ᠨᠠᠶᠢᠳᠠᠯᠭ᠎ᠠ ᠶᠢ ᠪᠠᠲᠤ ᠴᠡᠭᠡᠵᠢᠯᠡᠵᠦ ᠬᠠᠮᠲᠤ ᠪᠠᠷ ᠣᠷᠣᠭᠰᠢᠯᠠᠵᠤ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠶ ᠡᠭᠦᠷᠭᠡᠯᠡᠵᠦ ᠠᠶᠠᠨ ᠵᠠᠮ ᠳᠠᠭᠠᠨ ᠳᠠᠬᠢᠨ ᠮᠣᠷᠳᠠᠰᠤᠭᠠᠶ ᠡᠬᠡ ᠤᠯᠤᠰ ᠠᠴᠠ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠴᠣᠭᠴᠠᠯᠠᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠬᠦᠯᠦᠶ᠎ᠡ
ᠨᠡᠶᠢᠲᠡᠯᠡᠭᠰᠡᠨ ᠴᠠᠭ᠄
2019/8/20
ᠨᠠᠶᠢᠳᠠᠯᠭ᠎ᠠ ᠶᠢ ᠪᠠᠲᠤ ᠴᠡᠭᠡᠵᠢᠯᠡᠵᠦ ᠬᠠᠮᠲᠤ ᠪᠠᠷ ᠣᠷᠣᠭᠰᠢᠯᠠᠵᠤ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠶ ᠡᠭᠦᠷᠭᠡᠯᠡᠵᠦ ᠠᠶᠠᠨ ᠵᠠᠮ ᠳᠠᠭᠠᠨ ᠳᠠᠬᠢᠨ ᠮᠣᠷᠳᠠᠰᠤᠭᠠᠶ ᠡᠬᠡ ᠤᠯᠤᠰ ᠠᠴᠠ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠴᠣᠭᠴᠠᠯᠠᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠬᠦᠯᠦᠶ᠎ᠡ                  — ᠦᠬᠠᠶ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠢ ᠰᠤᠷᠪᠤᠯᠵᠢᠯᠠᠭᠰᠠᠨ ᠨᠢ      ︽ᠶᠡᠷᠦᠩᠬᠡᠶ ᠱᠦᠵᠢ ᠰᠢ ᠶᠢᠨ ᠫᠢᠩ ᠤᠨ 7 ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠨᠢ ᠠᠯᠤᠰ ᠬᠡᠲᠦ ᠶᠢᠨ ᠤᠳᠬ᠎ᠠ ᠠᠭᠤᠯᠭ᠎ᠠ ᠲᠠᠢ᠂ ᠦᠵᠡᠯ ᠰᠠᠨᠠᠭ᠎ᠠ ᠭᠦᠨ ᠭᠦᠨᠵᠡᠭᠡᠶ ᠪᠠᠶᠢᠵᠤ᠂ ᠬᠦᠴᠦᠷᠬᠡᠭ ᠶᠡᠭᠡ ᠦᠨᠡᠨ ᠶᠣᠰᠣᠨ ᠤ ᠬᠦᠴᠦᠨ ᠪᠠ ᠦᠢᠯᠡᠳᠦᠯᠭᠡ ᠶᠢᠨ ᠬᠦᠴᠦᠨ ᠠᠭᠤᠯᠤᠭᠳᠠᠵᠤ᠂ ᠣᠳᠣᠬᠢᠴᠢᠯᠠᠭᠰᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠳᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠪᠠ ᠦᠨᠳᠦᠰᠦᠨ ᠵᠢᠷᠤᠮᠯᠠᠯ ᠬᠠᠩᠭᠠᠵᠠᠶ᠃ ᠯᠢ ᠵᠢᠶ ᠾᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠳᠤᠭᠠᠷ ᠪᠥᠬᠦᠳᠡ ᠬᠤᠷᠠᠯ ᠳᠡᠭᠡᠷᠡᠬᠢ ᠶᠠᠷᠢᠶ᠎ᠠ ᠨᠢ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ᠰᠢᠨ᠎ᠡ ᠬᠠᠭᠤᠳᠠᠰᠤ ᠶᠢ ᠰᠦᠪᠡᠭᠴᠢᠯᠡᠵᠦ᠂ ᠴᠢᠩᠭ᠎ᠠ ᠨᠢᠮᠪᠠᠶ ᠨᠠᠶᠢᠳᠠᠪᠤᠷᠢᠵᠢᠭᠤᠯᠵᠤ᠂ ᠪᠢᠳᠡᠨ ᠤ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯ ᠢ ᠰᠠᠶᠢᠲᠤᠷ ᠬᠢᠬᠦ ᠳᠤ ᠦᠢᠯᠡᠳᠦᠯᠭᠡ ᠶᠢᠨ ᠠᠷᠭ᠎ᠠ ᠵᠠᠮ ᠬᠠᠩᠭᠠᠵᠠᠶ᠃ ᠦᠬᠠᠶ ᠬᠤᠲᠠ 8 ᠰᠠᠷ᠎ᠠ ᠶᠢᠨ 16 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠴᠠᠭ ᠲᠤᠬᠠᠶ ᠳᠤᠨᠢ ᠬᠤᠷᠠᠯᠳᠤᠭᠤᠯᠵᠤ᠂ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠬᠠᠶ ᠬᠤᠲᠠ ᠳᠤ ᠠᠬᠢᠭᠤᠯᠵᠤ᠂ ᠠᠮᠢᠳᠤᠯᠢᠭ ᠦᠢᠯᠡᠳᠦᠯᠬᠡ ᠶᠢ ᠪᠦᠷᠢᠯᠳᠦᠭᠦᠯᠪᠡ︾ ᠬᠡᠵᠦ᠂ ᠣᠶᠢᠷ᠎ᠠ ᠶᠢᠨ ᠡᠳᠦᠷ ᠦᠬᠠᠶ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠰᠣᠷᠪᠣᠯᠵᠢᠯᠠᠭᠴᠢ ᠶᠢᠨ ᠰᠣᠷᠪᠣᠯᠵᠢᠯᠠᠭ᠎ᠠ ᠶᠢ ᠬᠦᠯᠢᠶᠡᠬᠦ ᠦᠶ᠎ᠡ ᠳᠤ ᠢᠩᠬᠢᠵᠦ ᠬᠡᠯᠡᠵᠡᠢ᠃

