ᠮᠠᠨ ᠤ ᠬᠤᠲᠠ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢ ᠠᠵᠤ ᠠᠬᠤᠢ ᠶᠢᠨ ᠬᠡᠯᠪᠡᠷᠢ ᠪᠠᠨ | ᠬᠤᠪᠢᠷᠠᠭᠤᠯᠬᠤ ᠴᠢᠬᠤᠯᠠ ᠰᠢᠪᠲᠤᠯᠤᠯᠲᠠ ᠶᠢᠨ ᠴᠡᠭ ᠪᠤᠯᠭᠠᠨ᠂ ᠴᠢᠨᠠᠷ ᠰᠠᠶᠢᠲᠠᠢ ᠰᠡᠯᠡᠬᠦᠴᠡᠯ ᠤᠨ ᠬᠤᠲᠠ ᠶᠢ | ᠪᠦᠲᠦᠭᠡᠨ ᠪᠠᠶᠢᠭᠤᠯᠬᠤ ᠲᠤᠭᠤᠷᠢᠨ ᠳᠤ᠂ ᠪᠦᠬᠦ ᠬᠡᠪᠴᠢᠶᠡᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠭᠠᠵᠠᠷ ᠢ | ᠢᠳᠡᠪᠬᠢᠲᠡᠢ ᠪᠠᠶᠢᠭᠤᠯᠵᠤ ᠪᠠᠶᠢᠨ᠎ᠠ᠃ | ᠤᠶᠢᠷ᠎ᠠ ᠶᠢᠨ ᠵᠢᠯ ᠠᠴᠠ ᠨᠠᠰᠢ᠂ ᠮᠠᠨ ᠤ ᠬᠤᠲᠠ ᠳᠤᠮᠳᠠᠳᠤ ᠤᠯᠤᠰ ᠤᠨ ᠪᠠᠷᠠᠭᠤᠨ ᠤᠷᠤᠨ ᠤ | ᠵᠢᠭᠤᠯᠴᠢᠯᠠᠯ ᠤᠨ ᠴᠤᠭᠯᠠᠷᠠᠭᠤᠯᠤᠨ ᠬᠦᠷᠬᠡᠬᠦ ᠭᠠᠵᠠᠷ ᠪᠤᠯᠤᠨ ᠤᠯᠠᠨ ᠤᠯᠤᠰ ᠤᠨ ᠤᠨᠴᠠᠯᠢᠭᠲᠤ ᠵᠢᠭᠤᠯᠴᠢᠯᠠᠯ ᠤᠨ | ᠬᠠᠷᠠᠯᠲᠠ ᠶᠢᠨ ᠭᠠᠵᠠᠷ ᠪᠤᠯᠭᠠᠨ ᠪᠠᠶᠢᠭᠤᠯᠬᠤ ᠲᠤᠭᠤᠷᠢᠨ ᠳᠤ᠂ ᠪᠦᠬᠦ ᠬᠡᠪᠴᠢᠶᠡᠨ ᠤ ᠵᠢᠭᠤᠯᠴᠢᠯᠠᠯ᠂ ᠲᠦᠷᠪᠡᠨ | ᠤᠯᠠᠷᠢᠯ ᠤᠨ ᠵᠢᠭᠤᠯᠴᠢᠯᠠᠯ ᠢ ᠬᠦᠭᠵᠢᠭᠦᠯᠵᠦ᠂ ᠠᠭᠤᠯᠠ ᠲᠤᠭᠤᠷᠢᠭᠰᠠᠨ ᠨᠠᠭᠤᠷ ᠤᠨ ᠲᠦᠷᠦᠯ ᠵᠦᠢᠯ ᠢ | ᠲᠦᠷᠭᠡᠳᠭᠡᠨ ᠪᠦᠲᠦᠭᠡᠨ ᠪᠠᠶᠢᠭᠤᠯᠬᠤ ᠶᠢ ᠭᠤᠤᠯᠳᠠᠯᠭ᠎ᠠ ᠪᠠᠨ ᠪᠤᠯᠭᠠᠵᠤ᠂ ᠦᠬᠠᠢ ᠨᠠᠭᠤᠷ ᠢ ᠪᠦᠬᠦ ᠤᠯᠤᠰ ᠤᠨ | ᠵᠢᠭᠤᠯᠴᠢᠯᠠᠯ ᠰᠡᠯᠡᠭᠦᠴᠡᠯ ᠤᠨ ᠤᠷᠤᠨ ᠪᠤᠯᠭᠠᠨ ᠪᠠᠶᠢᠭᠤᠯᠬᠤ ᠪᠤᠯᠤᠨ ᠬᠠᠶᠢᠷᠤᠪ ᠤᠨ ᠲᠤᠬᠤᠢ ᠲᠤᠭᠤᠷᠢᠭ ᠢ ᠤᠯᠤᠰ | ᠤᠨ ᠪᠦᠬᠦ ᠬᠡᠪᠴᠢᠶᠡᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠤᠭᠤᠷᠢᠭ ᠪᠤᠯᠭᠠᠨ ᠪᠠᠶᠢᠭᠤᠯᠬᠤ ᠶᠢ ᠠᠬᠢᠭᠤᠯᠵᠤ᠂ | ᠪᠡᠶ᠎ᠡ ᠲᠠᠮᠢᠷ ᠤᠨ ᠨᠡᠷᠡᠲᠦ ᠳᠡᠮᠳᠡᠭᠲᠦ ᠤᠨ ᠪᠠᠶᠠᠷ ᠳᠤᠷᠠᠰᠬᠠᠯ ᠤᠨ ᠤᠷᠤᠯᠳᠤᠭᠠᠨ ᠤ ᠠᠵᠢᠯᠯᠠᠭ᠎ᠠ ᠶᠢ ᠴᠤᠭᠴᠠᠯᠠᠵᠤ᠂ | ᠮᠠᠨ ᠤ ᠬᠤᠲᠠ ᠶᠢᠨ ᠠᠯᠳᠠᠷᠰᠢᠯ ᠤᠨ ᠬᠡᠮᠵᠢᠶ᠎ᠡ ᠪᠤᠯᠤᠨ ᠰᠠᠶᠢᠰᠢᠶᠠᠯ ᠤᠨ ᠬᠡᠮᠵᠢᠶ᠎ᠡ ᠮᠡᠳᠡᠭᠳᠡᠮ᠎ᠡ ᠳᠡᠭᠡᠭᠰᠢᠯᠡᠵᠡᠢ᠃ | ᠤᠳᠤᠬᠠᠨ ᠳᠤ᠂ ᠮᠠᠨ ᠤ ᠬᠤᠲᠠ ᠬᠠᠲᠤᠨ ᠭᠤᠤᠯ ᠤᠨ ᠭᠡᠷᠡᠯᠲᠦ ᠰᠤᠪᠤᠳ᠂ ᠡᠯᠡᠰᠦᠨ ᠴᠦᠯ ᠤᠨ ᠨᠤᠭᠤᠭᠠᠨ | ᠪᠦᠷᠢᠲᠦ᠂ ᠬᠠᠷ᠎ᠠ ᠠᠯᠲᠠᠨ ᠤ ᠳᠠᠯᠠᠢ᠂ ᠤᠷᠠᠨ ᠪᠢᠴᠢᠯᠭᠡ ᠶᠢᠨ ᠬᠤᠲᠠ᠂ ᠴᠢᠯᠠᠭᠤ ᠰᠤᠨᠢᠷᠬᠠᠬᠤ ᠬᠤᠲᠠ᠂ ᠦᠵᠦᠮ | ᠤᠨ ᠦᠯᠦᠭᠡᠢ ᠭᠡᠬᠦ 6 ᠠᠯᠲᠠᠨ ᠨᠡᠷ᠎ᠡ ᠶᠢᠨ ᠬᠠᠭᠤᠳᠠᠰᠤ ᠶᠢ ᠨᠢᠭᠡᠨᠲᠡ ᠴᠤᠭᠴᠠᠯᠠᠵᠤ᠂ A ᠳᠡᠰ ᠤᠨ ᠦᠵᠡᠮᠵᠢ ᠶᠢᠨ | ᠤᠷᠤᠨ ᠨᠢᠭᠡᠨᠲᠡ 14 ᠪᠠᠶᠢᠵᠤ᠂ ᠡᠭᠦᠨ ᠳᠤ 4A ᠳᠡᠰ ᠤᠨ ᠦᠵᠡᠮᠵᠢ ᠶᠢᠨ ᠤᠷᠤᠨ 5 ᠪᠠᠶᠢᠵᠤ᠂ ᠪᠦᠬᠦ ᠬᠤᠲᠠ | ᠶᠢᠨ ᠵᠢᠭᠤᠯᠴᠢᠯᠠᠯ ᠤᠨ ᠦᠢᠯᠡᠰ ᠨᠢᠭᠡᠨᠲᠡ ᠪᠦᠬᠦ ᠬᠡᠪᠴᠢᠶᠡᠨ ᠳᠤ ᠬᠠᠩᠭᠠᠬᠤ ᠪᠤᠯᠤᠨ ᠪᠦᠲᠦᠭᠡᠭᠳᠡᠬᠦᠨ ᠤ ᠤᠯᠠᠨ | ᠡᠰᠢᠵᠢᠯ ᠤᠨ ᠰᠢᠨ᠎ᠡ ᠤᠨᠴᠠᠯᠢᠭ ᠢᠯᠡᠷᠡᠵᠡᠢ᠃ ᠦᠨᠦ ᠵᠢᠯ ᠤᠨ ᠨᠢᠭᠡᠳᠦᠭᠡᠷ ᠤᠯᠠᠷᠢᠯ ᠳᠤ᠂ ᠮᠠᠨ ᠤ ᠬᠤᠲᠠ ᠳᠤ | ᠢᠷᠡᠭᠰᠡᠨ ᠵᠢᠭᠤᠯᠴᠢᠳ ᠤᠨ ᠲᠤᠭ᠎ᠠ 76.9 ᠲᠦᠮᠡᠨ ᠬᠦᠮᠦᠨ ᠤᠳᠠᠭ᠎ᠠ ᠶᠢ ᠳᠠᠪᠠᠵᠤ᠂ ᠠᠳᠠᠯᠢ ᠬᠤᠭᠤᠴᠠᠭᠠᠨ ᠤ | ᠬᠢ ᠠᠴᠠ ᠪᠠᠨ 11.45 % ᠪᠠᠷ ᠨᠡᠮᠡᠭᠳᠡᠵᠦ᠂ ᠵᠢᠭᠤᠯᠴᠢᠯᠠᠯ ᠤᠨ ᠤᠷᠤᠯᠭ᠎ᠠ 17 ᠳ᠋ᠦᠩᠰᠢᠭᠤᠷ ᠲᠦᠭᠦᠷᠢᠭ ᠢ | ᠳᠠᠪᠠᠵᠤ᠂ ᠠᠳᠠᠯᠢ ᠬᠤᠭᠤᠴᠠᠭᠠᠨ ᠤ ᠬᠢ ᠠᠴᠠ ᠪᠠᠨ 17 % ᠪᠠᠷ ᠨᠡᠮᠡᠭᠳᠡᠵᠡᠢ᠃ | |