ᠦᠬᠠᠶ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠦᠨᠡᠯᠡᠨ ᠬᠢᠨᠠᠬᠤ ᠠᠷᠭ᠎ᠠ ᠶᠢ ᠳᠠᠷᠤᠮᠯᠠᠨ ᠲᠠᠷᠬᠠᠭᠠᠬᠤ ᠲᠤᠬᠠᠢ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2019-07-01
        ᠦᠬᠠᠶ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠦᠨᠡᠯᠡᠨ ᠬᠢᠨᠠᠬᠤ ᠠᠷᠭ᠎ᠠ ᠶᠢ ᠳᠠᠷᠤᠮᠯᠠᠨ ᠲᠠᠷᠬᠠᠭᠠᠬᠤ ᠲᠤᠬᠠᠢ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ︽ᠦᠬᠠᠶ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠦᠨᠡᠯᠡᠨ ᠬᠢᠨᠠᠬᠤ ᠠᠷᠭ᠎ᠠ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃                                           2019 ᠣᠨ ᠤ 1 ᠰᠠᠷ᠎ᠠ ᠶᠢᠨ 11 ᠤ ᠡᠳᠦᠷ         ᠦᠬᠠᠶ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠦᠨᠡᠯᠡᠨ ᠬᠢᠨᠠᠬᠤ ᠠᠷᠭ᠎ᠠ      ᠨᠢᠭᠡᠳᠦᠭᠡᠷ ᠵᠣᠷᠪᠣᠰ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠢ ᠴᠢᠩᠭᠠᠳᠬᠠᠬᠤ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠤᠯᠤᠰ ᠠᠴᠠ ᠢᠳᠡᠭᠡᠨ ᠤ ᠵᠦᠢᠯ ᠤᠨ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠠᠬᠢᠭᠤᠯᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠵᠠᠰᠠᠯᠲᠠ ᠶᠢᠨ ᠰᠢᠰᠲ᠋ᠧᠮ ᠢ ᠲᠦᠷᠭᠡᠨ ᠲᠡᠭᠦᠯᠳᠡᠷᠵᠢᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠪᠠᠳᠠᠵᠤ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ ᠵᠦᠢᠯ ᠤᠨ ᠬᠠᠮᠢᠶᠠᠷᠤᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠢᠳᠡᠭᠡᠨ ᠤ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ︾ ︵ᠥᠪᠥᠷ ᠨᠠᠮ ᠲᠠᠷᠬᠠᠭᠠᠭᠰᠠᠨ︹ 2016 ︺ 8 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠦᠨᠡᠯᠡᠵᠦ ᠬᠢᠨᠠᠨ ᠰᠢᠯᠭᠠᠬᠤ ᠠᠷᠭ᠎ᠠ ᠶᠢ ᠳᠠᠷᠤᠮᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2018 ︺ 81 ᠳ᠋ᠦ᠋ᠭᠡᠷ ᠲᠣᠭᠠᠲᠤ︶᠃ ᠦᠬᠠᠶ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠣᠷᠪᠣᠰ᠂ ᠲᠤᠰ ᠠᠷᠭ᠎ᠠ ᠶᠢ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠢᠳᠡᠭᠡᠨ ᠪᠠ ᠡᠮ ᠤᠨ  ᠵᠦᠢᠯ ᠤᠨ ᠠᠮᠤᠷ ᠲᠦᠪᠰᠢᠨ ᠤ ᠠᠵᠢᠯ ᠢ ᠦᠨᠡᠯᠡᠨ ᠬᠢᠨᠠᠬᠤ ᠳᠤ ᠬᠡᠷᠡᠭᠯᠡᠨ᠎ᠡ᠃      ᠭᠤᠷᠪᠠᠳᠤᠭᠠᠷ ᠵᠣᠷᠪᠣᠰ᠂ ᠦᠨᠡᠯᠡᠨ ᠬᠢᠨᠠᠬᠤ ᠠᠵᠢᠯ ᠢ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠦᠬᠠᠶ ᠬᠤᠲᠠ ᠶᠢᠨ ᠢᠳᠡᠭᠡᠨ ᠪᠠ ᠡᠮ ᠤᠨ  ᠵᠦᠢᠯ ᠤᠨ ᠠᠮᠤᠷ ᠲᠦᠪᠰᠢᠨ ᠤ ᠵᠥᠪᠯᠡᠯ ᠠᠴᠠ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠦᠬᠠᠶ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠠᠴᠠ ᠦᠬᠠᠶ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠦᠨᠡᠯᠡᠨ ᠬᠢᠨᠠᠬᠤ ᠠᠵᠢᠯ ᠤᠨ ᠳᠤᠭᠤᠶᠢᠯᠠᠩ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠢᠯ ᠪᠦᠷᠢ ᠶᠢᠨ 1 ᠳ᠋ᠦ᠋ᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠨᠢᠭᠡ ᠦᠨᠡᠯᠡᠯᠲᠡ ᠬᠢᠵᠦ ᠬᠢᠨᠠᠨ ᠰᠢᠯᠭᠠᠬᠤ ᠣᠨ ᠪᠣᠯᠤᠨ᠎ᠠ᠃ ᠬᠤᠲᠠ ᠶᠢᠨ ᠢᠳᠡᠭᠡᠨ ᠪᠠ ᠡᠮ ᠤᠨ  ᠵᠦᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠠᠴᠠ ᠵᠢᠯ ᠪᠦᠷᠢ ᠶᠢᠨ 11 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠲᠤᠰ ᠵᠢᠯ ᠤᠨ ᠦᠨᠡᠯᠡᠨ ᠶᠠᠷᠢᠯᠴᠠᠵᠤ ᠬᠢᠨᠠᠨ ᠰᠢᠯᠭᠠᠬᠤ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠨ᠎ᠠ᠃      ᠳᠥᠷᠪᠡᠳᠦᠭᠡᠷ ᠵᠣᠷᠪᠣᠰ᠂ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠶ ᠶᠢᠨ ᠠᠵᠢᠯ ᠢ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰ ᠵᠢᠯ ᠤᠨ ᠪᠣᠳᠠᠲᠤ ᠪᠦᠲᠦᠮᠵᠢ ᠶᠢ ᠬᠢᠨᠠᠨ ᠰᠢᠯᠭᠠᠬᠤ ᠠᠭᠤᠯᠭ᠎ᠠ ᠳᠤ ᠣᠷᠣᠭᠤᠯᠵᠤ᠂ ᠬᠢᠨᠠᠨ ᠰᠢᠯᠭᠠᠬᠤ ᠡᠷᠬᠡ ᠶᠢᠨ ᠡᠵᠡᠯᠡᠬᠦ ᠬᠠᠷᠢᠴᠠᠯ ᠨᠢ 5 % ᠠᠴᠠ ᠳᠡᠭᠡᠭᠰᠢ ᠪᠣᠯᠤᠨ᠎ᠠ᠃      ᠲᠠᠪᠤᠳᠤᠭᠠᠷ ᠵᠣᠷᠪᠣᠰ᠂ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠶ ᠶᠢᠨ ᠠᠵᠢᠯ ᠤᠨ ᠦᠨᠡᠯᠡᠨ ᠬᠢᠨᠠᠬᠤ ᠭᠤᠣᠯ ᠠᠭᠤᠯᠭ᠎ᠠ᠄      ︵ᠨᠢᠭᠡ︶ ᠥᠪᠡᠷᠲᠡᠭᠡᠨ ᠵᠠᠰᠠᠬᠤ ᠣᠷᠣᠨ ᠪᠠ ᠦᠬᠠᠶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ︔      ︵ᠬᠤᠶᠠᠷ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠷᠢᠯᠠᠭᠤᠯᠤᠭᠰᠠᠨ ᠵᠢᠯ ᠤᠨ ᠢᠳᠡᠭᠡᠨ ᠪᠠ ᠡᠮ ᠤᠨ ᠵᠦᠢᠯ ᠤᠨ ᠠᠶᠤᠯᠭᠦᠢ ᠶᠢᠨ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ︔ ᡾      ︵ᠭᠤᠷᠪᠠ︶ ᠢᠳᠡᠭᠡᠨ ᠪᠠ ᠡᠮ ᠤᠨ ᠵᠦᠢᠯ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠵᠣᠬᠢᠶᠠᠨ ᠪᠠᠶᠢᠭᠤᠯᠵᠤ ᠤᠳᠤᠷᠢᠳᠤᠭᠰᠠᠨ ᠪᠠ ᠳᠠᠮᠵᠢᠵᠤ ᠪᠠᠲᠤᠯᠠᠭᠰᠠᠨ ᠪᠠᠶᠢᠳᠠᠯ ᠳᠤ ᠭᠤᠣᠯᠳᠠᠭᠤ ᠶᠡᠷᠦᠩᠬᠡᠶᠢᠯᠡᠨ ᠵᠣᠬᠢᠴᠠᠭᠤᠯᠬᠤ᠂ ᠳᠦᠷᠢᠮ ᠲᠣᠭᠲᠠᠭᠠᠯ ᠲᠣᠭᠲᠠᠭᠠᠬᠤ᠂ ᠬᠠᠮᠢᠶᠠᠷᠤᠯᠲᠠ ᠶᠢᠨ ᠰᠢᠰᠲ᠋ᠧᠮ᠂ ᠡᠩᠨᠡᠭᠡᠨ ᠤ ᠪᠠᠶᠢᠭᠤᠯᠤᠯᠲᠠ᠂ ᠵᠠᠷᠤᠳᠠᠯ ᠤᠨ ᠣᠷᠣᠭᠤᠯᠤᠯᠲᠠ᠂ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠪᠠᠭᠲᠠᠨ᠎ᠠ︔      ︵ᠳᠥᠷᠪᠡ︶ ᠢᠳᠡᠭᠡᠨ ᠪᠠ ᠡᠮ ᠤᠨ ᠵᠦᠢᠯ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠲᠤ ᠭᠤᠣᠯᠳᠠᠭᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠡᠬᠢ ᠡᠭᠦᠰᠦᠯ ᠠᠴᠠ ᠨᠢ ᠵᠠᠰᠠᠬᠤ᠂ ᠪᠠᠷᠢᠮᠵᠢᠶ᠎ᠠ ᠶᠢᠨ ᠬᠠᠮᠢᠶᠠᠷᠤᠯᠲᠠ᠂ ᠲᠤᠬᠠᠢ ᠶᠢᠨ ᠲᠠᠯᠠᠪᠠᠢ ᠲᠤ ᠬᠢᠨᠠᠯᠲᠠ ᠲᠠᠯᠪᠢᠵᠤ ᠪᠠᠶᠢᠴᠠᠭᠠᠬᠤ᠂ ᠰᠤᠭᠤᠴᠢᠨ  ᠪᠠᠶᠢᠴᠠᠭᠠᠵᠤ ᠬᠢᠨᠠᠨ ᠬᠡᠮᠵᠢᠬᠦ᠂ ᠲᠤᠰᠬᠠᠢ ᠵᠦᠢᠯ ᠤᠨ ᠪᠠᠶᠢᠴᠠᠭᠠᠯᠲᠠ ᠬᠢᠬᠦ ᠠᠰᠠᠭᠤᠳᠠᠯ ᠢ ᠰᠢᠢᠳᠪᠦᠷᠢᠯᠡᠬᠦ ᠵᠡᠷᠭᠡ ᠪᠠᠭᠲᠠᠨ᠎ᠠ ᡾      ︵ᠲᠠᠪᠤ︶ ᠢᠳᠡᠭᠡᠨ ᠪᠠ ᠡᠮ ᠤᠨ ᠵᠦᠢᠯ ᠤᠨ ᠠᠶᠤᠯᠭᠦᠶ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠨ ᠵᠠᠰᠠᠪᠤᠷᠢ ᠣᠷᠣᠭᠤᠯᠤᠭᠰᠠᠨ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢᠨ ᠪᠠᠶᠢᠳᠠᠯ︔ ᡾      ︵ᠵᠢᠷᠭᠤᠭ᠎ᠠ︶ ᠢᠳᠡᠭᠡᠨ ᠪᠠ ᠡᠮ ᠤᠨ ᠵᠦᠢᠯ ᠤᠨ ᠠᠶᠤᠯᠭᠦᠶ ᠶᠢᠨ ᠵᠠᠭᠠᠯᠳᠤᠯᠭ᠎ᠠ ᠢᠯᠡᠴᠢᠯᠡᠨ ᠮᠡᠳᠡᠭᠦᠯᠦᠭᠰᠡᠨ ᠢ ᠰᠢᠢᠳᠪᠦᠷᠢᠯᠡᠭᠰᠡᠨ ᠪᠠ ᠢᠳᠡᠭᠡᠨ ᠪᠠ ᠡᠮ ᠤᠨ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ︔᡾      ︵ᠲᠤᠯᠤᠭ᠎ᠠ︶ ᠲᠤᠰ ᠭᠠᠵᠠᠷ ᠣᠷᠣᠨ ᠤ ᠪᠠᠨ ᠢᠳᠡᠭᠡᠨ ᠪᠠ ᠡᠮ ᠤᠨ ᠵᠦᠢᠯ ᠤᠨ ᠠᠶᠤᠯᠭᠦᠶ ᠶᠢᠨ ᠪᠠᠶᠢᠳᠠᠯ ᠬᠢᠭᠡᠳ ᠢᠳᠡᠭᠡᠨ ᠤ ᠠᠶᠤᠯᠭᠦᠶ ᠶᠢᠨ ᠤᠯᠠᠨ ᠨᠡᠶᠢᠲᠡ ᠶᠢᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠵᠡᠷᠭᠡ ᠪᠠᠶᠢᠳᠠᠯ︔᡾      ︵ᠨᠠᠢᠮᠠ︶ ᠳᠣᠣᠷᠠᠳᠤ ᠱᠠᠲᠤᠨ ᠤ ᠵᠠᠰᠠᠭ ᠤᠨ ᠣᠷᠳᠣᠨ ︵ᠡᠯ᠎ᠡ ᠪᠠᠯᠭᠠᠰᠤ᠂ ᠬᠡᠷᠡᠭ ᠡᠷᠬᠢᠯᠡᠬᠦ ᠭᠠᠵᠠᠷ︶ ᠤ ᠢᠳᠡᠭᠡᠨ ᠪᠠ ᠡᠮ ᠤᠨ ᠵᠦᠢᠯ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠦᠨᠡᠯᠡᠨ ᠬᠢᠨᠠᠭᠰᠠᠨ ᠪᠠᠶᠢᠳᠠᠯ︔ ᡾      ︵ᠶᠢᠰᠦ︶ ᠬᠢᠨᠠᠨ ᠰᠢᠯᠭᠠᠯᠲᠠ ᠶᠢ ᠵᠥᠪᠯᠡᠨ ᠶᠠᠷᠢᠯᠴᠠᠬᠤ ᠴᠢᠬᠤᠯᠠᠲᠠᠶ ᠪᠤᠰᠤᠳ ᠪᠠᠶᠢᠳᠠᠯ᠃      ᠵᠢᠷᠭᠤᠳᠤᠭᠠᠷ ᠵᠣᠷᠪᠣᠰ᠂ ᠬᠢᠨᠠᠨ ᠰᠢᠯᠭᠠᠬᠤ ᠠᠷᠭ᠎ᠠ ᠮᠠᠶ᠋ᠢᠭ᠄      ᠬᠢᠨᠠᠨ ᠰᠢᠯᠭᠠᠬᠤ ᠳᠤ ᠡᠩ ᠤᠨ ᠦᠶ᠎ᠡ ᠳᠤ ᠬᠢᠨᠠᠨ ᠡᠵᠡᠮᠳᠡᠬᠦ᠂ ᠵᠢᠯ ᠤᠨ ᠡᠴᠦᠰ ᠲᠤ ᠬᠢᠨᠠᠨ ᠰᠢᠯᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠬᠡᠷᠡᠭᠯᠡᠨ᠎ᠡ᠂ ᠡᠭᠦᠨ ᠳᠤ᠂ ᠡᠩ ᠤᠨ ᠦᠶ᠎ᠡ ᠳᠤ ᠬᠢᠨᠠᠨ ᠡᠵᠡᠮᠳᠡᠬᠦ ᠨᠢ 50 % ᠶᠢ ᠡᠵᠡᠯᠡᠵᠦ᠂ ᠵᠢᠯ ᠤᠨ ᠡᠴᠦᠰ ᠲᠤ ᠬᠢᠨᠠᠨ ᠰᠢᠯᠭᠠᠬᠤ ᠨᠢ 50 % ᠶᠢ ᠡᠵᠡᠯᠡᠵᠦ᠂ ᠨᠡᠶᠢᠲᠡ 100 ᠬᠤᠪᠢ ᠪᠣᠯᠤᠨ᠎ᠠ᠃      ᠡᠩ ᠤᠨ ᠦᠶ᠎ᠡ ᠳᠤ ᠬᠢᠨᠠᠨ ᠡᠵᠡᠮᠳᠡᠬᠦ ᠶᠢ ᠦᠬᠠᠶ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠡᠯ᠎ᠡ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠡ ᠠᠴᠠ ᠵᠢᠯ ᠤᠨ ᠡᠳᠦᠷ ᠲᠣᠲᠤᠮ ᠤᠨ ᠠᠵᠢᠯ ᠢ ᠪᠡᠶᠡᠯᠡᠭᠦᠯᠦᠭᠰᠡᠨ ᠪᠠᠶᠢᠳᠠᠯ ᠢᠶᠠᠨ ᠦᠨᠳᠦᠰᠦᠯᠡᠨ ᠬᠡᠮᠵᠢᠶᠡᠵᠢᠭᠦᠯᠦᠨ ᠬᠤᠪᠢ ᠲᠣᠭᠲᠠᠭᠠᠵᠤ᠂ ᠬᠢᠨᠠᠨ ᠡᠵᠡᠮᠳᠡᠬᠦ ᠠᠭᠤᠯᠭ᠎ᠠ ᠳᠤ ᠭᠤᠤᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ᠂ ᠲᠤᠰᠬᠠᠶ ᠪᠠᠶᠢᠴᠠᠭᠠᠯᠲᠠ᠂ ᠰᠢᠮᠳᠠᠭᠤᠯᠤᠨ ᠪᠠᠶᠢᠴᠠᠭᠠᠯᠲᠠ᠂ ᠰᠤᠭᠤᠴᠢᠨ ᠪᠠᠶᠢᠴᠠᠭᠠᠯᠲᠠ ᠵᠡᠷᠭᠡ ᠠᠭᠤᠯᠭ᠎ᠠ ᠪᠠᠭᠲᠠᠨ᠎ᠠ᠃      ᠵᠢᠯ ᠤᠨ ᠡᠴᠦᠰ ᠤᠨ ᠬᠢᠨᠠᠨ ᠰᠢᠯᠭᠠᠯᠲᠠ ᠶᠢ ᠦᠬᠠᠶ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠠᠴᠠ ᠳᠣᠤᠷᠠᠬᠢ ᠳᠡᠰ ᠳᠠᠷᠠᠭᠠᠯᠠᠯ ᠢᠶᠠᠷ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠄      ︵ᠨᠢᠭᠡ︶ ᠲᠥᠰᠦᠯ ᠲᠣᠭᠲᠠᠭᠠᠬᠤ᠃ ᠦᠬᠠᠶ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠵᠢᠯ ᠪᠦᠷᠢ ᠶᠢᠨ 11 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ᠵᠢᠯ ᠤᠨ ᠰᠢᠯᠭᠠᠨ ᠬᠢᠨᠠᠬᠤ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ︵ᠬᠤᠶᠠᠷ︶ ᠥᠪᠡᠰᠦᠪᠡᠨ ᠪᠠᠶᠢᠴᠠᠭᠠᠵᠤ ᠥᠪᠡᠰᠦᠪᠡᠨ ᠦᠨᠡᠯᠡᠬᠦ ᠬᠡᠷᠡᠭᠲᠡᠶ᠃ ᠡᠯ᠎ᠡ ᠣᠷᠣᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠢᠯ ᠪᠦᠷᠢ ᠶᠢᠨ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠦᠬᠠᠢ ᠬᠤᠳᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠺᠣᠮᠢᠰ ᠤᠨ ᠠᠯᠪᠠᠨ ᠭᠡᠷ ᠤᠨ ᠲᠣᠭᠲᠠᠭᠠᠭᠰᠠᠨ  ᠵᠢᠯ ᠤᠨ ᠬᠢᠨᠠᠨ ᠰᠢᠯᠭᠠᠬᠤ ᠲᠥᠰᠦᠯ ᠤᠨ ᠶᠣᠰᠣᠭᠠᠷ ᠥᠪᠡᠰᠦᠪᠡᠨ ᠪᠠᠶᠢᠴᠠᠭᠠᠵᠤ ᠥᠪᠡᠰᠦᠪᠡᠨ ᠦᠨᠡᠯᠡᠬᠦ ᠶᠢ ᠪᠡᠶᠡᠯᠡᠭᠦᠯᠵᠦ᠂ ᠲᠤᠰ ᠵᠢᠯ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠪᠠᠶᠢᠳᠠᠯ ᠳᠤ ᠪᠦᠬᠦ ᠲᠠᠯ᠎ᠠ ᠪᠠᠷ ᠳ᠋ᠦᠡᠭᠨᠡᠯᠲᠡ ᠬᠢᠵᠦ᠂ ᠥᠪᠡᠰᠦᠪᠡᠨ ᠪᠠᠶᠢᠴᠠᠭᠠᠭᠰᠠᠨ ᠮᠡᠳᠡᠭᠦᠯᠦᠯᠲᠡ ᠬᠢᠭᠡᠳ ᠬᠢᠨᠠᠨ ᠰᠢᠯᠭᠠᠭᠰᠠᠨ ᠬᠤᠯᠪᠣᠭᠳᠠᠯ ᠪᠦᠬᠦᠢ ᠦᠨᠡᠮᠯᠡᠯ ᠤᠨ ᠮᠠᠲ᠋ᠧᠷᠢᠶᠠᠯ ᠢ ᠲᠤᠰᠢᠶᠠᠨ᠎ᠠ᠃      ︵ᠭᠤᠷᠪᠠ︶ ᠪᠣᠳᠠᠲᠠᠶ ᠭᠠᠵᠠᠷ ᠲᠤᠨᠢ ᠰᠤᠭᠤᠴᠢᠨ ᠪᠠᠶᠢᠴᠠᠭᠠᠨ᠎ᠠ᠃ ᠦᠬᠠᠶ ᠬᠤᠲᠠ ᠶᠢᠨ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠬᠢᠨᠠᠨ ᠰᠢᠯᠭᠠᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠦᠬᠠᠶ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠠᠴᠠ ᠬᠢᠨᠠᠨ ᠰᠢᠯᠭᠠᠬᠤ ᠠᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠵᠤ᠂ ᠡᠯ᠎ᠡ ᠲᠣᠭᠤᠷᠢᠭ᠂ ᠪᠠᠯᠭᠠᠰᠤ᠂ ᠠᠵᠤ ᠠᠬᠤᠶᠢᠯᠠᠯ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠰᠤᠭᠤᠴᠢᠨ ᠪᠠᠶᠢᠴᠠᠭᠠᠯᠲᠠ ᠬᠢᠬᠦ ᠶᠢ ᠬᠠᠷᠢᠭᠤᠴᠠᠨ᠎ᠠ᠃      ︵ᠳᠥᠷᠪᠡ︶ ᠶᠡᠷᠦᠩᠬᠡᠶᠢᠯᠡᠭᠰᠡᠨ ᠦᠨᠡᠯᠡᠯᠲᠡ ᠬᠢᠨ᠎ᠡ᠃ ᠦᠬᠠᠢ ᠬᠤᠳᠠ ᠶᠢᠨ ᠢᠳᠡᠭᠡᠨ ᠪᠠ ᠡᠮ ᠤᠨ ᠵᠦᠢᠯ ᠤᠨ ᠠᠶᠤᠯᠭᠦᠶ ᠶᠢᠨ ᠵᠥᠪᠯᠡᠯ ᠤᠨ ᠠᠯᠪᠠᠨ ᠭᠡᠷ ᠠᠴᠠ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠥᠪᠡᠷ ᠲᠡᠭᠡᠨ ᠪᠠᠶᠢᠴᠠᠭᠠᠭᠰᠠᠨ ᠮᠡᠳᠡᠭᠦᠯᠦᠯᠲᠡ ᠪᠣᠯᠤᠨ ᠲᠤᠬᠠᠢ ᠶᠢᠨ ᠭᠠᠵᠠᠷ ᠤᠨ ᠰᠤᠭᠤᠴᠢᠨ ᠪᠠᠶᠢᠴᠠᠭᠠᠭᠰᠠᠨ ᠪᠠᠶᠢᠳᠠᠯ ᠵᠡᠷᠭᠡ ᠶᠢ ᠬᠤᠷᠢᠶᠠᠩᠭᠤᠶᠢᠯᠠᠵᠤ᠂ ᠶᠡᠷᠦᠩᠬᠡᠶᠢᠯᠡᠭᠰᠡᠨ ᠦᠨᠡᠯᠡᠯᠲᠡ ᠬᠢᠵᠦ᠂ ᠦᠨᠡᠯᠡᠨ ᠶᠠᠷᠢᠯᠴᠠᠵᠤ ᠬᠢᠨᠠᠨ ᠰᠢᠯᠭᠠᠭᠰᠠᠨ ᠮᠡᠳᠡᠭᠦᠯᠦᠯᠲᠡ ᠶᠢ ᠪᠦᠷᠢᠯᠳᠦᠭᠦᠯᠵᠦ᠂ ᠦᠬᠠᠢ ᠬᠤᠳᠠ ᠶᠢᠨ ᠢᠳᠡᠭᠡᠨ ᠪᠠ ᠡᠮ ᠤᠨ ᠵᠦᠢᠯ ᠤᠨ ᠠᠶᠤᠯᠭᠦᠶ ᠶᠢᠨ ᠵᠥᠪᠯᠡᠯ ᠢᠶᠠᠷ ᠬᠢᠨᠠᠨ ᠲᠣᠭᠲᠠᠭᠠᠯᠭᠠᠭᠰᠠᠨ ᠤ ᠲᠠᠷᠠᠭ᠎ᠠ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠯᠪᠣᠭᠳᠠᠯ ᠪᠦᠬᠦᠢ ᠨᠢᠭᠡᠴᠡ ᠲᠤ ᠮᠡᠳᠡᠭᠳᠡᠬᠦ ᠬᠡᠷᠡᠭᠲᠡᠢ᠃      ᠳᠣᠯᠣᠳᠤᠭᠠᠷ ᠵᠣᠷᠪᠣᠰ᠂ ᠦᠨᠡᠯᠡᠨ ᠶᠠᠷᠢᠯᠴᠠᠵᠤ ᠬᠢᠨᠠᠨ ᠰᠢᠯᠭᠠᠭᠰᠠᠨ ᠦᠷ᠎ᠡ ᠳ᠋ᠦᠩ ᠢ ᠰᠢᠯᠢᠳᠡᠭ᠂ ᠰᠠᠶᠢᠨ᠂ ᠬᠢᠷᠢ ᠲᠡᠩᠴᠡᠭᠰᠡᠨ᠂ ᠬᠢᠷᠢ ᠲᠡᠩᠴᠡᠭᠰᠡᠨ ᠥᠬᠡᠶ ᠭᠡᠵᠦ 4 ᠳᠡᠰ ᠬᠤᠪᠢᠶᠠᠨ᠎ᠠ᠃ ᠬᠢᠨᠠᠨ ᠰᠢᠯᠭᠠᠭᠰᠠᠨ ᠦᠷ᠎ᠡ ᠳ᠋ᠦᠩ ᠤᠨ ᠶᠡᠷᠦᠩᠬᠡᠶ ᠬᠤᠪᠢ ᠨᠢ 90 ᠬᠤᠪᠢ ︵90 ᠬᠤᠪᠢ ᠪᠠᠭᠲᠠᠨ᠎ᠠ︶ ᠠᠴᠠ ᠳᠡᠭᠡᠭᠰᠢ ᠪᠠᠶᠢᠪᠠᠯ ᠰᠢᠯᠢᠳᠡᠭ᠂ 80 ᠬᠤᠪᠢ ᠠᠴᠠ ᠳᠡᠭᠡᠭᠰᠢ 90 ᠬᠤᠪᠢ ᠠᠴᠠ ᠳᠣᠭᠤᠭᠰᠢ ᠪᠠᠶᠢᠪᠠᠯ ᠰᠠᠶᠢᠨ᠂ 70 ᠬᠤᠪᠢ ᠠᠴᠠ ᠳᠡᠭᠡᠭᠰᠢ 80 ᠬᠤᠪᠢ ᠠᠴᠠ ᠳᠣᠭᠤᠭᠰᠢ ᠪᠠᠶᠢᠪᠠᠯ ᠬᠢᠷᠢ ᠲᠡᠩᠴᠡᠭᠰᠡᠨ ᠳᠤ ᠲᠣᠭᠠᠴᠠᠭᠳᠠᠨ᠎ᠠ᠂ 70 ᠬᠤᠪᠢ ᠠᠴᠠ ᠳᠣᠭᠤᠭᠰᠢ ᠪᠠᠶᠢᠪᠠᠯ ᠬᠢᠷᠢ ᠲᠡᠩᠴᠡᠭᠰᠡᠨ ᠥᠬᠡᠶ ᠳᠤ ᠲᠣᠭᠠᠴᠠᠭᠳᠠᠨ᠎ᠠ᠃      ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠡᠭᠦᠰᠦᠭᠰᠡᠨ ᠪᠥᠭᠡᠳ ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ ᠪᠠᠶᠢᠪᠠᠯ᠂ ᠬᠢᠨᠠᠨ ᠰᠢᠯᠭᠠᠬᠤ ᠵᠡᠷᠭᠡ ᠳᠡᠰ ᠨᠢ ᠬᠢᠷᠢ ᠲᠡᠩᠴᠡᠬᠦ ᠦᠭᠡᠢ ᠪᠣᠯᠤᠨ᠎ᠠ᠄      ︵ᠨᠢᠭᠡ︶ ᠲᠤᠰ ᠵᠠᠰᠠᠭ ᠵᠠᠬᠢᠷᠭᠠᠨ ᠤ ᠣᠷᠣᠨ ᠳᠤ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠶ ᠶᠢᠨ ᠬᠦᠨᠳᠦ ᠶᠡᠭᠡ ᠠᠳᠡᠯ ᠭᠠᠷᠤᠭᠰᠠᠨ᠂ ᠡᠰᠡᠬᠦᠯ᠎ᠡ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠶ ᠶᠢᠨ ᠨᠡᠯᠢᠶᠡᠳ ᠶᠡᠭᠡ ᠠᠳᠡᠯ ᠵᠠᠯᠭᠠᠭ᠎ᠠ ᠪᠠᠷ ᠭᠠᠷᠤᠭᠰᠠᠨ︔      ︵ᠬᠤᠶᠠᠷ︶ ᠲᠤᠰ ᠵᠠᠰᠠᠭ ᠵᠠᠬᠢᠷᠭᠠᠨ ᠤ ᠣᠷᠣᠨ ᠳᠤ ᠭᠠᠷᠤᠭᠰᠠᠨ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠶ ᠶᠢᠨ ᠠᠳᠡᠯ ᠢ ᠴᠠᠭ ᠲᠤᠬᠠᠶ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠦᠲᠦᠮᠵᠢᠲᠡᠶ ᠰᠢᠢᠳᠪᠦᠷᠢᠯᠡᠭᠰᠡᠨ ᠦᠭᠡᠢ ᠠᠴᠠ ᠪᠣᠯᠵᠤ ᠮᠠᠭᠤ ᠨᠥᠯᠥᠭᠡ ᠭᠠᠷᠭᠠᠭᠰᠠᠨ ᠪᠤᠶᠤ ᠬᠤᠬᠢᠷᠠᠯ ᠤᠴᠠᠷᠠᠭᠤᠯᠤᠭᠰᠠᠨ︔      ︵ᠭᠤᠷᠪᠠ︶ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠯᠠᠨ ᠵᠠᠩᠭᠢᠯᠠᠭ᠎ᠠ ᠳᠤ ᠬᠤᠯᠪᠣᠭᠳᠠᠭᠰᠠᠨ ᠣᠷᠣᠨ ᠪᠦᠰᠡ ᠶᠢᠨ ᠴᠢᠨᠠᠷᠲᠠᠶ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠶ ᠶᠢᠨ ᠠᠰᠠᠭᠤᠳᠠᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ ᠴᠡᠭᠴᠡᠯᠡᠭᠰᠡᠨ ᠦᠭᠡᠢ ᠠᠴᠠ ᠪᠣᠯᠵᠤ ᠮᠠᠭᠤ ᠨᠥᠯᠥᠭᠡ ᠭᠠᠷᠭᠠᠭᠰᠠᠨ ᠪᠤᠶᠤ ᠬᠤᠬᠢᠷᠠᠯ ᠤᠴᠠᠷᠠᠭᠤᠯᠤᠭᠰᠠᠨ︔      ︵ᠳᠥᠷᠪᠡ︶ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠶ ᠶᠢᠨ ᠡ᠊ᠨᠳᠡᠯ ᠢ ᠨᠢᠭᠤᠵᠤ ᠳᠠᠷᠤᠭᠰᠠᠨ᠂ ᠬᠤᠳᠠᠯ ᠢᠶᠠᠷ ᠮᠡᠳᠡᠭᠦᠯᠦᠭᠰᠡᠨ᠂ ᠤᠳᠠᠭᠠᠰᠢᠷᠠᠭᠤᠯᠤᠨ ᠮᠡᠳᠡᠭᠦᠯᠦᠭᠰᠡᠨ᠃      ᠨᠠᠢᠮᠠᠳᠤᠭᠠᠷ ᠵᠣᠷᠪᠣᠰ᠂ ᠦᠨᠡᠯᠡᠨ ᠶᠠᠷᠢᠯᠴᠠᠵᠤ ᠬᠢᠨᠠᠨ ᠰᠢᠯᠭᠠᠭᠰᠠᠨ ᠦᠷ᠎ᠡ ᠳ᠋ᠦᠩ ᠢ ᠺᠠᠳ᠋ᠷ ᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠠ ᠰᠠᠬᠢᠯᠭ᠎ᠠ ᠪᠠᠲᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠮᠡᠳᠡᠭᠦᠯᠦᠨ ᠬᠦᠷᠭᠡᠵᠦ᠂ ᠡᠯ᠎ᠡ ᠣᠷᠣᠨ ᠤ ᠤᠳᠤᠷᠢᠳᠬᠤ ᠪᠠᠭ ᠪᠠ ᠤᠳᠤᠷᠢᠳᠬᠤ ᠺᠠᠳ᠋ᠷ ᠤᠨ ᠶᠡᠷᠦᠩᠬᠡᠶᠢᠯᠡᠭᠰᠡᠨ ᠬᠢᠨᠠᠨ ᠰᠢᠯᠭᠠᠵᠤ ᠦᠨᠡᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢᠨ ᠴᠢᠬᠤᠯᠠ ᠦᠨᠳᠦᠰᠦᠯᠡᠯ ᠪᠣᠯᠭᠠᠨ᠎ᠠ᠃      ᠶᠢᠰᠦᠳᠦᠭᠡᠷ ᠵᠣᠷᠪᠣᠰ᠂ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠦᠨᠡᠯᠡᠵᠦ ᠬᠢᠨᠠᠨ ᠰᠢᠯᠭᠠᠬᠤ ᠳᠤᠮᠳᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠤᠶᠤ ᠲᠤᠰᠢᠶᠠᠯ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠵᠥᠪ ᠭᠦᠢᠴᠡᠳᠬᠡᠭᠰᠡᠨ ᠦᠭᠡᠢ᠂ ᠡᠰᠡᠬᠦᠯ᠎ᠡ ᠴᠢᠬᠤᠯᠠ ᠠᠵᠢᠯ ᠤᠨ ᠡᠭᠦᠷᠭᠡ ᠪᠠᠨ ᠴᠠᠭ ᠲᠠᠭᠠᠨ ᠪᠡᠶᠡᠯᠡᠭᠦᠯᠦᠭᠰᠡᠨ ᠦᠭᠡᠢ ᠪᠠᠶᠢᠪᠠᠯ ᠪᠣᠯᠵᠣᠨ ᠶᠠᠷᠢᠯᠴᠠᠨ᠎ᠠ ︔ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠭᠠᠵᠠᠷ ᠣᠷᠣᠨ ᠢ ᠵᠠᠷᠯᠠᠨ ᠰᠢᠭᠦᠮᠵᠢᠯᠡᠬᠦ ᠬᠡᠷᠡᠭᠲᠡᠶ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠬᠠᠤᠯᠢ ᠰᠠᠬᠢᠯᠭ᠎ᠠ ᠶᠣᠰᠣᠭᠠᠷ ᠬᠤᠯᠪᠣᠭᠳᠠᠯ ᠪᠦᠬᠦᠢ ᠬᠥᠮᠦᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃      ᠠᠷᠪᠠᠳᠤᠭᠠᠷ ᠵᠣᠷᠪᠣᠰ᠂ ᠡᠯ᠎ᠡ ᠣᠷᠣᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠠᠷᠭ᠎ᠠ ᠪᠠᠷ ᠯᠠᠪᠯᠠᠯᠲᠠ ᠪᠣᠯᠭᠠᠨ ᠢᠳᠡᠭᠡᠨ ᠪᠠ ᠡᠮ ᠤᠨ ᠵᠦᠢᠯ ᠤᠨ ᠠᠶᠤᠯᠭᠦᠶ ᠶᠢᠨ ᠠᠵᠢᠯ ᠤᠨ ᠵᠥᠪᠯᠡᠨ ᠲᠣᠭᠲᠠᠭᠠᠬᠤ ᠪᠠ ᠬᠢᠨᠠᠨ ᠰᠢᠯᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃      ᠠᠷᠪᠠᠨ ᠨᠢᠭᠡᠳᠦᠭᠡᠷ ᠵᠣᠷᠪᠣᠰ᠂ ᠲᠤᠰ ᠠᠷᠭ᠎ᠠ ᠶᠢ ᠳᠠᠷᠤᠮᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠦᠬᠠᠶ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠦᠨᠡᠯᠡᠵᠦ ᠬᠢᠨᠠᠨ ᠰᠢᠯᠭᠠᠬᠤ ᠠᠷᠭ᠎ᠠ ᠶᠢ ᠳᠠᠷᠤᠮᠯᠠᠨ ᠲᠠᠷᠬᠠᠭᠠᠬᠤ ᠲᠤᠬᠠᠢ ᠦᠬᠠᠶ ᠬᠤᠲᠠ ᠶᠢᠨ ᠠᠷᠠᠳ ᠤᠨ ᠵᠠᠰᠠᠭ  ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠦᠬᠠᠶ ᠶᠢᠨ ᠵᠠᠰᠠᠭ ᠠᠯᠪᠠᠨ ᠲᠠᠷᠬᠠᠭᠠᠭᠰᠠᠨ︹ 2017 ︺10 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号