     ᠱᠢ ᠸᠠᠨ ᠵᠢᠶᠦ᠋ᠨ ᠢᠯᠡᠷᠭᠡᠶᠢᠯᠡᠭᠰᠡᠨ ᠨᠢ᠂ ᠦᠬᠠᠶ ᠬᠤᠲᠠ ᠳᠥᠷᠪᠡᠨ ᠲᠠᠯ᠎ᠠ ᠪᠠᠷ ᠲᠤᠤᠱᠯᠠᠭᠤᠯᠤᠨ

ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠪᠣᠯᠤᠨ᠎ᠠ ᠬᠡᠵᠡᠢ᠃

     ᠨᠢᠭᠡ ᠳᠤ ᠭᠤᠤᠯ ᠰᠢᠵᠢᠮ ᠢ ᠠᠳᠬᠤᠵᠤ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠰᠠᠶᠢᠲᠤᠷ

ᠠᠳᠬᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ

ᠪᠣᠯᠭᠠᠵᠤ᠂ ᠠᠵᠤ ᠠᠬᠤᠢ ᠶᠢᠨ ︽ᠰᠢᠨᠵᠢᠯᠡᠬᠦ ᠤᠬᠠᠭᠠᠨ ᠮᠡᠷᠭᠡᠵᠢᠯ ᠤᠨ ᠳᠡᠭᠡᠭᠰᠢᠯᠡᠯᠲᠡ ᠶᠢ ᠬᠤᠪᠢᠷᠠᠭᠤᠯᠬᠤ︾᠂

︽ᠵᠣᠯᠭᠠᠭᠤᠯᠬᠤ ᠥᠭᠡᠷᠡᠴᠢᠯᠡᠬᠦ ᠬᠤᠪᠢᠷᠠᠭᠤᠯᠬᠤ︾᠂ ︽ᠨᠡᠮᠡᠭᠳᠡᠯ ᠤᠨ ᠬᠡᠮᠵᠢᠶᠡᠨ ᠤ ᠣᠷᠣᠭᠤᠯᠣᠯᠳᠠ ᠶᠢ

ᠬᠤᠪᠢᠷᠠᠭᠤᠯᠬᠤ︾᠂ ︽ᠪᠦᠲᠦᠴᠡ ᠶᠢ ᠰᠢᠯᠢᠳᠡᠭᠵᠢᠭᠦᠯᠦᠨ ᠬᠤᠪᠢᠷᠠᠭᠤᠯᠬᠤ︾᠂ ︽ᠳᠠᠬᠢᠨ ᠵᠣᠬᠢᠶᠠᠨ ᠪᠠᠶᠢᠭᠤᠯᠵᠤ

ᠬᠦᠴᠦᠷᠬᠡᠭᠵᠢᠭᠦᠯᠦᠨ ᠬᠤᠪᠢᠷᠠᠭᠤᠯᠬᠤ︾ ᠶᠢ ᠲᠦᠷᠭᠡᠳᠬᠡᠨ ᠠᠬᠢᠭᠤᠯᠵᠤ᠂ ᠬᠡᠯᠪᠡᠷᠢ ᠪᠠᠨ ᠬᠤᠪᠢᠷᠠᠭᠤᠯᠤᠨ

ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠢ ᠪᠦᠬᠦ ᠬᠦᠴᠦᠨ ᠢᠶᠠᠷ ᠴᠣᠭᠴᠠᠯᠠᠵᠤ᠂ ᠠᠮᠢ ᠠᠬᠤᠶ ᠶᠢ ᠤᠷᠢᠳ ᠢᠶᠠᠷ

ᠪᠣᠳᠣᠯᠬᠢᠯᠠᠭᠰᠠᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ

ᠬᠥᠭᠵᠢᠯᠲᠡ ᠶᠢᠨ ᠰᠢᠨ᠎ᠡ ᠵᠠᠮ ᠢ ᠨᠡᠭᠡᠭᠡᠨ᠎ᠡ᠃

    ᠬᠤᠶᠠᠷ ᠲᠤ ᠤᠯᠠᠭᠠᠨ ᠱᠤᠭᠤᠮ ᠢ ᠰᠠᠬᠢᠨ ᠬᠠᠮᠠᠭᠠᠯᠠᠵᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ

ᠴᠢᠩᠭᠠᠳᠬᠠᠨ᠎ᠠ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠭᠤᠮᠲᠠ ᠰᠢᠪᠲᠤᠯᠬᠤ ᠣᠷᠣᠨ ᠤ

ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ︽ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠷᠢᠭ᠎ᠠ

ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠰᠦ ᠱᠤᠭᠤᠮ︾ ᠭᠡᠬᠦ ᠭᠤᠷᠪᠠᠨ ᠤᠯᠠᠭᠠᠨ ᠱᠤᠭᠤᠮ ᠢ ᠪᠠᠲᠤ

ᠰᠠᠬᠢᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ

ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠦᠬᠠᠶ ᠬᠤᠲᠠ ᠶᠢ ᠲᠩᠷᠢ ᠨᠢ ᠨᠠᠩ ᠴᠡᠯᠮᠡᠭ᠂

ᠠᠭᠤᠯᠠ ᠨᠢ ᠨᠠᠩ ᠨᠣᠭᠤᠭᠠᠨ᠂ ᠤᠰᠤ ᠨᠢ ᠨᠠᠩ ᠲᠤᠩᠭᠠᠯᠠᠭ᠂ ᠣᠷᠴᠢᠨ ᠲᠣᠭᠤᠷᠢᠨ ᠨᠢ ᠨᠠᠩ ᠦᠵᠡᠰᠬᠦᠯᠡᠩᠲᠦ

ᠰᠠᠶᠢᠬᠠᠨ ᠪᠣᠯᠭᠠᠨ᠎ᠠ᠃

    ᠭᠤᠷᠪᠠ ᠳᠤ ᠬᠤᠷᠢᠭ᠎ᠠ ᠱᠤᠭᠤᠮ ᠢ ᠰᠠᠶᠢᠲᠤᠷ ᠪᠠᠲᠤᠯᠠᠵᠤ ᠠᠷᠠᠳ ᠤᠨ ᠠᠮᠢᠳᠤᠷᠠᠯ ᠤᠨ ᠠᠵᠢᠯ ᠦᠢᠯᠡᠰ ᠤᠨ

ᠳᠤᠲᠠᠭᠤᠳᠠᠯ ᠢ ᠨᠥᠬᠦᠪᠥᠷᠢᠯᠡᠨ᠎ᠡ᠃ ᠴᠢᠳᠠᠯ ᠤᠨ ᠬᠢᠷᠢ ᠪᠠᠷ ᠢᠶᠠᠨ ᠴᠢᠷᠮᠠᠶᠢᠨ᠂ ᠰᠢᠯᠢᠳᠡᠭ ᠬᠦᠮᠦᠵᠢᠯ ᠰᠢᠯᠢᠳᠡᠭ

ᠡᠮᠨᠡᠯᠭᠡ ᠶᠢᠨ ᠲᠦᠭᠡᠮᠡᠯ ᠠᠰᠢᠭ ᠬᠦᠷᠳᠡᠭᠡᠬᠦ ᠤᠷᠤᠨ ᠢ ᠪᠤᠢ ᠪᠣᠯᠭᠠᠬᠤ ᠶᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯ ᠤᠨ

ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ

ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ

ᠲᠡᠮᠡᠴᠡᠯ ᠢ ᠭᠦᠨᠵᠡᠭᠡᠶ ᠠᠬᠢᠭᠤᠯᠵᠤ᠂ ᠤᠯᠤᠰ ᠤᠨ ᠪᠠᠶᠠᠷ ᠤᠨ 70 ᠵᠢᠯ ᠤᠨ ᠣᠢ ᠶᠢᠨ ᠠᠵᠢᠯ ᠢ ᠯᠠᠪᠳᠠᠭᠤᠨ

ᠬᠢᠨᠠᠮᠠᠭᠠᠶ ᠰᠠᠶᠢᠲᠤᠷ ᠬᠢᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ

ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ

ᠦᠢᠯᠡᠰ ᠢ ᠰᠠᠶᠢᠲᠤᠷ ᠠᠳᠬᠤᠵᠤ᠂ ᠰᠢᠯᠢᠳᠡᠭ ᠰᠠᠶᠢᠨ ᠥᠪᠡᠷᠲᠡᠭᠡᠨ ᠵᠠᠰᠠᠬᠤ ᠣᠷᠣᠨ ᠤ ᠢᠷᠠᠭᠤ ᠠᠯᠳᠠᠷ ᠤᠨ ᠴᠣᠯᠠ

ᠰᠠᠶᠢᠲᠤᠷ ᠬᠠᠮᠠᠭᠠᠯᠠᠵᠤ᠂ ᠰᠠᠶᠢᠲᠤᠷ ᠪᠠᠷᠢᠮᠳᠠᠯᠠᠵᠤ᠂ ᠰᠠᠶᠢᠲᠤᠷ ᠪᠠᠳᠠᠷᠠᠭᠤᠯᠤᠨ᠎ᠠ᠃

    ᠳᠥᠷᠪᠡ ᠳᠤ ︽ᠳᠡᠭᠡᠰᠦ ᠱᠤᠭᠤᠮ︾ ᠢ ᠬᠥᠭᠡᠭᠡᠴᠡᠯᠳᠦᠵᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠦᠬᠦ

ᠬᠦᠴᠦᠨ ᠢᠶᠠᠷ ᠢᠶᠠᠨ ᠦᠢᠯᠡᠳᠦᠯᠵᠢᠬᠦᠯᠦᠨ᠎ᠡ᠃ ᠳᠤᠮᠳᠠᠳᠤ ᠤᠯᠤᠰ ᠤᠨ ᠡᠪ ᠬᠠᠮᠲᠤᠴᠤᠳ ᠤᠨ ᠤᠭ ᠰᠠᠨᠠᠭ᠎ᠠ ᠪᠠ

ᠡᠭᠦᠷᠭᠡ ᠬᠠᠷᠢᠭᠤᠴᠠᠯᠭ᠎ᠠ ᠶᠢ ᠴᠥᠬᠦᠷᠡᠰᠢ ᠦᠭᠡᠢ ᠤᠯᠤᠰ ᠲᠥᠷᠦ ᠶᠢᠨ ᠬᠥᠭᠡᠭᠡᠴᠡᠯᠳᠦᠯ ᠪᠣᠯᠭᠠᠵᠤ᠂ ︽ᠳᠥᠷᠪᠡ ᠶᠢ

ᠢᠮᠠᠭᠲᠠ ᠲᠤᠤᠱᠯᠠᠭᠤᠯᠬᠤ︾᠂ ︽ᠳᠥᠷᠪᠡ ᠶᠢ ᠪᠣᠳᠠᠲᠠᠶᠢᠵᠢᠭᠤᠯᠬᠤ︾ ᠴᠢᠬᠤᠯᠠ ᠱᠠᠭᠠᠷᠳᠠᠯᠭ᠎ᠠ ᠶᠢ ᠴᠢᠩᠭ᠎ᠠ

ᠨᠠᠶᠢᠳᠠᠪᠤᠷᠢᠵᠢᠭᠤᠯᠬᠤ᠂ ᠤᠷᠢᠳᠴᠢᠯᠠᠨ ᠪᠠᠶᠢᠷᠢᠯᠠᠭᠤᠯᠬᠤ᠂ ᠤᠷᠢᠳᠴᠢᠯᠠᠨ ᠲᠥᠯᠥᠪᠵᠢᠭᠦᠯᠬᠦ᠂ ᠤᠷᠢᠳᠴᠢᠯᠠᠨ

ᠬᠠᠯᠠᠮᠵᠢᠯᠠᠬᠤ ᠶᠢ ᠰᠠᠶᠢᠲᠤᠷ ᠠᠳᠬᠤᠵᠤ᠂ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠭᠤᠤᠯ ᠰᠡᠳᠦᠪᠲᠦ ᠬᠥᠮᠦᠵᠢᠯ ᠢ

ᠥᠷᠨᠢᠭᠦᠯᠵᠦ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠤᠯᠤᠰ

ᠲᠥᠷᠦ ᠶᠢᠨ ᠪᠠᠲᠤᠯᠠᠭ᠎ᠠ ᠬᠠᠩᠭᠠᠨ᠎ᠠ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号