ᠮᠠᠨ ᠤ ᠬᠤᠲᠠ ᠶᠢᠨ ᠣᠯᠠᠨ ᠰᠠᠯᠠᠭ᠎ᠠ ᠮᠥᠴᠢᠷ ᠬᠠᠮᠲᠤᠷᠠᠨ ᠭᠠᠯ ᠤᠨᠲᠠᠷᠠᠭᠠᠬᠤ ᠲᠡᠷᠭᠡ ᠨᠡᠪᠳᠡᠷᠡᠬᠦ ᠵᠠᠮ ᠤᠨ ᠠᠮᠤᠷ ᠲᠦᠪᠰᠢᠨ ᠢ ᠰᠢᠮᠳᠠᠭᠤᠯᠤᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-01-17
     1 ᠰᠠᠷ᠎ᠠ ᠶᠢᠨ 14 ᠤ ᠡᠳᠦᠷ᠂ ᠬᠤᠲᠠ ᠶᠢᠨ ᠪᠤᠯᠪᠠᠰᠣᠨ ᠬᠤᠳᠠ ᠶᠢ ᠴᠤᠭᠴᠠᠯᠠᠨ ᠪᠠᠶᠢᠭᠤᠯᠬᠤ ᠠᠯᠪᠠᠨ ᠬᠡᠷ ᠭᠠᠯ ᠤᠨᠲᠠᠷᠠᠭᠠᠬᠤ᠂ ᠵᠠᠮ ᠬᠠᠷᠢᠯᠴᠠᠭᠠᠨ ᠤ ᠴᠠᠭᠳᠠᠭ᠎ᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠ ᠬᠠᠶᠢᠷᠤᠪ ᠤᠨ ᠲᠣᠬᠤᠶ ᠲᠤᠭᠤᠷᠢᠭ ᠤᠨ ᠪᠤᠯᠪᠠᠰᠣᠨ ᠬᠤᠳᠠ ᠶᠢ ᠴᠤᠭᠴᠠᠯᠠᠨ ᠪᠠᠶᠢᠭᠤᠯᠬᠤ ᠠᠯᠪᠠᠨ ᠬᠡᠷ ᠵᠡᠷᠭᠡ ᠰᠠᠯᠠᠭ᠎ᠠ ᠮᠥᠴᠢᠷ  ᠯᠤᠭ᠎ᠠ ᠬᠠᠮᠲᠤᠷᠠᠨ᠂ ᠭᠠᠯ ᠤᠨᠳᠠᠷᠭᠠᠬᠤ ᠲᠡᠷᠭᠡ ᠨᠡᠪᠳᠡᠷᠡᠬᠦ ᠵᠠᠮ ᠤᠨ ᠠᠮᠤᠷ ᠲᠦᠪᠰᠢᠨ ᠢ ᠰᠢᠮᠳᠠᠭᠤᠯᠤᠨ ᠪᠠᠶᠢᠴᠠᠭᠠᠬᠤ ᠠᠵᠢᠯᠯᠠᠭ᠎ᠠ ᠦᠷᠨᠢᠬᠦᠯᠪᠡ᠃      ᠣᠶᠢᠷ᠎ᠠ ᠶᠢᠨ ᠬᠤᠭᠤᠴᠠᠭᠠᠨ ᠳᠤ ᠯᠢᠶᠣᠤᠨᠢᠩ᠂ ᠴᠦᠩᠴᠢᠩ ᠵᠡᠷᠭᠡ ᠭᠠᠵᠠᠷ ᠤᠨ ᠳᠡᠭᠡᠳᠦ ᠳᠠᠪᠬᠤᠷᠭ᠎ᠠ ᠶᠢᠨ ᠣᠷᠣᠨ ᠰᠠᠭᠤᠴᠠ ᠶᠢᠨ ᠠᠰᠠᠷ ᠲᠤ ᠭᠠᠯ ᠤᠨ ᠠᠶᠤᠯ ᠭᠠᠷᠴᠤ᠂ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠪᠦᠭᠯᠡᠷᠡᠵᠦ᠂ ᠭᠠᠯ ᠤᠨ ᠠᠶᠤᠯ ᠠᠴᠠ ᠠᠪᠤᠷᠠᠬᠤ ᠶᠢ ᠬᠦᠨᠳᠦ ᠨᠣᠴᠢᠲᠠᠶ ᠨᠥᠯᠥᠭᠡᠯᠡᠵᠦ᠂ ᠨᠡᠶᠢᠭᠡᠮ ᠤᠨ ᠬᠢᠨ ᠬᠠᠷᠢᠭᠤ ᠲᠤᠰᠬᠠᠯ ᠶᠡᠬᠡᠲᠡᠶ ᠪᠠᠶᠢᠨ᠎ᠠ᠃ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠰᠠᠭᠤᠭᠠᠯᠢ ᠠᠷᠠᠳ ᠤᠨ ᠠᠮᠤᠷ ᠲᠦᠪᠰᠢᠨ ᠤ ᠭᠠᠯ ᠰᠡᠷᠭᠡᠶᠢᠯᠡᠬᠦ ᠣᠬᠠᠮᠰᠠᠷ ᠢ ᠦᠨᠡᠨ ᠬᠦ ᠴᠢᠩᠭᠠᠳᠬᠠᠬᠤ ᠶᠢᠨ ᠲᠥᠯᠥᠭᠡ᠂ ᠰᠢᠮᠳᠠᠭᠤᠯᠤᠨ ᠪᠠᠶᠢᠴᠠᠭᠠᠬᠤ ᠠᠵᠢᠯᠲᠠᠳ ᠬᠠᠶᠢᠷᠤᠪ ᠤᠨ ᠲᠣᠬᠤᠢ ᠲᠤᠭᠤᠷᠢᠭ ᠤᠨ ᠶᠢᠨ ᠭᠠᠩ ᠵᠢᠶᠠ ᠶᠤᠸᠠᠨ᠂ ᠰᠢᠶᠠᠩ ᠲᠠᠢ ᠵᠢᠶᠠ ᠶᠤᠸᠠᠨ᠂ ᠰᠢᠨ ᠯᠢᠶᠠᠨ ᠪᠠᠩ ᠰᠢᠦᠸᠡᠢ ᠹᠦ᠋ ᠵᠢᠶᠠ ᠶᠤᠸᠠᠨ ᠵᠡᠷᠭᠡ ᠣᠯᠠᠨ ᠵᠢᠵᠢᠭ ᠲᠣᠭᠤᠷᠢᠭ ᠤᠨ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ ᠢ ᠭᠤᠤᠯᠳᠠᠯᠭ᠎ᠠ ᠲᠠᠢ ᠪᠠᠶᠢᠴᠠᠭᠠᠨ ᠦᠵᠡᠪᠡ᠃ ᠡᠲᠡᠭᠡᠷ ᠵᠢᠵᠢᠭ ᠲᠣᠭᠤᠷᠢᠭ ᠲᠤ ᠣᠷᠣᠰᠢᠵᠤ ᠪᠠᠶᠢᠭ᠎ᠠ ᠮᠠᠰᠢᠨ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡ ᠲᠤᠷ᠎ᠠ ᠪᠠᠷ ᠢᠶᠠᠨ ᠭᠠᠯ ᠤᠨᠲᠠᠷᠠᠭᠠᠬᠤ ᠲᠡᠷᠭᠡ ᠨᠡᠪᠳᠡᠷᠡᠬᠦ ᠵᠠᠮ ᠢ ᠡᠵᠡᠯᠡᠬᠦ᠂ ᠪᠥᠭᠯᠡᠬᠦ ᠵᠡᠷᠭᠡ ᠠᠰᠠᠭᠤᠳᠠᠯ ᠳᠤ ᠴᠢᠭᠯᠡᠭᠦᠯᠦᠨ᠂ ᠰᠢᠮᠳᠠᠭᠤᠯᠤᠨ ᠪᠠᠶᠢᠴᠠᠭᠠᠬᠤ ᠠᠵᠢᠯᠲᠠᠨ ᠲᠤᠬᠠᠶ ᠶᠢᠨ ᠲᠠᠯᠠᠪᠠᠶ ᠳᠤ ᠵᠢᠵᠢᠭ ᠲᠤᠭᠤᠷᠢᠭ ᠤᠨ ᠠᠳᠠᠯ ᠠᠬᠤᠶ ᠵᠡᠷᠭᠡ ᠬᠠᠮᠢᠶ᠎ᠠ ᠪᠥᠬᠦᠶ ᠠᠵᠢᠯᠲᠠᠨ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ ᠠᠷᠭ᠎ᠠ ᠬᠡᠮᠵᠢᠶ᠎ᠡ ᠳᠤᠷᠠᠳᠬᠤ ᠶᠢᠨ ᠬᠠᠮᠲᠤ ᠭᠠᠯ ᠤᠨᠲᠠᠷᠠᠭᠠᠬᠤ ᠠᠮᠤᠷ ᠲᠦᠪᠰᠢᠨ ᠤ ᠨᠡᠪᠲᠡᠷᠡᠬᠦ ᠵᠠᠮ ᠢ ᠲᠤᠭᠳᠠᠭᠠᠯ ᠠᠴᠠ ᠵᠥᠷᠢᠴᠡᠨ ᠡᠵᠡᠯᠡᠨ ᠬᠡᠷᠡᠭᠯᠡᠭᠰᠡᠨ ᠲᠡᠷᠭᠡ ᠬᠥᠰᠬᠡ ᠳᠤ ᠲᠣᠷᠭᠠᠬᠤ ᠬᠠᠭᠤᠳᠠᠰᠤ ᠨᠠᠭᠠᠪᠠ᠃ ᠡᠭᠦᠨ ᠠᠴᠠ ᠭᠠᠳᠠᠨ᠎ᠠ᠂ ᠨᠡᠶᠢᠭᠡᠮ ᠲᠣᠭᠤᠷᠢᠭ ᠤᠨ ᠠᠵᠢᠯᠲᠠᠳ ᠵᠢᠵᠢᠭ ᠲᠣᠭᠤᠷᠢᠭ ᠲᠤ ︽ᠬᠠᠯᠠᠭᠤᠨ ᠳᠣᠲᠣᠨᠣ ᠰᠠᠨᠠᠭᠠᠯᠤᠮᠵᠢ︾ ᠶᠢᠨ ᠫᠠᠶᠢᠰᠠ ᠲᠠᠯᠪᠢᠵᠤ᠂ ᠲᠡᠷᠭᠡᠨ ᠡᠵᠡᠨ ᠢ ᠪᠣᠯᠪᠠᠰᠤᠨ ᠢᠶᠠᠷ ᠲᠡᠷᠭᠡ ᠵᠣᠭᠰᠣᠭᠠᠬᠤ ᠶᠢ ᠰᠠᠨᠠᠭᠤᠯᠵᠠᠶ᠃      ᠲᠠᠷᠠᠭᠠᠴᠢ ᠶᠢᠨ ᠠᠯᠬᠤᠮ ᠳᠤ᠂ ᠬᠤᠲᠠ ᠶᠢᠨ ᠪᠤᠯᠪᠠᠰᠣᠨ ᠬᠤᠳᠠ ᠶᠢ ᠴᠤᠭᠴᠠᠯᠠᠨ ᠪᠠᠶᠢᠭᠤᠯᠬᠤ ᠠᠯᠪᠠᠨ ᠬᠡᠷ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ ᠢ ᠪᠥᠭᠯᠡᠬᠦ᠂ ᠡᠵᠡᠯᠡᠨ ᠬᠡᠷᠡᠭᠯᠡᠬᠦ ᠠᠰᠠᠭᠤᠳᠠᠯ ᠤᠨ ᠲᠤᠬᠠᠶ᠂ ᠡᠯ᠎ᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠭᠠᠯ ᠤᠨᠲᠠᠷᠠᠭᠠᠬᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠤᠯᠪᠣᠭᠳᠠᠯ ᠪᠥᠬᠦᠶ ᠭᠠᠯ ᠤᠨᠲᠠᠷᠠᠭᠠᠬᠤ ᠰᠢᠷᠢᠰ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢᠶᠠᠨ ᠭᠦᠨᠵᠡᠭᠡᠶ ᠠᠬᠢᠭᠤᠯᠵᠤ᠂ ᠬᠤᠲᠠ ᠶᠢᠨ ᠠᠷᠠᠳ ᠤᠨ ᠣᠷᠣᠰᠢᠨ ᠰᠠᠭᠤᠬᠤ ᠠᠮᠢᠳᠤᠷᠠᠯ ᠤᠨ ᠣᠷᠴᠢᠨ ᠲᠣᠭᠤᠷᠢᠨ ᠤ ᠭᠠᠯ ᠤᠨᠲᠠᠷᠠᠭᠠᠬᠤ ᠠᠮᠤᠷ ᠲᠦᠪᠰᠢᠨ ᠤ ᠵᠢᠭᠠᠯᠲᠠ ᠲᠤᠭ᠎ᠠ ᠶᠢ ᠦᠨᠡᠨ ᠬᠦ ᠳᠡᠭᠡᠭᠰᠢᠯᠡᠭᠦᠯᠦᠨ᠎ᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号