ᠬᠠᠶᠢᠷᠤᠪ ᠤᠨ ᠲᠤᠬᠤᠢ ᠲᠤᠭᠤᠷᠢᠭ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠭᠦ ᠶᠢ ᠴᠢᠬᠤᠯᠠᠴᠢᠯᠠᠵᠦ ᠪᠠᠶᠢᠨ᠎ᠠ
ᠨᠡᠶᠢᠲᠡᠯᠡᠭᠰᠡᠨ ᠴᠠᠭ᠄
2019-05-15
     ᠦᠨᠦ ᠵᠢᠯ ᠠᠴᠠ ᠨᠠᠰᠢ᠂ ᠬᠠᠶᠢᠷᠤᠪ ᠤᠨ ᠲᠤᠬᠤᠢ ᠲᠤᠭᠤᠷᠢᠭ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠭᠦ ᠶᠢ ᠴᠢᠬᠤᠯᠠᠴᠢᠯᠠᠨ᠂ ᠬᠢᠨᠠᠨ ᠵᠦᠪᠰᠢᠶᠡᠷᠡᠯ ᠤᠨ ᠲᠦᠷᠦᠯ ᠴᠦᠬᠡᠨ᠂ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠦᠨᠳᠦᠷ᠂ ᠦᠢᠯᠡᠴᠢᠯᠡᠭᠡᠨ ᠤ ᠶᠠᠰᠤ ᠴᠢᠨᠠᠷ ᠰᠢᠯᠢᠳᠡᠭ ᠵᠠᠰᠠᠭ ᠤᠨ ᠶᠠᠪᠤᠳᠠᠯ ᠤᠨ ᠤᠷᠴᠢᠨ ᠲᠤᠭᠤᠷᠢᠨ ᠢ ᠪᠦᠬᠦ ᠲᠠᠯ᠎ᠠ ᠪᠠᠷ ᠴᠤᠭᠴᠠᠯᠠᠵᠤ ᠪᠠᠶᠢᠨ᠎ᠠ᠃      ᠦᠨᠦ ᠵᠢᠯ ᠠᠴᠠ ᠨᠠᠰᠢ᠂ ᠬᠠᠶᠢᠷᠤᠪ ᠤᠨ ᠲᠤᠬᠤᠢ ᠲᠤᠭᠤᠷᠢᠭ ᠵᠠᠰᠠᠭ ᠢ ᠴᠤᠮᠬᠠᠳᠬᠠᠵᠤ ᠡᠷᠬᠡ ᠶᠢ ᠲᠠᠯᠪᠢᠬᠤ ᠂ ᠲᠠᠯᠪᠢᠬᠤ ᠪᠠ ᠬᠠᠮᠢᠶᠠᠷᠠᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠪᠤᠯᠤᠨ ᠭᠡᠷᠡᠴᠢ ᠪᠢᠴᠢᠭ ᠢ ᠪᠠᠭᠠᠰᠬᠠᠵᠤ ᠠᠷᠠᠳ ᠲᠤ ᠳᠦᠭᠦᠮ ᠦᠵᠡᠭᠦᠯᠬᠦ ᠳᠤ ᠠᠩᠬᠠᠷᠤᠯ ᠢᠶᠠᠨ ᠲᠦᠪᠯᠡᠷᠡᠭᠦᠯᠵᠦ᠂ ᠠᠵᠤ ᠦᠢᠯᠡᠰ ᠤᠨ ︽ᠬᠦᠯᠢᠶᠡᠰᠦ︾ ᠶᠢ ᠰᠤᠯᠠᠳᠬᠠᠵᠤ᠂ ᠤᠯᠠᠨ ᠲᠦᠮᠡᠨ ᠤ ︽ᠠᠷᠭᠠᠮᠵᠢᠶ᠎ᠠ ᠶᠢ ᠲᠠᠶᠢᠯᠠᠵᠤ︾᠂ ᠵᠠᠬ᠎ᠠ ᠳᠡᠯᠭᠡᠭᠦᠷ ᠲᠤ ︽ᠤᠷᠤᠨ ᠪᠠᠶᠢᠷᠢ︾ ᠭᠠᠷᠭᠠᠨ ᠦᠭᠴᠦ᠂ ᠨᠡᠩ ᠤᠯᠠᠨ ᠦᠭᠡᠷᠡᠴᠢᠯᠡᠯᠲᠡ ᠶᠢᠨ ᠠᠰᠢᠭ ᠬᠤᠨᠵᠢᠪᠦᠷᠢ ᠶᠢ ᠤᠯᠭᠤᠵᠠᠢ᠃ ᠤᠳᠤᠬᠠᠨ ᠳᠤ᠂ ᠬᠠᠶᠢᠷᠤᠪ ᠤᠨ ᠲᠤᠬᠤᠢ ᠲᠤᠭᠤᠷᠢᠭ ᠤᠨ ᠵᠠᠰᠠᠭ ᠵᠠᠬᠢᠷᠠᠭᠠᠨ ᠤ ᠬᠢᠨᠠᠨ ᠵᠦᠪᠰᠢᠶᠡᠷᠡᠬᠦ ᠲᠠᠢ ᠬᠤᠯᠪᠤᠭᠳᠠᠭᠰᠠᠨ ᠨᠢᠭᠡᠴᠡ 26 ᠪᠠᠶᠢᠵᠤ᠂ ᠵᠠᠰᠠᠭ ᠵᠠᠬᠢᠷᠠᠭᠠᠨ ᠤ ᠬᠢᠨᠠᠨ ᠵᠦᠪᠰᠢᠶᠡᠷᠡᠬᠦ ᠬᠡᠷᠡᠭ ᠤᠴᠢᠷ 127 ᠪᠠᠶᠢᠵᠤ᠂ ︽ᠨᠢᠭᠡ ᠰᠦᠯᠵᠢᠶᠡᠨ ᠳᠤ ᠪᠦᠬᠦᠨ ᠢ ᠰᠢᠢᠳᠪᠦᠷᠢᠯᠡᠬᠦ︾᠂ ︽ᠨᠢᠭᠡ ᠯᠡ ᠡᠭᠦᠳᠡᠨ︾ ᠳᠤ ᠤᠷᠤᠬᠤ᠂ ︽ᠬᠠᠮᠤᠭ ᠤᠨ ᠤᠯᠠᠨ ᠳᠠᠭᠠᠨ ᠨᠢᠭᠡ ᠯᠡ ᠤᠳᠠᠭ᠎ᠠ ᠭᠦᠶᠦᠬᠦ︾᠂ ᠬᠠᠤᠯᠢ ᠳᠦᠷᠢᠮ ᠤᠨ ᠦᠨᠳᠦᠰᠦᠯᠡᠯ ᠦᠭᠡᠢ ᠭᠡᠷᠡᠴᠢ  ᠶᠢ ︽ᠪᠦᠬᠦᠳᠡ ᠶᠢ ᠬᠦᠴᠦᠨ ᠦᠭᠡᠢ ᠪᠤᠯᠭᠠᠬᠤ︾ ᠶᠢ ᠪᠡᠶᠡᠯᠡᠭᠦᠯᠵᠦ᠂ 1 ᠠᠴᠠ 4  ᠰᠠᠷ᠎ᠠ ᠳᠤ᠂ ︽ᠵᠠᠰᠠᠭ ᠢ ᠴᠤᠮᠬᠠᠳᠬᠠᠵᠤ ᠡᠷᠬᠡ ᠶᠢ ᠲᠠᠯᠪᠢᠬᠤ︾ ᠦᠭᠡᠷᠡᠴᠢᠯᠡᠯᠲᠡ ᠶᠢᠨ ᠪᠠᠶᠢᠭᠤᠯᠭ᠎ᠠ ᠨᠢᠭᠡᠴᠡ ᠳᠤ ᠵᠠᠰᠠᠭ ᠵᠠᠬᠢᠷᠠᠭ᠎ᠠ ᠪᠤᠯᠤᠨ ᠦᠢᠯᠡᠴᠢᠯᠡᠭᠡᠨ ᠤ ᠬᠡᠷᠡᠭ ᠳᠦᠷᠦᠯ 12208 ᠶᠢ ᠰᠢᠢᠳᠪᠦᠷᠢᠯᠡᠵᠦ᠂ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ 95 % ᠠᠴᠠ  ᠳᠡᠭᠡᠭᠰᠢ ᠬᠦᠷᠦᠭᠰᠡᠨ ᠪᠠᠶᠢᠨ᠎ᠠ᠃
 
ᠢᠷᠡᠯᠲᠡ᠄ ᠦᠬᠠᠢ ᠶᠢᠨ ᠷᠠᠳᠢᠣ᠋ ᠲᠧᠯᠸᠢᠰ ᠬᠤᠷᠢᠶᠠᠨ ᠤ ᠮᠣᠩᠭᠤᠯ ᠨᠠᠶᠢᠷᠠᠭᠤᠯᠬᠤ ᠭᠡᠯᠲᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号