ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠶᠠᠰᠤ ᠴᠢᠨᠠᠷ ᠤᠨ | ᠭᠡᠷᠡᠴᠢᠯᠡᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ ᠪᠥᠬᠦ ᠲᠠᠯ᠎ᠠ ᠶᠢᠨ ᠶᠠᠰᠤ ᠴᠢᠨᠠᠷ ᠤᠨ | ᠬᠠᠮᠢᠶᠠᠷᠤᠯᠲᠠ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠢ ᠳᠠᠷᠤᠮᠯᠠᠨ ᠲᠠᠷᠬᠠᠭᠠᠬᠤ ᠲᠤᠬᠠᠢ ᠮᠡᠳᠡᠭᠳᠡᠯ | | | ᠡᠯ᠎ᠡ ᠲᠣᠭᠤᠷᠢᠭ ᠤᠨ ᠠᠷᠠᠳᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠶᠠᠰᠤ ᠴᠢᠨᠠᠷ ᠤᠨ ᠭᠡᠷᠡᠴᠢᠯᠡᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ ᠪᠥᠬᠦ ᠲᠠᠯ᠎ᠠ ᠶᠢᠨ | ᠶᠠᠰᠤ ᠴᠢᠨᠠᠷ ᠤᠨ ᠬᠠᠮᠢᠶᠠᠷᠤᠯᠲᠠ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠢ ᠬᠤᠲᠠ ᠶᠢᠨ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠯᠠᠨ ᠶᠠᠪᠤᠭᠤᠯᠤᠯ᠎ᠠ᠂ ᠬᠢᠨᠠᠮᠠᠭᠠᠶ | ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃ | | 2019 ᠣᠨ ᠤ 1 ᠰᠠᠷ᠎ᠠ ᠶᠢᠨ 31 ᠤ ᠡᠳᠦᠷ | | | ᠶᠠᠰᠤ ᠴᠢᠨᠠᠷ ᠤᠨ ᠭᠡᠷᠡᠴᠢᠯᠡᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ ᠪᠥᠬᠦ | ᠲᠠᠯ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ | | | ︽ᠶᠠᠰᠤ ᠴᠢᠨᠠᠷ ᠤᠨ ᠭᠡᠷᠡᠴᠢᠯᠡᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ ᠪᠥᠬᠦ ᠲᠠᠯ᠎ᠠ ᠶᠢᠨ | ᠶᠠᠰᠤ ᠴᠢᠨᠠᠷ ᠤᠨ ᠬᠠᠮᠢᠶᠠᠷᠤᠯᠲᠠ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ | ᠲᠥᠷᠥ ᠲᠠᠷᠬᠠᠭᠠᠭᠰᠠᠨ︹ 2018 ︺ 3 ᠳ᠋ᠤᠭᠠᠷ ᠲᠣᠭᠠᠲᠤ︶ ᠪᠣᠯᠤᠨ ︽ᠶᠠᠰᠤ ᠴᠢᠨᠠᠷ ᠤᠨ ᠭᠡᠷᠡᠴᠢᠯᠡᠯ ᠤᠨ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ ᠪᠥᠬᠦ ᠲᠠᠯ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ | ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ︹ 2018 ︺ 38 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠶᠢ ᠦᠨᠳᠦᠰᠦᠯᠡᠨ᠂ ᠦᠬᠠᠶ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠡᠳᠦᠭᠡ ᠶᠠᠰᠤ ᠴᠢᠨᠠᠷ ᠤᠨ | ᠭᠡᠷᠡᠴᠢᠯᠡᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠥᠬᠦ ᠲᠠᠯ᠎ᠠ ᠶᠢᠨ ᠶᠠᠰᠤ ᠴᠢᠨᠠᠷ ᠤᠨ | ᠬᠠᠮᠢᠶᠠᠷᠤᠯᠲᠠ ᠶᠢ ᠠᠬᠢᠭᠤᠯᠬᠤ ᠲᠤᠬᠠᠢ ᠳᠣᠤᠷᠠᠬᠢ ᠮᠡᠲᠦ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ᠂ ᠦᠬᠠᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠬᠤ᠂ ᠰᠢᠨ᠎ᠡ ᠬᠥᠭᠵᠢᠯᠲᠡ ᠶᠢᠨ | ᠤᠶᠢᠯᠠᠭᠠᠭᠲᠠᠬᠤᠨ ᠢ ᠲᠤᠤᠱᠯᠠᠭᠤᠯᠤᠨ ᠨᠠᠢᠳᠠᠪᠤᠷᠢᠵᠢᠭᠤᠯᠬᠤ᠂ ᠶᠠᠰᠤ ᠴᠢᠨᠠᠷ ᠢᠶᠠᠷ ᠬᠤᠲᠠ ᠶᠢ ᠬᠦᠴᠦᠷᠬᠡᠭᠵᠢᠭᠦᠯᠬᠦ | ᠪᠠᠶᠢᠯᠳᠤᠬᠤ ᠪᠣᠳᠣᠯᠭ᠎ᠠ ᠪᠣᠯᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠬᠦ ᠶᠡᠷᠦᠩᠬᠡᠢ | ᠪᠠᠶᠢᠷᠢᠯᠠᠭᠤᠯᠤᠯᠲᠠ ᠶᠣᠰᠣᠭᠠᠷ᠂ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠪᠠᠷᠢᠮᠵᠢᠶ᠎ᠠ ᠪᠠ ᠠᠷᠭ᠎ᠠ ᠶᠢ | ᠳᠡᠯᠭᠡᠷᠡᠭᠦᠯᠦᠨ ᠬᠡᠷᠡᠭᠯᠡᠵᠦ᠂ ᠨᠢᠭᠡᠳᠦᠯᠲᠡᠶ ᠬᠠᠮᠢᠶᠠᠷᠬᠤ᠂ ᠬᠠᠮᠲᠤ ᠪᠠᠷ ᠬᠡᠷᠡᠭᠵᠢᠭᠦᠯᠬᠦ᠂ ᠡᠷᠬᠡ ᠰᠦᠷᠲᠠᠢ ᠣᠯᠠᠨ | ᠨᠡᠶᠢᠲᠡ ᠳᠤ ᠢᠲᠡᠭᠡᠮᠵᠢᠲᠠᠢ᠂ ᠨᠡᠶᠢᠳᠡᠮ ᠬᠡᠷᠡᠭᠯᠡᠬᠦ ᠬᠠᠷᠢᠯᠴᠠᠨ ᠮᠡᠳᠡᠷᠡᠬᠦ ᠶᠠᠰᠤ ᠴᠢᠨᠠᠷ ᠤᠨ ᠭᠡᠷᠡᠴᠢᠯᠡᠯ ᠤᠨ | ᠰᠢᠰᠲ᠋ᠧᠮᠵᠢ ᠶᠢ ᠪᠠᠶᠢᠭᠤᠯᠵᠤ᠂ ᠠᠵᠢᠯ ᠲᠥᠷᠥᠯ ᠤᠨ ᠬᠥᠭᠵᠢᠯᠲᠡ ᠪᠠ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠠᠬᠢᠭᠤᠯᠤᠨ᠂ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠷᠠᠭᠤᠯᠵᠤ᠂ ᠦᠢᠯᠡᠳᠭᠦᠨ᠂ ᠢᠨᠵᠧᠨᠧᠷᠢᠩ | ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ | ︵ᠬᠤᠶᠠᠷ︶ ᠦᠨᠳᠦᠰᠦᠨ ᠵᠠᠷᠴᠢᠮ᠃ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠵᠤ᠂ ᠵᠠᠰᠠᠭ ᠤᠨ | ᠣᠷᠳᠣᠨ ᠠᠴᠠ ᠬᠥᠲᠥᠯᠥᠨ ᠵᠢᠯᠣᠭᠤᠳᠤᠨ᠎ᠠ᠃ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ | ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠳᠣᠪᠣᠶᠢᠯᠭᠠᠨ᠎ᠠ᠃ ᠵᠠᠰᠠᠭ ᠤᠨ ᠣᠷᠳᠣᠨ ᠠᠴᠠ | ᠲᠥᠯᠥᠪᠵᠢᠭᠦᠯᠦᠨ ᠬᠥᠲᠥᠯᠥᠨ ᠵᠢᠯᠣᠭᠤᠳᠬᠤ᠂ ᠲᠥᠷᠥ ᠶᠢᠨ ᠪᠣᠳᠣᠯᠭ᠎ᠠ ᠪᠠᠷ ᠲᠡᠳᠬᠦᠬᠦ᠂ ᠬᠢᠨᠠᠨ ᠬᠠᠮᠢᠶᠠᠷᠴᠤ | ᠦᠢᠯᠡᠴᠢᠯᠡᠬᠦ ᠵᠡᠷᠭᠡ ᠦᠢᠯᠡᠳᠦᠯ ᠢ ᠴᠢᠩᠭᠠᠷᠠᠭᠤᠯᠵᠤ᠂ ᠰᠠᠶᠢᠨ ᠰᠠᠶᠢᠬᠠᠨ ᠶᠠᠰᠤ ᠴᠢᠨᠠᠷ ᠤᠨ ᠬᠥᠭᠵᠢᠯᠲᠡ ᠶᠢᠨ | ᠣᠷᠴᠢᠨ ᠲᠣᠭᠤᠷᠢᠨ ᠢ ᠪᠤᠢ ᠪᠣᠯᠭᠠᠨ᠎ᠠ᠃ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠰᠢᠨ᠎ᠡ ᠶᠢ ᠡᠭᠦᠳᠦᠨ᠎ᠡ᠃ ᠶᠠᠰᠤ ᠴᠢᠨᠠᠷ ᠤᠨ | ᠭᠡᠷᠡᠴᠢᠯᠡᠯ ᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠣᠯᠤᠨ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠶᠢ ᠴᠢᠬᠤᠯᠠᠴᠢᠯᠠᠨ ᠭᠠᠷᠳᠠᠵᠤ᠂ ᠵᠠᠰᠠᠭ ᠤᠨ | ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠶᠢ ᠠᠬᠢᠭᠤᠯᠵᠤ᠂ ᠶᠠᠰᠤ ᠴᠢᠨᠠᠷ ᠤᠨ ᠬᠥᠭᠵᠢᠯᠲᠡ ᠶᠢᠨ | ᠲᠣᠭᠲᠠᠴᠠ ᠶᠢᠨ ᠰᠢᠨ᠎ᠡ ᠶᠢ ᠡᠭᠦᠳᠴᠦ᠂ ᠶᠠᠰᠤ ᠴᠢᠨᠠᠷ ᠢ ᠳᠡᠭᠡᠭᠰᠢᠯᠡᠭᠦᠯᠬᠦ ᠬᠥᠳᠡᠯᠭᠡᠬᠦ ᠬᠦᠴᠦᠨ ᠢ ᠬᠥᠭᠵᠢᠭᠡᠨ᠎ᠡ᠃ | ᠤᠷᠮᠠᠰᠢᠭᠤᠯᠵᠤ ᠬᠢᠵᠠᠭᠠᠷᠯᠠᠵᠤ᠂ ᠤᠯᠠᠨ ᠡᠰᠢᠵᠢᠬᠦᠯᠦᠨ ᠬᠠᠮᠲᠤᠪᠠᠷ ᠵᠠᠰᠠᠨ᠎ᠠ᠃ ᠬᠥᠲᠥᠯᠥᠨ ᠵᠢᠯᠣᠭᠤᠳᠬᠤ | ᠪᠠ ᠠᠯᠪᠠᠳᠠᠬᠤ ᠶᠢ ᠤᠶᠠᠯᠳᠤᠭᠤᠯᠬᠤ ᠶᠢ ᠪᠠᠷᠢᠮᠲᠠᠯᠠᠨ᠂ ᠰᠠᠶᠢᠨ ᠳᠤᠷ᠎ᠠ ᠠᠴᠠ ᠪᠠᠨ ᠥᠷᠨᠢᠭᠦᠯᠬᠦ ᠪᠠᠷ ᠭᠤᠣᠯ ᠪᠣᠯᠭᠠᠵᠤ | ᠂ ᠠᠯᠪᠠᠳᠠᠯᠭ᠎ᠠ ᠪᠠᠷ ᠬᠡᠷᠡᠭᠵᠢᠭᠦᠯᠬᠦ ᠪᠠᠷ ᠬᠠᠪᠰᠤᠷᠤᠮᠵᠢ ᠪᠣᠯᠭᠠᠨ᠂ ᠠᠮᠤᠷ ᠲᠦᠪᠰᠢᠨ᠂ ᠡᠷᠡᠭᠦᠯ ᠮᠡᠨᠳᠦ᠂ ᠣᠷᠴᠢᠨ | ᠠᠬᠤᠢ ᠶᠢᠨ ᠬᠠᠮᠠᠭᠠᠯᠠᠯᠲᠠ ᠵᠡᠷᠭᠡ ᠲᠠᠯ᠎ᠠ ᠳᠤ ᠬᠤᠯᠪᠣᠭᠳᠠᠭᠰᠠᠨ ᠦᠢᠯᠡᠳᠬᠦᠨ ᠳᠤ ᠠᠯᠪᠠᠳᠠᠯᠭ᠎ᠠ ᠶᠢᠨ ᠴᠢᠨᠠᠷᠲᠠᠶ | ᠭᠡᠷᠡᠴᠢᠯᠡᠭᠡ ᠬᠢᠬᠦ ᠶᠢ ᠬᠠᠤᠯᠢ ᠶᠣᠰᠣᠭᠠᠷ ᠬᠡᠷᠡᠭᠵᠢᠭᠦᠯᠵᠦ᠂ ᠠᠵᠤ ᠠᠬᠤᠶᠢᠯᠠᠯ ᠤᠨ ᠰᠠᠶᠢᠨ ᠳᠤᠷ᠎ᠠ ᠶᠢᠨ ᠴᠢᠨᠠᠷᠲᠠᠶ | ᠭᠡᠷᠡᠴᠢᠯᠡᠭᠡ ᠬᠢᠬᠦ ᠳᠤ ᠣᠷᠣᠯᠴᠠᠬᠤ ᠶᠢ ᠵᠣᠷᠢᠭᠵᠢᠭᠤᠯᠤᠨ᠂ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠢ ᠬᠥᠲᠥᠯᠥᠨ ᠵᠢᠯᠣᠭᠤᠳᠴᠤ ᠪᠠᠶᠢᠭᠠᠳ ᠶᠠᠰᠤ ᠴᠢᠨᠠᠷ ᠢ | ᠬᠠᠮᠲᠤ ᠪᠠᠷ ᠵᠠᠰᠠᠬᠤ ᠠᠵᠢᠯ ᠢ ᠥᠷᠨᠢᠭᠦᠯᠦᠨ᠂ ᠶᠠᠰᠤ ᠴᠢᠨᠠᠷ ᠤᠨ ᠪᠦᠬᠦ ᠲᠠᠯ᠎ᠠ ᠶᠢᠨ ᠬᠠᠮᠢᠶᠠᠷᠤᠯᠲᠠ ᠶᠢ | ᠴᠢᠩᠭᠠᠳᠬᠠᠵᠤ᠂ ᠶᠠᠰᠤ ᠴᠢᠨᠠᠷ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠦᠨ᠎ᠡ᠃ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠰᠠᠭᠤᠷᠢ ᠶᠢ ᠪᠠᠲᠤᠵᠢᠭᠤᠯᠤᠨ ᠦᠨᠳᠦᠰᠦ ᠶᠢ | ᠪᠠᠬᠢᠵᠢᠭᠦᠯᠪᠡ᠃ ᠶᠠᠰᠤ ᠴᠢᠨᠠᠷ ᠤᠨ ᠭᠡᠷᠡᠴᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠢᠳᠡᠪᠬᠢᠲᠡᠢ ᠯᠠᠪᠳᠠᠭᠤᠨ ᠢᠶᠠᠷ | ᠲᠦᠯᠬᠢᠨ ᠠᠬᠢᠭᠤᠯᠵᠤ᠂ ᠭᠡᠷᠡᠴᠢᠯᠡᠬᠦ ᠬᠢᠨᠠᠨ ᠬᠠᠮᠢᠶᠠᠷᠬᠤ ᠡᠭᠦᠷᠭᠡ ᠴᠢᠳᠠᠪᠤᠷᠢ ᠪᠠ ᠡᠩᠨᠡᠭᠡᠨ ᠤ ᠲᠣᠭᠲᠠᠭᠤᠨ | ᠪᠠᠶᠢᠬᠤ ᠶᠢ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠠ ᠣᠷᠣᠭᠤᠯᠤᠯᠲᠠ ᠶᠢᠨ ᠡᠷᠴᠢᠮ ᠢ | ᠲᠠᠰᠤᠷᠠᠯᠳᠠ ᠥᠬᠡᠶ ᠨᠡᠮᠡᠭᠳᠡᠭᠦᠯᠵᠦ᠂ ᠶᠠᠰᠤ ᠴᠢᠨᠠᠷ ᠤᠨ ᠰᠠᠭᠤᠷᠢ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠳᠠ | ᠥᠬᠡᠶ ᠪᠠᠲᠤᠳᠬᠠᠬᠤ ᠬᠡᠷᠡᠭᠲᠡᠢ᠃ | ︵ᠭᠤᠷᠪᠠ︶ ᠭᠤᠣᠯ ᠬᠠᠷᠠᠯᠲᠠ᠃ 3 — 5 ᠵᠢᠯ ᠤᠨ ᠴᠢᠷᠮᠠᠶᠢᠯᠭ᠎ᠠ ᠪᠠᠷ ᠳᠠᠮᠵᠢᠨ᠂ ᠪᠥᠬᠦ ᠬᠤᠲᠠ ᠶᠢᠨ | ᠶᠠᠰᠤ ᠴᠢᠨᠠᠷ ᠤᠨ ᠭᠡᠷᠡᠴᠢᠯᠡᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠵᠣᠬᠢᠶᠠᠨ | ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠴᠢᠳᠠᠪᠤᠷᠢ ᠶᠢ ᠢᠯᠡᠳᠲᠡ ᠴᠢᠩᠭᠠᠷᠠᠭᠤᠯᠵᠤ᠂ ᠭᠤᠤᠯ | ᠪᠣᠯᠬᠤ ᠦᠢᠯᠡᠳᠬᠦᠨ᠂ ᠢᠨᠵᠧᠨᠧᠷᠢᠩ᠂ ᠦᠢᠯᠡᠴᠢᠯᠡᠭᠡᠨ ᠤ ᠶᠠᠰᠤ ᠴᠢᠨᠠᠷ ᠤᠨ ᠬᠢᠷᠢ ᠬᠡᠮᠵᠢᠶ᠎ᠡ ᠶᠢ ᠢᠯᠡᠳᠲᠡ | ᠳᠡᠭᠡᠭᠰᠢᠯᠡᠭᠦᠯᠵᠦ᠂ ᠥᠷᠢᠰᠦᠯᠳᠦᠬᠦ ᠬᠦᠴᠦᠨ ᠲᠠᠢ ᠨᠢᠭᠡ ᠪᠦᠯᠦᠭ ᠶᠠᠰᠤ ᠴᠢᠨᠠᠷ ᠤᠨ ᠨᠠᠷᠠᠲᠤ ᠲᠥᠷᠥᠯ ᠲᠡᠮᠳᠡᠭᠲᠦ ᠶᠢ | ᠪᠤᠢ ᠪᠣᠯᠭᠠᠨ᠎ᠠ᠃ ᠰᠢᠯᠭᠠᠨ ᠪᠠᠶᠢᠴᠠᠭᠠᠨ ᠬᠡᠮᠵᠢᠵᠦ ᠭᠡᠷᠡᠴᠢᠯᠡᠬᠦ ᠦᠢᠯᠡᠴᠢᠯᠡᠭᠡᠨ ᠤ ᠠᠵᠤ ᠠᠬᠤᠢ ᠶᠢᠨ ᠴᠢᠳᠠᠪᠤᠷᠢ ᠶᠢ | ᠢᠯᠡᠳᠲᠡ ᠳᠡᠭᠡᠭᠰᠢᠯᠡᠭᠦᠯᠵᠦ᠂ ᠰᠢᠯᠭᠠᠨ ᠪᠠᠶᠢᠴᠠᠭᠠᠨ ᠬᠡᠮᠵᠢᠬᠦ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ | ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠭᠡᠷᠡᠴᠢᠯᠡᠭᠡ ᠬᠢᠭᠰᠡᠨ ᠦᠷ᠎ᠡ ᠳ᠋ᠦᠩ ᠢ ᠵᠠᠬ᠎ᠠ ᠳᠡᠯᠭᠡᠭᠦᠷ ᠤᠨ | ᠬᠤᠳᠠᠯᠳᠤᠨ ᠠᠪᠬᠤ᠂ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ᠂ ᠠᠵᠢᠯ ᠲᠥᠷᠥᠯ ᠤᠨ ᠬᠠᠮᠢᠶᠠᠷᠤᠯᠲᠠ᠂ ᠵᠠᠰᠠᠭ | ᠵᠠᠬᠢᠷᠭᠠᠨ ᠤ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠲᠤᠪᠠᠷ ᠵᠠᠰᠠᠬᠤ ᠳᠤᠮᠳᠠ ᠥᠷᠭᠡᠨ ᠢᠶᠠᠷ ᠢᠲᠡᠭᠡᠪᠡ᠃ | ᠬᠤᠶᠠᠷ᠂ ᠭᠤᠤᠯᠳᠠᠯᠭ᠎ᠠ ᠲᠠᠢ ᠡᠭᠦᠷᠭᠡ | ︵ᠨᠢᠭᠡ︶ ᠵᠠᠰᠠᠭ ᠤᠨ ᠣᠷᠳᠣᠨ ᠤ ᠶᠠᠰᠤ ᠴᠢᠨᠠᠷ ᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | 1᠃ ᠠᠷᠠᠣᠠ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ | ᠶᠠᠰᠤ ᠴᠢᠨᠠᠷ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠳᠠ᠂ ᠣᠷᠣᠨ ᠤ ᠵᠠᠰᠠᠭ ᠤᠨ | ᠣᠷᠳᠣᠨ ᠤ ᠶᠠᠰᠤ ᠴᠢᠨᠠᠷ ᠤᠨ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠬᠡᠮᠵᠢᠬᠦ᠂ ᠪᠠᠷᠢᠮᠵᠢᠶ᠎ᠠ᠂ ᠰᠢᠯᠭᠠᠨ | ᠪᠠᠶᠢᠴᠠᠭᠠᠵᠤ ᠪᠠᠶᠢᠴᠠᠭᠠᠨ ᠬᠡᠮᠵᠢᠬᠦ᠂ ᠭᠡᠷᠡᠴᠢᠯᠡᠵᠦ ᠮᠡᠳᠡᠷᠡᠬᠦ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢ ᠨᠢᠭᠡ | ᠴᠣᠭᠴᠠᠵᠢᠭᠤᠯᠤᠨ ᠪᠦᠲᠦᠭᠡᠨ ᠪᠠᠶᠢᠭᠤᠯᠬᠤ ᠶᠢ ᠴᠢᠩᠭᠠᠳᠬᠠᠨ᠂ ᠲᠥᠷᠥ ᠶᠢᠨ ᠪᠣᠳᠣᠯᠭ᠎ᠠ ᠪᠠᠷ ᠬᠥᠲᠥᠯᠥᠨ | ᠵᠢᠯᠣᠭᠤᠳᠬᠤ ᠶᠢ ᠴᠢᠩᠭᠠᠷᠠᠭᠤᠯᠵᠤ᠂ ᠤᠷᠮᠠᠰᠢᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠢᠲᠡᠭᠡᠮᠵᠢ ᠶᠢᠨ | ᠬᠢᠵᠠᠭᠠᠷᠯᠠᠯ ᠢ ᠴᠢᠩᠳᠠᠯᠠᠵᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠠᠰᠠᠭ ᠵᠠᠬᠢᠷᠭᠠᠨ ᠤ | ᠬᠦᠴᠦᠨ ᠴᠢᠳᠠᠪᠤᠷᠢ ᠪᠣᠯᠤᠨ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ | ᠳᠡᠭᠡᠭᠰᠢᠯᠡᠭᠦᠯᠦᠨ᠎ᠡ᠃ ︵ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 2᠃ ᠠᠷᠠᠣᠠ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ | ᠵᠠᠰᠠᠭ ᠤᠨ ᠣᠷᠳᠣᠨ ᠤ ᠶᠠᠰᠤ ᠴᠢᠨᠠᠷ ᠢ ᠵᠠᠰᠠᠬᠤ ᠠᠷᠭ᠎ᠠ ᠮᠠᠶ᠋ᠢᠭ ᠢ ᠬᠤᠪᠢᠷᠠᠭᠤᠯᠤᠨ᠎ᠠ᠃ ᠶᠠᠰᠤ ᠴᠢᠨᠠᠷ ᠤᠨ | ᠬᠠᠮᠢᠶᠠᠷᠤᠯᠲᠠ ᠶᠢᠨ ᠪᠠᠷᠢᠮᠵᠢᠶ᠎ᠠ ᠪᠠ ᠶᠠᠰᠤ ᠴᠢᠨᠠᠷ ᠢ ᠭᠡᠷᠡᠴᠢᠯᠡᠬᠦ ᠠᠷᠭ᠎ᠠ ᠪᠠᠷᠢᠯ ᠢ ᠳᠡᠯᠭᠡᠷᠡᠭᠦᠯᠵᠦ᠂ ᠶᠠᠰᠤ ᠴᠢᠨᠠᠷ ᠢ | ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠢᠯᠠᠩᠭᠤᠶ᠎ᠠ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠶᠠᠰᠤ ᠴᠢᠨᠠᠷ ᠤᠨ ᠬᠠᠮᠢᠶᠠᠷᠤᠯᠲᠠ ᠶᠢᠨ | ᠰᠢᠰᠲ᠋ᠧᠮᠵᠢ ᠶᠢ ᠳᠡᠯᠭᠡᠷᠡᠭᠦᠯᠦᠨ ᠪᠠᠶᠢᠭᠤᠯᠬᠤ ᠶᠢ ᠵᠣᠷᠢᠭᠵᠢᠭᠤᠯᠵᠤ᠂ ᠭᠠᠷᠮᠠᠭᠠᠢ ᠠᠮᠵᠢᠯᠲᠠ ᠪᠦᠲᠦᠮᠵᠢ ᠵᠡᠷᠭᠡ | ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠬᠡᠷᠡᠭᠯᠡᠨ᠂ ᠠᠵᠤ ᠠᠬᠤᠶᠢᠯᠠᠯ ᠢ ᠢᠳᠡᠪᠬᠢᠲᠡᠢ ᠪᠠᠷ | ᠬᠥᠲᠥᠯᠥᠨ ᠵᠢᠯᠣᠭᠤᠳᠬᠤ ᠪᠠ ᠦᠢᠯᠡᠴᠢᠯᠡᠭᠦᠯᠵᠦ ᠪᠠᠶᠢᠭᠠᠳ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠨᠢ | ᠳᠡᠭᠡᠭᠰᠢᠯᠡᠭᠦᠯᠬᠦ ᠬᠡᠷᠡᠭᠲᠡᠢ᠃ ︵ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 3᠃ ᠠᠷᠠᠣᠠ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ | ᠶᠠᠰᠤ ᠴᠢᠨᠠᠷ ᠤᠨ ᠭᠡᠷᠡᠴᠢᠯᠡᠯ ᠤᠨ ᠮᠡᠳᠡᠭᠡ ᠵᠠᠩᠭᠢᠵᠢᠯᠲᠠ ᠶᠢᠨ ᠬᠡᠷᠡᠭᠯᠡᠯᠲᠡ ᠶᠢ ᠴᠢᠩᠭᠠᠳᠬᠠᠨ᠎ᠠ᠃ ᠲᠣᠮᠣ | ᠳ᠋ᠠᠶᠢᠲ᠋ᠠ ᠶᠢᠨ ᠮᠡᠷᠭᠡᠵᠢᠯ ᠪᠠ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠲᠠᠪᠴᠠᠩ ᠢ ᠭᠦᠶ᠋ᠴᠡᠳ ᠠᠰᠢᠭᠯᠠ᠂ ︽ | ᠢᠨᠲ᠋ᠧᠷ ᠰᠦᠯᠵᠢᠶ᠎ᠡ + ᠶᠠᠰᠤ ᠴᠢᠨᠠᠷ ᠤᠨ ᠭᠡᠷᠡᠴᠢᠯᠡᠯ ᠤᠨ ᠬᠢᠨᠠᠯᠲᠠ ᠬᠠᠮᠢᠶᠠᠷᠤᠯᠲᠠ︾ ᠶᠢᠨ ᠵᠠᠭᠪᠤᠷ ᠢ | ᠬᠡᠷᠡᠭᠵᠢᠭᠦᠯᠵᠦ᠂ ᠶᠠᠰᠤ ᠴᠢᠨᠠᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠣᠮᠣ ᠳ᠋ᠠᠶᠢᠲ᠋ᠠ ᠶᠢᠨ ᠲᠥᠪ ᠪᠠ | ᠤᠯᠤᠰ ᠠᠴᠠ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠠ ᠨᠡᠶᠢᠲᠡᠯᠡᠬᠦ ᠰᠢᠰᠲ᠋ᠧᠮ ︵ᠥᠪᠥᠷ | ᠮᠣᠩᠭᠤᠯ︶ ᠢ ᠠᠰᠢᠭᠯᠠᠨ᠂ ᠭᠡᠷᠡᠴᠢᠯᠡᠯ ᠤᠨ ᠪᠠᠶᠢᠭᠤᠯᠤᠮᠵᠢ ᠪᠠ ᠦᠨᠡᠮᠯᠡᠯ ᠣᠯᠤᠭᠰᠠᠨ ᠵᠣᠬᠢᠶᠠᠨ ᠪᠠᠶᠢᠭᠤᠯᠤᠯᠲᠠ ᠶᠢ | ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠳᠤ ᠣᠷᠣᠭᠤᠯᠤᠨ᠎ᠠ᠃ ︵ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠪᠠᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ᠶᠠᠰᠤ ᠴᠢᠨᠠᠷ ᠤᠨ ᠬᠠᠮᠢᠶᠠᠷᠤᠯᠲᠠ ᠶᠢᠨ ᠲᠡᠷᠢᠭᠦᠨ ᠤ ᠪᠠᠷᠢᠮᠵᠢᠶ᠎ᠠ ᠪᠠ ᠠᠷᠭ᠎ᠠ ᠶᠢ ᠳᠡᠯᠭᠡᠷᠡᠭᠦᠯᠦᠨ | ᠬᠡᠷᠡᠭᠯᠡᠬᠦ ᠬᠡᠷᠡᠭᠲᠡᠢ᠃ | 4᠃ ᠠᠷᠠᠣᠠ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ︽ | ᠬᠤᠣᠰ ᠪᠦᠬᠦᠨ︾ ᠤ ᠠᠵᠤ ᠠᠬᠤᠶᠢᠯᠠᠯ ᠤᠨ ᠠᠵᠢᠯᠯᠠᠭᠠᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ | ᠃ 200 ᠠᠵᠤ ᠠᠬᠤᠶᠢᠯᠠᠯ ᠢ ᠳᠠᠶᠢᠴᠢᠯᠠᠨ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ | ᠰᠤᠷᠤᠯᠴᠠᠨ ᠬᠡᠷᠡᠭᠯᠡᠵᠦ᠂ 100 ᠠᠵᠤ ᠠᠬᠤᠶᠢᠯᠠᠯ ᠤᠨ ᠬᠠᠮᠢᠶᠠᠷᠤᠯᠲᠠ ᠶᠢᠨ ᠰᠢᠰᠲ᠋ᠧᠮ ᠤᠨ ᠭᠡᠷᠡᠴᠢᠯᠡᠭᠡ ᠬᠢᠬᠦ ᠶᠢ | ᠵᠣᠷᠢᠭᠵᠢᠭᠤᠯᠵᠤ᠂ ᠡᠯ᠎ᠡ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠲᠦᠪᠰᠢᠨ ᠤ ᠪᠦᠬᠦᠯᠢ | ᠴᠣᠭᠴᠠ ᠶᠢᠨ ᠦᠰᠦᠷᠦᠯᠲᠡ ᠶᠢ ᠠᠬᠢᠭᠤᠯᠤᠨ᠎ᠠ᠃ ᠶᠠᠰᠤ ᠴᠢᠨᠠᠷ ᠤᠨ ᠬᠠᠮᠢᠶᠠᠷᠤᠯᠲᠠ ᠶᠢᠨ ᠲᠡᠷᠢᠭᠦᠨ ᠤ ᠪᠠᠷᠢᠮᠵᠢᠶ᠎ᠠ᠂ | ᠠᠷᠭ᠎ᠠ ᠶᠢ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠪᠣᠯᠤᠨ ᠨᠡᠶᠢᠭᠡᠮ ᠤᠨ ᠵᠠᠰᠠᠯᠲᠠ ᠵᠡᠷᠭᠡ | ᠬᠦᠷᠢᠶ᠎ᠡ ᠲᠡᠰᠢ ᠤᠷᠲᠤᠳᠬᠠᠬᠤ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠶᠠᠰᠤ ᠴᠢᠨᠠᠷ ᠤᠨ ᠬᠠᠮᠢᠶᠠᠷᠤᠯᠲᠠ ᠶᠢᠨ | ᠲᠡᠷᠢᠭᠦᠨ ᠤ ᠦᠷ᠎ᠡ ᠪᠦᠲᠦᠭᠡᠯ ᠤᠨ ᠲᠤᠷᠰᠢᠯᠭ᠎ᠠ ᠶᠢ ᠳᠡᠯᠭᠡᠷᠡᠭᠦᠯᠦᠨ᠎ᠡ᠃ ᠠᠵᠤ ᠠᠬᠤᠶᠢᠯᠠᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠪᠥᠬᠦ ᠲᠠᠯ᠎ᠠ ᠶᠢᠨ ᠶᠠᠰᠤ ᠴᠢᠨᠠᠷ ᠤᠨ ᠬᠠᠮᠢᠶᠠᠷᠤᠯᠲᠠ᠂ ᠵᠢᠷᠭᠤᠭᠠᠨ ᠰᠢᠭᠮᠠ᠂ | ᠣᠬᠢ ᠠᠰᠢᠭᠲᠤ ᠬᠠᠮᠢᠶᠠᠷᠤᠯᠲᠠ ᠵᠡᠷᠭᠡ ᠣᠯᠠᠨ ᠤᠯᠤᠰ ᠠᠴᠠ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ | ᠠᠷᠭ᠎ᠠ ᠶᠢ ᠬᠡᠷᠡᠭᠯᠡᠵᠦ᠂ ᠶᠠᠰᠤ ᠴᠢᠨᠠᠷ ᠢ ᠳᠡᠭᠡᠭᠰᠢᠯᠡᠭᠦᠯᠦᠨ ᠥᠪᠡᠷ ᠤᠨ ᠥᠷᠲᠡᠭ ᠢ ᠪᠠᠭᠤᠷᠠᠭᠤᠯᠵᠤ ᠦᠷ᠎ᠡ ᠠᠰᠢᠭ ᠢ | ᠨᠡᠮᠡᠭᠳᠡᠭᠦᠯᠬᠦ ᠶᠢ ᠵᠣᠷᠢᠭᠵᠢᠭᠤᠯᠤᠨ᠎ᠠ᠃ ᠣᠳᠣ ᠦᠶ᠎ᠡ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠳᠦᠷᠢᠮ ᠢ | ᠳᠡᠯᠭᠡᠷᠡᠭᠦᠯᠵᠦ᠂ ᠨᠥᠬᠦᠴᠡᠯ ᠲᠠᠢ ᠠᠵᠤ ᠠᠬᠤᠶᠢᠯᠠᠯ ᠢ ᠳᠤᠪᠤᠶᠢᠮ᠎ᠠ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠵᠡᠷᠭᠡ | ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠮᠠᠶ᠋ᠢᠭ ᠲᠤ ᠬᠥᠲᠥᠯᠥᠨ ᠣᠷᠣᠭᠤᠯᠤᠨ᠎ᠠ᠃ ︵ | ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠣᠶᠣᠯ | ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠦᠬᠠᠶ | ᠪᠣᠭᠤᠮᠲᠠ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 5᠃ ᠠᠷᠠᠣᠠ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠲᠤ ᠪᠠᠶᠢᠴᠠᠭᠠᠨ ᠰᠤᠳᠤᠯᠤᠯᠲᠠ ᠬᠢᠬᠦ | ᠠᠵᠢᠯᠯᠠᠭ᠎ᠠ ᠶᠢ ᠥᠷᠨᠢᠭᠦᠯᠵᠦ᠂ ᠶᠠᠰᠤ ᠴᠢᠨᠠᠷ ᠤᠨ ᠭᠡᠷᠡᠴᠢᠯᠡᠯ ᠢ ᠬᠠᠪᠰᠤᠷᠤᠨ ᠲᠡᠳᠬᠦᠬᠦ ᠪᠠ ᠰᠦᠢᠳᠬᠡᠯ ᠬᠤᠷᠢᠶᠠᠬᠤ | ᠦᠭᠡᠢ ᠪᠠᠷ ᠪᠣᠯᠪᠠᠰᠤᠷᠠᠭᠤᠯᠬᠤ ᠠᠵᠢᠯᠯᠠᠭ᠎ᠠ ᠶᠢ ᠠᠵᠢᠯ ᠲᠥᠷᠥᠯ᠂ ᠳᠡᠰ ᠳᠠᠪᠬᠤᠷᠭ᠎ᠠ ᠬᠤᠪᠢᠶᠠᠨ ᠥᠷᠨᠢᠭᠦᠯᠵᠦ᠂ | ᠶᠠᠰᠤ ᠴᠢᠨᠠᠷ ᠤᠨ ᠬᠠᠮᠢᠶᠠᠷᠤᠯᠲᠠ ᠶᠢᠨ ᠮᠡᠳᠡᠯᠭᠡ ᠶᠢ ᠲᠦᠭᠡᠮᠡᠯᠵᠢᠭᠦᠯᠦᠨ᠂ ᠶᠠᠰᠤ ᠴᠢᠨᠠᠷ ᠤᠨ ᠲᠤᠰᠠᠯᠠᠮᠵᠢ ᠶᠢᠨ | ᠲᠥᠰᠦᠯ ᠢ ᠬᠠᠩᠭᠠᠵᠤ᠂ ᠶᠠᠰᠤ ᠴᠢᠨᠠᠷ ᠤᠨ ᠳᠡᠭᠡᠭᠰᠢᠯᠡᠯᠲᠡ ᠶᠢᠨ ᠳᠤᠲᠠᠭᠤᠳᠠᠯ ᠢ ᠨᠥᠬᠦᠪᠥᠷᠢᠯᠡᠵᠦ᠂ ᠶᠠᠰᠤ ᠴᠢᠨᠠᠷ | ᠤᠨ ᠬᠠᠮᠢᠶᠠᠷᠤᠯᠲᠠ ᠶᠢᠨ ᠰᠢᠰᠲ᠋ᠧᠮ ᠤᠨ ᠭᠡᠷᠡᠴᠢᠯᠡᠯᠲᠡ ᠶᠢ ᠬᠡᠪ ᠰᠣᠯᠢᠵᠤ ᠳᠡᠰ ᠳᠡᠪᠰᠢᠭᠦᠯᠬᠦ ᠪᠠᠷ ᠳᠠᠮᠵᠢᠭᠤᠯᠤᠨ᠂ | ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠪᠥᠬᠦ ᠲᠠᠯ᠎ᠠ ᠪᠠᠷ ᠳᠡᠰ ᠳᠡᠪᠰᠢᠬᠦ ᠶᠢ ᠳᠠᠶᠢᠴᠢᠯᠠᠨ᠎ᠠ᠃ | ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠣᠶᠣᠯ | ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠦᠬᠠᠶ ᠪᠣᠭᠤᠮᠲᠠ | ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | | ︵ᠭᠤᠷᠪᠠ︶ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠳᠡᠰ ᠳᠡᠪᠰᠢᠭᠦᠯᠬᠦ ᠠᠵᠢᠯᠯᠠᠭ᠎ᠠ ᠶᠢ | ᠥᠷᠨᠢᠭᠦᠯᠦᠨ᠎ᠡ᠃ | 6᠃ ᠳᠣᠮᠲᠠᠳ᠋ᠪ ᠤᠯᠤᠰ ᠤᠨ ᠡᠪ ᠬᠠᠮᠳ᠋ᠪ ᠨᠠᠮ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠢ | ᠡᠭᠦᠳᠦᠨ ᠳᠡᠰ ᠳᠠᠪᠰᠢᠭᠰᠠᠨ ᠬᠡᠪ ᠢ ᠭᠡᠷᠡᠴᠢᠯᠡᠨ᠎ᠡ᠃ ᠰᠢᠨ᠎ᠡ ᠬᠡᠪᠯᠡᠯ ᠤᠨ I S O 9001 ᠶᠠᠰᠤ ᠴᠢᠨᠠᠷ ᠤᠨ | ᠬᠠᠮᠢᠶᠠᠷᠤᠯᠲᠠ ᠶᠢᠨ ᠰᠢᠰᠲ᠋ᠧᠮ ᠵᠡᠷᠭᠡ ᠳᠡᠯᠡᠬᠡᠶ ᠶᠢᠨ ᠲᠡᠷᠢᠭᠦᠨ ᠤ ᠪᠠᠷᠢᠮᠵᠢᠶ᠎ᠠ᠂ ᠠᠷᠭ᠎ᠠ ᠶᠢ ᠬᠡᠷᠡᠭᠯᠡᠨ ᠭᠡᠷᠡᠴᠢᠯᠡᠯ ᠤᠨ | ᠱᠠᠭᠠᠷᠳᠠᠯᠭ᠎ᠠ ᠶᠢ ᠳᠡᠭᠡᠭᠰᠢᠯᠡᠭᠦᠯᠵᠦ᠂ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠤᠨ ᠭᠡᠷᠡᠴᠢᠯᠡᠯ ᠤᠨ | ᠰᠢᠰᠲ᠋ᠧᠮ ᠤᠨ ᠴᠢᠨᠠᠷᠲᠠᠶ ᠳᠡᠰ ᠳᠡᠪᠰᠢᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠶᠠᠰᠤ ᠴᠢᠨᠠᠷ ᠤᠨ | ᠬᠠᠮᠢᠶᠠᠷᠤᠯᠲᠠ ᠶᠢᠨ ᠪᠦᠬᠦ ᠲᠠᠯ᠎ᠠ ᠶᠢᠨ ᠳᠡᠰ ᠳᠡᠪᠰᠢᠬᠦ ᠶᠢ ᠳᠠᠶᠢᠴᠢᠯᠠᠨ᠎ᠠ᠃ ᠭᠤᠤᠯᠯᠠᠬᠤ ᠠᠵᠤ ᠦᠢᠯᠡᠰ ᠵᠢᠴᠢ ᠣᠳᠣ | ᠦᠶ᠎ᠡ ᠶᠢᠨ ᠦᠢᠯᠡᠴᠢᠯᠡᠭᠡᠨ ᠤ ᠦᠢᠯᠡᠰ ᠤᠨ ᠭᠤᠤᠯᠳᠠᠯᠭ᠎ᠠ ᠲᠠᠢ ᠠᠵᠤ ᠠᠬᠤᠶᠢᠯᠠᠯ ᠢ ᠬᠥᠲᠥᠯᠥᠨ ᠵᠢᠯᠣᠭᠤᠳᠴᠤ | ᠪᠠᠶᠢᠭᠠᠳ ᠥᠨᠳᠥᠷ ᠪᠦᠲᠦᠮᠵᠢᠲᠡᠶ ᠨᠢᠭᠡ ᠴᠣᠭᠴᠠᠵᠢᠭᠰᠠᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ | ᠪᠠᠶᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠬᠦ ᠬᠡᠪ ᠳᠠᠭᠤᠷᠢᠶᠠᠯ ᠢ ᠪᠤᠢ ᠪᠣᠯᠭᠠᠨ᠎ᠠ᠃ 2022 ᠤᠨ ᠪᠣᠯᠬᠤ ᠳᠤ᠂ | ᠪᠥᠬᠦ ᠬᠤᠲᠠ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢᠨ ᠭᠡᠷᠡᠴᠢᠯᠡᠯ ᠤᠨ ᠠᠵᠤ ᠠᠬᠤᠶᠢᠯᠠᠯ ᠢ 100 ᠠᠴᠠ | ᠳᠡᠭᠡᠭᠰᠢ ᠳᠤ ᠬᠦᠷᠦᠭᠦᠯᠦᠨ᠎ᠡ᠃ ︵ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ᠂ ᠦᠬᠠᠶ ᠪᠣᠭᠤᠮᠲᠠ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 7᠃ ︽ᠠᠷᠠᠣᠠ ᠤᠨ ᠡᠳᠦᠷ ᠤᠨ ᠰᠣᠨᠢᠨ︾ ︵2012 ᠶᠠᠰᠤ ᠴᠢᠨᠠᠷ ᠤᠨ ᠭᠡᠷᠡᠴᠢᠯᠡᠯ ᠤᠨ ᠬᠠᠮᠤᠷᠬᠤ | ᠬᠡᠪᠴᠢᠶ᠎ᠡ ᠶᠢ ᠥᠷᠭᠡᠳᠬᠡᠨ᠎ᠡ᠃ ᠡᠷᠡᠭᠦᠯ ᠮᠡᠨᠳᠦ᠂ ᠵᠢᠭᠤᠯᠴᠢᠯᠠᠯ᠂ ᠰᠤᠷᠭᠠᠨ ᠬᠥᠮᠦᠵᠢᠯ᠂ ᠮᠥᠩᠭᠦᠨ ᠭᠦᠢᠯᠭᠡᠭᠡ | ᠵᠡᠷᠭᠡ ᠦᠢᠯᠡᠴᠢᠯᠡᠭᠡᠨ ᠤ ᠬᠦᠷᠢᠶᠡᠨ ᠳᠠᠬᠢ ᠭᠡᠷᠡᠴᠢᠯᠡᠯ ᠢ ᠬᠡᠷᠡᠭᠵᠢᠭᠦᠯᠵᠦ᠂ ᠡᠯ᠎ᠡ ᠲᠥᠷᠥᠯ ᠤᠨ ᠠᠵᠤ ᠠᠬᠤᠶᠢᠯᠠᠯ | ᠢᠯᠠᠩᠭᠤᠶ᠎ᠠ ᠦᠢᠯᠡᠴᠢᠯᠡᠭᠡᠨ ᠤ ᠬᠡᠯᠪᠡᠷᠢ ᠶᠢᠨ ᠠᠵᠤ ᠠᠬᠤᠶᠢᠯᠠᠯ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠢ | ᠬᠥᠲᠥᠯᠥᠨ ᠵᠢᠯᠣᠭᠤᠳᠴᠤ ᠰᠠᠶᠢᠨ ᠳᠤᠷ᠎ᠠ ᠶᠢᠨ ᠴᠢᠨᠠᠷᠲᠠᠶ ᠭᠡᠷᠡᠴᠢᠯᠡᠯᠲᠡ ᠳᠤ ᠣᠷᠣᠯᠴᠠᠭᠤᠯᠤᠨ᠎ᠠ᠃ ᠭᠡᠷᠡᠴᠢᠯᠡᠨ | ᠮᠠᠭᠠᠳᠯᠠᠬᠤ ᠪᠠᠷ ᠳᠠᠮᠵᠢᠭᠤᠯᠤᠨ ᠦᠢᠯᠡᠳᠬᠦᠨ ᠤ ᠶᠠᠰᠤ ᠴᠢᠨᠠᠷ ᠪᠠ ᠠᠵᠤ ᠠᠬᠤᠶᠢᠯᠠᠯ ᠤᠨ ᠢᠲᠡᠭᠡᠯ ᠬᠦᠨᠳᠦ ᠶᠢ | ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠬᠤᠳᠠᠯᠳᠤᠨ ᠠᠪᠬᠤ᠂ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ᠂ ᠠᠵᠢᠯ | ᠲᠥᠷᠥᠯ ᠤᠨ ᠬᠠᠮᠢᠶᠠᠷᠤᠯᠲᠠ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠵᠠᠰᠠᠯᠲᠠ ᠵᠡᠷᠭᠡ | ᠬᠦᠷᠢᠶᠡᠨ ᠳᠤ ᠥᠷᠭᠡᠨ ᠢᠶᠠᠷ ᠢᠲᠡᠭᠡᠮᠵᠢ ᠣᠯᠵᠤ ᠭᠡᠷᠡᠴᠢᠯᠡᠨ ᠮᠠᠭᠠᠳᠯᠠᠭᠰᠠᠨ ᠦᠷ᠎ᠡ ᠳ᠋ᠦᠩ ᠢ ᠲᠦᠯᠬᠢᠨ | ᠠᠬᠢᠭᠤᠯᠤᠨ᠎ᠠ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠤᠷᠭᠠᠨ | ᠬᠥᠮᠦᠵᠢᠯ ᠤᠨ ᠲᠣᠪᠴᠢᠶ᠎ᠠ᠂ ᠦᠬᠠᠶ ᠶᠢᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ | ᠲᠣᠪᠴᠢᠶ᠎ᠠ᠂ ᠦᠬᠠᠶ ᠶᠢᠨ ᠪᠣᠭᠤᠮᠲᠠ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠷᠪᠡ︶ ᠶᠠᠰᠤ ᠴᠢᠨᠠᠷ ᠢ ᠦᠨᠡᠮᠰᠢᠭᠦᠯᠬᠦ ᠠᠵᠢᠯ ᠤᠨ ᠪᠦᠲᠦᠮᠵᠢᠲᠡᠢ ᠴᠢᠨᠠᠷ ᠢ ᠲᠠᠰᠤᠷᠠᠯᠳᠠ ᠥᠬᠡᠶ | ᠳᠡᠭᠡᠭᠰᠢᠯᠡᠭᠦᠯᠬᠦ ᠬᠡᠷᠡᠭᠲᠡᠢ᠃ | 8᠃ ᠠᠷᠠᠣᠠ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ | ᠠᠯᠪᠠᠳᠠᠯᠭ᠎ᠠ ᠶᠢᠨ ᠴᠢᠨᠠᠷᠲᠠᠶ ᠭᠡᠷᠡᠴᠢᠯᠡᠯ ᠤᠨ ᠳᠦᠷᠢᠮ ᠢ ᠨᠠᠶᠢᠳᠠᠪᠤᠷᠢᠵᠢᠭᠤᠯᠤᠨ᠎ᠠ᠃ ᠠᠯᠪᠠᠳᠠᠯᠭ᠎ᠠ ᠶᠢᠨ ᠴᠢᠨᠠᠷᠲᠠᠶ | ᠭᠡᠷᠡᠴᠢᠯᠡᠯ ᠤᠨ ︽ᠬᠢᠵᠠᠭᠠᠷ ᠱᠤᠭᠤᠮ ᠢ ᠪᠠᠲᠤᠯᠠᠬᠤ︾ ᠦᠢᠯᠡᠳᠦᠯ ᠢ ᠪᠠᠳᠠᠷᠠᠭᠤᠯᠵᠤ᠂ ᠴᠢᠬᠤᠯᠠ ᠴᠢᠨᠠᠷ ᠪᠠ | ᠬᠠᠮᠤᠭ ᠤᠨ ᠪᠠᠭᠠᠴᠢᠯᠠᠬᠤ ᠵᠠᠷᠴᠢᠮ ᠶᠣᠰᠣᠭᠠᠷ᠂ ᠠᠮᠤᠷ ᠲᠦᠪᠰᠢᠨ᠂ ᠡᠷᠡᠭᠦᠯ ᠮᠡᠨᠳᠦ᠂ ᠣᠷᠴᠢᠨ ᠠᠬᠤᠢ ᠶᠢᠨ | ᠬᠠᠮᠠᠭᠠᠯᠠᠯᠲᠠ ᠵᠡᠷᠭᠡ ᠲᠠᠯ᠎ᠠ ᠳᠤ ᠬᠤᠯᠪᠣᠭᠳᠠᠭᠰᠠᠨ ᠦᠢᠯᠡᠳᠬᠦᠨ ᠳᠤ ᠬᠠᠤᠯᠢ ᠶᠣᠰᠣᠭᠠᠷ ᠠᠯᠪᠠᠳᠠᠯᠭ᠎ᠠ ᠶᠢᠨ ᠴᠢᠨᠠᠷᠲᠠᠶ | ᠭᠡᠷᠡᠴᠢᠯᠡᠯ ᠢ ᠬᠡᠷᠡᠭᠵᠢᠭᠦᠯᠦᠨ᠎ᠡ᠂ ᠭᠡᠷᠡᠴᠢᠯᠡᠭᠦᠯᠦᠭᠡ ᠥᠬᠡᠶ ᠦᠢᠯᠡᠳᠬᠦᠨ ᠢ ᠦᠢᠯᠡᠳᠪᠦᠷᠢ ᠠᠴᠠ ᠭᠠᠷᠭᠠᠵᠤ | ᠪᠣᠷᠣᠯᠠᠭᠤᠯᠵᠤ ᠪᠣᠯᠬᠤ ᠥᠬᠡᠶ᠃ ᠠᠯᠪᠠᠳᠠᠯᠭ᠎ᠠ ᠶᠢᠨ ᠴᠢᠨᠠᠷᠲᠠᠶ ᠦᠢᠯᠡᠳᠬᠦᠨ ᠤ ᠭᠡᠷᠡᠴᠢᠯᠡᠯ ᠤᠨ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠤᠲᠠ᠂ ᠲᠣᠭᠤᠷᠢᠭ ᠬᠤᠶᠠᠷ ᠱᠠᠲᠤᠨ ᠤ ᠭᠡᠷᠡᠴᠢᠯᠡᠯ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠮᠵᠢᠯᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠨᠠᠷᠢᠯᠢᠭ | ᠣᠨᠣᠴᠠᠲᠠᠶ ᠪᠠᠷ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠬᠠᠢ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 9᠃ ᠠᠷᠠᠣᠠ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ | ᠰᠠᠶᠢᠨ ᠳᠤᠷ᠎ᠠ ᠶᠢᠨ ᠴᠢᠨᠠᠷᠲᠠᠶ ᠭᠡᠷᠡᠴᠢᠯᠡᠯ ᠢ ᠲᠦᠯᠬᠢᠨ ᠠᠬᠢᠭᠤᠯᠤᠨ᠎ᠠ᠃ ᠰᠠᠶᠢᠨ ᠳᠤᠷ᠎ᠠ ᠶᠢᠨ ᠴᠢᠨᠠᠷᠲᠠᠶ | ᠭᠡᠷᠡᠴᠢᠯᠡᠯ ᠤᠨ ︽ᠥᠨᠳᠥᠷ ᠤᠲᠠᠰᠤ ᠲᠠᠲᠠᠬᠤ︾ ᠦᠢᠯᠡᠳᠦᠯ ᠢ ᠪᠠᠳᠠᠷᠠᠭᠤᠯᠵᠤ᠂ ᠰᠢᠨ᠎ᠡ ᠮᠡᠷᠭᠡᠵᠢᠯ᠂ ᠰᠢᠨ᠎ᠡ | ᠦᠢᠯᠡᠳᠬᠦᠨ᠂ ᠰᠢᠨ᠎ᠡ ᠡᠵᠡᠩᠨᠡᠯᠲᠡ ᠶᠢᠨ ᠪᠠᠶᠢᠳᠠᠯ ᠳᠤ ᠪᠠᠭᠲᠠᠭᠠᠮᠵᠢᠲᠠᠶ ᠬᠢᠨᠠᠭᠤᠷ ᠪᠣᠯᠭᠤᠮᠵᠢᠲᠠᠶ ᠬᠢᠨᠠᠯᠲᠠ | ᠬᠠᠮᠢᠶᠠᠷᠤᠯᠲᠠ ᠶᠠᠪᠤᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃ | ᠣᠷᠭᠠᠨᠢᠭ ᠪᠣᠬᠢᠷᠲᠤᠯ ᠥᠬᠡᠶ ᠪᠦᠲᠦᠭᠡᠭᠳᠡᠬᠦᠨ ᠤ ᠭᠡᠷᠡᠴᠢᠯᠡᠯ ᠢ ᠶᠡᠬᠡᠪᠡᠷ ᠲᠦᠯᠬᠢᠨ ᠠᠬᠢᠭᠤᠯᠵᠤ᠂ ᠬᠤᠤᠷ | ᠬᠥᠨᠥᠭᠡᠯ ᠤᠨ ᠵᠠᠳᠠᠯᠤᠯᠲᠠ ᠬᠢᠭᠡᠳ ᠵᠠᠩᠭᠢᠯᠠᠭ᠎ᠠ ᠶᠢᠨ ᠡᠵᠡᠮᠳᠡᠬᠦ ᠴᠡᠭ ᠤᠨ ᠰᠢᠰᠲ᠋ᠧᠮᠵᠢ ᠶᠢ ᠭᠡᠷᠡᠴᠢᠯᠡᠬᠦ ᠶᠢ ᠲᠦᠯᠬᠢᠨ | ᠠᠬᠢᠭᠤᠯᠵᠤ᠂ ᠣᠷᠭᠠᠨᠢᠭ ᠪᠣᠬᠢᠷᠲᠤᠯ ᠥᠬᠡᠶ ᠪᠦᠲᠦᠭᠡᠭᠳᠡᠬᠦᠨ ᠤ ᠭᠡᠷᠡᠴᠢᠯᠡᠯ ᠤᠨ ᠬᠠᠮᠤᠷᠬᠤ ᠬᠡᠪᠴᠢᠶ᠎ᠡ ᠶᠢ | ᠥᠷᠭᠡᠳᠬᠡᠨ᠎ᠡ᠃ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠢᠨᠵᠧᠨᠧᠷᠢᠩ ᠢ | ᠬᠡᠷᠡᠭᠵᠢᠭᠦᠯᠵᠦ᠂ ᠦᠬᠠᠶ ᠶᠢᠨ ᠦᠵᠦᠮ ᠵᠡᠷᠭᠡ ᠭᠠᠵᠠᠷ ᠣᠷᠣᠨ ᠤ ᠳᠠᠪᠠᠭᠤᠯᠢᠭ ᠲᠠᠷᠢᠶᠠᠯᠠᠩ ᠤᠨ ᠪᠦᠲᠦᠭᠡᠭᠳᠡᠬᠦᠨ ᠢ | ᠭᠡᠷᠡᠴᠢᠯᠡᠨ ᠮᠠᠭᠠᠳᠯᠠᠬᠤ ᠡᠷᠴᠢᠮ ᠢ ᠴᠢᠩᠭᠠᠳᠬᠠᠵᠤ᠂ ᠦᠬᠠᠶ ᠶᠢᠨ ᠦᠵᠦᠮ ᠵᠡᠷᠭᠡ ᠨᠠᠷᠠᠲᠤ ᠲᠡᠮᠳᠡᠭ ᠤᠨ | ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠦᠷᠦᠭᠦᠯᠡᠵᠦ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ | ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠦᠬᠠᠶ ᠪᠣᠭᠤᠮᠲᠠ ᠵᠡᠷᠭᠡ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 10 . ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠭᠡᠷᠡᠴᠢᠯᠡᠯ ᠤᠨ ᠲᠤᠯᠭᠠᠭᠤᠷᠢᠯᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠰᠢᠨ᠎ᠡ ᠪᠠᠷ ᠪᠣᠶ | ᠪᠣᠯᠤᠭᠰᠠᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ | ᠮᠡᠷᠭᠡᠵᠢᠯ ᠤᠨ ᠣᠨᠴᠠ ᠴᠢᠳᠠᠪᠤᠷᠢ ᠲᠠᠢ᠂ ᠦᠢᠯᠡᠴᠢᠯᠡᠭᠡᠨ ᠤ ᠣᠨᠴᠠᠯᠢᠭ ᠲᠠᠢ ᠨᠢᠭᠡ ᠪᠦᠯᠦᠭ ᠲᠤᠰᠬᠠᠶᠢᠵᠢᠭᠰᠠᠨ | ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠬᠥᠭᠵᠢᠯᠲᠡ ᠶᠢ ᠳᠠᠮᠵᠢᠵᠤ᠂ ᠪᠠᠶᠢᠴᠠᠭᠠᠨ ᠰᠢᠯᠭᠠᠵᠤ | ᠪᠠᠶᠢᠴᠠᠭᠠᠨ ᠬᠡᠮᠵᠢᠬᠦ ᠪᠠᠷ ︽ᠵᠠᠯᠭᠠᠭᠤᠷ︾ ᠪᠣᠯᠭᠠᠭᠰᠠᠨ ᠠᠵᠤ ᠦᠢᠯᠡᠰ ᠤᠨ ᠪᠥᠭᠡᠭᠡᠨᠡᠷᠡᠯ ᠤᠨ ᠰᠢᠨ᠎ᠡ ᠵᠠᠭᠪᠤᠷ ᠢ | ᠴᠢᠷᠮᠠᠶᠢᠨ ᠪᠣᠶ ᠪᠣᠯᠭᠠᠨ᠎ᠠ᠃ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ | ᠂ ᠭᠡᠨᠡᠳᠲᠡ ᠡᠭᠦᠰᠬᠦ ᠴᠢᠨᠠᠷᠲᠠᠶ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠵᠡᠷᠭᠡ ᠪᠠᠶᠢᠴᠠᠭᠠᠨ | ᠰᠢᠯᠭᠠᠵᠤ ᠪᠠᠶᠢᠴᠠᠭᠠᠨ ᠬᠡᠮᠵᠢᠬᠦ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠠᠶᠢᠴᠠᠭᠠᠨ | ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠬᠦ ᠪᠠ ᠵᠣᠷᠢᠭᠵᠢᠭᠤᠯᠵᠤ | ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ | ᠲᠤᠷᠰᠢᠯᠲᠠ ᠶᠢᠨ ᠲᠠᠰᠤᠭ ᠢ ᠴᠢᠷᠮᠠᠶᠢᠨ ᠡᠭᠦᠳᠴᠦ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ | ᠣᠷᠣᠨ ᠨᠤᠲᠤᠭ ᠤᠨ ᠠᠵᠤ ᠠᠬᠤᠶ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠲᠠᠷᠢᠶᠠᠯᠠᠩ ᠮᠠᠯ | ᠠᠵᠤ ᠠᠬᠤᠢ ᠶᠢᠨ ᠲᠣᠪᠴᠢᠶ᠎ᠠ᠂ ᠦᠬᠠᠶ ᠪᠣᠭᠤᠮᠲᠠ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠪ ᠵᠡᠷᠭᠡ | ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠠᠪᠤ︶ ᠭᠡᠷᠡᠴᠢᠯᠡᠯ ᠤᠨ ᠠᠵᠢᠯᠯᠠᠭ᠎ᠠ ᠶᠢᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ | ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | 11 . ᠭᠡᠷᠡᠴᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠲᠠ᠂ | ᠲᠣᠭᠤᠷᠢᠭ ᠬᠤᠶᠠᠷ ᠱᠠᠲᠤᠨ ᠤ ᠭᠡᠷᠡᠴᠢᠯᠡᠯ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠤᠯᠪᠣᠭᠠᠯᠠᠨ | ᠬᠥᠳᠡᠯᠦᠯᠴᠡᠬᠦ ᠠᠵᠢᠯ ᠤᠨ ᠲᠣᠭᠲᠠᠴᠠ ᠶᠢ ᠴᠢᠩᠭᠠᠳᠬᠠᠵᠤ᠂ ᠭᠡᠷᠡᠴᠢᠯᠡᠯ ᠤᠨ ᠬᠢᠨᠠᠨ ᠬᠠᠮᠢᠶᠠᠷᠬᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠭᠡᠷᠡᠴᠢᠯᠡᠯ ᠤᠨ ᠬᠢᠨᠠᠨ ᠬᠠᠮᠢᠶᠠᠷᠬᠤ ᠬᠦᠴᠦᠨ ᠢ | ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠬᠤᠯᠪᠣᠭᠠᠯᠠᠨ ᠬᠢᠨᠠᠨ ᠬᠠᠮᠢᠶᠠᠷᠬᠤ ᠶᠢ ᠲᠦᠯᠬᠢᠨ ᠠᠬᠢᠭᠤᠯᠵᠤ᠂ ᠠᠵᠢᠯ | ᠲᠥᠷᠥᠯ ᠤᠨ ᠥᠪᠡᠷ ᠢ ᠪᠠᠨ ᠱᠠᠭᠠᠷᠳᠠᠬᠤ ᠪᠠ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠴᠢᠩᠭᠠᠳᠬᠠᠨ᠎ᠠ᠃ ︵ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠬᠠᠮᠢᠶ᠎ᠠ ᠪᠦᠬᠦᠢ | ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 12᠃ ︽12︾ ᠭᠡᠷᠡᠴᠢᠯᠡᠭᠡ ᠬᠢᠵᠦ ᠬᠢᠨᠠᠨ ᠬᠠᠮᠢᠶᠠᠷᠬᠤ ᠠᠵᠢᠯ ᠤᠨ ᠡᠷᠴᠢᠮ ᠢ ᠴᠢᠩᠭᠠᠷᠠᠭᠤᠯᠤᠨ᠎ᠠ᠃ ︽ | ᠬᠤᠶᠠᠷ ᠢ ᠰᠤᠭᠤᠴᠢᠵᠤ᠂ ᠨᠢᠭᠡ ᠶᠢ ᠢᠯᠠ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠪᠥᠬᠦ ᠲᠠᠯ᠎ᠠ ᠪᠠᠷ | ᠬᠡᠷᠡᠭᠵᠢᠭᠦᠯᠵᠦ᠂ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | ᠭᠡᠷᠡᠴᠢᠯᠡᠯ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠭᠡᠷᠡᠴᠢᠯᠡᠯ ᠤᠨ ᠠᠵᠢᠯᠯᠠᠭ᠎ᠠ ᠳᠤ ᠬᠠᠤᠯᠢ ᠶᠣᠰᠣᠭᠠᠷ ᠬᠢᠨᠠᠯᠲᠠ ᠬᠠᠮᠢᠶᠠᠷᠤᠯᠲᠠ ᠶᠠᠪᠤᠭᠤᠯᠵᠤ᠂ ᠬᠠᠤᠯᠢ | ᠪᠤᠰᠤ ᠪᠠᠷ ᠭᠡᠷᠡᠴᠢᠯᠡᠯ ᠤᠨ ᠠᠵᠢᠯᠯᠠᠭ᠎ᠠ ᠬᠢᠬᠦ ᠪᠠ ᠭᠡᠷᠡᠴᠢᠯᠡᠯ ᠤᠨ ᠦᠨᠡᠮᠯᠡᠯ ᠪᠤᠶᠤ ᠭᠡᠷᠡᠴᠢᠯᠡᠯ ᠤᠨ ᠲᠡᠮᠳᠡᠭ ᠢ | ᠬᠠᠭᠤᠷᠮᠠᠭᠯᠠᠨ ᠵᠣᠬᠢᠶᠠᠬᠤ᠂ ᠬᠠᠭᠤᠷᠮᠠᠭᠯᠠᠨ ᠬᠡᠷᠡᠭᠯᠡᠬᠦ᠂ ᠬᠤᠳᠠᠯᠳᠤᠭᠠᠯᠠᠬᠤ ᠵᠡᠷᠭᠡ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠭᠡᠷᠡᠴᠢᠯᠡᠯ ᠤᠨ ᠦᠷ᠎ᠡ ᠪᠦᠳᠦᠮᠵᠢᠳᠦ ᠴᠢᠨᠠᠷ ᠪᠠ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ | ᠦᠨᠡᠨ ᠬᠦ ᠪᠠᠲᠤᠯᠠᠬᠤ ᠬᠡᠷᠡᠭᠲᠡᠶ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠦᠬᠠᠶ ᠪᠣᠭᠤᠮᠲᠠ ᠵᠡᠷᠭᠡ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 13᠃ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠠᠴᠠ ᠠᠷᠠᠳ ᠤᠨ ᠲᠥᠯᠥᠭᠡᠯᠡᠭᠴᠢᠳ ᠤᠨ | ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠵᠢᠴᠢ ᠠᠵᠢᠯᠲᠠᠨ ᠤ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠎ᠠ᠃ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠠᠴᠠ ᠬᠠᠷᠢᠭᠤᠴᠠᠯᠭ᠎ᠠ | ᠨᠡᠬᠡᠮᠵᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ︽ᠬᠡᠨ ᠦᠨᠡᠮᠯᠡᠯ ᠭᠠᠷᠭᠠᠭᠰᠠᠨ ᠪᠣᠯ ᠲᠡᠷᠡ | ᠬᠠᠷᠢᠭᠤᠴᠠᠵᠤ᠂ ᠬᠡᠨ ᠭᠠᠷ ᠤᠨ ᠦᠰᠦᠭ ᠵᠢᠷᠤᠭᠰᠠᠨ ᠪᠣᠯ ᠲᠡᠷᠡ ᠬᠠᠷᠢᠭᠤᠴᠠᠯᠭ᠎ᠠ ᠡᠭᠦᠷᠭᠡᠯᠡᠬᠦ︾ ᠶᠢ | ᠨᠠᠶᠢᠳᠠᠪᠤᠷᠢᠵᠢᠭᠤᠯᠤᠨ᠎ᠠ᠃ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠢᠯᠡ ᠪᠠᠷ ᠠᠮᠠᠯᠠᠬᠤ ᠪᠠ | ᠮᠡᠳᠡᠭᠡ ᠵᠠᠩᠭᠢ ᠶᠢ ᠢᠯᠠ ᠨᠡᠶᠢᠲᠡᠯᠡᠬᠦ ᠳᠦᠷᠢᠮ ᠢ ᠬᠡᠷᠡᠭᠵᠢᠭᠦᠯᠵᠦ᠂ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠢ | ᠪᠠᠶᠢᠭᠤᠯᠤᠨ᠎ᠠ᠃ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠪᠣᠯᠤᠨ ᠬᠥᠮᠦᠰ ᠤᠨ ᠢᠲᠡᠭᠡᠮᠵᠢ | ᠠᠯᠳᠠᠭᠰᠠᠨ ᠠᠵᠢᠯᠯᠠᠭ᠎ᠠ ᠶᠢᠨ ᠮᠡᠳᠡᠭᠡ ᠵᠠᠩᠭᠢ ᠶᠢ ᠤᠯᠤᠰ ᠠᠴᠠ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ | ᠵᠠᠩᠭᠢ ᠶᠢ ᠢᠯᠠ ᠨᠡᠶᠢᠲᠡᠯᠡᠬᠦ ᠰᠢᠰᠲ᠋ᠧᠮ ᠪᠣᠯᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ | ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ ᠳᠤ ᠴᠠᠭ ᠲᠤᠬᠠᠶ ᠳᠤᠨᠢ ᠬᠦᠷᠭᠡᠵᠦ᠂ ᠰᠠᠯᠠᠭ᠎ᠠ ᠮᠥᠴᠢᠷ ᠬᠠᠮᠲᠤᠷᠠᠨ | ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠵᠦ᠂ ᠬᠠᠤᠯᠢ ᠵᠥᠷᠢᠴᠡᠵᠦ ᠢᠲᠡᠭᠡᠮᠵᠢ ᠠᠯᠳᠠᠭᠰᠠᠨ ᠥᠪᠡᠷ ᠤᠨ ᠥᠷᠲᠡᠭ ᠢ | ᠳᠡᠭᠡᠭᠰᠢᠯᠡᠭᠦᠯᠦᠨ᠎ᠡ᠃ ︵ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠵᠦ᠂ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠦᠬᠠᠶ ᠪᠣᠭᠤᠮᠲᠠ | ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | | ︵ᠵᠢᠷᠭᠤᠭ᠎ᠠ︶ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ | ᠬᠥᠭᠵᠢᠭᠦᠯᠦᠨ᠎ᠡ᠃ | 14᠃ ᠳᠤᠮᠳᠠᠳᠤ ᠤᠯᠤᠰ ᠤᠨ ᠡᠪ ᠬᠠᠮᠳ᠋ᠪ ᠨᠠᠮ ᠤᠨ ᠠᠵᠢᠯ ᠲᠥᠷᠥᠯ ᠤᠨ ᠬᠥᠭᠵᠢᠯᠲᠡ ᠶᠢᠨ ᠰᠠᠶᠢᠨ | ᠰᠠᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ ᠨᠡᠶᠢᠭᠡᠮ ᠤᠨ ᠬᠦᠴᠦᠨ ᠤ ᠪᠠᠶᠢᠴᠠᠭᠠᠨ ᠰᠢᠯᠭᠠᠵᠤ ᠪᠠᠶᠢᠴᠠᠭᠠᠨ | ᠬᠡᠮᠵᠢᠬᠦ ᠲᠤᠬᠠᠶᠢᠯᠠᠭᠰᠠᠨ ᠠᠵᠢᠯ ᠥᠷᠨᠢᠭᠦᠯᠬᠦ ᠶᠢ ᠵᠣᠷᠢᠭᠵᠢᠭᠤᠯᠤᠨ ᠳᠠᠮᠵᠢᠵᠤ᠂ ᠵᠠᠰᠠᠭ ᠤᠨ ᠣᠷᠳᠣᠨ ᠤ | ᠦᠢᠯᠡᠴᠢᠯᠡᠭᠡ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠵᠤ᠂ ᠡᠯ᠎ᠡ ᠲᠥᠷᠥᠯ ᠤᠨ ᠪᠡᠶᠡᠴᠢ ᠴᠣᠭᠴᠠ ᠶᠢᠨ ᠡᠷᠬᠡ | ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠶ ᠪᠣᠯᠭᠠᠨ᠎ᠠ᠃ ︽ᠪᠠᠭᠤᠯᠭᠠᠬᠤ | ᠤᠶᠠᠯᠳᠤᠭᠤᠯᠬᠤ ᠰᠢᠯᠢᠳᠡᠭᠵᠢᠭᠦᠯᠬᠦ︾ ᠠᠵᠢᠯ ᠢ ᠭᠦᠨᠵᠡᠭᠡᠶᠢᠷᠡᠭᠦᠯᠵᠦ᠂ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠂ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠪᠣᠶ ᠪᠣᠯᠬᠤ ᠪᠠ | ᠬᠥᠭᠵᠢᠬᠦ ᠳᠤ ᠬᠠᠮᠤᠭ ᠤᠨ ᠶᠡᠭᠡ ᠲᠥᠬᠦᠮ ᠦᠵᠡᠭᠦᠯᠬᠦ ᠬᠡᠷᠡᠭᠲᠡᠶ᠃ ︵ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠮᠢ ᠠᠬᠤᠢ ᠶᠢᠨ | ᠣᠷᠴᠢᠨ ᠲᠣᠭᠤᠷᠢᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 15 . ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠤᠯᠠᠨ ᠨᠡᠶᠢᠲᠡ ᠶᠢᠨ ᠮᠡᠳᠡᠭᠡ ᠵᠠᠩᠭᠢ ᠶᠢᠨ | ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠮᠠᠨ ᠤ ᠬᠤᠳᠠ ᠶᠢᠨ | ᠭᠤᠣᠯᠯᠠᠬᠤ ᠠᠵᠤ ᠦᠢᠯᠡᠰ ᠤᠨ ᠲᠣᠭᠤᠷᠢᠨ ᠲᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ | ᠂ ᠦᠢᠯᠡᠳᠬᠦᠨ ᠤ ᠶᠠᠰᠤ ᠴᠢᠨᠠᠷ ᠢ ᠵᠠᠳᠠᠯᠤᠨ ᠲᠤᠷᠰᠢᠬᠤ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠮᠡᠷᠭᠡᠵᠢᠯ | ᠤᠨ ᠰᠤᠳᠤᠯᠤᠨ ᠨᠡᠭᠡᠭᠡᠬᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠤᠨ ᠪᠠᠷᠢᠮᠵᠢᠶ᠎ᠠ ᠶᠢ ᠨᠢᠭᠡ | ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠷᠥᠯ ᠤᠨ ᠪᠠᠶᠢᠴᠠᠭᠠᠨ ᠰᠢᠯᠭᠠᠵᠤ ᠪᠠᠶᠢᠴᠠᠭᠠᠨ | ᠬᠡᠮᠵᠢᠬᠦ ᠲᠥᠪ ᠢ ᠪᠠᠶᠢᠭᠤᠯᠤᠨ᠎ᠠ᠃ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ᠂ ᠭᠡᠷᠡᠴᠢᠯᠡᠬᠦ ᠵᠡᠷᠭᠡ ᠮᠡᠷᠭᠡᠵᠢᠯ ᠤᠨ | ᠦᠢᠯᠡᠴᠢᠯᠡᠭᠡᠨ ᠢ ᠨᠢᠭᠡ ᠴᠣᠭᠴᠠᠵᠢᠭᠤᠯᠤᠭᠰᠠᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ | ᠴᠢᠩᠭᠠᠳᠬᠠᠨ᠂ ︽ᠳᠠᠷᠤᠪᠴᠢ ᠶᠢ ᠬᠠᠷᠭᠤᠭᠤᠯᠬᠤ᠂ ᠰᠦᠯᠵᠢᠶᠡᠨ ᠳᠡᠭᠡᠷ᠎ᠡ ᠭᠦᠢᠴᠡᠳᠬᠡᠬᠦ ︵ᠭᠤᠶᠤᠴᠢᠯᠠᠬᠤ︶︾ ᠶᠢ | ᠠᠯᠬᠤᠮ ᠠᠯᠬᠤᠮ ᠢᠶᠠᠷ ᠪᠡᠶᠡᠯᠡᠭᠦᠯᠵᠦ᠂ ᠪᠥᠬᠦ ᠬᠤᠳᠠ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠤᠯᠠᠨ | ᠨᠡᠶᠢᠲᠡ ᠶᠢᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠴᠢᠳᠠᠪᠤᠷᠢ ᠶᠢ ᠢᠯᠡᠳᠲᠡ ᠨᠡᠮᠡᠭᠳᠡᠭᠦᠯᠦᠨ᠎ᠡ᠃ ︵ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠦᠬᠠᠢ ᠪᠣᠭᠤᠮᠲᠠ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠪ ᠵᠡᠷᠭᠡ | ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠣᠷᠣᠨ ᠤ ᠬᠢᠨ | ᠶᠠᠰᠤ ᠴᠢᠨᠠᠷ ᠢ ᠭᠡᠷᠡᠴᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠡᠳᠦᠷ ᠲᠣᠲᠤᠮ ᠤᠨ ᠴᠢᠬᠤᠯᠠ ᠵᠥᠪᠯᠡᠬᠦ | ᠵᠦᠢᠯ ᠲᠠᠭᠠᠨ ᠣᠷᠣᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠪᠡ ᠲᠡᠭᠡᠨ | ᠣᠷᠣᠭᠤᠯᠤᠨ᠂ ᠠᠵᠢᠯ ᠤᠨ ᠲᠥᠰᠦᠯ ᠲᠣᠭᠲᠠᠭᠠᠵᠤ᠂ ᠲᠥᠬᠦᠷ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ | ᠨᠢᠭᠡᠳᠦᠯᠲᠡᠢ ᠳᠤ ᠲᠥᠯᠥᠪᠯᠡᠨ ᠵᠣᠬᠢᠴᠠᠭᠤᠯᠬᠤ ᠪᠠ ᠶᠡᠷᠦᠩᠬᠡᠶᠢᠯᠡᠨ ᠬᠠᠮᠢᠶᠠᠷᠬᠤ ᠶᠢ ᠪᠦᠬᠦ ᠲᠠᠯ᠎ᠠ ᠪᠠᠷ ᠴᠢᠩᠭᠠᠳᠬᠠᠬᠤ | ᠬᠡᠷᠡᠭᠲᠡᠢ᠃ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠥᠰᠦᠯ ᠤᠨ ᠡᠭᠦᠷᠭᠡ ᠶᠢᠨ | ᠠᠵᠢᠯ ᠤᠨ ᠬᠤᠪᠢᠶᠠᠷᠢᠯᠠᠯ ᠶᠣᠰᠣᠭᠠᠷ᠂ ᠠᠵᠢᠯ ᠤᠨ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ᠂ ᠡᠯ᠎ᠡ ᠵᠦᠢᠯ ᠤᠨ | ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ | ︵ᠬᠤᠶᠠᠷ︶ ᠶᠡᠷᠦᠩᠬᠡᠶᠢᠯᠡᠭᠰᠡᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠣᠷᠣᠨ᠂ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠠᠷᠭ᠎ᠠ ᠬᠡᠮᠵᠢᠶ᠎ᠡ ᠠᠷᠭ᠎ᠠ ᠲᠣᠭᠲᠠᠭᠠᠵᠤ᠂ ᠪᠠᠯᠠ ᠮᠥᠩᠭᠦ ᠶᠢ ᠨᠢᠭᠡᠳᠦᠯᠲᠡᠶ | ᠲᠥᠯᠥᠪᠯᠡᠨ ᠲᠣᠬᠢᠷᠠᠭᠤᠯᠵᠤ᠂ ᠭᠡᠷᠡᠴᠢᠯᠡᠯ ᠤᠨ ᠰᠠᠭᠤᠷᠢ ᠪᠡᠯᠡᠳᠬᠡᠮᠵᠢ ᠪᠠ ᠭᠡᠷᠡᠴᠢᠯᠡᠯ ᠤᠨ ᠬᠢᠨᠠᠨ ᠬᠠᠮᠢᠶᠠᠷᠬᠤ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠨᠥᠬᠦᠴᠡᠯ ᠳᠤ ᠨᠡᠶᠢᠴᠡᠭᠰᠡᠨ ᠪᠠᠶᠢᠴᠠᠭᠠᠨ ᠰᠢᠯᠭᠠᠵᠤ ᠪᠠᠶᠢᠴᠠᠭᠠᠨ | ᠬᠡᠮᠵᠢᠬᠦ ᠪᠠᠶᠢᠭᠤᠯᠤᠮᠵᠢ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠪᠠᠶᠢᠴᠠᠭᠠᠨ ᠰᠢᠯᠭᠠᠵᠤ | ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ ᠲᠤ ᠮᠡᠳᠡᠭᠦᠯᠬᠦ ᠪᠣᠯᠭᠠᠨ ᠪᠤᠶᠢᠵᠢᠭᠤᠯᠬᠤ ᠪᠠ ᠳᠡᠮᠵᠢᠵᠦ᠂ | ᠦᠬᠠᠶ ᠶᠢᠨ ᠳᠠᠪᠠᠭᠤᠯᠢᠭ ᠠᠵᠤ ᠦᠢᠯᠡᠰ ᠤᠨ ᠭᠡᠷᠡᠴᠢᠯᠡᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠪᠤᠶᠢᠵᠢᠭᠤᠯᠤᠨ ᠳᠡᠮᠵᠢᠬᠦ ᠬᠡᠷᠡᠭᠲᠡᠶ᠃ | ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠰᠣᠨᠢᠨ ᠮᠡᠳᠡᠭᠡᠨ ᠤ | ᠵᠠᠭᠤᠴᠢᠯᠠᠭᠤᠷ᠂ ᠰᠦᠯᠵᠢᠶ᠎ᠡ ᠰᠢᠨ᠎ᠡ ᠵᠠᠭᠤᠴᠢᠯᠠᠭᠤᠷ ᠵᠡᠷᠭᠡ ᠤᠯᠠᠨ ᠵᠦᠢᠯ ᠤᠨ ᠳᠠᠮᠵᠢᠭᠤᠯᠬᠤ ᠠᠷᠭ᠎ᠠ ᠮᠠᠶ᠋ᠢᠭ ᠢ | ᠭᠦᠢᠴᠡᠳ ᠠᠰᠢᠭᠯᠠ᠂ ᠶᠠᠰᠤ ᠴᠢᠨᠠᠷ ᠢ ᠭᠡᠷᠡᠴᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠬᠠᠭᠤᠯᠵᠤ᠂ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ | ᠤᠯᠠᠮᠵᠢᠯᠠᠨ᠂ ᠶᠠᠰᠤ ᠴᠢᠨᠠᠷ ᠢ ᠭᠡᠷᠡᠴᠢᠯᠡᠬᠦ ᠮᠡᠳᠡᠯᠭᠡ ᠶᠢ ᠲᠦᠭᠡᠮᠡᠯᠵᠢᠭᠦᠯᠵᠦ᠂ ᠶᠠᠰᠤ ᠴᠢᠨᠠᠷ ᠢ ᠭᠡᠷᠡᠴᠢᠯᠡᠬᠦ ᠠᠵᠤ | ᠠᠬᠤᠶᠢᠯᠠᠯ ᠤᠨ ᠲᠤᠷᠰᠢᠯᠭ᠎ᠠ ᠶᠢ ᠳᠡᠯᠭᠡᠷᠡᠭᠦᠯᠦᠨ᠂ ᠬᠡᠷᠡᠭᠯᠡᠭᠡ ᠶᠢ ᠵᠦᠢ ᠵᠣᠬᠢᠰᠲᠠᠢ ᠬᠥᠲᠥᠯᠥᠨ ᠵᠢᠯᠣᠭᠤᠳᠴᠤ᠂ | ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠲᠠᠰᠤᠷᠠᠯᠳᠠ ᠥᠬᠡᠶ ᠬᠥᠭᠵᠢᠭᠡᠨ᠎ᠡ᠃ | ︵ᠳᠥᠷᠪᠡ︶ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠎ᠠ᠃ ᠶᠠᠰᠤ ᠴᠢᠨᠠᠷ | ᠤᠨ ᠭᠡᠷᠡᠴᠢᠯᠡᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠶᠠᠰᠤ ᠴᠢᠨᠠᠷ ᠤᠨ ᠠᠵᠢᠯ ᠤᠨ ᠰᠢᠯᠭᠠᠨ ᠬᠢᠨᠠᠬᠤ | ᠴᠢᠬᠤᠯᠠ ᠠᠭᠤᠯᠭ᠎ᠠ ᠳᠤ ᠣᠷᠣᠭᠤᠯᠵᠤ᠂ ᠶᠠᠰᠤ ᠴᠢᠨᠠᠷ ᠤᠨ ᠭᠡᠷᠡᠴᠢᠯᠡᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠂ ᠪᠥᠬᠦ ᠲᠠᠯ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠰᠢᠮᠳᠠᠭᠤᠯᠤᠨ ᠪᠠᠶᠢᠴᠠᠭᠠᠬᠤ ᠪᠠᠨ ᠴᠢᠩᠭᠠᠷᠠᠭᠤᠯᠵᠤ᠂ ᠪᠣᠳᠠᠲᠠᠶ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ | ᠠᠰᠠᠭᠤᠳᠠᠯ ᠢ ᠬᠢᠨᠠᠮᠠᠭᠠᠶ ᠰᠤᠳᠤᠯᠤᠨ ᠰᠢᠢᠳᠪᠦᠷᠢᠯᠡᠵᠦ᠂ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ | ᠲᠣᠭᠲᠠᠴᠠ ᠪᠠᠶᠢᠭᠤᠯᠬᠤ ᠶᠢ ᠠᠬᠢᠭᠤᠯᠤᠨ᠎ᠠ᠃ ᠶᠠᠰᠤ ᠴᠢᠨᠠᠷ ᠢ ᠭᠡᠷᠡᠴᠢᠯᠡᠬᠦ ᠠᠵᠢᠯ ᠢ ᠶᠠᠰᠤ ᠴᠢᠨᠠᠷ ᠢᠶᠠᠷ ᠬᠤᠲᠠ ᠶᠢ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ | ᠥᠷᠨᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠶᠠᠰᠤ ᠴᠢᠨᠠᠷ | ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠬᠤᠲᠠ ᠶᠢᠨ ᠠᠵᠤ | ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ | |