠵᠤ ᠠᠬᠤᠶᠢᠯᠠᠯ ᠤᠨ ᠵᠤᠯᠭᠠᠭᠤᠯᠭ᠎ᠠ ᠶᠢ | ᠴᠢᠩᠭᠠᠳᠬᠠᠵᠦ᠂ ᠪᠠᠲᠤᠯᠠᠪᠤᠷᠢ ᠳᠤ ᠲᠤᠰᠠᠯᠠᠬᠤ ᠵᠢᠭᠡᠯᠡᠯᠭᠡ ᠶᠢᠨ ᠪᠡᠯᠡ ᠮᠦᠩᠬᠦᠨ ᠤ ᠰᠠᠩ᠂ ᠲᠦᠷᠦ ᠶᠢᠨ ᠪᠤᠲᠤᠯᠭ᠎ᠠ | ᠶᠢᠨ ᠴᠢᠨᠠᠷᠳᠠᠢ ᠪᠠᠲᠤᠯᠠᠪᠤᠷᠢ ᠶᠢᠨ ᠪᠠᠶᠢᠭᠤᠯᠤᠮᠵᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠠᠵᠤ ᠠᠬᠤᠶᠢᠯᠠᠯ | ᠤᠨ ᠪᠡᠯᠡ ᠴᠤᠭᠯᠠᠭᠤᠯᠬᠤ ᠳᠤ ᠬᠦᠴᠢᠷ᠂ ᠪᠡᠯᠡ ᠴᠤᠭᠯᠠᠭᠤᠯᠬᠤ ᠳᠤ ᠦᠨᠡᠳᠡᠢ ᠠᠰᠠᠭᠤᠳᠠᠯ ᠢ ᠦᠨᠡᠨᠬᠦ | ᠰᠢᠢᠳᠪᠦᠷᠢᠯᠡᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠯᠳᠡ ᠶᠢᠨ ᠠᠭᠢᠭᠤᠯᠬᠤ ᠲᠦᠷᠦ ᠶᠢᠨ | ᠪᠤᠲᠤᠯᠭ᠎ᠠ ᠠᠷᠭ᠎ᠠ ᠬᠡᠮᠵᠢᠶ᠎ᠡ ᠲᠤᠭᠳᠠᠭᠠᠨ ᠨᠡᠶᠢᠳᠡᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠯᠳᠡ | ᠶᠢᠨ ᠠᠮᠢᠵᠢᠷᠠᠯ` ᠤᠨ ᠬᠦᠴᠦᠨ ᠢ ᠬᠦᠢᠴᠡᠳ ᠬᠦᠭᠵᠢᠭᠡᠨ᠎ᠡ᠃ ᠬᠤᠳᠠᠯᠳᠣᠭᠠᠴᠢᠨ ᠤᠷᠢᠵᠦ ᠪᠡᠯᠡ ᠤᠷᠤᠭᠤᠯᠬᠤ | ᠬᠠᠷᠠᠭᠠᠯᠵᠠᠯ ᠤᠨ ᠲᠦᠷᠦ ᠶᠢᠨ ᠪᠤᠲᠤᠯᠭ᠎ᠠ ᠶᠢ ᠨᠠᠷᠢᠨ ᠬᠢᠨᠠᠮᠠᠭᠠᠢ ᠡᠮᠬᠢᠯᠡᠨ ᠬᠦᠢᠴᠡᠳᠭᠡᠵᠦ᠂ ᠠᠯᠪᠠᠨ ᠪᠠᠶᠢᠭᠤᠯᠭ᠎ᠠ | ᠠᠵᠢᠯ ᠦᠢᠯᠡᠰ ᠤᠨ ᠨᠢᠭᠡᠴᠡ ᠪᠠ ᠣᠯᠣᠰ ᠤᠨ ᠦᠮᠴᠢᠯᠡᠯᠲᠤ ᠠᠵᠤ ᠠᠬᠤᠶᠢᠯᠠᠯ ᠤᠨ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠳᠤ ᠦᠷᠢᠳᠦᠵᠦ ᠪᠠᠶᠢᠭ᠎ᠠ ᠠᠰᠠᠭᠤᠳᠠᠯ ᠳᠤ ᠲᠤᠰᠬᠠᠢ ᠵᠠᠰᠠᠨ ᠴᠡᠭᠴᠡᠯᠡᠯᠳᠡ ᠬᠢᠨ᠎ᠡ᠃ | ᠬᠤᠳᠠᠯᠳᠤᠭ᠎ᠠ ᠡᠷᠭᠢᠯᠡᠬᠦ ᠤᠷᠴᠢᠨ ᠢ ᠬᠤᠬᠢᠷᠠᠭᠤᠯᠤᠭᠰᠠᠨ ᠣᠳᠠᠭᠠᠨ ᠦᠢᠯᠡᠳᠬᠦᠢ᠂ ᠡᠰᠡ ᠦᠢᠯᠡᠳᠬᠦᠢ᠂ ᠲᠤᠷ᠎ᠠ ᠪᠠᠷ | ᠦᠢᠯᠡᠳᠬᠦᠢ ᠦᠵᠡᠭᠳᠡᠯ ᠢ ᠴᠢᠩᠭ᠎ᠠ ᠴᠡᠭᠴᠡᠯᠡᠨ ᠵᠠᠰᠠᠵᠤ᠂ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ | ᠬᠠᠨᠤᠮᠵᠢ ᠶᠢᠨ ᠬᠡᠮᠵᠢᠶ᠎ᠡ ᠪᠠ ᠤᠯᠤᠯᠳᠠ ᠶᠢᠨ ᠲᠦᠷᠦᠭᠳᠡᠯ ᠢ ᠲᠠᠰᠣᠷᠠᠯᠳᠠ ᠦᠭᠡᠢ ᠲᠡᠭᠡᠭᠰᠢᠯᠡᠬᠦᠯᠦᠨ᠎ᠡ᠃ | ᠲᠦᠯᠦᠭᠡᠯᠡᠭᠴᠢᠳ ᠡ᠂ ᠲᠦᠷᠦᠯ ᠵᠦᠢᠯ ᠢ ᠠᠳᠬᠤᠬᠤ ᠪᠤᠯ ᠲᠠᠷᠣᠢ ᠪᠡᠯᠡ ᠤᠷᠤᠭᠤᠯᠤᠯᠳᠠ ᠶᠢ ᠠᠳᠬᠤᠬᠤ | ᠪᠤᠯᠤᠨ᠎ᠠ᠂ ᠬᠦᠭᠵᠢᠬᠦᠯᠦᠯᠳᠡ ᠶᠢ ᠠᠳᠬᠤᠬᠤ ᠪᠤᠯᠤᠨ᠎ᠠ᠃ ᠪᠢᠳᠡᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠠᠷ | ᠪᠠᠷᠢᠴᠠ ᠪᠤᠯᠭᠠᠨ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠠᠷ ᠬᠠᠷᠢᠭᠤᠴᠠᠯᠭ᠎ᠠ ᠶᠢ ᠰᠢᠯᠭᠠᠵᠦ᠂ | ᠬᠤᠳᠠᠯᠳᠣᠭᠠᠴᠢᠨ ᠤᠷᠢᠵᠦ ᠪᠡᠯᠡ ᠤᠷᠤᠭᠤᠯᠬᠤ ᠶᠢ ᠴᠢᠩᠭᠠᠳᠬᠠᠬᠤ᠂ ᠰᠠᠭᠤᠷᠢ ᠲᠦᠭᠦᠭᠡᠷᠦᠮᠵᠢ ᠶᠢ | ᠲᠡᠭᠦᠯᠳᠡᠷᠵᠢᠬᠦᠯᠬᠦ᠂ ᠬᠤᠳᠠᠯᠳᠤᠭ᠎ᠠ ᠡᠷᠭᠢᠯᠡᠬᠦ ᠤᠷᠴᠢᠨ ᠢ ᠰᠢᠯᠢᠳᠡᠭᠵᠢᠬᠦᠯᠬᠦ ᠳᠤ ᠶᠡᠭᠡ ᠬᠦᠴᠦ ᠲᠠᠯᠪᠢᠵᠦ᠂ ᠨᠢᠭᠡ | ᠪᠦᠯᠦᠭ ᠰᠠᠭᠤᠷᠢ ᠲᠠᠯᠪᠢᠭᠰᠠᠨ᠂ ᠠᠯᠣᠰ ᠬᠡᠲᠦ ᠶᠢᠨ ᠠᠰᠢᠭ ᠲᠠᠢ᠂ ᠲᠤᠯᠭᠠᠭᠤᠷᠢᠯᠠᠬᠤ ᠬᠦᠴᠦᠨ ᠢᠶᠠᠷ ᠴᠢᠩᠭ᠎ᠠ | ᠭᠤᠤᠯᠳᠠᠯᠭᠠᠲᠤ ᠲᠦᠷᠦᠯ ᠵᠦᠢᠯ ᠢ ᠬᠡᠷᠡᠭᠵᠢᠬᠦᠯᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠡᠷᠡᠭᠦᠯ ᠢᠶᠠᠷ | ᠬᠦᠭᠵᠢᠬᠦ ᠳᠤ ᠮᠦᠩᠭᠡ ᠶᠢᠨ ᠬᠦᠳᠡᠯᠭᠡᠭᠴᠢ ᠬᠦᠴᠦᠨ ᠨᠡᠮᠡᠭᠳᠡᠭᠦᠯᠦᠨ᠎ᠡ︕ | ︵ᠭᠤᠷᠪᠠ︶ ᠠᠵᠤ ᠦᠢᠯᠡᠰ ᠤᠨ ᠬᠦᠭᠵᠢᠯᠳᠡ ᠶᠢᠨ ᠴᠢᠨᠠᠷ ᠪᠦᠲᠦᠮᠵᠢ ᠶᠢ ᠲᠡᠭᠡᠭᠰᠢᠯᠡᠬᠦᠯᠬᠦ ᠶᠢ ᠪᠠᠷᠢᠮᠳᠠᠯᠠᠵᠤ᠂ | ᠤᠲᠤ ᠦᠶ᠎ᠡ ᠶᠢᠨ ᠠᠵᠤ ᠠᠬᠤᠢ ᠶᠢᠨ ᠰᠢᠰᠲ᠋ᠧᠮᠵᠢ ᠶᠢ ᠪᠦᠬᠦ ᠬᠦᠴᠦᠨ ᠢᠶᠠᠷ ᠴᠤᠭᠴᠠᠯᠠᠨ ᠪᠠᠶᠢᠭᠤᠯᠤᠨ᠎ᠠ᠃ | ᠰᠢᠨᠵᠢᠯᠡᠭᠡ ᠮᠡᠷᠭᠡᠵᠢᠯ ᠢᠶᠠᠷ ᠰᠢᠨ᠎ᠡ ᠶᠢ ᠡᠭᠦᠳᠬᠦ ᠴᠢᠳᠠᠪᠤᠷᠢ ᠶᠢ ᠲᠡᠭᠡᠭᠰᠢᠯᠡᠬᠦᠯᠦᠨ᠎ᠡ᠃ ᠰᠢᠨᠵᠢᠯᠡᠭᠡ ᠮᠡᠷᠭᠡᠵᠢᠯ | ᠢᠶᠠᠷ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠬᠡᠯᠪᠡᠷᠢ ᠬᠤᠪᠢᠷᠠᠭᠤᠯᠬᠤ ᠬᠦᠳᠡᠯᠭᠡᠭᠦᠷ ᠪᠤᠯᠭᠠᠵᠤ᠂ ᠠᠩᠬᠠᠳᠣᠭᠠᠷ | ᠬᠤᠭᠤᠴᠠᠭᠠᠨ ᠤ ᠦᠬᠠᠢ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠢᠨᠵᠢᠯᠡᠭᠡ ᠮᠡᠷᠭᠡᠵᠢᠯ ᠤᠨ | ᠶᠠᠷᠢᠯᠴᠠᠭᠠᠨ ᠤ ᠲᠠᠪᠴᠠᠩ ᠢ ᠡᠷᠭᠢᠯᠡᠵᠦ᠂ ᠯᠠᠨᠵᠸᠤ ᠶᠡᠭᠡ ᠰᠣᠷᠭᠠᠭᠤᠯᠢ᠂ ᠲᠢᠶᠠᠨᠵᠢᠨ ᠶᠡᠭᠡ ᠰᠣᠷᠭᠠᠭᠤᠯᠢ ᠵᠡᠷᠭᠡ | ᠲᠡᠭᠡᠲᠤ ᠰᠣᠷᠭᠠᠭᠤᠯᠢ ᠶᠡᠭᠡ ᠰᠣᠷᠭᠠᠭᠤᠯᠢ ᠯᠤᠭ᠎ᠠ ᠠᠵᠤ ᠠᠬᠤᠶᠢᠯᠠᠯ ᠶᠡᠭᠡ ᠲᠡᠭᠡᠲᠦ ᠰᠣᠷᠭᠠᠭᠤᠯᠢ ᠰᠣᠳᠣᠯᠬᠤ ᠭᠠᠵᠠᠷ | ᠤᠨ ᠬᠠᠮᠲᠤᠷᠠᠯᠴᠠᠭ᠎ᠠ ᠪᠠᠨ ᠴᠢᠩᠭᠠᠳᠬᠠᠨ᠎ᠡ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠤᠳᠣᠷᠢᠳᠣᠮᠵᠢ ᠶᠢᠨ | ᠰᠠᠭᠤᠷᠢ ᠮᠦᠩᠭᠦ ᠶᠢ ᠰᠦᠪᠡᠭᠴᠢᠯᠡᠨ ᠪᠠᠶᠢᠭᠤᠯᠵᠤ᠂ ᠠᠵᠤ ᠠᠬᠤᠶᠢᠯᠠᠯ ᠤᠨ ᠤᠷᠠᠨ ᠲᠠᠷᠬᠠᠯᠠᠯ ᠤᠨ ᠮᠡᠷᠭᠡᠵᠢᠯ ᠤᠨ | ᠦᠭᠡᠷᠡᠴᠢᠯᠡᠯᠳᠡ᠂ ᠡᠨᠧᠷᠭᠢ ᠠᠷᠪᠢᠯᠡᠵᠦ ᠤᠷᠴᠢᠨ ᠲᠤᠭᠤᠷᠢᠨ ᠢ ᠬᠠᠮᠠᠭᠠᠯᠠᠬᠤ ᠵᠡᠷᠭᠡ ᠲᠠᠯ᠎ᠠ ᠶᠢᠨ ᠪᠡᠯᠡ | ᠤᠷᠤᠭᠤᠯᠤᠯᠳᠠ ᠪᠠᠨ ᠨᠡᠮᠡᠭᠳᠡᠬᠦᠯᠬᠦ ᠶᠢ ᠵᠤᠷᠢᠭᠵᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ | ᠢᠶᠠᠨ ᠲᠡᠭᠡᠭᠰᠢᠯᠡᠬᠦᠯᠦᠨ ᠲᠡᠰ ᠲᠡᠪᠰᠢᠭᠦᠯᠬᠦ ᠶᠢ ᠠᠭᠢᠭᠤᠯᠤᠨ᠎ᠠ᠃ ᠪᠡᠭᠡᠵᠢᠩ᠂ ᠱᠠᠩᠬᠠᠢ᠂ ᠯᠠᠨᠵᠸᠤ ᠵᠡᠷᠭᠡ ᠭᠠᠵᠠᠷ ᠲᠤ | ᠬᠠᠮᠲᠤᠷᠠᠭᠰᠠᠨ ᠲᠤᠷᠰᠢᠯᠳᠠ ᠶᠢᠨ ᠲᠠᠰᠤᠭ ᠪᠠ ᠰᠢᠨᠵᠢᠯᠡᠬᠦ ᠤᠬᠠᠭᠠᠨ ᠤ ᠰᠣᠳᠣᠯᠭᠠᠨ ᠤ ᠪᠦᠲᠦᠬᠡᠯ ᠢ ᠬᠤᠪᠢᠷᠠᠭᠤᠯᠬᠤ | ᠲᠦᠪ ᠪᠠᠶᠢᠭᠤᠯᠵᠤ᠂ ᠠᠺᠧᠳᠧᠮᠢᠴᠢ ᠮᠡᠷᠭᠡᠵᠢᠯᠳᠡᠨ ᠤ ᠠᠵᠢᠯᠯᠠᠬᠤ ᠦᠷᠳᠡᠭᠡ ᠶᠢᠨ ᠪᠠᠶᠢᠭᠤᠯᠤᠯᠳᠠ ᠪᠠᠨ | ᠲᠦᠷᠭᠡᠳᠭᠡᠵᠦ᠂ ᠨᠢᠬᠡ ᠪᠦᠯᠦᠭ ᠲᠡᠷᠢᠬᠦᠨ ᠤ ᠲᠤᠬᠢᠷᠠᠭᠰᠠᠨ ᠮᠡᠷᠭᠡᠵᠢᠯ ᠢᠶᠠᠷ ᠤᠨᠲᠤᠤ ᠭᠠᠵᠠᠷ ᠲᠤ ᠨᠡᠪᠴᠢᠭᠦᠯᠬᠦ᠂ | ᠦᠬᠠᠢ ᠶᠢ ᠬᠤᠪᠢᠷᠠᠭᠤᠯᠬᠤ ᠶᠢ ᠪᠡᠶᠡᠯᠡᠬᠦᠯᠦᠨ᠎ᠡ᠃ ᠰᠠᠨᠰᠠᠷ ᠠᠶᠠᠯᠠᠯ ᠤᠨ ᠠᠷᠪᠠᠨ ᠬᠤᠶᠠᠳᠣᠭᠠᠷ ᠬᠦᠷᠢᠶᠡᠯᠡᠩ ᠤᠨ | ᠤᠰᠣᠳᠦ᠋ᠷᠣᠭ᠍ᠴᠢᠲᠤ ᠲᠡᠩᠴᠡᠯ ᠢᠶᠦᠨᠳᠣ ᠨᠡᠭᠦᠷᠡᠰᠦᠨ ᠠᠼᠧᠲ᠋ᠢᠯᠧᠡ᠂ ᠲᠢᠶᠠᠨ ᠢᠦᠢ ᠶᠢᠨ ᠴᠡᠷᠢᠭ ᠤᠨ ᠬᠡᠷᠡᠭᠯᠡᠭᠡᠨ | ᠤ ᠬᠦᠷᠢᠶ᠎ᠡ ᠬᠡᠪᠴᠢᠶᠡᠨ ᠤ ᠰᠢᠨ᠎ᠡ ᠮᠠᠲ᠋ᠧᠷᠢᠠᠯ ᠵᠡᠷᠭᠡ ᠲᠦᠷᠦᠯ ᠵᠦᠢᠯ ᠢ ᠠᠭᠢᠭᠤᠯᠵᠤ᠂ ᠴᠡᠷᠢᠭ ᠠᠷᠠᠳ ᠤᠨ | ᠠᠭᠤᠰᠣᠯᠴᠠᠭ᠎ᠠ ᠶᠢᠨ ᠲᠠᠰᠣᠷᠠᠯᠳᠠ ᠦᠭᠡᠢ ᠬᠦᠨᠵᠡᠭᠡᠶᠢᠷᠡᠬᠦ ᠶᠢ ᠠᠭᠢᠭᠤᠯᠤᠨ᠎ᠠ᠃ ᠭᠠᠳᠠᠭᠠᠲᠤ ᠳᠤ ᠰᠠᠭᠤᠭ᠎ᠠ | ᠴᠢᠳᠠᠪᠤᠷᠢᠳᠡᠨ ᠤ ᠠᠵᠢᠯᠯᠠᠬᠤ ᠦᠷᠳᠡᠭᠡᠨ ᠳᠤ ᠨᠠᠶᠢᠳᠠᠵᠦ᠂ ᠴᠢᠳᠠᠪᠤᠷᠢᠳᠡᠨ ᠡᠯᠰᠡᠵᠦ ᠮᠡᠷᠭᠡᠳ ᠣᠷᠣᠭᠤᠯᠣᠨ᠂ | ᠲᠡᠭᠡᠲᠤ ᠲᠡᠰ ᠤᠨ ᠴᠢᠳᠠᠪᠤᠷᠢᠳᠡᠨ ᠲᠦᠷᠭᠡᠨ ᠬᠤᠷᠠᠵᠤ ᠴᠤᠭᠯᠠᠷᠠᠬᠤ ᠶᠢ ᠲᠠᠶᠢᠴᠢᠯᠠᠨ᠎ᠠ᠃ | ᠣᠯᠠᠮᠵᠢᠯᠠᠯᠲᠤ ᠠᠵᠤ ᠦᠢᠯᠡᠰ ᠢ ᠰᠢᠯᠢᠳᠡᠭᠵᠢᠬᠦᠯᠦᠨ ᠲᠡᠰ ᠲᠡᠪᠰᠢᠬᠦᠯᠦᠨ᠎ᠡ᠃ ᠤᠳᠣᠬᠠᠨ ᠤ ᠲᠦᠷᠦᠯ | ᠵᠦᠢᠯ ᠤᠨ ᠨᠢᠭᠤᠭᠳᠠᠮᠠᠯ ᠬᠦᠴᠦᠨ ᠢ ᠬᠦᠢᠴᠡᠳ ᠢᠯᠡᠷᠡᠭᠦᠯᠵᠦ᠂ ᠬᠠᠳᠠᠭᠠᠯᠠᠮᠵᠢ ᠪᠠᠨ ᠠᠮᠢᠲᠤᠯᠢᠭ ᠪᠤᠯᠭᠠᠬᠤ ᠠᠬᠢᠴᠡ | ᠪᠠᠨ ᠲᠦᠷᠭᠡᠳᠭᠡᠵᠦ᠂ ᠤᠮᠠᠷᠠᠲᠤ ᠶᠢᠨ ᠴᠢᠯᠠᠭᠤᠨ ᠲᠤᠰᠣᠨ ᠤ ᠪᠠᠶᠢᠭᠠᠯᠢ ᠶᠢᠨ ᠰᠢᠳᠠᠮᠠᠬᠠᠢ ᠬᠡᠢ ᠶᠢᠨ LNG ᠵᠡᠷᠭᠡ | ᠭᠤᠤᠯᠳᠠᠯᠭᠠᠲᠤ ᠲᠦᠷᠦᠯ ᠵᠦᠢᠯ ᠤᠨ ᠬᠤᠷᠳᠣᠬᠠᠨ ᠲᠠᠭᠢᠨ ᠦᠢᠯᠡᠳᠪᠦᠷᠢᠯᠡᠬᠦ ᠶᠢ ᠬᠦᠴᠦᠯᠡᠨ ᠠᠭᠢᠭᠤᠯᠵᠤ᠂ ᠪᠤᠭᠤᠲᠤ | ᠶᠢᠨ ᠪᠤᠯᠤᠳ ᠲᠡᠮᠦᠷ ᠤᠨ ᠸᠠᠨ ᠲᠧᠩ ᠤᠨ 200 ᠲᠦᠮᠡᠨ ᠲᠤᠨ ᠪᠤᠯᠤᠳ ᠲᠡᠮᠦᠷ ᠠᠮᠵᠢᠯᠳᠠ ᠲᠠᠢ ᠪᠠᠷ | ᠦᠢᠯᠡᠳᠪᠦᠷᠢᠯᠡᠬᠦ ᠨᠦᠬᠦᠴᠡᠯ ᠳᠤ ᠬᠦᠷᠬᠦ ᠶᠢ ᠪᠠᠲᠤᠯᠠᠨ᠎ᠠ᠃ ︽ᠬᠤᠶᠠᠷ ᠶᠡᠭᠡ ᠰᠠᠭᠤᠷᠢᠨ ᠭᠠᠵᠠᠷ︾ ᠤᠨ ᠪᠦᠲᠦᠭᠡᠨ | ᠪᠠᠶᠢᠭᠤᠯᠤᠯᠳᠠ ᠶᠢᠨ ᠲᠤᠭᠤᠷᠢᠨ ᠳᠤ ᠨᠡᠬᠦᠷᠡᠰᠦ ᠬᠡᠦᠷᠰᠢᠬᠦᠯᠬᠦ ᠵᠤᠤᠬ᠎ᠠ ᠨᠡᠭᠦᠷᠡᠰᠦᠨ ᠬᠡᠢ ᠶᠢ ᠶᠡᠷᠦᠩᠬᠡᠶᠢᠯᠡᠨ | ᠠᠰᠢᠭᠯᠠᠬᠤ᠂ ᠨᠡᠭᠦᠷᠡᠰᠦᠨ ᠬᠡᠦᠳᠦᠰᠦ ᠶᠢ ᠨᠠᠷᠢᠯᠢᠭ ᠪᠤᠯᠪᠠᠰᠣᠷᠠᠭᠤᠯᠬᠤ᠂ ᠪᠦᠳᠦᠬᠦᠯᠢᠭ ᠪᠧᠨ᠋ᠽᠧᠨ ᠢ ᠨᠠᠷᠢᠯᠢᠭ | ᠦᠢᠯᠡᠳᠬᠦ ᠵᠡᠷᠭᠡ ᠠᠵᠤ ᠦᠢᠯᠡᠰ ᠤᠨ ᠬᠡᠯᠬᠢᠶ᠎ᠡ ᠶᠢ ᠲᠠᠰᠣᠷᠠᠯᠳᠠ ᠦᠭᠡᠢ ᠦᠷᠭᠡᠳᠭᠡᠵᠦ᠂ ᠪᠤᠤ ᠡᠤ ᠪᠦᠯᠦᠭᠯᠡᠯ ᠤᠨ | ᠨᠡᠭᠦᠷᠡᠰᠦᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠪᠠᠷᠢᠯᠭ᠎ᠠ ᠶᠢ ᠡᠬᠢᠯᠡᠨ ᠪᠠᠶᠢᠭᠤᠯᠬᠤ ᠪᠠᠷ | ᠴᠢᠷᠮᠠᠶᠢᠵᠦ᠂ ᠨᠡᠭᠦᠷᠡᠰᠦ ᠬᠡᠦᠷᠰᠢᠬᠦᠯᠬᠦ ᠠᠵᠤ ᠦᠢᠯᠡᠰ ᠤᠨ ᠴᠤᠭᠯᠠᠷᠠᠯ ᠢ ᠪᠠᠶᠢᠭᠤᠯᠬᠤ ᠪᠠᠷ ᠬᠦᠴᠦᠯᠡᠨ᠎ᠡ᠃ ᠬᠤᠩ | ᠶᠤᠸᠠᠨ ᠤ ᠪᠥᠭᠡᠭᠡᠨᠡᠷᠡᠯ ᠡᠲ᠋ᠧᠨ ᠤ ᠠᠵᠢᠯ ᠰᠡᠷᠭᠦᠬᠡᠭᠦ ᠶᠢ ᠠᠬᠢᠭᠤᠯᠵᠤ᠂ ᠵᠦᠩ ᠯᠢᠶᠠᠨ ᠬᠢᠮᠢ ᠶᠢᠨ ᠦᠢᠯᠡᠳᠪᠦᠷᠢ | ᠶᠢᠨ ᠨᠢᠭᠡᠳᠦᠭᠡᠷ ᠬᠤᠭᠤᠴᠠᠭᠠᠨ ᠤ 50 ᠲᠦᠮᠡᠨ ᠲᠤᠨ PVC᠂ ᠵᠢᠶᠦ᠋ᠨ ᠵᠧᠩ ᠬᠢᠮᠢ ᠶᠢᠨ ᠦᠢᠯᠡᠳᠪᠦᠷᠢ ᠶᠢᠨ | PVC ᠶᠢᠨ ᠦᠷᠭᠡᠳᠭᠡᠨ ᠪᠠᠶᠢᠭᠤᠯᠤᠯᠳᠠ ᠵᠡᠷᠭᠡ ᠲᠦᠷᠦᠯ ᠵᠦᠢᠯ ᠢ ᠨᠠᠶᠢᠳᠠᠪᠤᠷᠢᠵᠢᠭᠤᠯᠤᠨ ᠪᠠᠷᠢᠯᠭ᠎ᠠ ᠡᠬᠢᠯᠡᠬᠦᠯᠵᠦ᠂ | ᠡᠾᠯᠣᠷᠳᠣ ᠱᠦᠯᠲᠦ ᠶᠢᠨ ᠬᠢᠮᠢ ᠶᠢᠨ ᠦᠢᠯᠡᠳᠪᠦᠷᠢ ᠶᠢᠨ ᠠᠵᠤ ᠦᠢᠯᠡᠰ ᠤᠨ ᠴᠣᠭᠯᠠᠷᠠᠯ ᠢ ᠪᠠᠶᠢᠭᠤᠯᠬᠤ ᠪᠠᠷ | ᠬᠦᠴᠦᠯᠡᠨ᠎ᠡ᠃ ᠶᠠ ᠳ᠋ᠦᠩ᠂ ᠵᠢᠶᠠ ᠿᠦᠢ ᠮᠢ ᠵᠡᠷᠭᠡ ᠨᠢᠭᠡ ᠪᠦᠯᠦᠭ ᠡᠮ ᠡᠮᠨᠡᠯᠭᠡ ᠲᠠᠷᠢᠶᠠᠨ ᠡᠮ ᠤᠨ ᠵᠠᠪᠰᠠᠷ ᠤᠨ | ᠪᠡᠶᠡᠲᠦ ᠶᠢᠨ ᠲᠦᠷᠦᠯ ᠵᠦᠢᠯ ᠢ ᠰᠠᠶᠢᠲᠤᠷ ᠠᠳᠬᠤᠵᠦ᠂ ᠠᠵᠤ ᠦᠢᠯᠡᠳᠪᠦᠷᠢ ᠶᠢ ᠨᠠᠷᠢᠯᠢᠭᠵᠢᠭᠤᠯᠤᠭᠰᠠᠨ᠂ | ᠦᠵᠦᠭᠦᠷᠯᠢᠭᠵᠢᠬᠦᠯᠦᠭᠰᠡᠨ ᠲᠡᠰᠢ ᠬᠦᠭᠵᠢᠬᠦᠯᠬᠦ ᠶᠢ ᠠᠬᠢᠭᠤᠯᠵᠤ᠂ ᠨᠠᠷᠢᠯᠢᠭ ᠬᠢᠮᠢ ᠶᠢᠨ ᠦᠢᠯᠡᠳᠪᠦᠷᠢ ᠶᠢᠨ ᠠᠵᠤ | ᠦᠢᠯᠡᠰ ᠤᠨ ᠴᠤᠭᠯᠠᠷᠠᠯ ᠢ ᠪᠠᠶᠢᠭᠤᠯᠬᠤ ᠪᠠᠷ ᠬᠦᠴᠦᠯᠡᠨ᠎ᠡ᠃ | ᠰᠢᠨ᠎ᠡ ᠪᠠᠷ ᠮᠠᠨᠳᠣᠭᠰᠠᠨ ᠠᠵᠤ ᠦᠢᠯᠡᠰ ᠢ ᠬᠦᠮᠦᠵᠢᠬᠦᠯᠦᠨ ᠪᠤᠵᠠᠭᠠᠶᠢᠷᠠᠭᠤᠯᠤᠨ᠎ᠠ᠃ ᠲᠦᠷᠦᠯ ᠵᠦᠢᠯ ᠤᠨ | ᠭᠠᠷ ᠬᠦᠢᠴᠡᠳᠭᠡᠯ ᠬᠦᠢᠴᠡᠳᠭᠡᠬᠦ᠂ ᠮᠦᠩᠬᠦᠨ ᠬᠦᠢᠯᠭᠡᠭᠡᠨ ᠤ ᠲᠡᠮᠵᠢᠯᠭᠡ᠂ ᠭᠠᠵᠠᠷ ᠰᠢᠷᠣᠢ ᠶᠢᠨ ᠬᠡᠷᠡᠭᠯᠡᠯᠳᠡ ᠵᠡᠷᠭᠡ | ᠲᠡᠮᠵᠢᠨ ᠲᠡᠳᠬᠦᠬᠦ ᠲᠦᠷᠦ ᠶᠢᠨ ᠪᠤᠲᠤᠯᠭ᠎ᠠ ᠪᠠᠨ ᠲᠡᠭᠦᠯᠳᠡᠷᠵᠢᠬᠦᠯᠵᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ | ᠲᠤᠨᠤᠭ ᠲᠦᠭᠦᠭᠡᠷᠦᠮᠵᠢ ᠦᠢᠯᠡᠳᠭᠦ ᠦᠢᠯᠡᠰ᠂ ᠮᠡᠳᠡᠭᠡ ᠵᠠᠩᠬᠢ ᠶᠢᠨ ᠮᠡᠷᠭᠡᠵᠢᠯ ᠵᠡᠷᠭᠡ ᠪᠠᠶᠢᠯᠳᠣᠬᠤ ᠪᠤᠲᠤᠯᠭ᠎ᠠ ᠶᠢᠨ | ᠴᠢᠨᠠᠷᠳᠠᠢ ᠰᠢᠨ᠎ᠡ ᠪᠠᠷ ᠮᠠᠨᠳᠣᠭᠰᠠᠨ ᠠᠵᠤ ᠦᠢᠯᠡᠰ ᠤᠨ ᠬᠦᠭᠵᠢᠯᠳᠡ ᠶᠢ ᠲᠦᠷᠭᠡᠳᠬᠡᠵᠦ᠂ ᠬᠤᠪᠢ ᠶᠢᠨ ᠵᠢᠩ ᠢ | ᠲᠡᠭᠡᠭᠰᠢᠯᠡᠬᠦᠯᠬᠦ ᠶᠢ ᠠᠬᠢᠭᠤᠯᠤᠨ᠎ᠠ᠃ ᠾᠧᠩ ᠵᠢᠶᠠᠨ ᠤ ᠭᠤᠷᠪᠠᠨ ᠡᠰᠢᠲᠤ ᠠᠷᠭ᠎ᠠ ᠲᠤᠶᠢᠯ ᠤᠨ ᠮᠠᠲ᠋ᠧᠷᠢᠶᠠᠯ᠂ ᠢ | ᠹᠦ᠋ ᠰᠢᠨ᠎ᠡ ᠡᠨᠧᠷᠭᠢ ᠶᠢᠨ ᠮᠠᠰᠢᠨ ᠲᠡᠷᠭᠡ᠂ ᠣᠣ ᠯᠢ ᠶᠢᠨ ᠰᠢᠨᠡᠳᠭᠡᠮᠡᠯ ᠰᠢᠯ ᠰᠢᠷᠭᠡᠭ ᠤᠨ ᠬᠤᠶᠠᠳᠣᠭᠠᠷ | ᠬᠤᠭᠤᠴᠠᠭ᠎ᠠ᠂ ᠢ ᠪᠠᠩ ᠶᠡᠭᠡ ᠳ᠋ᠡᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠲᠦᠷᠦᠯ ᠵᠦᠢᠯ ᠤᠨ | ᠪᠦᠲᠦᠭᠡᠨ ᠪᠠᠶᠢᠭᠤᠯᠤᠯᠳᠠ ᠶᠢ ᠲᠦᠷᠭᠡᠳᠬᠡᠵᠦ᠂ ᠰᠢᠶᠧ ᠰᠢᠨ ᠵᠡᠷᠭᠡ 3 ᠬᠡᠷᠡᠯ ᠴᠡᠨᠡᠭ ᠤᠨ ᠲᠦᠷᠦᠯ ᠵᠦᠢᠯ ᠤᠨ | ᠲᠤᠤᠷ ᠲᠤ ᠨᠡᠶᠢᠯᠡᠬᠦᠯᠦᠨ ᠴᠠᠭᠢᠯᠭᠠᠨ ᠭᠠᠷᠭᠠᠬᠤ ᠶᠢ ᠬᠦᠴᠦᠯᠡᠨ ᠠᠭᠢᠭᠤᠯᠵᠤ᠂ ᠰᠢᠨ᠎ᠡ ᠡᠨᠧᠷᠭᠢ᠂ ᠰᠢᠨ᠎ᠡ | ᠮᠠᠲ᠋ᠧᠷᠢᠶᠠᠯ ᠤᠨ ᠠᠵᠤ ᠦᠢᠯᠡᠰ ᠤᠨ ᠴᠣᠭᠯᠠᠷᠠᠯ ᠢ ᠪᠠᠶᠢᠭᠤᠯᠬᠤ ᠪᠠᠷ ᠬᠦᠴᠦᠯᠡᠨ᠎ᠡ᠂ ᠤᠲᠤ ᠦᠶ᠎ᠡ ᠶᠢᠨ ᠡᠨᠧᠷᠭᠢ | ᠶᠢᠨ ᠠᠵᠤ ᠠᠬᠤᠢ ᠶᠢ ᠬᠦᠭᠵᠢᠬᠦᠯᠬᠦ ᠲᠦᠯᠦᠪᠵᠢᠬᠦᠯᠬᠡ ᠶᠢ ᠨᠠᠶᠢᠷᠠᠭᠤᠯᠵᠤ᠂ ᠣᠰᠦᠳᠦ᠋ᠷᠦᠭᠴᠢᠲᠤ ᠠᠵᠤ ᠠᠬᠤᠢ ᠶᠢᠨ | ᠵᠢᠱᠢᠶ᠎ᠡ ᠦᠵᠡᠬᠦᠯᠬᠦ ᠬᠤᠳᠠ ᠶᠢᠨ ᠡᠮᠦᠨ᠎ᠡ ᠬᠤᠭᠤᠴᠠᠭᠠᠨ ᠤ ᠠᠵᠢᠯ ᠢ ᠦᠷᠨᠢᠬᠦᠯᠦᠨ᠎ᠡ᠃ | ᠤᠲᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠴᠡᠴᠡᠭᠯᠡᠬᠦᠯᠦᠨ ᠬᠦᠭᠵᠢᠬᠦᠯᠦᠨ᠎ᠡ᠃ ᠡᠳ᠋ ᠪᠠᠷᠠᠭᠠᠨ ᠤ | ᠬᠦᠢᠯᠭᠡᠭᠡᠨ ᠤ ᠦᠢᠯᠡᠰ ᠢ ᠬᠦᠭᠵᠢᠬᠦᠯᠬᠦ ᠵᠡᠷᠭᠡ ᠬᠤᠯᠪᠤᠭᠳᠠᠯ ᠪᠦᠬᠦᠢ ᠲᠦᠷᠦ ᠶᠢᠨ ᠪᠤᠲᠤᠯᠭ᠎ᠠ ᠰᠣᠳᠣᠯᠣᠨ | ᠲᠤᠭᠳᠠᠭᠠᠵᠦ᠂ ᠭᠤᠤᠯᠯᠠᠬᠤ ᠠᠵᠤ ᠦᠢᠯᠡᠰ ᠤᠨ ᠲᠤᠭᠤᠷᠢᠨ ᠳᠤ ᠢᠵᠢ ᠪᠦᠷᠢᠳᠦᠬᠦᠯᠦᠭᠰᠡᠨ ᠦᠢᠯᠡᠴᠢᠯᠡᠭᠡ ᠶᠢ | ᠰᠠᠶᠢᠲᠤᠷ ᠬᠢᠨ᠎ᠡ᠃ ᠲᠠᠪᠴᠠᠩᠲᠤ ᠠᠵᠤ ᠠᠬᠤᠢ ᠶᠢ ᠬᠦᠴᠦᠯᠡᠨ ᠬᠦᠭᠵᠢᠬᠦᠯᠵᠦ᠂ ᠪᠠᠷᠠᠭᠤᠨ ᠬᠤᠶᠢᠲᠤ ᠶᠢᠨ ᠬᠢᠮᠢ | ᠶᠢᠨ ᠰᠦᠯᠵᠢᠶ᠎ᠡ᠂ ᠬᠤᠩ ᠳ᠋ᠠ ᠪᠦᠬᠡᠮ ᠢᠶᠠᠷ ᠡᠳ᠋ ᠪᠠᠷᠠᠭ᠎ᠠ ᠠᠷᠠᠯᠵᠢᠶᠠᠯᠠᠬᠤ ᠲᠦᠪ ᠵᠡᠷᠭᠡ ᠲᠠᠪᠴᠠᠩ ᠤᠨ ᠦᠢᠯᠡᠳᠦᠯ | ᠢ ᠬᠦᠢᠴᠡᠳ ᠪᠠᠳᠠᠷᠠᠭᠤᠯᠵᠤ᠂ ᠤᠶᠢᠷ᠎ᠠ ᠬᠠᠪᠢ ᠶᠢᠨ ᠭᠠᠵᠠᠷ ᠤᠷᠤᠨ ᠵᠢᠴᠢ ᠪᠦᠬᠦᠶᠢᠯᠡ ᠪᠠᠷᠠᠭᠤᠨ ᠣᠷᠣᠨ ᠳᠠᠬᠢ | ᠨᠦᠯᠦᠭᠡᠯᠡᠬᠦ ᠬᠦᠴᠦᠨ᠂ ᠲᠠᠭᠠᠭᠠᠭᠤᠯᠤᠭᠴᠢ ᠬᠦᠴᠦᠨ ᠢᠶᠠᠨ ᠤᠯᠠᠮ ᠨᠢᠭᠡ ᠠᠯᠬᠤᠮ ᠲᠡᠭᠡᠭᠰᠢᠯᠡᠬᠦᠯᠦᠨ᠎ᠡ᠃ | ︽ᠠᠭᠤᠯᠠ᠂ ᠣᠰᠣ᠂ ᠡᠯᠡᠰᠦ᠂ ᠬᠤᠳᠠ︾ ᠶᠢᠨ ᠤᠨᠴᠠ ᠦᠵᠡᠮᠵᠢ ᠳᠤ ᠲᠦᠰᠢᠭᠯᠡᠨ᠂ ᠰᠢᠩ ᠲᠠᠢ ᠪᠦᠯᠦᠭᠯᠡᠯ ᠤᠨ | ᠦᠬᠠᠢ ᠨᠠᠭᠤᠷ ᠤᠨ ᠵᠢᠭᠤᠯᠴᠢᠯᠠᠯ ᠤᠨ ᠲᠦᠷᠦᠯ ᠵᠦᠢᠯ ᠢ ᠨᠡᠭᠡᠭᠡᠨ ᠪᠠᠶᠢᠭᠤᠯᠬᠤ ᠶᠢ ᠲᠡᠮᠵᠢᠵᠦ᠂ ᠣᠯᠣᠰ ᠤᠨ ᠲᠡᠰ | ᠤᠨ ᠵᠢᠭᠤᠯᠴᠢᠯᠠᠯ ᠰᠡᠯᠡᠬᠦᠴᠡᠯ ᠤᠨ ᠣᠷᠣᠨ ᠢ ᠢᠳᠡᠪᠭᠢᠳᠡᠢ ᠪᠠᠶᠢᠭᠤᠯᠤᠨ᠎ᠠ᠃ ᠭᠠᠨᠳᠠᠷᠢ ᠠᠭᠤᠯᠠᠨ ᠤ ᠠᠮᠢ ᠠᠬᠤᠢ | ᠶᠢᠨ ᠪᠤᠯᠪᠠᠰᠣᠨ ᠦᠵᠡᠮᠵᠢ ᠶᠢᠨ ᠤᠷᠤᠨ ᠵᠡᠷᠭᠡ ᠭᠤᠤᠯᠳᠠᠯᠭᠠᠲᠤ ᠦᠵᠡᠮᠵᠢ ᠶᠢᠨ ᠤᠷᠤᠨ ᠤ ᠪᠦᠲᠦᠭᠡᠨ | ᠪᠠᠶᠢᠭᠤᠯᠤᠯᠳᠠ ᠶᠢ ᠠᠭᠢᠭᠤᠯᠤᠨ᠎ᠠ᠃ ᠬᠠᠲᠤᠨ ᠭᠤᠤᠯ ᠲᠠᠭᠠᠣ ᠶᠢᠨ ᠵᠢᠭᠤᠯᠴᠢᠯᠠᠯ ᠤᠨ ᠵᠠᠮ᠂ ᠰᠡᠯᠡᠬᠦᠴᠡᠯ ᠤᠨ | ᠦᠷᠳᠡᠭᠡ᠂ ᠲᠡᠷᠭᠡᠨ ᠵᠤᠭᠰᠣᠭᠠᠯ ᠵᠡᠷᠭᠡ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠬᠦᠯᠵᠦ᠂ ᠵᠢᠭᠤᠯᠴᠢᠯᠠᠯ ᠤᠨ ᠵᠠᠮ | ᠱᠣᠭᠤᠮ ᠢ ᠰᠢᠯᠢᠳᠡᠭᠵᠢᠬᠦᠯᠵᠦ᠂ ᠵᠢᠭᠤᠯᠴᠢᠯᠠᠯ ᠤᠨ ᠤᠷᠤᠯᠭ᠎ᠠ ᠶᠢ 80 ᠳ᠋ᠦᠩᠰᠢᠭᠤᠷ ᠲᠦᠭᠦᠷᠢᠭ ᠠᠴᠠ ᠲᠡᠭᠡᠭᠰᠢ | ᠪᠡᠶᠡᠯᠡᠬᠦᠯᠦᠨ᠎ᠡ᠃ ᠦᠬᠠᠢ ᠶᠢᠨ ᠪᠠᠩᠭᠢ ᠶᠢᠨ ᠬᠦᠷᠦᠩᠭᠡ ᠪᠠᠨ ᠨᠡᠮᠭᠳᠡᠭᠦᠯᠦᠨ ᠬᠤᠪᠢᠴᠠᠭ᠎ᠠ ᠪᠠᠨ ᠦᠷᠭᠡᠳᠬᠡᠬᠦ ᠶᠢ | ᠦᠷᠭᠦᠯᠵᠢᠯᠡᠨ ᠠᠭᠢᠭᠤᠯᠵᠤ᠂ ᠠᠵᠤ ᠠᠬᠤᠶᠢᠯᠠᠯ ᠤᠨ ᠰᠲ᠋ᠤᠺ ᠪᠠᠨ ᠵᠠᠬ᠎ᠠ ᠲᠡᠯᠭᠡᠬᠦᠷ ᠲᠤ ᠭᠠᠷᠭᠠᠬᠤ ᠶᠢ | ᠵᠤᠷᠢᠭᠵᠢᠭᠤᠯᠤᠨ ᠲᠡᠮᠵᠢᠵᠦ᠂ ᠲᠠᠭᠠᠭᠠᠨ ᠬᠠᠮᠢᠶᠠᠷᠬᠤ᠂ ᠪᠡᠯᠡ ᠴᠤᠭᠯᠠᠭᠤᠯᠤᠨ ᠲᠦᠷᠢᠶᠡᠰᠦᠯᠡᠬᠦ᠂ ᠪᠡᠯᠡ | ᠴᠣᠭᠯᠠᠭᠤᠯᠬᠤ ᠪᠠᠲᠤᠯᠠᠪᠤᠷᠢ ᠵᠡᠷᠭᠡ ᠮᠦᠯᠭᠦᠨ ᠬᠦᠢᠯᠭᠡᠭᠡᠨ ᠤ ᠰᠢᠨ᠎ᠡ ᠡᠵᠡᠩᠨᠡᠯᠳᠡ ᠶᠢᠨ ᠪᠠᠶᠢᠳᠠᠯ ᠢ ᠶᠡᠭᠡ ᠬᠦᠴᠦᠨ | ᠢᠶᠠᠷ ᠬᠦᠭᠵᠢᠬᠦᠯᠵᠦ᠂ ᠤᠷᠤᠨ ᠪᠦᠰᠡ ᠶᠢᠨ ᠮᠦᠩᠬᠦᠨ ᠬᠦᠢᠯᠭᠡᠭᠡᠨ ᠤ ᠦᠢᠯᠡᠴᠢᠯᠡᠭᠡᠨ ᠤ ᠲᠦᠪ ᠢ ᠪᠠᠶᠢᠭᠤᠯᠬᠤ ᠪᠠᠷ | ᠬᠦᠴᠦᠯᠡᠨ᠎ᠡ᠃ | ᠲᠦᠯᠦᠬᠡᠯᠡᠭᠴᠢᠳ ᠡ᠂ ᠰᠢᠨ᠎ᠡ ᠬᠠᠭᠤᠴᠢᠨ ᠬᠦᠳᠡᠯᠭᠡᠭᠴᠢ ᠴᠢᠳᠠᠪᠤᠷᠢ ᠶᠢᠨ ᠬᠤᠪᠢᠷᠠᠯᠳᠠ ᠶᠢ ᠲᠦᠷᠭᠡᠳᠬᠡᠬᠦ | ᠪᠤᠯ ᠤᠳᠣᠬᠠᠨ ᠤ ᠮᠠᠨ ᠤ ᠬᠤᠳᠠ ᠶᠢᠨ ᠠᠵᠤ ᠠᠬᠤᠢ ᠶᠢᠨ ᠬᠦᠭᠵᠢᠯᠳᠡ ᠶᠢᠨ ᠲᠡᠷᠢᠬᠦᠨ ᠴᠢᠬᠤᠯᠠ ᠡᠭᠦᠷᠭᠡ | ᠪᠤᠯᠤᠨ᠎ᠠ᠃ ᠪᠢᠳᠡᠨ ᠢᠳᠡᠭᠡᠯ ᠵᠤᠷᠢᠭ ᠢᠶᠠᠨ ᠰᠢᠭᠤᠳᠣᠨ᠂ ᠲᠤᠭᠳᠠᠯ ᠬᠦᠴᠦᠨ ᠢᠶᠠᠨ ᠪᠠᠷᠢᠮᠳᠠᠯᠠᠵᠤ᠂ ᠤᠯᠠᠮᠵᠢᠯᠠᠯᠲᠤ | ᠬᠦᠳᠡᠯᠭᠡᠭᠴᠢ ᠴᠢᠳᠠᠪᠤᠷᠢ ᠪᠠᠨ ᠦᠭᠡᠷᠡᠴᠢᠯᠡᠨ ᠲᠡᠭᠡᠭᠰᠢᠯᠡᠬᠦᠯᠬᠦ᠂ ᠰᠢᠨ᠎ᠡ ᠬᠦᠳᠡᠯᠭᠡᠭᠴᠢ ᠴᠢᠳᠠᠪᠤᠷᠢ ᠶᠢ | ᠬᠦᠮᠦᠵᠢᠬᠦᠯᠦᠨ ᠪᠤᠵᠠᠭᠠᠶᠢᠷᠠᠭᠤᠯᠬᠤ ᠲᠡᠭᠡᠷ᠎ᠡ ᠬᠦᠴᠦ ᠪᠠᠨ ᠲᠦᠪᠯᠡᠷᠡᠬᠦᠯᠦᠨ᠂ ᠨᠢᠭᠡ ᠪᠦᠯᠦᠭ ᠬᠡᠪᠴᠢᠶᠡᠵᠢᠯ ᠤᠨ | ᠲᠠᠪᠠᠭᠤᠯᠢᠭ ᠢᠶᠠᠷ ᠢᠯᠡᠷᠭᠡᠢ᠂ ᠲᠠᠭᠠᠭᠠᠭᠤᠯᠤᠭᠴᠢ ᠴᠢᠨᠠᠷ ᠢᠶᠠᠷ ᠴᠢᠩᠭ᠎ᠠ ᠠᠵᠤ ᠦᠢᠯᠡᠰ ᠤᠨ ᠴᠤᠭᠯᠠᠷᠠᠯ ᠢ | ᠪᠠᠶᠢᠭᠤᠯᠵᠤ᠂ ᠦᠬᠠᠢ ᠶᠢᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠠᠯᠬᠤᠭ᠎ᠠ ᠶᠢ ᠠᠯᠬᠤᠨᠠᠮ︕ | ︵ᠲᠦᠷᠪᠡ︶ ᠬᠤᠳᠠ ᠬᠦᠳᠡᠭᠡ ᠶᠢᠨ ᠬᠦᠭᠵᠢᠯᠳᠡ ᠳᠤ ᠬᠠᠷᠢᠯᠴᠠᠨ ᠠᠭᠤᠰᠣᠯᠴᠠᠬᠤ ᠬᠠᠷᠢᠯᠴᠠᠨ | ᠠᠬᠢᠭᠤᠯᠬᠤ ᠶᠢ ᠪᠠᠷᠢᠮᠳᠠᠯᠠᠵᠤ᠂ ᠠᠮᠢ ᠠᠬᠤᠢ ᠶᠢᠨ ᠰᠠᠭᠤᠬᠤ ᠳᠤ ᠲᠤᠬᠢᠷᠠᠮᠵᠢᠳᠠᠢ ᠬᠤᠳᠠ ᠶᠢ ᠪᠦᠲᠦᠭᠡᠨ | ᠪᠠᠶᠢᠭᠤᠯᠤᠨ᠎ᠠ | ᠬᠤᠳᠠ ᠶᠢᠨ ᠴᠢᠳᠠᠮᠵᠢ ᠶᠢ ᠲᠡᠭᠦᠯᠳᠡᠷᠵᠢᠬᠦᠯᠦᠨ᠎ᠡ᠃ ᠲᠦᠯᠦᠪᠵᠢᠬᠦᠯᠭᠡ ᠪᠠᠷ ᠴᠢᠨᠠᠷ ᠲᠡᠭᠡᠭᠰᠢᠯᠡᠬᠦᠯᠬᠦ | ᠢᠨᠵᠧᠨᠧᠷᠢᠩ ᠶᠢ ᠬᠡᠷᠡᠭᠵᠢᠬᠦᠯᠵᠦ᠂ ᠠᠮᠢ ᠠᠬᠤᠢ ᠶᠢ ᠰᠡᠷᠭᠦᠬᠡᠨ ᠰᠠᠶᠢᠵᠢᠷᠠᠭᠤᠯᠬᠤ᠂ ᠬᠤᠳᠠ ᠶᠢᠨ ᠲᠤᠭᠤᠷᠢᠭ ᠢ | ᠵᠠᠰᠠᠨ ᠰᠢᠨᠡᠳᠭᠡᠬᠦ ᠳᠤ ᠠᠩᠬᠠᠷᠣᠯ ᠢᠶᠠᠨ ᠬᠠᠨᠳᠣᠭᠤᠯᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠶᠡᠷᠦᠩᠬᠡᠢ | ᠲᠦᠯᠦᠪᠵᠢᠬᠦᠯᠭᠡ ᠪᠠ ᠣᠯᠣᠰ ᠭᠠᠵᠠᠷ ᠰᠢᠷᠦᠢ᠂ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠳᠠ ᠵᠡᠷᠭᠡ ᠲᠤᠰᠬᠠᠢ | ᠲᠦᠷᠦᠯ ᠤᠨ ᠲᠦᠯᠦᠪᠵᠢᠬᠦᠯᠭᠡ ᠶᠢ ᠨᠢᠭᠡᠳᠦᠯᠳᠡᠢ ᠲᠦᠯᠦᠪᠯᠡᠵᠦ᠂ ︽ᠤᠯᠠᠨ ᠲᠦᠯᠦᠪᠵᠢᠬᠦᠯᠭᠡ ᠶᠢ ᠨᠢᠭᠡᠳᠦᠬᠦᠯᠬᠦ︾ ᠶᠢ | ᠯᠠᠪᠳᠠᠭᠤᠨ ᠠᠭᠢᠭᠤᠯᠤᠨ᠎ᠠ᠃ ᠵᠠᠮ ᠢ ᠰᠠᠭᠠᠳ ᠦᠭᠡᠢ ᠨᠡᠪᠳᠡᠷᠡᠭᠦᠯᠬᠦ ᠢᠨᠵᠧᠨᠧᠷᠢᠩ ᠶᠢ ᠬᠡᠷᠡᠭᠵᠢᠬᠦᠯᠵᠦ᠂ ᠪᠤᠭᠤᠲᠤ | ᠠᠴᠠ ᠢᠷᠭᠠᠢ ᠬᠦᠷᠬᠦ ᠲᠡᠭᠡᠲᠤ ᠬᠤᠷᠲᠤ ᠶᠢᠨ ᠲᠡᠮᠦᠷ ᠵᠠᠮ᠂ 318 ᠮᠤᠵᠢ ᠶᠢᠨ ᠵᠠᠮ ᠤᠨ ᠦᠬᠠᠢ ᠨᠠᠭᠤᠷ ᠤᠨ | ᠵᠡᠬᠦᠨ ᠬᠡᠰᠡᠭ᠂ 317 ᠮᠤᠵᠢ ᠶᠢᠨ ᠵᠠᠮ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠭᠡᠨ᠂ 217 ᠮᠤᠵᠢ | ᠶᠢᠨ ᠵᠠᠮ ᠤᠨ ᠬᠤᠳᠠ ᠲᠤᠭᠤᠷᠢᠭᠰᠠᠨ ᠬᠡᠰᠡᠭ᠂ ᠭᠠᠨᠳᠠᠷᠢ ᠵᠡᠭᠡᠯᠢ ᠶᠢᠨ ᠵᠠᠰᠠᠮᠠᠯ ᠵᠠᠮ ᠲᠡᠮᠦᠷ ᠵᠠᠮ ᠤᠨ ᠵᠦᠷᠢᠯᠢᠭ | ᠬᠦᠬᠦᠷᠭᠡ ᠵᠡᠷᠭᠡ ᠲᠦᠷᠦᠯ ᠤᠨ ᠪᠦᠲᠦᠭᠡᠨ ᠪᠠᠶᠢᠭᠤᠯᠤᠯᠳᠠ ᠶᠢ ᠰᠠᠶᠢᠲᠤᠷ ᠠᠳᠬᠤᠵᠦ᠂ 110 ᠤᠯᠤᠰ ᠤᠨ ᠵᠠᠮ | ᠤᠨ ᠦᠬᠠᠢ ᠶᠢᠨ ᠬᠠᠲᠤᠨ ᠭᠤᠤᠯ ᠤᠨ ᠤᠨᠴᠠ ᠶᠡᠭᠡ ᠬᠦᠬᠦᠷᠭᠡ ᠶᠢ ᠠᠮᠵᠢᠯᠳᠠ ᠲᠠᠢ ᠲᠡᠷᠭᠡ ᠨᠡᠪᠳᠡᠷᠡᠭᠦᠯᠬᠦ᠂ ᠦᠬᠠᠢ | ᠶᠢᠨ ᠠᠶᠠᠨᠴᠢᠳ ᠤᠨ ᠲᠡᠭᠡᠭᠡᠪᠦᠷᠢ ᠶᠢᠨ ᠲᠦᠪ ᠦᠷᠳᠡᠭᠡ ᠶᠢ ᠪᠠᠶᠢᠭᠤᠯᠤᠨ ᠲᠠᠭᠤᠰᠬᠠᠵᠦ ᠡᠵᠡᠩᠨᠡᠯᠳᠡ ᠳᠤ | ᠤᠷᠤᠭᠤᠯᠬᠤ ᠶᠢ ᠪᠠᠲᠤᠯᠠᠨ᠎ᠠ᠃ ᠪᠢᠨ ᠾᠧ ᠶᠡᠭᠡ ᠵᠠᠮ ᠵᠡᠷᠭᠡ ᠬᠤᠳᠠ ᠶᠢᠨ ᠲᠤᠭᠤᠷᠢᠭ ᠤᠨ 17 ᠵᠤᠷᠪᠤᠰ ᠵᠠᠮ ᠢ | ᠰᠢᠨ᠎ᠡ ᠪᠠᠷ ᠦᠭᠡᠷᠡᠴᠢᠯᠡᠨ ᠪᠠᠶᠢᠭᠤᠯᠵᠤ᠂ ᠪᠦᠯᠬᠦᠮᠳᠡᠯ ᠵᠠᠮ ᠵᠡᠷᠭᠡ ᠨᠢᠭᠡ ᠪᠦᠯᠦᠭ ︽ᠮᠤᠬᠤᠷ ᠵᠠᠮ︾ ᠢ | ᠨᠡᠪᠳᠡᠷᠡᠭᠦᠯᠦᠨ᠎ᠡ᠃ ᠨᠢᠭᠡ ᠪᠦᠯᠦᠭ ᠰᠢᠨ᠎ᠡ ᠡᠨᠧᠷᠭᠢ ᠶᠢᠨ ᠴᠠᠭᠢᠯᠭᠠᠨ ᠨᠡᠶᠢᠳᠡ ᠶᠢᠨ ᠮᠠᠰᠢᠨ ᠲᠡᠷᠭᠡ ᠰᠢᠨ᠎ᠡ ᠪᠠᠷ | ᠤᠷᠤᠭᠤᠯᠵᠤ᠂ ᠨᠡᠶᠢᠳᠡ ᠶᠢᠨ ᠮᠠᠰᠢᠨ ᠲᠡᠷᠭᠡᠨ ᠤ ᠵᠦᠭᠡᠭᠡᠪᠦᠷᠢ ᠶᠢᠨ ᠰᠦᠯᠵᠢᠶ᠎ᠡ ᠶᠢ ᠲᠡᠭᠦᠯᠳᠡᠷᠵᠢᠬᠦᠯᠵᠦ᠂ ᠣᠯᠣᠰ | ᠤᠨ ᠨᠡᠶᠢᠳᠡ ᠶᠢᠨ ᠮᠠᠰᠢᠨ ᠲᠡᠷᠭᠡᠨ ᠤ ᠬᠤᠳᠠ ᠶᠢᠨ ᠪᠦᠲᠦᠭᠡᠨ ᠪᠠᠶᠢᠭᠤᠯᠤᠯᠳᠠ ᠶᠢᠨ ᠵᠢᠱᠢᠶ᠎ᠡ ᠦᠵᠡᠭᠦᠯᠬᠦ ᠬᠤᠳᠠ ᠶᠢ | ᠴᠤᠭᠴᠠᠯᠠᠨ᠎ᠠ᠃ ᠬᠤᠳᠠ ᠶᠢᠨ ᠶᠠᠪᠤᠳᠠᠯ ᠢ ᠲᠡᠭᠡᠭᠰᠢᠯᠡᠬᠦᠯᠬᠦ ᠢᠨᠵᠧᠨᠧᠷᠢᠩ ᠶᠢ ᠬᠡᠷᠡᠭᠵᠢᠬᠦᠯᠵᠦ᠂ ᠣᠰᠣ ᠬᠠᠩᠭᠠᠬᠤ᠂ | ᠢᠯᠴᠢ ᠬᠠᠩᠭᠠᠬᠤ ᠬᠤᠭᠤᠯᠠᠢ ᠶᠢᠨ ᠲᠤᠤᠷ ᠵᠡᠷᠭᠡ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠬᠦᠯᠵᠦ᠂ 120 | ᠰᠠᠭᠤᠷᠢ ᠪᠤᠬᠢᠷᠳᠠᠯ ᠦᠭᠡᠢ ᠵᠤᠷᠯᠦᠩ ᠰᠢᠨ᠎ᠡ ᠪᠠᠷ ᠪᠠᠶᠢᠭᠤᠯᠤᠨ᠎ᠠ᠃ ᠬᠠᠶᠢᠷᠣᠪ ᠤᠨ ᠲᠤᠬᠤᠢ ᠶᠢᠨ ᠬᠤᠶᠢᠲᠤ ᠬᠡᠰᠡᠭ | ᠤᠨ ᠣᠰᠣ ᠴᠡᠪᠡᠷᠰᠢᠬᠦᠯᠬᠦ ᠦᠢᠯᠡᠳᠪᠦᠷᠢ ᠶᠢ ᠲᠦᠷᠭᠡᠳᠭᠡᠨ ᠪᠠᠶᠢᠭᠤᠯᠵᠤ᠂ ᠣᠳᠠ᠂ ᠬᠠᠶᠢᠨᠠᠨ ᠤ ᠣᠰᠣ | ᠴᠡᠪᠡᠷᠰᠢᠬᠦᠯᠬᠦ ᠦᠢᠯᠡᠳᠪᠦᠷᠢ ᠶᠢ ᠪᠠᠶᠢᠭᠤᠯᠤᠨ ᠬᠡᠷᠡᠭᠯᠡᠯᠳᠡ ᠳᠤ ᠤᠷᠤᠭᠤᠯᠵᠤ᠂ ᠣᠯᠠᠨ ᠲᠦᠮᠡᠨ ᠤ ᠤᠭᠤᠤᠬᠤ | ᠣᠰᠣᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠦᠶᠡᠷ ᠴᠢᠳᠬᠤᠯᠠᠬᠤ ᠵᠠᠮ ᠢ ᠴᠡᠪᠡᠷᠯᠡᠨ ᠰᠠᠶᠢᠵᠢᠷᠠᠭᠤᠯᠬᠤ | ᠲᠤᠰᠬᠠᠢ ᠠᠵᠢᠯᠯᠠᠭ᠎ᠠ ᠦᠷᠨᠢᠬᠦᠯᠵᠦ᠂ ᠬᠤᠳᠠ ᠶᠢᠨ ᠶᠠᠪᠤᠳᠠᠯ ᠤᠨ ᠣᠰᠣ ᠲᠠᠳᠠᠷᠠᠭᠤᠯᠬᠤ ᠰᠢᠰᠲ᠋ᠧᠮ ᠢ | ᠲᠡᠭᠦᠯᠳᠡᠷᠵᠢᠬᠦᠯᠵᠦ᠂ ᠬᠤᠳᠠ ᠶᠢᠨ ᠶᠡᠷᠦᠩᠬᠡᠶᠢᠯᠡᠭᠰᠡᠨ ᠦᠶᠡᠷ ᠰᠡᠷᠭᠡᠶᠢᠯᠡᠬᠦ ᠴᠢᠳᠠᠪᠣᠷᠢ ᠶᠢ ᠴᠢᠩᠭᠠᠳᠬᠠᠨ᠎ᠠ᠃ ᠠᠷᠠᠳ | ᠣᠯᠠᠨ ᠤ ᠠᠮᠤᠭᠤᠯᠠᠩ ᠰᠠᠭᠤᠴᠠ ᠶᠢᠨ ᠢᠨᠵᠧᠨᠧᠷᠢᠩ ᠶᠢ ᠬᠡᠷᠡᠭᠵᠢᠬᠦᠯᠵᠦ᠂ ᠲᠦᠬᠦᠮ ᠪᠦᠲᠦᠭᠦᠯᠢᠭ ᠤᠷᠤᠨ | ᠰᠠᠭᠤᠴᠠᠲᠤ ᠲᠤᠭᠤᠷᠢᠭ ᠤᠨ ᠦᠬᠡᠷᠡᠴᠢᠯᠡᠯᠳᠡ ᠶᠢᠨ ᠬᠦᠴᠦᠯᠡᠴᠡ ᠪᠠᠨ ᠴᠢᠩᠭᠠᠳᠬᠠᠵᠦ᠂ ᠪᠠᠲᠤᠯᠠᠭ᠎ᠠ ᠶᠢᠨ ᠴᠢᠨᠠᠷᠳᠠᠢ | ᠣᠷᠣᠨ ᠰᠠᠭᠤᠴᠠ ᠶᠢ 8042 ᠢᠵᠢ ᠡᠬᠢᠯᠡᠨ ᠪᠠᠶᠢᠭᠤᠯᠵᠤ᠂ 6587 ᠢᠵᠢ ᠶᠢ ᠦᠨᠳᠦᠰᠦᠨ ᠳᠡᠭᠡᠨ ᠪᠠᠶᠢᠭᠤᠯᠵᠤ | ᠳᠠᠭᠤᠰᠬᠠᠨ᠎ᠠ᠃ ᠠᠰᠠᠭᠤᠳᠠᠯ ᠲᠠᠢ ᠲᠠᠸᠠᠷ ᠤᠨ ᠠᠰᠠᠷ ᠢ ᠴᠡᠭᠴᠡᠯᠡᠨ ᠵᠠᠰᠠᠬᠤ᠂ ᠦᠯᠦ ᠬᠦᠳᠡᠯᠬᠦ ᠬᠦᠷᠦᠩᠬᠡ ᠶᠢᠨ | ᠡᠷᠭᠡ ᠶᠢᠨ ᠦᠨᠡᠮᠯᠡᠯ᠂ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠣᠯᠳᠠ ᠳᠤ ᠠᠩᠬᠠᠷᠣᠯ ᠢᠶᠠᠨ ᠲᠦᠪᠯᠡᠷᠡᠬᠦᠯᠦᠨ | ᠂ ᠠᠷᠠᠳ ᠤᠯᠠᠨ ᠤ ︽ᠰᠠᠭᠤᠵᠦ ᠲᠡᠶᠢᠯᠬᠦ᠂ ᠲᠠᠪᠠᠳᠠᠢ ᠰᠠᠭᠤᠬᠤ︾ ᠶᠢ ᠪᠦᠬᠦ ᠬᠦᠴᠦᠨ ᠢᠶᠠᠷ ᠪᠠᠲᠤᠯᠠᠨ᠎ᠠ᠃ | ᠬᠠᠮᠢᠶᠠᠷᠣᠯᠳᠠ ᠶᠢ ᠰᠢᠯᠢᠳᠡᠭᠵᠢᠬᠦᠯᠬᠦ ᠢᠨᠵᠧᠨᠧᠷᠢᠩ ᠶᠢ ᠬᠡᠷᠡᠭᠵᠢᠬᠦᠯᠵᠦ᠂ ᠵᠠᠮ ᠬᠠᠷᠢᠯᠴᠠᠭᠠᠨ ᠤ ᠵᠤᠬᠢᠶᠠᠨ | ᠪᠠᠶᠢᠭᠤᠯᠤᠯᠳᠠ᠂ ᠵᠡᠭᠡᠯᠢ ᠭᠤᠲᠤᠮᠵᠢ ᠶᠢᠨ ᠡᠷᠡᠭᠦᠯ ᠬᠠᠮᠠᠭᠠᠯᠠᠯ ᠵᠡᠷᠭᠡ ᠲᠠᠯ᠎ᠠ ᠳᠤ ᠣᠷᠣᠰᠢᠵᠦ ᠪᠠᠶᠢᠭ᠎ᠠ ᠠᠰᠠᠭᠤᠳᠠᠯ ᠢ | ᠤᠨᠤᠪᠴᠢᠳᠠᠢ ᠵᠠᠰᠠᠨ ᠴᠡᠭᠴᠡᠯᠡᠵᠦ᠂ ᠬᠤᠳᠠ ᠶᠢᠨ ᠠᠷᠠᠳ ᠤᠨ ᠪᠤᠯᠪᠠᠰᠣᠨ ᠬᠡᠪ ᠴᠢᠨᠠᠷ ᠢ ᠲᠠᠰᠣᠷᠠᠯᠳᠠ ᠦᠭᠡᠢ | ᠲᠡᠭᠡᠭᠰᠢᠯᠡᠬᠦᠯᠵᠦ᠂ ᠪᠦᠬᠦ ᠣᠯᠣᠰ ᠤᠨ ᠪᠤᠯᠪᠠᠰᠣᠨ ᠬᠤᠳᠠ ᠶᠢ ᠢᠳᠡᠪᠬᠢᠳᠡᠢ ᠴᠤᠭᠴᠠᠯᠠᠨ᠎ᠠ᠃ ᠬᠤᠳᠠ ᠶᠢᠨ | ᠬᠠᠮᠢᠶᠠᠷᠣᠯᠳᠠ ᠶᠢᠨ ᠶᠡᠷᠦᠩᠬᠡᠶᠢᠯᠡᠨ ᠬᠠᠤᠯᠢ ᠬᠡᠷᠡᠭᠵᠢᠬᠦᠯᠬᠦ ᠲᠤᠭᠳᠠᠯᠴᠠᠭ᠎ᠠ ᠶᠢ ᠲᠡᠭᠦᠯᠳᠡᠷᠵᠢᠬᠦᠯᠵᠦ᠂ ᠬᠤᠳᠠ ᠶᠢᠨ | ᠬᠠᠮᠢᠶᠠᠷᠣᠯᠳᠠ ᠶᠢᠨ ᠬᠡᠷᠡᠭᠵᠢᠬᠦᠯᠦᠯᠳᠡ ᠶᠢᠨ ᠪᠠᠷᠢᠮᠵᠢᠶᠡᠴᠢᠯᠠᠯᠳᠠ᠂ ᠵᠢᠷᠣᠮᠵᠢᠭᠤᠯᠤᠯᠳᠠ᠂ ᠲᠦᠷᠢᠮᠵᠢᠬᠦᠯᠦᠯᠳᠡ ᠶᠢ | ᠠᠭᠢᠭᠤᠯᠤᠨ᠎ᠠ᠃ ᠤᠷᠴᠢᠨ ᠲᠤᠭᠤᠷᠢᠨ ᠢ ᠭᠤᠸᠠᠯᠢᠭᠵᠢᠭᠤᠯᠬᠤ ᠢᠨᠵᠧᠨᠧᠷᠢᠩ ᠶᠢ ᠬᠡᠷᠡᠭᠵᠢᠬᠦᠯᠵᠦ᠂ ᠠᠮᠢ ᠠᠬᠤᠢ ᠶᠢ | ᠰᠡᠷᠭᠦᠬᠡᠨ ᠰᠠᠶᠢᠵᠢᠷᠠᠭᠤᠯᠬᠤ ᠪᠠ ᠣᠯᠣᠰ ᠤᠨ ᠭᠠᠵᠠᠷ ᠰᠢᠷᠣᠢ ᠶᠢ ᠨᠤᠭᠤᠭᠠᠷᠠᠭᠤᠯᠬᠤ ᠶᠢ ᠶᠡᠬᠡᠪᠡᠷ ᠠᠭᠢᠭᠤᠯᠵᠤ᠂ | ᠦᠬᠠᠢ ᠨᠠᠭᠤᠷ ᠤᠨ ᠵᠡᠬᠦᠨ ᠡᠷᠭᠢ ᠶᠢᠨ ᠨᠤᠭᠤᠭᠠᠷᠠᠭᠤᠯᠤᠯᠳᠠ᠂ ᠤᠷᠭᠤᠮᠠᠯ ᠤᠨ ᠬᠦᠷᠢᠶᠡᠯᠡᠩ ᠢ ᠦᠭᠡᠷᠡᠴᠢᠯᠡᠨ | ᠰᠠᠶᠢᠵᠢᠷᠠᠭᠤᠯᠬᠤ ᠵᠡᠷᠭᠡ ᠭᠤᠤᠯᠳᠠᠯᠭᠠᠲᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠰᠠᠶᠢᠲᠤᠷ ᠠᠳᠬᠤᠵᠦ᠂ | 1 ᠲᠦᠮᠡᠨ ᠮᠤ᠋ ᠠᠴᠠ ᠲᠡᠭᠡᠭᠰᠢ ᠣᠶᠢᠵᠢᠭᠤᠯᠬᠤ ᠶᠢ ᠪᠡᠶᠡᠯᠡᠬᠦᠯᠦᠨ᠎ᠡ᠃ ᠨᠤᠷᠠᠭᠠᠨ ᠨᠡᠭᠦᠯᠭᠡᠵᠦ ᠨᠤᠭᠤᠭᠠᠷᠠᠭᠤᠯᠬᠤ᠂ | ᠬᠤᠭᠤᠰᠣᠨ ᠭᠠᠵᠠᠷ ᠰᠣᠩᠭᠤᠵᠤ ᠨᠦᠬᠦᠪᠦᠷᠢᠯᠡᠨ ᠨᠤᠭᠤᠭᠠᠷᠠᠭᠤᠯᠬᠤ ᠵᠡᠷᠭᠡ ᠬᠡᠯᠪᠡᠷᠢ ᠪᠠᠷ ᠲᠠᠮᠵᠢᠨ᠂ ᠬᠤᠳᠠ ᠶᠢᠨ | ︽ᠨᠤᠭᠤᠭᠠᠨ ᠠᠭᠤᠰᠬᠢ︾ ᠶᠢᠨ ᠴᠢᠳᠠᠪᠤᠷᠢ ᠶᠢ ᠨᠡᠮᠡᠭᠳᠡᠭᠦᠯᠦᠨ᠎ᠡ᠃ ᠦᠬᠠᠢ ᠨᠠᠭᠤᠷ ᠤᠨ ᠶᠡᠭᠡ ᠬᠦᠬᠦᠷᠭᠡ ᠵᠡᠷᠭᠡ ᠨᠢᠭᠡ | ᠪᠦᠯᠦᠭ ᠬᠡᠷᠡᠯᠲᠦᠬᠦᠯᠬᠡ ᠶᠢᠨ ᠢᠨᠵᠧᠨᠧᠷᠢᠩ ᠶᠢ ᠪᠡᠶᠡᠯᠡᠬᠦᠯᠵᠦ᠂ ᠵᠢᠵᠢᠭ ᠵᠡᠭᠡᠯᠢ ᠵᠢᠵᠢᠭ ᠭᠤᠲᠤᠮᠵᠢ ᠵᠢᠵᠢᠭ | ᠲᠤᠭᠤᠷᠢᠭ ᠤᠨ ᠬᠡᠷᠡᠯᠲᠦᠬᠦᠯᠭᠡ ᠶᠢᠨ ᠰᠢᠰᠲ᠋ᠧᠮ ᠢ ᠰᠢᠯᠢᠳᠡᠭᠵᠢᠬᠦᠯᠵᠦ᠂ ᠬᠤᠳᠠ ᠶᠢᠨ ᠬᠡᠷᠡᠯᠲᠦᠬᠦᠯᠭᠡ ᠶᠢᠨ ᠶᠠᠰᠣ | ᠴᠢᠨᠠᠷ ᠢ ᠤᠯᠠᠮ ᠨᠢᠭᠡ ᠠᠯᠬᠤᠮ ᠲᠡᠭᠡᠭᠰᠢᠯᠡᠬᠦᠯᠦᠨ᠎ᠡ᠃ | ᠬᠦᠳᠡᠭᠡ ᠲᠤᠰᠬᠤᠨ ᠤ ᠬᠦᠭᠵᠢᠨ ᠮᠠᠨᠲᠤᠯᠳᠠ ᠶᠢ ᠠᠭᠢᠭᠤᠯᠤᠨ᠎ᠠ᠃ ᠤᠨᠴᠠᠭᠠᠢ ᠲᠠᠷᠢᠶᠠᠯᠠᠩ ᠢ | ᠬᠦᠴᠦᠷᠭᠡᠭᠵᠢᠬᠦᠯᠦᠨ᠎ᠡ᠃ ᠬᠦᠳᠡᠭᠡ ᠲᠤᠰᠬᠤᠨ ᠤ ᠠᠵᠤ ᠦᠢᠯᠡᠰ ᠢ ᠬᠦᠭᠵᠢᠬᠦᠯᠦᠨ ᠮᠠᠨᠳᠣᠭᠤᠯᠬᠤ ᠲᠦᠯᠦᠪᠵᠢᠬᠦᠯᠭᠡ | ᠶᠢ ᠨᠠᠶᠢᠷᠠᠭᠤᠯᠤᠨ᠂ ᠲᠦᠷᠦ ᠶᠢᠨ ᠪᠤᠲᠤᠯᠭ᠎ᠠ ᠪᠠᠷ ᠲᠡᠮᠵᠢᠬᠦ ᠰᠢᠰᠲ᠋ᠧᠮᠵᠢ ᠶᠢ ᠪᠦᠷᠢᠨᠰᠢᠬᠦᠯᠦᠨ ᠲᠡᠬᠦᠯᠳᠡᠷᠵᠢᠬᠦᠯᠦᠨ᠎ᠡ᠃ | ᠲᠦᠷᠦᠯ ᠲᠡᠮᠳᠡᠭ ᠢᠶᠠᠷ ᠲᠠᠷᠢᠶᠠᠯᠠᠩ ᠢ ᠮᠠᠨᠳᠣᠭᠤᠯᠬᠤ᠂ ᠪᠤᠬᠢᠷᠳᠠᠯ ᠦᠭᠡᠢ ᠪᠠᠷ ᠲᠠᠷᠢᠶᠠᠯᠠᠩ ᠢ ᠮᠠᠨᠳᠣᠭᠤᠯᠬᠤ᠂ | ᠰᠢᠨᠵᠢᠯᠡᠭᠡ ᠮᠡᠷᠭᠡᠵᠢᠯ ᠢᠶᠠᠷ ᠲᠠᠷᠢᠶᠠᠯᠠᠩ ᠢ ᠮᠠᠨᠳᠣᠭᠤᠯᠬᠤ ᠶᠢ ᠪᠠᠷᠢᠮᠳᠠᠯᠠᠵᠤ᠂ ᠦᠨᠲᠦᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠦ᠂ ᠦᠵᠦᠮ ᠢ ᠪᠠᠷᠢᠮᠵᠢᠶᠡᠵᠢᠭᠤᠯᠤᠨ ᠲᠠᠷᠢᠵᠦ | ᠤᠷᠭᠤᠭᠤᠯᠬᠤ ᠶᠢ ᠲᠡᠯᠭᠡᠷᠡᠬᠦᠯᠵᠦ᠂ ᠦᠵᠦᠮ ᠤᠨ ᠲᠠᠷᠢᠵᠦ ᠤᠷᠭᠤᠭᠤᠯᠬᠤ ᠲᠠᠯᠠᠪᠠᠢ ᠶᠢ 2000 ᠮᠤ᠋ | ᠨᠡᠮᠡᠭᠳᠡᠭᠦᠯᠦᠨ᠎ᠡ᠃ ᠲᠤᠯᠤᠭᠠᠶᠢᠯᠠᠭᠴᠢ ᠠᠵᠤ ᠠᠬᠤᠶᠢᠯᠠᠯ ᠤᠨ ᠲᠠᠭᠠᠭᠤᠯᠤᠭᠴᠢ ᠦᠢᠯᠡᠳᠦᠯ ᠢ ᠬᠦᠢᠴᠡᠳ | ᠪᠠᠳᠠᠷᠠᠭᠤᠯᠵᠤ᠂ ᠰᠢᠯᠢᠳᠡᠭ ᠦᠵᠦᠮ ᠤᠨ ᠠᠷᠢᠬᠢᠨ ᠡᠳ᠋ᠯᠡᠩ ᠪᠠᠶᠢᠭᠤᠯᠵᠤ᠂ ᠲᠡᠯᠡᠬᠡᠢ ᠶᠢᠨ ᠡᠯᠡᠰᠦᠨ ᠴᠦᠯ ᠤᠨ | ᠦᠵᠦᠮ ᠤᠨ ᠠᠷᠢᠬᠢᠨ ᠤ ᠲᠦᠷᠦᠯ ᠲᠡᠮᠳᠡᠭ ᠤᠨ ᠠᠯᠳᠠᠷᠰᠢᠯ ᠤᠨ ᠬᠡᠮᠵᠢᠶ᠎ᠡ ᠪᠠ ᠨᠦᠯᠦᠭᠡᠯᠡᠬᠦ ᠬᠦᠴᠦᠨ ᠢ | ᠲᠡᠭᠡᠭᠰᠢᠯᠡᠬᠦᠯᠦᠨ᠎ᠡ᠃ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠵᠡᠷᠭᠡ ᠭᠤᠤᠯᠳᠠᠯᠠᠭᠠᠲᠤ ᠲᠦᠷᠦᠯ ᠵᠦᠢᠯ | ᠳᠤ ᠲᠦᠰᠢᠭᠯᠡᠨ᠂ ᠵᠤᠭᠠᠴᠠᠨ ᠲᠤᠭᠤᠷᠢᠵᠦ ᠲᠡᠬᠦᠬᠦ᠂ ᠤᠨᠴᠠᠭᠠᠢ ᠲᠡᠵᠢᠬᠡᠨ ᠦᠷᠡᠵᠢᠬᠦᠯᠬᠦ᠂ ᠠᠮᠠᠷᠠᠯᠳᠠ ᠶᠢᠨ ᠪᠡᠶᠡᠴᠢ | ᠣᠶᠢᠯᠠᠭᠠᠯᠳᠠ ᠵᠡᠷᠭᠡ ᠶᠢ ᠨᠢᠭᠡ ᠴᠤᠭᠴᠠᠵᠢᠭᠤᠯᠤᠭᠰᠠᠨ ᠬᠦᠳᠡᠭᠡ ᠨᠤᠲᠤᠭ ᠤᠨ ᠶᠡᠷᠦᠩᠬᠡᠶᠢᠯᠡᠭᠰᠡᠨ ᠴᠤᠭᠴᠠ ᠶᠢ | ᠪᠠᠶᠢᠭᠤᠯᠵᠤ᠂ ᠭᠤᠷᠪᠠᠳᠣᠭᠠᠷ ᠠᠵᠤ ᠦᠢᠯᠡᠰ ᠢ ᠠᠭᠤᠰᠣᠯᠴᠠᠭᠤᠯᠤᠨ ᠬᠦᠭᠵᠢᠬᠦᠯᠬᠦ ᠶᠢ ᠠᠭᠢᠭᠤᠯᠤᠨ᠎ᠠ᠃ | ᠪᠡᠯᠡᠳᠭᠡᠮᠵᠢ ᠲᠠᠷᠢᠶᠠᠯᠠᠩ ᠢ ᠬᠦᠭᠵᠢᠬᠦᠯᠬᠦ ᠶᠢ ᠵᠤᠷᠢᠭᠵᠢᠭᠤᠯᠵᠤ᠂ ᠬᠤᠳᠠ ᠶᠢᠨ ᠠᠷᠠᠳ ᠤᠨ ︽ᠨᠤᠭᠤᠭᠠᠨ ᠤ | ᠬᠠᠩᠭᠠᠯᠳᠠ︾ ᠶᠢ ᠤᠯᠠᠮ ᠨᠢᠭᠡ ᠠᠯᠬᠤᠮ ᠪᠠᠶᠠᠯᠢᠭᠵᠢᠭᠤᠯᠤᠨ᠎ᠠ᠃ ᠲᠠᠷᠢᠶᠠᠯᠠᠬᠤ ᠤᠷᠤᠨ ᠤ ᠤᠷᠴᠢᠨ ᠲᠤᠭᠤᠷᠢᠨ ᠢ | ᠤᠯᠠᠮ ᠭᠤᠸᠠᠯᠢᠭᠵᠢᠭᠤᠯᠤᠨᠠ᠃ ᠲᠠᠷᠢᠶᠠᠯᠠᠬᠤ ᠤᠷᠤᠨ ᠤ ᠤᠷᠤᠰᠢᠨ ᠰᠠᠭᠤᠬᠤ ᠣᠷᠴᠢᠨ ᠲᠤᠭᠤᠷᠢᠨ ᠤ | ᠶᠡᠷᠦᠩᠬᠡᠶᠢᠯᠡᠭᠰᠡᠨ ᠴᠡᠭᠴᠡᠯᠡᠨ ᠵᠠᠰᠠᠯᠳᠠ ᠶᠢ ᠴᠢᠩᠭᠠᠳᠬᠠᠵᠦ᠂ ᠵᠡᠭᠡᠯᠢ ᠭᠤᠲᠤᠮᠵᠢ᠂ ᠬᠦᠷᠢᠶ᠎ᠡ ᠬᠠᠰᠢᠶᠠᠨ ᠤ ᠤᠷᠴᠢᠨ | ᠲᠤᠭᠤᠷᠢᠨ ᠢ ᠰᠢᠯᠢᠳᠡᠭᠵᠢᠬᠦᠯᠵᠦ᠂ ᠮᠠᠯ ᠵᠢᠭᠦᠷᠳᠡᠨ ᠤ ᠪᠠᠭᠠᠰᠣᠨ ᠤ ᠪᠤᠬᠢᠷᠳᠠᠯ ᠢ ᠡᠬᠢ ᠪᠠᠶᠠᠯᠢᠭᠵᠢᠭᠤᠯᠤᠨ | ᠠᠰᠢᠭᠯᠠᠬᠤ ᠶᠢ ᠰᠠᠶᠢᠲᠤᠷ ᠠᠳᠬᠤᠵᠦ᠂ ᠠᠮᠢᠲᠤᠷᠠᠯ ᠤᠨ ᠬᠤᠭ ᠨᠤᠪᠰᠢ ᠶᠢᠨ ᠰᠢᠢᠳᠪᠦᠷᠢᠯᠡᠯᠳᠡ ᠶᠢᠨ ᠨᠤᠷᠮ᠎ᠠ ᠶᠢ | 100 % ᠬᠦᠷᠭᠡᠵᠦ᠂ ᠡᠷᠡᠭᠦᠯ ᠬᠠᠮᠠᠭᠠᠯᠠᠯ ᠤᠨ ᠵᠤᠷᠯᠤᠩ ᠤᠨ ᠲᠦᠭᠡᠮᠡᠯᠵᠢᠯᠳᠡ ᠶᠢᠨ ᠨᠤᠷᠮ᠎ᠠ ᠶᠢ 80 % ᠠᠴᠠ | ᠲᠡᠭᠡᠭᠰᠢ ᠬᠦᠷᠭᠡᠬᠦ ᠪᠠᠷ ᠬᠦᠴᠦᠯᠡᠨ᠎ᠡ᠃ ︽ᠬᠦᠳᠡᠭᠡ ᠲᠤᠰᠬᠤᠨ ᠤ ᠲᠦᠷᠪᠡᠨ ᠰᠠᠶᠢᠨᠳᠠᠢ ᠵᠠᠮ︾ ᠤᠨ ᠪᠦᠲᠦᠭᠡᠨ | ᠪᠠᠶᠢᠭᠤᠯᠤᠯᠳᠠ ᠶᠢ ᠲᠦᠷᠭᠡᠳᠬᠡᠵᠦ᠂ ᠲᠠᠷᠢᠶᠠᠯᠠᠬᠤ ᠤᠷᠤᠨ ᠤ ᠵᠠᠰᠠᠮᠠᠯ ᠵᠠᠮ ᠢ 60 ᠺᠢᠯᠤᠮᠧᠲᠷ ᠠᠴᠠ ᠲᠡᠭᠡᠭᠰᠢ | ᠰᠢᠨ᠎ᠡ ᠪᠠᠷ ᠦᠭᠡᠷᠡᠴᠢᠯᠡᠨ ᠪᠠᠶᠢᠭᠤᠯᠤᠨ᠎ᠠ᠃ ᠷᠠᠳᠢᠣ᠋ ᠲᠧᠯᠸᠢᠰ ᠤᠨ ᠰᠦᠯᠵᠢᠶᠡᠨ ᠤ ᠦᠨᠳᠦᠰᠦᠨ ᠨᠡᠶᠢᠳᠡ ᠶᠢᠨ | ᠦᠢᠯᠡᠴᠢᠯᠡᠭᠡ ᠡᠷᠦᠭᠡ ᠳᠤ ᠤᠷᠤᠬᠤ ᠶᠢ ᠠᠭᠢᠭᠤᠯᠵᠤ᠂ ᠲᠠᠷᠢᠶᠠᠯᠠᠬᠤ ᠤᠷᠤᠨ ᠤ ᠬᠡᠷᠡᠯᠯᠢᠭ ᠰᠢᠷᠭᠡᠭ ᠤᠨ ᠰᠦᠯᠵᠢᠶᠡᠨ | ᠤ ᠪᠦᠷᠬᠦᠴᠡ ᠶᠢ 90 % ᠠᠴᠠ ᠲᠡᠭᠡᠭᠰᠢ ᠪᠤᠯᠭᠠᠨ᠎ᠠ᠃ ᠠᠯᠠᠭᠠᠨ ᠲᠡᠭᠡᠷ᠎ᠡ ᠶᠠᠪᠤᠳᠠᠯ ᠬᠦᠢᠴᠡᠳᠭᠡᠬᠦ ᠲᠢᠩᠬᠢᠮ ᠵᠡᠷᠭᠡ | ᠦᠢᠯᠡᠴᠢᠯᠡᠬᠡᠨ ᠤ ᠲᠠᠪᠴᠠᠩ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠬᠤᠳᠠ ᠬᠦᠳᠡᠭᠡ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠨᠢᠭᠡ ᠴᠤᠭᠴᠠᠵᠢᠯᠳᠠ ᠶᠢᠨ ᠰᠢᠰᠲ᠋ᠧᠮᠵᠢ ᠶᠢ ᠪᠠᠶᠢᠭᠤᠯᠵᠤ᠂ ᠮᠡᠳᠡᠭᠡ ᠵᠠᠩᠭᠢ ᠶᠢ | ᠣᠯᠠᠨ ᠠᠰᠢᠭᠯᠠᠵᠤ᠂ ᠲᠠᠷᠢᠶᠠᠯᠠᠬᠤ ᠤᠷᠤᠨ ᠤ ᠰᠠᠭᠤᠭᠠᠯᠢ ᠠᠷᠠᠳ ᠲᠤᠳᠠᠭᠤ ᠬᠦᠶᠦᠬᠦ ᠶᠢ ᠦᠨᠡᠨᠬᠦ ᠪᠡᠶᠡᠯᠡᠬᠦᠯᠦᠨ᠎ᠡ᠃ | ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠢᠭᠡᠳᠦᠯᠳᠡᠢ ᠪᠠᠶᠢᠷᠢᠰᠢᠭᠤᠯᠤᠯᠳᠠ ᠶᠤᠰᠣᠭᠠᠷ᠂ ︽ᠲᠠᠷᠢᠶᠠᠨ | ᠭᠠᠵᠠᠷ ᠢ ᠨᠡᠷ᠎ᠡ ᠵᠢᠭᠠᠵᠦ ᠨᠢᠳᠡᠷ ᠢ ᠨᠢ ᠦᠭᠡᠷᠡᠴᠢᠯᠡᠨ ᠪᠦᠲᠦᠭᠡᠨ ᠪᠠᠶᠢᠭᠤᠯᠤᠯᠳᠠ ᠬᠢᠬᠦ︾ ᠠᠰᠠᠭᠤᠳᠠᠯ ᠢ ᠠᠷᠢᠯᠭᠠᠨ | ᠴᠡᠭᠴᠡᠯᠡᠨ ᠵᠠᠰᠠᠬᠤ ᠶᠢ ᠬᠦᠨᠵᠡᠬᠡᠢ ᠠᠭᠢᠭᠤᠯᠤᠨ᠎ᠠ᠃ ᠲᠠᠷᠢᠶᠠᠯᠠᠬᠤ ᠤᠷᠤᠨ ᠤ ᠰᠠᠭᠤᠭᠠᠯᠢ ᠠᠷᠠᠳ ᠢ ᠪᠠᠶᠠᠵᠢᠭᠤᠯᠤᠨ᠎ᠠ | ᠃ ᠲᠠᠷᠢᠶᠠᠴᠢᠨ ᠬᠢᠭᠡᠳ ᠠᠵᠤ ᠠᠬᠤᠶᠢᠯᠠᠯ ᠤᠨ ᠠᠰᠢᠭ ᠲᠤᠰᠠ ᠪᠠᠨ ᠬᠤᠯᠪᠤᠭᠠᠯᠠᠬᠤ ᠲᠤᠭᠳᠠᠯᠴᠠᠭ᠎ᠠ ᠶᠢ | ᠲᠡᠭᠦᠯᠳᠡᠷᠵᠢᠬᠦᠯᠵᠦ᠂ ᠦᠵᠦᠮ᠂ ᠢᠳᠡᠰᠢᠨ ᠨᠤᠭᠤᠭ᠎ᠠ ᠵᠡᠷᠭᠡ ᠠᠵᠤ ᠦᠢᠯᠡᠰᠵᠢᠭᠰᠡᠨ ᠬᠠᠮᠲᠤᠷᠠᠭᠰᠠᠨ ᠴᠤᠭᠴᠠ ᠶᠢ | ᠪᠤᠶᠢᠵᠢᠭᠤᠯᠵᠤ᠂ ᠲᠤᠰᠬᠤᠨ ᠤ ᠬᠠᠮᠲᠤ ᠶᠢᠨ ᠠᠵᠤ ᠠᠬᠤᠢ ᠶᠢ ᠬᠦᠭᠵᠢᠬᠦᠯᠬᠦ ᠪᠠ ᠲᠠᠷᠢᠶᠠᠯᠠᠬᠤ ᠤᠷᠤᠨ ᠤ | ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠲᠠᠶᠢᠴᠢᠯᠠᠨ᠎ᠠ᠃ ᠭᠠᠵᠠᠷ ᠰᠢᠷᠣᠢ ᠡᠪᠡᠰᠦ | ᠪᠡᠯᠴᠢᠭᠡᠷ ᠤᠨ ︽ᠭᠤᠷᠪᠠᠨ ᠡᠷᠭᠡ︾ ᠶᠢ ᠬᠤᠪᠢᠶᠠᠷᠢᠯᠠᠨ ᠲᠤᠬᠢᠷᠠᠭᠤᠯᠬᠤ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ | ᠭᠠᠵᠠᠷ ᠰᠢᠷᠣᠢ ᠶᠢᠨ ᠡᠭᠢ ᠪᠠᠶᠠᠯᠢᠭ ᠢ ᠠᠮᠢᠲᠤᠯᠢᠭ ᠪᠤᠯᠭᠠᠵᠤ᠂ ᠲᠠᠷᠢᠶᠠᠯᠠᠬᠤ ᠤᠷᠤᠨ ᠤ ᠰᠠᠭᠤᠭᠠᠯᠢ ᠠᠷᠠᠳ ᠤᠨ | ᠡᠳ᠋ ᠬᠦᠷᠦᠩᠬᠡ ᠶᠢᠨ ᠴᠢᠨᠠᠷᠳᠠᠢ ᠤᠷᠤᠯᠭ᠎ᠠ ᠶᠢ ᠨᠡᠮᠡᠭᠳᠡᠬᠦᠯᠦᠨ᠎ᠡ᠃ ᠲᠠᠷᠢᠶᠠᠯᠠᠬᠤ ᠤᠷᠤᠨ ᠤ ᠬᠠᠮᠲᠤ ᠶᠢᠨ ᠦᠮᠴᠢᠯᠡᠯ | ᠤᠨ ᠡᠷᠭᠡ ᠶᠢᠨ ᠦᠭᠡᠷᠡᠴᠢᠯᠡᠯᠳᠡ ᠶᠢ ᠠᠭᠢᠭᠤᠯᠵᠤ᠂ ᠬᠦᠳᠡᠭᠡ ᠲᠤᠰᠬᠤᠨ ᠤ ᠬᠦᠭᠵᠢᠨ ᠮᠠᠨᠲᠤᠯᠳᠠ ᠶᠢᠨ ᠲᠤᠲᠤᠭᠠᠲᠤ | ᠬᠦᠳᠡᠯᠭᠡᠭᠴᠢ ᠬᠦᠴᠦᠨ ᠢ ᠬᠦᠭᠵᠢᠭᠡᠨ᠎ᠡ᠃ | ᠲᠦᠯᠦᠭᠡᠯᠡᠭᠴᠢᠳ ᠡ᠂ ᠬᠤᠳᠠ ᠬᠦᠳᠡᠭᠡ ᠶᠢ ᠠᠭᠤᠰᠣᠯᠴᠠᠭᠤᠯᠬᠤ᠂ ᠬᠠᠷᠢᠯᠴᠠᠨ ᠬᠦᠭᠵᠢᠬᠦᠯᠬᠦ ᠪᠤᠯ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠵᠠᠶᠢᠯᠠᠰᠢ ᠦᠭᠡᠢ ᠱᠠᠭᠠᠷᠳᠠᠯᠭ᠎ᠠ ᠪᠤᠯᠤᠨ᠎ᠠ᠃ ᠪᠢᠳᠡ ︽ᠬᠤᠳᠠ | ᠪᠠᠷ ᠬᠦᠳᠡᠭᠡ ᠶᠢ ᠲᠠᠭᠠᠭᠤᠯᠬᠤ᠂ ᠬᠦᠳᠡᠭᠡ ᠪᠠᠷ ᠬᠤᠳᠠ ᠶᠢᠨ ᠠᠭᠢᠭᠤᠯᠬᠤ᠂ ᠠᠭᠤᠰᠣᠯᠴᠠᠭᠤᠯᠤᠨ ᠬᠦᠭᠵᠢᠬᠦᠯᠬᠦ︾ | ᠠᠵᠢᠯ ᠤᠨ ᠰᠡᠳᠭᠢᠮᠵᠢ ᠶᠢᠨ ᠶᠤᠰᠣᠭᠠᠷ᠂ ᠬᠤᠳᠠ ᠶᠢᠨ ᠲᠤᠭᠤᠷᠢᠭ ᠪᠠ ᠲᠠᠷᠢᠶᠠᠯᠠᠬᠤ ᠤᠷᠤᠨ ᠤ ᠲᠦᠯᠦᠪᠵᠢᠬᠦᠯᠭᠡ | ᠪᠦᠲᠦᠭᠡᠨ ᠪᠠᠶᠢᠭᠤᠯᠤᠯᠳᠠ ᠬᠠᠮᠢᠶᠠᠷᠣᠯᠳᠠ ᠶᠢ ᠨᠢᠭᠡᠳᠦᠯᠳᠡᠢ ᠵᠤᠬᠢᠴᠠᠭᠤᠯᠤᠨ ᠠᠭᠢᠭᠤᠯᠵᠤ᠂ ᠰᠠᠭᠤᠷᠢ ᠲᠦᠬᠦᠭᠡᠷᠦᠮᠵᠢ | ᠶᠢ ᠵᠡᠷᠭᠡᠪᠡᠷ ᠴᠢᠨᠠᠷᠰᠢᠭᠤᠯᠬᠤ᠂ ᠲᠦᠷᠰᠦ ᠪᠠᠶᠢᠳᠠᠯ ᠢ ᠵᠡᠷᠭᠡᠪᠡᠷ ᠰᠠᠶᠢᠵᠢᠷᠠᠭᠤᠯᠬᠤ᠂ ᠰᠠᠭᠤᠭᠠᠯᠢ ᠠᠷᠠᠳ ᠤᠨ | ᠠᠮᠢᠲᠤᠷᠠᠯ ᠢ ᠵᠡᠷᠭᠡ ᠪᠠᠷ ᠲᠡᠭᠡᠭᠰᠢᠯᠡᠬᠦᠯᠬᠦ ᠶᠢ ᠠᠭᠢᠭᠤᠯᠵᠤ᠂ ᠬᠤᠳᠠ ᠬᠦᠳᠡᠭᠡ ᠠᠭᠤᠰᠣᠯᠴᠠᠭᠰᠠᠨ ᠬᠤᠰᠢᠭᠤᠴᠢ | ᠣᠷᠣᠨ ᠢ ᠬᠦᠴᠦᠯᠡᠨ ᠪᠠᠶᠢᠭᠤᠯᠤᠨ᠎ᠠ︕ | ︵ᠲᠠᠪᠤ︶ ᠦᠭᠡᠷᠡᠴᠢᠯᠡᠯᠳᠡ ᠨᠡᠭᠡᠭᠡᠯᠳᠡ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠶᠢ ᠪᠠᠷᠢᠮᠳᠠᠯᠠᠵᠤ᠂ | ᠵᠠᠬ᠎ᠠ ᠲᠡᠯᠭᠡᠬᠦᠷ ᠤᠨ ᠭᠤᠤᠯ ᠴᠤᠭᠴᠠ ᠶᠢᠨ ᠠᠮᠢᠵᠢᠷᠠᠯ ᠤᠨ ᠬᠦᠴᠦᠨ ᠢ ᠬᠦᠭᠵᠢᠬᠡᠨ᠎ᠡ | ᠦᠭᠡᠷᠡᠴᠢᠯᠡᠯᠳᠡ ᠰᠢᠪᠲᠤᠯᠤᠯᠳᠠ ᠶᠢ ᠠᠭᠢᠭᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ︽ᠪᠠᠬᠢᠵᠢᠬᠦᠯᠬᠦ᠂ ᠴᠢᠩᠭᠠᠳᠬᠠᠬᠤ᠂ ᠲᠡᠭᠡᠭᠰᠢᠯᠡᠬᠦᠯᠬᠦ᠂ | ᠨᠡᠪᠳᠡᠷᠡᠭᠦᠯᠬᠦ︾ ᠳᠤ ᠬᠦᠴᠦ ᠪᠠᠨ ᠲᠦᠪᠯᠡᠷᠡᠬᠦᠯᠵᠦ᠂ ᠪᠤᠳᠠᠲᠤ ᠠᠵᠤ ᠠᠬᠤᠢ ᠦᠷᠨᠢᠨ ᠬᠦᠭᠵᠢᠬᠦ ᠶᠢ ᠠᠬᠢᠭᠤᠯᠤᠨ᠎ᠠ᠃ | ᠲᠤᠤᠷ᠎ᠠ ᠨᠡᠬᠦᠷᠡᠰᠣᠳᠦ᠋ᠷᠦᠭᠴᠢᠳᠣ ᠬᠤᠳᠠ ᠵᠡᠷᠭᠡ ᠦᠭᠡᠷᠡᠴᠢᠯᠡᠯᠳᠡ ᠶᠢᠨ ᠲᠤᠷᠰᠢᠯᠳᠡ ᠶᠢᠨ ᠴᠡᠭ ᠤᠨ ᠡᠭᠦᠷᠭᠡ ᠶᠢ | ᠪᠦᠬᠦ ᠬᠦᠴᠦᠨ ᠢᠶᠠᠷ ᠰᠠᠶᠢᠲᠤᠷ ᠠᠳᠬᠤᠵᠦ᠂ ᠴᠡᠭ ᠢᠶᠠᠷ ᠨᠡᠶᠢᠳᠡᠮ ᠢ ᠲᠠᠶᠢᠴᠢᠯᠠᠨ ᠦᠭᠡᠷᠡᠴᠢᠯᠡᠯᠳᠡ ᠶᠢ ᠨᠡᠩ | ᠬᠦᠨᠵᠡᠭᠡᠶᠢᠷᠡᠬᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢᠨ ᠬᠦᠴᠦᠯᠡᠴᠡ ᠪᠠᠨ | ᠴᠢᠩᠭᠠᠳᠬᠠᠵᠦ᠂ ᠪᠡᠯᠡ ᠤᠷᠤᠭᠤᠯᠤᠯᠳᠠ ᠶᠢᠨ ᠲᠦᠷᠦᠯ ᠵᠦᠢᠯ ᠤᠨ ᠬᠢᠨᠠᠨ ᠵᠦᠪᠰᠢᠶᠡᠷᠡᠯ ᠢ ᠬᠦᠢᠴᠡᠳᠭᠡᠬᠦ ᠴᠠᠭ ᠤᠨ | ᠬᠢᠵᠠᠭᠠᠷ ᠢ ᠪᠠᠭᠠᠰᠬᠠᠨ 100 ᠠᠵᠢᠯᠯᠠᠬᠤ ᠡᠳᠦᠷ ᠲᠤᠲᠤᠷ᠎ᠠ ᠪᠤᠯᠭᠠᠨᠵᠦ᠂ ᠬᠢᠨᠠᠨ ᠵᠦᠪᠰᠢᠶᠡᠷᠡᠯ ᠤᠨ ᠮᠠᠲ᠋ᠧᠷᠢᠶᠠᠯ ᠢ | 60 % ᠠᠴᠠ ᠲᠡᠭᠡᠭᠰᠢ ᠪᠠᠭᠠᠰᠬᠠᠵᠦ᠂ 100 ᠭᠠᠷᠣᠢ ᠦᠨᠳᠦᠷ ᠲᠠᠪᠳᠠᠮᠵᠢ ᠲᠠᠢ ᠵᠦᠢᠯᠡᠰ ᠤᠨ ︽ᠬᠡᠲᠦᠷᠡᠬᠦ ᠳᠡᠭᠡᠨ | ᠨᠢᠭᠡ ᠤᠳᠠᠭ᠎ᠠ ᠬᠦᠶᠦᠯᠭᠡᠬᠦ︾ ᠶᠢ ᠪᠡᠶᠡᠯᠡᠬᠦᠯᠦᠨ᠎ᠡ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡ︾ ᠶᠢ ᠲᠡᠭᠦᠯᠳᠡᠷᠵᠢᠬᠦᠯᠵᠦ᠂ ︽ᠰᠦᠯᠵᠢᠶᠡᠨ ᠲᠡᠭᠡᠷ᠎ᠡ ᠬᠦᠢᠴᠡᠳᠭᠡᠬᠦ︾ ᠵᠦᠢᠯᠡᠰ ᠢ 70 % ᠠᠴᠠ | ᠲᠡᠭᠡᠭᠰᠢ ᠪᠤᠯᠭᠠᠬᠤ ᠪᠠᠷ ᠬᠦᠴᠦᠯᠡᠨ᠎ᠡ᠃ ᠬᠡᠷᠡᠭ ᠤᠨ ᠲᠤᠮᠳᠠᠭᠢ ᠪᠠ ᠬᠡᠷᠡᠭ ᠤᠨ ᠲᠠᠷᠠᠭᠠᠬᠢ ᠬᠢᠨᠠᠯᠳᠠ ᠬᠠᠮᠢᠶᠠᠷᠣᠯᠳᠠ | ᠪᠠᠨ ᠴᠢᠩᠭᠠᠳᠬᠠᠵᠦ᠂ ︽ᠬᠤᠤᠰ ᠲᠠᠰᠢᠷᠠᠮ︾ ᠤᠨ ᠪᠠᠶᠢᠴᠠᠭᠠᠯᠳᠠ ᠶᠢᠨ ᠬᠦᠴᠦᠯᠡᠴᠡ ᠪᠠᠨ ᠴᠢᠩᠭᠠᠳᠬᠠᠨ᠎ᠠ᠃ ᠤᠯᠤᠰ | ᠤᠨ ᠦᠮᠴᠢᠯᠡᠯᠲᠤ ᠠᠵᠤ ᠠᠬᠤᠶᠢᠯᠠᠯ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠤᠯᠤᠰ ᠤᠨ ᠦᠮᠴᠢᠯᠡᠯᠲᠦ | ᠡᠳ᠋ ᠬᠦᠷᠦᠩᠭᠡ ᠶᠢᠨ ᠦᠷᠳᠡᠭ ᠢ ᠪᠠᠲᠤᠯᠠᠬᠤ ᠦᠷᠳᠡᠭ ᠤᠨ ᠨᠡᠮᠡᠭᠳᠡᠯ ᠢ ᠪᠠᠲᠤᠯᠠᠵᠦ᠂ ᠠᠵᠤ ᠠᠬᠤᠶᠢᠯᠠᠯ ᠢ | ᠬᠠᠮᠢᠶᠠᠷᠴᠦ ᠪᠠᠶᠢᠭᠰᠠᠨ ᠠᠴᠠ ᠬᠦᠷᠦᠩᠭᠡ ᠶᠢ ᠬᠠᠮᠢᠶᠠᠷᠬᠤ ᠲᠡᠰᠢ ᠬᠤᠪᠢᠷᠠᠭᠤᠯᠬᠤ ᠶᠢ ᠪᠡᠶᠡᠯᠡᠬᠦᠯᠦᠨ᠎ᠡ᠃ ᠡᠳ᠋ ᠤᠨ | ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠠᠭᠢᠭᠤᠯᠵᠤ᠂ ᠬᠤᠳᠠ ᠲᠤᠭᠤᠷᠢᠭ ᠤᠨ ᠡᠳ᠋ ᠤᠨ | ᠵᠠᠰᠠᠭ ᠤᠨ ᠠᠵᠢᠯ ᠶᠠᠪᠤᠳᠠᠯ ᠢ ᠬᠠᠮᠢᠶᠠᠷᠬᠤ ᠡᠷᠭᠡ ᠬᠢᠭᠡᠳ ᠵᠠᠷᠣᠯᠭ᠎ᠠ ᠶᠢᠨ ᠬᠠᠷᠢᠭᠤᠴᠠᠯᠭ᠎ᠠ ᠶᠢ ᠰᠠᠯᠭᠠᠨ | ᠬᠤᠪᠢᠶᠠᠷᠢᠯᠠᠬᠤ ᠦᠭᠡᠷᠡᠴᠢᠯᠡᠯᠳᠡ ᠶᠢ ᠲᠦᠷᠭᠡᠳᠭᠡᠨ᠎ᠡ᠃ ᠪᠡᠯᠡ ᠤᠷᠤᠭᠤᠯᠬᠤ ᠪᠡᠯᠡ ᠴᠤᠭᠯᠠᠭᠤᠯᠬᠤ ᠪᠠᠶᠢᠭᠤᠯᠤᠮᠵᠢ | ᠶᠢᠨ ᠦᠭᠡᠷᠡᠴᠢᠯᠡᠯᠳᠡ ᠶᠢ ᠰᠠᠶᠢᠲᠤᠷ ᠠᠳᠬᠤᠵᠦ᠂ ᠪᠡᠯᠡ ᠴᠤᠭᠯᠠᠭᠤᠯᠬᠤ ᠲᠠᠪᠴᠠᠩ ᠪᠠ ᠡᠯ᠎ᠡ ᠲᠦᠷᠦᠯ ᠤᠨ ᠰᠠᠭᠤᠷᠢ | ᠮᠦᠩᠬᠦ ᠶᠢᠨ ᠬᠠᠮᠢᠶᠠᠷᠣᠯᠳᠠ ᠪᠠᠨ ᠴᠢᠩᠭᠠᠳᠬᠠᠨ᠎ᠠ᠃ ᠬᠤᠳᠠ᠂ ᠲᠤᠭᠤᠷᠢᠭ ᠬᠤᠶᠠᠷ ᠱᠠᠳᠣᠨ ᠤ ᠵᠠᠰᠠᠭ ᠤᠨ | ᠣᠷᠳᠣᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠪᠡᠶᠡᠯᠡᠬᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ | ᠶᠢ ᠬᠤᠪᠢᠷᠠᠭᠤᠯᠬᠤ ᠶᠢ ᠲᠦᠷᠭᠡᠳᠭᠡᠨ᠎ᠡ᠃ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ | ᠶᠢ ᠬᠦᠴᠦᠯᠡᠨ ᠠᠭᠢᠭᠤᠯᠤᠨ᠎ᠠ᠃ ᠢᠳᠡᠭᠡᠮᠵᠢ ᠶᠢᠨ ᠱᠠᠩᠨᠠᠬᠤ ᠪᠠ ᠲᠤᠷᠭᠠᠬᠤ ᠶᠢ ᠤᠶᠠᠯᠳᠣᠭᠤᠯᠬᠤ ᠲᠤᠭᠳᠠᠯᠴᠠᠭ᠎ᠠ ᠶᠢ | ᠲᠡᠭᠦᠯᠳᠡᠷᠵᠢᠬᠦᠯᠵᠦ᠂ ᠪᠦᠬᠦ ᠣᠯᠣᠰ ᠤᠨ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠵᠢᠱᠢᠶ᠎ᠡ ᠦᠵᠡᠭᠦᠯᠬᠦ | ᠬᠤᠳᠠ ᠶᠢ ᠢᠳᠡᠪᠬᠢᠳᠡᠢ ᠴᠤᠭᠴᠠᠯᠠᠨ᠎ᠠ᠃ ᠨᠡᠭᠡᠭᠡᠯᠳᠡ ᠬᠠᠮᠲᠤᠷᠠᠯᠴᠠᠭ᠎ᠠ ᠪᠠᠨ ᠦᠷᠭᠡᠳᠭᠡᠨ᠎ᠡ᠃ ᠦᠪᠡᠷᠳᠡᠭᠡᠨ ᠵᠠᠰᠠᠬᠤ | ᠤᠷᠤᠨ ᠤ ᠤᠮᠠᠷᠠᠰᠢ ᠪᠠᠨ ᠨᠡᠭᠡᠭᠡᠬᠦ ᠪᠠᠶᠢᠯᠳᠣᠬᠤ ᠪᠤᠲᠤᠯᠭ᠎ᠠ ᠳᠤ ᠢᠳᠡᠪᠬᠢᠳᠡᠢ ᠠᠭᠤᠰᠤᠯᠴᠠᠵᠦ᠂ ᠴᠡᠭᠡ᠂ | ᠭᠠᠭᠴᠠᠮᠤᠲᠤ ᠪᠠ ᠦᠯᠵᠡᠢ ᠪᠤᠭᠤᠮᠳᠠ ᠳᠤ ᠲᠦᠰᠢᠭᠯᠡᠵᠦ᠂ ᠮᠤᠩᠭᠤᠯ ᠤᠨ ᠨᠡᠭᠦᠷᠡᠰᠦ ᠶᠢᠨ ᠪᠦᠭᠡᠮ ᠦᠢᠯᠡᠳᠬᠦᠨ | ᠠᠷᠠᠯᠵᠢᠬᠤ ᠲᠠᠪᠴᠠᠩ ᠢ ᠬᠦᠴᠦᠯᠡᠨ ᠪᠠᠶᠢᠭᠤᠯᠵᠤ᠂ ᠨᠡᠪᠳᠡᠷᠡᠯ ᠵᠠᠮ ᠤᠨ ᠠᠵᠤ ᠠᠬᠤᠢ ᠶᠢ ᠪᠤᠳᠠᠳᠠᠶᠢᠵᠢᠭᠰᠠᠨ ᠠᠵᠤ | ᠠᠬᠤᠢ ᠪᠤᠯᠭᠠᠨ ᠬᠤᠪᠢᠷᠠᠭᠤᠯᠤᠨ᠎ᠠ᠃ ᠦᠬᠠᠢ ᠶᠢᠨ ᠲᠠᠯᠠᠢ ᠶᠢᠨ ᠪᠤᠭᠤᠮᠳᠠ᠂ ᠣᠯᠠᠨ ᠤᠯᠤᠰ ᠤᠨ ᠬᠠᠭᠤᠷᠠᠢ ᠭᠠᠷᠠᠮ | ᠳᠤ ᠲᠦᠰᠢᠭᠯᠡᠵᠦ᠂ ︽ᠦᠬᠠᠢ ᠮᠤᠩᠭᠤᠯ ᠡᠧᠦ᠋ᠷᠣᠫᠠ︾ ᠶᠢᠨ ᠡᠭᠡᠯᠵᠢᠨ ᠤ ᠴᠤᠪᠤᠭ᠎ᠠ ᠶᠢᠨ ᠲᠡᠭᠡᠭᠡᠪᠦᠷᠢᠯᠡᠬᠦ ᠣᠳᠠᠭ᠎ᠠ | ᠶᠢ ᠨᠡᠮᠡᠭᠳᠡᠬᠦᠯᠵᠦ᠂ ᠭᠠᠶᠢᠯᠢ ᠪᠠᠲᠤᠯᠠᠬᠤ ᠰᠠᠩ ᠬᠦᠮᠦᠷᠭᠡ ᠶᠢ ᠪᠠᠶᠢᠭᠤᠯᠵᠤ᠂ ᠭᠠᠳᠠᠭᠠᠲᠤ ᠠᠷᠠᠯᠵᠢᠶ᠎ᠠ ᠪᠠᠨ ᠤᠯᠠᠮ | ᠨᠢᠭᠡ ᠠᠯᠬᠤᠮ ᠦᠷᠭᠡᠳᠭᠡᠨ᠎ᠡ᠃ ᠦᠪᠡᠷᠳᠡᠭᠡᠨ ᠵᠠᠰᠠᠬᠤ ᠤᠷᠤᠨ ᠤ ᠬᠠᠲᠤᠨ ᠭᠤᠤᠯ ᠲᠠᠭᠠᠤ ᠶᠢᠨ ᠠᠮᠢ ᠠᠬᠤᠢ ᠶᠢᠨ | ᠠᠵᠤ ᠠᠬᠤᠢ ᠶᠢᠨ ᠪᠦᠰᠡ ᠪᠠ ᠦᠬᠠᠢ ᠵᠢᠴᠢ ᠡᠷᠭᠢᠨ ᠲᠤᠭᠤᠷᠢᠨ ᠤ ᠣᠷᠣᠨ ᠤ ᠬᠡᠯᠪᠡᠷᠢ ᠪᠠᠨ ᠬᠤᠪᠢᠷᠠᠭᠤᠯᠤᠨ | ᠬᠦᠭᠵᠢᠬᠦᠯᠬᠦ ᠴᠢᠬᠤᠯᠠ ᠠᠵᠠ ᠲᠤᠬᠢᠶᠡᠯ ᠢ ᠰᠠᠶᠢᠲᠤᠷ ᠠᠳᠬᠤᠵᠦ᠂ ᠡᠷᠭᠢᠨ ᠲᠤᠭᠤᠷᠢᠨ ᠤ ᠬᠦᠷᠢᠶᠡᠯᠡᠩ ᠲᠤᠭᠤᠷᠢᠭ | ᠯᠤᠭ᠎ᠠ ᠶᠢᠨ ᠰᠠᠭᠤᠷᠢ ᠲᠦᠭᠦᠭᠡᠷᠦᠮᠵᠢ ᠶᠢᠨ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ᠂ ᠠᠵᠤ ᠦᠢᠯᠡᠰ | ᠤᠨ ᠲᠡᠭᠡᠲᠤ ᠲᠤᠤᠷᠠᠲᠤ ᠤᠷᠤᠰᠬᠠᠯ ᠤᠨ ᠬᠠᠮᠵᠢᠯᠴᠠᠬᠤ ᠶᠢ ᠢᠳᠡᠪᠭᠢᠳᠡᠢ ᠠᠭᠢᠭᠤᠯᠵᠤ᠂ ᠪᠤᠰᠣᠳ ᠠᠴᠠ | ᠢᠯᠭᠠᠭᠳᠠᠭᠰᠠᠨ᠂ ᠬᠠᠮᠲᠤᠷᠠᠨ ᠬᠠᠮᠵᠢᠯᠴᠠᠭᠰᠠᠨ ᠬᠦᠭᠵᠢᠯᠳᠡ ᠶᠢᠨ ᠪᠠᠶᠢᠷᠢᠰᠢᠯ ᠢ ᠪᠦᠷᠢᠯᠳᠦᠬᠦᠯᠦᠨ᠎ᠡ᠃ | ᠲᠦᠯᠦᠭᠡᠯᠡᠭᠴᠢᠳ ᠡ᠂ ᠦᠭᠡᠷᠡᠴᠢᠯᠡᠯᠳᠡ ᠨᠡᠭᠡᠭᠡᠯᠳᠡ ᠪᠤᠯ ᠬᠡᠯᠪᠡᠷᠢ ᠬᠤᠪᠢᠷᠠᠭᠤᠯᠤᠨ ᠬᠦᠭᠵᠢᠬᠦᠯᠬᠦ | ᠬᠦᠴᠢᠷᠳᠡᠯ ᠢ ᠰᠢᠢᠳᠪᠦᠷᠢᠯᠡᠬᠦ ᠵᠠᠩᠬᠢᠯᠭ᠎ᠠ ᠶᠢᠨ ᠨᠢᠭᠡ ᠠᠷᠭ᠎ᠠ ᠮᠦᠨ᠃ ᠪᠢᠳᠡ ᠪᠡᠯᠡ ᠤᠷᠤᠭᠤᠯᠬᠤ ᠠᠷᠠᠯᠵᠢᠶ᠎ᠠ | ᠬᠤᠳᠠᠯᠳᠣᠭᠠᠨ ᠤ ᠲᠡᠷᠢᠬᠦᠨ ᠰᠢᠯᠢᠯᠳᠡ ᠶᠢᠨ ᠣᠷᠣᠨ ᠢ ᠪᠠᠶᠢᠭᠤᠯᠬᠤ ᠯᠤᠭ᠎ᠠ ᠨᠢᠭᠳᠠ ᠤᠶᠠᠯᠳᠣᠭᠤᠯᠵᠣ᠂ | ᠦᠭᠡᠷᠡᠴᠢᠯᠡᠯᠳᠡ ᠪᠠᠷ ᠠᠮᠢᠵᠢᠷᠠᠯ ᠤᠨ ᠬᠦᠴᠦᠨ ᠢᠶᠠᠨ ᠲᠡᠭᠡᠭᠰᠢᠯᠡᠬᠦᠯᠦᠨ᠂ ᠨᠡᠭᠡᠭᠡᠯᠳᠡ ᠪᠠᠷ ᠬᠦᠳᠡᠯᠭᠡᠭᠴᠢ ᠬᠦᠴᠦᠨ | ᠢᠶᠠᠨ ᠨᠡᠮᠡᠭᠳᠡᠬᠦᠯᠵᠦ᠂ ᠬᠦᠭᠵᠢᠯᠳᠡ ᠰᠢᠨ᠎ᠡ ᠲᠠᠪᠠᠭᠤᠯᠢᠭ ᠲᠠᠯ᠎ᠠ ᠶᠢ ᠡᠬᠦᠲᠦᠨ᠂ ᠬᠦᠭᠵᠢᠯᠳᠡ ᠶᠢᠨ ᠰᠢᠨ᠎ᠡ ᠤᠷᠤᠨ | ᠵᠠᠢ ᠶᠢ ᠦᠷᠭᠡᠳᠭᠡᠨ᠂ ᠦᠪᠡᠷᠳᠡᠭᠡᠨ ᠵᠠᠰᠠᠬᠤ ᠤᠷᠤᠨ ᠤ ᠪᠠᠷᠠᠭᠤᠨ ᠬᠡᠰᠡᠭ ᠤᠨ ᠰᠢᠨ᠎ᠡ ᠠᠵᠤ ᠠᠬᠤᠢ ᠶᠢᠨ ᠨᠡᠮᠡᠭᠳᠡᠯ | ᠤᠨ ᠲᠤᠶᠢᠯ ᠢ ᠬᠦᠴᠦᠯᠡᠨ ᠪᠠᠶᠢᠭᠤᠯᠤᠨ᠎ᠠ︕ | ︵ᠵᠢᠷᠭᠤᠭ᠎ᠠ︶ ᠬᠦᠭᠵᠢᠯᠳᠡ ᠶᠢᠨ ᠦᠷ᠎ᠡ ᠪᠦᠲᠦᠮᠵᠢ ᠶᠢ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠶᠢ | ᠪᠠᠷᠢᠮᠳᠠᠯᠠᠵᠤ᠂ ᠣᠯᠠᠨ ᠲᠦᠮᠡᠨ ᠤ ᠵᠤᠯ ᠵᠢᠷᠭᠠᠯᠲᠤ ᠠᠮᠢᠲᠤᠷᠠᠯ ᠤᠨ ᠬᠡᠷᠡᠭᠴᠡᠭᠡ ᠶᠢ ᠬᠠᠩᠭᠠᠨ᠎ᠠ | ᠰᠣᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠦᠨ ᠬᠦᠭᠵᠢᠬᠦᠯᠬᠦ ᠶᠢ ᠠᠬᠢᠭᠤᠯᠤᠨ᠎ᠠ᠃ | ᠭᠤᠷᠪᠠᠳᠣᠭᠠᠷ ᠬᠤᠭᠤᠴᠠᠭᠠᠨ ᠤ ᠰᠣᠷᠬᠤ ᠨᠠᠰᠣᠨ ᠠᠴᠠ ᠡᠮᠦᠨᠡᠬᠢ ᠰᠤᠷᠭᠠᠨ ᠬᠦᠮᠦᠵᠢᠯ ᠤᠨ ᠠᠵᠢᠯᠯᠠᠭᠠᠨ ᠤ | ᠲᠦᠯᠦᠪᠯᠡᠭᠡ ᠶᠢ ᠬᠦᠨᠵᠡᠭᠡᠢ ᠬᠡᠷᠡᠭᠵᠢᠬᠦᠯᠵᠦ᠂ 5 ᠰᠠᠭᠤᠷᠢ ᠬᠡᠦᠭᠡᠳ ᠤᠨ ᠴᠡᠴᠡᠷᠯᠢᠭ ᠢ ᠰᠢᠨ᠎ᠡ ᠪᠠᠷ ᠦᠬᠡᠷᠡᠴᠢᠯᠡᠨ | ᠪᠠᠶᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠳᠠᠢ ᠬᠡᠦᠬᠡᠳ ᠤᠨ ᠴᠡᠴᠡᠷᠯᠢᠭ ᠤᠨ ᠬᠠᠷᠢᠴᠠᠯ ᠢ ᠤᠯᠠᠮ ᠨᠢᠭᠡ | ᠠᠯᠬᠤᠮ ᠲᠡᠭᠡᠭᠰᠢᠯᠡᠬᠦᠯᠦᠨ᠎ᠡ᠃ ᠲᠡᠭᠡᠲᠦ ᠵᠡᠷᠭᠡ ᠶᠢᠨ ᠰᠣᠷᠭᠠᠭᠤᠯᠢ ᠯᠤᠭ᠎ᠠ ᠶᠢᠨ ᠵᠢᠭᠠᠨ ᠰᠣᠳᠣᠯᠬᠤ ᠬᠠᠮᠲᠤᠷᠠᠯᠴᠠᠭ᠎ᠠ | ᠪᠠᠨ ᠴᠢᠩᠭᠠᠳᠬᠠᠵᠦ᠂ ᠰᠣᠷᠭᠠᠨ ᠬᠦᠮᠦᠵᠢᠯ ᠤᠨ ᠮᠡᠳᠡᠭᠡ ᠵᠠᠩᠭᠢᠴᠢᠯᠠᠯᠳᠠ ᠶᠢᠨ ᠮᠡᠷᠭᠡᠵᠢᠯ ᠤᠨ ᠬᠡᠷᠡᠭᠯᠡᠯᠳᠡ ᠶᠢ | ᠬᠦᠨᠵᠡᠭᠡᠶᠢᠷᠡᠬᠦᠯᠵᠦ᠂ ᠰᠣᠷᠭᠠᠨ ᠬᠦᠮᠦᠵᠢᠯ ᠤᠨ ᠵᠢᠭᠠᠨ ᠰᠣᠷᠭᠠᠯᠳᠠ ᠶᠢᠨ ᠲᠦᠪᠰᠢᠨ ᠢ ᠲᠠᠰᠣᠷᠠᠯᠳᠠ ᠦᠭᠡᠢ | ᠲᠡᠭᠡᠭᠰᠢᠯᠡᠬᠦᠯᠦᠨ᠎ᠡ᠃ ᠪᠠᠭᠰᠢ ᠶᠢᠨ ᠡᠩᠨᠡᠭᠡᠨ ᠤ ᠬᠡᠪ ᠴᠢᠨᠠᠷ ᠢ ᠲᠡᠭᠡᠭᠰᠢᠯᠡᠬᠦᠯᠬᠦ ᠢᠨᠵᠧᠨᠧᠷᠢᠩ ᠢ ᠬᠡᠷᠡᠭᠵᠢᠬᠦᠯᠵᠦ᠂ | ᠨᠢᠭᠡ ᠪᠦᠯᠦᠭ ᠵᠠᠯᠠᠭᠤ ᠭᠤᠤᠯᠯᠠᠭᠴᠢ ᠪᠠᠭᠰᠢ ᠶᠢ ᠶᠡᠭᠡ ᠬᠦᠴᠦᠨ ᠢᠶᠠᠷ ᠬᠦᠮᠦᠵᠢᠬᠦᠯᠵᠦ᠂ ᠨᠢᠭᠡ ᠪᠦᠯᠦᠭ ᠨᠡᠷᠡᠲᠦ | ᠰᠢᠯᠢᠳᠡᠭ ᠣᠨᠴᠠ ᠪᠠᠭᠰᠢ ᠤᠷᠢᠨ ᠤᠷᠤᠭᠤᠯᠤᠨ᠎ᠠ᠃ ᠾᠧᠩ ᠱᠦᠢ ᠲᠤᠮᠳᠠᠲᠤ ᠰᠣᠷᠭᠠᠭᠤᠯᠢ ᠶᠢᠨ ᠰᠢᠯᠢᠳᠡᠭ | ᠰᠣᠷᠭᠠᠨ ᠬᠦᠮᠦᠵᠢᠯ ᠤᠨ ᠡᠭᠢ ᠪᠠᠶᠠᠯᠢᠭ ᠢ ᠤᠷᠢᠨ ᠤᠷᠤᠭᠤᠯᠵᠤ᠂ ᠦᠬᠠᠢ ᠬᠤᠳᠠ ᠶᠢᠨ ᠾᠧᠩ ᠱᠦᠢ ᠲᠤᠮᠳᠠᠲᠤ | ᠰᠣᠷᠭᠠᠭᠤᠯᠢ ᠶᠢ ᠪᠠᠶᠢᠭᠤᠯᠤᠨ᠎ᠠ᠃ ᠰᠣᠷᠭᠠᠨ ᠬᠦᠮᠦᠵᠢᠯ ᠤᠨ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠬᠦᠯᠵᠦ᠂ | ᠬᠤᠳᠠ ᠶᠢᠨ ᠨᠢᠭᠡᠳᠦᠭᠡᠷ ᠲᠤᠮᠳᠠᠲᠤ ᠰᠣᠷᠭᠠᠭᠤᠯᠢ ᠶᠢᠨ ᠰᠢᠨ᠎ᠡ ᠰᠣᠷᠭᠠᠭᠤᠯᠢ ᠶᠢᠨ ᠲᠤᠭᠤᠷᠢᠭ᠂ ᠬᠤᠳᠠ ᠶᠢᠨ | ᠠᠷᠪᠠᠳᠣᠭᠠᠷ ᠲᠤᠮᠳᠠᠲᠤ ᠰᠣᠷᠭᠠᠭᠤᠯᠢ ᠶᠢᠨ ᠵᠢᠭᠠᠨ ᠰᠣᠷᠭᠠᠯᠳᠠ ᠶᠢᠨ ᠠᠰᠠᠷ ᠤᠨ ᠪᠠᠶᠢᠭᠤᠯᠤᠯᠳᠠ ᠶᠢ ᠰᠠᠶᠢᠲᠤᠷ | ᠠᠳᠬᠤᠨ᠎ᠠ᠃ ᠠᠵᠢᠯ ᠮᠡᠷᠭᠡᠵᠢᠯ ᠤᠨ ᠰᠣᠷᠭᠠᠨ ᠬᠦᠮᠦᠵᠢᠯ ᠢ ᠲᠦᠷᠭᠡᠳᠭᠡᠨ ᠬᠦᠭᠵᠢᠬᠦᠯᠵᠦ᠂ ᠦᠪᠦᠷ ᠮᠤᠩᠭᠤᠯ ᠤᠨ | ᠠᠭᠠᠷ ᠠᠶᠠᠯᠠᠯ ᠵᠢᠭᠤᠯᠴᠢᠯᠠᠯ ᠤᠨ ᠠᠵᠢᠯ ᠮᠡᠷᠭᠡᠵᠢᠯ ᠤᠨ ᠲᠡᠭᠡᠲᠤ ᠰᠣᠷᠭᠠᠭᠤᠯᠢ ᠶᠢ ᠪᠡᠯᠡᠳᠭᠡᠨ ᠪᠠᠶᠢᠭᠤᠯᠵᠤ᠂ | ᠦᠢᠯᠡᠳᠪᠦᠷᠢᠯᠡᠯ ᠰᠣᠷᠭᠠᠨ ᠬᠦᠮᠦᠵᠢᠯ ᠤᠨ ᠠᠭᠤᠰᠣᠯᠴᠠᠭ᠎ᠠ᠂ ᠰᠣᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ | ᠶᠢ ᠠᠬᠢᠭᠤᠯᠤᠨ᠎ᠠ᠃ ᠦᠨᠳᠦᠰᠦᠳᠡᠨ ᠤ ᠰᠣᠷᠭᠠᠨ ᠬᠦᠮᠦᠵᠢᠯ ᠢ ᠨᠢᠭᠡᠳᠦᠯᠳᠡᠢ ᠵᠤᠬᠢᠴᠠᠭᠤᠯᠤᠨ ᠠᠭᠢᠭᠤᠯᠵᠤ᠂ | ᠤᠨᠴᠠᠭᠠᠢ ᠰᠣᠷᠭᠠᠨ ᠬᠦᠮᠦᠵᠢᠯ ᠢ ᠡᠮᠬᠢ ᠲᠢᠭᠯᠢᠮ ᠲᠠᠢ ᠬᠦᠭᠵᠢᠬᠦᠯᠦᠨ᠎ᠡ᠃ | ︽ᠡᠷᠡᠭᠦᠯ ᠴᠢᠬᠢᠷᠠᠭ ᠦᠬᠠᠢ︾ ᠶᠢ ᠲᠦᠷᠭᠡᠳᠭᠡᠨ ᠪᠠᠶᠢᠭᠤᠯᠤᠨ᠎ᠠ᠃ ︽ᠡᠮᠨᠡᠯᠭᠡ ᠶᠢᠨ ᠲᠠᠭᠠᠳᠬᠠᠯ᠂ ᠡᠮ | ᠡᠮᠨᠡᠯᠭᠡ᠂ ᠡᠮᠴᠢᠯᠡᠭᠡ ᠭᠤᠷᠪᠠ ᠶᠢᠨ ᠬᠠᠮᠲᠤᠷᠠᠨ ᠬᠦᠳᠡᠯᠦᠯᠴᠡᠭᠦ︾ ᠶᠢ ᠬᠦᠨᠵᠡᠭᠡᠶᠢᠷᠡᠬᠦᠯᠵᠦ᠂ ᠤᠲᠤ ᠦᠶ᠎ᠡ ᠶᠢᠨ | ᠡᠮᠨᠡᠯᠭᠡ ᠶᠢᠨ ᠬᠤᠷᠢᠶᠠᠨ ᠤ ᠬᠠᠮᠢᠶᠠᠷᠣᠯᠳᠠ ᠶᠢᠨ ᠲᠤᠷᠰᠢᠯᠳᠠ ᠶᠢᠨ ᠴᠡᠭ ᠢ ᠦᠷᠨᠢᠬᠦᠯᠵᠦ᠂ ᠡᠮᠨᠡᠯᠭᠡ ᠶᠢᠨ ᠲᠠᠭᠠᠳᠬᠠᠯ | ᠤᠨ ᠦᠭᠬᠦ ᠠᠷᠭ᠎ᠠ ᠮᠠᠶ᠋ᠢᠭ ᠤᠨ ᠦᠭᠡᠷᠡᠴᠢᠯᠡᠯᠳᠡ ᠶᠢ ᠲᠤᠭᠳᠠᠭᠤᠨ ᠢᠶᠠᠷ ᠠᠭᠢᠭᠤᠯᠵᠤ᠂ ᠤᠯᠠᠨ ᠲᠦᠮᠡᠨ ᠤ | ᠡᠪᠡᠳᠴᠢᠨ ᠦᠵᠡᠬᠦᠯᠬᠦ ᠲᠠᠷᠣᠭᠠᠰᠣ ᠶᠢ ᠤᠯᠠᠮ ᠨᠢᠭᠡ ᠠᠯᠬᠤᠮ ᠬᠦᠩᠬᠡᠯᠡᠨ᠎ᠡ᠃ ᠦᠨᠳᠦᠰᠦᠨ ᠱᠠᠳᠣᠨ ᠤ ᠡᠮᠴᠢᠯᠡᠭᠡ | ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠤᠤᠷ ᠰᠦᠯᠵᠢᠶ᠎ᠡ ᠶᠢ ᠲᠡᠭᠦᠯᠳᠡᠷᠵᠢᠬᠦᠯᠵᠦ᠂ ︽ᠨᠢᠭᠡ ᠮᠦᠴᠡᠲᠤ︾ ᠡᠷᠡᠭᠦᠯ | ᠬᠠᠮᠠᠭᠠᠯᠠᠯ ᠤᠨ ᠦᠢᠯᠡᠴᠢᠯᠡᠬᠡᠨ ᠤ ᠲᠦᠭᠡᠮᠡᠯ ᠬᠠᠷᠠᠭᠠᠯᠵᠠᠯ ᠤᠨ ᠲᠤᠭᠤᠷᠢᠭ ᠢ ᠪᠠᠶᠢᠭᠤᠯᠤᠨ᠎ᠠ᠃ ᠰᠢᠨ᠎ᠡ ᠨᠢᠭᠡᠨ | ᠡᠭᠡᠯᠵᠢ ᠶᠢᠨ ᠡᠮᠴᠢᠯᠡᠭᠡᠨ ᠤ ᠦᠢᠯᠡᠴᠢᠯᠡᠭᠡᠨ ᠤ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠬᠡᠷᠡᠭᠵᠢᠬᠦᠯᠵᠦ᠂ | ᠤᠯᠤᠰ ᠤᠨ ᠲᠤᠲᠤᠭᠠᠲᠤ ᠶᠢᠨ ᠨᠡᠷᠡᠲᠦ ᠡᠮᠨᠡᠯᠭᠡ ᠶᠢᠨ ᠶᠡᠭᠡ ᠲᠡᠭᠡᠲᠤ ᠰᠣᠷᠭᠠᠭᠤᠯᠢ ᠪᠠ ᠡᠮᠴᠢᠯᠡᠭᠡᠨ ᠤ | ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠦ᠂ ᠡᠮᠴᠢᠯᠡᠭᠡᠨ ᠤ ᠮᠡᠷᠭᠡᠵᠢᠯ ᠤᠨ ᠲᠦᠪᠰᠢᠨ ᠢᠶᠠᠨ | ᠲᠠᠰᠣᠷᠠᠯᠳᠠ ᠦᠭᠡᠢ ᠲᠡᠭᠡᠭᠰᠢᠯᠡᠬᠦᠯᠦᠨ᠎ᠡ᠃ ᠬᠤᠳᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ | ᠶᠢᠨ ᠶᠡᠷᠦᠩᠬᠡᠶᠢᠯᠡᠭᠰᠡᠨ ᠠᠰᠠᠷ ᠤᠨ ᠪᠠᠷᠢᠯᠭ᠎ᠠ ᠶᠢ ᠡᠭᠢᠯᠡᠬᠦᠯᠵᠦ᠂ ᠮᠤᠩᠭᠤᠯ ᠬᠢᠳᠡᠳ ᠡᠮᠨᠡᠯᠭᠡ ᠶᠢᠨ ᠬᠤᠷᠢᠶᠠᠨ ᠤ | ᠬᠤᠶᠠᠳᠣᠭᠠᠷ ᠬᠤᠭᠤᠴᠠᠭ᠎ᠠ ᠶᠢ ᠪᠠᠶᠢᠭᠤᠯᠤᠨ ᠲᠠᠭᠤᠰᠬᠠᠨ᠎ᠠ᠃ ᠮᠤᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ | ᠦᠢᠯᠡᠰ ᠢ ᠮᠠᠨᠳᠣᠭᠤᠯᠤᠨ ᠬᠦᠭᠵᠢᠬᠦᠯᠦᠨ᠎ᠡ᠃ ᠣᠯᠣᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠦᠳᠡᠯᠭᠡᠭᠡᠨ ᠢ | ᠬᠦᠨᠵᠡᠭᠡᠢ ᠦᠷᠨᠢᠬᠦᠯᠵᠦ᠂ ᠣᠯᠣᠰ ᠤᠨ ᠡᠷᠡᠭᠦᠯ ᠬᠠᠮᠠᠭᠠᠯᠠᠯ ᠤᠨ ᠬᠤᠳᠠ ᠶᠢ ᠢᠳᠡᠪᠭᠢᠳᠡᠢ ᠴᠤᠭᠴᠠᠯᠠᠨ᠎ᠠ᠃ | ᠨᠡᠶᠢᠭᠡᠮ ᠤᠨ ᠪᠠᠲᠤᠯᠠᠭ᠎ᠠ ᠶᠢᠨ ᠲᠦᠪᠰᠢᠨ ᠢᠶᠠᠨ ᠲᠡᠭᠡᠭᠰᠢᠯᠡᠬᠦᠯᠦᠨ᠎ᠡ᠃ ᠲᠤᠭᠳᠠᠭᠤᠨ ᠠᠵᠢᠯ ᠤᠯᠭᠤᠯᠳᠠ ᠶᠢ | ᠴᠢᠬᠤᠯᠠ ᠪᠠᠶᠢᠷᠢᠨ ᠳᠤ ᠲᠠᠯᠪᠢᠵᠦ᠂ ᠲᠡᠭᠡᠲᠤ ᠵᠡᠷᠭᠡ ᠶᠢᠨ ᠰᠣᠷᠭᠠᠭᠤᠯᠢ ᠠᠴᠠ ᠲᠡᠭᠦᠰᠦᠭᠰᠡᠨ ᠰᠣᠷᠣᠭᠴᠢᠳ᠂ ᠴᠡᠷᠢᠭ | ᠤᠨ ᠠᠯᠪᠠ ᠠᠴᠠ ᠬᠠᠯᠠᠭᠳᠠᠭᠰᠠᠳ ᠵᠡᠷᠭᠡ ᠬᠠᠮᠲᠤᠯᠢᠭ ᠤᠨ ᠣᠯᠠᠨ ᠵᠠᠮ ᠢᠶᠠᠷ ᠠᠵᠢᠯ ᠣᠯᠭᠤᠬᠤ ᠦᠢᠯᠡᠰ ᠪᠦᠲᠦᠭᠡᠬᠦ | ᠶᠢ ᠠᠬᠢᠭᠤᠯᠵᠤ᠂ ᠬᠤᠳᠠ ᠪᠠᠯᠭᠠᠰᠣᠨ ᠤ ᠲᠠᠩᠰᠠᠯᠠᠭᠰᠠᠨ ᠠᠵᠢᠯ ᠠᠯᠳᠠᠭᠰᠠᠨ ᠨᠤᠷᠮ᠎ᠠ ᠶᠢ ᠦᠪᠡᠷᠳᠡᠭᠡᠨ ᠵᠠᠰᠠᠬᠤ | ᠤᠷᠤᠨ ᠠᠴᠠ ᠲᠤᠭᠳᠠᠭᠠᠭᠰᠠᠨ ᠬᠠᠷᠠᠯᠳᠠ ᠶᠢᠨ ᠲᠤᠲᠤᠷ᠎ᠠ ᠡᠵᠡᠮᠳᠡᠨ᠎ᠡ᠃ ᠪᠠᠲᠤᠯᠠᠭᠠᠲᠤ ᠵᠢᠭᠡᠯᠡᠯᠭᠡ᠂ ᠦᠢᠯᠡᠰ | ᠪᠦᠲᠦᠭᠡᠬᠦ ᠶᠢ ᠵᠢᠯᠤᠭᠤᠳᠬᠤ ᠵᠡᠷᠭᠡ ᠠᠷᠭ᠎ᠠ ᠬᠡᠮᠵᠢᠶ᠎ᠡ ᠠᠪᠴᠦ᠂ ᠤᠶᠤᠳᠠᠳ ᠤᠨ ᠪᠡᠶ᠎ᠡ ᠪᠠᠨ ᠲᠠᠭᠠᠭᠠᠵᠦ ᠦᠢᠯᠡᠰ | ᠪᠦᠲᠦᠭᠡᠬᠦ ᠶᠢ ᠵᠤᠷᠢᠭᠵᠢᠭᠤᠯᠤᠨ ᠤᠳᠣᠷᠢᠳᠣᠨᠠ᠃ ᠪᠦᠬᠦ ᠠᠷᠠᠳ ᠢᠶᠠᠷ ᠢᠶᠠᠨ ᠲᠠᠭᠠᠳᠬᠠᠯ ᠳᠤ ᠤᠷᠤᠯᠴᠠᠬᠤ ᠶᠢ | ᠲᠠᠩᠰᠠᠯᠠᠬᠤ ᠲᠦᠯᠦᠪᠯᠡᠭᠡ ᠶᠢ ᠠᠭᠢᠭᠤᠯᠵᠤ᠂ ᠮᠤᠵᠢ ᠠᠯᠤᠰᠯᠠᠨ ᠤᠨᠲᠤᠤ ᠭᠠᠵᠠᠷ ᠲᠤ ᠡᠮᠴᠢᠯᠡᠭᠦᠯᠬᠦ ᠶᠢ ᠰᠢᠭᠤᠤᠳ | ᠲᠠᠰᠣᠯᠠᠨ ᠪᠤᠳᠣᠬᠤ ᠬᠡᠪᠴᠢᠶ᠎ᠡ ᠶᠢ ᠦᠷᠭᠡᠳᠭᠡᠨ᠂ ᠤᠯᠠᠨ ᠲᠦᠮᠡᠨ ᠤ ᠣᠯᠠᠨ ᠲᠠᠪᠬᠤᠷᠭᠠᠲᠤ ᠡᠪᠡᠳᠴᠢᠨ ᠦᠵᠡᠬᠦᠯᠬᠦ | ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠴᠠᠯᠢᠩ ᠦᠷᠢᠳᠦᠬᠦ ᠶᠢ ᠡᠭᠢ ᠦᠨᠳᠦᠰᠦ ᠠᠴᠠ ᠨᠢ ᠵᠠᠰᠠᠬᠤ ᠶᠢ | ᠴᠢᠩᠭᠠᠳᠬᠠᠵᠦ᠂ ᠲᠠᠷᠢᠶᠠᠴᠢᠨ ᠠᠵᠢᠯᠳᠠᠨ ᠤ ᠴᠠᠯᠢᠩ ᠢ ᠴᠠᠭ ᠲᠤᠬᠠᠢ ᠳᠤᠨᠢ ᠬᠦᠢᠴᠡᠳ ᠦᠭᠬᠦ ᠶᠢ ᠦᠨᠡᠨᠬᠦ | ᠪᠠᠲᠤᠯᠠᠨ᠎ᠠ᠃ ᠨᠡᠶᠢᠭᠡᠮ ᠤᠨ ᠠᠰᠠᠷᠠᠮᠵᠢ ᠶᠢᠨ ᠬᠦᠴᠦᠯᠡᠴᠡ ᠪᠠᠨ ᠴᠢᠩᠭᠠᠳᠬᠠᠵᠦ᠂ ᠨᠠᠭᠠᠲᠤ ᠵᠠᠬ᠎ᠠ ᠶᠢᠨ ᠪᠠᠲᠤᠯᠠᠭᠠᠲᠤ | ᠡᠷᠦᠬᠡ᠂ ᠤᠨᠴᠠ ᠬᠦᠴᠢᠷᠳᠡᠯ ᠲᠠᠢ ᠠᠰᠠᠷᠠᠨ ᠲᠡᠵᠢᠬᠡᠵᠦ ᠪᠠᠶᠢᠭ᠎ᠠ ᠬᠦᠮᠦᠰ ᠵᠡᠷᠭᠡ ᠬᠦᠴᠢᠷᠳᠡᠯ ᠲᠠᠢ ᠣᠯᠠᠨ ᠲᠦᠮᠡᠨ | ᠤ ᠦᠨᠳᠦᠰᠦᠨ ᠠᠮᠢᠲᠤᠷᠠᠯ ᠢ ᠦᠨᠡᠨᠬᠦ ᠪᠠᠲᠤᠯᠠᠨ᠎ᠠ᠃ ᠨᠡᠶᠢᠭᠡᠮ ᠤᠨ ᠬᠦᠷᠦᠩᠭᠡ ᠶᠢᠨ ᠨᠠᠰᠣᠳᠠᠨ ᠢ ᠠᠰᠠᠷᠠᠬᠤ | ᠪᠠᠶᠢᠭᠤᠯᠤᠮᠵᠢ ᠪᠠᠶᠢᠭᠤᠯᠤᠨ ᠡᠵᠡᠩᠨᠡᠬᠦ ᠶᠢ ᠵᠤᠷᠢᠭᠵᠢᠭᠤᠯᠵᠤ᠂ ᠨᠠᠰᠣᠳᠠᠨ ᠢ ᠠᠰᠠᠷᠠᠬᠤ ᠦᠢᠯᠡᠴᠢᠯᠡᠭᠡᠨ ᠤ ᠠᠵᠤ | ᠦᠢᠯᠡᠰ ᠤᠨ ᠬᠦᠭᠵᠢᠯᠳᠡ ᠶᠢ ᠠᠬᠢᠭᠤᠯᠤᠨ᠎ᠠ᠃ | ᠰᠣᠶᠣᠯ ᠪᠡᠶ᠎ᠡ ᠲᠠᠮᠢᠷ ᠤᠨ ᠦᠢᠯᠡᠰ ᠢ ᠴᠡᠴᠡᠭᠯᠡᠬᠦᠯᠦᠨ ᠬᠦᠭᠵᠢᠬᠦᠯᠦᠨ᠎ᠡ᠃ ᠰᠢᠨ᠎ᠡ ᠲᠤᠮᠳᠠᠲᠤ ᠣᠯᠣᠰ | ᠪᠠᠶᠢᠭᠤᠯᠤᠭᠳᠠᠭᠠᠰᠠᠨ 70 ᠵᠢᠯ ᠤᠨ ᠣᠢ ᠵᠡᠷᠭᠡ ᠭᠤᠤᠯ ᠰᠡᠳᠦᠪ ᠤᠨ ᠲᠤᠭᠤᠷᠢᠨ ᠳᠤ᠂ ᠡᠯ᠎ᠡ ᠲᠦᠷᠦᠯ ᠤᠨ | ᠪᠡᠯᠭᠡᠯᠡᠬᠦ ᠠᠵᠢᠯᠯᠠᠭ᠎ᠠ ᠪᠠ ᠰᠣᠶᠣᠯ ᠢᠶᠠᠷ ᠠᠷᠠᠳ ᠲᠤ ᠠᠰᠢᠭ ᠬᠦᠷᠳᠡᠭᠡᠬᠦ ᠦᠵᠡᠬᠦᠯᠦᠯᠭᠡ ᠶᠢᠨ ᠲᠤᠭᠯᠠᠯᠳᠠ ᠶᠢ | ᠵᠤᠬᠢᠶᠠᠨ ᠪᠠᠶᠢᠭᠤᠯᠵᠤ ᠦᠷᠨᠢᠬᠦᠯᠦᠨ᠎ᠡ᠃ ᠣᠯᠠᠭᠠᠨᠮᠦ᠋ᠴᠢᠷ ᠤᠨ ᠦᠢᠯᠡᠰ ᠤᠨ ᠬᠦᠭᠵᠢᠯᠳᠡ ᠶᠢ ᠠᠬᠢᠭᠤᠯᠵᠤ᠂ ᠠᠷᠠᠳ | ᠤᠯᠠᠨ ᠳᠤ ᠨᠢᠭᠤᠷᠳᠠᠭᠰᠠᠨ᠂ ᠡᠭᠡᠯ ᠪᠤᠷᠤᠭᠵᠢᠭᠤᠨ ᠨᠡᠶᠢᠳᠡ ᠶᠢᠨ ᠰᠣᠶᠤᠯ ᠤᠨ ᠦᠢᠯᠡᠴᠢᠯᠡᠭᠡ ᠬᠠᠩᠭᠠᠨ᠎ᠠ᠃ | ᠲᠡᠯᠡᠬᠡᠢ ᠶᠢᠨ ᠡᠯᠡᠰᠦᠨ ᠴᠦᠯ ᠤᠨ ᠦᠵᠦᠮ ᠤᠨ ᠠᠷᠢᠬᠢᠨ ᠤ ᠰᠣᠶᠤᠯ ᠤᠨ ᠨᠠᠶᠢᠷ ᠵᠡᠷᠭᠡ ᠴᠢᠬᠤᠯᠠ ᠬᠦᠳᠡᠯᠭᠡᠭᠡᠨ ᠢ | ᠰᠠᠶᠢᠲᠤᠷ ᠡᠷᠭᠢᠯᠡᠵᠦ᠂ ᠣᠷᠠᠨ ᠪᠢᠴᠢᠯᠭᠡ ᠵᠡᠷᠭᠡ ᠰᠣᠶᠤᠯ ᠤᠨ ᠠᠵᠤ ᠦᠢᠯᠡᠰ ᠢ ᠬᠦᠴᠦᠳᠡᠢ ᠬᠦᠭᠵᠢᠬᠦᠯᠦᠨ᠎ᠡ᠃ | ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠢ ᠦᠷᠭᠡᠨ ᠦᠷᠨᠢᠬᠦᠯᠵᠦ᠂ ᠤᠯᠠᠨ ᠨᠡᠶᠢᠳᠡ ᠶᠢᠨ ᠪᠡᠶ᠎ᠡ | ᠲᠠᠮᠢᠷ ᠤᠨ ᠤᠷᠳᠣᠨ ᠢ ᠦᠨ᠎ᠡ ᠲᠦᠯᠦᠪᠦᠷᠢ ᠦᠭᠡᠢ ᠪᠠᠷ ᠨᠡᠶᠢᠭᠡᠮ ᠳᠤ ᠴᠢᠯᠦᠭᠡᠲᠡᠢ ᠨᠡᠭᠡᠭᠡᠬᠦ ᠶᠢ ᠠᠭᠢᠭᠤᠯᠤᠨ᠎ᠠ᠃ | ᠦᠬᠠᠢ ᠶᠢᠨ ᠣᠯᠠᠨ ᠣᠯᠣᠰ ᠤᠨ ᠮᠠᠷᠠᠽᠣᠨ ᠵᠡᠷᠭᠡ ᠰᠢᠷᠢᠰ ᠪᠡᠶ᠎ᠡ ᠲᠠᠮᠢᠷ ᠤᠨ ᠣᠷᠣᠯᠳᠣᠭᠠᠨ ᠢ ᠡᠷᠭᠢᠯᠡᠵᠦ᠂ ᠪᠡᠶ᠎ᠡ | ᠲᠠᠮᠢᠷ ᠤᠨ ᠠᠵᠤ ᠦᠢᠯᠡᠰ ᠤᠨ ᠬᠦᠭᠵᠢᠯᠳᠡ ᠶᠢ ᠲᠠᠶᠢᠴᠢᠯᠠᠨ᠎ᠠ᠃ | ᠨᠡᠶᠢᠭᠡᠮ ᠤᠨ ᠵᠠᠰᠠᠨ ᠴᠡᠭᠴᠡᠯᠡᠯᠳᠡ ᠶᠢᠨ ᠰᠢᠰᠲ᠋ᠧᠮᠵᠢ ᠶᠢ ᠲᠡᠭᠦᠯᠳᠡᠷᠵᠢᠬᠦᠯᠦᠨ᠎ᠡ᠃ ᠨᠡᠶᠢᠭᠡᠮ ᠲᠤᠭᠤᠷᠢᠭ ᠤᠨ | ᠦᠢᠯᠡᠴᠢᠯᠡᠭᠡᠨ ᠤ ᠴᠢᠳᠠᠮᠵᠢ ᠶᠢ ᠪᠦᠷᠢᠨᠰᠢᠬᠦᠯᠵᠦ᠂ ᠰᠦᠯᠵᠢᠶᠡᠵᠢᠭᠰᠡᠨ ᠬᠠᠮᠢᠶᠠᠷᠣᠯᠳᠠ᠂ ᠨᠡᠶᠢᠬᠡᠮᠴᠢᠯᠡᠭᠰᠡᠨ | ᠦᠢᠯᠡᠴᠢᠯᠡᠭᠡ ᠶᠢ ᠬᠡᠷᠡᠭᠵᠢᠬᠦᠯᠵᠦ᠂ ᠨᠡᠶᠢᠭᠡᠮ ᠤᠨ ᠵᠠᠰᠠᠨ ᠴᠡᠭᠴᠡᠯᠡᠯᠳᠡ ᠶᠢᠨ ᠭᠤᠤᠯᠳᠠᠯᠭ᠎ᠠ ᠪᠠᠨ ᠦᠨᠳᠦᠰᠦᠨ ᠱᠠᠲᠤ | ᠲᠡᠰᠢ ᠰᠢᠯᠵᠢᠬᠦᠯᠦᠨ᠎ᠡ᠃ ︽ᠲᠤᠯᠤᠳᠣᠭᠠᠷ ᠲᠠᠪᠤᠨ ᠵᠢᠯ︾ ᠤᠨ ᠬᠠᠣᠯᠢ ᠲᠦᠭᠡᠮᠡᠯᠵᠢᠬᠦᠯᠬᠦ ᠣᠬᠠᠭᠤᠯᠭ᠎ᠠ ᠶᠢ ᠯᠠᠪᠳᠠᠭᠤᠨ | ᠪᠠᠲᠤᠳᠠᠢ ᠦᠷᠨᠢᠬᠦᠯᠵᠦ᠂᠂ ᠪᠦᠬᠦ ᠨᠡᠶᠢᠭᠡᠮ ᠤᠨ ᠬᠠᠣᠯᠢ ᠪᠠᠷ ᠵᠠᠰᠠᠬᠤ ᠤᠬᠠᠮᠰᠠᠷ ᠢ ᠦᠨᠡᠨᠬᠦ ᠲᠡᠭᠡᠭᠰᠢᠯᠡᠬᠦᠯᠦᠨ᠎ᠡ᠃ | ᠨᠡᠶᠢᠭᠡᠮ ᠤᠨ ᠠᠮᠣᠷ ᠲᠤᠭᠳᠠᠭᠤᠨ ᠤ ᠰᠡᠷᠭᠡᠶᠢᠯᠡᠯᠳᠡ ᠶᠢ ᠴᠢᠩᠭᠠᠳᠬᠠᠵᠦ᠂ ᠬᠠᠷ᠎ᠠ ᠪᠦᠯᠦᠭᠳᠡᠨ ᠬᠠᠷᠭᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠢ ᠬᠦᠨᠵᠡᠭᠡᠢ ᠠᠬᠢᠭᠤᠯᠵᠤ᠂ ᠡᠩᠭᠡ ᠲᠠᠶᠢᠪᠤᠩ ᠦᠬᠠᠢ ᠶᠢᠨ ᠪᠦᠲᠦᠭᠡᠨ | ᠪᠠᠶᠢᠭᠤᠯᠤᠯᠳᠠ ᠪᠠᠨ ᠲᠦᠷᠭᠡᠳᠭᠡᠨ᠎ᠡ᠃ ᠢᠳᠡᠭᠡᠨ ᠵᠦᠢᠯ ᠡᠮ ᠤᠨ ᠵᠦᠢᠯ ᠤᠨ ᠬᠢᠨᠠᠯᠳᠠ ᠬᠠᠮᠢᠶᠠᠷᠣᠯᠳᠠ ᠶᠢᠨ | ᠲᠤᠭᠳᠠᠯᠴᠠᠭ᠎ᠠ ᠶᠢ ᠪᠦᠷᠢᠨᠰᠢᠬᠦᠯᠵᠦ᠂ ᠣᠯᠣᠰ ᠤᠨ ᠢᠳᠡᠭᠡᠨ ᠤ ᠵᠦᠢᠯ ᠤᠨ ᠠᠶᠤᠯᠭᠦᠢ ᠵᠢᠱᠢᠶ᠎ᠡ ᠦᠵᠡᠭᠦᠯᠬᠦ ᠬᠤᠳᠠ | ᠶᠢ ᠴᠤᠭᠴᠠᠯᠠᠨ᠎ᠠ᠃ | ᠲᠦᠯᠦᠭᠡᠯᠡᠭᠴᠢᠳ ᠡ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠣᠷᠠᠯ ᠤᠨ ᠬᠦᠰᠡᠯ ᠮᠦᠷᠦᠭᠡᠲᠤᠯ ᠪᠤᠯ | ᠮᠠᠨ ᠤ ᠲᠡᠮᠡᠴᠡᠯ ᠤᠨ ᠬᠠᠷᠠᠯᠳᠠ ᠮᠦᠨ᠃ ᠪᠢᠳᠡ ᠠᠷᠠᠳ ᠤᠨ ᠠᠮᠢᠲᠤᠷᠠᠯ ᠤᠨ ᠣᠷᠣᠭᠤᠯᠣᠯᠳᠠ ᠪᠠᠨ ᠲᠠᠰᠣᠷᠠᠯᠳᠠ | ᠦᠭᠡᠢ ᠨᠡᠮᠡᠭᠳᠡᠭᠦᠯᠵᠦ᠂ ᠣᠯᠠᠨ ᠲᠦᠮᠡᠨ ᠤ ᠬᠠᠮᠤᠭ ᠠᠴᠠ ᠰᠡᠳᠭᠢᠯ ᠲᠠᠯᠪᠢᠳᠠᠭ᠂ ᠬᠠᠮᠤᠭ ᠠᠴᠠ ᠰᠢᠭᠤᠳ᠂ | ᠬᠠᠮᠤᠭ ᠠᠴᠠ ᠪᠤᠳᠠᠳᠠᠢ ᠠᠰᠢᠭ ᠲᠤᠰᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠤᠨ ᠠᠮᠢᠲᠤᠷᠠᠯ | ᠤᠨ ᠲᠤᠳᠠᠭᠤᠳᠠᠯ ᠢ ᠪᠦᠬᠦ ᠬᠦᠴᠦᠨ ᠢᠶᠠᠷ ᠨᠦᠬᠦᠪᠦᠷᠢᠯᠡᠵᠦ᠂ ᠣᠯᠠᠨ ᠲᠦᠮᠡᠨ ᠤ ᠬᠦᠷᠳᠡᠮᠵᠢ ᠶᠢᠨ ᠲᠦᠷᠦᠭᠳᠡᠯ ᠢ | ᠨᠡᠩ ᠲᠡᠭᠦᠯᠳᠡᠷ᠂ ᠵᠢᠷᠭᠠᠯᠲᠤ ᠲᠦᠷᠦᠭᠳᠡᠯ ᠢ ᠨᠡᠩ ᠦᠨᠡᠨᠴᠢ᠂ ᠠᠮᠤᠷ ᠲᠦᠪᠰᠢᠨ ᠲᠦᠷᠦᠭᠳᠡᠯ ᠢ ᠨᠡᠩ ᠯᠠᠪᠳᠠᠭᠤᠨ | ᠪᠤᠯᠭᠠᠨ᠎ᠠ︕ | ︵ᠲᠤᠯᠤᠭ᠎ᠠ︶ ᠲᠤᠰ ᠪᠡᠶ᠎ᠡ ᠶᠢᠨ ᠪᠦᠲᠦᠭᠡᠨ ᠪᠠᠶᠢᠭᠤᠯᠤᠯᠳᠠ ᠪᠠᠨ ᠴᠢᠩᠭᠠᠳᠬᠠᠨ ᠪᠠᠳᠣᠳᠬᠠᠬᠤ ᠶᠢ | ᠪᠠᠷᠢᠮᠳᠠᠯᠠᠨ᠂ ᠠᠷᠠᠳ ᠤᠨ ᠲᠦᠯᠦᠭᠡ ᠪᠤᠳᠠᠳᠠᠢ ᠶᠢ ᠡᠷᠭᠢᠮᠯᠡᠬᠦ ᠠᠷᠢᠭᠤᠨ ᠴᠢᠭᠡᠴᠢ ᠺᠠᠳ᠋ᠷ ᠤᠨ ᠡᠩᠨᠡᠭᠡ ᠶᠢ | ᠪᠠᠶᠢᠭᠤᠯᠤᠨ᠎ᠠ | ᠰᠢᠨ᠎ᠡ ᠨᠢᠭᠡᠨ ᠵᠢᠯ ᠳᠤ᠂ ᠪᠢᠳᠡ ᠨᠡᠩ ᠶᠡᠭᠡ ᠬᠦᠰᠡᠯ ᠡᠷᠡᠮᠡᠯᠵᠡᠯ ᠢ ᠠᠴᠢᠶᠠᠯᠠᠵᠦ᠂ ᠨᠡᠩ ᠶᠡᠭᠡ | ᠬᠠᠷᠢᠭᠤᠴᠠᠯᠭ᠎ᠠ ᠶᠢ ᠡᠭᠦᠷᠭᠡᠯᠡᠨᠡᠮ᠃ ᠪᠢᠳᠡ ᠲᠤᠰ ᠪᠡᠶ᠎ᠡ ᠶᠢᠨ ᠪᠦᠲᠦᠭᠡᠨ ᠪᠠᠶᠢᠭᠤᠯᠤᠯᠳᠠ ᠪᠠᠨ ᠲᠠᠰᠣᠷᠠᠯᠳᠠ ᠦᠭᠡᠢ | ᠴᠢᠩᠭᠠᠳᠬᠠᠵᠦ᠂ ᠡᠷᠡᠰ ᠪᠠᠲᠤ ᠤᠯᠤᠰ ᠲᠦᠷᠦ ᠶᠢᠨ ᠵᠤᠭᠰᠣᠯᠳᠠ ᠲᠠᠢ᠂ ᠡᠷᠡᠰ ᠪᠠᠲᠤ ᠡᠷᠳᠡᠮ ᠴᠢᠳᠠᠪᠤᠷᠢ ᠲᠠᠢ᠂ | ᠡᠷᠡᠰ ᠪᠠᠲᠤ ᠬᠠᠷᠢᠭᠤᠴᠠᠯᠭ᠎ᠠ ᠲᠠᠢ᠂ ᠲᠦᠪ ᠴᠢᠩᠭ᠎ᠠ ᠣᠪᠣᠷ ᠰᠣᠷᠳᠠᠯ ᠲᠠᠢ ᠪᠠᠶᠢᠬᠤ ᠶᠢ ᠪᠠᠲᠤᠯᠠᠵᠦ᠂ ᠡᠯ᠎ᠡ ᠲᠦᠷᠦᠯ | ᠤᠨ ᠠᠵᠢᠯ ᠢ ᠰᠢᠨ᠎ᠡ ᠪᠠᠶᠢᠳᠠᠯ ᠲᠠᠢ ᠪᠤᠯᠭᠠᠬᠤ ᠪᠠᠷ ᠬᠦᠴᠦᠯᠡᠨ ᠡᠬᠦᠳᠦᠨ᠎ᠡ᠃ ᠬᠠᠤᠯᠢ ᠶᠤᠰᠣᠭᠠᠷ ᠵᠠᠰᠠᠭ | ᠶᠠᠪᠤᠭᠤᠯᠵᠤ ᠡᠷᠭᠡ ᠬᠠᠷᠢᠭᠤᠴᠠᠯᠭ᠎ᠠ ᠪᠠᠨ ᠲᠤᠳᠣᠷᠬᠠᠶᠢᠯᠠᠨ᠎ᠠ᠃ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ | ᠤᠨ ᠬᠠᠤᠯᠢ ᠴᠠᠭᠠᠵᠠ ᠶᠢᠨ ᠬᠢᠨᠠᠯᠳᠠ᠂ ᠠᠵᠢᠯ ᠤᠨ ᠬᠢᠨᠠᠯᠳᠠ ᠶᠢ ᠬᠠᠤᠯᠢ ᠶᠤᠰᠣᠭᠠᠷ ᠬᠦᠯᠢᠶᠡᠵᠦ᠂ ᠣᠯᠣᠰ ᠲᠦᠷᠦ | ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠳᠠ ᠶᠢ ᠣᠬᠠᠮᠰᠠᠷ ᠲᠠᠢ ᠬᠦᠯᠢᠶᠡᠵᠦ᠂ ᠬᠦᠨᠲᠤ ᠴᠢᠬᠤᠯᠠ ᠵᠦᠢᠯᠡᠰ ᠢ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠢᠳᠡᠪᠬᠢᠳᠡᠢ ᠮᠡᠳᠡᠭᠦᠯᠵᠦ᠂ ᠭᠤᠤᠯᠳᠠᠯᠭᠠᠲᠤ ᠠᠵᠢᠯ ᠢ ᠣᠯᠣᠰ | ᠲᠦᠷᠦ ᠶᠢᠨ ᠵᠦᠪᠯᠡᠯᠭᠡᠨ ᠯᠤᠭ᠎ᠠ ᠢᠳᠡᠪᠬᠢᠳᠡᠢ ᠵᠦᠪᠳᠡᠯᠴᠡᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠤᠨ ᠰᠠᠨᠠᠭᠤᠯᠭ᠎ᠠ ᠪᠠ ᠣᠯᠣᠰ ᠲᠦᠷᠦ ᠶᠢᠨ ᠵᠦᠪᠯᠡᠯᠭᠡᠨ ᠤ ᠰᠠᠨᠠᠯ ᠵᠦᠪᠯᠡᠯᠭᠡ ᠶᠢ ᠴᠢᠨᠠᠷ ᠰᠠᠶᠢᠲᠠᠢ ᠬᠦᠢᠴᠡᠳᠭᠡᠨ᠎ᠡ᠃ | ᠬᠢᠨᠠᠨ ᠪᠠᠶᠢᠴᠠᠭᠠᠬᠤ ᠵᠦᠪᠯᠡᠯ᠂ ᠰᠢᠬᠦᠬᠦ ᠬᠤᠷᠢᠶ᠎ᠠ ᠪᠠ ᠪᠠᠶᠢᠴᠠᠭᠠᠬᠤ ᠬᠤᠷᠢᠶᠠᠨ ᠤ ᠠᠵᠢᠯ ᠢ ᠲᠡᠮᠵᠢᠵᠦ᠂ ᠬᠢᠨᠠᠨ | ᠪᠤᠲᠤᠬᠤ ᠬᠢᠨᠠᠯᠳᠠ ᠶᠢ ᠴᠢᠩᠭᠠᠳᠬᠠᠨ᠎ᠠ᠃ ᠬᠠᠣᠯᠢ ᠳᠤ ᠲᠤᠭᠳᠠᠭᠠᠭᠰᠠᠨ ᠡᠷᠭᠡ ᠶᠢᠨ ᠬᠢᠵᠠᠭᠠᠷ ᠤᠨ ᠴᠢᠩᠭ᠎ᠠ | ᠱᠠᠭᠠᠷᠳᠠᠯᠭ᠎ᠠ ᠶᠤᠰᠣᠭᠠᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠨ᠂ ᠡᠷᠭᠡ ᠪᠠᠨ ᠬᠡᠷᠡᠭᠵᠢᠬᠦᠯᠵᠦ᠂ ᠬᠠᠣᠯᠢ ᠪᠠᠷ | ᠵᠠᠰᠠᠬᠤ ᠰᠡᠳᠬᠢᠬᠦᠢ ᠶᠢ ᠠᠰᠢᠭᠯᠠᠵᠤ ᠠᠰᠠᠭᠤᠳᠠᠯ ᠢ ᠰᠢᠢᠳᠪᠦᠷᠢᠯᠡᠨ᠂ ᠵᠦᠷᠢᠴᠡᠯ ᠢ ᠦᠬᠡᠶᠢᠰᠬᠡᠵᠦ᠂ ᠬᠠᠣᠯᠢ ᠳᠤ | ᠲᠤᠭᠳᠠᠭᠠᠭᠰᠠᠨ ᠡᠷᠭᠡ ᠬᠠᠷᠢᠭᠤᠴᠠᠯᠭ᠎ᠠ ᠶᠢ ᠦᠨᠳᠦᠰᠦᠯᠡᠵᠦ᠂ ᠰᠢᠨᠵᠢᠯᠡᠬᠦ ᠤᠬᠠᠭᠠᠨᠴᠢ ᠰᠢᠢᠳᠪᠦᠷᠢ ᠭᠠᠷᠭᠠᠨ᠂ | ᠬᠦᠭᠵᠢᠯᠳᠡ ᠶᠢ ᠠᠬᠢᠭᠤᠯᠤᠨ᠎ᠠ᠃ ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠲᠦᠷᠢᠮ ᠢ ᠵᠠᠰᠠᠪᠤᠷᠢ | ᠤᠷᠤᠭᠤᠯᠤᠨ ᠲᠡᠭᠦᠯᠳᠡᠷᠵᠢᠬᠦᠯᠵᠦ᠂ ᠵᠠᠰᠠᠭ ᠤᠨ ᠣᠷᠳᠣᠨ ᠤ ᠠᠵᠢᠯ ᠤᠨ ᠵᠢᠷᠣᠮᠵᠢᠭᠰᠠᠨ ᠪᠠ ᠲᠦᠷᠢᠮᠵᠢᠭᠰᠡᠨ | ᠲᠦᠪᠰᠢᠨ ᠢ ᠲᠡᠭᠡᠭᠰᠢᠯᠡᠬᠦᠯᠦᠨ᠎ᠡ᠃ ᠲᠦᠪ ᠭᠤᠤᠯᠴᠢ ᠠᠷᠢᠭᠤᠨ ᠴᠢᠭᠡᠴᠢ ᠬᠡᠪ ᠲᠦᠷᠢ ᠪᠤᠢ ᠪᠤᠯᠭᠠᠨ᠎ᠠ᠃ ᠨᠠᠮ ᠤᠨ | ᠰᠣᠷᠳᠠᠯ ᠴᠢᠭᠡᠴᠢ ᠵᠠᠰᠠᠭ ᠤᠨ ᠪᠦᠲᠦᠭᠡᠨ ᠪᠠᠶᠢᠭᠤᠯᠤᠯᠳᠠ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠪᠠ ︽ᠨᠢᠭᠡ | ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠦᠨᠡᠨᠬᠦ ᠬᠦᠢᠴᠡᠳᠭᠡᠵᠦ᠂ ᠠᠷᠢᠭᠤᠨ ᠴᠢᠭᠡᠴᠢ ᠪᠠᠷ ᠵᠠᠰᠠᠭ ᠪᠠᠷᠢᠬᠤ | ᠱᠠᠭᠠᠷᠳᠠᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠲᠤᠤᠱᠯᠠᠭᠤᠯᠵᠤ᠂ ᠡᠯ᠎ᠡ | ᠲᠦᠷᠦᠯ ᠤᠨ ᠲᠦᠪ ᠪᠤᠰᠣ ᠰᠣᠷᠳᠠᠯ ᠪᠠ ᠢᠯᠵᠠᠷᠠᠨ ᠲᠤᠷᠤᠶᠢᠳᠠᠭᠰᠠᠨ ᠠᠰᠠᠭᠤᠳᠠᠯ ᠢ ᠴᠢᠩᠭ᠎ᠠ ᠪᠠᠶᠢᠴᠠᠭᠠᠨ | ᠰᠢᠢᠳᠪᠦᠷᠢᠯᠡᠨ᠎ᠡ᠃ ᠡᠷᠭᠡ ᠶᠠᠪᠤᠭᠤᠯᠬᠤ ᠶᠢ ᠬᠢᠵᠠᠭᠠᠷᠯᠠᠬᠤ ᠬᠢᠨᠠᠯᠳᠠ ᠶᠢ ᠴᠢᠩᠭᠠᠳᠬᠠᠵᠦ᠂ ᠢᠨᠵᠧᠨᠧᠷᠢᠩ ᠤᠨ | ᠪᠦᠲᠦᠭᠡᠨ ᠪᠠᠶᠢᠭᠤᠯᠤᠯᠳᠠ᠂ ᠭᠠᠵᠠᠷ ᠰᠢᠷᠣᠢ ᠰᠢᠯᠵᠢᠬᠦᠯᠦᠨ ᠬᠤᠳᠠᠯᠳᠣᠬᠤ᠂ ᠵᠠᠰᠠᠭ ᠤᠨ ᠣᠷᠳᠣᠨ ᠤ ᠬᠤᠳᠠᠯᠳᠣᠨ | ᠠᠪᠬᠤ ᠵᠡᠷᠭᠡ ᠭᠤᠤᠯᠳᠠᠯᠭᠠᠲᠤ ᠬᠤᠷᠢᠶ᠎ᠡ ᠬᠡᠪᠴᠢᠶᠡᠨ ᠤ ᠴᠢᠭᠡᠴᠢ ᠵᠠᠰᠠᠭ ᠤᠨ ᠲᠦᠭᠰᠢᠬᠦᠷᠢ ᠶᠢ ᠡᠵᠡᠮᠳᠡᠬᠦ | ᠲᠤᠭᠳᠠᠯᠴᠠᠭ᠎ᠠ ᠶᠢ ᠪᠦᠷᠢᠨᠰᠢᠬᠦᠯᠵᠦ᠂ ᠵᠠᠰᠠᠭ ᠤᠨ ᠣᠷᠳᠣᠨ ᠤ ᠠᠷᠢᠭᠤᠨ ᠴᠢᠭᠡᠴᠢ ᠮᠦᠨ ᠴᠢᠨᠠᠷ ᠪᠠ ᠰᠢᠯᠢᠳᠡᠭ | ᠰᠠᠶᠢᠨ ᠬᠡᠪ ᠲᠦᠷᠢ ᠪᠠᠨ ᠪᠠᠷᠢᠮᠳᠠᠯᠠᠨ᠎ᠠ᠃ ᠠᠵᠢᠯᠰᠠᠭ ᠢᠶᠠᠷ ᠵᠠᠰᠠᠭ ᠪᠠᠷᠢᠵᠦ ᠠᠷᠠᠳ ᠤᠨ ᠲᠦᠯᠦᠭᠡ ᠪᠤᠳᠠᠲᠤ ᠬᠡᠷᠡᠭ | ᠬᠦᠢᠴᠡᠳᠭᠡᠨ᠎ᠡ᠃ ᠣᠯᠠᠨ ᠲᠦᠮᠡᠨ ᠤ ᠠᠩᠬᠠᠷᠣᠯ ᠢᠶᠠᠨ ᠲᠡᠭᠡᠲᠤ ᠬᠡᠮᠵᠢᠶ᠎ᠡ ᠪᠠᠷ ᠲᠦᠪᠯᠡᠷᠡᠭᠦᠯᠵᠦ ᠪᠠᠶᠢᠭ᠎ᠠ ᠨᠡᠶᠢᠭᠡᠮ | ᠤᠨ ᠠᠷᠠᠳ ᠤᠨ ᠠᠮᠢᠲᠤᠷᠠᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠤᠳᠠᠳᠣ ᠠᠵᠢᠯᠯᠠᠭ᠎ᠠ ᠪᠠᠷ ᠣᠯᠠᠨ | ᠲᠦᠮᠡᠨ ᠤ ᠬᠦᠰᠡᠯ ᠡᠷᠡᠮᠡᠯᠵᠡᠯ ᠢ ᠢᠳᠡᠪᠭᠢᠳᠡᠢ ᠬᠠᠷᠢᠭᠤᠯᠵᠤ᠂ ᠣᠯᠠᠨ ᠲᠦᠮᠡᠨ ᠳᠤ ᠨᠡᠩ ᠤᠯᠠᠨ ᠬᠠᠷᠠᠭᠠᠯᠵᠠᠯ | ᠬᠦᠷᠳᠡᠭᠡᠨ᠎ᠡ᠃ ︽12345︾ ᠬᠤᠳᠠ ᠶᠢᠨ ᠠᠷᠠᠳ ᠤᠨ ᠦᠢᠯᠡᠴᠢᠯᠡᠭᠡᠨ ᠤ ᠬᠠᠯᠠᠮᠰᠢᠯ ᠣᠳᠠᠰᠣᠨ ᠤ ᠦᠢᠯᠡᠳᠦᠯ ᠢ | ᠬᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠪᠠ ᠣᠯᠠᠨ ᠲᠦᠮᠡᠨ ᠢ ᠬᠤᠯᠪᠤᠬᠤ ︽ᠬᠥᠭᠦᠷᠭᠡ︾ ᠶᠢ | ᠪᠠᠶᠢᠭᠤᠯᠤᠨ᠎ᠠ᠃ ᠵᠠᠰᠠᠭ ᠤᠨ ᠶᠠᠪᠤᠳᠠᠯ ᠢ ᠢᠯᠡ ᠪᠤᠯᠭᠠᠬᠤ ᠬᠡᠪᠴᠢᠶ᠎ᠡ ᠪᠠᠨ ᠦᠷᠭᠡᠳᠭᠡᠵᠦ᠂ ᠣᠯᠠᠨ ᠲᠦᠮᠡᠨ ᠤ | ᠪᠠᠶᠢᠳᠠᠯ ᠢ ᠮᠡᠳᠡᠭᠦ ᠡᠷᠭᠡ᠂ ᠣᠷᠣᠯᠴᠠᠬᠤ ᠡᠷᠭᠡ ᠪᠠ ᠬᠢᠨᠠᠯᠳᠠ ᠲᠠᠯᠪᠢᠬᠤ ᠡᠷᠭᠡ ᠶᠢ ᠬᠦᠢᠴᠡᠳ ᠪᠠᠲᠤᠯᠠᠨ᠎ᠠ᠃ ᠬᠡᠪ | ᠰᠣᠷᠳᠠᠯ ᠢᠶᠠᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠯᠳᠠ ᠪᠠᠨ ᠰᠠᠶᠢᠲᠤᠷ ᠠᠳᠬᠤᠨ᠎ᠠ᠃ ᠲᠦᠪ ᠬᠤᠷᠢᠶᠠᠨ ᠤ | ᠨᠠᠢᠮᠠᠨ ᠲᠤᠭᠳᠠᠭᠠᠯ ᠵᠢᠴᠢ ᠬᠡᠷᠡᠭᠵᠢᠬᠦᠯᠬᠦ ᠨᠠᠷᠢᠨ ᠲᠦᠷᠢᠮ᠂ ᠦᠪᠡᠷᠳᠡᠭᠡᠨ ᠵᠠᠰᠠᠬᠤ ᠤᠷᠤᠨ ᠤ ᠲᠦᠭᠦᠷᠵᠢᠬᠦᠯᠦᠭᠰᠡᠨ | ᠠᠷᠭ᠎ᠠ ᠶᠢ ᠴᠢᠩᠭ᠎ᠠ ᠬᠡᠷᠡᠭᠵᠢᠬᠦᠯᠵᠦ᠂ ᠬᠡᠯᠪᠡᠷᠢᠴᠢ ᠦᠵᠡᠯ᠂ ᠨᠤᠶᠠᠨᠴᠢ ᠰᠣᠷᠳᠠᠯ ᠢ ᠡᠷᠡᠰ ᠰᠢᠭᠤᠷᠬᠠᠢ ᠠᠷᠢᠯᠭᠠᠨ᠎ᠠ᠃ | ︽ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠬᠡᠵᠢᠯᠡᠬᠦ︾ ᠭᠤᠤᠯ ᠰᠡᠲᠤᠪᠲᠤ | ᠬᠦᠮᠦᠵᠢᠯ ᠢ ᠬᠦᠨᠵᠡᠭᠡᠢ ᠦᠷᠨᠢᠬᠦᠯᠵᠦ᠂ ︽ᠬᠤᠶᠠᠷ ᠢ ᠰᠣᠷᠣᠯᠴᠠᠵᠤ ᠬᠢᠷᠢ ᠲᠡᠩᠴᠡᠩᠰᠡᠨ ᠨᠠᠮ ᠤᠨ ᠬᠡᠰᠢᠬᠦᠨ ᠪᠤᠯᠬᠤ︾ | ᠰᠣᠷᠣᠯᠴᠠᠯᠭ᠎ᠠ ᠬᠦᠮᠦᠵᠢᠯ ᠢ ᠪᠠᠶᠢᠩᠭᠤᠵᠢᠭᠤᠯᠤᠨ ᠲᠦᠷᠢᠮᠵᠢᠬᠦᠯᠬᠦ ᠶᠢ ᠠᠬᠢᠭᠤᠯᠤᠨ᠎ᠠ᠃ ︽ᠬᠡᠯᠡᠪᠡᠯ ᠬᠢᠬᠦ ᠬᠡᠷᠡᠭᠳᠡᠢ᠂ | ᠲᠤᠭᠳᠠᠪᠠᠯ ᠬᠢᠬᠦ ᠬᠡᠷᠡᠭᠳᠡᠢ᠂ ᠬᠢᠪᠡᠯ ᠰᠠᠶᠢᠲᠤᠷ ᠬᠢᠬᠦ ᠬᠡᠷᠡᠭᠳᠡᠢ︾ ᠬᠡᠬᠦ ᠪᠤᠳᠠᠳᠠᠢ ᠬᠢᠬᠦ ᠵᠤᠷᠢᠭ ᠰᠠᠨᠠᠭ᠎ᠠ ᠶᠢ ᠶᠡᠬᠡᠪᠡᠷ | ᠰᠣᠷᠳᠠᠯᠴᠢᠯᠠᠵᠤ᠂ ᠰᠢᠪᠲᠤᠯᠤᠯᠳᠠ ᠶᠢᠨ ᠲᠠᠶᠢᠯᠠᠯᠳᠣᠭᠠᠨ ᠢ ᠬᠢᠬᠦ ᠳᠡᠭᠡᠨ ᠭᠠᠷᠮᠠᠭᠠᠢ᠂ ᠬᠠᠳᠠᠨ ᠪᠠᠭᠠᠲᠤᠷ ᠤᠨ ᠵᠤᠷᠢᠭ | ᠰᠠᠨᠠᠭ᠎ᠠ ᠡᠪᠦᠷᠯᠡᠵᠦ᠂ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠬᠦᠴᠦᠨ ᠪᠠ ᠪᠠᠶᠢᠯᠳᠣᠬᠤ ᠬᠦᠴᠦᠨ ᠢᠶᠠᠨ | ᠲᠠᠰᠣᠷᠠᠯᠳᠠ ᠦᠭᠡᠢ ᠲᠡᠭᠡᠭᠰᠢᠯᠡᠬᠦᠯᠦᠨ᠎ᠡ᠃ ︽ᠵᠠᠯᠬᠠᠭᠤ ᠨᠤᠶᠠᠨ᠂ ᠪᠤᠯᠬᠢ ᠨᠤᠶᠠᠨ᠂ ᠨᠤᠮᠤᠬᠠᠨ ᠨᠤᠶᠠᠨ᠂ ᠣᠷᠠᠨ | ᠨᠤᠶᠠᠨ︾ ᠬᠡᠬᠦ ᠲᠦᠷᠪᠡᠨ ᠨᠤᠶᠠᠨ ᠤ ᠠᠰᠠᠭᠤᠳᠠᠯ ᠢ ᠲᠦᠪᠯᠡᠷᠡᠭᠦᠯᠦᠨ ᠴᠡᠭᠴᠡᠯᠡᠵᠦ᠂ ᠦᠯᠦ ᠠᠵᠢᠯᠯᠠᠬᠤ᠂ ᠣᠳᠠᠭᠠᠨ | ᠠᠵᠢᠯᠯᠠᠬᠤ᠂ ᠬᠠᠭᠤᠷᠮᠠᠭ ᠠᠵᠢᠯᠯᠠᠬᠤ᠂ ᠲᠤᠷ᠎ᠠ ᠪᠠᠷ ᠠᠵᠢᠯᠯᠠᠬᠤ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ᠪᠢᠴᠢᠭ ᠮᠠᠲ᠋ᠧᠷᠢᠶᠠᠯ ᠢ ᠰᠢᠯᠢᠳᠡᠭᠵᠢᠬᠦᠯᠦᠨ᠂ ᠬᠤᠷᠠᠯ ᠢ ᠴᠦᠭᠡᠳᠭᠡᠵᠦ᠂ ᠬᠤᠷᠠᠯ ᠤᠨ ᠲᠠᠯᠠᠪᠠᠢ ᠶᠢ ᠠᠬᠤᠢ ᠲᠠᠯᠠᠪᠠᠢ | ᠪᠤᠯᠭᠠᠨ᠂ ᠠᠵᠢᠯ ᠶᠠᠪᠤᠳᠠᠯ ᠪᠦᠬᠦᠨ ᠳᠤ ᠣᠷᠣᠮ ᠦᠯᠡᠳᠡᠭᠡᠬᠦ ᠠᠷᠭ᠎ᠠ ᠪᠠᠷᠢᠯ ᠢ ᠵᠠᠯᠠᠷᠠᠭᠤᠯᠵᠤ᠂ ᠨᠡᠩ ᠤᠯᠠᠨ ᠴᠠᠭ | ᠪᠠ ᠤᠷᠤᠨ ᠴᠢᠳᠠᠪᠤᠷᠢ ᠪᠠᠨ ᠨᠠᠶᠢᠳᠠᠪᠤᠷᠢᠵᠢᠭᠤᠯᠤᠯᠳᠠ ᠶᠢ ᠠᠳᠬᠤᠬᠤ ᠳᠤ ᠬᠡᠷᠡᠭᠯᠡᠨ᠎ᠡ᠃ ︽ᠬᠠᠳᠠᠭᠠᠰᠣ ᠬᠠᠳᠠᠬᠤ︾ | ᠵᠤᠷᠢᠭ ᠰᠠᠨᠠᠭ᠎ᠠ ᠶᠢ ᠪᠠᠳᠠᠷᠠᠭᠤᠯᠵᠤ᠂ ᠠᠵᠢᠯ ᠶᠠᠪᠤᠳᠠᠯ ᠢ ᠲᠠᠷᠠᠭ᠎ᠠ ᠲᠠᠷᠠᠭᠠᠯᠠᠨ ᠬᠦᠢᠴᠡᠳᠭᠡᠵᠦ᠂ ᠡᠯ᠎ᠡ ᠲᠦᠷᠦᠯ ᠤᠨ | ᠠᠵᠢᠯ ᠤᠨ ᠪᠤᠳᠠᠳᠠᠢ ᠳᠤ ᠨᠠᠶᠢᠳᠠᠪᠤᠷᠢᠵᠢᠭᠳᠠᠵᠤ᠂ ᠪᠤᠳᠠᠳᠠᠢ ᠦᠷ᠎ᠡ ᠠᠰᠢᠭ ᠤᠯᠬᠤ ᠶᠢ ᠦᠨᠡᠨᠬᠦ ᠪᠠᠲᠤᠯᠠᠨ᠎ᠠ᠃ | ᠲᠦᠯᠦᠭᠡᠯᠡᠭᠴᠢᠳ ᠡ᠂ ᠤᠳᠣᠬᠠᠨ ᠳᠤ ᠦᠬᠠᠢ ᠶᠠᠭ ᠰᠠᠶ᠋ᠢᠬᠠᠨ ᠰᠢᠨ᠎ᠡ ᠶᠢ ᠡᠬᠦᠳᠦᠨ ᠬᠦᠭᠵᠢᠬᠦ᠂ ᠬᠡᠯᠪᠡᠷᠢ | ᠬᠤᠪᠢᠷᠠᠭᠤᠯᠤᠨ ᠬᠦᠭᠵᠢᠬᠦ ᠵᠠᠩᠭᠢᠯᠠᠭ᠎ᠠ ᠶᠢᠨ ᠬᠤᠭᠤᠴᠠᠭᠠᠨ ᠳᠤ ᠤᠷᠤᠰᠢᠵᠦ᠂ 2019 ᠤᠨ ᠤ ᠵᠠᠰᠠᠭ ᠤᠨ | ᠣᠷᠳᠣᠨ ᠤ ᠠᠵᠢᠯ ᠢ ᠰᠠᠶᠢᠲᠤᠷ ᠬᠢᠬᠦ ᠳᠤ ᠡᠭᠦᠷᠭᠡ ᠬᠦᠨᠲᠤ᠂ ᠬᠠᠷᠢᠭᠤᠴᠠᠯᠭ᠎ᠠ ᠶᠡᠭᠡ ᠶᠤᠮ᠃ ᠪᠢᠳᠡ ᠰᠢ ᠶᠢᠨ ᠫᠢᠩ | ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠭᠳᠠᠷᠠᠨ ᠪᠦᠯᠬᠦᠮᠳᠡᠵᠦ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠣᠮ ᠤᠨ ᠦᠵᠡᠯ | ᠰᠠᠨᠠᠭᠠᠨ ᠤ ᠠᠭᠤᠤ ᠶᠡᠭᠡ ᠲᠤᠭ ᠢ ᠦᠨᠳᠦᠷ ᠮᠠᠨᠳᠣᠭᠤᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠤᠯᠤᠨ ᠬᠤᠳᠠ ᠶᠢᠨ ᠨᠠᠮ ᠤᠨ ᠬᠤᠷᠢᠶᠠᠨ ᠤ ᠴᠢᠩᠭ᠎ᠠ ᠬᠦᠴᠦᠳᠡᠢ ᠵᠢᠯᠤᠭᠤᠳᠣᠯᠭ᠎ᠠ ᠲᠤᠤᠷ᠎ᠠ | ᠰᠢᠷᠭᠠᠭᠤ ᠬᠠᠳᠠᠭᠤᠵᠢᠯᠳᠠᠢ ᠠᠵᠢᠯᠯᠠᠨ᠂ ᠵᠤᠷᠢᠭᠳᠠᠢ ᠪᠠᠷ ᠤᠷᠤᠭᠰᠢᠯᠠᠨ ᠲᠠᠪᠰᠢᠵᠦ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠬᠦᠯᠵᠦ᠂ ᠰᠢᠨ᠎ᠡ ᠴᠠᠭ ᠦᠶ᠎ᠡ ᠶᠢᠨ ᠦᠬᠠᠢ ᠶᠢᠨ ᠴᠢᠨᠠᠷ ᠰᠠᠶᠢᠳᠠᠢ ᠬᠦᠭᠵᠢᠬᠦ ᠰᠢᠨ᠎ᠡ ᠬᠠᠭᠤᠳᠠᠰᠣ ᠶᠢ | ᠪᠢᠴᠢᠭᠯᠡᠬᠦ ᠪᠠᠷ ᠴᠢᠷᠮᠠᠶᠢᠨ ᠲᠡᠮᠡᠴᠡᠵᠦ᠂ ᠰᠢᠯᠢᠳᠡᠭ ᠠᠮᠵᠢᠯᠳᠠ ᠪᠠᠷ ᠢᠶᠠᠨ ᠰᠢᠨ᠎ᠡ ᠲᠤᠮᠳᠠᠲᠤ ᠤᠯᠤᠰ | ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠪᠡᠯᠭᠡᠯᠡᠶ᠎ᠡ︕ | |