ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠢᠭ | | 1 ᠳ᠋ᠣᠭᠡᠷ ᠲᠣᠭᠠᠲᠤ | ︽ᠦᠬᠠᠶ ᠬᠤᠲᠠ ᠶᠢᠨ ᠬᠤᠲᠠ ᠶᠢᠨ ᠳᠦᠷᠢ ᠲᠥᠷᠬᠦ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠳᠬᠡᠬᠦ ᠲᠦᠷᠢᠮ︾ ᠢ 2018 ᠣᠨ 10 ᠰᠠᠷ᠎ᠠ ᠶᠢᠨ 9 ᠤ | ᠡᠳᠦᠷ ᠤᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 12 ᠳ᠋ᠤᠭᠠᠷ ᠤᠳᠠᠭᠠᠨ ᠤ ᠪᠠᠶᠢᠩᠭᠤ ᠶᠢᠨ | ᠬᠤᠷᠠᠯᠳᠤᠭᠠᠨ ᠢᠶᠠᠷ ᠬᠢᠨᠠᠨ ᠶᠠᠷᠢᠯᠴᠠᠵᠤ ᠪᠠᠲᠤᠯᠠᠭᠠᠳ ᠣᠳᠣ ᠨᠡᠶᠢᠳᠡᠯᠡᠪᠡ᠂ 2018 ᠣᠨ 12 ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | ᠬᠤᠲᠠ ᠶᠢᠨ ᠳᠠᠷᠤᠭ᠎ᠠ᠄ ᠭᠤᠤ ᠱᠢ ᠬᠤᠩ | | 2018 ᠣᠨ 10 ᠰᠠᠷ᠎ᠠ ᠶᠢᠨ 31 ᠤ ᠡᠳᠦᠷ | | | | ᠦᠬᠠᠶ ᠬᠤᠲᠠ ᠶᠢᠨ ᠬᠤᠲᠠ ᠶᠢᠨ ᠲᠦᠷᠢ ᠲᠦᠷᠬᠦ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠳᠭᠡᠬᠦ ᠲᠦᠷᠢᠮ | | ᠨᠢᠭᠡᠳᠦᠭᠡᠷ ᠵᠦᠢᠯ ᠬᠤᠲᠠ ᠶᠢᠨ ᠳᠦᠷᠢ ᠲᠥᠷᠬᠦ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠬᠤᠲᠠ ᠶᠢᠨ | ᠪᠣᠯᠪᠠᠰᠤᠨ ᠤ ᠪᠠᠶᠢᠭᠤᠯᠤᠯᠳᠠ ᠶᠢ ᠠᠬᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠠᠤᠯᠢ ᠲᠣᠭᠲᠠᠭᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ | ᠵᠠᠬᠢᠷᠭᠠᠨ ᠤ ᠰᠢᠳᠭᠡᠯ ᠤᠨ ᠬᠠᠤᠯᠢ︾᠂ ᠲᠥᠷᠥ ᠶᠢᠨ ᠶᠠᠪᠤᠳᠠᠯ ᠤᠨ ᠬᠤᠷᠢᠶᠠᠨ ᠤ ︽ᠬᠤᠲᠠ ᠶᠢᠨ ᠳᠦᠷᠢ ᠲᠥᠷᠬᠦ | ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ︾ ᠪᠣᠯᠤᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠳᠦᠷᠢ ᠲᠥᠷᠬᠦ ᠪᠠ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠳᠬᠡᠬᠦ ᠲᠦᠷᠢᠮ︾ ᠵᠡᠷᠭᠡ ᠬᠠᠤᠯᠢ ᠴᠠᠭᠠᠵᠠ | ᠬᠠᠤᠯᠢ ᠲᠦᠷᠢᠮ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠤᠶᠠᠯᠳᠤᠭᠤᠯᠵᠤ᠂ ᠲᠤᠰ ᠲᠦᠷᠢᠮ ᠢ | ᠲᠣᠭᠲᠠᠭᠠᠪᠠ᠃ | ᠬᠤᠶᠠᠳᠤᠭᠠᠷ ᠵᠦᠢᠯ ᠲᠤᠰ ᠲᠦᠷᠢᠮ ᠢ ᠪᠦᠬᠦ ᠬᠤᠲᠠ ᠶᠢᠨ ᠵᠠᠰᠠᠭ ᠵᠠᠬᠢᠷᠭᠠᠨ ᠤ ᠣᠷᠣᠨ ᠳᠤ ᠬᠡᠷᠡᠭᠯᠡᠨ᠎ᠡ᠃ | | ᠭᠤᠷᠪᠠᠳᠤᠭᠠᠷ ᠵᠦᠢᠯ ᠲᠤᠰ ᠬᠤᠲᠠ ᠶᠢᠨ ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠬᠠᠮᠢᠶᠠᠷᠤᠯᠲᠠ ᠶᠢᠨ ᠠᠵᠢᠯ ᠳᠤ ᠨᠢᠭᠡᠳᠦᠯᠲᠡᠶ ᠤᠳᠤᠷᠢᠳᠬᠤ᠂ ᠱᠠᠲᠤ ᠬᠤᠪᠢᠶᠠᠨ ᠬᠠᠮᠢᠶᠠᠷᠬᠤ᠂ | ᠰᠠᠯᠠᠭ᠎ᠠ ᠮᠥᠴᠢᠷ ᠬᠠᠮᠵᠢᠯᠴᠠᠬᠤ᠂ ᠣᠯᠠᠨ ᠲᠠᠯ᠎ᠠ ᠣᠷᠣᠯᠴᠠᠬᠤ᠂ ᠣᠯᠠᠨ ᠨᠡᠶᠢᠲᠡ ᠬᠢᠨᠠᠯᠲᠠ ᠲᠠᠯᠪᠢᠬᠤ᠂ ᠰᠤᠷᠭᠠᠨ | ᠬᠥᠮᠦᠵᠢᠭᠦᠯᠬᠦ ᠪᠠ ᠰᠢᠳᠭᠡᠯ ᠥᠭᠬᠦ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠎ᠠ᠃ | ᠳᠥᠷᠪᠡᠳᠦᠭᠡᠷ ᠵᠦᠢᠯ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ︵ᠳᠣᠷᠣᠭᠰᠢ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠭᠡᠵᠦ | ᠲᠣᠪᠴᠢᠯᠠᠨ᠎ᠠ︶ ᠬᠤᠲᠠ ᠶᠢᠨ ᠲᠦᠷᠢ ᠲᠦᠷᠭᠦ ᠪᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠤᠯᠢ ᠶᠢ | ᠵᠥᠷᠢᠴᠡᠭᠰᠡᠨ ᠠᠵᠢᠯᠯᠠᠭ᠎ᠠ ᠶᠢ ᠰᠢᠳᠭᠡᠬᠦ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠲᠦᠯᠦᠪᠯᠡᠬᠡᠲᠦ ᠦᠷᠡᠵᠢᠯ᠂ ᠣᠷᠣᠨ ᠰᠠᠭᠤᠴᠠ ᠶᠢᠨ | ᠪᠦᠲᠦᠭᠡᠨ ᠪᠠᠶᠢᠭᠤᠯᠤᠯᠳᠠ᠂ ᠲᠥᠯᠥᠪᠵᠢᠭᠦᠯᠪᠡ᠂ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠦᠢᠯᠡᠳᠪᠦᠷᠢ | ᠬᠤᠳᠠᠯᠳᠤᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ᠂ ᠢᠳᠡᠭᠡᠨ ᠤ ᠵᠦᠢᠯ ᠪᠠ ᠡᠮ ᠤᠨ ᠵᠦᠢᠯ᠂ ᠲᠠᠷᠢᠶᠠᠯᠠᠩ | ᠮᠠᠯ ᠠᠵᠤ ᠠᠬᠤᠢ᠂ ᠣᠰᠣᠨ ᠤ ᠶᠠᠪᠤᠳᠠᠯ᠂ ᠠᠷᠠᠳ ᠤᠨ ᠶᠠᠪᠤᠳᠠᠯ᠂ ᠴᠡᠴᠡᠷᠯᠢᠭᠵᠢᠬᠦᠯᠬᠡ ᠵᠡᠷᠭᠡ ᠰᠠᠯᠠᠭ᠎ᠠ ᠮᠥᠴᠢᠷ | ᠤᠳ ᠲᠤᠰ ᠲᠤᠰ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠬᠤᠳᠠ ᠶᠢᠨ ᠲᠦᠷᠢ ᠲᠦᠷᠬᠦ | ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠵᠢᠯ ᠢ ᠬᠠᠮᠵᠢᠯᠴᠠᠨ ᠰᠠᠶᠢᠲᠤᠷ ᠬᠢᠬᠦ | ᠬᠡᠷᠡᠭᠲᠡᠢ᠃ | ᠲᠠᠪᠤᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠨᠢᠭᠡᠴᠡ᠂ ᠥᠮᠴᠢᠲᠡᠨ ᠤ ᠺᠤᠮᠢᠰ ᠪᠠ ᠵᠠᠰᠠᠭ | ᠵᠠᠬᠢᠷᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠢ ᠪᠠᠭ᠎ᠠ ᠲᠣᠭᠤᠷᠢᠭ᠂ ᠨᠢᠭᠡᠴᠡ ᠶᠢᠨ ᠳᠣᠲᠣᠷᠠᠬᠢ | ᠳᠤᠷ᠎ᠠ ᠪᠠᠷ ᠢᠶᠠᠨ ᠪᠠᠷᠢᠵᠤ ᠪᠠᠶᠢᠭᠤᠯᠤᠭᠰᠠᠨ ︵ᠪᠠᠷᠢᠵᠤ ᠪᠦᠲᠦᠭᠡᠭᠰᠡᠨ︶ ᠪᠠᠷᠢᠯᠭ᠎ᠠ ᠵᠢᠴᠢ ᠬᠠᠤᠯᠢ ᠲᠣᠭᠲᠠᠭᠠᠯ ᠠᠴᠠ | ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠶᠢ ᠡᠳᠦᠷ ᠲᠣᠲᠤᠮ ᠲᠣᠭᠤᠷᠢᠨ ᠪᠠᠶᠢᠴᠠᠭᠠᠵᠤ᠂ ᠬᠢᠨᠠᠨ ᠬᠠᠮᠢᠶᠠᠷᠬᠤ ᠶᠢᠨ | ᠬᠠᠮᠲᠤ ᠴᠠᠭ ᠲᠤᠬᠠᠶ ᠳᠤᠨᠢ ᠢᠳᠬᠠᠨ ᠬᠤᠷᠢᠭᠯᠠᠵᠤ᠂ ᠬᠤᠷᠢᠭᠯᠠᠨ ᠵᠣᠭᠰᠣᠭᠠᠨ᠎ᠠ᠃ ᠢᠳᠬᠠᠨ ᠬᠤᠷᠢᠭᠯᠠᠭᠰᠠᠨ ᠨᠢ | ᠬᠦᠴᠦᠨ ᠦᠭᠡᠢ ᠪᠠᠶᠢᠪᠠᠯ᠂ ᠪᠠᠶᠢᠭ᠎ᠠ ᠨᠡᠶᠢᠭᠡᠮ ᠲᠣᠭᠤᠷᠢᠭ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠨᠡᠶᠢᠭᠡᠮ | ᠲᠣᠭᠤᠷᠢᠭ ᠤᠨ ᠡᠶᠡᠳᠡᠭᠦᠯᠦᠭᠡ ᠪᠠᠷ ᠢᠳᠬᠠᠨ ᠬᠤᠷᠢᠭᠯᠠᠭᠰᠠᠨ ᠶᠠᠪᠤᠳᠠᠯ ᠨᠢ ᠮᠥᠨ ᠯᠠ ᠬᠦᠴᠦᠨ ᠦᠭᠡᠢ ᠪᠠᠶᠢᠪᠠᠯ᠂ | ᠬᠠᠷᠢᠶ᠎ᠠ ᠣᠷᠣᠨ ᠤ ᠬᠡᠷᠡᠭ ᠡᠷᠬᠢᠯᠡᠬᠦ ᠭᠠᠵᠠᠷ ︵ᠪᠠᠯᠭᠠᠰᠤ︶ ᠠᠴᠠ ᠬᠤᠯᠪᠣᠭᠳᠠᠯ ᠪᠦᠬᠦᠢ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ᠲᠤ ᠮᠡᠳᠡᠭᠦᠯᠵᠦ᠂ ᠬᠤᠯᠪᠣᠭᠳᠠᠯ ᠪᠦᠬᠦᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠦᠷᠢᠮ ᠢ ᠦᠨᠳᠦᠰᠦᠯᠡᠨ᠂ ᠴᠠᠭ ᠲᠤᠬᠠᠶ ᠳᠤᠨᠢ | ᠬᠡᠷᠡᠭ ᠪᠣᠯᠭᠠᠨ ᠳᠠᠩᠰᠠᠯᠠᠵᠤ ᠪᠠᠶᠢᠴᠠᠭᠠᠨ ᠰᠢᠢᠳᠪᠦᠷᠢᠯᠡᠵᠦ᠂ ᠵᠠᠯᠠᠷᠠᠭᠤᠯᠤᠭᠤᠯᠬᠤ ᠬᠡᠷᠡᠭᠲᠡᠶ᠃ | ᠵᠢᠷᠭᠤᠳᠤᠭᠠᠷ ᠵᠦᠢᠯ ᠠᠷᠠᠳ ᠢᠷᠭᠡᠨ᠂ ᠬᠠᠤᠯᠢ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠳᠠ ᠴᠥᠮ | ᠬᠤᠳᠠ ᠶᠢᠨ ᠲᠦᠷᠢ ᠲᠦᠷᠭᠦ ᠪᠠ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠬᠠᠮᠠᠭᠠᠯᠠᠬᠤ ᠡᠭᠦᠷᠭᠡ ᠲᠠᠢ ᠪᠥᠭᠡᠳ | ᠬᠤᠳᠠ ᠶᠢᠨ ᠲᠦᠷᠢ ᠲᠦᠷᠭᠦ ᠪᠠ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠲᠦᠷᠢᠮ ᠢ ᠵᠥᠷᠢᠴᠡᠭᠰᠡᠨ ᠦᠢᠯᠡ | ᠠᠵᠢᠯᠯᠠᠭ᠎ᠠ ᠶᠢ ᠢᠯᠡᠴᠢᠯᠡᠨ ᠮᠡᠳᠡᠭᠦᠯᠵᠦ᠂ ᠵᠠᠭᠠᠯᠳᠤᠬᠤ ᠡᠷᠬᠡ ᠲᠠᠢ᠃ | ᠬᠤᠳᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠡᠶᠢᠭᠡᠮ ᠤᠨ ᠢᠯᠡᠴᠢᠯᠡᠨ | ᠮᠡᠳᠡᠭᠦᠯᠦᠯᠲᠡ᠂ ᠵᠠᠭᠠᠯᠳᠤᠯᠭ᠎ᠠ ᠶᠢ ᠱᠠᠩᠨᠠᠨ ᠬᠥᠬᠢᠭᠦᠯᠬᠦ ᠵᠣᠬᠢᠴᠠᠩᠭᠤᠶ ᠲᠣᠭᠲᠠᠴᠠ ᠶᠢ ᠪᠠᠶᠢᠭᠤᠯᠬᠤ ᠬᠡᠷᠡᠭᠲᠡᠶ᠃ | ᠳᠣᠯᠣᠳᠤᠭᠠᠷ ᠵᠦᠢᠯ ᠬᠤᠳᠠ ᠶᠢᠨ ᠪᠠᠷᠢᠯᠭ᠎ᠠ ︵ᠪᠠᠷᠢᠵᠤ ᠪᠦᠲᠦᠭᠡᠭᠰᠡᠨ︶ ᠪᠠᠷᠢᠯᠭ᠎ᠠ ᠶᠢᠨ ᠭᠠᠳᠠᠷ | ᠬᠡᠯᠪᠡᠷᠢ ᠨᠢ ᠪᠦᠷᠢᠨ ᠪᠦᠲᠦᠨ᠂ ᠴᠡᠪᠡᠷ ᠴᠡᠮᠴᠡᠭᠡᠷ ᠪᠠᠶᠢᠬᠤ ᠶᠢ ᠪᠠᠲᠤᠯᠠᠬᠤ ᠬᠡᠷᠡᠭᠲᠡᠶ᠂ ᠡᠪᠳᠡᠷᠡᠵᠦ ᠬᠤᠬᠢᠷᠠᠭᠰᠠᠨ᠂ | ᠬᠤᠪᠬᠤᠷᠠᠭᠰᠠᠨ ᠪᠠᠶᠢᠪᠠᠯ᠂ ᠵᠠᠰᠠᠬᠤ ᠶᠢ ᠪᠠᠲᠤᠯᠠᠬᠤ ᠬᠤᠭᠤᠴᠠᠭᠠᠨ ᠳᠤ ᠪᠠᠶᠢᠪᠠᠯ᠂ ᠪᠦᠲᠦᠭᠡᠨ ᠪᠠᠶᠢᠭᠤᠯᠤᠭᠰᠠᠨ | ᠨᠢᠭᠡᠴᠡ ᠠᠴᠠ ᠰᠡᠯᠪᠢᠨ ᠵᠠᠰᠠᠵᠤ᠂ ᠠᠷᠢᠭᠤᠨ ᠴᠡᠪᠡᠷ ᠪᠠᠶᠢᠯᠭᠠᠬᠤ ᠪᠤᠶᠤ ᠲᠠᠬᠢᠵᠤ ᠵᠠᠰᠠᠵᠤ ᠴᠢᠮᠡᠭᠯᠡᠬᠦ ᠬᠡᠷᠡᠭᠲᠡᠶ᠂ | ᠵᠠᠰᠠᠬᠤ ᠶᠢ ᠪᠠᠲᠤᠯᠠᠬᠤ ᠬᠤᠭᠤᠴᠠᠭ᠎ᠠ ᠠᠴᠠ ᠬᠡᠲᠦᠷᠡᠭᠰᠡᠨ ᠪᠠᠶᠢᠪᠠᠯ᠂ ᠬᠡᠷᠡᠭᠯᠡᠭᠴᠢ ᠪᠤᠶᠤ ᠬᠠᠮᠢᠶᠠᠷᠤᠯᠲᠠ ᠶᠢᠨ | ᠨᠢᠭᠡᠴᠡ ᠠᠴᠠ ᠰᠡᠯᠪᠢᠨ ᠵᠠᠰᠠᠵᠤ ᠰᠠᠶᠢᠵᠢᠷᠠᠭᠤᠯᠬᠤ ᠬᠡᠷᠡᠭᠲᠡᠶ᠃ ᠲᠦᠷᠢᠮ ᠢ ᠵᠥᠷᠢᠴᠡᠭᠰᠡᠨ ᠪᠠᠶᠢᠪᠠᠯ᠂ ᠬᠤᠳᠠ ᠶᠢᠨ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠦᠢᠯᠡ | ᠪᠠᠶᠢᠳᠠᠯ ᠤᠨ ᠬᠢᠨᠢ ᠬᠦᠨᠳᠦ ᠬᠥᠩᠭᠡᠨ ᠢ ᠦᠨᠳᠦᠰᠦᠯᠡᠵᠦ ᠪᠠᠶᠢᠭᠠᠳ 1000 ᠲᠥᠭᠦᠷᠢᠭ ᠠᠴᠠ ᠳᠡᠭᠡᠭᠰᠢ 10000 | ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ ᠰᠢᠳᠭᠡᠵᠤ ᠪᠣᠯᠤᠨ᠎ᠠ᠂ ᠬᠤᠬᠢᠷᠠᠯ ᠤᠴᠠᠷᠠᠭᠤᠯᠤᠭᠰᠠᠨ | ᠪᠠᠶᠢᠪᠠᠯ᠂ ᠬᠠᠤᠯᠢ ᠶᠣᠰᠣᠭᠠᠷ ᠬᠤᠬᠢᠷᠠᠯ ᠢ ᠲᠦᠯᠦᠬᠦᠯᠦᠨᠡ᠃ | ᠨᠠᠢᠮᠠᠳᠤᠭᠠᠷ ᠵᠦᠢᠯ ᠵᠡᠭᠡᠯᠢ ᠳᠠᠭᠠᠤ ᠪᠠᠶᠢᠭᠤᠯᠤᠭᠰᠠᠨ ᠪᠠᠷᠢᠯᠭ᠎ᠠ ᠶᠢᠨ ᠭᠠᠳᠠᠷ ᠬᠡᠷᠡᠮ ᠳᠡᠭᠡᠷ᠎ᠡ ᠰᠢᠨ᠎ᠡ | ᠡᠭᠦᠳᠡ ᠴᠣᠩᠬᠤ ᠰᠢᠨ᠎ᠡ ᠪᠠᠷ ᠨᠡᠭᠡᠭᠡᠬᠦ ᠪᠤᠶᠤ ᠤᠤᠯ ᠤᠨ ᠡᠭᠦᠳᠡ ᠴᠣᠩᠬᠤᠨ ᠤ ᠣᠷᠣᠨ ᠪᠠᠶᠢᠷᠢ ᠪᠠ ᠶᠡᠭᠡ ᠪᠠᠭ᠎ᠠ ᠶᠢ | ᠬᠤᠪᠢᠷᠠᠭᠤᠯᠬᠤ ᠶᠢ ᠴᠠᠭᠠᠵᠠᠯᠠᠨ᠎ᠠ᠃ ᠲᠦᠷᠢᠮ ᠢ ᠵᠥᠷᠢᠴᠡᠭᠰᠡᠨ ᠪᠠᠶᠢᠪᠠᠯ᠂ ᠬᠤᠳᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ | ᠤᠤᠯ ᠤᠨ ᠪᠠᠶᠢᠳᠠᠯ ᠢ ᠨᠢ ᠰᠡᠷᠭᠦᠭᠡᠯᠭᠡᠨ᠎ᠡ᠂ ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠢ ᠦᠨᠳᠦᠰᠦᠯᠡᠵᠦ᠂ | 2000 ᠲᠥᠭᠦᠷᠢᠭ ᠠᠴᠠ ᠳᠡᠭᠡᠭᠰᠢ 10000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ | ᠰᠢᠳᠭᠡᠵᠤ ᠪᠣᠯᠤᠨ᠎ᠠ᠃ | ᠶᠢᠰᠦᠳᠦᠭᠡᠷ ᠵᠦᠢᠯ ᠠᠷᠠᠳ ᠢᠷᠭᠡᠨ᠂ ᠬᠠᠤᠯᠢ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠳᠠ | ᠵᠥᠪᠰᠢᠶᠡᠷᠡᠭᠦᠯᠦᠭᠰᠡᠨ ᠦᠭᠡᠢ ᠪᠠᠷ ᠵᠠᠮ ᠤᠨ ᠭᠠᠳᠠᠷᠭᠤ᠂ ᠵᠠᠮ ᠤᠨ ᠬᠦᠪᠡᠭᠡᠨ ᠤ ᠴᠢᠯᠠᠭᠤ᠂ ᠴᠠᠬᠢᠯᠭᠠᠨ ᠪᠠᠭᠠᠨ᠎ᠠ | ᠵᠡᠷᠭᠡ ᠤᠯᠠᠨ ᠨᠡᠶᠢᠲᠡ ᠶᠢᠨ ᠲᠥᠬᠦᠭᠡᠷᠦᠮᠵᠢ᠂ ᠤᠯᠠᠨ ᠨᠡᠶᠢᠲᠡ ᠶᠢᠨ ᠲᠠᠯᠠᠪᠤᠷ ᠲᠤ ᠲᠦᠷᠬᠢᠨ ᠪᠢᠴᠢᠬᠦ᠂ ᠰᠡᠶᠢᠯᠦᠨ | ᠵᠢᠷᠤᠬᠤ᠂ ᠵᠠᠷ ᠨᠠᠭᠠᠬᠤ᠂ ᠵᠠᠷ ᠲᠠᠷᠬᠠᠭᠠᠬᠤ᠂ ᠵᠠᠷ ᠡᠯᠭᠦᠭᠰᠡᠨ ᠡᠯ᠎ᠡ ᠲᠥᠷᠥᠯ ᠤᠨ ᠵᠠᠷ ᠪᠠ ᠤᠬᠠᠭᠤᠯᠭ᠎ᠠ ᠬᠢᠵᠦ | ᠪᠣᠯᠬᠤ ᠦᠭᠡᠢ᠃ ᠲᠦᠷᠢᠮ ᠢ ᠵᠥᠷᠢᠴᠡᠭᠰᠡᠨ ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠢ | ᠦᠨᠳᠦᠰᠦᠯᠡᠵᠦ᠂ 200 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠳᠣᠭᠤᠭᠰᠢ ᠵᠣᠭᠤᠰ ᠢᠶᠠᠷ | ᠲᠤᠷᠭᠤᠭᠠᠨ ᠰᠢᠳᠭᠡᠵᠤ ᠪᠣᠯᠤᠨ᠎ᠠ᠃ | ᠠᠷᠪᠠᠳᠤᠭᠠᠷ ᠵᠦᠢᠯ ᠭᠡᠷ ᠤᠨ ᠭᠠᠳᠠᠨᠠᠬᠢ ᠵᠠᠷ᠂ ᠡᠭᠦᠳᠡᠨ ᠳᠡᠭᠡᠷᠡᠬᠢ ᠫᠠᠶᠢᠰᠠ ᠢᠯᠡᠷᠬᠡᠶᠢᠯᠡᠯ᠂ L E D | ᠳᠡᠯᠭᠡᠴᠡ᠂ ᠭᠡᠷᠡᠯᠲᠦᠭᠦᠯᠬᠦ ᠲᠥᠬᠦᠭᠡᠷᠦᠮᠵᠢ ᠶᠢᠨ ᠪᠠᠶᠢᠷᠢᠯᠠᠭᠤᠯᠤᠯᠲᠠ ᠨᠢ ᠳᠣᠣᠷ᠎ᠠ ᠵᠢᠭᠰᠠᠭᠠᠭᠰᠠᠨ ᠱᠠᠭᠠᠷᠳᠠᠯᠭ᠎ᠠ ᠳᠤ | ᠨᠡᠶᠢᠴᠡᠭᠰᠡᠨ ᠪᠠᠶᠢᠬᠤ ᠬᠡᠷᠡᠭᠲᠡᠶ᠄ | ︵ᠨᠢᠭᠡ︶ ᠵᠥᠪᠰᠢᠶᠡᠷᠡᠭᠦᠯᠦᠭᠰᠡᠨ ᠦᠭᠡᠢ ᠪᠠᠷ ᠪᠠᠶᠢᠭᠤᠯᠵᠤ ᠪᠣᠯᠬᠤ ᠦᠭᠡᠢ︔ | ︵ᠬᠤᠶᠠᠷ︶ ᠪᠠᠷᠢᠯᠭ᠎ᠠ ᠶᠢᠨ ᠠᠰᠠᠷ᠂ ᠠᠰᠠᠷ ᠤᠨ ᠣᠷᠣᠢ ᠳᠡᠭᠡᠷ᠎ᠡ ᠵᠠᠷ ᠭᠠᠷᠭᠠᠵᠤ ᠪᠣᠯᠬᠤ ᠦᠭᠡᠢ︔ | ︵ᠭᠤᠷᠪᠠ︶ ᠵᠠᠷ ᠭᠠᠷᠭᠠᠬᠤ ᠳᠠᠭᠠᠨ ᠪᠠᠷᠢᠯᠭ᠎ᠠ᠂ ᠵᠡᠭᠡᠯᠢ ᠭᠤᠳᠤᠮᠵᠢ ᠶᠢᠨ ᠦᠵᠡᠮᠵᠢ ᠪᠠ ᠬᠤᠳᠠ ᠶᠢᠨ | ᠲᠦᠢᠮᠣ ᠱᠤᠭᠤᠮ ᠤᠨ ᠴᠢᠬᠤᠯᠠ ᠣᠨᠴᠠᠯᠢᠭ ᠢ ᠬᠤᠬᠢᠷᠠᠭᠤᠯᠵᠤ ᠪᠣᠯᠬᠤ ᠦᠭᠡᠢ᠂ ᠲᠦᠰᠢᠭᠯᠡᠬᠦ ᠠᠴᠢᠶᠠᠯᠠᠪᠤᠷᠢ ᠶᠢᠨ | ᠬᠡᠷᠡᠭᠯᠡᠭᠡᠨ ᠤ ᠴᠢᠳᠠᠮᠵᠢ ᠪᠠ ᠠᠮᠤᠷ ᠲᠦᠪᠰᠢᠨ ᠢ ᠨᠥᠯᠥᠭᠡᠯᠡᠵᠦ ᠪᠣᠯᠬᠤ ᠦᠭᠡᠢ︔ | ︵ᠳᠥᠷᠪᠡ︶ ᠭᠡᠷᠡᠯᠲᠦᠭᠦᠯᠬᠦ ᠲᠥᠬᠦᠭᠡᠷᠦᠮᠵᠢ ᠪᠠᠶᠢᠷᠢᠯᠠᠭᠤᠯᠬᠤ ᠳᠠᠭᠠᠨ ᠡᠷᠭᠢᠨ ᠲᠣᠭᠤᠷᠢᠨ ᠤ ᠣᠷᠴᠢᠨ | ᠲᠣᠭᠤᠷᠢᠨ ᠲᠠᠢ ᠵᠣᠬᠢᠴᠠᠯᠳᠤᠭᠤᠯᠬᠤ ᠬᠡᠷᠡᠭᠲᠡᠶ᠂ ᠬᠤᠳᠠ ᠶᠢᠨ ᠤᠯᠠᠨ ᠨᠡᠶᠢᠲᠡ ᠶᠢᠨ ᠲᠥᠬᠦᠭᠡᠷᠦᠮᠵᠢ ᠶᠢᠨ | ᠴᠢᠳᠠᠮᠵᠢ ᠶᠢ ᠬᠠᠷᠰᠢᠯᠠᠵᠤ ᠪᠣᠯᠬᠤ ᠦᠭᠡᠢ᠂ ᠵᠠᠮ ᠬᠠᠷᠢᠯᠴᠠᠭ᠎ᠠ᠂ ᠬᠤᠳᠠ ᠶᠢᠨ ᠠᠷᠠᠳ ᠤᠨ ᠠᠮᠢᠳᠤᠷᠠᠯ ᠵᠡᠷᠭᠡ ᠶᠢ | ᠨᠥᠯᠥᠭᠡᠯᠡᠵᠦ ᠪᠣᠯᠬᠤ ᠦᠭᠡᠢ︔ | ︵ᠲᠠᠪᠤ︶ ᠡᠭᠦᠳᠡᠨ ᠲᠡᠭᠡᠷᠡᠬᠢ ᠫᠠᠶᠢᠰᠠ ᠢᠯᠡᠷᠬᠡᠶᠢᠯᠡᠯ ᠪᠠᠶᠢᠷᠢᠯᠠᠭᠤᠯᠬᠤ ᠳᠤ ᠭᠠᠳᠠᠷ ᠬᠡᠯᠪᠡᠷᠢ ᠶᠢᠨ ᠭᠤᠶᠤ | ᠰᠠᠶᠢᠬᠠᠨ᠂ ᠴᠢᠳᠠᠮᠵᠢ ᠨᠢ ᠪᠦᠷᠢᠨ ᠪᠦᠲᠦᠨ ᠪᠠᠶᠢᠬᠤ ᠶᠢ ᠪᠠᠲᠤᠯᠠᠵᠤ᠂ ᠲᠣᠭᠲᠠᠭᠠᠯ ᠶᠣᠰᠣᠭᠠᠷ ᠭᠡᠷᠡᠯᠲᠦᠭᠦᠯᠵᠦ᠂ | ᠤᠷᠠᠨ ᠪᠢᠴᠢᠯᠭᠡ ᠶᠢᠨ ᠬᠤᠳᠠ ᠶᠢᠨ ᠣᠨᠴᠠᠯᠢᠭ ᠢ ᠬᠠᠷᠠᠭᠤᠯᠵᠤ᠂ ᠮᠣᠩᠭᠤᠯ ᠬᠢᠲᠠᠳ ᠥᠰᠥᠭ ᠪᠢᠴᠢᠭ ᠢ | ᠵᠢᠷᠤᠮᠵᠢᠭᠤᠯᠤᠨ ᠬᠡᠷᠡᠭᠯᠡᠬᠦ ᠬᠡᠷᠡᠭᠲᠡᠢ᠂ ᠦᠰᠦᠭ ᠵᠢᠷᠤᠯᠭ᠎ᠠ ᠳᠤᠲᠠᠵᠤ ᠪᠣᠯᠬᠤ ᠥᠬᠡᠶ︔ | ︵ᠵᠢᠷᠭᠤᠭ᠎ᠠ︶ ᠲᠣᠭᠲᠠᠭᠰᠠᠨ ᠬᠤᠭᠤᠴᠠᠭ᠎ᠠ ᠲᠠᠢ ᠪᠠᠷ ᠪᠠᠶᠢᠴᠠᠭᠠᠨ ᠵᠠᠰᠠᠵᠤ᠂ ᠬᠠᠮᠠᠭᠠᠯᠠᠵᠤ᠂ ᠠᠮᠤᠷ | ᠲᠦᠪᠰᠢᠨ ᠢ ᠦᠨᠡᠨ ᠬᠦ ᠪᠠᠲᠤᠯᠠᠵᠤ᠂ ᠪᠤᠰᠤᠳ ᠬᠥᠮᠦᠨ ᠤ ᠪᠡᠶ᠎ᠡ ᠪᠠ ᠡᠳ᠋ ᠬᠥᠷᠥᠩᠭᠡ ᠳᠤ ᠬᠤᠬᠢᠷᠠᠯ | ᠤᠴᠠᠷᠠᠭᠤᠯᠬᠤ ᠠᠴᠠ ᠵᠠᠶᠢᠯᠠᠰᠬᠢᠬᠦ ᠬᠡᠷᠡᠭᠲᠡᠶ︔ | ︵ᠳᠣᠯᠤᠭ᠎ᠠ︶ ᠪᠤᠰᠤᠳ ᠬᠤᠯᠪᠣᠭᠳᠠᠯ ᠪᠦᠬᠦᠢ ᠲᠦᠷᠢᠮ ᠢ ᠵᠥᠷᠢᠴᠡᠵᠦ ᠪᠣᠯᠬᠤ ᠦᠭᠡᠢ᠃ | ᠳᠡᠭᠡᠷ᠎ᠡ ᠳᠤᠷᠠᠳᠤᠭᠰᠠᠨ ᠲᠦᠷᠢᠮ ᠢ ᠵᠥᠷᠢᠴᠡᠭᠰᠡᠨ ᠪᠠᠶᠢᠪᠠᠯ᠂ ᠬᠤᠳᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ | ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠦᠨᠳᠦᠰᠦᠯᠡᠵᠦ᠂ 500 ᠲᠥᠭᠦᠷᠢᠭ ᠠᠴᠠ ᠳᠡᠭᠡᠭᠰᠢ 2000 | ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ ᠰᠢᠳᠭᠡᠵᠤ ᠪᠣᠯᠤᠨ᠎ᠠ︔ ᠵᠠᠯᠠᠷᠠᠭᠤᠯᠬᠤ ᠶᠢ ᠲᠡᠪᠴᠢᠭᠰᠡᠨ | ᠪᠠᠶᠢᠪᠠᠯ᠂ ᠬᠤᠭᠤᠴᠠᠭ᠎ᠠ ᠲᠣᠭᠲᠠᠭᠠᠨ ᠨᠤᠷᠠᠭᠠᠯᠭᠠᠨ᠎ᠠ︔ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ | ᠬᠤᠬᠢᠷᠠᠯ ᠢ ᠲᠦᠯᠦᠬᠦᠯᠦᠨᠡ᠃ | ᠠᠷᠪᠠᠨ ᠨᠢᠭᠡᠳᠦᠭᠡᠷ ᠵᠦᠢᠯ ᠠᠷᠠᠳ ᠢᠷᠭᠡᠨ᠂ ᠬᠠᠤᠯᠢ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ | ᠳᠤᠷ᠎ᠠ ᠪᠠᠷ ᠢᠶᠠᠨ ᠪᠠᠷᠢᠯᠭ᠎ᠠ᠂ ᠬᠤᠳᠠ ᠶᠢᠨ ᠵᠠᠮ᠂ ᠬᠥᠭᠦᠷᠭᠡ᠂ ᠬᠤᠳᠠ ᠶᠢᠨ ᠶᠠᠪᠤᠳᠠᠯ ᠤᠨ ᠨᠡᠶᠢᠲᠡ ᠶᠢᠨ | ᠬᠡᠷᠡᠭᠯᠡᠭᠡᠨ ᠤ ᠲᠥᠬᠦᠭᠡᠷᠦᠮᠵᠢ ᠳᠤ ᠤᠲᠠᠰᠤ ᠲᠠᠲᠠᠬᠤ᠂ ᠤᠭᠰᠠᠷᠠᠬᠤ ᠲᠥᠬᠦᠭᠡᠷᠦᠮᠵᠢ᠂ ᠲᠥᠬᠦᠭᠡᠷᠦᠮᠵᠢ ᠵᠡᠷᠭᠡ ᠶᠢ | ᠪᠠᠶᠢᠭᠤᠯᠵᠤ ᠪᠣᠯᠬᠤ ᠦᠭᠡᠢ᠃ ᠲᠦᠷᠢᠮ ᠢ ᠵᠥᠷᠢᠴᠡᠭᠰᠡᠨ ᠪᠠᠶᠢᠪᠠᠯ᠂ ᠬᠤᠳᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ | ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠢ ᠦᠨᠳᠦᠰᠦᠯᠡᠵᠦ ᠪᠠᠶᠢᠭᠠᠳ ᠨᠢᠭᠡᠴᠢ ᠶᠢ 1000 ᠲᠥᠭᠦᠷᠢᠭ ᠠᠴᠠ | ᠳᠡᠭᠡᠭᠰᠢ 20000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ ᠰᠢᠳᠭᠡᠵᠤ᠂ ᠬᠤᠪᠢ ᠬᠥᠮᠦᠨ ᠢ | 200 ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ ᠰᠢᠳᠭᠡᠨ᠎ᠡ︔ ᠵᠠᠯᠠᠷᠠᠭᠤᠯᠬᠤ ᠶᠢ ᠲᠡᠪᠴᠢᠭᠰᠡᠨ | ᠪᠠᠶᠢᠪᠠᠯ᠂ ᠬᠤᠭᠤᠴᠠᠭ᠎ᠠ ᠲᠣᠭᠲᠠᠭᠠᠨ ᠨᠤᠷᠠᠭᠠᠯᠭᠠᠨ᠎ᠠ︔ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ | ᠬᠤᠬᠢᠷᠠᠯ ᠢ ᠲᠦᠯᠦᠬᠦᠯᠦᠨᠡ᠃ | ᠠᠷᠪᠠᠨ ᠬᠤᠶᠠᠳᠤᠭᠠᠷ ᠵᠦᠢᠯ ᠠᠷᠠᠳ ᠢᠷᠭᠡᠨ᠂ ᠬᠠᠤᠯᠢ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ | ᠬᠤᠳᠠ ᠶᠢᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠶ᠂ | ᠬᠤᠳᠠ ᠶᠢᠨ ᠤᠯᠠᠨ ᠨᠡᠶᠢᠲᠡ ᠶᠢᠨ ᠲᠥᠬᠦᠭᠡᠷᠦᠮᠵᠢ ᠶᠢ ᠳᠤᠷ᠎ᠠ ᠪᠠᠷ ᠢᠶᠠᠨ ᠪᠠᠶᠢᠭᠤᠯᠵᠤ᠂ ᠡᠵᠡᠯᠡᠨ ᠬᠡᠷᠡᠭᠯᠡᠵᠦ᠂ | ᠥᠭᠡᠷᠡᠴᠢᠯᠡᠵᠦ᠂ ᠡᠪᠳᠡᠵᠦ ᠪᠣᠯᠬᠤ ᠦᠭᠡᠢ᠃ ᠲᠦᠷᠢᠮ ᠢ ᠵᠥᠷᠢᠴᠡᠭᠰᠡᠨ ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ | ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠦᠢᠯᠡ ᠪᠠᠶᠢᠳᠠᠯ ᠤᠨ ᠬᠢᠨᠢ | ᠬᠦᠨᠳᠦ ᠬᠥᠩᠭᠡᠨ ᠢ ᠦᠨᠳᠦᠰᠦᠯᠡᠵᠦ᠂ 500 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠳᠣᠭᠤᠭᠰᠢ | ᠵᠣᠭᠤᠰ ᠢᠶᠠᠷ ᠲᠤᠷᠭᠤᠭᠠᠨ ᠰᠢᠳᠭᠡᠵᠤ ᠪᠣᠯᠤᠨ᠎ᠠ︔ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ | ᠬᠤᠬᠢᠷᠠᠯ ᠢ ᠲᠦᠯᠦᠬᠦᠯᠦᠨᠡ᠃ | ᠠᠷᠪᠠᠨ ᠭᠤᠷᠪᠠᠳᠤᠭᠠᠷ ᠵᠦᠢᠯ ᠠᠷᠠᠳ ᠢᠷᠭᠡᠨ᠂ ᠬᠠᠤᠯᠢ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ | ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ︵ᠭᠠᠵᠠᠷ ᠳᠣᠣᠷᠠᠬᠢ ᠬᠤᠭᠤᠯᠠᠶ ᠤᠲᠠᠰᠤ | ᠪᠠᠭᠲᠠᠨ᠎ᠠ︶ ᠶᠢᠨ ᠠᠶᠤᠯᠭᠦᠶ ᠶᠢᠨ ᠵᠠᠶ ᠶᠢᠨ ᠳᠣᠲᠣᠷ᠎ᠠ ᠳᠤᠷ᠎ᠠ ᠪᠠᠷ ᠢᠶᠠᠨ ᠮᠣᠳᠣ ᠲᠠᠷᠢᠬᠤ᠂ ᠡᠯᠡᠰᠦ ᠮᠠᠯᠲᠠᠵᠤ ᠰᠢᠷᠣᠶ | ᠠᠪᠬᠤ᠂ ᠪᠤᠰᠤᠳ ᠲᠥᠬᠦᠭᠡᠷᠦᠮᠵᠢ ᠲᠣᠬᠢᠷᠠᠭᠤᠯᠬᠤ᠂ ᠬᠦᠴᠢᠯ᠂ ᠱᠦᠯᠲᠦ᠂ ᠳᠠᠪᠤᠰᠤ ᠵᠡᠷᠭᠡ ᠢᠳᠡᠮᠡᠬᠡᠶ ᠪᠣᠳᠠᠰ | ᠪᠤᠶᠤ ᠢᠳᠡᠮᠡᠬᠡᠶ ᠴᠢᠨᠠᠷᠲᠠᠶ ᠬᠠᠶᠠᠭᠳᠠᠮᠠᠯ ᠰᠢᠭᠠᠷᠤ᠂ ᠬᠠᠶᠠᠭᠳᠠᠮᠠᠯ ᠰᠢᠩᠭᠡᠨ ᠵᠡᠷᠭᠡ ᠶᠢ ᠴᠢᠳᠬᠤᠵᠤ ᠪᠣᠯᠬᠤ ᠦᠭᠡᠢ᠃ | ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢ ᠳᠤᠷ᠎ᠠ ᠪᠠᠷ ᠢᠶᠠᠨ ᠨᠡᠭᠦᠯᠭᠡᠵᠦ᠂ | ᠨᠤᠷᠠᠭᠠᠵᠤ ᠪᠣᠯᠬᠤ ᠦᠭᠡᠢ᠃ ᠲᠦᠷᠢᠮ ᠢ ᠵᠥᠷᠢᠴᠡᠭᠰᠡᠨ ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠦᠢᠯᠡ ᠪᠠᠶᠢᠳᠠᠯ ᠤᠨ ᠬᠢᠨᠢ ᠬᠦᠨᠳᠦ | ᠬᠥᠩᠭᠡᠨ ᠢ ᠦᠨᠳᠦᠰᠦᠯᠡᠵᠦ ᠪᠠᠶᠢᠭᠠᠳ ᠬᠠᠤᠯᠢ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ ᠶᠢ 1000 | ᠲᠥᠭᠦᠷᠢᠭ ᠠᠴᠠ ᠳᠡᠭᠡᠭᠰᠢ 20000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ ᠰᠢᠳᠭᠡᠵᠦ᠂ | ᠠᠷᠠᠳ ᠢᠷᠭᠡᠨ ᠢ 200 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠳᠣᠭᠤᠭᠰᠢ ᠵᠣᠭᠤᠰ ᠢᠶᠠᠷ | ᠲᠤᠷᠭᠤᠭᠠᠨ ᠰᠢᠳᠭᠡᠨ᠎ᠡ︔ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠬᠤᠬᠢᠷᠠᠯ ᠢ | ᠲᠦᠯᠦᠬᠦᠯᠦᠨᠡ᠃ | ᠠᠷᠪᠠᠨ ᠳᠥᠷᠪᠡᠳᠦᠭᠡᠷ ᠵᠦᠢᠯ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠲᠥᠬᠦᠭᠡᠷᠦᠮᠵᠢ᠂ ᠭᠠᠯ | ᠰᠡᠷᠭᠡᠶᠢᠯᠡᠨ ᠤᠨᠲᠠᠷᠠᠭᠠᠬᠤ ᠲᠥᠬᠦᠭᠡᠷᠦᠮᠵᠢ᠂ ᠴᠠᠬᠢᠯᠭᠠᠨ ᠬᠠᠩᠭᠠᠬᠤ ᠲᠥᠬᠦᠭᠡᠷᠦᠮᠵᠢ᠂ ᠮᠡᠳᠡᠭᠡ ᠬᠤᠯᠪᠣᠭᠠᠨ ᠤ | ᠲᠥᠬᠦᠭᠡᠷᠦᠮᠵᠢ᠂ ᠨᠣᠭᠤᠭᠠᠷᠠᠭᠤᠯᠬᠤ ᠲᠥᠬᠦᠭᠡᠷᠦᠮᠵᠢ᠂ ᠭᠡᠷᠡᠯᠲᠦᠭᠦᠯᠬᠦ ᠲᠥᠬᠦᠭᠡᠷᠦᠮᠵᠢ ᠵᠡᠷᠭᠡ ᠬᠤᠳᠠ ᠶᠢᠨ | ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢᠨ ᠬᠠᠮᠢᠶᠠᠷᠤᠯᠲᠠ᠂ ᠬᠡᠷᠡᠭᠯᠡᠯᠲᠡ ᠶᠢᠨ ᠨᠢᠭᠡᠴᠡ ᠨᠦᠭᠦᠳ | ᠲᠥᠬᠦᠭᠡᠷᠦᠮᠵᠢ ᠶᠢᠨ ᠪᠦᠷᠢᠨ ᠪᠦᠲᠦᠨ᠂ ᠴᠡᠪᠡᠷ ᠲᠡᠭᠰᠢᠭᠡᠨ᠂ ᠴᠡᠪᠡᠷ ᠴᠡᠮᠴᠡᠭᠡᠷ ᠪᠠᠶᠢᠬᠤ ᠶᠢ ᠪᠠᠲᠤᠯᠠᠬᠤ ᠬᠡᠷᠡᠭᠲᠡᠶ᠃ | ᠲᠦᠷᠢᠮ ᠢ ᠵᠥᠷᠢᠴᠡᠭᠰᠡᠨ ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠦᠢᠯᠡ ᠪᠠᠶᠢᠳᠠᠯ ᠤᠨ ᠬᠢᠨᠢ | ᠬᠦᠨᠳᠦ ᠬᠥᠩᠭᠡᠨ ᠢ ᠦᠨᠳᠦᠰᠦᠯᠡᠵᠦ᠂ 100 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠳᠣᠭᠤᠭᠰᠢ | ᠵᠣᠭᠤᠰ ᠢᠶᠠᠷ ᠲᠤᠷᠭᠤᠭᠠᠨ ᠰᠢᠳᠭᠡᠵᠦ ᠪᠣᠯᠤᠨ᠎ᠠ᠃ | ᠠᠷᠪᠠᠨ ᠲᠠᠪᠤᠳᠤᠭᠠᠷ ᠵᠦᠢᠯ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ | ᠂ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ | ᠤᠤᠯ ᠤᠨ ᠪᠠᠶᠢᠳᠠᠯ ᠢ ᠨᠢ ᠰᠡᠷᠭᠦᠭᠡᠬᠦ ᠶᠢᠨ ᠬᠠᠮᠲᠤ ᠰᠢᠳᠭᠡᠯ ᠥᠭᠭᠦᠨ᠎ᠡ᠄ | ︵ᠨᠢᠭᠡ︶ ᠪᠠᠷᠢᠯᠭ᠎ᠠ ᠶᠢᠨ ᠠᠰᠠᠷ ᠤᠨ ᠣᠷᠣᠢ᠂ ᠨᠠᠷᠠᠪᠴᠢᠨ ᠪᠠ ᠴᠣᠩᠬᠤᠨ ᠭᠠᠳᠠᠨ᠎ᠠ ᠣᠪᠣᠭᠠᠯᠠᠬᠤ᠂ | ᠪᠠᠷᠢᠬᠤ᠂ ᠳᠡᠭᠦᠵᠢᠯᠡᠬᠦ ᠵᠡᠷᠭᠡ ᠡᠳ᠋ ᠪᠣᠳᠠᠰ ᠨᠢ ᠬᠤᠳᠠ ᠶᠢᠨ ᠳᠦᠷᠢ ᠲᠥᠷᠬᠦ ᠶᠢ ᠬᠠᠷᠰᠢᠯᠠᠭᠰᠠᠨ ᠪᠠᠶᠢᠪᠠᠯ᠂ ᠰᠡᠷᠡᠮᠵᠢ | ᠥᠭᠴᠦ᠂ ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠢ ᠦᠨᠳᠦᠰᠦᠯᠡᠵᠦ᠂ 50 ᠲᠥᠭᠦᠷᠢᠭ ᠠᠴᠠ ᠳᠡᠭᠡᠭᠰᠢ | 500 ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ ᠰᠢᠳᠭᠡᠵᠦ ᠪᠣᠯᠤᠨ᠎ᠠ︔ | ︵ᠬᠤᠶᠠᠷ︶ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠦᠭᠰᠡᠨ ᠦᠭᠡᠢ ᠪᠠᠷ ᠳᠤᠷ᠎ᠠ ᠪᠠᠷ ᠢᠶᠠᠨ ᠡᠳ᠋ ᠪᠣᠳᠠᠰ ᠣᠪᠣᠭᠠᠯᠠᠨ ᠲᠠᠯᠪᠢᠬᠤ᠂ ᠪᠠᠷᠢᠯᠭ᠎ᠠ ︵ᠪᠠᠷᠢᠵᠤ | ᠪᠠᠶᠢᠭᠤᠯᠤᠭᠰᠠᠨ︶ ᠪᠠᠷᠢᠬᠤ ᠪᠤᠶᠤ ᠪᠤᠰᠤᠳ ᠲᠥᠬᠦᠭᠡᠷᠦᠮᠵᠢ ᠵᠡᠷᠭᠡ ᠬᠤᠳᠠ ᠶᠢᠨ ᠳᠦᠷᠰᠦ ᠪᠠᠶᠢᠳᠠᠯ ᠢ | ᠨᠥᠯᠥᠭᠡᠯᠡᠭᠰᠡᠨ ᠪᠠᠶᠢᠪᠠᠯ᠂ ᠳᠣᠩᠭᠤᠳᠴᠤ᠂ ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠢ ᠦᠨᠳᠦᠰᠦᠯᠡᠵᠦ | ᠪᠠᠶᠢᠭᠠᠳ 100 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ | ᠰᠢᠳᠭᠡᠵᠦ ᠪᠣᠯᠤᠨ᠎ᠠ︔ | ︵ᠭᠤᠷᠪᠠ︶ ᠵᠠᠮ ᠡᠵᠡᠯᠡᠨ ᠡᠵᠡᠩᠨᠡᠬᠦ᠂ ᠳᠡᠯᠭᠡᠭᠦᠷ ᠤᠨ ᠭᠠᠳᠠᠨ᠎ᠠ ᠡᠵᠡᠩᠨᠡᠬᠦ᠂ ᠳᠡᠯᠭᠡᠭᠦᠷ ᠤᠨ ᠭᠠᠳᠠᠨ᠎ᠠ | ᠠᠵᠢᠯᠯᠠᠬᠤ᠂ ᠳᠡᠯᠭᠡᠭᠦᠷ ᠭᠠᠷᠭᠠᠵᠤ ᠴᠡᠭ ᠪᠠᠶᠢᠭᠤᠯᠬᠤ᠂ ᠣᠯᠠᠨ ᠨᠡᠶᠢᠲᠡ ᠶᠢᠨ ᠲᠠᠯᠠᠪᠤᠷ ᠢ ᠬᠦᠷᠢᠶᠡᠯᠡᠨ ᠡᠵᠡᠯᠡᠬᠦ | ᠵᠡᠷᠭᠡ ᠪᠠᠶᠢᠳᠠᠯ ᠲᠠᠢ ᠪᠠᠶᠢᠪᠠᠯ᠂ ᠰᠡᠷᠡᠮᠵᠢ ᠥᠭᠴᠦ᠂ ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠢ | ᠦᠨᠳᠦᠰᠦᠯᠡᠵᠦ᠂ 100 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠳᠣᠭᠤᠭᠰᠢ ᠵᠣᠭᠤᠰ ᠢᠶᠠᠷ | ᠲᠤᠷᠭᠤᠭᠠᠨ ᠰᠢᠳᠭᠡᠵᠦ ᠪᠣᠯᠤᠨ᠎ᠠ︔ | ᠠᠷᠪᠠᠨ ᠵᠢᠷᠭᠤᠳᠤᠭᠠᠷ ᠵᠦᠢᠯ ᠬᠤᠲᠠ ᠪᠠᠯᠭᠠᠰᠤᠨ ᠤ ᠨᠣᠭᠤᠭᠠᠨ ᠭᠠᠵᠠᠷ ᠤᠨ ᠬᠡᠪᠴᠢᠶᠡᠨ ᠳᠣᠲᠣᠷ᠎ᠠ | ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠢ ᠴᠠᠭᠠᠵᠠᠯᠠᠨ᠎ᠠ᠄ | ︵ᠨᠢᠭᠡ︶ ᠮᠣᠳᠣᠨ ᠳᠡᠭᠡᠷ᠎ᠡ ᠰᠡᠶᠢᠯᠵᠦ ᠵᠢᠷᠤᠬᠤ᠂ ᠲᠦᠷᠬᠢᠬᠦ᠂ ᠡᠳ᠋ ᠪᠣᠳᠠᠰ ᠡᠯᠭᠦᠬᠦ ᠪᠤᠶᠤ ᠵᠠᠷ ᠨᠠᠭᠠᠬᠤ︔ | ︵ᠬᠤᠶᠠᠷ︶ ᠲᠡᠷᠭᠡ ᠬᠥᠰᠬᠡ ᠵᠣᠭᠰᠣᠭᠠᠬᠤ︔ | ︵ᠭᠤᠷᠪᠠ︶ ᠬᠤᠭ ᠨᠣᠪᠰᠢ᠂ ᠪᠣᠬᠢᠷ ᠤᠰᠤ᠂ ᠬᠤᠣᠷᠲᠠᠢ ᠪᠣᠳᠠᠰ ᠢ ᠴᠢᠳᠬᠤᠬᠤ᠂ ᠡᠯᠳᠡᠪ ᠶᠠᠭᠤᠮ᠎ᠠ ᠶᠢ | ᠣᠪᠣᠭᠠᠯᠠᠵᠤ ᠲᠠᠯᠪᠢᠬᠤ᠂ ᠶᠠᠭᠤᠮ᠎ᠠ ᠬᠡᠦᠮ᠎ᠡ ᠶᠢ ᠰᠢᠲᠠᠭᠠᠬᠤ︔ | ︵ᠳᠥᠷᠪᠡ︶ ᠢᠳᠡᠰᠢᠨ ᠨᠣᠭᠤᠭ᠎ᠠ ᠲᠠᠷᠢᠬᠤ᠂ ᠴᠡᠴᠡᠭ ᠡᠪᠡᠰᠦ ᠶᠢ ᠬᠠᠳᠣᠬᠤ᠂ ᠭᠡᠷ ᠤᠨ ᠲᠡᠵᠢᠭᠡᠪᠦᠷᠢ | ᠭᠡᠷ ᠤᠨ ᠵᠢᠭᠦᠷᠲᠡᠨ ᠢ ᠲᠠᠯᠪᠢᠵᠤ ᠲᠡᠵᠢᠭᠡᠬᠦ︔ | ︵ᠲᠠᠪᠤ︶ ᠴᠢᠯᠠᠭᠤ ᠭᠠᠷᠭᠠᠬᠤ᠂ ᠡᠯᠡᠰᠦ ᠮᠠᠯᠲᠠᠬᠤ᠂ ᠰᠢᠷᠣᠶ ᠠᠪᠬᠤ︔ | ︵ᠵᠢᠷᠭᠤᠭ᠎ᠠ︶ ᠪᠠᠷᠢᠯᠭ᠎ᠠ ᠴᠣᠬᠴᠠᠯᠠᠵᠤ ᠪᠠᠷᠢᠯᠭ᠎ᠠ ᠪᠠᠷᠢᠬᠤ︔ | ︵ᠲᠤᠯᠤᠭ᠎ᠠ︶ ᠨᠣᠭᠤᠭᠠᠷᠠᠭᠤᠯᠤᠯᠲᠠ ᠶᠢᠨ ᠲᠦᠬᠦᠭᠡᠷᠦᠮᠵᠢ ᠶᠢ ᠡᠪᠳᠡᠬᠦ︔ | ︵ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠬᠤᠲᠠ | ᠪᠠᠯᠭᠠᠰᠤ ᠶᠢᠨ ᠨᠣᠭᠤᠭᠠᠷᠠᠭᠤᠯᠤᠯᠲᠠ ᠶᠢ ᠡᠪᠳᠡᠭᠰᠡᠨ ᠪᠤᠰᠤᠳ ᠦᠢᠯᠡ ᠠᠵᠢᠯᠯᠠᠭ᠎ᠠ᠃ | ᠳᠡᠭᠡᠷ᠎ᠡ ᠳᠤᠷᠠᠳᠤᠭᠰᠠᠨ ᠲᠦᠷᠢᠮ ᠢ ᠵᠥᠷᠢᠴᠡᠭᠰᠡᠨ ᠪᠠᠶᠢᠪᠠᠯ᠂ ᠬᠤᠳᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠡᠮᠦᠨᠡᠬᠢ ᠪᠠᠳᠠᠭ ᠤᠨ ᠨᠢᠭᠡᠳᠦᠭᠡᠷ᠂ | ᠬᠤᠶᠠᠳᠤᠭᠠᠷ ᠵᠤᠷᠪᠤᠰ ᠤᠨ ᠲᠦᠷᠢᠮ ᠢ ᠵᠥᠷᠢᠴᠡᠭᠰᠡᠨ ᠪᠠᠶᠢᠪᠠᠯ᠂ ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠢ | ᠦᠨᠳᠦᠰᠦᠯᠡᠵᠦ᠂ 200 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠭᠤᠭᠰᠢ ᠵᠣᠭᠤᠰ ᠢᠶᠠᠷ | ᠲᠤᠷᠭᠤᠭᠠᠨ ᠰᠢᠳᠭᠡᠨ᠎ᠡ︔ ᠡᠮᠦᠨᠡᠬᠢ ᠪᠠᠳᠠᠭ ᠤᠨ ᠭᠤᠷᠪᠠᠳᠤᠭᠠᠷ᠂ ᠳᠥᠷᠪᠡᠳᠦᠭᠡᠷ ᠵᠦᠢᠯ ᠤᠨ ᠲᠦᠷᠢᠮ ᠢ | ᠵᠥᠷᠢᠴᠡᠭᠰᠡᠨ ᠪᠠᠶᠢᠪᠠᠯ᠂ ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠢ ᠦᠨᠳᠦᠰᠦᠯᠡᠵᠦ᠂ 500 | ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ ᠰᠢᠳᠭᠡᠨ᠎ᠡ︔ | ᠲᠠᠪᠤᠳᠤᠭᠠᠷ᠂ ᠵᠢᠷᠭᠤᠳᠤᠭᠠᠷ᠂ ᠳᠣᠯᠣᠳᠤᠭᠠᠷ ᠵᠦᠢᠯ ᠤᠨ ᠲᠦᠷᠢᠮ ᠢ ᠵᠥᠷᠢᠴᠡᠭᠰᠡᠨ ᠪᠠᠶᠢᠪᠠᠯ᠂ 1000 | ᠲᠥᠭᠦᠷᠢᠭ ᠤᠨ ᠵᠣᠭᠤᠰ ᠢᠶᠠᠷ ᠲᠤᠷᠭᠤᠭᠠᠨ ᠰᠢᠳᠭᠡᠨ᠎ᠡ︔ ᠡᠭᠦᠨ ᠳᠤ ᠬᠠᠤᠯᠢ ᠶᠢ ᠵᠥᠷᠢᠴᠡᠵᠦ ᠡᠵᠡᠩᠨᠡᠯᠳᠡ ᠲᠠᠢ | ᠬᠤᠯᠪᠣᠭᠳᠠᠵᠤ᠂ ᠬᠠᠤᠯᠢ ᠶᠢ ᠵᠥᠷᠢᠴᠡᠵᠦ ᠣᠯᠵᠠ ᠠᠰᠢᠭ ᠣᠯᠤᠭᠰᠠᠨ ᠪᠠᠶᠢᠪᠠᠯ᠂ ᠬᠠᠤᠯᠢ ᠶᠢ ᠵᠥᠷᠢᠴᠡᠵᠦ | ᠣᠯᠤᠭᠰᠠᠨ ᠣᠯᠵᠠ ᠠᠰᠢᠭ ᠤᠨ ᠬᠢᠨᠢ ᠭᠤᠷᠪᠠᠨ ᠲᠠᠬᠢᠨ ᠵᠣᠭᠤᠰ ᠢᠶᠠᠷ ᠲᠤᠷᠭᠤᠭᠠᠨ᠎ᠠ᠂ ᠭᠡᠪᠡᠴᠦ ᠬᠠᠮᠤᠭ | ᠥᠨᠳᠥᠷ ᠲᠡᠭᠡᠨ 30000 ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ︔ ᠬᠠᠤᠯᠢ ᠪᠤᠰᠤ ᠣᠷᠣᠯᠭ᠎ᠠ | ᠣᠯᠤᠭᠰᠠᠨ ᠦᠭᠡᠢ ᠪᠠᠶᠢᠪᠠᠯ 5000 ᠲᠥᠭᠦᠷᠢᠭ ᠠᠴᠠ ᠳᠡᠭᠡᠭᠰᠢ 10000 ᠲᠥᠭᠦᠷᠢᠭ ᠠᠴᠠ ᠳᠣᠭᠤᠭᠰᠢ | ᠵᠣᠭᠤᠰ ᠢᠶᠠᠷ ᠲᠤᠷᠭᠤᠭᠠᠨ᠎ᠠ᠃ | ᠠᠷᠪᠠᠨ ᠳᠣᠯᠣᠳᠤᠭᠠᠷ ᠵᠦᠢᠯ ᠬᠤᠳᠠ ᠪᠠᠯᠭᠠᠰᠤᠨ ᠤ ᠤᠢ ᠮᠣᠳᠣ ᠶᠢ ᠡᠪᠳᠡᠵᠦ ᠰᠦᠢᠳᠬᠡᠭᠰᠡᠨ᠂ | ᠳᠤᠷ᠎ᠠ ᠪᠠᠷ ᠢᠶᠠᠨ ᠣᠭᠲᠣᠯᠤᠭᠰᠠᠨ ᠪᠠᠶᠢᠪᠠᠯ᠂ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠬᠤ ᠶᠢᠨ ᠬᠠᠮᠲᠤ ᠡᠪᠳᠡᠵᠦ | ᠰᠦᠢᠳᠬᠡᠭᠰᠡᠨ᠂ ᠣᠭᠲᠣᠯᠤᠭᠰᠠᠨ ᠤᠢ ᠮᠣᠳᠣᠨ ᠤ ᠦᠨ᠎ᠡ ᠥᠷᠲᠡᠭ ᠤᠨ ᠬᠢᠨᠢ ᠨᠢᠭᠡ ᠲᠠᠬᠢᠨ ᠠᠴᠠ ᠳᠡᠭᠡᠭᠰᠢ | ᠭᠤᠷᠪᠠᠨ ᠲᠠᠬᠢᠨ ᠠᠴᠠ ᠳᠣᠭᠤᠭᠰᠢ ᠵᠣᠭᠤᠰ ᠢᠶᠠᠷ ᠲᠤᠷᠭᠤᠭᠠᠨ ᠰᠢᠳᠭᠡᠨ᠎ᠡ᠂ ᠬᠠᠮᠤᠭ ᠤᠨ ᠥᠨᠳᠥᠷ ᠰᠢᠢᠳᠭᠡᠯ ᠢ | 30000 ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠃ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ | ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ | ᠠᠷᠪᠠᠨ ᠨᠠᠢᠮᠠᠳᠤᠭᠠᠷ ᠵᠦᠢᠯ ᠵᠥᠪᠰᠢᠶᠡᠷᠡᠯ ᠢᠶᠠᠷ ᠳᠠᠮᠵᠢᠨ ᠵᠠᠮ᠂ ᠣᠯᠠᠨ ᠨᠡᠶᠢᠲᠡ ᠶᠢᠨ ᠲᠠᠯᠠᠪᠤᠷ ᠢ ᠲᠦᠷ | ᠡᠵᠡᠯᠡᠨ ᠬᠡᠷᠡᠭᠯᠡᠵᠦ ᠪᠠᠶᠠᠷ ᠳᠤᠷᠠᠰᠬᠠᠯ᠂ ᠤᠬᠠᠭᠤᠯᠭ᠎ᠠ᠂ ᠰᠣᠶᠣᠯ᠂ ᠪᠡᠶ᠎ᠡ ᠶᠢᠨ ᠲᠠᠮᠢᠷ ᠵᠡᠷᠭᠡ ᠠᠵᠢᠯᠯᠠᠭ᠎ᠠ ᠬᠢᠬᠦ ᠳᠤ | ᠬᠦᠷᠪᠡᠯ᠂ ᠡᠷᠬᠢᠯᠡᠨ ᠡᠷᠬᠢᠯᠡᠬᠦ ᠲᠠᠯ᠎ᠠ ᠨᠢ ᠠᠵᠢᠯᠯᠠᠭᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠲᠤᠯᠠᠬᠤ | ᠬᠡᠷᠡᠭᠲᠡᠶ︔ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠲᠠᠯᠠᠪᠤᠷ ᠭᠠᠵᠠᠷ ᠢ ᠴᠠᠭ ᠲᠤᠬᠠᠶ ᠳᠤᠨᠢ ᠴᠡᠪᠡᠷᠯᠡᠵᠦ᠂ | ᠤᠤᠯ ᠤᠨ ᠪᠠᠶᠢᠳᠠᠯ ᠢ ᠨᠢ ᠰᠡᠷᠭᠦᠭᠡᠬᠦ ᠬᠡᠷᠡᠭᠲᠡᠶ᠃ ᠲᠦᠷᠢᠮ ᠢ ᠵᠥᠷᠢᠴᠡᠭᠰᠡᠨ ᠪᠠᠶᠢᠪᠠᠯ᠂ ᠬᠤᠲᠠ ᠶᠢᠨ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ | ᠲᠣᠭᠲᠠᠭᠠᠨ ᠵᠠᠯᠠᠷᠠᠭᠤᠯᠤᠭᠤᠯᠵᠤ᠂ ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠢ ᠦᠨᠳᠦᠰᠦᠯᠡᠵᠦ᠂ 100 | ᠲᠥᠭᠦᠷᠢᠭ ᠠᠴᠠ ᠳᠡᠭᠡᠭᠰᠢ 10000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ ᠰᠢᠳᠭᠡᠵᠦ | ᠪᠣᠯᠤᠨ᠎ᠠ᠃ | ᠠᠷᠪᠠ ᠶᠢᠰᠦᠳᠦᠭᠡᠷ ᠵᠦᠢᠯ ᠮᠠᠰᠢᠨ ᠲᠡᠷᠭᠡᠨ ᠤ ᠵᠢᠯᠣᠭᠤᠴᠢ ᠵᠢᠷᠤᠵᠤ ᠵᠢᠷᠤᠭᠰᠠᠨ ᠬᠡᠪᠴᠢᠶ᠎ᠡ᠂ ᠴᠢᠭᠯᠡᠯ | ᠵᠡᠷᠭᠡ ᠲᠡᠮᠲᠡᠭ ᠲᠠᠢ ᠱᠤᠭᠤᠮ ᠶᠣᠰᠣᠭᠠᠷ ᠲᠡᠷᠭᠡ ᠬᠥᠰᠬᠡ ᠪᠠᠨ ᠵᠣᠭᠰᠣᠭᠠᠬᠤ ᠬᠡᠷᠡᠭᠲᠡᠶ᠂ ᠳᠤᠷ᠎ᠠ ᠪᠠᠷ ᠢᠶᠠᠨ | ᠵᠣᠭᠰᠣᠭᠠᠵᠤ ᠳᠤᠷ᠎ᠠ ᠪᠠᠷ ᠢᠶᠠᠨ ᠲᠠᠯᠪᠢᠵᠤ ᠪᠣᠯᠬᠤ ᠥᠬᠡᠶ᠂ ᠶᠠᠪᠠᠭᠠᠨ ᠬᠥᠮᠦᠨ ᠤ ᠵᠠᠮ᠂ ᠰᠣᠬᠤᠷ ᠬᠥᠮᠦᠨ ᠤ ᠵᠠᠮ᠂ | ᠭᠠᠯ ᠤᠨᠲᠠᠷᠠᠭᠠᠬᠤ ᠪᠠ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡ ᠬᠥᠰᠬᠡ ᠶᠢᠨ ᠲᠤᠰᠬᠠᠶ ᠨᠡᠪᠲᠡᠷᠡᠬᠦ ᠵᠠᠮ᠂ | ᠰᠤᠷᠤᠭᠴᠢ ᠵᠥᠭᠡᠭᠡᠬᠦ ᠲᠡᠷᠭᠡ ᠶᠢᠨ ᠲᠤᠰᠬᠠᠶ ᠬᠡᠷᠡᠭᠯᠡᠬᠦ ᠲᠡᠷᠭᠡ ᠵᠣᠭᠰᠣᠬᠤ ᠭᠠᠵᠠᠷ ᠢ ᠡᠵᠡᠯᠡᠨ ᠬᠡᠷᠡᠭᠯᠡᠬᠦ ᠪᠤᠶᠤ | ᠪᠥᠭᠯᠡᠵᠦ ᠪᠣᠯᠬᠤ ᠥᠬᠡᠶ᠂ ᠵᠠᠮ ᠳᠡᠭᠡᠷ᠎ᠡ ᠲᠡᠷᠭᠡ ᠪᠠ ᠶᠠᠪᠠᠭᠠᠨ ᠬᠥᠮᠦᠨ ᠤ ᠨᠡᠪᠲᠡᠷᠡᠬᠦ ᠶᠢ ᠬᠠᠷᠰᠢᠯᠠᠵᠤ ᠪᠣᠯᠬᠤ ᠥᠬᠡᠶ | ᠃ ᠲᠦᠷᠢᠮ ᠢ ᠵᠥᠷᠢᠴᠡᠭᠰᠡᠨ ᠪᠠᠶᠢᠪᠠᠯ᠂ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ᠂ ᠮᠠᠰᠢᠨ ᠲᠡᠷᠭᠡᠨ ᠤ ᠵᠢᠯᠣᠭᠤᠴᠢ ᠲᠤᠬᠠᠶ ᠶᠢᠨ ᠲᠠᠯᠠᠪᠤᠷ ᠲᠤ | ᠪᠠᠶᠢᠬᠤ ᠦᠭᠡᠢ ᠪᠤᠶᠤ ᠬᠡᠳᠦ᠋ᠢᠪᠡᠷ ᠲᠤᠬᠠᠶ ᠶᠢᠨ ᠲᠠᠯᠠᠪᠤᠷ ᠲᠤ ᠪᠠᠶᠢᠬᠤ ᠪᠣᠯᠪᠠᠴᠤ ᠲᠡᠷᠡ ᠳᠠᠷᠤᠶ ᠳᠤᠨᠢ ᠰᠠᠯᠵᠤ | ᠶᠠᠪᠤᠬᠤ ᠶᠢ ᠲᠡᠪᠴᠢᠭᠰᠡᠨ ᠪᠠᠶᠢᠪᠠᠯ᠂ 20 ᠲᠥᠭᠦᠷᠢᠭ ᠠᠴᠠ ᠳᠡᠭᠡᠭᠰᠢ 200 ᠲᠥᠭᠦᠷᠢᠭ ᠠᠴᠠ ᠳᠣᠭᠤᠭᠰᠢ | ᠵᠣᠭᠤᠰ ᠢᠶᠠᠷ ᠲᠤᠷᠭᠤᠭᠠᠬᠤ ᠪᠠᠷ ᠰᠢᠳᠬᠡᠬᠦ ᠪᠥᠭᠡᠳ ᠲᠤᠰ ᠮᠠᠰᠢᠨ ᠲᠡᠷᠭᠡ ᠶᠢ ᠵᠠᠮ ᠬᠠᠷᠢᠯᠴᠠᠭ᠎ᠠ ᠶᠢ ᠬᠠᠷᠰᠢᠯᠠᠬᠤ | ᠦᠭᠡᠢ ᠭᠠᠵᠠᠷ ᠪᠤᠶᠤ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠵᠢᠭᠠᠨ | ᠲᠣᠭᠲᠠᠭᠠᠭᠰᠠᠨ ᠭᠠᠵᠠᠷ ᠲᠤ ᠴᠢᠷᠴᠦ ᠰᠢᠯᠵᠢᠭᠦᠯᠦᠨ ᠲᠠᠯᠪᠢᠵᠤ ᠪᠣᠯᠤᠨ᠎ᠠ᠃ | ᠵᠠᠮ᠂ ᠤᠯᠠᠨ ᠨᠡᠶᠢᠲᠡ ᠶᠢᠨ ᠲᠡᠷᠭᠡᠨ ᠵᠣᠭᠰᠣᠭᠠᠯ ︵ᠪᠠᠶᠢᠷᠢ︶᠂ ᠵᠡᠭᠡᠯᠢ ᠶᠢᠨ ᠠᠷᠣ ᠶᠢᠨ ᠵᠢᠵᠢᠭ ᠭᠤᠳᠤᠮᠵᠢ | ᠵᠢᠴᠢ ᠪᠤᠰᠤᠳ ᠤᠯᠠᠨ ᠨᠡᠶᠢᠲᠡ ᠶᠢᠨ ᠲᠠᠯᠠᠪᠤᠷ ᠲᠤ ᠤᠯᠠᠨ ᠨᠡᠶᠢᠲᠡ ᠶᠢᠨ ᠡᠬᠢ ᠪᠠᠶᠠᠯᠢᠭ ᠢ ᠡᠵᠡᠯᠡᠨ ᠬᠡᠷᠡᠭᠯᠡᠵᠦ᠂ | ᠭᠤᠷᠪᠠᠨ ᠰᠠᠷ᠎ᠠ ᠠᠴᠠ ᠳᠡᠭᠡᠭᠰᠢ ᠲᠠᠶᠠᠭᠳᠠᠭᠰᠠᠨ ᠪᠤᠶᠤ ᠬᠤᠳᠠ ᠶᠢᠨ ᠲᠦᠷᠢ ᠲᠦᠷᠬᠦ ᠪᠠ ᠣᠷᠴᠢᠨ ᠲᠣᠭᠤᠷᠢᠨ ᠢ | ᠨᠥᠯᠥᠭᠡᠯᠡᠵᠦ ᠲᠡᠷᠭᠡ ᠬᠥᠰᠬᠡ ᠵᠣᠭᠰᠣᠭᠠᠵᠤ ᠲᠠᠯᠪᠢᠭᠰᠠᠨ ᠪᠠᠶᠢᠪᠠᠯ᠂ ᠢᠳᠬᠠᠨ ᠬᠤᠷᠢᠭᠯᠠᠭᠰᠠᠨ ᠪᠣᠯᠪᠠᠴᠤ ᠮᠥᠨ ᠯᠠ | ᠵᠠᠰᠠᠷᠠᠬᠤ ᠦᠭᠡᠢ᠂ ᠡᠰᠡᠬᠦᠯ᠎ᠡ ᠮᠡᠳᠡᠭᠳᠡᠭᠰᠡᠨ ᠪᠤᠶᠤ ᠵᠠᠷᠯᠠᠨ ᠨᠡᠶᠢᠲᠡᠯᠡᠭᠰᠡᠨ ᠤ ᠲᠠᠷᠠᠭ᠎ᠠ ᠮᠥᠨ ᠯᠠ ᠵᠠᠯᠠᠷᠠᠭᠤᠯᠤᠭᠰᠠᠨ | ᠦᠭᠡᠢ ᠪᠠᠶᠢᠪᠠᠯ᠂ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠲᠡᠷᠭᠡ | ᠬᠥᠰᠬᠡ ᠶᠢ ᠴᠢᠷᠴᠦ ᠰᠢᠯᠵᠢᠭᠦᠯᠬᠦ ᠶᠢᠨ ᠬᠠᠮᠲᠤ ᠬᠠᠳᠠᠭᠠᠯᠠᠨ᠎ᠠ᠃ | ᠬᠠᠮᠲᠤᠪᠠᠷ ᠡᠳ᠋ᠯᠡᠬᠦ ᠳᠤᠭᠤᠢ ᠲᠡᠷᠭᠡ ᠡᠵᠡᠩᠨᠡᠬᠦ ᠨᠢᠭᠡᠴᠡ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠲᠡᠷᠭᠡ | ᠬᠥᠰᠬᠡ ᠵᠤᠭᠰᠣᠭᠠᠬᠤ ᠪᠠᠨ ᠵᠢᠷᠤᠮᠵᠢᠭᠤᠯᠬᠤ ᠬᠡᠷᠡᠭᠲᠡᠢ᠂ ᠬᠤᠳᠠ ᠶᠢᠨ ᠲᠦᠷᠢ ᠲᠦᠷᠭᠦ ᠪᠠ ᠣᠷᠴᠢᠨ ᠲᠣᠭᠤᠷᠢᠨ ᠢ | ᠨᠥᠯᠥᠭᠡᠯᠡᠵᠦ ᠪᠣᠯᠬᠤ ᠦᠭᠡᠢ᠃ ᠲᠦᠷᠢᠮ ᠢ ᠵᠥᠷᠢᠴᠡᠭᠰᠡᠨ ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠦᠢᠯᠡ ᠪᠠᠶᠢᠳᠠᠯ ᠤᠨ ᠬᠢᠨᠢ ᠬᠦᠨᠳᠦ | ᠬᠥᠩᠭᠡᠨ ᠢ ᠦᠨᠳᠦᠰᠦᠯᠡᠵᠦ᠂ 200 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠭᠤᠭᠰᠢ | ᠵᠣᠭᠤᠰ ᠢᠶᠠᠷ ᠲᠤᠷᠭᠤᠭᠠᠨ ᠰᠢᠳᠭᠡᠨ᠎ᠡ᠃ | ᠬᠤᠷᠢᠨ ᠨᠢᠭᠡᠳᠦᠭᠡᠷ ᠵᠦᠢᠯ ᠮᠠᠰᠢᠨ ᠲᠡᠷᠭᠡ ᠵᠢᠯᠣᠭᠤᠳᠬᠤ ᠪᠤᠶᠤ ᠮᠠᠰᠢᠨ ᠲᠡᠷᠭᠡᠨ ᠳᠤ ᠰᠠᠭᠤᠬᠤ ᠳᠠᠭᠠᠨ᠂ | ᠲᠡᠷᠭᠡᠨ ᠭᠠᠳᠠᠨ᠎ᠠ ᠲᠠᠮᠠᠬᠢᠨ ᠶᠣᠵᠣᠭᠤᠷ᠂ ᠵᠢᠮᠢᠰ ᠤᠨ ᠬᠠᠯᠢᠰᠤ ᠵᠡᠷᠭᠡ ᠡᠯ᠎ᠡ ᠵᠦᠢᠯ ᠤᠨ ᠬᠠᠶᠠᠭᠳᠠᠮᠠᠯ ᠪᠣᠳᠠᠰ ᠢ | ᠳᠤᠷ᠎ᠠ ᠪᠠᠷ ᠢᠶᠠᠨ ᠬᠠᠶᠠᠵᠤ ᠪᠣᠯᠬᠤ ᠦᠭᠡᠢ᠃ ᠲᠦᠷᠢᠮ ᠢ ᠵᠥᠷᠢᠴᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠳᠣᠩᠭᠤᠳᠬᠤ ᠪᠥᠭᠡᠳ 50 | ᠲᠥᠭᠦᠷᠢᠭ ᠵᠣᠭᠤᠰ ᠢᠶᠠᠷ ᠲᠤᠷᠭᠤᠭᠠᠨ ᠰᠢᠳᠭᠡᠵᠦ ᠪᠣᠯᠤᠨ᠎ᠠ᠃ | ᠬᠤᠷᠢᠨ ᠬᠤᠶᠠᠳᠤᠭᠠᠷ ᠵᠦᠢᠯ ᠤᠷᠤᠰᠤᠩᠭᠢ ᠪᠡᠶᠡᠲᠤ᠂ ᠪᠣᠭᠤᠳᠠᠯ ᠦᠭᠡᠢ ᠪᠠᠷᠠᠭ᠎ᠠ ᠶᠢ | ᠲᠡᠭᠡᠭᠡᠪᠦᠷᠢᠯᠡᠬᠦ ᠳᠡᠭᠡᠨ ᠪᠢᠲᠡᠭᠦᠮᠵᠢᠯᠡᠬᠦ᠂ ᠪᠣᠭᠤᠬᠤ᠂ ᠪᠦᠷᠬᠦᠬᠦ ᠬᠡᠷᠡᠭᠲᠡᠢ᠂ ᠵᠠᠳᠠᠷᠠᠭᠤᠯᠵᠤ᠂ ᠠᠰᠬᠠᠵᠤ ᠪᠣᠯᠬᠤ ᠦᠭᠡᠢ | ᠃ ᠲᠦᠷᠢᠮ ᠢ ᠵᠥᠷᠢᠴᠡᠭᠰᠡᠨ ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠲᠤᠬᠠᠶ ᠶᠢᠨ ᠲᠠᠯᠠᠪᠤᠷ ᠢ ᠨᠢ ᠴᠡᠪᠡᠷᠯᠡᠨ ᠠᠷᠢᠯᠭᠠᠭᠤᠯᠵᠤ᠂ ᠦᠢᠯᠡ | ᠪᠠᠶᠢᠳᠠᠯ ᠤᠨ ᠬᠢᠨᠢ ᠬᠦᠨᠳᠦ ᠬᠥᠩᠭᠡᠨ ᠢ ᠦᠨᠳᠦᠰᠦᠯᠡᠵᠦ ᠪᠠᠶᠢᠭᠠᠳ 1000 ᠲᠥᠭᠦᠷᠢᠭ ᠠᠴᠠ ᠳᠡᠭᠡᠭᠰᠢ 3000 | ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ ᠰᠢᠳᠭᠡᠵᠦ ᠪᠣᠯᠤᠨ᠎ᠠ᠃ | ᠬᠤᠷᠢᠨ ᠭᠤᠷᠪᠠᠳᠤᠭᠠᠷ ᠵᠦᠢᠯ ᠪᠠᠷᠢᠯᠭ᠎ᠠ ᠶᠢᠨ ᠬᠤᠭ ᠨᠣᠪᠰᠢ᠂ ᠬᠤᠳᠠ ᠶᠢᠨ ᠠᠮᠢᠳᠤᠷᠠᠯ ᠤᠨ ᠬᠤᠭ | ᠨᠣᠪᠰᠢ ᠶᠢ ᠳᠤᠷ᠎ᠠ ᠪᠠᠷ ᠢᠶᠠᠨ ᠴᠢᠳᠬᠤᠭᠰᠠᠨ᠂ ᠠᠰᠬᠠᠭᠰᠠᠨ᠂ ᠣᠪᠣᠭᠠᠯᠠᠭᠰᠠᠨ ᠪᠠᠶᠢᠪᠠᠯ᠂ ᠬᠤᠳᠠ ᠶᠢᠨ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ | ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠪᠠᠶᠢᠭᠤᠯᠭ᠎ᠠ ᠨᠢᠭᠡᠴᠡ ᠶᠢ 5000 ᠲᠥᠭᠦᠷᠢᠭ ᠠᠴᠠ ᠳᠡᠭᠡᠭᠰᠢ | 50000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ ᠰᠢᠳᠭᠡᠨ᠎ᠡ᠃ ᠬᠤᠪᠢ ᠬᠥᠮᠥᠨ ᠳᠡᠭᠡᠷᠡᠬᠢ | ᠠᠵᠢᠯᠯᠠᠭ᠎ᠠ ᠶᠢ ᠬᠢᠭᠰᠡᠨ ᠪᠠᠶᠢᠪᠠᠯ 200 ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ᠎ᠠ᠃ | ᠬᠤᠷᠢᠨ ᠳᠥᠷᠪᠡᠳᠦᠭᠡᠷ ᠵᠦᠢᠯ ᠠᠷᠠᠳ ᠢᠷᠭᠡᠨ᠂ ᠬᠠᠤᠯᠢ ᠬᠥᠮᠥᠨ ᠪᠠ ᠪᠤᠰᠤᠳ ᠵᠣᠬᠢᠶᠠᠨ | ᠪᠠᠶᠢᠭᠤᠯᠤᠯᠲᠠ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠤᠳᠠ ᠶᠢᠨ ᠬᠠᠮᠢᠶᠠᠷᠤᠯᠲᠠ ᠶᠢᠨ | ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠳᠣᠩᠭᠤᠳᠴᠤ᠂ ᠵᠣᠭᠤᠰ ᠢᠶᠠᠷ | ᠲᠣᠷᠭᠠᠬᠤ ᠪᠠᠷ ᠰᠢᠳᠬᠡᠨ᠎ᠡ᠄ | ︵ᠨᠢᠭᠡ︶ ᠪᠠᠷᠢᠯᠭ᠎ᠠ ᠶᠢᠨ ᠬᠤᠭ ᠨᠣᠪᠰᠢ ᠶᠢ ᠠᠮᠢᠳᠤᠷᠠᠯ ᠤᠨ ᠬᠤᠭ ᠨᠣᠪᠰᠢ ᠳᠤ ᠬᠤᠯᠢᠯᠳᠤᠭᠤᠯᠤᠨ | ᠣᠷᠣᠭᠤᠯᠤᠭᠰᠠᠨ︔ | ︵ᠬᠤᠶᠠᠷ︶ ᠠᠶᠤᠯᠲᠠᠶ ᠬᠠᠶᠠᠭᠳᠠᠮᠠᠯ ᠪᠣᠳᠠᠰ ᠢ ᠪᠠᠷᠢᠯᠭ᠎ᠠ ᠶᠢᠨ ᠬᠤᠭ ᠨᠣᠪᠰᠢ ᠳᠤ ᠬᠤᠯᠢᠯᠳᠤᠭᠤᠯᠤᠨ | ᠣᠷᠣᠭᠤᠯᠤᠭᠰᠠᠨ︔ | ︵ᠭᠤᠷᠪᠠ︶ ᠳᠤᠷ᠎ᠠ ᠪᠠᠷ ᠢᠶᠠᠨ ᠬᠠᠶᠠᠭᠳᠠᠮᠠᠯ ᠪᠤᠳᠠᠰ ᠤᠨ ᠲᠠᠯᠠᠪᠤᠷ ᠪᠠᠶᠢᠭᠤᠯᠵᠤ ᠪᠠᠷᠢᠯᠭ᠎ᠠ ᠶᠢᠨ ᠬᠤᠭ | ᠨᠣᠪᠰᠢ ᠶᠢ ᠬᠦᠯᠢᠶᠡᠨ ᠠᠪᠤᠭᠰᠠᠨ᠃ | ᠪᠠᠶᠢᠭᠤᠯᠭ᠎ᠠ ᠨᠢᠭᠡᠴᠡ ᠡᠮᠦᠨᠡᠬᠢ ᠵᠤᠷᠪᠤᠰ ᠤᠨ ᠨᠢᠭᠡᠳᠦᠭᠡᠷ᠂ ᠬᠤᠶᠠᠳᠤᠭᠠᠷ ᠵᠤᠷᠪᠤᠰ ᠤᠨ ᠦᠢᠯᠡ | ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ 3000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ | ᠰᠢᠳᠭᠡᠨ᠎ᠡ᠂ ᠡᠮᠦᠨᠡᠬᠢ ᠪᠠᠳᠠᠭ ᠤᠨ ᠭᠤᠷᠪᠠᠳᠤᠭᠠᠷ ᠵᠤᠷᠪᠤᠰ ᠤᠨ ᠦᠢᠯᠡ ᠠᠵᠢᠯᠯᠠᠭ᠎ᠠ ᠶᠢ ᠬᠢᠭᠰᠡᠨ ᠪᠠᠶᠢᠪᠠᠯ᠂ | ᠵᠠᠷᠯᠢᠭᠳᠠᠵᠤ ᠪᠠᠶᠢᠭᠠᠳ ᠬᠦᠯᠢᠶᠡᠨ ᠠᠪᠤᠭᠰᠠᠨ ᠬᠤᠭ ᠨᠣᠪᠰᠢ ᠶᠢ ᠨᠢ ᠠᠷᠢᠯᠭᠠᠭᠤᠯᠵᠤ᠂ 5000 ᠲᠥᠭᠦᠷᠢᠭ ᠠᠴᠠ | ᠳᠡᠭᠡᠭᠰᠢ 10000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ ᠰᠢᠳᠭᠡᠨ᠎ᠡ᠃ ᠬᠤᠪᠢ ᠬᠥᠮᠥᠨ | ᠡᠮᠦᠨᠡᠬᠢ ᠪᠠᠳᠠᠭ ᠤᠨ ᠨᠢᠭᠡᠳᠦᠭᠡᠷ᠂ ᠬᠤᠶᠠᠳᠤᠭᠠᠷ ᠵᠤᠷᠪᠤᠰ ᠤᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ | ᠂ 200 ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ ᠰᠢᠳᠭᠡᠨ᠎ᠡ︔ ᠡᠮᠦᠨᠡᠬᠢ ᠪᠠᠳᠠᠭ ᠤᠨ | ᠭᠤᠷᠪᠠᠳᠤᠭᠠᠷ ᠵᠤᠷᠪᠤᠰ ᠤᠨ ᠦᠢᠯᠡ ᠠᠵᠢᠯᠯᠠᠭ᠎ᠠ ᠶᠢ ᠬᠢᠭᠰᠡᠨ ᠪᠠᠶᠢᠪᠠᠯ᠂ 3000 ᠲᠥᠭᠦᠷᠢᠭ ᠠᠴᠠ ᠳᠣᠭᠤᠭᠰᠢ | ᠵᠣᠭᠤᠰ ᠢᠶᠠᠷ ᠲᠤᠷᠭᠤᠭᠠᠨ ᠰᠢᠳᠭᠡᠨ᠎ᠡ᠃ | ᠬᠤᠷᠢᠨ ᠲᠠᠪᠤᠳᠤᠭᠠᠷ ᠵᠦᠢᠯ ᠬᠤᠭ ᠨᠣᠪᠰᠢ᠂ ᠪᠣᠬᠢᠷ ᠤᠰᠤ᠂ ᠪᠠᠭᠠᠰᠤ ᠰᠢᠭᠡᠰᠦ ᠶᠢ ᠲᠤᠭᠳᠠᠭᠠᠭᠰᠠᠨ ᠴᠠᠭ | ᠂ ᠭᠠᠵᠠᠷ ᠣᠷᠣᠨ᠂ ᠠᠷᠭ᠎ᠠ ᠮᠠᠶ᠋ᠢᠭ ᠢᠶᠠᠷ ᠴᠢᠳᠬᠤᠭᠰᠠᠨ ᠦᠭᠡᠢ᠂ ᠴᠡᠪᠡᠷᠯᠡᠭᠰᠡᠨ ᠦᠭᠡᠢ᠂ ᠰᠢᠢᠳᠪᠦᠷᠢᠯᠡᠭᠰᠡᠨ ᠦᠭᠡᠢ | ᠪᠠᠶᠢᠪᠠᠯ ᠰᠡᠷᠡᠮᠵᠢ ᠥᠭᠴᠦ᠂ 50 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠳᠣᠭᠤᠭᠰᠢ ᠵᠣᠭᠤᠰ ᠢᠶᠠᠷ | ᠲᠤᠷᠭᠤᠭᠠᠨ ᠰᠢᠳᠭᠡᠵᠦ ᠪᠣᠯᠤᠨ᠎ᠠ︔ | ᠬᠤᠷᠢᠨ ᠵᠢᠷᠭᠤᠳᠤᠭᠠᠷ ᠵᠦᠢᠯ ᠡᠯ᠎ᠡ ᠲᠥᠷᠥᠯ ᠤᠨ ᠬᠤᠳᠳᠤᠭ ᠤᠨ ᠬᠠᠪᠬᠠᠭᠠᠰᠤ ᠶᠢ ᠳᠤᠷ᠎ᠠ ᠪᠠᠷ ᠢᠶᠠᠨ | ᠰᠢᠯᠵᠢᠭᠦᠯᠵᠦ᠂ ᠡᠪᠳᠡᠵᠦ ᠪᠣᠯᠬᠤ ᠦᠭᠡᠢ᠃ ᠲᠦᠷᠢᠮ ᠢ ᠵᠥᠷᠢᠴᠡᠭᠰᠡᠨ ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ | ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠬᠤ ᠪᠥᠭᠡᠳ 500 ᠲᠥᠭᠦᠷᠢᠭ ᠠᠴᠠ | ᠳᠡᠭᠡᠭᠰᠢ 1000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ ᠰᠢᠳᠭᠡᠵᠦ ᠪᠣᠯᠤᠨ᠎ᠠ᠃ | ᠬᠤᠷᠢᠨ ᠳᠣᠯᠣᠳᠤᠭᠠᠷ ᠵᠦᠢᠯ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ | ᠂ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠲᠡᠷᠡ | ᠳᠠᠷᠤᠶ ᠳᠤᠨᠢ ᠢᠯᠭᠠᠷᠠᠭᠤᠯᠤᠨ ᠲᠢᠭᠯᠡᠵᠦ᠂ ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠢ ᠦᠨᠳᠦᠰᠦᠯᠡᠵᠦ᠂ 10 | ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ ᠰᠢᠳᠭᠡᠵᠦ ᠪᠣᠯᠤᠨ᠎ᠠ᠄ | ︵ᠨᠢᠭᠡ︶ ᠭᠠᠵᠠᠷ ᠰᠠᠢ ᠦᠭᠡᠢ ᠨᠤᠯᠮᠤᠬᠤ᠂ ᠭᠠᠳᠠᠭᠠᠯᠠᠬᠤ︔ | ︵ᠬᠤᠶᠠᠷ︶ ᠵᠢᠮᠢᠰ ᠤᠨ ᠬᠠᠯᠢᠰᠤ᠂ ᠴᠠᠭᠠᠰᠤᠨ ᠦᠷᠦᠪᠳᠡᠰᠦ᠂ ᠲᠠᠮᠠᠬᠢᠨ ᠶᠣᠵᠣᠭᠤᠷ᠂ ᠵᠠᠵᠢᠯᠤᠭᠤᠷ | ᠰᠢᠬᠢᠷ ᠢ ᠳᠤᠷ᠎ᠠ ᠪᠠᠷ ᠢᠶᠠᠨ ᠬᠠᠶᠠᠭᠰᠠᠨ︔ | ︵ᠭᠤᠷᠪᠠ︶ ᠨᠢᠭᠡ ᠯᠠ ᠤᠳᠠᠭ᠎ᠠ ᠬᠡᠷᠡᠭᠯᠡᠬᠦ ᠬᠤᠭᠤᠯᠠᠨ ᠤ ᠪᠠᠭᠠᠵᠢ ᠬᠡᠷᠡᠭᠰᠡᠯ᠂ ᠰᠦᠯᠢᠶᠣᠣ ᠤᠭᠤᠲᠠ ᠪᠠ | ᠪᠤᠰᠤᠳ ᠪᠠᠭᠯᠠᠭ᠎ᠠ ᠪᠣᠭᠤᠳᠠᠯ ᠢ ᠳᠤᠷ᠎ᠠ ᠪᠠᠷ ᠢᠶᠠᠨ ᠬᠠᠶᠠᠭᠰᠠᠨ︔ | ︵ᠳᠥᠷᠪᠡ︶ ᠬᠠᠶᠠᠭᠳᠠᠮᠠᠯ ᠬᠠᠭᠤᠴᠢᠨ ᠳ᠋ᠢᠶᠠᠨ ᡂᠢ᠂ ᠬᠠᠶᠠᠭᠳᠠᠮᠠᠯ ᠬᠠᠭᠤᠴᠢᠨ ᠴᠠᠬᠢᠯᠭᠠᠨ ᠬᠡᠷᠡᠭᠰᠡᠯ ᠵᠡᠷᠭᠡ | ᠬᠤᠣᠷᠲᠠᠢ ᠬᠠᠶᠠᠭᠳᠠᠮᠠᠯ ᠪᠣᠳᠠᠰ ᠢ ᠳᠤᠷ᠎ᠠ ᠪᠠᠷ ᠢᠶᠠᠨ ᠬᠠᠶᠠᠭᠰᠠᠨ︔ | ︵ᠲᠠᠪᠤ︶ ᠠᠮᠢᠲᠠᠨ ᠤ ᠬᠡᠭᠦᠷ ᠪᠡᠶ᠎ᠡ ᠶᠢ ᠳᠤᠷ᠎ᠠ ᠪᠠᠷ ᠢᠶᠠᠨ ᠬᠠᠶᠠᠭᠰᠠᠨ︔ | ︵ᠵᠢᠷᠭᠤᠭ᠎ᠠ︶ ᠪᠤᠰᠤᠳ ᠬᠠᠶᠠᠭᠳᠠᠮᠠᠯ ᠪᠣᠳᠠᠰ ᠢ ᠳᠤᠷ᠎ᠠ ᠪᠠᠷ ᠢᠶᠠᠨ ᠬᠠᠶᠠᠭᠰᠠᠨ᠃ | ᠬᠤᠷᠢᠨ ᠨᠠᠢᠮᠠᠳᠤᠭᠠᠷ ᠵᠦᠢᠯ ᠬᠤᠳᠠ ᠶᠢᠨ ᠲᠣᠭᠤᠷᠢᠭ ᠲᠤ ᠯᠢᠴᠢᠩ᠂ ᠲᠣᠰᠣᠨ ᠢᠰᠡᠭᠡᠶᠢᠡᠴᠢᠷ᠂ ᠭᠤᠮ᠂ | ᠰᠦᠯᠢᠶᠣᠣ᠂ ᠠᠷᠠᠰᠤ ᠰᠢᠷᠢ᠂ ᠬᠤᠭ ᠨᠣᠪᠰᠢ ᠵᠢᠴᠢ ᠬᠤᠣᠷ ᠬᠥᠨᠥᠭᠡᠯ ᠲᠠᠢ ᠤᠲᠤᠭ᠎ᠠ ᠲᠣᠭᠤᠰᠣ ᠪᠠ ᠦᠮᠡᠬᠡᠶ | ᠦᠨᠦᠷ ᠪᠦᠬᠦᠢ ᠬᠡᠢ ᠪᠡᠶᠡᠲᠦ ᠡᠭᠦᠰᠴᠦ ᠮᠡᠳᠡᠬᠦ ᠪᠤᠰᠤᠳ ᠪᠣᠳᠠᠰ ᠢ ᠰᠢᠲᠠᠭᠠᠬᠤ ᠶᠢ ᠴᠠᠭᠠᠵᠠᠯᠠᠨ᠎ᠠ᠃ ᠲᠦᠷᠢᠮ ᠢ | ᠵᠥᠷᠢᠴᠡᠭᠰᠡᠨ ᠪᠠᠶᠢᠪᠠᠯ᠂ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ | ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠦᠢᠯᠡ ᠪᠠᠶᠢᠳᠠᠯ ᠤᠨ ᠬᠢᠨᠢ ᠬᠦᠨᠳᠦ | ᠬᠥᠩᠭᠡᠨ ᠢ ᠦᠨᠳᠦᠰᠦᠯᠡᠵᠦ᠂ ᠪᠠᠶᠢᠭᠤᠯᠭ᠎ᠠ ᠨᠢᠭᠡᠴᠡ ᠶᠢ 1000 ᠲᠥᠭᠦᠷᠢᠭ ᠠᠴᠠ ᠳᠡᠭᠡᠭᠰᠢ 5000 | ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ ᠰᠢᠳᠭᠡᠵᠦ ᠪᠣᠯᠤᠨ᠎ᠠ︔ ᠬᠤᠪᠢ ᠬᠥᠮᠦᠨ ᠢ 100 | ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ ᠰᠢᠳᠭᠡᠵᠦ ᠪᠣᠯᠤᠨ᠎ᠠ᠃ | | ᠬᠤᠷᠢ ᠶᠢᠰᠦᠳᠦᠭᠡᠷ ᠵᠦᠢᠯ ᠪᠠᠶᠢᠭᠤᠯᠵᠤ ᠪᠠᠶᠢᠭ᠎ᠠ ᠬᠤᠳᠠ ᠶᠢᠨ ᠲᠣᠭᠤᠷᠢᠭ ᠲᠤ ᠡᠰᠢ ᠰᠦᠷᠡᠯ᠂ | ᠵᠤᠯᠭᠠᠷᠠᠭᠰᠠᠨ ᠨᠠᠪᠴᠢ ᠵᠡᠷᠭᠡ ᠶᠢ ᠵᠠᠳᠠᠭᠠᠶ ᠰᠢᠲᠠᠭᠠᠵᠤ ᠤᠳᠤᠭ᠎ᠠ ᠲᠣᠭᠤᠰᠣᠨ ᠤ ᠪᠣᠬᠢᠷᠲᠤᠯ ᠡᠭᠦᠰᠭᠡᠭᠰᠡᠨ ᠪᠠᠶᠢᠪᠠᠯ᠂ | ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ | ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠢ ᠦᠨᠳᠦᠰᠦᠯᠡᠵᠦ ᠪᠠᠶᠢᠭᠠᠳ 500 ᠲᠥᠭᠦᠷᠢᠭ ᠠᠴᠠ ᠳᠡᠭᠡᠭᠰᠢ | 2000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ ᠰᠢᠳᠭᠡᠵᠦ ᠪᠣᠯᠤᠨ᠎ᠠ᠃ | ᠭᠤᠴᠢᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠠᠭᠠᠵᠠᠯᠠᠭᠰᠠᠨ ᠴᠠᠭ ᠪᠠ | ᠣᠷᠣᠨ ᠳᠤ ᠬᠤᠸᠠᠷ ᠫᠤᠤᠵᠢᠩ ᠲᠠᠯᠪᠢᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ | ᠶᠣᠰᠣᠭᠠᠷ ᠰᠢᠳᠭᠡᠨ᠎ᠡ᠃ | ᠭᠤᠴᠢᠨ ᠨᠢᠭᠡᠳᠦᠭᠡᠷ ᠵᠦᠢᠯ ᠢᠳᠡᠭᠡᠨ ᠤᠮᠳᠠᠭᠠᠨ ᠵᠤᠭ᠎ᠠ ᠴᠡᠩᠭᠡᠯ ᠤᠨ ᠦᠢᠯᠡᠰ ᠤᠨ ᠳᠡᠯᠭᠡᠭᠦᠷ ᠳᠡᠭᠡᠷ᠎ᠡ | ᠲᠣᠰᠣ ᠤᠲᠤᠭ᠎ᠠ ᠶᠢ ᠴᠡᠪᠡᠷᠰᠢᠭᠦᠯᠬᠦ ᠲᠥᠬᠦᠭᠡᠷᠦᠮᠵᠢ ᠤᠭᠰᠠᠷᠠᠭᠠᠳ ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠦᠭᠰᠡᠨ | ᠦᠭᠡᠢ᠂ ᠠᠭᠠᠷ ᠮᠠᠨᠳᠠᠯ ᠳᠤ ᠪᠠᠷᠢᠮᠵᠢᠶ᠎ᠠ ᠠᠴᠠ ᠬᠡᠲᠦᠷᠡᠭᠦᠯᠦᠨ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠪᠠᠶᠢᠪᠠᠯ᠂ | ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ | ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠢ ᠦᠨᠳᠦᠰᠦᠯᠡᠵᠦ᠂ 5000 ᠲᠥᠭᠦᠷᠢᠭ ᠠᠴᠠ ᠳᠡᠭᠡᠭᠰᠢ 50000 | ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ ᠰᠢᠳᠭᠡᠨ᠎ᠡ᠃ | ᠬᠤᠲᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠠᠭᠠᠵᠠᠯᠠᠭᠰᠠᠨ ᠴᠠᠭ ᠪᠠ ᠣᠷᠣᠨ | ᠬᠡᠪᠴᠢᠶᠡᠨ ᠳᠤ ᠢᠯᠡ ᠪᠠᠷ ᠰᠢᠷᠠᠭᠰᠠᠨ ᠢᠳᠡᠭᠡᠨ ᠪᠤᠶᠤ ᠢᠯᠡ ᠪᠠᠷ ᠰᠢᠷᠠᠭᠰᠠᠨ ᠢᠳᠡᠭᠡᠨ ᠤ ᠲᠠᠯᠠᠪᠤᠷ ᠭᠠᠵᠠᠷ | ᠬᠠᠩᠭᠠᠭᠰᠠᠨ ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ | ᠵᠠᠷᠯᠢᠭᠳᠠᠨ ᠵᠠᠯᠠᠷᠠᠭᠤᠯᠤᠭᠤᠯᠵᠤ᠂ ᠰᠢᠷᠠᠭᠰᠠᠨ ᠪᠠᠭᠠᠵᠢ ᠬᠡᠷᠡᠭᠰᠡᠯ ᠢ ᠨᠢ ᠬᠤᠷᠢᠶᠠᠨ ᠠᠪᠴᠤ᠂ ᠦᠢᠯᠡ ᠪᠠᠶᠢᠳᠠᠯ ᠤᠨ | ᠬᠢᠨᠢ ᠬᠦᠨᠳᠦ ᠬᠥᠩᠭᠡᠨ ᠢ ᠦᠨᠳᠦᠰᠦᠯᠡᠵᠦ ᠪᠠᠶᠢᠭᠠᠳ 500 ᠲᠥᠭᠦᠷᠢᠭ ᠠᠴᠠ ᠳᠡᠭᠡᠭᠰᠢ 20000 | ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ ᠰᠢᠳᠭᠡᠨ᠎ᠡ᠃ | ᠭᠤᠴᠢᠨ ᠬᠤᠶᠠᠳᠤᠭᠠᠷ ᠵᠦᠢᠯ ᠬᠤᠳᠠᠯᠳᠤᠭᠠᠨ ᠤ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠳᠠᠭᠤ | ᠲᠣᠮᠣᠷᠠᠭᠤᠯᠬᠤ ᠮᠠᠰᠢᠨ ᠢ ᠬᠡᠷᠡᠭᠯᠡᠭᠰᠡᠨ ᠪᠤᠶᠤ ᠥᠨᠳᠥᠷ ᠳᠠᠭᠤ ᠲᠠᠢ ᠪᠤᠰᠤᠳ ᠠᠷᠭ᠎ᠠ ᠪᠠᠷ ᠵᠣᠴᠢᠨ ᠲᠠᠲᠠᠭᠰᠠᠨ | ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ | ᠵᠠᠯᠠᠷᠠᠭᠤᠯᠤᠭᠤᠯᠵᠤ᠂ ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠢ ᠦᠨᠳᠦᠰᠦᠯᠡᠵᠦ᠂ 200 ᠲᠥᠭᠦᠷᠢᠭ ᠠᠴᠠ | ᠳᠡᠭᠡᠭᠰᠢ 2000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ ᠰᠢᠳᠭᠡᠵᠦ ᠪᠣᠯᠤᠨ᠎ᠠ᠃ | ᠭᠤᠴᠢᠨ ᠭᠤᠷᠪᠠᠳᠤᠭᠠᠷ ᠵᠦᠢᠯ ᠬᠤᠳᠠ ᠶᠢᠨ ᠲᠣᠭᠤᠷᠢᠭ ᠤᠨ ᠵᠡᠭᠡᠯᠢ ᠭᠤᠳᠤᠮᠵᠢ᠂ ᠠᠭᠤᠳᠠᠮ ᠲᠠᠯᠠᠪᠠᠢ᠂ | ᠴᠡᠴᠡᠷᠯᠢᠭ ᠵᠡᠷᠭᠡ ᠤᠯᠠᠨ ᠨᠡᠶᠢᠲᠡ ᠶᠢᠨ ᠲᠠᠯᠠᠪᠤᠷ ᠲᠤ ᠪᠡᠶ᠎ᠡ ᠶᠢᠨ ᠲᠠᠮᠢᠷ᠂ ᠵᠤᠭ᠎ᠠ ᠴᠡᠩᠭᠡᠯ᠂ ᠴᠤᠭᠯᠠᠭᠠᠨ ᠵᠡᠷᠭᠡ | ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠳᠠᠭᠤ ᠲᠣᠮᠣᠷᠠᠭᠤᠯᠬᠤ ᠪᠠᠭᠠᠵᠢ ᠵᠡᠷᠭᠡ ᠶᠢ ᠬᠡᠷᠡᠭᠯᠡᠨ ᠠᠮᠢᠳᠤᠷᠠᠯ ᠤᠨ | ᠣᠷᠴᠢᠨ ᠲᠣᠭᠤᠷᠢᠨ ᠢ ᠬᠠᠷᠰᠢᠯᠠᠬᠤ ᠳᠤ ᠬᠦᠷᠪᠡᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠡᠷᠡᠮᠵᠢ | ᠥᠭᠬᠦ ᠪᠥᠭᠡᠳ ᠵᠣᠭᠤᠰ ᠢᠶᠠᠷ ᠲᠤᠷᠭᠤᠭᠠᠨ ᠰᠢᠳᠭᠡᠵᠦ ᠪᠣᠯᠤᠨ᠎ᠠ᠃ | ᠭᠤᠴᠢᠨ ᠳᠥᠷᠪᠡᠳᠦᠭᠡᠷ ᠵᠦᠢᠯ ᠬᠤᠳᠠ ᠶᠢᠨ ᠲᠣᠭᠤᠷᠢᠭ ᠤᠨ ᠬᠡᠪᠴᠢᠶᠡᠨ ᠳᠤ ᠮᠠᠰᠢᠨ ᠴᠠᠬᠢᠯᠭᠠᠨ ᠤ | ᠲᠥᠬᠦᠭᠡᠷᠦᠮᠵᠢ ᠶᠢ ᠬᠡᠷᠡᠭᠯᠡᠭᠡᠳ ᠭᠠᠷᠤᠭᠰᠠᠨ ᠱᠤᠤᠭᠢᠶᠠᠨ ᠨᠢ ᠬᠤᠳᠠ ᠶᠢᠨ ᠣᠷᠣᠨ ᠬᠡᠪᠴᠢᠶᠡᠨ ᠤ ᠣᠷᠴᠢᠨ | ᠲᠤᠭᠤᠷᠢᠨ ᠤ ᠱᠤᠤᠭᠢᠶᠠᠨ ᠤ ᠪᠠᠷᠢᠮᠵᠢᠶ᠎ᠠ ᠠᠴᠠ ᠬᠡᠲᠦᠷᠡᠭᠰᠡᠨ ᠪᠠᠶᠢᠪᠠᠯ᠂ ᠬᠤᠳᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠦᠢᠯᠡ ᠪᠠᠶᠢᠳᠠᠯ ᠤᠨ ᠬᠢᠨᠢ ᠬᠦᠨᠳᠦ | ᠬᠥᠩᠭᠡᠨ ᠢ ᠦᠨᠳᠦᠰᠦᠯᠡᠵᠦ᠂ 200 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠭᠤᠭᠰᠢ | ᠵᠣᠭᠤᠰ ᠢᠶᠠᠷ ᠲᠤᠷᠭᠤᠭᠠᠨ ᠰᠢᠳᠭᠡᠨ᠎ᠡ᠃ | ᠭᠤᠴᠢᠨ ᠲᠠᠪᠤᠳᠤᠭᠠᠷ ᠵᠦᠢᠯ ᠬᠤᠲᠠ ᠶᠢᠨ ᠡᠮᠨᠡᠯᠭᠡ ᠶᠢᠨ ᠲᠣᠭᠤᠷᠢᠭ᠂ ᠰᠣᠶᠣᠯ ᠰᠤᠷᠭᠠᠨ ᠬᠥᠮᠦᠵᠢᠯ | ᠰᠢᠨᠵᠢᠯᠡᠬᠦ ᠤᠬᠠᠭᠠᠨ ᠤ ᠰᠤᠳᠤᠯᠭᠠᠨ ᠤ ᠲᠣᠭᠤᠷᠢᠭ ᠪᠣᠯᠤᠨ ᠰᠠᠭᠤᠭᠠᠯᠢ ᠠᠷᠠᠳ ᠤᠨ ᠣᠷᠣᠨ ᠰᠠᠭᠤᠴᠠ ᠪᠠᠷ ᠭᠤᠣᠯ | ᠪᠣᠯᠭᠠᠭᠰᠠᠨ ᠣᠷᠣᠨ ᠬᠡᠪᠴᠢᠶᠡᠨ ᠤ ᠳᠣᠲᠣᠷ᠎ᠠ ᠣᠷᠣᠢ ᠶᠢᠨ 22 ᠴᠠᠭ ᠠᠴᠠ ᠳᠠᠷᠠᠭ᠎ᠠ ᠡᠳᠦᠷ ᠤᠨ ᠥᠷᠯᠥᠭᠡ ᠶᠢᠨ 6 | ᠴᠠᠭ ᠤᠨ ᠬᠤᠭᠤᠷᠣᠨᠳᠣ ᠪᠠᠷᠢᠯᠭ᠎ᠠ ᠶᠢᠨ ᠠᠵᠢᠯ ᠬᠢᠭᠡᠳ ᠣᠷᠴᠢᠨ ᠲᠣᠭᠤᠷᠢᠨ ᠤ ᠳᠠᠭᠤ ᠱᠤᠤᠭᠢᠶᠠᠨ ᠤ ᠪᠣᠬᠢᠷᠲᠤᠯ | ᠡᠭᠦᠰᠭᠡᠭᠰᠡᠨ ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ | ᠵᠠᠯᠠᠷᠠᠭᠤᠯᠤᠭᠤᠯᠵᠤ᠂ ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠢ ᠦᠨᠳᠦᠰᠦᠯᠡᠵᠦ᠂ 3000 ᠲᠥᠭᠦᠷᠢᠭ ᠠᠴᠠ | ᠳᠡᠭᠡᠭᠰᠢ 10000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ ᠰᠢᠳᠭᠡᠵᠦ ᠪᠣᠯᠤᠨ᠎ᠠ᠂ ᠭᠡᠪᠡᠴᠦ | ᠵᠠᠪᠳᠤᠨ ᠵᠠᠰᠠᠬᠤ᠂ ᠠᠶᠤᠯ ᠠᠴᠠ ᠠᠪᠤᠷᠠᠬᠤ ᠠᠵᠢᠯ ᠪᠠ ᠦᠢᠯᠡᠳᠪᠦᠷᠢᠯᠡᠯ ᠤᠨ ᠤᠷ᠎ᠠ ᠮᠡᠷᠭᠡᠵᠢᠯ ᠤᠨ ᠲᠠᠯ᠎ᠠ ᠪᠠᠷ ᠬᠢ | ᠱᠠᠭᠠᠷᠳᠠᠯᠭ᠎ᠠ᠂ ᠡᠰᠡᠬᠦᠯ᠎ᠡ ᠣᠨᠴᠠᠭᠠᠢ ᠤᠷ᠎ᠠ ᠮᠡᠷᠭᠡᠵᠢᠯ ᠤᠨ ᠲᠠᠯ᠎ᠠ ᠪᠠᠷ ᠡᠷᠬᠡᠪᠰᠢ ᠦᠷᠭᠦᠯᠵᠢᠯᠡᠨ ᠠᠵᠢᠯᠯᠠᠬᠤ ᠬᠡᠷᠡᠭᠲᠡᠶ | ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠪᠠᠶᠢᠪᠠᠯ ᠡᠭᠦᠨ ᠳᠤ ᠪᠠᠭᠲᠠᠬᠤ ᠦᠭᠡᠢ᠂ | ᠵᠥᠪᠰᠢᠶᠡᠷᠡᠯ ᠢᠶᠠᠷ ᠳᠠᠮᠵᠢᠭᠠᠳ ᠰᠥᠨᠢ ᠪᠠᠷ ᠪᠠᠷᠢᠯᠭ᠎ᠠ ᠶᠢᠨ ᠠᠵᠢᠯ ᠬᠢᠬᠦ ᠴᠢᠬᠤᠯᠠᠲᠠᠶ ᠨᠢᠭᠡᠴᠡ ᠡᠷᠬᠡᠪᠰᠢ ᠤᠶᠢᠷ᠎ᠠ | ᠬᠠᠪᠢ ᠶᠢᠨ ᠰᠠᠭᠤᠭᠠᠯᠢ ᠠᠷᠠᠳ ᠲᠤ ᠤᠷᠢᠳᠠᠪᠠᠷ ᠵᠠᠷᠯᠠᠨ ᠮᠡᠳᠡᠭᠳᠡᠬᠦ ᠬᠡᠷᠡᠭᠲᠡᠶ᠃ | ᠭᠤᠴᠢᠨ ᠵᠢᠷᠭᠤᠳᠤᠭᠠᠷ ᠵᠦᠢᠯ ᠵᠡᠭᠡᠯᠢ ᠨᠢᠭᠤᠷᠯᠠᠭᠰᠠᠨ ᠪᠤᠶᠤ ᠪᠤᠰᠤᠳ ᠤᠯᠠᠨ ᠨᠡᠶᠢᠲᠡ ᠶᠢᠨ ᠲᠠᠯᠠᠪᠤᠷ ᠲᠤ | ᠮᠠᠰᠢᠨ ᠲᠡᠷᠭᠡ ᠰᠡᠯᠪᠢᠨ ᠵᠠᠰᠠᠬᠤ᠂ ᠰᠢᠷ ᠰᠦᠷᠴᠢᠬᠦ᠂ ᠡᠰᠡᠬᠦᠯ᠎ᠡ ᠣᠷᠴᠢᠨ ᠲᠤᠭᠤᠷᠢᠨ ᠢ ᠪᠣᠬᠢᠷᠲᠤᠭᠤᠯᠤᠭᠰᠠᠨ | ᠪᠤᠰᠤᠳ ᠠᠵᠢᠯ ᠬᠢᠭᠰᠡᠨ ᠪᠠᠶᠢᠪᠠᠯ᠂ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ | ᠵᠠᠷᠯᠢᠭᠳᠠᠨ ᠵᠠᠯᠠᠷᠠᠭᠤᠯᠤᠭᠤᠯᠵᠤ᠂ ᠤᠤᠯ ᠪᠠᠶᠢᠳᠠᠯ ᠢ ᠨᠢ ᠰᠡᠷᠭᠦᠭᠡᠯᠭᠡᠵᠦ᠂ ᠦᠢᠯᠡ ᠪᠠᠶᠢᠳᠠᠯ ᠤᠨ ᠬᠢᠨᠢ ᠬᠦᠨᠳᠦ | ᠬᠥᠩᠭᠡᠨ ᠢ ᠦᠨᠳᠦᠰᠦᠯᠡᠵᠦ᠂ 100 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠳᠣᠭᠤᠭᠰᠢ | ᠵᠣᠭᠤᠰ ᠢᠶᠠᠷ ᠲᠤᠷᠭᠤᠭᠠᠨ ᠰᠢᠳᠭᠡᠵᠦ ᠪᠣᠯᠤᠨ᠎ᠠ᠃ | ᠭᠤᠴᠢᠨ ᠳᠣᠯᠣᠳᠤᠭᠠᠷ ᠵᠦᠢᠯ ᠬᠤᠳᠠ ᠶᠢᠨ ᠲᠣᠭᠤᠷᠢᠭ ᠲᠤ ᠭᠡᠷ ᠤᠨ ᠲᠡᠵᠢᠭᠡᠪᠦᠷᠢ ᠭᠡᠷ ᠤᠨ ᠵᠢᠭᠦᠷᠲᠡᠨ | ᠲᠡᠵᠢᠭᠡᠬᠦ ᠶᠢ ᠴᠠᠭᠠᠵᠠᠯᠠᠨ᠎ᠠ︔ ᠰᠠᠭᠤᠭᠠᠯᠢ ᠠᠷᠠᠳ ᠮᠤᠤᠷ᠂ ᠨᠣᠬᠠᠶ᠂ ᠵᠠᠬᠢᠳᠠᠯ ᠤᠨ ᠲᠠᠭᠲᠠᠭ᠎ᠠ ᠵᠡᠷᠭᠡ ᠡᠩᠬᠦᠷᠡᠶ | ᠠᠮᠢᠲᠠᠨ ᠢ ᠲᠡᠵᠢᠭᠡᠬᠦ ᠳᠡᠭᠡᠨ ᠬᠤᠳᠠ ᠶᠢᠨ ᠲᠦᠷᠢ ᠲᠦᠷᠬᠦ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ | ᠨᠥᠯᠥᠭᠡᠯᠡᠵᠦ ᠪᠣᠯᠬᠤ ᠦᠭᠡᠢ︔ ᠡᠩᠬᠦᠷᠡᠶ ᠠᠮᠢᠲᠠᠨ ᠵᠡᠷᠭᠡ ᠶᠢᠨ ᠵᠠᠮ ᠪᠠ ᠪᠤᠰᠤᠳ ᠣᠯᠠᠨ ᠨᠡᠶᠢᠲᠡ ᠶᠢᠨ | ᠲᠠᠯᠠᠪᠤᠷ ᠲᠤ ᠪᠤᠢ ᠪᠣᠯᠤᠭᠰᠠᠨ ᠪᠠᠭᠠᠰᠤ ᠰᠢᠭᠡᠰᠦ ᠶᠢ ᠠᠷᠠᠴᠢᠯᠠᠭᠴᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃ | ᠲᠦᠷᠢᠮ ᠢ ᠵᠥᠷᠢᠴᠡᠭᠰᠡᠨ ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ 50 ᠲᠥᠭᠦᠷᠢᠭ ᠵᠣᠭᠤᠰ ᠢᠶᠠᠷ ᠲᠤᠷᠭᠤᠭᠠᠨ ᠰᠢᠳᠭᠡᠵᠦ ᠪᠣᠯᠤᠨ᠎ᠠ᠃ | | ᠭᠤᠴᠢᠨ ᠨᠠᠢᠮᠠᠳᠤᠭᠠᠷ ᠵᠦᠢᠯ ᠣᠯᠠᠨ ᠨᠡᠶᠢᠲᠡ ᠶᠢᠨ ᠲᠠᠯᠠᠪᠤᠷ ᠲᠤ ᠡᠩᠬᠦᠷᠡᠶ ᠠᠮᠢᠲᠠᠨ ︵ᠰᠣᠬᠤᠷ | ᠨᠣᠬᠠᠶ ᠶᠢ ᠭᠠᠷᠭᠠᠪᠠᠯ︶ ᠠᠪᠴᠤ ᠶᠠᠪᠤᠬᠤ ᠶᠢ ᠴᠠᠭᠠᠵᠠᠯᠠᠨ᠎ᠠ︔ ᠨᠣᠬᠠᠶ ᠵᠡᠷᠭᠡ ᠡᠩᠬᠦᠷᠡᠶ ᠠᠮᠢᠲᠠᠨ ᠢ ᠭᠠᠳᠠᠭᠰᠢ | ᠲᠠᠭᠠᠭᠤᠯᠤᠨ ᠭᠠᠷᠬᠤ ᠳᠠᠭᠠᠨ ᠬᠢᠵᠠᠭᠠᠷᠯᠠᠬᠤ ᠴᠢᠨᠠᠷᠲᠠᠶ ᠠᠷᠭ᠎ᠠ ᠬᠡᠮᠵᠢᠶ᠎ᠡ ᠠᠪᠬᠤ ᠬᠡᠷᠡᠭᠲᠡᠶ᠂ ᠴᠠᠭᠠᠵᠠᠯᠠᠬᠤ | ᠣᠷᠣᠨ ᠳᠤ ᠣᠷᠣᠵᠤ ᠪᠣᠯᠬᠤ ᠦᠭᠡᠢ︔ ᠨᠣᠬᠠᠶ ᠵᠡᠷᠭᠡ ᠡᠩᠬᠦᠷᠡᠶ ᠠᠮᠢᠲᠠᠨ ᠢ ᠲᠡᠵᠢᠭᠡᠭᠰᠡᠳ ᠪᠤᠰᠤᠳ ᠤᠨ | ᠠᠮᠢᠳᠤᠷᠠᠯ ᠢ ᠨᠥᠯᠥᠭᠡᠯᠡᠵᠦ ᠪᠣᠯᠬᠤ ᠦᠭᠡᠢ᠃ ᠲᠦᠷᠢᠮ ᠢ ᠵᠥᠷᠢᠴᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ 500 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠳᠣᠭᠤᠭᠰᠢ ᠵᠣᠭᠤᠰ ᠢᠶᠠᠷ | ᠲᠤᠭᠤᠭᠠᠨᠠ᠃ | ᠭᠤᠴᠢ ᠶᠢᠰᠦᠳᠦᠭᠡᠷ ᠵᠦᠢᠯ ᠬᠤᠳᠠ ᠶᠢᠨ ᠵᠠᠮ ᠢ ᠳᠤᠷ᠎ᠠ ᠪᠠᠷ ᠢᠶᠠᠨ ᠮᠠᠯᠲᠠᠬᠤ ᠪᠠ ᠡᠵᠡᠯᠡᠨ ᠬᠡᠷᠡᠭᠯᠡᠬᠦ ᠶᠢ | ᠴᠠᠭᠠᠵᠠᠯᠠᠨ᠎ᠠ︔ ᠵᠥᠪᠰᠢᠶᠡᠷᠡᠯ ᠢᠶᠠᠷ ᠳᠠᠮᠵᠢᠨ ᠬᠤᠳᠠ ᠶᠢᠨ ᠵᠠᠮ ᠢ ᠮᠠᠯᠲᠠᠬᠤ᠂ ᠡᠵᠡᠯᠡᠨ ᠬᠡᠷᠡᠭᠯᠡᠬᠦ ᠪᠤᠶᠤ ᠵᠠᠮ ᠤᠨ | ᠬᠤᠶᠠᠷ ᠲᠠᠯ᠎ᠠ ᠳᠤ ᠪᠠᠷᠢᠯᠭ᠎ᠠ ᠪᠠᠷᠢᠬᠤ ᠠᠷᠠᠳ ᠢᠷᠭᠡᠨ᠂ ᠬᠠᠤᠯᠢ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ | ᠵᠥᠪᠰᠢᠶᠡᠷᠡᠭᠰᠡᠨ ᠬᠤᠭᠤᠴᠠᠭᠠᠨ ᠳᠤ ᠪᠠᠷᠢᠵᠤ ᠳᠠᠭᠤᠰᠬᠠᠬᠤ ᠬᠡᠷᠡᠭᠲᠡᠶ︔ ᠪᠠᠷᠢᠯᠭ᠎ᠠ ᠶᠢᠨ ᠠᠵᠢᠯ ᠳᠠᠭᠤᠰᠤᠭᠰᠠᠨ ᠤ | ᠲᠠᠷᠠᠭ᠎ᠠ᠂ ᠲᠤᠬᠠᠶ ᠶᠢᠨ ᠲᠠᠯᠠᠪᠤᠷ ᠢ ᠴᠠᠭ ᠲᠤᠬᠠᠶ ᠳᠤᠨᠢ ᠢᠯᠭᠠᠷᠠᠭᠤᠯᠤᠨ ᠲᠢᠭᠯᠡᠵᠦ᠂ ᠲᠤᠭ᠎ᠠ ᠬᠡᠮᠵᠢᠶ᠎ᠡ ᠶᠢ ᠪᠠᠲᠤᠯᠠᠨ | ᠤᠤᠯ ᠤᠨ ᠪᠠᠶᠢᠳᠠᠯ ᠢ ᠨᠢ ᠰᠡᠷᠭᠦᠭᠡᠵᠦ ᠥᠭᠬᠦ ᠬᠡᠷᠡᠭᠲᠡᠶ᠃ ᠲᠦᠷᠢᠮ ᠢ ᠵᠥᠷᠢᠴᠡᠭᠰᠡᠨ ᠪᠠᠶᠢᠪᠠᠯ᠂ ᠬᠤᠲᠠ ᠶᠢᠨ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠦᠢᠯᠡ | ᠪᠠᠶᠢᠳᠠᠯ ᠤᠨ ᠬᠢᠨᠢ ᠬᠦᠨᠳᠦ ᠬᠥᠩᠭᠡᠨ ᠢ ᠦᠨᠳᠦᠰᠦᠯᠡᠵᠦ᠂ 20000 ᠲᠥᠭᠦᠷᠢᠭ ᠠᠴᠠ ᠳᠣᠭᠤᠭᠰᠢ ᠵᠣᠭᠤᠰ ᠢᠶᠠᠷ | ᠲᠤᠷᠭᠤᠭᠠᠨ ᠰᠢᠳᠭᠡᠵᠦ ᠪᠣᠯᠤᠨ᠎ᠠ᠃ | ᠳᠥᠴᠢᠳᠦᠭᠡᠷ ᠵᠦᠢᠯ ᠠᠷᠠᠳ ᠢᠷᠭᠡᠨ᠂ ᠬᠠᠤᠯᠢ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ | ᠬᠤᠳᠠ ᠶᠢᠨ ᠵᠠᠮ ᠤᠨ ᠬᠡᠪᠴᠢᠶᠡᠨ ᠳᠤ ᠵᠠᠮ ᠤᠨ ᠬᠠᠭᠠᠯᠲᠠ᠂ ᠵᠠᠮ ᠤᠨ ᠱᠤᠩ᠂ ᠭᠠᠵᠠᠷ ᠣᠨᠢᠰᠤ᠂ ᠲᠤᠰᠠᠭᠠᠷᠯᠠᠬᠤ | ᠲᠤᠯᠭᠠᠭᠤᠷ ᠵᠡᠷᠭᠡ ᠲᠥᠬᠦᠭᠡᠷᠦᠮᠵᠢ ᠳᠤᠷ᠎ᠠ ᠪᠠᠷ ᠢᠶᠠᠨ ᠭᠠᠷᠭᠠᠵᠤ᠂ ᠲᠡᠷᠭᠡ ᠬᠥᠰᠬᠡ ᠪᠠ ᠶᠠᠪᠠᠭᠠᠨ ᠬᠥᠮᠦᠨ ᠤ | ᠨᠡᠪᠲᠡᠷᠡᠬᠦ ᠶᠢ ᠬᠠᠷᠰᠢᠯᠠᠵᠤ ᠪᠣᠯᠬᠤ ᠦᠭᠡᠢ︔ ᠬᠡᠷᠡᠭᠯᠡᠬᠦ ᠦᠭᠡᠢ ᠰᠤᠯᠠ ᠲᠠᠯᠪᠢᠭᠰᠠᠨ ᠪᠠᠶᠢᠪᠠᠯ ᠴᠠᠭ ᠲᠤᠬᠠᠶ ᠳᠤᠨᠢ | ᠢᠯᠭᠠᠷᠠᠭᠤᠯᠤᠨ ᠲᠢᠭᠯᠡᠬᠦ ᠬᠡᠷᠡᠭᠲᠡᠶ᠃ ᠲᠦᠷᠢᠮ ᠢ ᠵᠥᠷᠢᠴᠡᠭᠰᠡᠨ ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠦᠢᠯᠡ ᠪᠠᠶᠢᠳᠠᠯ ᠤᠨ ᠬᠢᠨᠢ ᠬᠦᠨᠳᠦ | ᠬᠥᠩᠭᠡᠨ ᠢ ᠦᠨᠳᠦᠰᠦᠯᠡᠵᠦ᠂ 50 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠭᠤᠭᠰᠢ ᠵᠣᠭᠤᠰ ᠢᠶᠠᠷ | ᠲᠤᠷᠭᠤᠭᠠᠨ ᠰᠢᠳᠭᠡᠵᠦ ᠪᠣᠯᠤᠨ᠎ᠠ᠃ | ᠳᠥᠴᠢᠨ ᠨᠢᠭᠡᠳᠦᠭᠡᠷ ᠵᠦᠢᠯ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ | ᠲᠤᠬᠠᠶ ᠶᠢᠨ ᠲᠠᠯᠠᠪᠤᠷ ᠨᠢ ᠳᠣᠣᠷ᠎ᠠ ᠵᠢᠭᠰᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠄ | ︵ᠨᠢᠭᠡ︶ ᠬᠢᠨᠠᠨ ᠲᠣᠭᠲᠠᠭᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠤ | ᠪᠣᠳᠠᠲᠤ ᠴᠣᠭᠴᠠ ᠶᠢᠨ ᠬᠡᠷᠡᠮ ᠤᠨ ᠬᠠᠯᠬᠠᠪᠴᠢ ᠶᠢᠨ ᠪᠢᠲᠡᠭᠦᠮᠵᠢᠯᠡᠯ ᠢ ᠬᠡᠷᠡᠭᠯᠡᠨ᠂ ᠬᠤᠳᠠ ᠶᠢᠨ ᠵᠡᠭᠡᠯᠢ | ᠭᠤᠳᠤᠮᠵᠢ ᠶᠢᠨ ᠦᠵᠡᠮᠵᠢ ᠲᠠᠢ ᠵᠣᠬᠢᠴᠠᠭᠤᠯᠵᠤ᠂ ᠬᠡᠷᠡᠮ ᠳᠡᠭᠡᠷ᠎ᠡ ᠬᠤᠳᠠᠯᠳᠤᠭᠠᠨ ᠤ ᠵᠠᠷ ᠭᠠᠷᠭᠠᠵᠤ ᠪᠣᠯᠬᠤ ᠦᠭᠡᠢ︔ | ᠵᠡᠭᠡᠯᠢ ᠨᠢᠭᠤᠷᠯᠠᠭᠰᠠᠨ ᠪᠤᠰᠤᠳ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠲᠤ ᠬᠠᠮᠠᠭᠠᠯᠠᠬᠤ ᠬᠡᠷᠡᠰᠬᠡ | ᠭᠠᠷᠭᠠᠬᠤ ᠪᠤᠶᠤ ᠬᠠᠰᠢᠨ ᠬᠠᠭᠠᠵᠤ᠂ ᠬᠠᠰᠢᠯᠭ᠎ᠠ ᠳᠡᠭᠡᠷ᠎ᠡ ᠰᠡᠷᠡᠮᠵᠢᠯᠡᠭᠦᠯᠬᠦ ᠲᠣᠨᠣᠭᠯᠠᠯ ᠲᠤᠬᠢᠷᠠᠭᠤᠯᠬᠤ ᠬᠡᠷᠡᠭᠲᠡᠶ︔ | ︵ᠬᠤᠶᠠᠷ︶ ᠪᠠᠷᠢᠯᠭ᠎ᠠ ᠶᠢᠨ ᠭᠠᠵᠠᠷ ᠤᠨ ᠣᠷᠣᠵᠤ ᠭᠠᠷᠬᠤ ᠭᠠᠵᠠᠷ ᠢ ᠬᠠᠲᠠᠭᠤᠷᠠᠭᠤᠯᠵᠦ᠂ ᠲᠡᠷᠭᠡ ᠬᠥᠰᠬᠡ | ᠤᠬᠢᠶᠠᠬᠤ ᠲᠦᠬᠦᠭᠡᠷᠦᠮᠵᠢ ᠲᠤᠬᠢᠷᠠᠭᠤᠯᠤᠨ᠂ ᠪᠠᠷᠢᠯᠭ᠎ᠠ ᠶᠢᠨ ᠭᠠᠵᠠᠷ ᠤᠨ ᠲᠡᠷᠭᠡ ᠬᠥᠰᠬᠡ ᠶᠢ ᠤᠬᠢᠶᠠᠵᠤ ᠴᠡᠪᠡᠷᠯᠡᠬᠦ | ᠬᠡᠷᠡᠭᠲᠡᠢ᠂ ᠵᠠᠮ ᠢ ᠪᠣᠬᠢᠷᠲᠤᠭᠤᠯᠵᠤ ᠪᠣᠯᠬᠤ ᠦᠭᠡᠢ︔ | ︵ᠭᠤᠷᠪᠠ︶ ᠬᠤᠳᠠ ᠶᠢᠨ ᠪᠠᠷᠢᠯᠭ᠎ᠠ ᠶᠢᠨ ᠠᠵᠢᠯ ᠤᠨ ᠲᠤᠬᠠᠶ ᠶᠢᠨ ᠭᠠᠵᠠᠷ ᠤᠨ ᠮᠠᠲ᠋ᠧᠷᠢᠶᠠᠯ᠂ ᠮᠠᠰᠢᠨ | ᠪᠠᠭᠠᠵᠢ ᠶᠢ ᠲᠡᠭᠰᠢᠬᠡᠨ ᠣᠪᠣᠭᠠᠯᠠᠵᠤ ᠲᠠᠯᠪᠢᠬᠤ ᠬᠡᠷᠡᠭᠲᠡᠶ᠂ ᠬᠤᠭ ᠨᠣᠪᠰᠢ ᠵᠡᠷᠭᠡ ᠶᠢ ᠴᠠᠭ ᠲᠤᠬᠠᠶ ᠳᠤᠨᠢ ᠴᠡᠪᠡᠷᠯᠡᠨ | ᠲᠡᠭᠡᠭᠡᠪᠦᠷᠢᠯᠡᠬᠦ ᠬᠡᠷᠡᠭᠲᠡᠶ︔ | ︵ᠳᠥᠷᠪᠡ︶ ᠠᠵᠢᠯ ᠵᠣᠭᠰᠣᠭᠰᠠᠨ ᠭᠠᠵᠠᠷ ᠢ ᠴᠠᠭ ᠲᠤᠬᠠᠶ ᠳᠤᠨᠢ ᠡᠮᠬᠢᠯᠡᠨ ᠴᠡᠭᠴᠡᠯᠡᠬᠦ ᠶᠢᠨ ᠬᠠᠮᠲᠤ | ᠪᠦᠷᠬᠦᠬᠦ ᠬᠡᠷᠡᠭᠲᠡᠶ︔ | ︵ᠲᠠᠪᠤ︶ ᠪᠠᠷᠢᠯᠭ᠎ᠠ ᠳᠠᠭᠤᠰᠤᠭᠰᠠᠨ ᠤ ᠲᠠᠷᠠᠭ᠎ᠠ᠂ ᠪᠠᠷᠢᠯᠭ᠎ᠠ ᠪᠠᠷᠢᠬᠤ ᠲᠠᠯᠠᠪᠤᠷ ᠤᠨ ᠳᠣᠲᠣᠷᠠᠬᠢ | ᠪᠠᠷᠢᠯᠭ᠎ᠠ ᠶᠢᠨ ᠫᠧᠩ᠂ ᠲᠦᠷ ᠴᠠᠭ ᠤᠨ ᠲᠦᠬᠦᠭᠡᠷᠦᠮᠵᠢ ᠶᠢ ᠴᠠᠭ ᠲᠤᠬᠠᠢ ᠳᠤᠨᠢ ᠨᠤᠷᠠᠭᠠᠵᠤ᠂ ᠲᠠᠯᠠᠪᠤᠷ ᠢ ᠴᠠᠭ | ᠲᠤᠬᠠᠢ ᠳᠤᠨᠢ ᠲᠡᠭᠰᠢᠯᠡᠬᠦ ᠬᠡᠷᠡᠭᠲᠡᠢ᠃ | ᠳᠡᠭᠡᠷ᠎ᠡ ᠳᠤᠷᠠᠳᠤᠭᠰᠠᠨ ᠲᠦᠷᠢᠮ ᠢ ᠵᠥᠷᠢᠴᠡᠭᠰᠡᠨ ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠦᠢᠯᠡ ᠪᠠᠶᠢᠳᠠᠯ ᠤᠨ ᠬᠢᠨᠢ ᠬᠦᠨᠳᠦ | ᠬᠥᠩᠭᠡᠨ ᠢ ᠦᠨᠳᠦᠰᠦᠯᠡᠵᠦ ᠪᠠᠶᠢᠭᠠᠳ 500 ᠲᠥᠭᠦᠷᠢᠭ ᠠᠴᠠ ᠳᠡᠭᠡᠭᠰᠢ 10000 ᠲᠥᠭᠦᠷᠢᠭ ᠠᠴᠠ ᠳᠣᠭᠤᠭᠰᠢ | ᠵᠣᠭᠤᠰ ᠢᠶᠠᠷ ᠲᠤᠷᠭᠤᠭᠠᠨ ᠰᠢᠳᠭᠡᠵᠦ ᠪᠣᠯᠤᠨ᠎ᠠ᠃ | ᠳᠥᠴᠢᠨ ᠬᠤᠶᠠᠳᠤᠭᠠᠷ ᠵᠦᠢᠯ ᠬᠤᠳᠠ ᠶᠢᠨ ᠲᠣᠭᠤᠷᠢᠭ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ | ᠬᠡᠪᠴᠢᠶᠡᠨ ᠳᠣᠲᠣᠷ᠎ᠠ᠂ ᠪᠠᠷᠢᠯᠭ᠎ᠠ ᠪᠠᠷᠢᠬᠤ ︵ᠴᠣᠭᠴᠠᠯᠠᠬᠤ︶ ᠪᠤᠶᠤ ᠭᠤᠣᠯ ᠤᠨ ᠲᠣᠭᠲᠠᠭᠤᠨ ᠪᠠᠶᠢᠳᠠᠯ ᠢ | ᠨᠥᠯᠥᠭᠡᠯᠡᠬᠦ᠂ ᠭᠤᠣᠯ ᠤᠨ ᠡᠷᠭᠢ ᠶᠢᠨ ᠬᠠᠰᠢᠯᠭ᠎ᠠ ᠳᠠᠯᠠᠩ ᠤᠨ ᠠᠮᠤᠷ ᠲᠦᠪᠰᠢᠨ ᠳᠤ ᠬᠤᠣᠷ ᠬᠥᠨᠥᠭᠡᠯ | ᠤᠴᠠᠷᠠᠭᠤᠯᠬᠤ ᠪᠠ ᠭᠤᠣᠯ ᠤᠨ ᠵᠠᠮ ᠢᠶᠠᠷ ᠦᠶᠡᠷ ᠤᠷᠤᠰᠬᠠᠬᠤ ᠶᠢ ᠬᠠᠷᠰᠢᠯᠠᠬᠤ ᠪᠤᠰᠤᠳ ᠠᠵᠢᠯᠯᠠᠭ᠎ᠠ ᠬᠢᠭᠰᠡᠨ | ᠪᠠᠶᠢᠪᠠᠯ᠂ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠬᠠᠤᠯᠢ ᠶᠢ | ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠠᠤᠯᠢ ᠶᠢ ᠵᠥᠷᠢᠴᠡᠭᠰᠡᠨ ᠪᠠᠷᠢᠯᠭ᠎ᠠ ᠶᠢ ᠬᠤᠭᠤᠴᠠᠭ᠎ᠠ | ᠲᠣᠭᠲᠠᠭᠠᠨ ᠨᠤᠷᠠᠭᠠᠯᠭᠠᠵᠤ᠂ ᠤᠤᠯ ᠤᠨ ᠪᠠᠶᠢᠳᠠᠯ ᠢ ᠨᠢ ᠰᠡᠷᠭᠦᠭᠡᠯᠭᠡᠨ᠎ᠡ︔ ᠬᠤᠭᠤᠴᠠᠭ᠎ᠠ ᠬᠡᠲᠦᠷᠡᠲᠡᠯ᠎ᠡ ᠨᠤᠷᠠᠭᠠᠭᠰᠠᠨ | ᠦᠭᠡᠢ᠂ ᠤᠤᠯ ᠤᠨ ᠪᠠᠶᠢᠳᠠᠯ ᠢ ᠰᠡᠷᠭᠦᠭᠡᠭᠰᠡᠨ ᠦᠭᠡᠢ ᠪᠠᠶᠢᠪᠠᠯ᠂ ᠠᠯᠪᠠᠳᠠᠨ ᠨᠤᠷᠠᠭᠠᠯᠭᠠᠨ᠎ᠠ᠂ ᠬᠡᠷᠡᠭᠰᠡᠬᠦ ᠵᠠᠷᠤᠳᠠᠯ ᠢ | ᠬᠠᠤᠯᠢ ᠶᠢ ᠵᠥᠷᠢᠴᠡᠭᠰᠡᠨ ᠠᠷᠠᠳ ᠢᠷᠭᠡᠨ᠂ ᠬᠠᠤᠯᠢ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ ᠠᠴᠠ | ᠡᠭᠦᠷᠭᠡᠯᠡᠵᠦ᠂ ᠦᠢᠯᠡ ᠪᠠᠶᠢᠳᠠᠯ ᠤᠨ ᠬᠢᠨᠢ ᠬᠦᠨᠳᠦ ᠬᠥᠩᠭᠡᠨ ᠢ ᠦᠨᠳᠦᠰᠦᠯᠡᠵᠦ᠂ 10000 ᠲᠥᠭᠦᠷᠢᠭ ᠠᠴᠠ | ᠳᠡᠭᠡᠭᠰᠢ 100000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠤᠷᠭᠤᠭᠠᠨ ᠰᠢᠳᠭᠡᠨ᠎ᠡ᠃ | ᠳᠥᠴᠢᠨ ᠭᠤᠷᠪᠠᠳᠤᠭᠠᠷ ᠵᠦᠢᠯ ᠬᠤᠳᠠ ᠶᠢᠨ ᠲᠣᠭᠤᠷᠢᠭ ᠤᠨ ᠭᠤᠣᠯ ᠤᠨ ᠵᠠᠮ᠂ ᠣᠰᠣᠨ ᠴᠣᠭᠴᠠ ᠳᠤ | ᠬᠠᠶᠠᠭᠳᠠᠮᠠᠯ ᠪᠣᠳᠠᠰ᠂ ᠬᠤᠭ ᠨᠣᠪᠰᠢ ᠴᠢᠳᠬᠤᠬᠤ ᠶᠢ ᠴᠠᠭᠠᠵᠠᠯᠠᠨ᠎ᠠ︔ ᠭᠤᠣᠯ ᠤᠨ ᠵᠠᠮ ᠠᠴᠠ ᠡᠯᠡᠰᠦ ᠮᠠᠯᠲᠠᠵᠤ | ᠰᠢᠷᠣᠶ ᠠᠪᠬᠤ ᠶᠢ ᠴᠠᠭᠠᠵᠠᠯᠠᠨ᠎ᠠ᠃ ᠲᠦᠷᠢᠮ ᠢ ᠵᠥᠷᠢᠴᠡᠭᠰᠡᠨ ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠦᠢᠯᠡ ᠪᠠᠶᠢᠳᠠᠯ ᠤᠨ ᠬᠢᠨᠢ ᠬᠦᠨᠳᠦ | ᠬᠥᠩᠭᠡᠨ ᠢ ᠦᠨᠳᠦᠰᠦᠯᠡᠵᠦ᠂ 200 ᠲᠥᠭᠦᠷᠢᠭ ᠠᠴᠠ ᠳᠡᠭᠡᠭᠰᠢ 5000 ᠲᠥᠭᠦᠷᠢᠭ ᠠᠴᠠ ᠳᠣᠭᠤᠭᠰᠢ | ᠵᠣᠭᠤᠰ ᠢᠶᠠᠷ ᠲᠤᠷᠭᠤᠭᠠᠨ ᠰᠢᠳᠭᠡᠵᠦ ᠪᠣᠯᠤᠨ᠎ᠠ᠃ | ᠳᠥᠴᠢᠨ ᠳᠥᠷᠪᠡᠳᠦᠭᠡᠷ ᠵᠦᠢᠯ ᠬᠤᠳᠠ ᠶᠢᠨ ᠵᠠᠮ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ | ᠤᠯᠠᠨ ᠨᠡᠶᠢᠲᠡ ᠶᠢᠨ ᠣᠷᠣᠨ ᠬᠡᠪᠴᠢᠶᠡᠨ ᠳᠤ ᠴᠢᠨᠳᠠᠷ ᠤᠨ ᠫᠧᠩ ᠪᠠᠶᠢᠭᠤᠯᠬᠤ᠂ ᠴᠢᠨᠳᠠᠷ ᠢ ᠨᠢ ᠲᠠᠯᠪᠢᠬᠤ᠂ | ᠪᠡᠯᠪᠡᠰᠦᠷᠡᠯ ᠤᠨ ᠤᠴᠢᠷ ᠤᠨ ᠬᠥᠭᠵᠢᠮ ᠬᠦᠭᠵᠢᠮᠳᠡᠬᠦ᠂ ᠳᠠᠬᠢᠯᠭ᠎ᠠ ᠶᠢᠨ ᠡᠳ᠋ ᠢ ᠰᠢᠳᠠᠭᠠᠬᠤ᠂ ᠫᠤᠤᠵᠢᠩ ᠲᠠᠯᠪᠢᠬᠤ | ᠵᠡᠷᠭᠡ ᠶᠢ ᠦᠢᠯᠡᠳᠦᠭᠰᠡᠨ ᠪᠠᠶᠢᠪᠠᠯ᠂ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ 50 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ | ᠳᠣᠭᠤᠭᠰᠢ ᠵᠣᠭᠤᠰ ᠢᠶᠠᠷ ᠲᠤᠷᠭᠤᠭᠠᠨ ᠰᠢᠳᠭᠡᠵᠦ ᠪᠣᠯᠤᠨ᠎ᠠ᠃ | ᠳᠥᠴᠢᠨ ᠲᠠᠪᠤᠳᠤᠭᠠᠷ ᠵᠦᠢᠯ ᠲᠤᠰ ᠲᠦᠷᠢᠮ ᠢ ᠵᠥᠷᠢᠴᠡᠭᠰᠡᠨ ᠠᠷᠠᠳ ᠢᠷᠭᠡᠨ᠂ ᠬᠠᠤᠯᠢ ᠬᠥᠮᠥᠨ ᠪᠠ | ᠪᠤᠰᠤᠳ ᠵᠣᠬᠢᠶᠠᠨ ᠪᠠᠶᠢᠭᠤᠯᠤᠯᠲᠠ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠰᠢᠭᠦᠮᠵᠢᠯᠡᠨ ᠰᠤᠷᠭᠠᠬᠤ | ᠬᠡᠷᠡᠭᠲᠡᠢ᠂ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ᠂ ᠵᠠᠭᠤᠴᠢᠯᠠᠭᠤᠷ ᠳᠡᠭᠡᠷ᠎ᠡ ᠢᠯᠡᠴᠢᠯᠡᠬᠦ ᠬᠡᠷᠡᠭᠲᠡᠢ︔ ᠣᠯᠠᠨᠲᠠ | ᠰᠤᠷᠭᠠᠪᠠᠴᠤ ᠵᠠᠰᠠᠷᠠᠬᠤ ᠥᠬᠡᠶ ᠪᠠᠶᠢᠪᠠᠯ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠲᠡᠭᠦᠨ ᠢ ᠢᠲᠡᠭᠡᠮᠵᠢ | ᠠᠯᠳᠠᠭᠰᠠᠨ ᠬᠠᠷ᠎ᠠ ᠳᠠᠩᠰᠠᠨ ᠳᠤ ᠣᠷᠣᠭᠤᠯᠵᠤ ᠪᠣᠯᠤᠨ᠎ᠠ᠃ | ᠳᠥᠴᠢᠨ ᠵᠢᠷᠭᠤᠳᠤᠭᠠᠷ ᠵᠦᠢᠯ ᠲᠤᠰ ᠲᠦᠷᠢᠮ ᠢ 2018 ᠣᠨ 12 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ |