ᠤᠳᠠ ᠲᠤᠭᠤᠷᠢᠭ ᠬᠤᠲᠠ ᠶᠢᠨ ︽ᠲᠦᠷᠦᠯ ᠵᠤᠶᠢᠯ ᠤᠨ ᠪᠦᠲᠦᠭᠡᠨ ᠪᠠᠶᠢᠭᠤᠯᠤᠯᠲᠠ ᠶᠢᠨ ᠵᠢᠯ︾ ᠤᠨ ᠠᠵᠢᠯ ᠢ ᠤᠯᠠᠮ ᠨᠢᠭᠡ ᠠᠯᠬᠤᠮ ᠠᠬᠢᠭᠤᠯᠬᠤ ᠪᠠᠷ ᠪᠠᠶᠢᠭ᠎ᠠ
ᠨᠡᠶᠢᠲᠡᠯᠡᠭᠰᠡᠨ ᠴᠠᠭ᠄
2019-05-16
     ᠡᠨᠡ ᠵᠢᠯ ᠪᠤᠯ ᠮᠠᠨ ᠤ ᠬᠤᠲᠠ ᠶᠢᠨ ︽ᠲᠦᠷᠦᠯ ᠵᠤᠶᠢᠯ ᠤᠨ ᠪᠦᠲᠦᠭᠡᠨ ᠪᠠᠶᠢᠭᠤᠯᠤᠯᠲᠠ ᠶᠢᠨ ᠵᠢᠯ︾ ᠪᠠᠶᠢᠵᠦ᠂ ᠤᠳᠠ ᠲᠤᠭᠤᠷᠢᠭ ᠭᠤᠤᠯᠳᠠᠯᠭᠠᠲᠦ ᠲᠦᠷᠦᠯ ᠵᠤᠶᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠠᠵᠦ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠬᠦ ᠠᠬᠢᠴᠠ ᠶᠢ ᠲᠦᠷᠭᠡᠳᠬᠡᠵᠦ᠂ ᠠᠵᠦ ᠠᠬᠤᠢ ᠶᠢᠨ ᠦᠨᠳᠦᠷ ᠴᠢᠨᠠᠷ ᠴᠢᠨᠰᠠᠭᠠᠲᠦ ᠬᠦᠭᠵᠢᠯᠳᠡ ᠶᠢ ᠪᠡᠶᠡᠯᠡᠬᠦᠯᠵᠡᠢ᠃ ᠡᠨᠡ ᠵᠢᠯ᠂ ᠤᠲᠠ ᠲᠤᠭᠤᠷᠢᠭ ᠤᠨ ᠬᠠᠪᠤᠷ ᠤᠨ ᠤᠯᠠᠷᠢᠯ ᠳᠤ ᠠᠵᠢᠯ ᠡᠬᠢᠯᠡᠬᠦᠯᠦᠭᠰᠡᠨ ᠠᠵᠦ ᠤᠶᠢᠯᠡᠳᠪᠦᠷᠢ ᠶᠢᠨ ᠭᠤᠤᠯᠳᠠᠯᠭ᠎ᠠ  ᠲᠠᠢ ᠲᠦᠷᠦᠯ ᠵᠤᠶᠢᠯ 22 ᠲᠦᠷᠦᠯ ᠪᠠᠶᠢᠵᠦ᠂ 12 ᠰᠢᠨ᠎ᠡ ᠪᠠᠷ ᠪᠠᠶᠢᠭᠤᠯᠬᠤ ᠲᠦᠷᠦᠯ ᠵᠤᠶᠢᠯ᠂ 10 ᠦᠷᠬᠦᠯᠵᠢᠯᠡᠨ ᠪᠠᠶᠢᠭᠤᠯᠬᠤ ᠲᠦᠷᠦᠯ ᠵᠤᠶᠢᠯ ᠢ ᠪᠠᠭᠳᠠᠭᠠᠵᠦ᠂ ᠡᠳᠡᠭᠡᠷ ᠲᠦᠷᠦᠯ ᠵᠤᠶᠢᠯ ᠳᠤ ᠰᠢᠨ᠎ᠡ ᠮᠠᠲ᠋ᠧᠷᠢᠶᠠᠯ᠂ ᠲᠠᠷᠢᠶᠠᠯᠠᠩ ᠤᠨ ᠡᠮ ᠤᠨ ᠪᠤᠷᠤ ᠮᠠᠲ᠋ᠧᠷᠢᠶᠠᠯ ᠵᠢᠴᠢ ᠵᠠᠪᠰᠠᠷ ᠤᠨ ᠪᠡᠶᠡᠲᠦ᠂ ᠨᠠᠷᠢᠯᠢᠭ ᠬᠢᠮᠢ ᠶᠢᠨ ᠠᠵᠦ ᠤᠶᠢᠯᠡᠳᠪᠦᠷᠢ ᠵᠡᠷᠭᠡ ᠤᠯᠠᠨ ᠴᠠᠷᠢᠶᠠᠨ ᠬᠦᠷᠢᠶ᠎ᠡ ᠢ ᠬᠠᠮᠤᠷᠴᠦ᠂ ᠲᠧᠭᠨᠢᠭ ᠮᠡᠷᠭᠡᠵᠢᠯ ᠤᠨ ᠠᠭᠤᠯᠤᠭᠳᠠᠴᠠ ᠦᠨᠳᠦᠷ᠂ ᠡᠨᠧᠷᠬᠢ ᠶᠢᠨ ᠬᠤᠷᠤᠭᠳᠠᠯ ᠢᠶᠠᠷ ᠪᠠᠭ᠎ᠠ᠂ ᠪᠤᠬᠢᠷᠲᠤᠯ ᠢᠶᠠᠷ ᠪᠠᠭ᠎ᠠ᠂ ᠠᠵᠦ ᠠᠬᠤᠢ ᠶᠢᠨ ᠦᠷ᠎ᠡ ᠠᠰᠢᠭ ᠢᠶᠠᠷ ᠰᠠᠶᠢᠨ ᠵᠡᠷᠭᠡ ᠤᠨᠴᠠᠯᠢᠭ ᠢ ᠪᠦᠷᠢᠳᠦᠬᠦᠯᠵᠡᠢ᠃
 
ᠢᠷᠡᠯᠲᠡ᠄ ᠦᠬᠠᠢ ᠬᠤᠲᠠ ᠶᠢᠨ ᠷᠠᠳᠢᠣ᠋ ᠲᠧᠯᠸᠢᠰ ᠬᠤᠷᠢᠶᠠᠨ ᠤ ᠮᠤᠩᠭᠤᠯ ᠨᠠᠶᠢᠷᠠᠭᠤᠯᠬᠤ ᠭᠡᠯᠳᠡᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号