ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠠᠷᠢᠬᠦᠯᠡᠭᠴᠢ ᠪᠦ᠋ ᠰᠢᠶᠤᠤ ᠯᠢᠨ ᠦᠬᠠᠶ ᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠬᠢᠨᠠᠨ ᠵᠥᠪᠯᠡᠬᠦ ᠳᠤ ᠣᠷᠣᠯᠴᠠᠪᠠ  ᠪᠠᠶ ᠢᠦᠶ ᠭᠠᠩ  ᠪᠦᠦ ᠵᠧᠨ ᠢᠦᠶ ᠤᠷᠤᠯᠴᠠᠵᠦ ᠱᠢ ᠸᠠᠨ ᠵᠢᠶᠦ᠋ᠨ ᠶᠠᠷᠢᠶ᠎ᠠ ᠲᠠᠯᠪᠢᠵᠤ ᠲᠠᠩ ᠢ ᠬᠠᠨ ᠬᠦᠸᠧ ᠦ᠋ ᠣᠷᠣᠯᠴᠠᠵᠠᠶ
ᠨᠡᠶᠢᠲᠡᠯᠡᠭᠰᠡᠨ ᠴᠠᠭ᠄
2020-01-15
   
     1 ᠳ᠋ᠣᠭᠡᠷ ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠣᠭᠠᠨ ᠤ ᠦᠬᠠᠶ ᠬᠤᠲᠠ ᠶᠢᠨ ᠲᠥᠯᠥᠭᠡᠯᠡᠭᠴᠢᠳ ᠤᠨ ᠪᠦᠯᠬᠦᠮ ᠳᠤ ᠬᠦᠷᠴᠦ᠂ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠠ ᠲᠥᠯᠥᠪᠯᠡᠭᠡ᠂ ᠲᠥᠰᠦᠪ ᠤᠨ ᠮᠡᠳᠡᠭᠦᠯᠦᠯᠲᠡ ᠵᠢᠴᠢ 2020 ᠣᠨ ᠤ ᠲᠥᠯᠥᠪᠯᠡᠭᠡ᠂ ᠲᠥᠰᠦᠪ ᠤᠨ ᠲᠥᠰᠦᠯ ᠢ ᠬᠢᠨᠠᠨ ᠵᠥᠪᠯᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠬᠡᠯᠳᠡᠰ ᠤᠨ ᠪᠠᠢ ᠢᠦᠢ ᠭᠠᠩ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠪᠦᠦ ᠵᠧᠨ ᠢᠦᠢ ᠬᠢᠨᠠᠨ ᠵᠥᠪᠯᠡᠬᠦ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠲᠠᠩ ᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠬᠦᠸᠧ ᠦ᠋ ᠬᠢᠨᠠᠨ ᠵᠥᠪᠯᠡᠬᠦ ᠳᠤ ᠣᠷᠣᠯᠴᠠᠪᠠ᠃      ᠦᠬᠠᠶ ᠬᠤᠲᠠ ᠶᠢᠨ ᠲᠥᠯᠥᠭᠡᠯᠡᠭᠴᠢᠳ ᠤᠨ ᠪᠦᠯᠬᠦᠮ ᠳᠤ᠂ ᠱᠢ ᠸᠠᠨ ᠵᠢᠶᠦ᠋ᠨ᠂ ᠶᠢᠨ ᠵᠥᠩ ᠴᠢᠶᠠᠩ᠂ ᠢᠦᠶ ᠬᠠᠢ ᠮᠢᠩ᠂ ᠵᠧᠩ ᠯᠦ᠂ ᠰᠣ᠋ ᠵᠢᠩ ᠵᠡᠷᠭᠡ ᠲᠥᠯᠥᠭᠡᠯᠡᠭᠴᠢ ᠲᠣᠰ ᠶᠠᠷᠢᠶ᠎ᠠ ᠲᠠᠯᠪᠢᠵᠦ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠰᠢᠨ᠎ᠡ ᠦᠵᠡᠯ ᠰᠠᠨᠠᠭ᠎ᠠ ᠶᠢ ᠲᠤᠤᠱᠯᠠᠭᠤᠯᠵᠤ᠂ ᠰᠢᠨ᠎ᠡ ᠣᠶᠢᠯᠠᠭᠠᠭᠳᠠᠬᠤᠨ ᠢ ᠨᠠᠶᠢᠳᠠᠪᠤᠷᠢᠵᠢᠭᠤᠯᠵᠤ᠂ ᠰᠢᠨ᠎ᠡ ᠪᠠᠶᠢᠳᠠᠯ ᠢ ᠡᠵᠡᠮᠰᠢᠵᠦ᠂ ᠰᠢᠨ᠎ᠡ ᠡᠭᠦᠷᠭᠡ ᠶᠢ ᠡᠭᠦᠷᠭᠡᠯᠡᠵᠦ᠂ ᠰᠢᠨ᠎ᠡ ᠪᠠᠶᠢᠷᠢᠯᠠᠭᠤᠯᠤᠯᠲᠠ ᠬᠢᠵᠦ᠂ ᠰᠢᠨ᠎ᠡ ᠡᠭᠦᠷᠭᠡ ᠬᠠᠷᠢᠭᠤᠴᠠᠯᠭ᠎ᠠ ᠪᠠᠨ ᠢᠯᠡᠷᠡᠭᠦᠯᠦᠨ᠂ ᠰᠢᠨ᠎ᠡ ᠵᠠᠮ ᠢᠶᠠᠷ ᠤᠷᠤᠭᠰᠢᠯᠠᠨ ᠂ ᠤᠯᠤᠰ ᠲᠥᠷᠥ ᠶᠢᠨ ᠵᠤᠭᠰᠣᠴᠠ ᠪᠠᠷ ᠦᠨᠳᠦᠷ᠂ ᠨᠠᠶᠢᠳᠠᠪᠤᠷᠢᠵᠢᠭᠤᠯᠤᠯᠲᠠ ᠶᠢ ᠠᠭᠢᠭᠤᠯᠤᠭᠰᠠᠨ ᠨᠢ ᠡᠷᠴᠢᠮ ᠲᠠᠢ ᠂ ᠠᠷᠠᠳ ᠤᠨ ᠠᠮᠢᠳᠤᠷᠠᠯ ᠢ ᠪᠠᠲᠤᠯᠠᠭᠰᠠᠨ ᠨᠢ ᠬᠠᠩᠭᠠᠮᠵᠢᠳᠠᠢ᠂ ᠬᠥᠮᠦᠰ ᠤᠨ ᠰᠡᠳᠬᠢᠯ ᠢ ᠬᠥᠭᠵᠢᠭᠡᠨ᠂ ᠡᠷᠴᠢ ᠵᠣᠷᠢᠭ ᠢ ᠨᠢ ᠬᠦᠪᠴᠢᠯᠡᠵᠦ᠂ ᠬᠥᠭᠵᠢᠯᠲᠡ ᠶᠢ ᠬᠥᠲᠥᠯᠦᠨ ᠲᠠᠭᠠᠭᠤᠯᠵᠠᠢ ᠬᠡᠵᠡᠢ᠃      ᠱᠢ ᠸᠠᠨ ᠵᠢᠶᠦ᠋ᠨ ᠲᠥᠯᠥᠭᠡᠯᠡᠭᠴᠢ ᠬᠡᠯᠡᠭᠰᠡᠨ ᠨᠢ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠦᠬᠠᠶ ᠬᠤᠲᠠ ᠰᠢᠨ᠎ᠡ ᠬᠥᠭᠵᠢᠯᠲᠡ ᠶᠢᠨ ᠣᠨᠣᠯᠵᠢᠬᠤᠨ ᠢ ᠡᠷᠡᠰ ᠭᠤᠶᠢᠪᠢᠰᠢ ᠥᠬᠡᠶ ᠲᠤᠤᠱᠯᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠬᠦᠯᠬᠦ ᠠᠯᠬᠤᠴᠠ ᠪᠠᠨ ᠲᠦᠷᠭᠡᠳᠬᠡᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠨ᠎ᠠ᠃ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠨᠣᠯᠵᠢᠬᠤᠨ ᠢ ᠡᠷᠡᠰ ᠦᠢᠯᠡᠳᠦᠯᠭᠡᠵᠢᠭᠦᠯᠵᠦ᠂ ᠦᠨᠳᠦᠰᠦᠲᠡᠨ ᠤ ᠪᠦᠯᠬᠦᠮᠳᠡᠯ ᠢ ᠦᠪᠡᠷ ᠤᠨ ᠨᠢᠲᠦᠨ ᠤ ᠴᠡᠴᠡᠭᠡᠢ ᠰᠢᠭ ᠬᠠᠶᠢᠷᠠᠯᠠᠵᠤ᠂ ᠠᠮᠢ ᠨᠠᠰᠤ ᠪᠠᠨ ᠨᠠᠨᠳᠢᠩᠨᠠᠬᠤ ᠲᠠᠢ ᠠᠳᠠᠯᠢ ᠪᠠᠷ ᠦᠨᠳᠦᠰᠦᠲᠡᠨ ᠤ ᠪᠦᠯᠬᠦᠮᠳᠡᠯ ᠢ ᠨᠠᠨᠳᠢᠩᠨᠠᠨ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠳᠠᠭᠠᠭᠤᠯᠤᠨ ᠡᠬᠡ ᠤᠯᠤᠰ ᠤᠨ ᠬᠢᠯᠢ ᠬᠢᠵᠠᠭᠠᠷ ᠢ ᠬᠠᠮᠲᠤᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠴᠣᠭᠴᠠᠯᠠᠨ᠎ᠠ ᠬᠡᠵᠡᠢ᠃      ᠬᠢᠨᠠᠨ ᠶᠠᠷᠢᠯᠴᠠᠬᠤ ᠳᠤᠮᠳᠠ᠂ ᠲᠥᠯᠥᠭᠡᠯᠡᠭᠴᠢᠳ ᠪᠠᠰᠠ ᠤᠰᠤᠲᠥ᠋ᠷᠥᠭᠴᠢ ᠡᠨᠧᠷᠭᠢ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠬᠤᠳᠠ ᠶᠢᠨ ᠪᠦᠳᠦᠭᠡᠨ ᠪᠠᠶᠢᠭᠤᠯᠤᠯᠲᠠ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠡᠷᠴᠢᠮ  ᠢᠶᠠᠨ ᠴᠢᠩᠭᠠᠷᠠᠭᠤᠯᠬᠤ ᠵᠡᠷᠭᠡ ᠲᠠᠯ᠎ᠠ ᠪᠠᠷ ᠰᠠᠨᠠᠯ ᠪᠠ ᠰᠠᠨᠠᠭᠤᠯᠭ᠎ᠠ ᠳᠤᠷᠠᠳᠪᠠ᠃ ᠪᠦ᠋ ᠰᠢᠶᠤᠤ ᠯᠢᠨ ᠲᠥᠯᠥᠭᠡᠯᠡᠭᠴᠢᠳ ᠤᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠤᠯᠠᠨ ᠲᠠᠢ ᠰᠠᠨᠠᠯ ᠢᠶᠠᠨ ᠰᠣᠯᠢᠯᠴᠠᠪᠠ᠃ ᠲᠡᠷᠡ ᠵᠢᠭᠠᠵᠤ ᠭᠠᠷᠭᠠᠭᠰᠠᠨ ᠨᠢ᠂ ᠦᠬᠠᠶ ᠬᠤᠲᠠ ᠡᠷᠬᠡᠪᠰᠢ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠤᠬᠢᠷᠳᠠᠯ ᠥᠬᠡᠶ ᠬᠦᠭᠵᠢᠯᠳᠡ ᠶᠢ ᠪᠠᠷᠢᠮᠲᠠᠯᠠᠵᠤ᠂ ᠡᠬᠢ ᠪᠠᠶᠠᠯᠢᠭ ᠢ ᠤᠯᠠᠷᠢᠭᠤᠯᠤᠨ ᠥᠷᠲᠡᠭ ᠨᠡᠮᠡᠭᠳᠡᠭᠦᠯᠬᠦ ᠠᠵᠢᠯ ᠢᠶᠠᠨ ᠰᠠᠶᠢᠲᠤᠷ ᠬᠢᠵᠦ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠣᠷᠮ᠎ᠠ ᠪᠠᠨ ᠳᠡᠭᠡᠭᠰᠢᠯᠡᠭᠦᠯᠦᠨ᠂ ᠪᠤᠬᠢᠷᠳᠠᠯ ᠥᠬᠡᠶ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠪᠴᠢᠯᠡᠨ ᠪᠣᠶ ᠪᠣᠯᠭᠠᠬᠤ ᠬᠡᠷᠡᠭᠲᠡᠶ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号