ᠦᠬᠠᠢ ᠬᠤᠲᠠ ᠶᠢᠨ ᠲᠥᠯᠥᠭᠡᠯᠡᠭᠴᠢᠳ ᠤᠨ ᠪᠦᠯᠬᠦᠮ ᠥᠪᠡᠷᠲᠡᠭᠡᠨ ᠵᠠᠰᠠᠬᠤ ᠣᠷᠣᠨ ᠤ ᠰᠢᠭᠦᠬᠦ ᠪᠠᠶᠢᠴᠠᠭᠠᠬᠤ ᠬᠤᠶᠠᠷ ᠬᠤᠷᠢᠶᠠᠨ ᠤ ᠠᠵᠢᠯ ᠤᠨ ᠢᠯᠡᠳᠭᠡᠯ ᠢ ᠬᠢᠨᠠᠨ ᠵᠥᠪᠯᠡᠪᠡ  ᠱᠢ ᠸᠠᠨ ᠵᠢᠶᠦ᠋ᠨ  ᠲᠠᠩ ᠢ  ᠬᠠᠨ ᠬᠦᠸᠧ ᠦ᠋ ᠨᠡᠷ ᠬᠢᠨᠠᠨ ᠵᠥᠪᠯᠡᠬᠦ ᠳᠤ ᠣᠷᠣᠯᠴᠠᠪᠠ
ᠨᠡᠶᠢᠲᠡᠯᠡᠭᠰᠡᠨ ᠴᠠᠭ᠄
2020-01-16
     1 ᠳ᠋ᠤᠭᠡᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠦᠬᠠᠶ ᠬᠤᠲᠠ ᠶᠢᠨ ᠲᠥᠯᠥᠭᠡᠯᠡᠭᠴᠢᠳ ᠤᠨ ᠪᠦᠯᠬᠦᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠢᠯᠡᠳᠭᠡᠯ ᠢ ᠬᠢᠨᠠᠨ ᠵᠥᠪᠯᠡᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠳᠠᠩ ᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠬᠦᠸᠧ ᠦ᠋ ᠨᠠᠷ ᠲᠥᠯᠥᠭᠡᠯᠡᠭᠴᠢᠳ ᠲᠠᠢ ᠬᠠᠮᠲᠤ ᠪᠠᠷ ᠬᠢᠨᠠᠨ ᠵᠦᠪᠯᠡᠪᠡ᠃      ᠬᠢᠨᠠᠨ ᠵᠥᠪᠯᠡᠬᠦ ᠳᠤ᠂ ᠲᠥᠯᠥᠭᠡᠯᠡᠭᠴᠢᠳ ᠦᠵᠡᠭᠰᠡᠨ ᠨᠢ᠂ ᠥᠪᠡᠷᠲᠡᠭᠡᠨ ᠵᠠᠰᠠᠬᠤ ᠣᠷᠣᠨ ᠤ ᠰᠢᠭᠦᠬᠦ ᠪᠠᠶᠢᠴᠠᠭᠠᠬᠤ ᠬᠤᠶᠠᠷ ᠬᠤᠷᠢᠶᠠᠨ ᠠᠵᠢᠯ ᠤᠨ ᠢᠯᠡᠳᠬᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠳᠠᠯᠠᠵᠦ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠣᠭᠠᠷ᠂ ᠭᠤᠷᠪᠠᠳᠤᠭᠠᠷ᠂ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠬᠤ ᠶᠢ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠠᠵᠢᠯ ᠤᠨ ᠡᠯ᠎ᠡ ᠲᠠᠯ᠎ᠠ᠂ ᠪᠦᠬᠦ ᠶᠠᠪᠤᠴᠠ ᠳᠤ ᠲᠤᠤᠱᠯᠠᠭᠤᠯᠵᠤ᠂ ᠪᠣᠳᠠᠲᠤ ᠦᠢᠯᠡ ᠠᠵᠢᠯᠯᠠᠭ᠎ᠠ ᠪᠠᠷ ᠢᠶᠠᠨ ︽ᠳᠦᠷᠪᠡᠨ ᠤᠬᠠᠮᠰᠠᠷ︾᠂ ︽ᠳᠦᠷᠪᠡᠨ ᠢᠲᠡᠭᠡᠯ︾ ᠢ ᠢᠯᠡᠷᠡᠭᠦᠯᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠡᠢ ᠭᠡᠪᠡ᠃      ᠲᠥᠯᠥᠭᠡᠯᠡᠭᠴᠢᠳ ᠦᠵᠡᠭᠰᠡᠨ ᠨᠢ᠂ ᠥᠩᠭᠡᠷᠡᠭᠰᠡᠨ ᠨᠢᠭᠡ ᠵᠢᠯ ᠳᠤ᠂ ᠥᠪᠡᠷᠲᠡᠭᠡᠨ ᠵᠠᠰᠠᠬᠤ ᠣᠷᠣᠨ ᠤ ᠰᠢᠭᠦᠬᠦ ᠪᠠᠶᠢᠴᠠᠭᠠᠬᠤ ᠬᠤᠶᠠᠷ ᠬᠤᠷᠢᠶ᠎ᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠦᠨᠵᠡᠬᠡᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠬᠢᠵᠦ ᠬᠥᠭᠵᠢᠭᠦᠯᠬᠦ ᠲᠣᠭᠲᠠᠭᠤᠨ ᠪᠠᠶᠢᠯᠭᠠᠬᠤ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠠᠤᠯᠢ ᠴᠠᠭᠠᠵᠠ ᠶᠢᠨ ᠬᠡᠷᠡᠭ ᠨᠢᠭᠡᠪᠦᠷᠢ ᠳᠤ ᠲᠥᠪ ᠭᠤᠤᠯᠴᠢ ᠰᠢᠳᠤᠷᠭᠤ ᠶᠣᠰᠣ ᠶᠢ ᠪᠠᠶᠢᠬᠤ ᠶᠢ ᠠᠷᠠᠳ ᠣᠯᠠᠨ ᠳᠤ ᠮᠡᠳᠡᠷᠡᠭᠦᠯᠬᠦ ᠪᠠᠷ ᠴᠢᠷᠮᠠᠶᠢᠬᠤ︾ ᠬᠠᠷᠠᠯᠲᠠ ᠶᠢᠨ ᠲᠣᠭᠤᠷᠢᠨ ᠳᠤ᠂ ᠪᠦᠬᠦ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠳᠤ ᠦᠢᠯᠡᠴᠢᠯᠡᠬᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠵᠡᠷᠭᠡ ᠭᠤᠣᠯ ᠠᠵᠢᠯ ᠪᠠ ᠭᠤᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠵᠤ᠂ ᠬᠠᠤᠯᠢ ᠴᠠᠭᠠᠵᠠ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠰᠢᠭᠦᠨ ᠲᠠᠰᠤᠯᠤᠯᠲᠠ ᠬᠢᠨᠠᠯᠳᠠ ᠲᠠᠯᠪᠢᠬᠤ ᠳᠤ ᠡᠷᠬᠡ ᠲᠡᠭᠰᠢ ᠲᠥᠪ ᠭᠤᠣᠯᠴᠢ ᠪᠠᠶᠢᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠵᠢᠯ ᠯᠠᠪᠳᠠᠭᠤᠨ ᠢᠶᠠᠷ ᠠᠬᠢᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭ᠎ᠠ ᠪᠣᠳᠠᠲᠠᠢ ᠬᠢᠵᠦ᠂ ᠡᠯ᠎ᠡ ᠵᠦᠢᠯ ᠤᠨ ᠠᠵᠢᠯ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠬᠠᠷᠢᠭᠤᠴᠠᠯᠭ᠎ᠠ ᠡᠭᠦᠷᠭᠡᠯᠡᠯ ᠪᠠ ᠢᠳᠡᠪᠬᠢᠲᠡᠢ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠪᠡ᠃ ᠢᠯᠡᠳᠭᠡᠯ ᠨᠢ ᠭᠤᠤᠯ ᠬᠠᠷᠢᠭᠤᠴᠠᠯᠭ᠎ᠠ ᠭᠤᠤᠯ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠢᠶᠠᠨ ᠳ᠋ᠦᠩᠨᠡᠬᠦ ᠳᠤ ᠦᠨᠡᠨ ᠠᠴᠠ ᠵᠥᠪ ᠢ ᠡᠷᠢᠬᠦ᠂ ᠪᠤᠰᠤᠳᠴᠢ ᠪᠥᠭᠡᠳ ᠪᠦᠬᠦ ᠲᠠᠯ᠎ᠠ ᠶᠢᠨ᠂ ᠬᠢᠯᠠᠰ ᠴᠡᠭ ᠲᠤᠪᠤᠶᠢᠮ᠎ᠠ᠂ ᠲᠤᠭ᠎ᠠ ᠪᠠᠷᠢᠮᠲᠠ ᠨᠢ ᠨᠠᠷᠢᠨ ᠪᠣᠳᠠᠲᠠᠶ︔ 2020 ᠣᠨ ᠤ ᠪᠠᠶᠢᠷᠢᠯᠠᠭᠤᠯᠤᠭᠰᠠᠨ ᠠᠵᠢᠯ ᠤᠨ ᠭᠤᠣᠯᠳᠠᠯᠭ᠎ᠠ ᠲᠤᠪᠤᠶᠢᠮ᠎ᠠ᠂ ᠬᠠᠷᠠᠯᠲᠠ ᠲᠣᠳᠣᠷᠬᠠᠢ᠂ ᠰᠡᠳᠬᠢᠴᠡ ᠲᠣᠳᠣᠷᠬᠠᠢ ᠬᠡᠵᠡᠢ᠃      ᠬᠢᠨᠠᠨ ᠵᠥᠪᠯᠡᠬᠦ ᠳᠤ ᠲᠥᠯᠥᠭᠡᠯᠡᠭᠴᠢᠳ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠥᠪᠡᠷ ᠥᠪᠡᠷ ᠤᠨ ᠰᠠᠨᠠᠯ ᠢᠶᠠᠨ ᠶᠠᠷᠢᠵᠤ᠂ ᠨᠠᠰᠤᠨ ᠳᠤ ᠦᠯᠦ ᠬᠦᠷᠦᠭᠰᠡᠳ ᠤᠨ ᠬᠠᠤᠯᠢ ᠴᠠᠭᠠᠵᠠ ᠶᠢᠨ ᠬᠠᠮᠠᠭᠠᠯᠠᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号